ᠠᠩᠬᠠᠳᠤᠭᠠᠷ ᠪᠦᠯᠦᠭ ᠤᠨ ︽  ᠵᠠᠭᠤᠨ ᠰᠤᠷᠭᠠᠭᠤᠯᠢ ᠵᠠᠭᠤᠨ ᠰᠢᠶᠠᠨ ᠲᠠᠢ ᠬᠤᠯᠪᠤᠭᠠᠯᠠᠨ ᠮᠢᠩᠭᠠᠨ ᠲᠣᠰᠬᠤᠨ ᠢ ᠮᠠᠨᠳᠤᠭᠤᠯᠬᠤ ︾ ᠠᠵᠢᠯᠯᠠᠭ᠎ᠠ ᠶᠢᠨ ᠬᠤᠣᠰᠯᠠᠯ ᠪᠠᠶᠢᠭᠤᠯᠬᠤ ᠨᠡᠷᠡᠰ ᠢ ᠨᠡᠶᠢᠲᠡᠯᠡᠪᠡ ᠬᠦᠷᠢᠶ᠎ᠡ ᠬᠤᠰᠢᠭᠤ ᠵᠡᠷᠭᠡ 6 ᠭᠠᠵᠠᠷ ᠤᠨ ᠬᠢᠨ ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠮᠲᠤ ᠪᠠᠷ ᠠᠬᠢᠭᠤᠯᠪᠠ
ᠨᠡᠶᠢᠲᠡᠯᠡᠭᠰᠡᠨ ᠴᠠᠭ᠄
2022/11/14
      ᠣᠶᠢᠷ᠎ᠠ ᠳᠤ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠩᠬᠠᠨ ᠤ ᠪᠦᠯᠦᠭ ︽ᠵᠠᠭᠤᠨ ᠰᠤᠷᠭᠠᠭᠤᠯᠢ ᠨᠢ ᠵᠠᠭᠤᠨ ᠰᠢᠶᠠᠨ ᠲᠠᠢ ᠬᠤᠯᠪᠤᠭᠠᠯᠠᠨ ᠮᠢᠩᠭᠠᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢᠨ ᠬᠤᠣᠰᠯᠠᠭᠰᠠᠨ ᠨᠡᠷᠡᠰ ᠢ ᠨᠡᠶᠢᠲᠡᠯᠡᠪᠡ  ᠃ ᠮᠠᠨ ᠤ ᠣᠷᠣᠨ ᠤ ᠬᠥᠬᠡᠬᠤᠲᠠ ᠶᠢᠨ ᠴᠢᠩ ᠱᠦᠢ ᠾᠧ ᠰᠢᠶᠠᠨ  ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ  ᠂ ᠲᠦᠩᠯᠢᠶᠣᠣ ᠬᠤᠲᠠ ᠶᠢᠨ ᠬᠦᠷᠢᠶ᠎ᠡ ᠬᠤᠰᠢᠭᠤ  ᠂ ᠤᠯᠠᠭᠠᠨᠬᠠᠳᠠ ᠬᠤᠲᠠ ᠶᠢᠨ ᠨᠢᠩᠴᠧᠩ ᠰᠢᠶᠠᠨ  ᠂ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠪᠡᠭᠡᠲᠦ ᠴᠠᠭᠠᠨ ᠬᠤᠰᠢᠭᠤ  ᠂ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤ ᠲᠣᠰ ᠲᠣᠰ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠪᠡᠭᠡᠵᠢᠩ ᠤᠨ ᠣᠶ ᠰᠢᠭᠤᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠤᠯᠠᠭᠠᠨᠬᠠᠳᠠ ᠶᠢᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠲᠠᠢ ᠬᠤᠣᠰᠯᠠᠪᠠ᠃      ︽ᠵᠠᠭᠤᠨ ᠰᠤᠷᠭᠠᠭᠤᠯᠢ ᠵᠠᠭᠤᠨ ᠰᠢᠶᠠᠨ ᠲᠠᠢ ᠬᠤᠯᠪᠤᠭᠠᠯᠠᠨ ᠮᠢᠩᠭᠠᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠨᠢ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠰᠢᠨ᠎ᠡ ᠠᠷᠭ᠎ᠠ ᠵᠠᠮ ᠢᠶᠠᠷ ᠳᠠᠮᠵᠢᠭᠤᠯᠤᠨ ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠦᠢᠯᠡᠳᠦᠯᠭᠡ ᠶᠢᠨ ᠰᠠᠭᠤᠷᠢᠨ ᠢ ᠬᠠᠮᠲᠤᠪᠠᠷ ᠪᠠᠶᠢᠭᠤᠯᠵᠤ᠂ ᠬᠥᠳᠡᠭᠡ ᠲᠣᠰᠬᠤᠨ ᠤ ᠬᠥᠭᠵᠢᠯᠲᠡ ᠪᠦᠲᠦᠭᠡᠨ ᠪᠠᠶᠢᠭᠤᠯᠤᠯᠲᠠ ᠶᠢᠨ ᠪᠣᠭᠤᠮᠢ ᠶᠢ ᠡᠪᠳᠡᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠴᠢᠳᠠᠪᠤᠷᠢᠲᠠᠨ ᠤ ᠳᠤᠲᠠᠭᠤᠳᠠᠯ ᠢ ᠨᠥᠬᠦᠪᠦᠷᠢᠯᠡᠵᠦ᠂ ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠪᠦᠬᠦ ᠲᠠᠯ᠎ᠠ ᠪᠠᠷ ᠣᠷᠣᠯᠴᠠᠭᠤᠯᠤᠨ᠎ᠠ᠃ ᠬᠠᠮᠤᠭ  ᠤᠨ ᠡᠴᠦᠰ ᠲᠤ ᠨᠢᠭᠡ ᠪᠦᠯᠦᠭ ᠣᠷᠣᠨ ᠪᠦᠰᠡ ᠶᠢᠨ ᠣᠨᠴᠠᠯᠢᠭ ᠲᠠᠢ  ᠂ ᠲᠡᠷᠡ ᠬᠡᠪ ᠢᠶᠠᠷ ᠨᠢ ᠳᠡᠯᠭᠡᠷᠡᠭᠦᠯᠵᠦ ᠪᠣᠯᠬᠤ ᠲᠤᠷᠰᠢᠯᠭ᠎ᠠ ᠶᠢᠨ ᠵᠠᠭᠪᠤᠷ ᠢ ᠪᠦᠷᠢᠯᠳᠦᠭᠦᠯᠵᠦ  ᠂ 3 ᠵᠢᠯ ᠣᠷᠴᠢᠮ ᠤᠨ ᠴᠠᠭ ᠬᠤᠭᠤᠴᠠᠭ᠎ᠠ ᠶᠢ ᠥᠩᠭᠡᠷᠡᠭᠡᠨ  ᠂ ᠵᠠᠭᠤᠨ ᠰᠤᠷᠭᠠᠭᠤᠯᠢ ᠶᠢᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠵᠦ  ᠂ ᠵᠠᠭᠤᠨ ᠰᠢᠶᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠦᠨᠡᠨ ᠪᠣᠳᠠᠲᠠᠢ ᠠᠬᠢᠯᠲᠠ ᠲᠠᠢ ᠪᠣᠯᠭᠠᠵᠤ  ᠂ ᠮᠢᠩᠭᠠᠨ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠳᠦᠷᠰᠦ ᠪᠠᠶᠢᠳᠠᠯ ᠢ ᠴᠣ᠋ ᠰᠢᠨ᠎ᠡ ᠪᠣᠯᠭᠠᠬᠤ ᠪᠠᠷ ᠴᠢᠷᠮᠠᠶᠢᠨ᠎ᠠ  ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号