ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠬᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠨ | ᠲᠡᠳᠬᠦᠬᠦ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠭᠦᠨᠵᠡᠭᠡᠢ ᠡᠵᠡᠮᠳᠡᠵᠦ ᠂ ᠪᠡᠭᠡᠵᠢᠩ ᠬᠤᠲᠠ ᠶᠢᠨ ᠴᠠᠩᠫᠢᠩ | ᠲᠣᠭᠤᠷᠢᠭ ᠯᠤᠭ᠎ᠠ ᠪᠥᠬᠦ ᠲᠠᠯ᠎ᠠ ᠶᠢᠨ ᠂ ᠣᠯᠠᠨ ᠬᠦᠷᠢᠶ᠎ᠡ ᠴᠠᠷᠠᠭ᠎ᠠ ᠶᠢᠨ ᠂ ᠭᠦᠨ ᠲᠠᠰ ᠳᠠᠪᠬᠤᠷᠭ᠎ᠠ ᠶᠢᠨ ᠬᠠᠮᠲᠤᠷᠠᠯᠴᠠᠭ᠎ᠠ | ᠰᠣᠯᠢᠯᠴᠠᠭ᠎ᠠ ᠥᠷᠨᠢᠭᠦᠯᠵᠦ ᠂ ᠺᠠᠳ᠋ᠷ ᠤᠨ ᠲᠤᠰᠢᠶᠠᠯ ᠡᠭᠦᠷᠭᠡᠯᠡᠬᠦ ᠂ ᠴᠢᠳᠠᠪᠤᠷᠢᠲᠠᠨ ᠤ ᠰᠣᠯᠢᠯᠴᠠᠭ᠎ᠠ ᠂ ᠬᠥᠮᠦᠵᠢᠯ | ᠪᠣᠯᠪᠠᠰᠤᠷᠠᠭᠤᠯᠤᠯ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠂ ᠪᠡᠭᠡᠵᠢᠩ ᠥᠪᠥᠷ ᠮᠣᠩᠭᠤᠯ ᠬᠤᠶᠠᠷ | ᠭᠠᠵᠠᠷ ᠤᠨ ᠨᠠᠮ ᠵᠠᠰᠠᠭ ᠤᠨ ᠴᠢᠳᠠᠪᠤᠷᠢᠲᠠᠨ ᠂ ᠤᠷ᠎ᠠ ᠴᠢᠳᠠᠪᠤᠷᠢ ᠶᠢᠨ ᠴᠢᠳᠠᠪᠤᠷᠢᠲᠠᠨ ᠪᠠ ᠨᠤᠲᠤᠭ ᠤᠨ ᠴᠢᠳᠠᠪᠤᠷᠢᠲᠠᠨ ᠢ | ᠬᠥᠮᠥᠵᠢᠭᠦᠯᠬᠦ ᠭᠦᠨ ᠲᠠᠰ ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ ᠃ | ᠨᠠᠮ ᠵᠠᠰᠠᠭ ᠤᠨ ᠺᠠᠳ᠋ᠷ ᠤᠨ ᠰᠣᠯᠢᠯᠴᠠᠭ᠎ᠠ ᠶᠢ ᠴᠢᠩᠭᠠᠳᠬᠠᠨ᠎ᠠ | ᠪᠡᠭᠡᠵᠢᠩ ᠬᠤᠲᠠ ᠶᠢᠨ ᠴᠠᠩᠫᠢᠩ ᠲᠣᠭᠤᠷᠢᠭ ᠬᠢᠭᠡᠳ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ | ᠬᠢᠨ ᠨᠠᠮ ᠵᠠᠰᠠᠭ ᠤᠨ ᠺᠠᠳ᠋ᠷ ᠴᠢᠳᠠᠪᠤᠷᠢᠲᠠᠨ ᠢ ᠬᠤᠶᠠᠷ ᠭᠠᠵᠠᠷ ᠲᠤ ᠲᠣᠮᠢᠯᠠᠨ ᠲᠤᠬᠠᠢ ᠶᠢᠨ ᠭᠠᠵᠠᠷ ᠲᠤᠨᠢ ᠪᠠᠶᠢᠴᠠᠭᠠᠨ | ᠰᠤᠳᠤᠯᠤᠯᠲᠠ ᠬᠢᠵᠦ ᠂ ᠶᠠᠷᠢᠯᠴᠠᠨ ᠨᠡᠪᠲᠡᠷᠡᠯᠴᠡᠵᠦ ᠂ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠢᠶᠠᠨ ᠰᠣᠯᠢᠯᠴᠠᠬᠤ ᠪᠠᠷ | ᠳᠠᠮᠵᠢᠭᠤᠯᠤᠨ ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠣᠷᠣ ᠲᠥᠯᠥᠪ ᠤᠨ ᠲᠤᠤᠷᠠᠬᠢ ᠤᠯᠠᠭᠠᠨᠬᠠᠳᠠ | ᠬᠤᠲᠠ ᠶᠢᠨ ᠠᠷᠤ ᠬᠤᠷᠴᠢᠨ ᠬᠤᠰᠢᠭᠤᠨ ᠤ ᠬᠥᠭᠵᠢᠯᠲᠡ ᠶᠢᠨ ᠠᠷᠭ᠎ᠠ ᠮᠠᠶ᠋ᠢᠭ ᠢ ᠭᠦᠨᠵᠡᠭᠡᠢ ᠰᠤᠳᠤᠯᠤᠨ ᠶᠠᠷᠢᠯᠴᠠᠪᠠ ᠃ | ᠣᠶᠢᠷ᠎ᠠ ᠶᠢᠨ ᠵᠢᠯ ᠠᠴᠠ᠂ ᠬᠤᠶᠠᠷ ᠲᠠᠯ᠎ᠠ ᠪᠠᠷ ᠢᠶᠠᠨ ᠬᠠᠷᠢᠯᠴᠠᠨ ᠺᠠᠳ᠋ᠷ ᠴᠢᠳᠠᠪᠤᠷᠢᠲᠠᠨ ᠢ ᠵᠣᠯᠭᠠᠭᠤᠯᠬᠤ ᠠᠵᠢᠯ ᠢ 200 | ᠭᠠᠷᠤᠢ ᠪᠦᠯᠦᠭ ᠤᠳᠠᠭ᠎ᠠ ᠲᠣᠮᠢᠯᠠᠵᠤ᠂ 1637 ᠬᠥᠮᠥᠨ ᠤᠳᠠᠭ᠎ᠠ ᠶᠢ ᠬᠠᠷᠢᠯᠴᠠᠨ ᠰᠤᠷᠪᠤᠯᠵᠢᠯᠠᠨ ᠰᠣᠯᠢᠯᠴᠠᠪᠠ᠃ ᠬᠤᠶᠠᠷ | ᠭᠠᠵᠠᠷ ᠤᠨ ᠨᠠᠮ ᠵᠠᠰᠠᠭ ᠤᠨ ᠺᠠᠳ᠋ᠷᠴᠤᠳ ᠤᠨ ᠰᠣᠯᠢᠯᠴᠠᠭ᠎ᠠ ᠶᠢ ᠪᠦᠲᠦᠮᠵᠢᠲᠡᠶ ᠠᠬᠢᠭᠤᠯᠬᠤ ᠶᠢᠨ ᠲᠥᠯᠥᠭᠡ ᠂ ᠪᠡᠭᠡᠵᠢᠩ | ᠬᠤᠲᠠ ᠶᠢᠨ ᠴᠠᠩᠫᠢᠩ ᠲᠣᠭᠤᠷᠢᠭ ᠤᠨ ᠬᠢᠨ ᠤᠷᠢᠳ ᠬᠤᠵᠢᠳ 9 ᠨᠠᠮ ᠵᠠᠰᠠᠭ ᠤᠨ ᠺᠠᠳ᠋ᠷ ᠢ ᠰᠣᠩᠭᠤᠨ ᠲᠣᠮᠢᠯᠠᠵᠤ | ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠳᠤ ᠲᠤᠰᠢᠶᠠᠯ ᠡᠭᠦᠷᠭᠡᠯᠡᠭᠦᠯᠦᠨ ᠂ ᠲᠣᠭᠲᠠᠪᠤᠷᠢᠲᠠᠢ ᠲᠤᠰᠢᠶᠠᠯ | ᠡᠭᠦᠷᠭᠡᠯᠡᠭᠦᠯᠬᠦ ᠪᠠᠷ ᠳᠠᠮᠵᠢᠭᠤᠯᠤᠨ ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥᠯ ᠵᠦᠢᠯ ᠢ | ᠨᠠᠶᠢᠳᠠᠪᠤᠷᠢᠵᠢᠭᠤᠯᠬᠤ ᠶᠢ ᠪᠦᠲᠦᠮᠵᠢᠲᠡᠶ ᠠᠬᠢᠭᠤᠯᠪᠠ︔ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ 8 | ᠺᠠᠳ᠋ᠷ ᠢ ᠪᠡᠭᠡᠵᠢᠩ ᠬᠤᠲᠠ ᠶᠢᠨ ᠴᠠᠩᠫᠢᠩ ᠲᠣᠭᠤᠷᠢᠭ ᠤᠨ ᠡᠪᠯᠡᠯ ᠤᠨ ᠬᠤᠷᠢᠶ᠎ᠠ ᠂ ᠰᠣᠶᠣᠯ ᠵᠢᠭᠤᠯᠴᠢᠯᠠᠯ ᠤᠨ ᠲᠣᠪᠴᠢᠶ᠎ᠠ | ᠵᠡᠷᠭᠡ ᠨᠢᠭᠡᠴᠡ ᠳᠤ ᠲᠣᠮᠢᠯᠠᠨ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠵᠤ ᠂ ᠬᠠᠷᠠᠭ᠎ᠠ ᠪᠠᠨ ᠪᠦᠲᠦᠮᠵᠢᠲᠡᠶ ᠪᠠᠷ | ᠥᠷᠭᠡᠳᠬᠡᠨ ᠂ ᠮᠡᠳᠡᠯᠭᠡ ᠪᠠᠨ ᠨᠡᠮᠡᠭᠳᠡᠭᠦᠯᠵᠦ ᠂ ᠴᠢᠳᠠᠪᠤᠷᠢ ᠪᠠᠨ ᠳᠡᠭᠡᠭᠰᠢᠯᠡᠭᠦᠯᠪᠡ ᠃ | ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠬᠥᠭᠵᠢᠯᠲᠡ ᠳᠤ ᠬᠦᠴᠦ ᠪᠠᠨ ᠲᠥᠪᠯᠡᠷᠡᠭᠦᠯᠦᠨ᠎ᠡ | ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠳᠤ | ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠪᠠ ᠡᠮ ᠡᠮᠨᠡᠯᠭᠡ ᠶᠢᠨ | ᠬᠥᠭᠵᠢᠯᠲᠡ ᠶᠢᠨ ᠠᠵᠢᠯ ᠤᠨ 《ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ》 ᠶᠢ ᠲᠦᠯᠬᠢᠨ ᠠᠬᠢᠭᠤᠯᠤᠨ᠎ᠠ᠃ | ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠵᠡᠷᠭᠡ ᠲᠤᠰᠬᠠᠢ | ᠮᠡᠷᠭᠡᠵᠢᠯ ᠤᠨ ᠴᠢᠳᠠᠪᠤᠷᠢᠲᠠᠨ ᠢ ᠵᠣᠬᠢᠶᠠᠨ ᠪᠠᠶᠢᠭᠤᠯᠤᠨ ᠪᠡᠭᠡᠵᠢᠩ ᠬᠤᠲᠠ ᠶᠢᠨ ᠴᠠᠩᠫᠢᠩ ᠲᠣᠭᠤᠷᠢᠭ ᠲᠤ ᠣᠴᠢᠭᠤᠯᠤᠨ | ᠠᠵᠢᠯ ᠤᠨ ᠪᠠᠶᠢᠷᠢ ᠳᠠᠭᠠᠵᠤ ᠰᠤᠷᠤᠯᠴᠠᠭᠤᠯᠵᠤ ᠂ ᠲᠣᠭᠤᠷᠢᠨ ᠦᠵᠡᠬᠦ ᠂ ᠰᠣᠯᠢᠯᠴᠠᠬᠤ ᠂ ᠰᠤᠳᠤᠯᠤᠨ ᠶᠠᠷᠢᠯᠴᠠᠬᠤ ᠵᠡᠷᠭᠡ | ᠣᠯᠠᠨ ᠵᠦᠢᠯ ᠤᠨ ᠬᠡᠯᠪᠡᠷᠢ ᠪᠠᠷ ᠳᠡᠮᠵᠢᠨ ᠂ ᠲᠡᠷᠢᠭᠦᠨ ᠤ ᠵᠢᠭᠠᠨ ᠰᠤᠷᠭᠠᠯᠲᠠ ᠶᠢᠨ ᠠᠷᠭ᠎ᠠ ᠪᠠ ᠠᠨᠠᠭᠠᠬᠤ ᠤᠬᠠᠭᠠᠨ ᠤ | ᠮᠡᠷᠭᠡᠵᠢᠯ ᠢ ᠲᠠᠰᠤᠷᠠᠯᠲᠠ ᠦᠭᠡᠢ ᠰᠤᠷᠤᠯᠴᠠᠵᠤ ᠂ ᠲᠤᠬᠠᠶᠢᠯᠠᠭᠰᠠᠨ ᠠᠵᠢᠯ ᠤᠨ ᠳᠡᠭᠡᠭᠰᠢᠯᠡᠯᠲᠡ ᠪᠠᠨ ᠴᠢᠩᠭᠠᠳᠬᠠᠨ ᠂ | ᠲᠤᠰᠬᠠᠢ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠦᠨ᠎ᠡ ᠃ ᠡᠭᠦᠨ ᠠᠴᠠ ᠭᠠᠳᠠᠨ᠎ᠠ ᠂ ᠪᠡᠭᠡᠵᠢᠩ ᠬᠤᠲᠠ ᠶᠢᠨ | ᠴᠠᠩᠫᠢᠩ ᠲᠣᠭᠤᠷᠢᠭ ᠤᠨ ᠬᠢᠨ ᠤᠷᠢᠳ ᠬᠤᠵᠢᠳ 181 ᠰᠢᠯᠢᠳᠡᠭ ᠪᠠᠭᠰᠢ ᠶᠢ ᠤᠯᠠᠭᠠᠨᠬᠠᠳᠠ ᠬᠤᠲᠠ ᠶᠢᠨ ᠠᠷᠤ | ᠬᠤᠷᠴᠢᠨ ᠬᠤᠰᠢᠭᠤᠨ ᠳᠤ ᠲᠣᠮᠢᠯᠠᠨ ᠰᠤᠷᠭᠠᠨ ᠬᠥᠮᠦᠵᠢᠯ ᠢ ᠬᠦᠷᠭᠡᠵᠦ ᠰᠤᠷᠭᠠᠨ ᠬᠥᠮᠦᠵᠢᠯ ᠢ ᠳᠡᠮᠵᠢᠭᠦᠯᠵᠦ ᠂ 29 | ᠡᠮᠴᠢᠯᠡᠭᠡᠨ ᠤ ᠲᠤᠰᠬᠠᠢ ᠮᠡᠷᠭᠡᠵᠢᠯᠲᠡᠨ ᠢ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠳᠤ ᠪᠠᠶᠢᠩᠭᠤ | ᠣᠴᠢᠭᠤᠯᠤᠨ ᠡᠮᠴᠢᠯᠡᠭᠡᠨ ᠤ ᠵᠢᠯᠣᠭᠤᠳᠤᠮᠵᠢ ᠂ ᠡᠷᠳᠡᠮ ᠰᠢᠨᠵᠢᠯᠡᠭᠡᠨ ᠤ ᠲᠠᠶᠢᠯᠤᠮᠵᠢ ᠬᠢᠯᠭᠡᠵᠦ ᠂ ᠰᠤᠷᠭᠠᠨ ᠬᠥᠮᠦᠵᠢᠯ | ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ 5640 ᠬᠥᠮᠥᠨ ᠤᠳᠠᠭ᠎ᠠ ᠪᠣᠯᠪᠠᠰᠤᠷᠠᠭᠤᠯᠵᠠᠢ᠃ | ᠣᠷᠣᠨ ᠨᠤᠲᠤᠭ ᠤᠨ ᠴᠢᠳᠠᠪᠤᠷᠢᠲᠠᠨ ᠢ ᠢᠯᠡᠷᠡᠭᠦᠯᠬᠦ ᠠᠵᠢᠯ ᠢ ᠭᠦᠨᠵᠡᠭᠡᠶᠢᠷᠡᠭᠦᠯᠦᠨ᠎ᠡ | ᠣᠷᠣᠨ ᠨᠤᠲᠤᠭ ᠤᠨ ᠴᠢᠳᠠᠪᠤᠷᠢᠲᠠᠨ ᠢ ᠬᠥᠮᠥᠵᠢᠭᠦᠯᠬᠦ ᠪᠠ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠣᠷᠭᠠᠨᠢᠭ ᠢᠶᠠᠷ ᠤᠶᠠᠯᠳᠤᠭᠤᠯᠵᠤ ᠂ ᠦᠢᠯᠡᠳᠪᠦᠷᠢᠯᠡᠯ ᠢᠶᠠᠷ ᠴᠢᠳᠠᠪᠤᠷᠢᠲᠠᠨ ᠢ | ᠬᠤᠷᠠᠮᠳᠤᠭᠤᠯᠤᠨ ᠂ ᠴᠢᠳᠠᠪᠤᠷᠢᠲᠠᠨ ᠢᠶᠠᠷ ᠦᠢᠯᠡᠳᠪᠦᠷᠢᠯᠡᠯ ᠢ ᠠᠬᠢᠭᠤᠯᠬᠤ ᠶᠢ ᠪᠡᠶᠡᠯᠡᠭᠦᠯᠦᠨ᠎ᠡ ᠃ ᠪᠡᠭᠡᠵᠢᠩ ᠬᠤᠲᠠ ᠶᠢᠨ | ᠴᠠᠩᠫᠢᠩ ᠲᠣᠭᠤᠷᠢᠭ ᠤᠷᠢᠳ ᠬᠤᠵᠢᠳ 2.332 ᠳ᠋ᠦᠩᠰᠢᠭᠤᠷ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ | ᠣᠷᠣᠭᠤᠯᠵᠤ ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ 153 ᠲᠥᠷᠥᠯ ᠵᠦᠢᠯ ᠢ ᠬᠡᠷᠡᠭᠵᠢᠭᠦᠯᠦᠨ ᠂ | ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠲᠠᠷᠢᠶᠠᠯᠠᠩ ᠂ ᠮᠠᠯ ᠠᠵᠤ ᠠᠬᠤᠢ ᠂ ᠡᠯᠳᠡᠪ ᠠᠮᠤ ᠂ | ᠣᠨᠴᠠᠯᠢᠭᠲᠤ ᠵᠢᠮᠢᠰ ᠨᠣᠭᠤᠭ᠎ᠠ ᠵᠡᠷᠭᠡ ᠠᠵᠤ ᠦᠢᠯᠡᠰ ᠤᠨ ᠣᠯᠠᠨ ᠲᠠᠯ᠎ᠠ ᠳᠤ ᠬᠦᠴᠦ ᠨᠡᠮᠡᠷᠢᠯᠡᠵᠦ ᠂ ᠨᠤᠲᠤᠭ ᠤᠨ | ᠴᠢᠳᠠᠪᠤᠷᠢᠲᠠᠨ ᠢ ᠨᠡᠪᠴᠢᠭᠦᠯᠬᠦ ᠳᠤ ᠦᠢᠯᠡᠳᠦᠯᠭᠡ ᠶᠢᠨ ᠳᠠᠳᠤᠯᠭ᠎ᠠ ᠪᠣᠯᠪᠠᠰᠤᠷᠠᠭᠤᠯᠤᠯ ᠤᠨ ᠲᠠᠪᠴᠠᠩ ᠪᠠᠶᠢᠭᠤᠯᠤᠨ ᠥᠭᠴᠦ ᠂ | ᠲᠥᠷᠥᠯ ᠵᠦᠢᠯ ᠤᠨ ︽ ᠪᠠᠶᠢᠭᠠᠯᠢ ᠶᠢᠨ ᠬᠢᠴᠢᠶᠡᠯ ᠤᠨ ᠲᠠᠩᠬᠢᠮ ︾ ᠢᠶᠠᠷ ᠳᠠᠮᠵᠢᠭᠤᠯᠤᠨ ︽ ᠨᠤᠲᠤᠭ ᠤᠨ ᠮᠡᠷᠭᠡᠵᠢᠯᠲᠡᠨ ︾ | ︽ ᠲᠠᠷᠢᠶᠠᠨ ᠡᠷᠳᠡᠮᠲᠡᠨ ︾ 1820 ᠬᠥᠮᠥᠨ ᠢ ᠬᠥᠮᠥᠵᠢᠭᠦᠯᠵᠡᠢ ᠃ ᠡᠭᠦᠨ ᠠᠴᠠ ᠭᠠᠳᠠᠨ᠎ᠠ ᠂ ᠪᠡᠭᠡᠵᠢᠩ ᠬᠤᠲᠠ ᠶᠢᠨ | ᠴᠠᠩᠫᠢᠩ ᠲᠣᠭᠤᠷᠢᠭ ᠤᠨ ᠬᠢᠨ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠨᠤᠲᠤᠭ ᠤᠨ ᠴᠢᠳᠠᠪᠤᠷᠢᠲᠠᠨ ᠢ | ᠬᠥᠮᠥᠵᠢᠭᠦᠯᠦᠨ ᠨᠡᠪᠴᠢᠭᠦᠯᠬᠦ ᠲᠥᠪ ᠲᠤ 150 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ ᠂ ᠮᠠᠯ ᠠᠵᠤ | ᠠᠬᠤᠢ ᠮᠠᠯ ᠡᠮᠨᠡᠯᠭᠡ ᠂ ᠡᠯᠧᠺᠲᠷᠣᠨ ᠬᠤᠳᠠᠯᠳᠤᠭ᠎ᠠ ᠪᠠᠷ ᠦᠢᠯᠡᠰ ᠴᠣᠭᠴᠠᠯᠠᠬᠤ ᠂ ᠡᠸᠦ᠋ᠷᠦᠫᠡ ᠮᠠᠶ᠋ᠢᠭ ᠤᠨ ᠭᠤᠯᠢᠷ ᠵᠡᠷᠭᠡ | ᠪᠣᠯᠪᠠᠰᠤᠷᠠᠯ ᠤᠨ ᠠᠩᠭᠢ ᠡᠷᠭᠢᠯᠡᠵᠦ ᠂ ᠡᠯ᠎ᠡ ᠲᠥᠷᠥᠯ ᠤᠨ 5100 ᠭᠠᠷᠤᠢ ᠴᠢᠳᠠᠪᠤᠷᠢᠲᠠᠨ ᠢ ᠦᠢᠯᠡᠳᠦᠯᠭᠡ ᠶᠢᠨ ᠪᠣᠳᠠᠲᠠᠢ | ᠪᠣᠯᠪᠠᠰᠤᠷᠠᠭᠤᠯᠤᠯ ᠂ ᠮᠥᠷᠳᠡᠨ ᠬᠥᠮᠥᠵᠢᠭᠦᠯᠬᠦ ᠪᠠ ᠪᠣᠯᠪᠠᠰᠤᠷᠠᠭᠤᠯᠬᠤ ᠪᠠᠷ ᠳᠡᠮᠵᠢᠨ ᠂ ᠤᠷ᠎ᠠ ᠮᠡᠷᠭᠡᠵᠢᠯ ᠤᠨ | ᠴᠢᠳᠠᠪᠤᠷᠢᠲᠠᠨ ᠤ ᠠᠵᠢᠯ ᠡᠷᠭᠢᠯᠡᠬᠦ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ ᠃ | |