ᠬᠥᠯᠥᠨ ᠪᠤᠶᠢᠷ ᠬᠤᠳᠠ ᠶᠢᠨ ᠬᠠᠭ ᠪᠠᠯᠭᠠᠰᠤ᠄ ︽ᠭᠤᠷᠪᠠᠨ ᠶᠠᠪᠤᠳᠠᠯ︾︾ ᠢ ᠭᠦᠢᠴᠡᠳ ᠬᠢᠵᠦ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠬᠤᠪᠢᠰᠬᠠᠯ ᠤᠨ ︽ᠬᠥᠳᠡᠯᠭᠡᠭᠦᠷ︾  ᠢ ᠬᠥᠭᠵᠢᠭᠡᠬᠦ ᠬᠡᠷᠡᠭᠲᠡᠢ
ᠨᠡᠶᠢᠲᠡᠯᠡᠭᠰᠡᠨ ᠴᠠᠭ᠄
2022/11/16
      《 ᠡᠨᠡ ᠵᠢᠯ ᠪᠣᠯ ᠮᠠᠨ ᠤ ᠭᠠᠴᠠᠭᠠᠨ ᠤ ᠦᠷᠡᠵᠢᠯ ᠤᠨ ᠡᠮ᠎ᠡ ᠬᠤᠨᠢ ᠲᠡᠵᠢᠭᠡᠨ ᠦᠷᠡᠵᠢᠭᠦᠯᠬᠦ ᠲᠥᠷᠥᠯ ᠵᠦᠢᠯ  ᠢ ᠬᠡᠷᠡᠭᠵᠢᠭᠦᠯᠦᠭᠰᠡᠨ ᠠᠩᠬᠠᠨ ᠤ ᠵᠢᠯ ᠮᠥᠨ  ᠂ ᠣᠳᠣ ᠪᠣᠯᠲᠠᠯ᠎ᠠ ᠲᠥᠷᠥᠯ ᠵᠦᠢᠯ ᠤᠨ ᠴᠡᠪᠡᠷ ᠠᠰᠢᠭ ᠣᠷᠣᠯᠭ᠎ᠠ ᠨᠢ ᠨᠢᠭᠡᠨᠲᠡ 16.9 ᠲᠦᠮᠡᠨ ᠲᠥᠭᠦᠷᠢᠭ ᠲᠤ ᠬᠦᠷᠴᠦ  ᠂ ᠠᠰᠢᠭ ᠣᠷᠣᠯᠭ᠎ᠠ  ᠶᠢᠨ ᠨᠣᠷᠮ᠎ᠠ ᠨᠢ 13%  ᠠᠴᠠ ᠳᠡᠭᠡᠭᠰᠢ ᠪᠣᠯᠵᠠᠢ  ᠃ ᠲᠥᠷᠥᠯ ᠵᠦᠢᠯ  ᠢ ᠬᠡᠷᠡᠭᠵᠢᠭᠦᠯᠦᠭᠰᠡᠨ ᠤ ᠠᠴᠢ ᠪᠠᠷ ᠭᠠᠴᠠᠭᠠᠨ ᠤ ᠠᠷᠠᠳ ᠤᠯᠠᠮ  ᠠᠴᠠ ᠤᠯᠠᠮ ᠪᠠᠶᠠᠨ ᠴᠢᠨᠡᠭᠡᠯᠢᠭ ᠪᠣᠯᠵᠤ  ᠂ ᠠᠮᠢᠳᠤᠷᠠᠯ ᠨᠢ ᠴᠦ ᠤᠯᠠᠮ  ᠠᠴᠠ ᠤᠯᠠᠮ ᠪᠠᠶᠠᠨ ᠴᠢᠨᠡᠭᠡᠯᠢᠭ ᠪᠣᠯᠵᠤ ᠪᠠᠶᠢᠨ᠎ᠠ᠂ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠡᠶᠢᠮᠦ ᠰᠠᠶᠢᠨ ᠲᠥᠷᠥᠯ ᠵᠦᠢᠯ  ᠢ ᠮᠠᠨ ᠤ ᠭᠠᠴᠠᠭᠠᠨ ᠳᠤ ᠨᠠᠶᠢᠳᠠᠪᠤᠷᠢᠵᠢᠭᠤᠯᠤᠭᠰᠠᠨ ᠳᠤ ᠣᠯᠠᠨ ᠢᠶᠠᠷ ᠢᠶᠠᠨ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ  》 ᠭᠡᠵᠦ ᠬᠥᠯᠥᠨ ᠪᠤᠶᠢᠷ ᠬᠤᠳᠠ ᠶᠢᠨ ᠬᠠᠶᠢᠯᠠᠷ ᠲᠣᠭᠤᠷᠢᠭ ᠤᠨ ᠬᠠᠺᠸ ᠪᠠᠯᠭᠠᠰᠤᠨ ᠤ ᠬᠤᠯᠪᠣᠭᠠᠲᠤ ᠲᠣᠰᠬᠤᠨ ᠤ ᠨᠠᠮ ᠤᠨ ᠡᠭᠦᠷ ᠤᠨ ᠱᠦᠵᠢ ᠯᠢ ᠭᠧᠨ ᠱᠠᠨ ᠪᠠᠶᠠᠷᠲᠠᠢ ᠪᠠᠷ ᠬᠡᠯᠡᠪᠡ᠃      ᠣᠶᠢᠷ᠎ᠠ ᠶᠢᠨ ᠵᠢᠯ ᠠᠴᠠ᠂ ᠬᠠᠶᠢᠯᠠᠷ ᠲᠣᠭᠤᠷᠢᠭ ᠤᠨ ᠬᠠᠭ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠠᠭᠤᠷᠢᠯᠠᠵᠤ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠤᠨ ᠪᠡᠯᠡ ᠮᠥᠩᠭᠦ ᠶᠢ ᠰᠠᠶᠢᠲᠤᠷ ᠠᠰᠢᠭᠯᠠᠵᠤ ᠭᠦᠢᠴᠡᠳ ᠠᠰᠢᠭᠯᠠᠵᠤ᠂ ᠡᠯ᠎ᠡ ᠲᠣᠰᠬᠤᠨ ᠤ ᠡᠬᠢ ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠵᠤ᠂ ︽ᠨᠢᠭᠡ ᠲᠣᠰᠬᠤᠨ ᠳᠤ ᠨᠢᠭᠡ ᠦᠢᠯᠡᠳᠬᠦᠨ ︾ ᠢ ᠪᠣᠶᠢᠵᠢᠭᠤᠯᠵᠤ᠂ ᠤᠯᠠᠨ ᠠᠷᠭ᠎ᠠ ᠵᠠᠮ ᠢᠶᠠᠷ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠪᠠ᠃ ᠬᠠᠺᠧ ᠪᠠᠯᠭᠠᠰᠤᠨ ᠤ ᠬᠤᠯᠪᠣᠭᠠᠲᠤ ᠲᠣᠰᠬᠤᠨ ᠤ ᠬᠢᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ᠬᠥᠲᠥᠯᠥᠨ ᠳᠠᠭᠠᠭᠤᠯᠵᠤ᠂ ︽ᠲᠣᠰᠬᠤᠨ ᠢ ᠬᠦᠴᠦᠷᠬᠡᠭᠵᠢᠭᠦᠯᠬᠦ ᠳᠤ ᠠᠵᠤ ᠠᠬᠤᠢ ᠶᠢ ᠤᠷᠢᠳᠠᠪᠠᠷ ᠬᠦᠴᠦᠷᠬᠡᠭᠵᠢᠭᠦᠯᠬᠦ︾ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠮᠠᠯ ᠠᠵᠤ ᠠᠬᠤᠢ ᠪᠠᠷ ᠭᠤᠣᠯ ᠤᠳᠤᠷᠢᠳᠤᠮᠵᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠣᠳᠣᠬᠠᠨ ᠳᠤ ᠠᠯᠠᠰᠢᠨ ᠬᠤᠨᠢ ᠵᠢᠯ ᠳᠤ 6500 ᠭᠠᠷᠤᠢ᠂ ᠡᠮ᠎ᠡ ᠬᠤᠨᠢ 3000 ᠭᠠᠷᠤᠢ ᠪᠤᠢ᠃ 2021 ᠣᠨ ᠳᠤ᠂ ᠬᠤᠯᠪᠣᠭᠠᠲᠤ ᠲᠣᠰᠬᠤᠨ ᠤ ᠬᠢᠨ ᠤᠳᠤ ᠪᠠᠶᠢᠭ᠎ᠠ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠲᠣᠰᠬᠤᠨ ᠤ ᠬᠠᠮᠲᠤ ᠶᠢᠨ ᠠᠵᠤ ᠠᠬᠤᠢ ᠶᠢ ᠲᠡᠳᠬᠦᠨ ᠬᠥᠭᠵᠢᠭᠦᠯᠵᠦ ᠪᠤᠵᠠᠭᠠᠶᠢᠷᠠᠭᠤᠯᠬᠤ ᠲᠦᠷᠦᠯ ᠵᠦᠢᠯ ᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ᠂ ᠬᠤᠯᠪᠣᠭᠠᠲᠤ ᠲᠣᠰᠬᠤᠨ ᠤ ᠦᠷᠡᠵᠢᠯ ᠤᠨ ᠴᠢᠨᠠᠷᠲᠠᠢ ᠡᠮ᠎ᠡ ᠬᠤᠨᠢ ᠲᠡᠵᠢᠭᠡᠨ ᠦᠷᠡᠵᠢᠭᠦᠯᠬᠦ ᠲᠦᠷᠦᠯ ᠵᠦᠢᠯ ᠢ ᠬᠡᠷᠡᠭᠵᠢᠭᠦᠯᠵᠦ᠂ ︽ᠭᠤᠷᠪᠠᠨ ᠵᠦᠢᠯ︾  ᠢᠶᠠᠷ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠳᠡᠭᠡᠭᠰᠢᠯᠡᠭᠦᠯᠬᠦ ᠰᠢᠨ᠎ᠡ ᠠᠷᠭ᠎ᠠ ᠵᠠᠮ ᠢ ᠡᠭᠦᠳᠴᠡᠢ᠃      ︽ᠠᠷᠭ᠎ᠠ ᠰᠦᠪᠡᠭᠴᠢᠯᠡᠬᠦ︾ ᠠᠵᠢᠯ ᠢ ᠭᠦᠢᠴᠡᠳ ᠬᠢᠵᠦ ᠬᠥᠭᠵᠢᠯᠲᠡ ᠶᠢᠨ ᠬᠥᠳᠡᠯᠭᠡᠭᠦ ᠬᠦᠴᠦᠨ ᠢ ᠬᠥᠭᠵᠢᠭᠡᠨ᠎ᠡ      ᠭᠠᠯᠲᠤ ᠲᠡᠷᠭᠡ ᠲᠦᠷᠭᠡᠨ ᠳᠠᠪᠬᠢᠬᠤ ᠳᠤ ᠪᠤᠬ᠎ᠠ ᠲᠡᠷᠭᠡ ᠪᠠᠷ ᠳᠠᠭᠠᠭᠤᠯᠬᠤ ᠳᠤ ᠲᠦᠰᠢᠭᠯᠡᠨ᠎ᠡ᠂ ᠰᠠᠭᠤᠭᠠᠯᠢ ᠠᠷᠠᠳ ᠤᠨ ᠪᠠᠶᠠᠵᠢᠭᠰᠠᠨ ᠡᠰᠡᠬᠦ ᠶᠢ ᠦᠵᠡᠨ᠎ᠡ᠂ ᠵᠠᠩᠭᠢᠯᠠᠭ᠎ᠠ ᠨᠢ ᠨᠠᠮ ᠤᠨ ᠡᠭᠦᠷ ᠢ ᠦᠵᠡᠨ᠎ᠡ᠂ ᠬᠠᠮᠲᠤ ᠨᠡᠶᠢᠲᠡ ᠶᠢᠨ ᠬᠦᠴᠦᠷᠬᠡᠭ ᠡᠰᠡᠬᠦ ᠶᠢ ᠦᠵᠡᠬᠦ ᠳᠤ ︽ᠳᠠᠭᠠᠭᠤᠯᠤᠭᠴᠢ︾ ᠶᠢ ᠦᠵᠡᠨ᠎ᠡ᠃  ᠬᠠᠭ ᠪᠠᠯᠭᠠᠰᠤᠨ ᠤ ︽ᠬᠡᠪ ᠴᠢᠨᠠᠷ ᠲᠠᠢ ᠬᠠᠭ  ︾ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠤᠨ ᠵᠢᠯᠣᠭᠤᠳᠤᠯᠭ᠎ᠠ ᠳᠣᠣᠷ᠎ᠠ᠂ ᠬᠤᠯᠪᠣᠭᠠᠲᠤ ᠲᠣᠰᠬᠤᠨ ᠳᠤ ᠲᠣᠰᠬᠤᠨ ᠤ ᠨᠠᠮ ᠤᠨ ᠡᠭᠦᠷ ᠤᠨ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠲᠣᠰᠬᠤᠨ ᠤ ᠠᠷᠠᠳ ᠤᠨ ᠵᠥᠪᠯᠡᠯ᠂ ᠬᠢᠨᠠᠨ ᠪᠠᠶᠢᠴᠠᠭᠠᠬᠤ ᠵᠥᠪᠯᠡᠯ᠂ ᠨᠠᠮ ᠤᠨ ᠭᠡᠰᠢᠭᠦᠨ ᠲᠥᠯᠥᠭᠡᠯᠡᠭᠴᠢ᠂ ᠲᠣᠰᠬᠤᠨ ᠤ ᠠᠷᠠᠳ ᠤᠨ ᠲᠥᠯᠥᠭᠡᠯᠡᠭᠴᠢ᠂ ᠠᠵᠤ ᠦᠢᠯᠡᠰ ᠤᠨ ᠳᠠᠭᠠᠭᠤᠯᠤᠭᠴᠢ ᠵᠡᠷᠭᠡ ᠤᠯᠠᠨ ᠲᠦᠷᠦᠯ ᠤᠨ ᠬᠥᠮᠥᠰ ᠢᠶᠠᠷ ᠪᠦᠷᠢᠯᠳᠦᠭᠰᠡᠨ ᠬᠤᠯᠪᠣᠭᠠᠲᠤ ᠲᠣᠰᠬᠤᠨ ᠤ ᠬᠥᠭᠵᠢᠨ ᠪᠤᠵᠠᠭᠠᠶᠢᠷᠠᠭᠰᠠᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠲᠦᠷᠦᠯ ᠵᠦᠢᠯ ᠤᠨ ᠤᠷᠤᠭᠰᠢᠲᠠᠢ ᠶᠠᠪᠤᠭᠳᠠᠬᠤ ᠳᠤ ᠤᠶᠤᠨ ᠤ ᠳᠡᠮᠵᠢᠯᠭᠡ ᠬᠠᠩᠭᠠᠵᠠᠢ᠃ ᠠᠩᠬᠠᠨ ᠤ ᠮᠠᠲ᠋ᠧᠷᠢᠶᠠᠯ ᠢ ᠡᠵᠡᠮᠰᠢᠬᠦ ᠶᠢᠨ ᠲᠥᠯᠥᠭᠡ  ᠂ ᠲᠣᠰᠬᠤᠨ ᠤ ᠨᠠᠮ ᠤᠨ ᠡᠭᠦᠷ ᠲᠠᠢ ᠬᠤᠯᠪᠤᠭᠠᠯᠠᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ  ᠶᠢ ᠬᠤᠨᠢ ᠬᠤᠳᠠᠯᠳᠤᠨ ᠠᠪᠬᠤ ᠪᠠᠶᠢᠴᠠᠭᠠᠯᠲᠠ ᠶᠢᠨ ᠳᠤᠭᠤᠶᠢᠯᠠᠩ ᠢ ᠪᠠᠶᠢᠭᠤᠯᠤᠭᠰᠠᠨ ᠪᠥᠭᠡᠳ ᠤᠷᠢᠳ ᠬᠤᠵᠢᠳ ᠤᠯᠠᠭᠠᠨᠬᠤᠲᠠ  ᠂ ᠡᠸᠡᠩᠬᠢ ᠬᠤᠰᠢᠭᠤ  ᠂ ᠬᠠᠭᠤᠴᠢᠨ ᠪᠠᠷᠭᠤ ᠬᠤᠰᠢᠭᠤ ᠵᠡᠷᠭᠡ ᠭᠠᠵᠠᠷ ᠲᠤ ᠬᠦᠷᠴᠦ ᠦᠷᠡᠵᠢᠯ ᠤᠨ ᠴᠢᠨᠠᠷᠲᠠᠢ ᠡᠮ᠎ᠡ ᠬᠤᠨᠢᠨ ᠤ ᠡᠭᠦᠯᠳᠡᠷ ᠢ ᠪᠠᠶᠢᠴᠠᠭᠠᠨ ᠦᠵᠡᠵᠦ  ᠂ ᠲᠣᠰ ᠭᠠᠵᠠᠷ ᠣᠷᠣᠨ ᠳᠤ ᠲᠡᠵᠢᠭᠡᠨ ᠦᠷᠡᠵᠢᠭᠦᠯᠬᠦ ᠳᠤ ᠲᠣᠬᠢᠷᠠᠬᠤ ᠦᠷᠡᠵᠢᠯ ᠤᠨ ᠴᠢᠨᠠᠷᠲᠠᠢ ᠡᠮ᠎ᠡ ᠬᠤᠨᠢ ᠶᠢ ᠪᠥᠬᠦ ᠲᠠᠯ᠎ᠠ ᠪᠠᠷ ᠵᠠᠳᠠᠯᠤᠨ ᠰᠣᠩᠭᠤᠵᠤ ᠭᠠᠷᠭᠠᠭᠰᠠᠨ ᠪᠥᠭᠡᠳ ᠬᠠᠮᠤᠭ ᠤᠨ ᠰᠠᠶᠢᠨ ᠴᠠᠭ ᠬᠤᠭᠤᠴᠠᠭᠠᠨ ᠳᠤ ᠵᠢᠷᠮᠦᠰᠦᠯᠡᠭᠰᠡᠨ ᠡᠮ᠎ᠡ ᠬᠤᠨᠢ ᠶᠢ ᠬᠤᠳᠠᠯᠳᠤᠨ ᠠᠪᠴᠤ  ᠂ ᠦᠷᠡᠵᠢᠯ ᠤᠨ ᠴᠢᠨᠠᠷᠲᠠᠢ ᠡᠮ᠎ᠡ ᠬᠤᠨᠢᠨ ᠤ ᠡᠭᠦᠯᠳᠡᠷ ᠠᠴᠠ ᠲᠤᠭ᠎ᠠ ᠬᠡᠮᠵᠢᠶ᠎ᠡ ᠬᠦᠷᠲᠡᠯᠡᠬᠢ ᠠᠰᠢᠭ ᠲᠤᠰᠠ ᠶᠢ ᠬᠠᠮᠤᠭ ᠤᠨ ᠰᠢᠯᠢᠳᠡᠭᠵᠢᠭᠦᠯᠬᠦ ᠶᠢ ᠪᠡᠶᠡᠯᠡᠭᠦᠯᠵᠦ  ᠂ ᠲᠥᠷᠥᠯ ᠵᠦᠢᠯ ᠤᠨ ᠠᠰᠢᠭ ᠣᠯᠵᠠᠪᠤᠷᠢ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ  ᠃ ᠡᠭᠦᠨ ᠠᠴᠠ ᠭᠠᠳᠠᠨ᠎ᠠ᠂ ᠬᠠᠮᠲᠤᠷᠠᠭᠰᠠᠨ ᠲᠣᠰᠬᠤᠨ ᠤ ᠬᠢᠨ ᠪᠠᠰᠠ ᠲᠣᠭᠲᠠᠮᠠᠯ ᠬᠤᠭᠤᠴᠠᠭ᠎ᠠ ᠲᠠᠢ ᠪᠠᠷ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠭᠦᠨ᠂ ᠨᠠᠮ ᠤᠨ ᠭᠡᠰᠢᠭᠦᠨ ᠲᠥᠯᠥᠭᠡᠯᠡᠭᠴᠢ ᠪᠣᠯᠣᠨ ᠲᠣᠰᠬᠤᠨ ᠤ ᠠᠷᠠᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠤᠨ ᠶᠠᠷᠢᠯᠴᠠᠨ ᠰᠣᠯᠢᠯᠴᠠᠵᠤ᠂ ᠲᠦᠷᠦᠯ ᠵᠦᠢᠯ ᠤᠨ ᠠᠬᠢᠴᠠ ᠶᠢ ᠮᠡᠳᠡᠭᠳᠡᠬᠦ ᠶᠢᠨ ᠬᠠᠮᠲᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠂ ᠭᠤᠣᠯᠳᠠᠯᠭ᠎ᠠ ᠲᠠᠢ ᠭᠤᠭᠴᠤᠭ᠎ᠠ ᠶᠢ ᠬᠡᠷᠡᠭᠵᠢᠭᠦᠯᠬᠦ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠮᠢᠶᠠᠷᠴᠤ ᠡᠵᠡᠩᠨᠡᠬᠦ ᠵᠡᠷᠭᠡ ᠲᠠᠯ᠎ᠠ ᠳᠤ ᠴᠢᠭᠯᠡᠭᠦᠯᠦᠨ ᠰᠡᠳᠬᠢᠴᠡ ᠪᠠᠨ ᠡᠮᠬᠢᠯᠡᠵᠦ᠂ ᠰᠠᠨᠠᠭᠤᠯᠭ᠎ᠠ ᠳᠤᠷᠠᠳᠴᠤ᠂ ᠠᠷᠭ᠎ᠠ ᠬᠡᠮᠵᠢᠶ᠎ᠡ ᠲᠣᠭᠲᠠᠭᠠᠵᠠᠢ᠃      ︽ᠬᠠᠮᠢᠶᠠᠷᠤᠯᠲᠠ︾ ᠶᠢᠨ ᠠᠵᠢᠯ ᠢ ᠭᠦᠢᠴᠡᠳ ᠬᠢᠵᠦ ᠲᠦᠷᠦᠯ ᠵᠦᠢᠯ ᠤᠨ ᠠᠰᠢᠭ ᠣᠷᠣᠯᠭ᠎ᠠ ᠶᠢ ᠳᠡᠭᠡᠭᠰᠢᠯᠡᠭᠦᠯᠬᠦ ᠬᠡᠷᠡᠭᠲᠡᠢ      ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢ ᠬᠡᠷᠡᠭᠵᠢᠭᠦᠯᠪᠡᠯ ᠰᠠᠶ᠋ᠢ ᠲᠦᠷᠦᠯ ᠵᠦᠢᠯ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠵᠤ ᠴᠢᠳᠠᠨ᠎ᠠ᠃ ᠭᠠᠴᠠᠭᠠᠨ ᠤ ᠨᠠᠮ ᠤᠨ ᠡᠭᠦᠷ ᠲᠠᠢ ᠬᠤᠯᠪᠤᠭᠠᠯᠠᠨ ᠵᠣᠬᠢᠶᠠᠨ ᠪᠠᠶᠢᠭᠤᠯᠵᠤ ᠵᠢᠯᠤᠭᠤᠳᠬᠤ ᠶᠢ ᠡᠷᠢᠬᠦ᠂ ᠰᠠᠯᠠᠭ᠎ᠠ ᠮᠥᠴᠢᠷ ᠢ ᠡᠷᠢᠵᠦ ᠰᠤᠷᠤᠯᠴᠠᠬᠤ᠂ ᠴᠢᠳᠠᠪᠤᠷᠢᠲᠠᠨ ᠢ ᠡᠷᠢᠵᠦ ᠠᠰᠠᠭᠤᠨ ᠯᠠᠪᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠲᠦᠷᠦᠯ ᠵᠦᠢᠯ ᠤᠨ ᠰᠢᠨᠵᠢᠯᠡᠬᠦ ᠤᠬᠠᠭᠠᠨᠴᠢᠯᠠᠭᠰᠠᠨ᠂ ᠵᠢᠷᠤᠮᠵᠢᠭᠰᠠᠨ᠂ ᠨᠠᠷᠢᠯᠢᠭᠵᠢᠭᠰᠠᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ︽ ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ  ︾ ᠠᠵᠢᠯ ᠤᠨ ᠠᠷᠭ᠎ᠠ ᠶᠢᠨ ᠶᠣᠰᠣᠭᠠᠷ ᠲᠥᠷᠥᠯ ᠵᠦᠢᠯ ᠤᠨ ᠬᠠᠮᠢᠶᠠᠷᠤᠯᠲᠠ ᠳᠤ ᠰᠢᠢᠳᠪᠦᠷᠢᠲᠦ ᠪᠣᠳᠣᠯᠭ᠎ᠠ ᠲᠣᠭᠲᠠᠭᠠᠵᠤ  ᠂ ᠲᠥᠷᠥᠯ ᠵᠦᠢᠯ ᠤᠨ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠵᠦ  ᠂ ᠲᠣᠰᠬᠤᠨ ᠤ ᠠᠷᠠᠳ ᠤᠨ ᠲᠣᠰᠬᠤᠨ ᠤ ᠱᠠᠲᠤᠨ ᠤ ᠬᠡᠷᠡᠭ ᠶᠠᠪᠤᠳᠠᠯ ᠳᠤ ᠣᠷᠤᠯᠴᠠᠬᠤ ᠢᠳᠡᠪᠬᠢᠵᠢᠯ ᠢ ᠬᠥᠭᠵᠢᠭᠡᠨ  ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠳᠣᠲᠣᠭᠠᠳᠤ ᠶᠢᠨ ᠬᠥᠳᠡᠯᠭᠡᠭᠦ ᠬᠦᠴᠦᠨ ᠢ ᠴᠢᠩᠭᠠᠷᠠᠭᠤᠯᠤᠨ᠎ᠠ  ᠃ ︽ᠲᠤᠰᠬᠠᠢ ᠮᠡᠷᠭᠡᠵᠢᠯ ᠤᠨ ᠬᠥᠮᠥᠨ ᠢᠶᠠᠷ ᠲᠤᠰᠬᠠᠢ ᠮᠡᠷᠭᠡᠵᠢᠯ ᠤᠨ ᠠᠵᠢᠯ ᠬᠢᠯᠭᠡᠵᠦ︾᠂ ᠲᠣᠰᠬᠤᠨ ᠤ ᠦᠷᠡᠵᠢᠯ ᠤᠨ ᠴᠢᠳᠠᠪᠤᠷᠢ ᠲᠠᠢ ᠡᠮ᠎ᠡ ᠬᠤᠨᠢ ᠲᠡᠵᠢᠭᠡᠨ ᠦᠷᠡᠵᠢᠭᠦᠯᠬᠦ ᠲᠦᠷᠦᠯ ᠵᠦᠢᠯ ᠲᠠᠢ ᠬᠤᠯᠪᠤᠭᠠᠯᠠᠨ ᠲᠡᠵᠢᠭᠡᠨ ᠦᠷᠡᠵᠢᠭᠦᠯᠬᠦ ᠴᠢᠳᠠᠪᠤᠷᠢᠲᠠᠨ ᠲᠠᠢ ᠬᠤᠷᠰᠢᠨ ᠲᠡᠵᠢᠭᠡᠬᠦ ᠠᠷᠭ᠎ᠠ ᠪᠠᠷ ᠶᠠᠪᠤᠭᠳᠠᠭᠤᠯᠤᠨ᠎ᠠ᠃ ᠭᠠᠴᠠᠭᠠᠨ ᠤ ᠠᠷᠠᠳ ᠤᠨ ᠵᠥᠪᠯᠡᠯ ᠨᠢ ᠬᠤᠳᠠᠯᠳᠤᠨ ᠠᠪᠤᠭᠰᠠᠨ ᠦᠷᠡᠵᠢᠯ ᠤᠨ ᠡᠮ᠎ᠡ ᠬᠤᠨᠢᠨ ᠤ ᠪᠦᠬᠦ ᠲᠤᠭ᠎ᠠ ᠶᠢ ᠭᠠᠴᠠᠭᠠᠨ ᠤ ᠳᠣᠲᠣᠷᠠᠬᠢ ᠲᠡᠵᠢᠭᠡᠨ ᠦᠷᠡᠵᠢᠭᠦᠯᠬᠦ ᠴᠢᠳᠠᠪᠤᠷᠢᠲᠠᠨ ᠳᠤ ᠲᠤᠰᠢᠶᠠᠨ ᠥᠭᠴᠦ᠂ ᠲᠡᠳᠡᠨ ᠢᠶᠠᠷ ᠦᠷᠡᠵᠢᠯ ᠤᠨ ᠡᠮ᠎ᠡ ᠬᠤᠨᠢ ᠶᠢ ᠲᠡᠵᠢᠭᠡᠬᠦ᠂ ᠦᠢᠯᠡᠳᠪᠦᠷᠢᠯᠡᠬᠦ ᠵᠡᠷᠭᠡ ᠶᠢ ᠬᠠᠷᠢᠭᠤᠴᠠᠭᠤᠯᠵᠤ᠂ ᠭᠠᠴᠠᠭᠠᠨ ᠤ ᠠᠷᠠᠳ ᠤᠨ ᠵᠥᠪᠯᠡᠯ ᠨᠢ ᠲᠡᠵᠢᠭᠡᠨ ᠦᠷᠡᠵᠢᠭᠦᠯᠬᠦ ᠪᠠᠶᠢᠳᠠᠯ᠂ ᠡᠪᠡᠰᠦ ᠪᠣᠷᠳᠤᠭ᠎ᠠ ᠶᠢᠨ ᠬᠡᠷᠡᠭᠯᠡᠯᠲᠡ ᠵᠡᠷᠭᠡ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠢᠨᠠᠯᠲᠠ ᠲᠠᠯᠪᠢᠵᠤ᠂ ᠲᠦᠷᠦᠯ ᠵᠦᠢᠯ ᠤᠨ ᠬᠡᠷᠡᠭᠵᠢᠭᠦᠯᠦᠯᠲᠡ ᠶᠢᠨ ᠲᠣᠭᠲᠠᠪᠤᠷᠢᠲᠤ ᠴᠢᠨᠠᠷ ᠢ ᠦᠨᠡᠨ ᠬᠦ ᠪᠠᠲᠤᠯᠠᠨ᠎ᠠ᠃ ᠡᠨᠡ ᠵᠢᠯ  ᠂ ᠯᠢᠶᠠᠨ ᠾᠧ ᠲᠣᠰᠬᠤᠨ ᠤ ᠦᠷᠡᠵᠢᠯ ᠤᠨ ᠡᠮ᠎ᠡ ᠬᠤᠨᠢ ᠲᠡᠵᠢᠭᠡᠨ ᠦᠷᠡᠵᠢᠭᠦᠯᠬᠦ ᠲᠥᠷᠥᠯ ᠵᠦᠢᠯ ᠠᠩᠬᠠᠨ ᠤ ᠠᠰᠢᠭ ᠣᠷᠣᠯᠭ᠎ᠠ ᠶᠢ 16.95 ᠲᠦᠮᠡᠨ ᠲᠥᠭᠦᠷᠢᠭ ᠣᠯᠵᠤ  ᠂ ᠣᠷᠣᠭᠤᠯᠤᠯᠲᠠ ᠭᠠᠷᠭᠠᠯᠲᠠ ᠶᠢᠨ ᠬᠠᠷᠢᠴᠠᠯ 13.56% ᠬᠦᠷᠴᠡᠢ  ᠃ ᠲᠡᠵᠢᠭᠡᠨ ᠦᠷᠡᠵᠢᠭᠦᠯᠬᠦ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠦ  ᠂ ᠦᠷᠡᠵᠢᠯ ᠤᠨ ᠡᠮ᠎ᠡ ᠬᠤᠨᠢᠨ ᠤ ᠦᠢᠯᠡᠳᠪᠦᠷᠢᠯᠡᠯ ᠤᠨ ᠬᠦᠴᠦᠨ ᠪᠠ ᠲᠥᠯ ᠮᠠᠯ ᠤᠨ ᠤᠨᠳᠤᠷᠤᠯᠲᠠ ᠶᠢᠨ ᠨᠣᠷᠮ᠎ᠠ ᠶᠢ ᠪᠠᠲᠤᠯᠠᠬᠤ ᠶᠢᠨ ᠲᠤᠰᠠᠳᠠ  ᠂ ᠲᠣᠰᠬᠤᠨ ᠲᠠᠢ ᠬᠤᠯᠪᠤᠭᠠᠯᠠᠨ ᠲᠣᠭᠤᠷᠢᠭ ᠪᠠᠯᠭᠠᠰᠤ ᠬᠤᠶᠠᠷ ᠱᠠᠲᠤᠨ ᠤ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠤᠳᠠᠯᠳᠤᠨ ᠠᠪᠤᠭᠰᠠᠨ ᠬᠤᠨᠢᠨ ᠤ ᠪᠷᠦ᠋ᠼᠧᠯ ᠡᠪᠡᠳᠴᠢᠨ ᠤ ᠬᠢᠨᠠᠨ ᠬᠡᠮᠵᠢᠯᠲᠡ ᠶᠢᠨ ᠴᠢᠰᠤᠨ ᠲᠤᠩᠭᠠᠯᠠᠭ ᠢ ᠴᠤᠭᠯᠠᠭᠤᠯᠬᠤ ᠪᠠᠷ ᠬᠠᠮᠤᠭ ᠤᠨ ᠲᠡᠷᠢᠭᠦᠨ ᠳᠤ ᠭᠤᠶᠤᠴᠢᠯᠠᠨ᠎ᠠ  ᠃ ᠡᠭᠦᠨ ᠤ ᠬᠠᠮᠲᠤ  ᠂ ᠬᠠᠶᠢᠯᠠᠷ ᠲᠣᠭᠤᠷᠢᠭ ᠤᠨ ᠮᠠᠯ ᠠᠵᠤ ᠠᠬᠤᠢ ᠶᠢᠨ ᠥᠷᠲᠡᠭᠡ ᠲᠠᠢ ᠮᠡᠷᠭᠡᠵᠢᠯ ᠤᠨ ᠦᠢᠯᠡᠴᠢᠯᠡᠭᠡᠨ ᠤ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ  ᠂ ᠦᠷᠡᠵᠢᠯ ᠤᠨ ᠡᠮ᠎ᠡ ᠬᠤᠨᠢᠨ ᠤ ᠡᠷᠡᠭᠦᠯ ᠢᠶᠠᠷ ᠬᠥᠭᠵᠢᠬᠦ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ  ᠃      ︽ᠬᠤᠪᠢᠶᠠᠷᠢᠯᠠᠯᠲᠠ︾ ᠶᠢᠨ ᠠᠵᠢᠯ ᠢ ᠭᠦᠢᠴᠡᠳ ᠬᠢᠵᠦ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠶ᠎ᠡ    ᠲᠦᠷᠦᠯ ᠵᠦᠢᠯ ᠢ ᠪᠦᠲᠦᠮᠵᠢᠲᠡᠢ ᠬᠡᠷᠡᠭᠵᠢᠭᠦᠯᠦᠭᠰᠡᠨ ᠨᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠪᠦᠬᠦ ᠲᠣᠰᠬᠤᠨ ᠤ ᠬᠥᠭᠵᠢᠯᠲᠡ ᠳᠤ ᠠᠮᠢᠵᠢᠷᠠᠯ ᠤᠨ ᠬᠦᠴᠦᠨ ᠣᠯᠭᠤᠵᠤ᠂ ᠬᠦᠰᠡᠯ ᠡᠷᠡᠮᠡᠯᠵᠡᠯ ᠢ ᠠᠪᠴᠢᠷᠠᠭᠰᠠᠨ ᠪᠠᠶᠢᠨ᠎ᠠ᠃ ᠦᠷᠭᠦᠯᠵᠢᠯᠡᠨ ᠬᠥᠭᠵᠢᠭᠦᠯᠬᠦ ᠶᠢ ᠬᠡᠷᠬᠢᠨ ᠪᠡᠶᠡᠯᠡᠭᠦᠯᠵᠦ  ᠂ ᠲᠣᠰᠬᠤᠨ ᠤ ᠠᠷᠠᠳ ᠲᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠬᠦ ᠶᠠᠪᠤᠳᠠᠯ ᠢ ᠡᠳᠦᠷ ᠲᠤᠲᠤᠮ ᠤᠨ ᠵᠥᠪᠯᠡᠬᠦ ᠵᠦᠢᠯ ᠳᠡᠭᠡᠨ ᠣᠷᠣᠭᠤᠯᠬᠤ ᠪᠣᠯᠣᠨ᠎ᠠ  ᠃ ᠲᠣᠰᠬᠤᠨ ᠤ ᠳᠣᠲᠣᠭᠠᠳᠤ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠴᠠᠭ᠎ᠠ ᠲᠠᠢ ᠬᠤᠯᠪᠤᠭᠠᠯᠠᠨ ᠨᠠᠷᠢᠨ ᠪᠣᠳᠠᠲᠠᠢ ᠬᠤᠪᠢᠶᠠᠷᠢᠯᠠᠯᠲᠠ ᠶᠢᠨ ᠲᠥᠯᠥᠪᠯᠡᠭᠡ ᠲᠣᠭᠲᠠᠭᠠᠵᠠᠢ ︱ ᠠᠰᠢᠭ ᠣᠷᠣᠯᠭ᠎ᠠ ᠶᠢᠨ 40% ᠢ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠳᠤ ᠬᠡᠷᠡᠭᠯᠡᠵᠦ᠂ ᠤᠯᠠᠨ ᠲᠦᠮᠡᠨ ᠤ ᠣᠷᠤᠯᠴᠠᠬᠤ ᠴᠢᠨᠠᠷ ᠢᠶᠠᠷ ᠴᠢᠩᠭ᠎ᠠ᠂ ᠨᠥᠯᠥᠭᠡᠯᠡᠨ ᠳᠠᠶᠢᠴᠢᠯᠠᠬᠤ ᠴᠢᠨᠠᠷ ᠢᠶᠠᠷ ᠴᠢᠩᠭ᠎ᠠ ᠲᠦᠷᠦᠯ ᠵᠦᠢᠯ ᠳᠤ ᠤᠷᠢᠳᠠᠪᠠᠷ ᠵᠠᠷᠤᠯᠭ᠎ᠠ ᠣᠷᠣᠭᠤᠯᠵᠤ ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ ︔ ᠠᠰᠢᠭ ᠣᠷᠣᠯᠭ᠎ᠠ ᠶᠢᠨ 50% ᠶᠢ ᠭᠠᠴᠠᠭᠠᠨ ᠤ ᠳᠣᠲᠣᠷᠠᠬᠢ ᠤᠯᠠᠨ ᠨᠡᠶᠢᠲᠡ ᠶᠢᠨ ᠬᠡᠷᠡᠭ ᠶᠠᠪᠤᠳᠠᠯ ᠪᠠ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠡᠷᠡᠭᠯᠡᠨ᠎ᠡ᠃ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ  ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠶᠢ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠴᠢᠬᠤᠯᠠ ᠭᠠᠷᠳᠠᠴᠠ ᠪᠣᠯᠭᠠᠵᠤ  ᠂ ᠠᠶᠢᠯ ᠲᠣᠰᠬᠤᠨ ᠢ ᠠᠷᠢᠭᠤᠨ ᠴᠡᠪᠡᠷ ᠪᠠᠶᠢᠯᠭᠠᠬᠤ  ᠂ ᠵᠠᠮ ᠢ ᠰᠡᠯᠪᠢᠨ ᠵᠠᠰᠠᠬᠤ ᠵᠡᠷᠭᠡ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠣᠯᠠᠨ ᠨᠡᠶᠢᠲᠡ ᠶᠢᠨ ᠵᠦᠢᠯᠡᠰ ᠲᠤ ᠤᠷᠢᠳᠠᠪᠠᠷ ᠣᠷᠣᠭᠤᠯᠵᠤ  ᠂ ᠲᠣᠰᠬᠤᠨ ᠤ ᠠᠷᠠᠳ ᠲᠤ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠲᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠰᠢᠨ᠎ᠡ ᠲᠣᠰᠬᠤᠨ ᠢ ᠪᠠᠶᠢᠭᠤᠯᠵᠤ ᠥᠭᠬᠦ ᠬᠡᠷᠡᠭᠲᠡᠢ  ︔ ᠠᠰᠢᠭ ᠣᠷᠣᠯᠭ᠎ᠠ ᠶᠢᠨ ᠢᠶᠠᠨ 10%  ᠶᠢ ᠬᠦᠴᠢᠷᠳᠡᠯᠲᠡᠢ ᠨᠠᠮ ᠤᠨ ᠭᠡᠰᠢᠭᠦᠨ  ᠂ ᠬᠦᠴᠢᠷᠳᠡᠯᠲᠡᠢ ᠣᠯᠠᠨ ᠲᠦᠮᠡᠨ  ᠂ ᠬᠦᠴᠢᠷᠳᠡᠯᠲᠡᠢ ᠴᠡᠷᠢᠭ ᠠᠴᠠ ᠬᠠᠯᠠᠭᠳᠠᠭᠰᠠᠳ ᠵᠡᠷᠭᠡ  ᠭᠤᠣᠯᠳᠠᠯᠭ᠎ᠠ ᠲᠠᠢ ᠬᠥᠮᠥᠰ ᠤᠨ ᠶᠠᠳᠠᠭᠤ  ᠶᠢ ᠲᠡᠳᠬᠦᠵᠦ ᠬᠦᠴᠢᠷᠳᠡᠯᠲᠡᠢ  ᠶᠢ ᠬᠠᠪᠰᠤᠷᠬᠤ ᠦᠢᠯᠡᠰ  ᠢ ᠰᠠᠶᠢᠲᠤᠷ ᠬᠢᠬᠦ ᠳᠤ ᠬᠡᠷᠡᠭᠯᠡᠵᠦ  ᠂ ᠠᠷᠠᠳ ᠤᠨ ᠠᠮᠢᠳᠤᠷᠠᠯ  ᠢ ᠰᠠᠶᠢᠵᠢᠷᠠᠭᠤᠯᠬᠤ ᠪᠠᠷ ᠴᠢᠷᠮᠠᠶᠢᠨ᠎ᠠ  ᠃      ᠲᠣᠰᠬᠤᠨ ᠲᠠᠢ ᠬᠤᠯᠪᠤᠭᠠᠯᠠᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠢ ᠠᠮᠵᠢᠯᠲᠠ ᠲᠠᠢ ᠠᠵᠢᠯᠯᠠᠭᠤᠯᠵᠤ ᠬᠥᠭᠵᠢᠭᠦᠯᠦᠨ ᠪᠤᠵᠠᠭᠠᠶᠢᠷᠠᠭᠤᠯᠵᠤ  ᠂ ᠲᠣᠰᠬᠤᠨ ᠤ ᠠᠷᠠᠳ ᠲᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠠᠰᠢᠭ ᠢ ᠦᠨᠡᠨᠬᠦ ᠡᠳ᠋ᠯᠡᠭᠦᠯᠵᠦ᠂ ᠲᠣᠰᠬᠤᠨ ᠤ ᠠᠷᠠᠳ ᠤᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠢ ᠬᠥᠭᠵᠢᠭᠦᠯᠦᠨ ᠪᠤᠵᠠᠭᠠᠶᠢᠷᠠᠭᠤᠯᠬᠤ ᠢᠲᠡᠭᠡᠯ ᠢ ᠨᠡᠮᠡᠭᠳᠡᠭᠦᠯᠵᠦ᠂ ᠤᠯᠠᠨ ᠲᠦᠮᠡᠨ ᠤ ᠲᠣᠰᠬᠤᠨ ᠤ ᠲᠡᠰ ᠤᠨ ᠬᠡᠷᠡᠭ ᠶᠠᠪᠤᠳᠠᠯ ᠳᠤ ᠣᠷᠤᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠲᠠᠶᠢᠴᠢᠯᠠᠵᠦ᠂ ᠬᠠᠮᠲᠤ ᠶᠢᠨ ᠣᠷᠣᠯᠭ᠎ᠠ ᠶᠢ ᠨᠡᠮᠡᠭᠳᠡᠭᠦᠯᠬᠦ ᠪᠠ ᠤᠯᠠᠨ ᠲᠦᠮᠡᠨ ᠤ ᠰᠠᠨᠠᠭᠠᠨ ᠳᠤ ᠨᠡᠶᠢᠴᠡᠭᠰᠡᠨ ︽ᠬᠤᠶᠠᠷ ᠲᠠᠯ᠎ᠠ ᠪᠠᠷ ᠢᠶᠠᠨ ᠠᠰᠢᠭ ᠬᠦᠷᠳᠡᠬᠦ︾ ᠬᠠᠷᠠᠯᠲᠠ ᠶᠢ ᠦᠨᠡᠨᠬᠦ ᠪᠡᠶᠡᠯᠡᠭᠦᠯᠵᠦ᠂ ᠬᠠᠭ ᠪᠠᠯᠭᠠᠰᠤᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠬᠤᠪᠢᠰᠬᠠᠯ ᠤᠨ ︽ᠬᠥᠳᠡᠯᠭᠡᠭᠦᠷ︾  ᠢ ᠬᠥᠭᠵᠢᠭᠡᠭᠰᠡᠨ ᠪᠠᠶᠢᠨ᠎ᠠ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号