ᠪᠡᠭᠡᠵᠢᠩ ᠥᠪᠥᠷ ᠮᠣᠩᠭᠤᠯ ᠭᠠᠷ ᠬᠤᠯᠪᠣᠯᠴᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠷᠤᠭᠰᠢᠯᠠᠯᠲᠠ ᠶᠢᠨ ᠠᠶᠠᠰ ᠢ ᠬᠠᠮᠲᠤᠪᠠᠷ ᠬᠥᠭᠵᠢᠮᠳᠡᠪᠡ
ᠨᠡᠶᠢᠲᠡᠯᠡᠭᠰᠡᠨ ᠴᠠᠭ᠄
2022/11/16
      ᠣᠶᠢᠷ᠎ᠠ ᠶᠢᠨ ᠵᠢᠯ ᠠᠴᠠ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠨᠢ ᠥᠪᠥᠷ ᠮᠣᠩᠭᠤᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦ ᠨᠡᠮᠡᠷᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠠᠢ᠃      ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠥᠷᠨᠢᠭᠦᠯᠦᠭᠰᠡᠨ ᠠᠴᠠ ᠨᠠᠰᠢ᠂ ᠥᠪᠥᠷ ᠮᠣᠩᠭᠤᠯ ᠤᠨ ᠡᠯ᠎ᠡ ᠱᠠᠲᠤᠨ ᠤ ᠵᠠᠰᠠᠭ ᠤᠨ ᠣᠷᠳᠣᠨ ᠢᠮᠠᠭᠲᠠ ᠶᠠᠳᠠᠭᠤ ᠬᠦᠴᠢᠷᠳᠡᠯᠲᠡᠢ ᠭᠠᠵᠠᠷ ᠣᠷᠣᠨ ᠤ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠴᠢᠩᠭᠠᠳᠬᠠᠬᠤ ᠶᠢ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠪᠣᠳᠣᠯᠭ᠎ᠠ ᠪᠣᠯᠭᠠᠵᠤ᠂ ᠪᠡᠭᠡᠵᠢᠩ ᠬᠤᠳᠠ ᠶᠢᠨ ᠠᠵᠤ ᠠᠬᠤᠶᠢᠯᠠᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤᠮᠳᠠᠬᠢ ᠴᠢᠬᠤᠯᠠ ᠦᠢᠯᠡᠳᠦᠯ ᠢ ᠪᠠᠳᠠᠷᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠢᠳᠡᠪᠬᠢᠲᠡᠢ ᠪᠠᠷ ᠵᠣᠯᠭᠠᠭᠤᠯᠵᠤ᠂ ᠨᠢᠭᠡ ᠪᠦᠯᠦᠭ ᠶᠠᠳᠠᠭᠤ ᠶᠢ ᠳᠠᠭᠠᠭᠤᠯᠵᠤ ᠦᠷ᠎ᠡ ᠪᠦᠲᠦᠮᠵᠢ ᠪᠠᠷ ᠰᠠᠶᠢᠨ ᠠᠵᠤ ᠠᠬᠤᠶᠢᠯᠠᠯ ᠢ ᠥᠪᠥᠷ ᠮᠣᠩᠭᠤᠯ ᠳᠤ ᠦᠨᠳᠦᠰᠦᠯᠡᠭᠦᠯᠵᠡᠢ᠃      2021 ᠣᠨ ᠠᠴᠠ ᠨᠠᠰᠢ᠂ ᠥᠪᠥᠷ ᠮᠣᠩᠭᠤᠯ ᠨᠢᠭᠡᠨᠲᠡ 170 ᠭᠠᠷᠤᠢ ᠳ᠋ᠦᠩᠰᠢᠭᠤᠷ ᠲᠥᠭᠦᠷᠢᠭ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠳᠤ ᠪᠣᠷᠣᠯᠠᠭᠤᠯᠵᠤ ᠪᠤᠢ᠃ 2022 ᠣᠨ ᠤ 9 ᠰᠠᠷ᠎ᠠ ᠪᠣᠯᠲᠠᠯ᠎ᠠ  ᠂ ᠪᠡᠭᠡᠵᠢᠩ ᠠᠴᠠ ᠢᠷᠡᠭᠰᠡᠨ 117 ᠠᠵᠤ ᠠᠬᠤᠶᠢᠯᠠᠯ ᠥᠪᠥᠷ ᠮᠣᠩᠭᠤᠯ ᠳᠤ ᠨᠢᠭᠡᠨᠲᠡ 53.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ  ᠂ ᠬᠥᠳᠡᠭᠡ ᠲᠣᠰᠬᠤᠨ ᠤ 5119 ᠬᠥᠳᠡᠯᠮᠦᠷᠢ ᠶᠢᠨ ᠬᠦᠴᠦᠨ ᠳᠤ ᠠᠵᠢᠯ ᠣᠯᠭᠤᠪᠠ  ᠂ ᠡᠭᠦᠨ ᠳᠤ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠶᠢᠨ ᠬᠦᠴᠦᠨ 1143 ᠬᠥᠮᠥᠨ ᠪᠣᠶ  ︔ ᠠᠵᠤ ᠦᠢᠯᠡᠰ ᠤᠨ ᠬᠦᠷᠢᠶᠡᠯᠡᠩ ᠲᠣᠭᠤᠷᠢᠭ ᠢ 55 ᠪᠠᠶᠢᠭᠤᠯᠵᠤ  ᠂ ᠬᠥᠳᠡᠭᠡ ᠲᠣᠰᠬᠤᠨ ᠤ 3756 ᠬᠥᠳᠡᠯᠮᠦᠷᠢ ᠶᠢᠨ ᠬᠦᠴᠦᠨ ᠳᠤ ᠠᠵᠢᠯ ᠣᠯᠭᠤᠪᠠ  ᠂ ᠡᠭᠦᠨ ᠳᠤ 801 ᠶᠠᠳᠠᠭᠤ  ᠠᠴᠠ ᠠᠩᠭᠢᠵᠢᠷᠠᠭᠰᠠᠨ ᠡᠷᠦᠬᠡ ᠪᠣᠶ  ᠃      ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂  ᠠᠭᠤᠰᠤᠯᠴᠠᠨ ᠬᠥᠭᠵᠢᠬᠦ ᠶᠢ ᠠᠬᠢᠭᠤᠯᠤᠨ᠎ᠠ      《ᠤᠶᠠᠩᠭᠠᠲᠤ ᠮᠣᠳᠣ ᠶᠢ ᠵᠠᠶᠢᠯᠠᠵᠤ᠂ ᠠᠯᠳᠠᠨ ᠭᠠᠷᠤᠳᠢ ᠶᠢ ᠲᠠᠲᠠᠵᠤ ᠠᠪᠴᠢᠷᠠᠪᠠ》᠃ ᠥᠪᠥᠷ ᠮᠣᠩᠭᠤᠯ ᠠᠵᠤ ᠠᠬᠤᠶᠢᠯᠠᠯ ᠤᠨ ᠪᠡᠯᠡ ᠣᠷᠣᠭᠤᠯᠤᠨ ᠦᠢᠯᠡᠳᠪᠦᠷᠢᠯᠡᠵᠦ ᠡᠵᠡᠩᠨᠡᠬᠦ ᠵᠡᠷᠭᠡ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠲᠣᠭᠤᠷᠢᠨ ᠳᠤ  ᠂ ᠠᠵᠤ ᠠᠬᠤᠶᠢᠯᠠᠯ ᠡᠷᠭᠢᠯᠡᠬᠦ  ᠂ ᠪᠠᠷᠢᠯᠭ᠎ᠠ ᠶᠢᠨ ᠵᠥᠪᠰᠢᠶᠡᠷᠡᠯ ᠣᠯᠭᠤᠬᠤ  ᠂ ᠴᠠᠬᠢᠯᠭᠠᠨ ᠬᠦᠴᠦᠨ ᠤ ᠬᠠᠩᠭᠠᠯᠭ᠎ᠠ ᠵᠡᠷᠭᠡ 20 ᠲᠠᠯ᠎ᠠ ᠪᠠᠷ  ᠭᠤᠣᠯᠳᠠᠯᠭ᠎ᠠ ᠪᠣᠯᠭᠠᠨ  ᠂ ︽ ᠪᠠᠭᠤᠯᠭᠠᠬᠤ ᠬᠠᠮᠢᠶᠠᠷᠬᠤ ᠦᠢᠯᠡᠴᠢᠯᠡᠬᠦ  ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ  ᠂ ᠪᠡᠭᠡᠵᠢᠩ ᠬᠤᠲᠠ ᠶᠢᠨ ᠠᠵᠤ ᠠᠬᠤᠶᠢᠯᠠᠯ ᠤᠨ ᠥᠪᠥᠷ ᠮᠣᠩᠭᠤᠯ ᠳᠤ ᠢᠷᠡᠵᠦ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠪᠠ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠪᠡᠶ᠎ᠡ ᠶᠢᠨ ᠪᠠᠶᠢᠳᠠᠯ ᠳᠤᠨᠢ ᠲᠣᠬᠢᠷᠠᠭᠤᠯᠤᠨ ᠪᠣᠶ ᠪᠣᠯᠭᠠᠵᠤ  ᠂ ︽ ᠭᠡᠷ ᠲᠡᠭᠡᠨ ᠰᠠᠭᠤᠬᠤ ᠬᠡᠯᠪᠡᠷᠢ  ︾ ᠶᠢᠨ ᠣᠷᠴᠢᠨ ᠲᠣᠭᠤᠷᠢᠨ ᠢ ᠪᠣᠶ ᠪᠣᠯᠭᠠᠵᠤ  ᠂ ︽ ᠠᠰᠠᠷᠠᠭᠴᠢ ᠬᠡᠯᠪᠡᠷᠢ  ︾ ᠶᠢᠨ ᠦᠢᠯᠡᠴᠢᠯᠡᠭᠡ ᠬᠠᠩᠭᠠᠵᠤ  ᠂ ︽ ᠨᠡᠭᠡᠭᠡᠯᠲᠡᠲᠤ ᠬᠡᠯᠪᠡᠷᠢ  ︾ ᠶᠢᠨ ᠲᠠᠪᠴᠠᠩ ᠢ ᠪᠠᠶᠢᠭᠤᠯᠵᠤ ᠪᠠᠶᠢᠨ᠎ᠠ  ᠃      ᠬᠤᠩ ᠹᠦ᠋ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠬᠦᠷᠴᠦ  ᠂ ︽ ᠬᠤᠩ ᠹᠦ᠋ ᠱᠠᠪᠲᠠᠯ᠎ᠠ  ︾   ︽ ᠬᠤᠪᠠ ᠵᠢᠮᠢᠰ  ︾ ᠵᠡᠷᠭᠡ ᠡᠯ᠎ᠡ ᠵᠦᠢᠯ ᠤᠨ ᠠᠮᠤᠷ ᠲᠦᠪᠰᠢᠨ ᠵᠢᠮᠢᠰ ᠢᠳᠡᠰᠢᠨ ᠨᠣᠭᠤᠭ᠎ᠠ ᠶᠢᠨ ᠢᠳᠡᠭᠡᠨ ᠤ ᠵᠦᠢᠯ ᠨᠢᠭᠡᠨᠲᠡ ᠬᠤᠷᠢᠶᠠᠯᠲᠠ ᠶᠢᠨ ᠬᠤᠭᠤᠴᠠᠭᠠᠨ ᠳᠠᠭᠠᠨ ᠣᠷᠣᠵᠤ  ᠂ ᠪᠡᠭᠡᠵᠢᠩ ᠤᠨ ᠬᠤᠳᠠᠯᠳᠤᠭᠠᠨ ᠤ ᠬᠡᠲᠦ ᠳᠡᠯᠭᠡᠭᠦᠷ ᠲᠤ ᠰᠢᠭᠤᠳ ᠬᠠᠩᠭᠠᠬᠤ ︽ ᠵᠢᠦᠢ ᠦ᠋ ᠪᠠ  ︾ ᠢᠳᠡᠰᠢᠨ ᠨᠣᠭᠤᠭ᠎ᠠ ᠶᠢᠨ ᠰᠠᠭᠰᠤ ᠪᠣᠯᠤᠭᠰᠠᠨ ᠤ ᠬᠤᠪᠢ ᠳᠤ  ᠂ ᠪᠡᠯᠡᠳᠭᠡᠮᠵᠢᠳᠤ ᠲᠠᠷᠢᠶᠠᠯᠠᠩ ᠢ ᠭᠤᠣᠯᠯᠠᠨ ᠡᠷᠭᠢᠯᠡᠬᠦ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠩ ᠹᠦ᠋ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠨᠢ ᠣᠶᠤᠨᠲᠤ ᠬᠦᠯᠡᠮᠵᠢ ᠪᠠᠷ ᠳᠡᠮᠵᠢᠨ ᠬᠡᠲᠦ ᠶᠡᠭᠡ ᠬᠡᠪᠴᠢᠶ᠎ᠡ ᠲᠠᠢ  ᠂ ᠬᠡᠲᠦ ᠶᠡᠭᠡ ᠭᠠᠷᠤᠯᠲᠠ ᠲᠠᠢ ᠬᠠᠩᠭᠠᠯᠭ᠎ᠠ ᠶᠢ ᠪᠡᠶᠡᠯᠡᠭᠦᠯᠵᠦ  ᠂ ᠵᠢᠯ ᠤᠨ ᠦᠢᠯᠡᠳᠬᠦᠨ ᠤ ᠥᠷᠲᠡᠭ ᠨᠢ ᠵᠢᠱᠢᠯᠲᠡ ᠪᠠᠷ 12.6 ᠳ᠋ᠦᠩᠰᠢᠭᠤᠷ ᠲᠥᠭᠦᠷᠢᠭ ᠲᠤ ᠬᠦᠷᠴᠦ  ᠂ 6800 ᠬᠥᠮᠥᠨ ᠢ ᠳᠠᠶᠢᠴᠢᠯᠠᠨ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠬᠦ ᠪᠣᠯᠣᠨ᠎ᠠ  ᠃      ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠢ ᠠᠰᠢᠭᠯᠠᠨ᠂ ᠪᠡᠭᠡᠵᠢᠩ ᠬᠤᠳᠠ ᠶᠢᠨ ᠹᠠᠩᠱᠠᠨ ᠲᠣᠭᠤᠷᠢᠭ ᠪᠣᠯᠣᠨ ᠥᠪᠥᠷ ᠮᠣᠩᠭᠤᠯ ᠤᠨ ᠬᠢᠩᠭᠠᠨ ᠠᠶᠢᠮᠠᠭ ᠤᠨ ᠲᠦᠴᠢᠦᠸᠠᠨ ᠰᠢᠶᠠᠨ ᠬᠠᠮᠲᠤᠪᠠᠷ ᠬᠥᠳᠡᠭᠡ ᠠᠵᠤ ᠠᠬᠤᠢ ᠵᠤᠭᠠᠴᠠᠯ ᠢ ᠠᠭᠤᠰᠤᠯᠴᠠᠭᠤᠯᠤᠭᠰᠠᠨ ᠱᠣ ᠭᠤᠸᠠᠩ ᠤᠳᠤ ᠦᠶ᠎ᠡ ᠶᠢᠨ ᠲᠠᠷᠢᠶᠠᠯᠠᠩ ᠤᠨ ᠣᠷᠴᠢᠯ ᠠᠵᠤ ᠠᠬᠤᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠵᠤ᠂ ︽ᠵᠤᠭᠠᠴᠠᠯ +︾︽ᠲᠠᠷᠢᠶᠠᠯᠠᠩ +︾︽ ᠢᠨᠲ᠋ᠧᠷ ᠰᠦᠯᠵᠢᠶ᠎ᠡ +︾ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠬᠦ ᠪᠠᠷ ᠳᠠᠮᠵᠢᠭᠤᠯᠵᠤ᠂ ᠬᠥᠳᠡᠭᠡ ᠲᠣᠰᠬᠤᠨ ᠢ ᠴᠡᠴᠡᠷᠯᠢᠭ᠂ ᠪᠦᠲᠦᠭᠡᠭᠳᠡᠬᠦᠨ ᠢ ᠲᠠᠸᠠᠷ᠂ ᠭᠠᠷᠤᠯᠲᠠ ᠶᠢᠨ ᠣᠷᠣᠨ ᠢ ᠦᠵᠡᠮᠵᠢ ᠶᠢᠨ ᠣᠷᠣᠨ ᠪᠣᠯᠭᠠᠨ ᠬᠤᠪᠢᠷᠠᠭᠤᠯᠵᠠᠢ᠃ 2020 ᠣᠨ ᠳᠤ ᠲᠣᠰ ᠬᠦᠷᠢᠶᠡᠯᠡᠩ ᠲᠣᠭᠤᠷᠢᠭ ᠨᠢ ᠤᠯᠤᠰ ᠤᠨ ᠲᠠᠰ ᠤᠨ ᠠᠵᠤ ᠦᠢᠯᠡᠰ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠠ ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ᠃      ᠠᠵᠤ ᠦᠢᠯᠡᠰ ᠢ ᠣᠷᠣᠭᠤᠯᠤᠨ ᠠᠪᠴᠢᠷᠠᠬᠤ ᠶᠢᠨ ᠬᠠᠮᠲᠤ᠂ ᠪᠡᠭᠡᠵᠢᠩ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠤᠨ ᠰᠢᠯᠢᠳᠡᠭ ᠡᠬᠢ ᠪᠠᠶᠠᠯᠢᠭ ᠴᠤ ᠥᠪᠥᠷ ᠮᠣᠩᠭᠤᠯ ᠤᠨ ᠡᠬᠡ ᠭᠠᠵᠠᠷ ᠲᠤ ᠲᠠᠰᠤᠷᠠᠯᠲᠠ ᠦᠭᠡᠢ ᠣᠷᠣᠵᠤ ᠢᠷᠡᠪᠡ᠃      ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠥᠷᠨᠢᠭᠦᠯᠦᠭᠰᠡᠨ ᠠᠴᠠ ᠨᠠᠰᠢ  ᠂ ᠪᠡᠭᠡᠵᠢᠩ ᠬᠤᠲᠠ ᠪᠣᠯᠣᠨ ᠥᠪᠥᠷ ᠮᠣᠩᠭᠤᠯ ᠶᠠᠪᠤᠯᠴᠠᠭ᠎ᠠ  ᠂ ᠰᠣᠯᠢᠯᠴᠠᠭ᠎ᠠ  ᠂ ᠠᠭᠤᠰᠤᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ  ᠂ ᠲᠤᠰᠠᠯᠠᠮᠵᠢ ᠬᠦᠷᠳᠡᠬᠦ ᠭᠠᠵᠠᠷ ᠣᠷᠣᠨ ᠤ ᠳᠤᠲᠠᠭᠤᠳᠠᠯ ᠪᠠᠭᠤᠷᠠᠢ ᠵᠦᠢᠯ ᠵᠢᠴᠢ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠵᠢᠯᠴᠠᠬᠤ ᠬᠦᠷᠢᠶ᠎ᠡ ᠪᠠᠨ ᠢᠳᠡᠪᠬᠢᠲᠡᠢ ᠥᠷᠭᠡᠳᠬᠡᠵᠦ᠂ ︽ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠠᠵᠢᠯ ᠲᠦᠷᠦᠯ ᠢᠶᠠᠷ ᠢᠶᠠᠨ ᠬᠠᠮᠵᠢᠯᠴᠠᠬᠤ ᠪᠦᠳᠦᠭᠦᠪᠴᠢ ᠵᠥᠪᠯᠡᠯᠴᠡᠭᠡᠷ ︵2021 ︱ 2025 ᠣᠨ︶︾ ᠲᠤ ᠭᠠᠷ ᠤᠨ ᠦᠰᠦᠭ ᠵᠢᠷᠤᠬᠤ ᠪᠠᠷ ᠳᠠᠮᠵᠢᠭᠤᠯᠵᠤ᠂ ᠬᠤᠶᠠᠷ ᠭᠠᠵᠠᠷ ᠤᠨ ᠬᠢᠨ ᠪᠠᠭᠰᠢ ᠶᠢᠨ ᠰᠣᠯᠢᠯᠴᠠᠭ᠎ᠠ ᠪᠣᠯᠪᠠᠰᠤᠷᠠᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠡᠮᠵᠢᠯᠭᠡ᠂ ᠲᠣᠭᠠᠴᠢᠯᠠᠭᠰᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠵᠡᠷᠭᠡ 8 ᠲᠠᠯ᠎ᠠ ᠪᠠᠷ ᠰᠠᠨᠠᠯ ᠨᠢᠭᠡᠳᠴᠡᠢ᠃      ᠣᠲᠣ ᠪᠣᠯᠲᠠᠯ᠎ᠠ  ᠂ ᠪᠡᠭᠡᠵᠢᠩ ᠬᠤᠲᠠ ᠨᠡᠶᠢᠲᠡ 6.66 ᠳ᠋ᠦᠩᠰᠢᠭᠤᠷ ᠲᠥᠭᠦᠷᠢᠭ ᠤᠨ ᠰᠤᠷᠭᠠᠨ ᠬᠥᠮᠦᠵᠢᠯ ᠡᠮ ᠡᠮᠨᠡᠯᠭᠡ ᠶᠢᠨ ᠬᠠᠪᠰᠤᠷᠤᠨ ᠲᠡᠳᠬᠦᠬᠦ ᠪᠡᠯᠡ ᠮᠥᠩᠭᠦ ᠣᠷᠣᠭᠤᠯᠵᠤ  ᠂ ᠰᠤᠷᠭᠠᠭᠤᠯᠢ  ᠂ ᠬᠡᠤᠬᠡᠳ ᠤᠨ ᠴᠡᠴᠡᠷᠯᠢᠭ 171  ᠂ ᠡᠮᠨᠡᠯᠭᠡ ᠶᠢᠨ ᠬᠤᠷᠢᠶ᠎ᠠ  ᠂ ᠡᠷᠡᠭᠦᠯ ᠬᠠᠮᠠᠭᠠᠯᠠᠯ ᠤᠨ ᠲᠠᠰᠤᠭ  ᠂ ᠨᠠᠰᠤᠲᠠᠨ ᠢ ᠠᠰᠠᠷᠠᠬᠤ ᠬᠦᠷᠢᠶᠡᠯᠡᠩ 493  ᠂ ᠥᠪᠥᠷ ᠮᠣᠩᠭᠤᠯ ᠤᠨ 424 ᠰᠤᠷᠭᠠᠭᠤᠯᠢ  ᠂ 290 ᠡᠮᠨᠡᠯᠭᠡ ᠶᠢᠨ ᠬᠤᠷᠢᠶ᠎ᠠ ᠨᠢ ᠪᠡᠭᠡᠵᠢᠩ ᠬᠤᠲᠠ ᠶᠢᠨ 335 ᠰᠤᠷᠭᠠᠭᠤᠯᠢ  ᠂ 255 ᠡᠮᠨᠡᠯᠭᠡ ᠶᠢᠨ ᠬᠤᠷᠢᠶ᠎ᠠ ᠲᠠᠢ ᠬᠠᠮᠵᠢᠯᠴᠠᠬᠤ ᠬᠠᠷᠢᠴᠠᠭ᠎ᠠ ᠪᠠᠶᠢᠭᠤᠯᠤᠭᠰᠠᠨ ᠪᠠᠶᠢᠨ᠎ᠠ  ᠃      ᠲᠡᠷᠢᠭᠦᠨ ᠤ ᠣᠶᠢᠯᠠᠭᠠᠭᠳᠠᠬᠤᠨ ᠢ ᠰᠤᠷᠤᠯᠴᠠᠨ ᠣᠷᠣᠭᠤᠯᠵᠤ ᠵᠢᠱᠢᠶ᠎ᠡ ᠦᠵᠡᠭᠦᠯᠬᠦ ᠬᠡᠪ ᠵᠠᠭᠪᠤᠷ ᠢ ᠪᠣᠶ ᠪᠣᠯᠭᠠᠨ᠎ᠠ      ᠭᠠᠴᠠᠭ᠎ᠠ ᠲᠣᠰᠬᠤᠨ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠭᠤᠣᠯ ᠴᠣᠭᠴᠠ ᠪᠣᠯᠤᠭᠰᠠᠨ ᠤ ᠬᠤᠪᠢ ᠳᠤ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠨᠳᠦᠰᠦᠨ ᠡᠯᠧᠮᠧᠨ᠋ᠲ ᠪᠣᠯᠣᠨ ᠭᠤᠣᠯᠯᠠᠭᠴᠢ ᠴᠢᠳᠠᠪᠬᠢ ᠶᠢ ᠠᠴᠢᠶᠠᠯᠠᠵᠤ᠂ 2021 ᠣᠨ ᠠᠴᠠ ᠨᠠᠰᠢ᠂ ᠥᠪᠥᠷ ᠮᠣᠩᠭᠤᠯ ᠪᠡᠭᠡᠵᠢᠩ ᠬᠤᠳᠠ ᠶᠢᠨ ᠲᠡᠷᠢᠭᠦᠨ ᠤ ᠲᠤᠷᠰᠢᠯᠭ᠎ᠠ ᠪᠣᠯᠣᠨ ᠣᠶᠢᠯᠠᠭᠠᠭᠳᠠᠬᠤᠨ ᠢ ᠢᠳᠡᠪᠬᠢᠲᠡᠢ ᠰᠢᠩᠭᠡᠬᠡᠨ ᠠᠪᠴᠤ ᠲᠣᠯᠢ ᠪᠣᠯᠭᠠᠵᠤ᠂ ᠪᠦᠬᠦ ᠲᠣᠰᠬᠤᠨ ᠢᠶᠠᠷ ᠪᠦᠲᠦᠭᠡᠨ ᠪᠠᠶᠢᠭᠤᠯᠬᠤ ᠪᠠᠷ ᠦᠨᠳᠦᠰᠦᠨ ᠵᠠᠭᠪᠤᠷ ᠪᠣᠯᠭᠠᠵᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠷ ᠦᠨᠳᠦᠰᠦᠨ ᠠᠷᠭ᠎ᠠ ᠵᠠᠮ ᠪᠣᠯᠭᠠᠵᠤ᠂ ᠤᠯᠠᠨ ᠲᠦᠮᠡᠨ ᠳᠤ ᠦᠢᠯᠡᠴᠢᠯᠡᠬᠦ ᠪᠠᠷ ᠦᠨᠳᠦᠰᠦᠨ ᠴᠢᠭᠯᠡᠯ ᠪᠣᠯᠭᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠪᠡᠯᠡ ᠮᠥᠩᠭᠦ ᠶᠢ 4.25 ᠳ᠋ᠦᠩᠰᠢᠭᠤᠷ ᠲᠥᠭᠦᠷᠢᠭ ᠣᠷᠣᠭᠤᠯᠵᠤ᠂ 103 ᠲᠦᠷᠦᠯ ᠵᠦᠢᠯ ᠢ ᠬᠡᠷᠡᠭᠵᠢᠭᠦᠯᠵᠦ᠂︽ᠵᠠᠭᠤᠨ ᠲᠣᠰᠬᠤᠨ ᠤ ᠵᠢᠱᠢᠶ᠎ᠡ ᠦᠵᠡᠭᠦᠯᠬᠦ ᠢᠨᠵᠧᠨᠧᠷᠢᠩ︾  ᠢ ᠪᠠᠶᠢᠭᠤᠯᠪᠠ᠃      ᠥᠪᠥᠷ ᠮᠣᠩᠭᠤᠯ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠲᠤᠰᠬᠠᠢ ᠮᠡᠷᠭᠡᠵᠢᠯ ᠤᠨ ᠪᠦᠯᠬᠦᠮ ᠢ ᠤᠷᠢᠬᠤ ᠪᠠᠷ ᠳᠠᠮᠵᠢᠭᠤᠯᠤᠨ  ᠂ ᠣᠯᠠᠨ ᠲᠥᠯᠦᠪᠵᠢᠭᠦᠯᠭᠡ ᠶᠢ ᠨᠢᠭᠡᠳᠬᠡᠭᠰᠡᠨ ᠬᠡᠷᠡᠭᠯᠡᠭᠡᠨ ᠤ ᠴᠢᠨᠠᠷᠲᠠᠢ ᠠᠶᠢᠯ ᠲᠣᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠪᠠ  ᠃ ᠲᠦᠩᠯᠢᠶᠣᠣ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠪᠡᠭᠡᠵᠢᠩ ᠬᠤᠲᠠ ᠶᠢᠨ ᠴᠣᠣᠶᠠᠩ ᠲᠣᠭᠤᠷᠢᠭ ᠤᠨ ᠬᠠᠪᠰᠤᠷᠤᠯᠭ᠎ᠠ ᠳᠣᠣᠷ᠎ᠠ᠂ ᠪᠦᠬᠦ ᠲᠣᠰᠬᠤᠨ ᠢᠶᠠᠷ ᠢᠶᠠᠨ ᠬᠥᠮᠥᠨ ᠮᠠᠯ ᠢ ᠰᠠᠯᠭᠠᠬᠤ ᠶᠢ ᠠᠬᠢᠭᠤᠯᠵᠤ᠂ ᠲᠠᠷᠢᠶᠠᠴᠢᠨ ᠡᠷᠦᠬᠡ ᠶᠢᠨ ᠨᠢᠭᠡᠳᠦᠯᠲᠡᠢ ᠬᠠᠮᠢᠶᠠᠷᠬᠤ᠂ ᠲᠥᠪᠯᠡᠷᠡᠭᠦᠯᠦᠨ ᠲᠡᠵᠢᠭᠡᠨ ᠦᠷᠡᠵᠢᠭᠦᠯᠬᠦ ᠶᠢ ᠪᠡᠶᠡᠯᠡᠭᠦᠯᠪᠡ︔ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠦᠨ ᠴᠢᠤᠸᠠᠨ ᠲᠣᠰᠬᠤᠨ ᠳᠤ ︽ ᠨᠣᠭᠤᠭᠠᠨ ᠪᠣᠷᠳᠤᠭ᠎ᠠ ᠳᠠᠷᠢᠬᠤ + ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ + ᠦᠨᠢᠶᠡᠨ ᠰᠦ ᠨᠠᠷᠢᠯᠢᠭ ᠡᠳ᠋ᠰᠢᠭᠦᠯᠬᠦ + ᠭᠦᠢᠯᠭᠡᠭᠡᠨ ᠳᠤ ᠪᠣᠷᠣᠯᠠᠭᠤᠯᠬᠤ  ︾ ᠪᠥᠬᠦ ᠬᠡᠯᠬᠢᠶᠡᠨ ᠤ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠪᠠ  ᠃      ᠬᠥᠳᠡᠭᠡ ᠲᠣᠰᠬᠤᠨ ᠢ ᠤᠳᠤ ᠦᠶ᠎ᠡ ᠶᠢᠨ ᠠᠮᠢᠳᠤᠷᠠᠯ ᠤᠨ ᠨᠥᠬᠦᠴᠡᠯ ᠲᠠᠢ ᠪᠣᠯᠭᠠᠵᠤ᠂ ᠬᠤᠳᠠ ᠶᠢᠨ ᠴᠢᠬᠤᠯᠠ ᠡᠯᠧᠮᠧᠨ᠋ᠲ ᠲᠠᠢ ᠡᠷᠬᠡ ᠲᠡᠭᠰᠢ ᠪᠠᠷ ᠰᠣᠯᠢᠯᠴᠠᠬᠤ ᠶᠢ ᠪᠡᠶᠡᠯᠡᠭᠦᠯᠬᠦ ᠶᠢᠨ ᠲᠥᠯᠥᠭᠡ᠂ ᠪᠡᠭᠡᠵᠢᠩ ᠬᠤᠳᠠ ᠶᠢᠨ 17 ᠲᠣᠭᠤᠷᠢᠭ ᠪᠣᠯᠣᠨ ᠥᠪᠥᠷ ᠮᠣᠩᠭᠤᠯ ᠤᠨ 31 ᠬᠤᠣᠰᠯᠠᠯ ᠪᠠᠶᠢᠭᠤᠯᠤᠭᠰᠠᠨ ᠬᠤᠰᠢᠭᠤ ᠰᠢᠶᠠᠨ︽ᠬᠤᠳᠠ ᠬᠥᠳᠡᠭᠡ ᠶᠢ ᠠᠭᠤᠰᠤᠯᠴᠠᠭᠤᠯᠬᠤ᠂ ᠬᠤᠳᠠ ᠪᠠᠷ ᠬᠥᠳᠡᠭᠡ ᠲᠣᠰᠬᠤᠨ ᠢ ᠳᠠᠶᠢᠴᠢᠯᠠᠬᠤ︾ᠵᠠᠷᠴᠢᠮ ᠶᠣᠰᠣᠭᠠᠷ᠂ ᠪᠡᠭᠡᠵᠢᠩ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠲᠦᠷᠦᠯ ᠵᠦᠢᠯ ᠤᠨ ᠬᠠᠮᠢᠶᠠᠷᠤᠯᠲᠠ ᠡᠵᠡᠩᠨᠡᠯᠲᠡ ᠵᠡᠷᠭᠡ ᠲᠠᠯ᠎ᠠ ᠶᠢᠨ ᠲᠡᠷᠢᠭᠦᠨ ᠤ ᠣᠶᠢᠯᠠᠭᠠᠭᠳᠠᠬᠤᠨ ᠢ ᠣᠷᠣᠭᠤᠯᠤᠨ ᠠᠪᠴᠢᠷᠠᠵᠤ᠂ ᠥᠨᠳᠥᠷ ᠪᠠᠷᠢᠮᠵᠢᠶ᠎ᠠ ᠥᠨᠳᠥᠷ ᠭᠠᠷᠤᠭ᠎ᠠ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠬᠤ ᠶᠢ ᠠᠬᠢᠭᠤᠯᠪᠠ᠃      ᠬᠡᠷᠡᠭᠯᠡᠭᠡ ᠶᠢ ᠬᠠᠪᠰᠤᠷᠤᠨ ᠲᠡᠳᠬᠦᠬᠦ ᠳᠤ ᠠᠩᠬᠠᠷᠤᠯ ᠢᠶᠠᠨ ᠲᠥᠪᠯᠡᠷᠡᠭᠦᠯᠵᠦ ᠳᠣᠲᠣᠭᠠᠳᠤ ᠬᠥᠳᠡᠯᠭᠡᠭᠦ ᠬᠦᠴᠦᠨ ᠢ ᠬᠥᠭᠵᠢᠭᠡᠨ᠎ᠡ      ᠨᠡᠶᠢᠰᠯᠡᠯ ᠤᠨ ︽ ᠨᠣᠭᠤᠭ᠎ᠠ ᠶᠢᠨ ᠰᠠᠭᠰᠤ  ︾  ︽ ᠬᠦᠨᠡᠰᠦᠨ ᠤ ᠤᠭᠤᠲᠠ  ︾  ︽ ᠵᠢᠮᠢᠰ ᠤᠨ ᠫᠢᠯᠠ  ︾ ᠪᠣᠯᠤᠭᠰᠠᠨ ᠤ ᠬᠤᠪᠢ ᠳᠤ  ᠂ ᠥᠪᠥᠷ ᠮᠣᠩᠭᠤᠯ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠡᠭᠡᠵᠢᠩ ᠳᠤ ᠣᠷᠣᠵᠤ ᠪᠣᠷᠣᠯᠠᠭᠤᠯᠬᠤ ᠰᠠᠭᠠᠳ ᠦᠭᠡᠢ ᠵᠠᠮ ᠮᠥᠷ ᠲᠤ ᠲᠦᠰᠢᠭᠯᠡᠨ  ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠪᠠ  ᠃      2021 ᠣᠨ ᠠᠴᠠ ᠨᠠᠰᠢ᠂ ᠪᠡᠭᠡᠵᠢᠩ ᠪᠣᠯᠣᠨ ᠥᠪᠥᠷ ᠮᠣᠩᠭᠤᠯ ᠬᠠᠮᠲᠤᠪᠠᠷ ᠡᠨᠧᠷᠭᠢ ᠶᠢᠨ ᠬᠠᠩᠭᠠᠯᠭ᠎ᠠ ᠶᠢᠨ ᠰᠠᠭᠤᠷᠢᠨ  ᠂ ᠬᠤᠯᠢᠰᠢᠨ ᠢᠳᠡᠭᠡᠨ ᠤ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠵᠤ᠂ ᠪᠡᠭᠡᠵᠢᠩ ᠤᠨ ᠨᠢᠭᠡ ᠪᠦᠯᠦᠭ ᠡᠨᠧᠷᠭᠢ ᠶᠢᠨ ᠠᠵᠤ ᠠᠬᠤᠶᠢᠯᠠᠯ᠂ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠥᠪᠥᠷ ᠮᠣᠩᠭᠤᠯ ᠳᠤ ᠨᠤᠲᠤᠭᠰᠢᠪᠠ᠃ ᠬᠤᠶᠠᠷ ᠲᠠᠯ᠎ᠠ ᠪᠠᠷ ᠢᠶᠠᠨ ᠪᠡᠭᠡᠵᠢᠩ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠤ ᠦᠢᠯᠡᠰ ᠤᠨ ᠦᠢᠯᠡᠰ ᠪᠣᠰᠬᠠᠵᠤ ᠰᠢᠨ᠎ᠡ ᠶᠢ ᠡᠭᠦᠳᠬᠦ ᠲᠥᠪ ᠤᠨ ᠥᠪᠥᠷ ᠮᠣᠩᠭᠤᠯ ᠤᠨ ᠦᠵᠡᠭᠦᠯᠦᠯᠭᠡ ᠶᠢᠨ ᠲᠢᠩᠬᠢᠮ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠲᠥᠪᠯᠡᠷᠡᠭᠦᠯᠦᠨ ᠬᠤᠳᠠᠯᠳᠤᠨ ᠠᠪᠬᠤ ᠶᠢ ᠲᠠᠨᠢᠯᠴᠠᠭᠤᠯᠬᠤ ᠬᠤᠷᠠᠯ ᠵᠡᠷᠭᠡ ᠲᠠᠪᠴᠠᠩ ᠢ ᠠᠰᠢᠭᠯᠠᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠬᠠᠮᠲᠤᠷᠠᠯᠴᠠᠭ᠎ᠠ ᠥᠷᠨᠢᠭᠦᠯᠵᠦ᠂ ᠬᠢᠩᠭᠠᠨ ᠠᠶᠢᠮᠠᠭ ᠤᠨ ᠲᠤᠲᠤᠷᠭ᠎ᠠ᠂ ᠪᠣᠷᠣᠳᠣᠬᠤᠢ ᠶᠢᠨ ᠨᠡᠷᠡᠨ ᠬᠤᠸᠠᠷ᠂ ᠤᠯᠠᠭᠠᠨᠴᠠᠪ ᠤᠨ ᠲᠥᠮᠥᠰᠥ᠂ ᠰᠢᠯᠢ ᠶᠢᠨ ᠭᠤᠣᠯ ᠤᠨ ᠬᠤᠨᠢᠨ ᠮᠢᠬ᠎ᠠ ᠵᠡᠷᠭᠡ ︽ᠮᠣᠩᠭᠤᠯ ᠨᠡᠷᠡᠮᠵᠢᠲᠦ︾ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠵᠡᠷᠭᠡᠪᠡᠷ ᠬᠥᠭᠵᠢᠪᠡ᠃      2022 ᠣᠨ ᠤ 9 ᠰᠠᠷ᠎ᠠ ᠶᠢᠨ 13 ᠤ ᠡᠳᠦᠷ᠂ ᠥᠪᠥᠷ ᠮᠣᠩᠭᠤᠯ ᠪᠣᠯᠣᠨ ᠪᠡᠭᠡᠵᠢᠩ ᠤᠨ ᠵᠡᠷᠭᠡᠴᠡᠭᠡ ᠱᠤᠭᠤᠮ ᠳᠡᠭᠡᠷ᠎ᠡ ︽ ᠪᠡᠭᠡᠵᠢᠩ ᠥᠪᠥᠷ ᠮᠣᠩᠭᠤᠯ ᠤᠨ ᠵᠠᠭᠤᠨ ᠠᠵᠤ ᠠᠬᠤᠶᠢᠯᠠᠯ ᠤᠨ ᠪᠠᠶᠢᠳᠠᠯ  ︾ ᠵᠢᠴᠢ 2022 ᠣᠨ ᠤ ᠪᠡᠭᠡᠵᠢᠩ ᠥᠪᠥᠷ ᠮᠣᠩᠭᠤᠯ ᠤᠨ ᠠᠵᠤ ᠦᠢᠯᠡᠰ ᠢ ᠵᠣᠯᠭᠠᠭᠤᠯᠬᠤ ᠡᠬᠢᠯᠡᠯᠲᠡ ᠶᠢᠨ ᠶᠣᠰᠣᠯᠠᠯ ᠶᠠᠪᠤᠭᠤᠯᠪᠠ  ᠃ ᠬᠤᠶᠠᠷ ᠭᠠᠵᠠᠷ ᠤᠨ ᠳᠠᠪᠠᠭᠤᠯᠢᠭ ᠡᠬᠢ ᠪᠠᠶᠠᠯᠢᠭ ᠪᠠ ᠳᠠᠯᠳᠠ ᠬᠡᠷᠡᠭᠴᠡᠭᠡ ᠶᠢ ᠨᠠᠷᠢᠯᠢᠭ ᠣᠨᠣᠴᠠᠲᠠᠢ ᠪᠠᠷ ᠵᠣᠯᠭᠠᠭᠤᠯᠵᠤ  ᠂ ᠪᠡᠭᠡᠵᠢᠩ ᠬᠤᠲᠠ ᠶᠢᠨ ᠠᠵᠤ ᠠᠬᠤᠶᠢᠯᠠᠯ ᠤᠨ ᠥᠪᠥᠷ ᠮᠣᠩᠭᠤᠯ ᠳᠤ ᠢᠷᠡᠵᠦ ᠪᠡᠯᠡ ᠣᠷᠣᠭᠤᠯᠤᠨ ᠦᠢᠯᠡᠰ ᠬᠥᠭᠵᠢᠭᠦᠯᠬᠦ ᠶᠢ ᠬᠥᠲᠥᠯᠥᠨ ᠵᠢᠯᠤᠭᠤᠳᠴᠤ  ᠂ ᠲᠤᠬᠠᠢ ᠶᠢᠨ ᠲᠠᠯᠠᠪᠤᠷ ᠲᠤ 31 ᠲᠥᠷᠥᠯ ᠵᠦᠢᠯ ᠤᠨ ᠭᠡᠷ᠎ᠡ ᠲᠣᠭᠲᠠᠵᠤ  ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ ᠨᠢ 1464 ᠳ᠋ᠦᠩᠰᠢᠭᠤᠷ ᠲᠥᠭᠦᠷᠢᠭ ᠲᠤ ᠬᠦᠷᠴᠦ  ᠂ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ  ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠪᠣᠯᠪᠠᠰᠤᠷᠠᠭᠤᠯᠤᠯᠲᠠ  ᠂ ᠰᠣᠶᠣᠯ ᠵᠢᠭᠤᠯᠴᠢᠯᠠᠯ  ᠂ ᠬᠡᠷᠡᠭᠯᠡᠭᠡ ᠭᠦᠢᠯᠭᠡᠭᠡ ᠵᠡᠷᠭᠡ ᠣᠯᠠᠨ ᠬᠦᠷᠢᠶᠡᠨ ᠳᠤ ᠬᠤᠯᠪᠣᠭᠳᠠᠵᠠᠢ  ᠃      《 ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ  ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ 》 ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ  ᠂ ᠪᠦᠬᠦ ᠤᠯᠤᠰ ᠢᠶᠠᠷ ᠢᠶᠠᠨ ᠨᠢᠭᠡ ᠬᠥᠯᠭᠡ ᠰᠢᠲᠠᠷ᠎ᠠ ᠮᠡᠲᠦ  ᠂ ᠵᠡᠭᠦᠨ ᠪᠠᠷᠠᠭᠤᠨ ᠣᠷᠣᠨ ᠢ ᠨᠢᠭᠡ ᠴᠣᠭᠴᠠᠵᠢᠭᠤᠯᠬᠤ  ᠶᠢ ᠪᠠᠷᠢᠮᠲᠠᠯᠠᠵᠤ  ᠂ ᠥᠪᠥᠷ ᠮᠣᠩᠭᠤᠯ ᠤᠨ ᠰᠢᠰᠲ᠋ᠧᠮ ᠤᠨ ᠬᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ  ᠂ 《 ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠪᠠ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ 》 ᠶᠢ ᠲᠡᠭᠦᠯᠳᠡᠷᠵᠢᠭᠦᠯᠵᠦ  ᠂ ᠤᠷᠢᠳ ᠬᠤᠵᠢᠳ ᠠᠵᠤ ᠦᠢᠯᠡᠰ ᠤᠨ ᠠᠵᠢᠯ ᠣᠯᠭᠤᠯᠲᠠ  ᠂ ᠰᠤᠷᠭᠠᠨ ᠬᠥᠮᠦᠵᠢᠯ ᠡᠮ ᠡᠮᠨᠡᠯᠭᠡ  ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ  ᠶᠢ ᠨᠡᠶᠢᠲᠡᠯᠡᠨ ᠬᠡᠷᠡᠭᠵᠢᠭᠦᠯᠵᠦ  ᠂ ᠶᠠᠳᠠᠭᠤ  ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ  ᠢ ᠪᠠᠬᠢᠵᠢᠭᠦᠯᠬᠦ  ᠂ ᠠᠵᠤ ᠦᠢᠯᠡᠰ ᠤᠨ ᠶᠠᠰᠤ ᠴᠢᠨᠠᠷ  ᠢ ᠳᠡᠭᠡᠭᠰᠢᠯᠡᠭᠦᠯᠦᠨ ᠲᠠᠰ ᠳᠡᠪᠰᠢᠭᠦᠯᠬᠦ  ᠂ ᠺᠠᠳ᠋ᠷ ᠴᠢᠳᠠᠪᠤᠷᠢᠲᠠᠨ  ᠢ ᠰᠣᠯᠢᠯᠴᠠᠬᠤ  ᠂ ᠬᠥᠳᠡᠯᠮᠦᠷᠢ ᠦᠢᠯᠡᠴᠢᠯᠡᠭᠡ ᠪᠠᠷ ᠬᠠᠮᠵᠢᠯᠴᠠᠬᠤ  ᠂ ᠬᠡᠷᠡᠭᠯᠡᠭᠡ ᠪᠠᠷ ᠬᠠᠪᠰᠤᠷᠤᠨ ᠲᠡᠳᠬᠦᠬᠦ  ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ︽ ᠶᠢᠰᠦᠨ ᠶᠡᠭᠡ ᠢᠨᠵᠧᠨᠧᠷᠢᠩ  ︾  ᠢ ᠬᠡᠷᠡᠭᠵᠢᠭᠦᠯᠵᠦ  ᠂ ︽ ᠪᠡᠭᠡᠵᠢᠩ ᠤᠨ ᠠᠵᠤ ᠠᠬᠤᠶᠢᠯᠠᠯ + ᠥᠪᠥᠷ ᠮᠣᠩᠭᠤᠯ ᠤᠨ ᠡᠬᠢ ᠪᠠᠶᠠᠯᠢᠭ  ︾  ︽ ᠪᠡᠭᠡᠵᠢᠩ ᠤᠨ ᠵᠠᠬ᠎ᠠ ᠳᠡᠯᠭᠡᠭᠦᠷ + ᠥᠪᠥᠷ ᠮᠣᠩᠭᠤᠯ ᠤᠨ ᠪᠦᠲᠦᠭᠡᠭᠳᠡᠬᠦᠨ  ︾  ︽ ᠪᠡᠭᠡᠵᠢᠩ ᠤᠨ ᠶᠡᠷᠦᠩᠬᠡᠢ ᠬᠡᠯᠲᠡᠰ + ᠥᠪᠥᠷ ᠮᠣᠩᠭᠤᠯ ᠤᠨ ᠰᠠᠭᠤᠷᠢᠨ ᠭᠠᠵᠠᠷ  ︾ ︽ ᠪᠡᠭᠡᠵᠢᠩ ᠤᠨ ᠰᠤᠳᠤᠯᠤᠨ ᠨᠡᠭᠡᠭᠡᠬᠦ + ᠥᠪᠥᠷ ᠮᠣᠩᠭᠤᠯ ᠤᠨ ᠦᠶᠯᠡᠳᠬᠦ ᠦᠢᠯᠡᠰ  ︾ ᠵᠡᠷᠭᠡ ᠵᠠᠭᠪᠤᠷ ᠢ ᠯᠠᠪᠳᠠᠭᠤᠨ ᠢᠶᠠᠷ ᠠᠬᠢᠭᠤᠯᠵᠤ  ᠂ ᠬᠤᠶᠠᠷ ᠭᠠᠵᠠᠷ ᠤᠨ ᠬᠠᠮᠵᠢᠯᠴᠠᠬᠤ ᠠᠵᠤ ᠦᠢᠯᠡᠰ ᠤᠨ ᠬᠦᠷᠢᠶᠡᠯᠡᠩ ᠢ ᠪᠡᠭᠡᠵᠢᠩ ᠥᠪᠥᠷ ᠮᠣᠩᠭᠤᠯ ᠤᠨ ᠠᠵᠤ ᠠᠬᠤᠢ ᠶᠢᠨ ᠬᠥᠭᠵᠢᠯᠲᠡ ᠶᠢᠨ ᠨᠡᠮᠡᠭᠳᠡᠯ ᠤᠨ ᠲᠤᠶᠢᠯ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ  ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号