ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ
ᠨᠡᠶᠢᠲᠡᠯᠡᠭᠰᠡᠨ ᠴᠠᠭ᠄
2022/11/21
      (2021 ᠣᠨ ᠤ 4 ᠰᠠᠷ᠎ᠠ ᠶᠢᠨ 29 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠠᠢᠮᠠᠳᠤᠭᠠᠷ ᠤᠳᠠᠭᠠᠨ ᠤ ᠬᠤᠷᠠᠯ ᠢᠶᠠᠷ ᠪᠠᠲᠤᠯᠠᠭᠳᠠᠪᠠ︶      ᠭᠠᠷᠴᠠᠭ      ᠨᠢᠭᠡᠳᠦᠭᠡᠷ ᠪᠦᠯᠦᠭ  ᠶᠡᠷᠦᠩᠬᠡᠢ ᠳᠦᠷᠢᠮ      ᠬᠤᠶᠠᠳᠤᠭᠠᠷ ᠪᠦᠯᠦᠭ  ᠠᠵᠤ ᠦᠢᠯᠡᠰ ᠢ ᠬᠥᠭᠵᠢᠭᠦᠯᠬᠦ      ᠭᠤᠷᠪᠠᠳᠤᠭᠠᠷ ᠪᠦᠯᠦᠭ  ᠴᠢᠳᠠᠪᠤᠷᠢᠲᠠᠨ ᠤ ᠲᠤᠯᠭᠠᠭᠤᠷᠢᠯᠠᠯ      ᠳᠥᠷᠪᠡᠳᠦᠭᠡᠷ ᠪᠦᠯᠦᠭ  ᠰᠣᠶᠣᠯ ᠤᠨ ᠴᠡᠴᠡᠭᠯᠡᠯᠲᠡ      ᠲᠠᠪᠤᠳᠤᠭᠠᠷ ᠪᠦᠯᠦᠭ  ᠠᠮᠢ ᠠᠬᠤᠢ ᠶᠢᠨ ᠬᠠᠮᠠᠭᠠᠯᠠᠯᠲᠠ      ᠵᠢᠷᠭᠤᠳᠤᠭᠠᠷ ᠪᠦᠯᠦᠭ  ᠵᠣᠬᠢᠶᠠᠨ ᠪᠠᠶᠢᠭᠤᠯᠤᠯᠲᠠ      ᠳᠣᠯᠣᠳᠤᠭᠠᠷ ᠪᠦᠯᠦᠭ  ᠬᠤᠳᠠ ᠬᠥᠳᠡᠭᠡ ᠶᠢ ᠨᠡᠶᠢᠯᠡᠭᠦᠯᠬᠦ      ᠨᠠᠢᠮᠠᠳᠤᠭᠠᠷ ᠪᠦᠯᠦᠭ  ᠲᠡᠳᠬᠦᠨ ᠳᠡᠮᠵᠢᠬᠦ ᠠᠷᠭ᠎ᠠ ᠬᠡᠮᠵᠢᠶ᠎ᠡ      ᠶᠢᠰᠦᠳᠦᠭᠡᠷ ᠪᠦᠯᠦᠭ  ᠬᠢᠨᠠᠯᠲᠠ ᠲᠠᠯᠪᠢᠵᠤ ᠪᠠᠶᠢᠴᠠᠭᠠᠬᠤ      ᠠᠷᠪᠠᠳᠤᠭᠠᠷ ᠪᠦᠯᠦᠭ  ᠳᠠᠭᠠᠯᠳᠤᠭᠤᠯᠤᠭᠰᠠᠨ ᠳᠦᠷᠢᠮ      ᠨᠢᠭᠡᠳᠦᠭᠡᠷ ᠪᠦᠯᠦᠭ  ᠶᠡᠷᠦᠩᠬᠡᠢ ᠳᠦᠷᠢᠮ      ᠨᠢᠭᠡᠳᠦᠭᠡᠷ ᠵᠦᠢᠯ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠥᠳᠡᠭᠡ ᠠᠵᠤ ᠠᠬᠤᠢ ᠶᠢᠨ ᠪᠦᠬᠦ ᠲᠠᠯ᠎ᠠ ᠪᠠᠷ ᠲᠡᠰ ᠳᠡᠪᠰᠢᠬᠦ᠂ ᠬᠥᠳᠡᠭᠡ ᠲᠣᠰᠬᠤᠨ ᠤ ᠪᠦᠬᠦ ᠲᠠᠯ᠎ᠠ ᠪᠠᠷ ᠲᠠᠪᠰᠢᠬᠤ᠂ ᠲᠠᠷᠢᠶᠠᠴᠢᠳ ᠤᠨ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠲᠤᠰ ᠬᠠᠤᠯᠢ ᠶᠢ ᠲᠣᠭᠲᠠᠭᠠᠪᠠ᠃      ᠬᠤᠶᠠᠳᠤᠭᠠᠷ ᠵᠦᠢᠯ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠬᠦ ᠳᠤ ᠲᠤᠰ ᠬᠠᠤᠯᠢ ᠶᠢ ᠬᠡᠷᠡᠭᠯᠡᠨ᠎ᠡ᠃      ᠲᠤᠰ ᠬᠠᠤᠯᠢ ᠳᠤ ᠬᠡᠯᠡᠵᠦ ᠪᠠᠶᠢᠭ᠎ᠠ ᠬᠥᠳᠡᠭᠡ ᠲᠣᠰᠬᠤᠨ ᠭᠡᠳᠡᠭ ᠪᠣᠯ ᠬᠤᠳᠠ ᠶᠢᠨ ᠪᠠᠶᠢᠭᠤᠯᠤᠭᠰᠠᠨ ᠲᠣᠭᠤᠷᠢᠭ ᠠᠴᠠ ᠭᠠᠳᠠᠨᠠᠬᠢ ᠪᠠᠶᠢᠭᠠᠯᠢ᠂ ᠨᠡᠶᠢᠭᠡᠮ᠂ ᠠᠵᠤ ᠠᠬᠤᠢ ᠶᠢᠨ ᠣᠨᠴᠠᠯᠢᠭ ᠪᠠ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ᠂ ᠰᠣᠶᠣᠯ ᠵᠡᠷᠭᠡ ᠤᠯᠡᠠ ᠲᠠᠯ᠎ᠠ ᠶᠢᠨ ᠴᠢᠳᠠᠮᠵᠢ ᠲᠠᠢ ᠭᠠᠵᠠᠷ ᠣᠷᠣᠨ ᠤ ᠶᠡᠷᠦᠩᠬᠡᠶᠢᠯᠡᠭᠰᠡᠨ ᠴᠣᠭᠴᠠ ᠶᠢ ᠵᠢᠭᠠᠵᠤ ᠪᠠᠶᠢᠨ᠎ᠠ᠂ ᠡᠭᠦᠨ ᠳᠤ ᠰᠢᠶᠠᠩ ᠪᠠᠯᠭᠠᠰᠤ ᠪᠠ ᠠᠶᠢᠯ ᠲᠣᠰᠬᠤᠨ ᠵᠡᠷᠭᠡ ᠪᠠᠭᠲᠠᠨ᠎ᠠ᠃      ᠭᠤᠷᠪᠠᠳᠤᠭᠠᠷ ᠵᠦᠢᠯ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠠᠵᠤ ᠦᠢᠯᠡᠰ ᠬᠥᠭᠵᠢᠨ ᠴᠡᠴᠡᠭᠯᠡᠬᠦ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠵᠠᠰᠠᠯᠲᠠ ᠦᠷ᠎ᠡ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ ᠪᠠᠶᠢᠬᠤ ᠶᠡᠷᠦᠩᠬᠡᠢ ᠱᠠᠭᠠᠷᠳᠠᠯᠭ᠎ᠠ ᠶᠣᠰᠣᠭᠠᠷ᠂ ᠬᠥᠳᠡᠭᠡ ᠲᠣᠰᠬᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠪᠠ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠵᠡᠷᠭᠡ ᠲᠠᠯ᠎ᠠ ᠪᠠᠷ ᠬᠢ ᠥᠪᠡᠷᠮᠢᠴᠡ ᠴᠢᠳᠠᠮᠵᠢ ᠶᠢ ᠭᠦᠢᠴᠡᠳ ᠪᠠᠳᠠᠷᠠᠭᠤᠯᠤᠨ᠎ᠠ᠃      ᠳᠥᠷᠪᠡᠳᠦᠭᠡᠷ ᠵᠦᠢᠯ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠤᠯ ᠦᠭᠡᠢ᠂ ᠨᠡᠭᠡᠭᠡᠯᠲᠡᠲᠤ᠂ ᠬᠠᠮᠲᠤᠪᠠᠷ ᠡᠳ᠋ᠯᠡᠬᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠵᠤ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠳᠤ ᠳᠣᠣᠷᠠᠬᠢ ᠵᠠᠷᠴᠢᠮ ᠢ ᠵᠢᠷᠤᠮᠯᠠᠬᠤ ᠬᠡᠷᠡᠭᠲᠡᠢ᠄      (ᠨᠢᠭᠡ) ᠲᠠᠷᠢᠶᠠᠯᠠᠩ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠺᠠᠳ᠋ᠷ ᠢ ᠲᠣᠬᠢᠷᠠᠭᠤᠯᠬᠤ ᠲᠠᠯ᠎ᠠ ᠪᠠᠷ ᠤᠷᠢᠳ ᠢᠶᠠᠷ ᠪᠣᠳᠣᠯᠬᠢᠯᠠᠨ᠂ ᠡᠯᠧᠮᠧᠨ᠋ᠲ ᠢ ᠲᠣᠬᠢᠷᠠᠭᠤᠯᠬᠤ ᠲᠠᠯ᠎ᠠ ᠪᠠᠷ ᠤᠷᠢᠳ ᠢᠶᠠᠷ ᠬᠠᠩᠭᠠᠵᠤ᠂ ᠪᠡᠯᠡ ᠮᠥᠩᠭᠦ ᠶᠢᠨ ᠣᠷᠣᠭᠤᠯᠤᠯᠲᠠ ᠶᠢᠨ ᠲᠠᠯ᠎ᠠ ᠪᠠᠷ ᠤᠷᠢᠳ ᠢᠶᠠᠷ ᠪᠠᠲᠤᠯᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠠᠯ᠎ᠠ ᠪᠠᠷ ᠤᠷᠢᠳ ᠢᠶᠠᠷ ᠲᠣᠬᠢᠷᠠᠭᠤᠯᠤᠨ᠎ᠠ︔      (ᠬᠤᠶᠠᠷ) ᠲᠠᠷᠢᠶᠠᠴᠢᠳ ᠤᠨ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠨ᠂ ᠲᠠᠷᠢᠶᠠᠴᠢᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠲᠠᠷᠢᠶᠠᠴᠢᠳ ᠤᠨ ᠠᠷᠠᠳᠴᠢᠯᠠᠯ ᠤᠨ ᠡᠷᠬᠡ ᠪᠠ ᠪᠤᠰᠤᠳ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠲᠠᠷᠢᠶᠠᠴᠢᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠲᠠᠶᠢᠴᠢᠯᠠᠨ᠂ ᠲᠠᠷᠢᠶᠠᠴᠢᠳ ᠤᠨ ᠦᠨᠳᠦᠰᠦᠨ ᠠᠰᠢᠭ ᠲᠤᠰᠠ ᠶᠢ ᠬᠠᠮᠠᠭᠠᠯᠠᠨ᠎ᠠ︔      ︵ ᠭᠤᠷᠪᠠ  ︶ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠪᠠᠷᠢᠮᠲᠠᠯᠠᠵᠤ  ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠰᠢᠰᠲ᠋ᠧᠮ ᠲᠠᠢ ᠪᠠᠷ ᠵᠠᠰᠠᠬᠤ ᠶᠢ ᠨᠢᠭᠡᠳᠦᠯᠲᠡᠢ ᠲᠥᠯᠥᠪᠯᠡᠨ  ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠵᠤ  ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠨ᠎ᠠ  ︔      ︵ ᠳᠥᠷᠪᠡ  ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ  ᠂ ᠡᠬᠢ ᠪᠠᠶᠠᠯᠢᠭ ᠤᠨ ᠲᠣᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠤᠨ  ᠂ ᠵᠠᠰᠠᠭ ᠤᠨ ᠣᠷᠳᠣᠨ ᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ  ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ  ᠂ ᠬᠥᠳᠡᠭᠡ ᠲᠣᠰᠬᠤᠨ ᠤ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ ᠴᠢᠯᠦᠭᠡᠯᠡᠨ ᠬᠥᠭᠵᠢᠭᠦᠯᠵᠦ  ᠂ ᠬᠥᠳᠡᠭᠡ ᠲᠣᠰᠬᠤᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ  ︔      ︵ ᠲᠠᠪᠤ  ︶ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠶᠢ ᠪᠠᠷᠢᠮᠲᠠᠯᠠᠨ  ᠂ ᠤᠷᠢᠳᠠᠪᠠᠷ ᠲᠥᠯᠥᠪᠵᠢᠭᠦᠯᠵᠦ  ᠂ ᠠᠯᠬᠤᠮ ᠳᠠᠷᠠᠭ᠎ᠠ ᠲᠠᠢ ᠪᠠᠷ ᠤᠷᠤᠭᠰᠢᠯᠠᠭᠤᠯᠵᠤ  ᠂ ᠠᠶᠢᠯ ᠲᠣᠰᠬᠤᠨ ᠤ ᠬᠥᠭᠵᠢᠯᠲᠡ ᠶᠢᠨ ᠵᠢᠮ᠎ᠡ ᠶᠣᠰᠣᠨ ᠳᠤ ᠵᠣᠬᠢᠴᠠᠭᠤᠯᠤᠨ  ᠂ ᠬᠥᠳᠡᠭᠡ ᠲᠣᠰᠬᠤᠨ ᠤ  ᠲᠡᠤᠬᠡ ᠰᠣᠶᠣᠯ  ᠂ ᠬᠥᠭᠵᠢᠯᠲᠡ ᠶᠢᠨ ᠣᠳᠣᠬᠢ ᠪᠠᠶᠢᠳᠠᠯ  ᠂ ᠣᠷᠣᠨ ᠪᠠᠶᠢᠷᠢ ᠶᠢᠨ ᠨᠥᠬᠦᠴᠡᠯ  ᠂ ᠡᠬᠢ ᠪᠠᠶᠠᠯᠢᠭ ᠤᠨ ᠲᠥᠷᠥᠯᠬᠢ ᠠᠪᠢᠶᠠᠰ  ᠂ ᠠᠵᠤ ᠦᠢᠯᠡᠰ ᠤᠨ ᠰᠠᠭᠤᠷᠢ ᠶᠢ ᠦᠨᠳᠦᠰᠦᠯᠡᠨ ᠲᠥᠷᠥᠯ ᠬᠤᠪᠢᠶᠠᠨ ᠠᠬᠢᠭᠤᠯᠤᠨ᠎ᠠ᠃      ᠲᠠᠪᠤᠳᠤᠭᠠᠷ ᠵᠦᠢᠯ  ‍ᠤᠯᠤᠰ ᠠᠴᠠ ᠡᠷᠦᠭᠡ ᠳᠤ ᠳᠠᠭᠠᠭᠠᠴᠢᠯᠠᠭᠤᠯᠤᠨ ᠡᠵᠡᠩᠨᠡᠭᠦᠯᠬᠦ ᠪᠠᠷ ᠰᠠᠭᠤᠷᠢ ᠪᠣᠯᠭᠠᠭᠰᠠᠨ ᠂ ᠨᠢᠭᠡᠳᠬᠡᠬᠦ ᠪᠠ ᠰᠠᠯᠭᠠᠬᠤ ᠶᠢ ᠤᠶᠠᠯᠳᠤᠭᠤᠯᠤᠭᠰᠠᠨ ᠳᠠᠪᠬᠤᠷ ᠡᠵᠡᠩᠨᠡᠯᠲᠡ ᠶᠢᠨ ᠪᠠᠶᠢᠭᠤᠯᠤᠯ ᠢ ᠪᠠᠬᠢᠵᠢᠭᠦᠯᠦᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ᠃      ᠵᠢᠷᠭᠤᠳᠤᠭᠠᠷ ᠵᠦᠢᠯ ‍ᠤᠯᠤᠰ ᠠᠴᠠ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠪᠠ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠡᠯᠧᠮᠧᠨ᠋ᠲ ᠤᠨ ᠡᠮᠬᠢ ᠵᠢᠷᠤᠮ ᠲᠠᠢ ᠪᠠᠷ ᠰᠢᠯᠵᠢᠬᠦ᠂ ᠡᠷᠬᠡ ᠲᠡᠭᠰᠢ ᠪᠠᠷ ᠰᠣᠯᠢᠯᠴᠠᠬᠤ ᠪᠠ ᠤᠯᠠᠨ ᠨᠡᠶᠢᠲᠡ ᠶᠢᠨ ᠡᠬᠢ ᠪᠠᠶᠠᠯᠢᠭ ᠢ ᠲᠡᠩᠴᠡᠭᠦᠷᠢᠲᠡᠢ ᠲᠣᠬᠢᠷᠠᠭᠤᠯᠬᠤ ᠶᠢ ᠲᠦᠯᠬᠢᠨ ᠠᠬᠢᠭᠤᠯᠵᠤ᠂ ᠠᠵᠤ ᠦᠢᠯᠡᠳᠪᠦᠷᠢ ᠪᠠᠷ ᠲᠠᠷᠢᠶᠠᠯᠠᠩ ᠢ ᠨᠥᠬᠦᠪᠦᠷᠢᠯᠡᠬᠦ᠂ ᠬᠤᠳᠠ ᠪᠠᠷ ᠬᠥᠳᠡᠭᠡ ᠲᠣᠰᠬᠤᠨ ᠢ ᠳᠠᠶᠢᠴᠢᠯᠠᠬᠤ ᠶᠢ ᠪᠠᠷᠢᠮᠲᠠᠯᠠᠵᠤ᠂ ᠠᠵᠤ ᠦᠢᠯᠡᠳᠪᠦᠷᠢ ᠲᠠᠷᠢᠶᠠᠯᠠᠩ ᠬᠠᠷᠢᠯᠴᠠᠨ ᠠᠬᠢᠭᠤᠯᠬᠤ᠂ ᠬᠤᠳᠠ ᠬᠥᠳᠡᠭᠡ ᠬᠠᠷᠢᠯᠴᠠᠨ ᠨᠥᠬᠦᠪᠦᠷᠢᠯᠡᠬᠦ᠂ ᠵᠣᠬᠢᠴᠠᠩᠭᠤᠢ ᠪᠠᠷ ᠬᠥᠭᠵᠢᠬᠦ᠂ ᠬᠠᠮᠲᠤ ᠪᠠᠷ ᠴᠡᠴᠡᠭᠯᠡᠨ ᠬᠥᠭᠵᠢᠬᠦ ᠰᠢᠨ᠎ᠡ ᠮᠠᠶ᠋ᠢᠭ ᠤᠨ ᠠᠵᠤ ᠦᠢᠯᠡᠳᠪᠦᠷᠢ ᠲᠠᠷᠢᠶᠠᠯᠠᠩ ᠬᠤᠳᠠ ᠬᠥᠳᠡᠭᠡ ᠶᠢᠨ ᠬᠠᠷᠢᠴᠠᠭ᠎ᠠ ᠶᠢ ᠪᠤᠢ ᠪᠣᠯᠭᠠᠬᠤ ᠶᠢ ᠲᠦᠯᠬᠢᠨ ᠠᠬᠢᠭᠤᠯᠤᠨ᠎ᠠ︔      ᠳᠣᠯᠣᠳᠤᠭᠠᠷ ᠵᠦᠢᠯ ‍ᠤᠯᠤᠰ ᠠᠴᠠ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠵᠣᠷᠢᠭ ᠰᠠᠨᠠᠭ᠎ᠠ ᠪᠠ ᠴᠠᠭ ᠦᠶ᠎ᠡ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠥᠳᠡᠭᠡ ᠲᠣᠰᠬᠤᠨ ᠤ ᠰᠢᠯᠢᠳᠡᠭ ᠤᠯᠠᠮᠵᠢᠯᠠᠯᠲᠤ ᠰᠣᠶᠣᠯ ᠤᠨ ᠬᠠᠮᠠᠭᠠᠯᠠᠯᠲᠠ ᠪᠠ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠦᠨ᠎ᠡ᠃      ᠵᠢᠯ ᠪᠦᠷᠢ ᠶᠢᠨ ᠪᠢᠯᠢᠭ ᠤᠨ ᠤᠯᠠᠷᠢᠯ ᠤᠨ ᠨᠠᠮᠤᠷ ᠤᠨ ᠬᠤᠭᠤᠰ ᠪᠣᠯ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠪᠣᠯᠣᠨ᠎ᠠ᠃      ᠨᠠᠢᠮᠠᠳᠤᠭᠠᠷ ᠵᠦᠢᠯ ᠤᠯᠤᠰ ᠠᠴᠠ ᠥᠪᠡᠷ ᠤᠨ ᠬᠢ ᠪᠠᠷ ᠢᠶᠠᠨ ᠭᠤᠣᠯ ᠪᠣᠯᠭᠠᠵᠤ  ᠂ ᠤᠯᠤᠰ ᠤᠨ ᠳᠣᠲᠣᠭᠠᠳᠤ ᠳᠠᠭᠠᠨ ᠰᠠᠭᠤᠷᠢᠯᠠᠵᠤ  ᠂ ᠦᠢᠯᠡᠳᠪᠦᠷᠢᠯᠡᠯ ᠤᠨ ᠴᠢᠳᠠᠪᠤᠷᠢ ᠶᠢ ᠦᠨᠡᠨᠬᠦ ᠪᠠᠲᠤᠯᠠᠵᠤ  ᠂ ᠵᠣᠬᠢᠰᠲᠠᠢ ᠭᠠᠳᠠᠭᠠᠳᠤ ᠠᠴᠠ ᠣᠷᠣᠭᠤᠯᠵᠤ  ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠭᠰᠠᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ  ᠂ ᠠᠮᠤ ᠪᠤᠳᠠᠭ᠎ᠠ ᠶᠢ ᠭᠠᠵᠠᠷ ᠰᠢᠷᠣᠢ ᠳᠤ ᠲᠦᠰᠢᠭᠯᠡᠬᠦ᠂ ᠠᠮᠤ ᠪᠤᠳᠠᠭ᠎ᠠ ᠶᠢ ᠮᠡᠷᠭᠡᠵᠢᠯ ᠳᠤ ᠲᠦᠰᠢᠭᠯᠡᠬᠦ ᠶᠢ ᠪᠠᠷᠢᠮᠲᠠᠯᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠠᠵᠤ ᠦᠢᠯᠡᠰ ᠤᠨ ᠪᠦᠰᠡ ᠶᠢ ᠪᠠᠶᠢᠭᠤᠯᠵᠤ᠂ ᠠᠮᠤ ᠪᠤᠳᠠᠭ᠎ᠠ ᠶᠢ ᠪᠣᠯᠪᠠᠰᠤᠷᠠᠭᠤᠯᠬᠤ᠂ ᠭᠦᠢᠯᠭᠡᠭᠡᠬᠦ᠂ ᠨᠥᠭᠡᠴᠡᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠠᠮᠤ ᠪᠤᠳᠠᠭ᠎ᠠ ᠶᠢ ᠦᠨᠳᠦᠰᠦᠨ ᠳᠡᠭᠡᠨ ᠥᠪᠡᠷ ᠢᠶᠠᠨ ᠬᠠᠩᠭᠠᠬᠤ᠂ ᠬᠦᠨᠡᠰᠦᠨ ᠠᠮᠤ ᠶᠢ ᠬᠠᠷᠢᠴᠠᠯᠠᠰᠢ ᠦᠭᠡᠢ ᠠᠶᠤᠯᠭᠦᠢ ᠪᠠᠶᠢᠯᠭᠠᠬᠤ ᠶᠢ ᠦᠨᠡᠨ ᠬᠦ ᠪᠠᠲᠤᠯᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠨ᠎ᠠ᠃      ᠤᠯᠤᠰ ᠠᠴᠠ ᠠᠮᠤ ᠪᠤᠳᠠᠭ᠎ᠠ ᠪᠣᠯᠪᠠᠰᠤᠷᠠᠭᠤᠯᠬᠤ᠂ ᠬᠠᠳᠠᠭᠠᠯᠠᠬᠤ᠂ ᠲᠡᠭᠡᠭᠡᠪᠦᠷᠢᠯᠡᠬᠦ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠠᠮᠤ ᠪᠤᠳᠠᠭ᠎ᠠ ᠪᠣᠯᠪᠠᠰᠤᠷᠠᠭᠤᠯᠵᠤ ᠭᠠᠷᠭᠠᠬᠤ ᠨᠤᠷᠮ᠎ᠠ ᠪᠠ ᠠᠰᠢᠭᠯᠠᠬᠤ ᠨᠤᠷᠮ᠎ᠠ ᠶᠢ ᠳᠡᠭᠡᠭᠰᠢᠯᠡᠭᠦᠯᠵᠦ᠂ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠶᠢ ᠲᠦᠯᠬᠢᠨ ᠠᠬᠢᠭᠤᠯᠤᠨ᠎ᠠ᠃      ᠶᠢᠰᠦᠳᠦᠭᠡᠷ ᠵᠦᠢᠯ ᠤᠯᠤᠰ ᠠᠴᠠ ᠲᠥᠪ ᠠᠴᠠ ᠨᠢᠭᠡᠳᠦᠯᠲᠡᠢ ᠲᠥᠯᠥᠪᠵᠢᠭᠦᠯᠬᠦ᠂ ᠮᠤᠵᠢ ᠠᠴᠠ ᠶᠡᠷᠦᠩᠬᠡᠢ ᠬᠠᠷᠢᠭᠤᠴᠠᠯᠭ᠎ᠠ ᠶᠢ ᠬᠠᠷᠢᠭᠤᠴᠠᠬᠤ᠂ ᠬᠤᠲᠠ ᠰᠢᠶᠠᠨ ᠰᠢᠶᠠᠩ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠬᠤ ᠶᠢᠨ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠢᠨᠠᠨ ᠰᠢᠯᠭᠠᠵᠤ ᠦᠨᠡᠯᠡᠬᠦ ᠳᠦᠷᠢᠮ  ᠂ ᠠᠵᠢᠯ ᠤᠨ ᠣᠨ ᠤ ᠮᠡᠳᠡᠭᠦᠯᠦᠯᠲᠡ ᠶᠢᠨ ᠳᠦᠷᠢᠮ ᠪᠠ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠢ ᠪᠠᠶᠢᠭᠤᠯᠬᠤ ᠬᠡᠷᠡᠭᠲᠡᠢ  ᠃      ᠠᠷᠪᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠦᠬᠦ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠬᠤᠷᠸ᠎ᠠ ᠵᠢᠯᠣᠭᠤᠳᠤᠯᠭ᠎ᠠ ᠪᠠ ᠬᠢᠨᠠᠯᠲᠠ ᠲᠠᠯᠪᠢᠵᠤ ᠪᠠᠶᠢᠴᠠᠭᠠᠨ᠎ᠠ︔ ᠲᠥᠷᠥ ᠶᠢᠨ ᠶᠠᠪᠤᠳᠠᠯ ᠤᠨ ᠬᠤᠷᠢᠶᠠᠨ ᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠢ ᠬᠠᠷᠢᠭᠤᠴᠠᠨ᠎ᠠ᠃      ᠰᠢᠶᠠᠨ ᠤ ᠱᠠᠲᠤᠨ  ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ  ᠂ ᠵᠢᠯᠤᠭᠤᠳᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ  ︔ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠠᠷᠢᠭᠤᠴᠠᠨ᠎ᠠ᠃      ᠠᠷᠪᠠᠨ ᠨᠢᠭᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠯᠠᠨ ᠵᠦᠢᠯ ᠤᠨ ᠬᠡᠯᠪᠡᠷᠢ ᠮᠠᠶ᠋ᠢᠭ ᠢ ᠠᠪᠴᠤ ᠪᠠᠶᠢᠭᠠᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ  ᠂ ᠠᠷᠠᠳ ᠤᠨ ᠪᠦᠯᠬᠦᠮ  ᠂ ᠨᠡᠶᠢᠭᠡᠮ ᠤᠨ ᠵᠣᠬᠢᠶᠠᠨ ᠪᠠᠶᠢᠭᠤᠯᠤᠯᠲᠠ  ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠡᠷᠭᠡ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠮᠢᠶ᠎ᠠ ᠪᠦᠬᠦᠢ ᠠᠵᠢᠯᠯᠠᠭ᠎ᠠ ᠳᠤ ᠣᠷᠤᠯᠴᠠᠬᠤ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ  ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠤᠨ ᠳᠤᠮᠳᠠ ᠢᠯᠡᠳᠲᠡ ᠠᠮᠵᠢᠯᠲᠠ ᠪᠦᠲᠦᠮᠵᠢ ᠭᠠᠷᠭᠠᠭᠰᠠᠨ ᠨᠢᠭᠡᠴᠡ ᠪᠠ ᠬᠤᠪᠢ ᠬᠥᠮᠥᠨ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠬᠤ ᠬᠡᠷᠡᠭᠲᠡᠢ  ᠃      ᠬᠤᠶᠠᠳᠤᠭᠠᠷ ᠪᠦᠯᠦᠭ ᠡᠵᠤ ᠦᠢᠯᠡᠰ ᠢ ᠬᠥᠭᠵᠢᠭᠦᠯᠬᠦ      ᠠᠷᠪᠠᠨ ᠬᠤᠶᠠᠳᠤᠭᠠᠷ ᠵᠦᠢᠯ  ‍ᠤᠯᠤᠰ ᠠᠴᠠ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠠᠵᠤ ᠠᠬᠤᠢ ᠶᠢᠨ ᠬᠥᠭᠵᠢᠯᠲᠡ ᠶᠢᠨ ᠠᠮᠢᠳᠤᠯᠢᠭ ᠬᠦᠴᠦᠨ ᠢ ᠴᠢᠩᠭᠠᠷᠠᠭᠤᠯᠵᠤ᠂ ᠬᠠᠮᠲᠤ ᠶᠢᠨ ᠡᠳ᠋ ᠬᠥᠷᠥᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠶᠢ ᠠᠬᠢᠭᠤᠯᠵᠤ᠂ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠨ᠎ᠠ᠃      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠠᠷᠢᠶᠠᠴᠢᠨ ᠢᠶᠠᠷ ᠭᠤᠣᠯ ᠴᠣᠭᠴᠠ ᠪᠣᠯᠭᠠᠬᠤ  ᠶᠢ ᠪᠠᠷᠢᠮᠲᠠᠯᠠᠵᠤ  ᠂ ᠬᠥᠳᠡᠭᠡ ᠲᠣᠰᠬᠤᠨ ᠤ ᠳᠠᠪᠠᠭᠤᠯᠢᠭ ᠣᠨᠴᠠᠯᠢᠭᠲᠤ ᠡᠬᠢ ᠪᠠᠶᠠᠯᠢᠭ ᠢᠶᠠᠷ ᠲᠦᠰᠢᠭ ᠪᠣᠯᠭᠠᠵᠤ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠳᠡᠮᠵᠢᠨ ᠠᠬᠢᠭᠤᠯᠵᠤ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ᠂ ᠦᠢᠯᠡᠳᠪᠦᠷᠢᠯᠡᠯ ᠤᠨ ᠰᠢᠰᠲ᠋ᠧᠮ ᠪᠠ ᠡᠵᠡᠩᠨᠡᠯᠲᠡ ᠶᠢᠨ ᠰᠢᠰᠲ᠋ᠧᠮ ᠢ ᠪᠠᠶᠢᠭᠤᠯᠬᠤ ᠶᠢ ᠲᠦᠯᠬᠢᠨ ᠠᠬᠢᠭᠤᠯᠵᠤ᠂ ᠲᠣᠭᠠᠴᠢᠯᠠᠭᠰᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠪᠠ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠪᠣᠶᠢᠵᠢᠭᠤᠯᠵᠤ᠂ ᠵᠢᠵᠢᠭ ᠲᠠᠷᠢᠶᠠᠴᠢᠨ ᠡᠷᠦᠬᠡ ᠪᠠ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠤᠨ᠎ᠠ᠃      ᠠᠷᠪᠠᠨ ᠭᠤᠷᠪᠠᠳᠤᠭᠠᠷ ᠵᠦᠢᠯ  ‍ᠤᠯᠤᠰ ᠠᠴᠠ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠯᠠᠩ ᠤᠨ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯ ᠢ ᠰᠢᠯᠢᠳᠡᠭᠵᠢᠭᠦᠯᠵᠦ᠂ ᠲᠠᠷᠢᠶᠠᠯᠠᠩ ᠤᠨ ᠪᠦᠲᠦᠴᠡ ᠶᠢᠨ ᠲᠣᠬᠢᠷᠠᠭᠤᠯᠤᠯᠲᠠ ᠶᠢ ᠲᠤᠶᠢᠯᠬᠢᠠ ᠠᠬᠢᠭᠤᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠥᠭᠵᠢᠭᠦᠯᠦᠨ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠶ ᠬᠠᠩᠭᠠᠯᠭ᠎ᠠ ᠪᠠ ᠶᠠᠰᠤ ᠴᠢᠨᠠᠷ ᠤᠨ ᠠᠶᠤᠯᠭᠦᠢ ᠪᠠᠶᠢᠬᠤ ᠶᠢ ᠪᠠᠲᠤᠯᠠᠵᠤ᠂ ᠲᠤᠶᠢᠷᠦᠯ ᠵᠦᠢᠯ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠨᠡᠷᠡᠳᠦ ᠲᠡᠮᠳᠡᠭᠲᠦ ᠶᠢ ᠪᠤᠢ ᠪᠣᠯᠭᠠᠬᠤ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠲᠤᠶᠢᠯᠬᠢᠠ ᠠᠬᠢᠭᠤᠯᠵᠤ᠂ ᠲᠠᠷᠢᠶᠠᠯᠠᠩ ᠤᠨ ᠭᠠᠳᠠᠭᠰᠢ ᠨᠡᠭᠡᠭᠡᠯᠲᠡ ᠶᠢ ᠲᠤᠶᠢᠯᠬᠢᠠ ᠠᠬᠢᠭᠤᠯᠵᠤ᠂ ᠲᠠᠷᠢᠶᠠᠯᠠᠩ ᠤᠨ ᠶᠠᠰᠤ ᠴᠢᠨᠠᠷ᠂ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃      ᠤᠯᠤᠰ ᠠᠴᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠪᠠᠲᠤᠯᠠᠭ᠎ᠠ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠲᠦᠷᠦᠯ ᠵᠦᠢᠯ ᠬᠤᠪᠢᠶᠠᠨ ᠪᠠᠲᠤᠯᠠᠭ᠎ᠠ ᠶᠢᠨ ᠬᠠᠷᠠᠯᠲᠠ ᠶᠢ ᠲᠣᠳᠣᠷᠬᠠᠶᠢᠯᠠᠵᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ᠂ ᠠᠶᠤᠯᠭᠦᠢ ᠪᠥᠭᠡᠳ ᠥᠨᠳᠥᠷ ᠪᠦᠲᠦᠮᠵᠢᠲᠡᠶ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ᠎ᠠ᠃      ᠠᠷᠪᠠᠨ ᠳᠥᠷᠪᠡᠳᠦᠭᠡᠷ ᠵᠦᠢᠯ  ‍ᠤᠯᠤᠰ ᠠᠴᠠ ᠲᠠᠷᠢᠶᠠᠯᠠᠩ ᠳᠤ ᠬᠡᠷᠡᠭᠯᠡᠬᠦ ᠭᠠᠵᠠᠷ ᠢ ᠲᠤᠶᠢᠷᠦᠯ ᠬᠤᠪᠢᠶᠠᠨ ᠬᠠᠮᠢᠶᠠᠷᠬᠤ ᠲᠤᠶᠢᠷᠢᠮ ᠢ ᠪᠠᠶᠢᠭᠤᠯᠵᠤ᠂ ᠲᠠᠷᠢᠶᠠᠨ ᠭᠠᠵᠠᠷ ᠢ ᠴᠢᠩᠭ᠎ᠠ ᠬᠠᠮᠠᠭᠠᠯᠠᠨ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠵᠤ᠂ ᠲᠠᠷᠢᠶᠠᠨ ᠭᠠᠵᠠᠷ ᠢ ᠣᠶᠢᠲᠤ ᠭᠠᠵᠠᠷ᠂ ᠴᠡᠴᠡᠷᠯᠢᠭ ᠤᠨ ᠭᠠᠵᠠᠷ ᠵᠡᠷᠭᠡ ᠪᠤᠰᠤᠳ ᠲᠤᠶᠢᠷᠦᠯ ᠤᠨ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠨ᠎ᠠ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠨ ᠭᠠᠵᠠᠷ ᠤᠨ ᠪᠦᠬᠦ ᠬᠡᠮᠵᠢᠶ᠎ᠡ ᠬᠠᠰᠤᠭᠳᠠᠬᠤ ᠤᠶᠢᠭᠡᠢ᠂ ᠶᠠᠰᠤ ᠴᠢᠨᠠᠷ ᠨᠢ ᠳᠡᠭᠡᠭᠰᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃      ᠤᠯᠤᠰ ᠠᠴᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠲᠤᠶᠢᠷᠢᠮ ᠢ ᠬᠡᠷᠡᠭᠵᠢᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠠᠮᠠᠭᠠᠯᠠᠯᠲᠠ ᠶᠢᠨ ᠣᠷᠣᠨ ᠢ ᠪᠦᠲᠦᠭᠡᠨ ᠪᠠᠶᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ ᠬᠠᠮᠠᠭᠠᠯᠠᠨ᠎ᠠ᠃      ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠥᠳᠡᠭᠡ ᠲᠣᠰᠬᠤᠨ ᠤ ᠭᠠᠵᠠᠷ ᠰᠢᠷᠣᠢ ᠶᠢ ᠡᠮᠬᠢᠯᠡᠨ ᠴᠡᠭᠴᠡᠯᠡᠬᠦ ᠪᠠ ᠲᠠᠷᠢᠶᠠᠯᠠᠩ ᠳᠤ ᠬᠡᠷᠡᠭᠯᠡᠬᠦ ᠭᠠᠵᠠᠷ ᠢ ᠰᠢᠨᠵᠢᠯᠡᠬᠦ ᠤᠬᠠᠭᠠᠨᠴᠢ ᠪᠠᠷ ᠠᠶᠤᠯᠭᠦᠢ ᠠᠰᠢᠭᠯᠠᠬᠤ ᠶᠢ ᠲᠤᠶᠢᠯᠬᠢᠠ ᠠᠬᠢᠭᠤᠯᠵᠤ᠂ ᠲᠠᠷᠢᠶᠠᠯᠠᠩ ᠤᠨ ᠤᠰᠦᠠ ᠠᠰᠢᠭᠯᠠᠯᠲᠠ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠬᠤ ᠬᠡᠷᠡᠭᠲᠡᠢ᠃      ᠠᠷᠪᠠᠨ ᠲᠠᠪᠤᠳᠤᠭᠠᠷ ᠵᠦᠢᠯ ᠤᠯᠤᠰ ᠠᠴᠠ ᠲᠠᠷᠢᠶᠠᠯᠠᠩ ᠤᠨ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠪᠠ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ  ᠶᠢ ᠴᠢᠩᠭᠠᠳᠬᠠᠵᠤ  ᠂ ᠡᠭᠦᠯᠳᠡᠷ ᠪᠣᠶᠢᠵᠢᠭᠤᠯᠬᠤ ᠰᠠᠭᠤᠷᠢ ᠴᠢᠨᠠᠷᠲᠠᠢ᠂ ᠬᠤᠰᠢᠭᠤᠷᠠᠯ ᠴᠢᠨᠠᠷᠲᠠᠢ ᠪᠠ ᠬᠡᠷᠡᠭᠯᠡᠭᠡᠨ ᠤ ᠮᠡᠷᠭᠡᠵᠢᠯ ᠤᠨ ᠰᠤᠳᠤᠯᠭᠠᠨ ᠢ ᠲᠡᠮᠵᠢᠵᠤ᠂ ᠲᠠᠷᠢᠮᠠᠯ ᠪᠠ ᠮᠠᠯ ᠵᠢᠭᠦᠷᠲᠡᠨ ᠵᠡᠷᠭᠡ ᠰᠠᠶᠢᠨ ᠡᠭᠦᠯᠳᠡᠷ ᠢ ᠪᠣᠶᠢᠵᠢᠭᠤᠯᠬᠤ᠂ ᠡᠭᠦᠯᠳᠡᠷ ᠪᠣᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠬᠡᠷᠡᠭᠵᠢᠭᠦᠯᠵᠦ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠰᠢᠯᠢᠳᠡᠭ ᠡᠭᠦᠯᠳᠡᠷ ᠢ ᠳᠡᠯᠭᠡᠷᠡᠭᠦᠯᠬᠦ ᠶᠢ ᠵᠣᠷᠢᠭᠵᠢᠭᠤᠯᠵᠤ᠂ ᠦᠷ᠎ᠡ ᠶᠢᠨ ᠦᠢᠯᠡᠰ ᠤᠨ ᠤᠯᠤᠰ ᠤᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠲᠣᠭᠲᠠᠴᠠ ᠶᠢ ᠪᠠᠶᠢᠭᠤᠯᠤᠨ ᠬᠡᠷᠡᠭᠵᠢᠭᠦᠯᠵᠦ᠂ ᠦᠷ᠎ᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃      ᠠᠷᠪᠠᠨ ᠵᠢᠷᠭᠤᠳᠤᠭᠠᠷ ᠵᠦᠢᠯ ᠤᠯᠤᠰ ᠠᠴᠠ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ  ᠶᠢ ᠡᠭᠦᠳᠬᠦ  ᠶᠢ ᠴᠢᠩᠭᠠᠳᠬᠠᠵᠤ  ᠂ ᠰᠢᠨ᠎ᠡ ᠶᠢ ᠡᠭᠦᠳᠬᠦ ᠭᠤᠣᠯ ᠴᠣᠭᠴᠠ ᠶᠢ ᠪᠣᠶᠢᠵᠢᠭᠤᠯᠵᠤ  ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ  ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠬᠠᠮᠵᠢᠯᠴᠠᠭᠤᠯᠤᠭᠰᠠᠨ ᠰᠢᠨ᠎ᠡ ᠶᠢ ᠡᠭᠦᠳᠬᠦ ᠲᠣᠭᠲᠠᠴᠠ  ᠶᠢ ᠪᠠᠶᠢᠭᠤᠯᠵᠤ  ᠂ ᠳᠡᠭᠡᠳᠦ ᠰᠤᠷᠭᠠᠭᠤᠯᠢ  ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ  ᠂ ᠲᠠᠷᠢᠶᠠᠯᠠᠩ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ  ᠶᠢ ᠴᠢᠩᠭᠠᠳᠬᠠᠵᠤ  ᠂ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠰᠢᠨ᠎ᠡ ᠡᠭᠦᠯᠳᠡᠷ᠂ ᠰᠢᠨ᠎ᠡ ᠮᠡᠷᠭᠡᠵᠢᠯ᠂ ᠰᠢᠨ᠎ᠡ ᠲᠣᠨᠣᠭᠯᠠᠯ᠂ ᠰᠢᠨ᠎ᠡ ᠦᠢᠯᠡᠳᠬᠦᠨ ᠢ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠲᠠᠷᠢᠶᠠᠯᠠᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠠᠮᠢᠳᠤ ᠪᠣᠳᠠᠰ ᠤᠨ ᠦᠷ᠎ᠡ ᠶᠢᠨ ᠦᠢᠯᠡᠰ᠂ ᠣᠶᠤᠨᠲᠤ ᠲᠠᠷᠢᠶᠠᠯᠠᠩ᠂ ᠲᠥᠬᠦᠭᠡᠷᠦᠮᠵᠢᠲᠦ ᠲᠠᠷᠢᠶᠠᠯᠠᠩ᠂ ᠲᠠᠷᠢᠶᠠᠯᠠᠩ ᠤᠨ ᠪᠦᠲᠦᠭᠡᠭᠳᠡᠬᠦᠨ ᠤ ᠪᠣᠯᠪᠠᠰᠤᠷᠠᠭᠤᠯᠤᠯᠲᠠ᠂ ᠪᠣᠬᠢᠷᠳᠤᠯ ᠦᠭᠡᠢ ᠲᠠᠷᠢᠶᠠᠯᠠᠩ ᠤᠨ ᠣᠷᠣᠭᠤᠯᠤᠯᠲᠠ ᠶᠢᠨ ᠪᠣᠳᠠᠰ ᠵᠡᠷᠭᠡ ᠬᠦᠷᠢᠶᠡᠨ ᠳᠠᠬᠢ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠢ ᠪᠠᠶᠢᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠲᠦᠯᠬᠢᠨ ᠠᠬᠢᠭᠤᠯᠤᠨ᠎ᠠ᠃      ᠤᠯᠤᠰ ᠠᠴᠠ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠦᠢᠯᠡᠰ ᠢ ᠬᠢᠨᠠᠨ ᠲᠣᠭᠲᠠᠭᠠᠬᠤ᠂ ᠴᠢᠳᠠᠪᠤᠷᠢᠲᠠᠨ ᠢ ᠦᠨᠡᠯᠡᠬᠦ᠂ ᠦᠷ᠎ᠡ ᠪᠦᠲᠦᠭᠡᠯ ᠤᠨ ᠥᠮᠴᠢᠯᠡᠯ ᠤᠨ ᠡᠷᠬᠡ ᠶᠢ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠤᠳᠤᠯᠭᠠᠨ ᠤ ᠣᠷᠣᠭᠤᠯᠤᠯᠲᠠ ᠶᠢ ᠪᠠᠲᠤᠯᠠᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠰᠢᠨ᠎ᠡ ᠶᠢ ᠡᠭᠦᠳᠬᠦ ᠢᠳᠡᠪᠬᠢᠵᠢᠯ ᠢ ᠬᠥᠭᠵᠢᠭᠡᠨ᠎ᠡ᠃      ᠠᠷᠪᠠᠨ ᠳᠣᠯᠣᠳᠤᠭᠠᠷ ᠵᠦᠢᠯ ᠤᠯᠤᠰ ᠠᠴᠠ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠤᠨ ᠪᠠᠶᠢᠭᠤᠯᠤᠯᠲᠠ  ᠶᠢ ᠴᠢᠩᠭᠠᠳᠬᠠᠵᠤ  ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠳᠡᠯᠭᠡᠷᠡᠭᠦᠯᠬᠦ ᠳᠤ ᠠᠰᠢᠭᠲᠠᠢ ᠤᠷᠮᠠᠰᠢᠭᠤᠯᠬᠤ ᠲᠣᠭᠲᠠᠴᠠ ᠪᠠ ᠠᠰᠢᠭ ᠲᠤᠰᠠ ᠶᠢ ᠬᠤᠪᠢᠶᠠᠨ ᠡᠳ᠋ᠯᠡᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮ ᠤᠨ ᠪᠦᠯᠬᠦᠮ᠂ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ᠂ ᠲᠠᠷᠢᠶᠠᠯᠠᠩ ᠤᠨ ᠲᠤᠰᠬᠠᠶᠢᠵᠢᠭᠰᠠᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠵᠡᠷᠭᠡ ᠶᠢᠨ ᠳᠡᠯᠭᠡᠷᠡᠭᠦᠯᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡ ᠥᠷᠨᠢᠭᠦᠯᠦᠨ᠎ᠡ᠃      ᠠᠷᠪᠠᠨ ᠨᠠᠢᠮᠠᠳᠤᠭᠠᠷ ᠵᠦᠢᠯ ᠤᠯᠤᠰ ᠠᠴᠠ ᠲᠠᠷᠢᠶᠠᠯᠠᠩ ᠤᠨ ᠮᠧᠬᠠᠨᠢᠭ ᠤᠨ ᠦᠢᠯᠡᠳᠪᠦᠷᠢᠯᠡᠯ ᠤᠨ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠵᠣᠷᠢᠭᠵᠢᠭᠤᠯᠤᠨ᠎ᠠ  ᠂ ᠭᠤᠣᠯ ᠪᠣᠯᠬᠤ ᠲᠠᠷᠢᠮᠠᠯ ᠤᠨ ᠦᠢᠯᠡᠳᠪᠦᠷᠢᠯᠡᠯ ᠤᠨ ᠪᠦᠬᠦ ᠶᠠᠪᠤᠴᠠ ᠶᠢᠨ ᠮᠧᠬᠠᠨᠢᠭᠵᠢᠭᠤᠯᠤᠯᠲᠠ ᠶᠢ ᠲᠦᠯᠬᠢᠨ ᠠᠬᠢᠭᠤᠯᠵᠤ᠂ ᠲᠥᠬᠦᠭᠡᠷᠦᠮᠵᠢᠲᠦ ᠲᠠᠷᠢᠶᠠᠯᠠᠩ᠂ ᠤᠢ ᠰᠢᠭᠤᠢ ᠡᠪᠡᠰᠦ ᠪᠡᠯᠴᠢᠭᠡᠷ ᠤᠨ ᠦᠢᠯᠡᠰ᠂ ᠮᠠᠯ ᠠᠵᠤ ᠠᠬᠤᠢ᠂ ᠵᠢᠭᠠᠰᠤᠨ ᠠᠵᠤ ᠠᠬᠤᠢ ᠪᠠ ᠲᠠᠷᠢᠶᠠᠯᠠᠩ ᠤᠨ ᠪᠦᠲᠦᠭᠡᠭᠳᠡᠬᠦᠨ ᠢ ᠠᠩᠬ᠎ᠠ ᠪᠣᠯᠪᠠᠰᠤᠷᠠᠭᠤᠯᠬᠤ ᠲᠣᠨᠣᠭᠯᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠮᠠᠰᠢᠨ ᠲᠠᠷᠢᠶᠠᠯᠠᠩ ᠤᠨ ᠮᠡᠷᠭᠡᠵᠢᠯ ᠢ ᠨᠡᠶᠢᠯᠡᠭᠦᠯᠬᠦ᠂ ᠮᠧᠬᠠᠨᠢᠭᠵᠢᠭᠤᠯᠬᠤ ᠮᠡᠳᠡᠭᠡ ᠵᠠᠩᠭᠢᠵᠢᠯᠲᠠ ᠶᠢ ᠨᠡᠶᠢᠯᠡᠭᠦᠯᠬᠦ ᠶᠢ ᠲᠦᠯᠬᠢᠨ ᠠᠬᠢᠭᠤᠯᠵᠤ᠂ ᠮᠧᠬᠠᠨᠢᠭᠵᠢᠭᠤᠯᠤᠭᠰᠠᠨ ᠦᠢᠯᠡᠳᠪᠦᠷᠢᠯᠡᠯ ᠢ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠲᠠᠢ ᠵᠣᠬᠢᠴᠠᠭᠤᠯᠬᠤ᠂ ᠦᠢᠯᠡᠴᠢᠯᠡᠭᠡᠨ ᠤ ᠵᠠᠭᠪᠤᠷ ᠢ ᠲᠠᠷᠢᠶᠠᠯᠠᠩ ᠤᠨ ᠵᠣᠬᠢᠰᠲᠠᠢ ᠬᠡᠪᠴᠢᠶᠡᠲᠦ ᠡᠵᠡᠩᠨᠡᠯᠲᠡ ᠲᠠᠢ ᠵᠣᠬᠢᠴᠠᠭᠤᠯᠬᠤ ᠶᠢ ᠠᠬᠢᠭᠤᠯᠤᠨ᠎ᠠ᠃      ᠤᠯᠤᠰ ᠠᠴᠠ ᠲᠠᠷᠢᠶᠠᠯᠠᠩ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠵᠣᠷᠢᠭᠵᠢᠭᠤᠯᠵᠤ᠂ ᠲᠠᠷᠢᠶᠠᠯᠠᠩ ᠤᠨ ᠮᠡᠳᠡᠭᠡ ᠵᠠᠩᠭᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠶᠡᠷᠦᠩᠬᠡᠶᠢᠯᠡᠭᠰᠡᠨ ᠦᠢᠯᠡᠴᠢᠯᠡᠭᠡ ᠶᠢ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠮᠡᠳᠡᠭᠡ ᠵᠠᠩᠭᠢᠵᠢᠯᠲᠠ ᠶᠢ ᠲᠦᠯᠬᠢᠨ ᠠᠬᠢᠭᠤᠯᠤᠨ᠎ᠠ᠃      ᠠᠷᠪᠠ ᠶᠢᠰᠦᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠥᠳᠡᠭᠡ ᠲᠣᠰᠬᠤᠨ ᠤ ᠡᠬᠢ ᠪᠠᠶᠠᠯᠢᠭ ᠪᠠ ᠠᠮᠢ ᠠᠬᠤᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠣᠨᠴᠠᠯᠢᠭᠲᠤ ᠲᠠᠷᠢᠶᠠᠯᠠᠩ᠂ ᠰᠡᠯᠡᠭᠦᠴᠡᠯ ᠤᠨ ᠲᠠᠷᠢᠶᠠᠯᠠᠩ᠂ ᠤᠳᠤ ᠦᠶ᠎ᠡ ᠶᠢᠨ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ᠂ ᠬᠥᠳᠡᠭᠡ ᠲᠣᠰᠬᠤᠨ ᠤ ᠭᠠᠷ ᠦᠢᠯᠡᠳᠪᠦᠷᠢ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ᠂ ᠬᠥᠳᠡᠭᠡ ᠲᠣᠰᠬᠤᠨ ᠤ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠪᠠ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠬᠡᠷᠡᠭᠲᠡᠢ; ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠣᠨᠴᠠᠯᠢᠬᠵᠢᠭᠰᠠᠨ  ᠂ ᠲᠤᠰᠬᠠᠶᠢᠵᠢᠭᠰᠠᠨ ᠡᠵᠡᠩᠨᠡᠯᠲᠡ ᠪᠠᠷ ᠳᠠᠮᠵᠢᠭᠤᠯᠤᠨ  ᠂ ᠦᠢᠯᠡᠳᠪᠦᠷᠢᠯᠡᠯ ᠤᠨ ᠬᠦᠴᠦᠨ ᠵᠦᠢᠯ ᠢ ᠵᠦᠢ ᠵᠣᠬᠢᠰᠲᠠᠢ ᠲᠣᠬᠢᠷᠠᠭᠤᠯᠵᠤ  ᠂ ᠬᠥᠳᠡᠭᠡ ᠲᠣᠰᠬᠤᠨ ᠤ ᠠᠵᠤ ᠦᠢᠯᠡᠰ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ  ︔ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ᠂ ᠬᠥᠳᠡᠭᠡ ᠲᠣᠰᠬᠤᠨ ᠤ ᠠᠳᠠᠯ ᠦᠢᠯᠡᠰ ᠴᠣᠭᠴᠠᠯᠠᠬᠤ ᠬᠦᠷᠢᠶᠡᠯᠡᠩ᠂ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ; ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠭᠠᠵᠠᠷ᠂ ᠲᠥᠪᠯᠡᠷᠡᠭᠦᠯᠦᠨ ᠲᠠᠷᠬᠠᠭᠠᠬᠤ ᠭᠠᠵᠠᠷ᠂ ᠪᠣᠷᠣᠯᠠᠭᠤᠯᠬᠤ ᠭᠠᠵᠠᠷ ᠤᠨ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠭᠤᠣᠯᠯᠠᠭᠴᠢ ᠲᠣᠣᠷ ᠰᠦᠯᠵᠢᠶ᠎ᠡ ᠪᠠ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ; ᠠᠵᠤ ᠠᠬᠤᠶᠢᠯᠠᠯ ᠤᠨ ᠳᠡᠯᠡᠬᠡᠢ ᠳᠡᠭᠡᠷ᠎ᠡ ᠨᠡᠶᠢᠳᠡᠮ ᠬᠡᠷᠡᠭᠯᠡᠵᠦ ᠪᠠᠶᠢᠭ᠎ᠠ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠣᠯᠬᠤ ᠶᠢ ᠵᠣᠷᠢᠭᠵᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠥᠷᠢᠰᠦᠯᠳᠦᠬᠦ ᠬᠦᠴᠦᠨ ᠢ ᠨᠡᠮᠡᠭᠳᠡᠭᠦᠯᠦᠨ᠎ᠡ᠃      ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠬᠦ ᠳᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠪᠠ ᠠᠵᠤ ᠦᠢᠯᠡᠰ ᠤᠨ ᠲᠦᠷᠦ ᠶᠢᠨ ᠪᠣᠳᠣᠯᠭ᠎ᠠ᠂ ᠣᠷᠴᠢᠨ ᠠᠬᠤᠢ ᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ᠃      ᠬᠤᠷᠢᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠪᠠᠨ ᠲᠡᠭᠦᠯᠳᠡᠷᠵᠢᠭᠦᠯᠵᠦ  ᠂ ᠵᠢᠯᠣᠭᠤᠳᠤᠯᠭ᠎ᠠ ᠦᠢᠯᠡᠴᠢᠯᠡᠭᠡ ᠪᠠᠨ ᠴᠢᠩᠭᠠᠳᠬᠠᠨ  ᠂ ᠲᠠᠷᠢᠶᠠᠴᠢᠨ  ᠂ ᠨᠤᠲᠤᠭ ᠲᠠᠭᠠᠨ ᠪᠤᠴᠠᠭᠰᠠᠳ ᠪᠠ ᠰᠢᠶᠠᠩ ᠳᠤ ᠣᠴᠢᠭᠰᠠᠨ ᠬᠥᠮᠥᠰ ᠤᠨ ᠬᠥᠳᠡᠭᠡ ᠲᠣᠰᠬᠤᠨ ᠳᠤ ᠠᠳᠠᠯ ᠦᠢᠯᠡᠰ ᠴᠣᠭᠴᠠᠯᠠᠨ ᠰᠢᠨ᠎ᠡ ᠶᠢ ᠡᠭᠦᠳᠬᠦ ᠶᠢ ᠳᠡᠮᠵᠢᠵᠦ  ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠪᠠ ᠲᠠᠷᠢᠶᠠᠴᠢᠳ ᠤᠨ ᠠᠵᠢᠯ ᠣᠯᠬᠤ ᠶᠢ ᠠᠬᠢᠭᠤᠯᠬᠤ ᠬᠡᠷᠡᠭᠲᠡᠢ  ᠃      ᠬᠤᠷᠢᠨ ᠨᠢᠭᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠠᠷᠢᠶᠠᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠳᠤ ᠠᠰᠢᠭᠲᠠᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢᠶᠠᠨ ᠥᠷᠭᠡᠳᠬᠡᠬᠦ ᠶᠢ ᠵᠣᠷᠢᠭᠵᠢᠭᠤᠯᠤᠨ ᠲᠡᠮᠵᠢᠵᠤ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃      ᠤᠯᠤᠰ ᠠᠴᠠ ᠠᠷᠭ᠎ᠠ ᠬᠡᠮᠵᠢᠶ᠎ᠡ ᠠᠪᠴᠤ ᠪᠠᠶᠢᠭᠠᠳ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠲᠡᠮᠵᠢᠵᠦ᠂ ᠲᠤᠰ ᠬᠠᠮᠲᠤ ᠶᠢᠨ ᠪᠦᠷᠢᠯᠳᠦᠭᠦᠨ ᠳᠡᠭᠡᠨ ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡ ᠬᠠᠩᠭᠠᠵᠤ᠂ ᠪᠦᠷᠢᠯᠳᠦᠭᠦᠨ ᠨᠦᠭᠦᠳ ᠤᠨ ᠬᠠᠮᠲᠤ ᠶᠢᠨ ᠡᠵᠡᠩᠨᠡᠯᠲᠡ ᠶᠢᠨ ᠣᠷᠣᠯᠭ᠎ᠠ ᠠᠴᠠ ᠪᠠᠨ ᠠᠰᠢᠭ ᠣᠷᠣᠯᠭ᠎ᠠ ᠪᠠᠨ ᠬᠤᠪᠢᠶᠠᠷᠢᠯᠠᠬᠤ ᠡᠷᠬᠡ ᠶᠢ ᠪᠠᠲᠤᠯᠠᠨ᠎ᠠ᠃      ᠤᠯᠤᠰ ᠠᠴᠠ ᠲᠠᠷᠢᠶᠠᠴᠢᠳ ᠤᠨ ᠲᠤᠰᠬᠠᠢ ᠠᠵᠢᠯ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠪᠠ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ᠂ ᠲᠠᠷᠢᠶᠠᠯᠠᠩ ᠤᠨ ᠲᠤᠰᠬᠠᠶᠢᠵᠢᠭᠰᠠᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠡᠷᠭᠡ ᠶᠢᠨ ᠤᠯᠠᠨ ᠵᠦᠢᠯ ᠤᠨ ᠠᠷᠭ᠎ᠠ ᠮᠠᠶ᠋ᠢᠭ ᠢᠶᠠᠷ ᠲᠠᠷᠢᠶᠠᠴᠢᠳ ᠲᠠᠢ ᠨᠢᠭᠲᠠ ᠬᠡᠯᠪᠡᠷᠢ ᠶᠢᠨ ᠠᠰᠢᠭ ᠲᠤᠰᠠ ᠶᠢᠨ ᠬᠤᠯᠪᠣᠯᠳᠤᠭᠰᠠᠨ ᠲᠣᠭᠲᠠᠴᠠ ᠪᠠᠶᠢᠭᠤᠯᠬᠤ ᠶᠢ ᠲᠡᠮᠵᠢᠵᠤ᠂ ᠲᠠᠷᠢᠶᠠᠴᠢᠳ ᠲᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠦᠷᠳᠡᠭ ᠨᠡᠮᠡᠭᠳᠡᠯ ᠤᠨ ᠠᠰᠢᠭ ᠣᠷᠣᠯᠭ᠎ᠠ ᠶᠢ ᠬᠠᠮᠲᠤ ᠪᠠᠷ ᠡᠳ᠋ᠯᠡᠭᠦᠯᠦᠨ᠎ᠡ᠃      ᠬᠤᠷᠢᠨ ᠬᠤᠶᠠᠳᠤᠭᠠᠷ ᠵᠦᠢᠯ ᠡᠯ᠎ᠡ ᠱᠠᠲᠤᠨ  ᠤ ᠠᠷᠠᠳ ᠤᠨ ᠵᠠᠰᠠᠭ ᠤᠨ ᠣᠷᠳᠣᠨ ᠨᠤᠭᠤᠳ ᠤᠯᠤᠰ ᠤᠨ ᠥᠮᠴᠢᠯᠡᠯᠲᠦ ᠲᠠᠷᠢᠶᠠᠯᠠᠩ (ᠤᠢ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠶ) ᠤᠨ ᠲᠠᠯᠠᠪᠠᠢ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠥᠮᠴᠢᠯᠡᠯᠲᠦ ᠲᠠᠷᠢᠶᠠᠯᠠᠩ (ᠤᠢ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠶ) ᠤᠨ ᠲᠠᠯᠠᠪᠠᠢ ᠶᠢᠨ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠤᠯᠤᠰ  ᠤᠨ ᠥᠮᠴᠢᠯᠡᠯᠲᠦ ᠲᠠᠷᠢᠶᠠᠯᠠᠩ (ᠤᠢ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠶ) ᠤᠨ ᠲᠠᠯᠠᠪᠠᠢ ᠶᠢᠨ ᠲᠠᠷᠢᠶᠠᠯᠠᠩ ᠬᠥᠳᠡᠭᠡ ᠲᠣᠰᠬᠤᠨ  ᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ   ᠳᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠬᠤ ᠬᠡᠷᠡᠭᠲᠡᠢ᠃      ᠬᠤᠷᠢᠨ ᠭᠤᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠠᠩᠭᠠᠨ ᠪᠣᠷᠣᠯᠠᠭᠤᠯᠬᠤ ᠬᠤᠷᠰᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠩᠭᠠᠨ ᠪᠣᠷᠣᠯᠠᠭᠤᠯᠬᠤ ᠬᠤᠷᠰᠢᠶᠠᠨ ᠤ ᠲᠠᠷᠢᠶᠠᠴᠢᠳ ᠤᠨ ᠠᠰᠢᠭ ᠲᠤᠰᠠ ᠯᠤᠭ᠎ᠠ ᠶᠢᠨ ᠬᠤᠯᠪᠣᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠵᠤ᠂ ᠵᠠᠬ᠎ᠠ ᠳᠡᠯᠭᠡᠭᠦᠷ ᠤᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠂ ᠲᠠᠷᠢᠶᠠᠯᠠᠩ ᠳᠤ ᠦᠢᠯᠡᠴᠢᠯᠡᠬᠦ ᠴᠢᠳᠠᠮᠵᠢ ᠶᠢ ᠨᠢ ᠴᠢᠩᠭᠠᠳᠬᠠᠵᠤ᠂ ᠲᠠᠷᠢᠶᠠᠯᠠᠩ ᠳᠤ ᠦᠢᠯᠡᠴᠢᠯᠡᠬᠦ ᠶᠡᠷᠦᠩᠬᠡᠶᠢᠯᠡᠭᠰᠡᠨ ᠴᠢᠨᠠᠷᠲᠠᠢ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠨᠢ ᠪᠠᠳᠠᠷᠠᠭᠤᠯᠬᠤ ᠬᠡᠷᠡᠭᠲᠡᠢ᠃      ᠭᠤᠷᠪᠠᠳᠤᠭᠠᠷ ᠪᠦᠯᠦᠭ ᠴᠢᠳᠠᠪᠤᠷᠢᠲᠠᠨ ᠤ ᠲᠤᠯᠭᠠᠭᠤᠷᠢᠯᠠᠯ      ᠬᠤᠷᠢᠨ ᠳᠥᠷᠪᠡᠳᠦᠭᠡᠷ ᠵᠦᠢᠯ ‍ᠤᠯᠤᠰ ᠠᠴᠠ ᠬᠥᠳᠡᠭᠡ ᠲᠣᠰᠬᠤᠨ ᠤ ᠴᠢᠳᠠᠪᠤᠷᠢᠲᠠᠨ ᠤ ᠠᠵᠢᠯ ᠤᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠠᠷᠭ᠎ᠠ ᠬᠡᠮᠵᠢᠶ᠎ᠡ ᠠᠪᠴᠤ ᠪᠠᠶᠢᠭᠠᠳ ᠨᠡᠶᠢᠭᠡᠮ ᠤᠨ ᠡᠯ᠎ᠡ ᠲᠠᠯ᠎ᠠ ᠶᠢᠨ  ᠬᠢᠨ ᠤ ᠰᠤᠷᠭᠠᠨ ᠬᠥᠮᠦᠵᠢᠯ ᠪᠣᠯᠪᠠᠰᠤᠷᠠᠭᠤᠯᠤᠯ᠂ ᠮᠡᠷᠭᠡᠵᠢᠯ ᠤᠨ ᠳᠡᠮᠵᠢᠯᠭᠡ᠂ ᠠᠳᠠᠯ ᠦᠢᠯᠡᠰ ᠴᠣᠭᠴᠠᠯᠠᠬᠤ ᠵᠢᠯᠣᠭᠤᠳᠤᠯᠭ᠎ᠠ ᠵᠡᠷᠭᠡ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ ᠲᠡᠮᠵᠢᠵᠤ᠂ ᠲᠤᠰ ᠭᠠᠵᠠᠷ ᠣᠷᠣᠨ ᠤ ᠴᠢᠳᠠᠪᠤᠷᠢᠲᠠᠨ ᠢ ᠬᠥᠮᠥᠵᠢᠭᠦᠯᠦᠨ᠂ ᠬᠤᠳᠠ ᠶᠢᠨ ᠴᠢᠳᠠᠪᠤᠷᠢᠲᠠᠨ ᠤ ᠬᠥᠳᠡᠭᠡ ᠪᠠᠭᠤᠬᠤ ᠶᠢ ᠬᠥᠲᠥᠯᠥᠨ ᠵᠢᠯᠤᠭᠤᠳᠴᠤ ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠬᠥᠳᠡᠭᠡ ᠲᠣᠰᠬᠤᠨ ᠳᠤ ᠦᠢᠯᠡᠴᠢᠯᠡᠬᠦ ᠶᠢ ᠲᠦᠯᠬᠢᠨ ᠠᠬᠢᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃      ᠬᠤᠷᠢᠨ ᠲᠠᠪᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠢ ᠲᠥᠯᠥᠪᠯᠡᠬᠦ  ᠶᠢ ᠴᠢᠩᠭᠠᠳᠬᠠᠵᠤ  ᠂ ᠬᠥᠳᠡᠭᠡ ᠲᠣᠰᠬᠤᠨ ᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ  ᠂ ᠰᠦᠯᠵᠢᠶᠡᠨ ᠤ ᠠᠯᠤᠰ ᠠᠴᠠ ᠵᠢᠭᠠᠬᠤ ᠰᠤᠷᠭᠠᠨ ᠬᠥᠮᠦᠵᠢᠯ ᠥᠷᠨᠢᠭᠦᠯᠬᠦ ᠶᠢ ᠬᠥᠳᠡᠭᠡ ᠲᠣᠰᠬᠤᠨ ᠤ ᠰᠠᠭᠤᠷᠢ ᠰᠤᠷᠭᠠᠨ ᠬᠥᠮᠦᠵᠢᠯ ᠤᠨ ᠶᠠᠰᠤ ᠬᠥᠳᠡᠭᠡ ᠲᠣᠰᠬᠤᠨ ᠤ ᠪᠠᠭᠰᠢ ᠶᠢ ᠬᠥᠮᠥᠵᠢᠭᠦᠯᠬᠦ ᠡᠷᠴᠢᠮ ᠢ ᠴᠢᠩᠭᠠᠷᠠᠭᠤᠯᠵᠤ  ᠂ ᠠᠯᠪᠠᠨ ᠵᠠᠷᠤᠳᠠᠯ ᠢᠶᠠᠷ ᠪᠠᠭᠰᠢ ᠶᠢᠨ ᠰᠤᠷᠭᠠᠨ ᠬᠥᠮᠦᠵᠢᠯ ᠬᠦᠷᠲᠡᠭᠡᠬᠦ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠳᠡᠭᠡᠳᠦ ᠵᠡᠷᠭᠡ ᠶᠢᠨ ᠰᠤᠷᠭᠠᠭᠤᠯᠢ ᠲᠡᠭᠦᠰᠦᠭᠰᠡᠳ ᠢ ᠬᠥᠳᠡᠭᠡ ᠲᠣᠰᠬᠤᠨ ᠳᠤ ᠣᠴᠢᠭᠤᠯᠤᠨ ᠪᠠᠭᠰᠢᠯᠠᠭᠤᠯᠵᠤ  ᠂ ᠣᠷᠳᠣ ᠬᠤᠭᠤᠴᠠᠭ᠎ᠠ ᠪᠠᠷ ᠬᠥᠳᠡᠭᠡ ᠲᠣᠰᠬᠤᠨ ᠳᠤ ᠪᠠᠭᠰᠢᠯᠠᠭᠰᠠᠨ ᠪᠠᠭᠰᠢ ᠳᠤ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ ᠵᠡᠷᠭᠡ ᠲᠠᠯ᠎ᠠ ᠪᠠᠷ ᠬᠠᠷᠠᠭᠠᠯᠵᠠᠯ ᠦᠵᠡᠭᠦᠯᠵᠦ  ᠂ ᠬᠥᠳᠡᠭᠡ ᠲᠣᠰᠬᠤᠨ ᠤ ᠪᠠᠭᠰᠢ ᠶᠢᠨ ᠣᠯᠭᠤᠮᠵᠢ ᠶᠢ ᠪᠠᠲᠤᠯᠠᠨ ᠰᠠᠶᠢᠵᠢᠷᠠᠭᠤᠯᠵᠤ  ᠂ ᠬᠥᠳᠡᠭᠡ ᠲᠣᠰᠬᠤᠨ ᠤ ᠪᠠᠭᠰᠢ ᠶᠢᠨ ᠰᠤᠷᠤᠯᠭ᠎ᠠ ᠶᠢᠨ ᠨᠠᠮᠲᠠᠷ ᠤᠨ ᠬᠢᠷᠢ ᠬᠡᠮᠵᠢᠶ᠎ᠡ  ᠂ ᠪᠦᠬᠦᠯᠢ ᠴᠣᠭᠴᠠ ᠶᠢᠨ ᠬᠡᠪ ᠴᠢᠨᠠᠷ ᠪᠠ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ  ᠃      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠷᠭ᠎ᠠ ᠬᠡᠮᠵᠢᠶ᠎ᠡ ᠠᠪᠴᠤ ᠪᠠᠶᠢᠭᠠᠳ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠡᠩᠨᠡᠭᠡᠨ ᠤ ᠪᠠᠶᠢᠭᠤᠯᠤᠯᠲᠠ ᠰᠢᠶᠠᠨ ᠰᠢᠶᠠᠩ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠤ ᠪᠣᠯᠪᠠᠰᠤᠷᠠᠯ  ᠂ ᠳᠠᠪᠲᠠᠨ ᠪᠣᠯᠪᠠᠰᠤᠷᠠᠯ ᠳᠤ ᠣᠷᠤᠯᠴᠠᠬᠤ  ᠶᠢ ᠳᠡᠮᠵᠢᠵᠦ  ᠂ ᠰᠢᠶᠠᠨ ᠰᠢᠶᠠᠩ ᠲᠣᠰᠬᠤᠨ ᠳᠤ ᠨᠡᠪᠲᠡᠷᠡᠭᠰᠡᠨ ᠠᠵᠢᠯ ᠮᠡᠷᠭᠡᠵᠢᠯ ᠤᠨ ᠬᠥᠭᠵᠢᠯᠲᠡ ᠶᠢᠨ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠳᠤ ᠠᠵᠢᠯᠯᠠᠵᠤ ᠪᠠᠶᠢᠭ᠎ᠠ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠳ ᠲᠤ ᠬᠠᠷᠠᠭᠠᠯᠵᠠᠯ ᠦᠵᠡᠭᠦᠯᠵᠦ᠂ ᠡᠮᠨᠡᠯᠭᠡ ᠶᠢᠨ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠬᠥᠳᠡᠭᠡ ᠲᠣᠰᠬᠤᠨ ᠳᠤ ᠣᠴᠢᠵᠤ ᠠᠵᠢᠯᠯᠠᠬᠤ ᠶᠢ ᠵᠣᠷᠢᠭᠵᠢᠭᠤᠯᠵᠤ᠂ ᠡᠮᠴᠢ ᠶᠢᠨ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠣᠴᠢᠵᠤ ᠠᠵᠢᠯ ᠡᠷᠬᠢᠯᠡᠬᠦ᠂ ᠬᠥᠳᠡᠭᠡ ᠲᠣᠰᠬᠤᠨ ᠤ ᠡᠮᠨᠡᠬᠦ ᠭᠠᠵᠠᠷ ᠡᠷᠬᠢᠯᠡᠬᠦ ᠶᠢ ᠳᠡᠮᠵᠢᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠮᠡᠳᠡᠯᠭᠡ ᠶᠢ ᠲᠦᠭᠡᠮᠡᠯᠵᠢᠭᠦᠯᠵᠦ᠂ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ᠂ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢᠲᠠᠨ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠴᠢᠳᠠᠪᠤᠷᠢᠲᠠᠨ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠢ ᠬᠥᠮᠥᠵᠢᠭᠦᠯᠵᠦ᠂ ᠬᠥᠳᠡᠭᠡ ᠲᠣᠰᠬᠤᠨ ᠤ ᠰᠣᠶᠣᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠰᠣᠶᠣᠯ ᠤᠨ ᠭᠤᠣᠯᠯᠠᠭᠴᠢ ᠬᠦᠴᠦᠨ ᠢ ᠬᠥᠮᠥᠵᠢᠭᠦᠯᠦᠨ᠎ᠡ᠃      ᠬᠤᠷᠢᠨ ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠷᠭ᠎ᠠ ᠬᠡᠮᠵᠢᠶ᠎ᠡ ᠠᠪᠴᠤ ᠪᠠᠶᠢᠭᠠᠳ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠦᠷᠭᠦᠯᠵᠢᠯᠡᠬᠦ ᠰᠤᠷᠭᠠᠨ ᠬᠥᠮᠦᠵᠢᠯ ᠢ ᠴᠢᠩᠭᠠᠳᠬᠠᠵᠤ᠂ ᠲᠠᠷᠢᠶᠠᠯᠠᠩ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠠᠵᠢᠯ ᠣᠯᠭᠤᠯᠲᠠ ᠶᠢᠨ ᠪᠣᠯᠪᠠᠰᠤᠷᠠᠭᠤᠯᠤᠯ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠣᠶᠣᠯ ᠲᠠᠢ᠂ ᠮᠡᠷᠭᠡᠵᠢᠯ ᠲᠠᠢ᠂ ᠡᠵᠡᠩᠨᠡᠬᠦ ᠳᠡᠭᠡᠨ ᠴᠢᠳᠠᠮᠠᠭᠠᠢ᠂ ᠬᠠᠮᠢᠶᠠᠷᠴᠤ ᠴᠢᠳᠠᠳᠠᠭ ᠥᠨᠳᠥᠷ ᠬᠡᠪ ᠴᠢᠨᠠᠷ ᠪᠦᠬᠦᠢ ᠲᠠᠷᠢᠶᠠᠴᠢᠨ ᠪᠠ ᠬᠥᠳᠡᠭᠡ ᠲᠣᠰᠬᠤᠨ ᠤ ᠬᠡᠷᠡᠭᠯᠡᠭᠡᠨ ᠤ ᠴᠢᠳᠠᠪᠤᠷᠢᠲᠠᠨ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠳᠠᠭᠠᠭᠤᠯᠤᠭᠴᠢ ᠶᠢ ᠬᠥᠮᠥᠵᠢᠭᠦᠯᠬᠦ ᠬᠡᠷᠡᠭᠲᠡᠢ᠃      ᠬᠤᠷᠢᠨ ᠳᠣᠯᠣᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠲᠠᠷᠢᠶᠠᠯᠠᠩ ᠳᠤ ᠬᠤᠯᠪᠣᠭᠳᠠᠬᠤ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠲᠣᠬᠢᠷᠠᠭᠤᠯᠬᠤ ᠶᠢ ᠵᠢᠯᠣᠭᠤᠳᠤᠨ ᠳᠡᠮᠵᠢᠵᠦ᠂ ᠬᠥᠳᠡᠭᠡ ᠲᠣᠰᠬᠤᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠡᠷᠴᠢᠮ ᠢ ᠴᠢᠩᠭᠠᠷᠠᠭᠤᠯᠵᠤ᠂ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠬᠥᠳᠡᠭᠡ ᠲᠣᠰᠬᠤᠨ ᠳᠤ ᠣᠴᠢᠵᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠬᠤ ᠬᠡᠷᠡᠭᠲᠡᠢ᠃      ᠬᠤᠷᠢᠨ ᠨᠠᠢᠮᠠᠳᠤᠭᠠᠷ ᠵᠦᠢᠯ ‍ᠤᠯᠤᠰ ᠠᠴᠠ ᠬᠤᠳᠠ ᠶᠢᠨ ᠴᠢᠳᠠᠪᠤᠷᠢᠲᠠᠨ ᠤ ᠬᠥᠳᠡᠭᠡ ᠲᠣᠰᠬᠤᠨ ᠲᠡᠶᠢᠰᠢ ᠰᠢᠯᠵᠢᠬᠦ ᠶᠢ ᠵᠣᠷᠢᠭᠵᠢᠭᠤᠯᠵᠤ᠂ ᠬᠤᠳᠠ ᠬᠥᠳᠡᠭᠡ᠂ ᠣᠷᠣᠨ ᠪᠦᠰᠡ᠂ ᠰᠤᠷᠭᠠᠭᠤᠯᠢ ᠣᠷᠣᠨ ᠨᠤᠲᠤᠭ ᠤᠨ ᠬᠤᠭᠤᠷᠣᠨᠳᠣᠬᠢ ᠴᠢᠳᠠᠪᠤᠷᠢᠲᠠᠨ ᠢ ᠬᠥᠮᠥᠵᠢᠭᠦᠯᠬᠦ ᠬᠠᠮᠲᠤᠷᠠᠯᠴᠠᠭ᠎ᠠ ᠪᠠ ᠰᠣᠯᠢᠯᠴᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃      ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠡᠯ᠎ᠡ ᠲᠥᠷᠥᠯ ᠤᠨ ᠴᠢᠳᠠᠪᠤᠷᠢᠲᠠᠨ ᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠵᠣᠷᠢᠭᠵᠢᠭᠤᠯᠬᠤ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ  ᠂ ᠨᠡᠶᠢᠭᠡᠮ ᠤᠨ ᠠᠵᠢᠯ ᠪᠠ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ  ᠂ ᠡᠯ᠎ᠡ ᠲᠥᠷᠥᠯ ᠤᠨ ᠴᠢᠳᠠᠪᠤᠷᠢᠲᠠᠨ ᠤ ᠣᠯᠠᠨ ᠵᠦᠢᠯ ᠤᠨ ᠠᠷᠭ᠎ᠠ ᠮᠠᠶ᠋ᠢᠭ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠶᠢ ᠳᠡᠮᠵᠢᠨ ᠵᠢᠯᠣᠭᠤᠳᠤᠨ᠎ᠠ᠃      ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠭᠠᠴᠠᠭᠠᠨ ᠤ ᠠᠷᠠᠳ ᠤᠨ ᠵᠥᠪᠯᠡᠯ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠤᠭᠤᠳ ᠨᠤᠲᠤᠭ ᠲᠠᠭᠠᠨ ᠪᠤᠴᠠᠭᠰᠠᠨ ᠬᠥᠮᠥᠰ ᠪᠠ ᠡᠯ᠎ᠡ ᠲᠦᠷᠦᠯ ᠤᠨ ᠴᠢᠳᠠᠪᠤᠷᠢᠲᠠᠨ ᠳᠤ ᠴᠢᠬᠤᠯᠠ ᠪᠦᠬᠦᠢ ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡ ᠬᠠᠩᠭᠠᠬᠤ ᠬᠡᠷᠡᠭᠲᠡᠢ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠬᠤᠯᠪᠣᠭᠳᠠᠯ ᠪᠦᠬᠦᠢ ᠠᠰᠠᠷᠠᠮᠵᠢ ᠶᠢᠨ ᠬᠠᠷᠠᠭᠠᠯᠵᠠᠯ ᠢ ᠬᠠᠩᠭᠠᠵᠤ ᠪᠣᠯᠣᠨ᠎ᠠ᠃      ᠳᠥᠷᠪᠡᠳᠦᠭᠡᠷ ᠪᠦᠯᠦᠭ ᠰᠣᠶᠣᠯ ᠤᠨ ᠴᠡᠴᠡᠭᠯᠡᠯᠲᠡ      ᠬᠤᠷᠢ ᠶᠢᠰᠦᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠂ ᠬᠥᠳᠡᠭᠡ ᠲᠣᠰᠬᠤᠨ ᠤ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠲᠠᠰᠤᠷᠠᠯᠲᠠ ᠦᠭᠡᠢ ᠲᠡᠭᠡᠭᠰᠢᠯᠡᠭᠦᠯᠦᠨ᠎ᠡ᠃      ᠭᠤᠴᠢᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠴᠢᠳ ᠤᠨ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠬᠤ ᠬᠡᠷᠡᠭᠲᠡᠢ  ᠂ ᠰᠢᠨᠵᠢᠯᠡᠬᠦ ᠤᠬᠠᠭᠠᠨᠴᠢ ᠡᠷᠡᠭᠦᠯ ᠰᠠᠷᠠᠭᠤᠯ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ  ᠂ ᠲᠣᠰᠬᠤᠨ ᠤ ᠳᠦᠷᠢᠮ ᠠᠷᠠᠳ ᠤᠨ ᠭᠡᠷ᠎ᠡ ᠶᠢᠨ ᠢᠳᠡᠪᠬᠢ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠂ ᠵᠠᠩ ᠳᠠᠳᠬᠠᠯ ᠢ ᠥᠭᠡᠷᠡᠴᠢᠯᠡᠬᠦ ᠶᠢ ᠲᠦᠯᠬᠢᠨ ᠠᠬᠢᠭᠤᠯᠵᠤ᠂ ᠶᠡᠭᠡ ᠪᠠᠷ ᠪᠡᠯᠡᠳᠬᠡᠨ ᠪᠦᠷᠢᠯᠭᠡᠬᠦ᠂ ᠪᠦᠷᠢᠯᠭᠡᠨ ᠰᠦᠢᠳᠬᠡᠬᠦ ᠵᠡᠷᠭᠡ ᠬᠠᠭᠤᠴᠢᠨ ᠶᠣᠰᠣ ᠪᠦᠳᠦᠭᠦᠯᠢᠭ ᠵᠠᠩᠰᠢᠯ ᠢ ᠡᠪᠳᠡᠵᠦ᠂ ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠦᠨᠡᠨᠴᠢ ᠢᠲᠡᠭᠡᠮᠵᠢᠲᠡᠢ ᠪᠠᠶᠢᠬᠤ ᠶᠢ ᠰᠠᠨᠠᠭᠠᠴᠢᠯᠠᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠶᠢ ᠠᠬᠢᠭᠤᠯᠤᠨ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠭᠡᠷ ᠪᠦᠯᠢ ᠶᠢ ᠡᠭᠦᠳᠦᠨ ᠪᠠᠶᠢᠭᠤᠯᠵᠤ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠪᠣᠷᠣᠭᠵᠢᠭᠤᠨ ᠪᠣᠷᠣᠭᠵᠢᠭᠤᠨ ᠠᠷᠠᠳ ᠤᠨ ᠰᠤᠷᠲᠠᠯ ᠢ ᠪᠣᠶᠢᠵᠢᠭᠤᠯᠵᠤ᠂ ᠪᠣᠯᠪᠠᠰᠤᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃      ᠭᠤᠴᠢᠨ ᠨᠢᠭᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠥᠳᠡᠭᠡ ᠲᠣᠰᠬᠤᠨ ᠤ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠲᠣᠣᠷ ᠰᠦᠯᠵᠢᠶ᠎ᠡ ᠪᠠ ᠦᠢᠯᠡᠴᠢᠯᠡᠭᠡᠨ ᠤ ᠠᠵᠢᠯᠯᠠᠭᠠᠨ ᠤ ᠲᠣᠭᠲᠠᠴᠠ  ᠶᠢ ᠣᠯᠠᠨ ᠶᠠᠩᠵᠤ ᠶᠢᠨ ᠬᠡᠯᠪᠡᠷᠢ ᠲᠠᠢ ᠲᠠᠷᠢᠶᠠᠴᠢᠳ ᠤᠨ ᠣᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠶᠢᠨ ᠲᠠᠮᠢᠷ  ᠂ ᠪᠠᠶᠠᠷ ᠤᠨ ᠡᠳᠦᠷ ᠤᠨ ᠠᠷᠠᠳ ᠤᠨ ᠵᠠᠩ ᠦᠶᠯᠡ ᠵᠡᠷᠭᠡ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ  ᠂ ᠷᠠᠳᠢᠣ᠋ ᠨᠡᠪᠲᠡᠷᠡᠭᠦᠯᠭᠡ ᠲᠧᠯᠸᠢᠰ  ᠂ ᠦᠵᠡᠵᠦ ᠰᠣᠨᠣᠰᠬᠤ ᠲᠣᠣᠷ ᠰᠦᠯᠵᠢᠶ᠎ᠡ ᠪᠠ ᠨᠣᠮ ᠪᠢᠴᠢᠭ ᠰᠣᠨᠢᠨ ᠰᠡᠳᠬᠦᠯ ᠢ ᠭᠦᠢᠴᠡᠳ ᠠᠰᠢᠭᠯᠠᠨ  ᠂ ᠬᠥᠳᠡᠭᠡ ᠲᠣᠰᠬᠤᠨ ᠤ ᠰᠣᠶᠣᠯ ᠤᠨ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠵᠦ  ᠂ ᠳᠥᠭᠦᠮ ᠳᠥᠲᠡ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠠᠩᠭᠠᠨ᠎ᠠ  ᠃      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠢᠶᠠᠷ ᠰᠡᠳᠦᠪᠯᠡᠭᠰᠡᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠳᠡᠮᠵᠢᠵᠦ  ᠂ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠳᠦᠯᠭᠡ ᠶᠢ ᠲᠤᠰᠬᠠᠭᠰᠠᠨ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠦᠶᠯᠡᠳᠬᠦ ᠶᠢ ᠵᠣᠷᠢᠭᠵᠢᠭᠤᠯᠬᠤ ᠬᠡᠷᠡᠭᠲᠡᠢ  ᠃      ᠭᠤᠴᠢᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠯᠠᠩ ᠤᠨ ᠰᠣᠶᠣᠯ ᠤᠨ ᠥᠪ ᠪᠣᠯᠣᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ᠂ ᠲᠠᠷᠢᠶᠠᠯᠠᠩ ᠤᠨ ᠰᠢᠯᠢᠳᠡᠭ ᠰᠣᠶᠣᠯ ᠤᠨ ᠭᠦᠨ ᠠᠭᠤᠯᠤᠭᠳᠠᠬᠤᠨ ᠢ ᠠᠭᠤᠳᠠᠯᠵᠤ᠂ ᠬᠤᠪᠢᠰᠬᠠᠯ ᠤᠨ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠤᠯᠠᠮᠵᠢᠯᠠᠯᠲᠤ ᠰᠢᠯᠢᠳᠡᠭ ᠰᠣᠶᠣᠯ ᠢ ᠤᠯᠠᠮᠵᠢᠯᠠᠨ ᠬᠥᠭᠵᠢᠭᠦᠯᠬᠦ ᠬᠡᠷᠡᠭᠲᠡᠢ       ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠲᠡᠦᠬᠡ ᠰᠣᠶᠣᠯ ᠤᠨ ᠨᠡᠷᠡᠲᠦ ᠪᠠᠯᠭᠠᠰᠤ ᠨᠡᠷᠡᠲᠦ ᠲᠣᠰᠬᠤᠨ᠂ ᠤᠯᠠᠮᠵᠢᠯᠠᠯᠲᠤ ᠠᠶᠢᠯ ᠲᠣᠰᠬᠤᠨ ᠪᠠ ᠬᠥᠳᠡᠭᠡ ᠲᠣᠰᠬᠤᠨ ᠤ ᠳᠦᠷᠰᠦ ᠪᠠᠶᠢᠳᠠᠯ᠂ ᠴᠥᠭᠡᠨ ᠲᠣᠭᠠᠲᠤ ᠦᠨᠳᠦᠰᠦᠲᠡᠨ ᠤ ᠣᠨᠴᠠᠯᠢᠭ ᠪᠦᠬᠦᠢ ᠠᠶᠢᠯ ᠲᠣᠰᠬᠤᠨ ᠤ ᠬᠠᠮᠠᠭᠠᠯᠠᠯᠲᠠ ᠶᠢ ᠴᠢᠩᠭᠠᠳᠬᠠᠵᠤ᠂ ᠬᠠᠮᠠᠭᠠᠯᠠᠯᠲᠠ ᠶᠢᠨ ᠪᠠᠶᠢᠳᠠᠯ ᠢ ᠬᠢᠨᠠᠨ ᠬᠡᠮᠵᠢᠬᠦ ᠪᠠ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠠᠷᠭ᠎ᠠ ᠬᠡᠮᠵᠢᠶ᠎ᠡ ᠠᠪᠴᠤ ᠪᠠᠶᠢᠭᠠᠳ ᠭᠠᠯ ᠤᠨ ᠭᠠᠮᠰᠢᠭ᠂ ᠦᠶᠡᠷ ᠤᠨ ᠤᠰᠤ᠂ ᠭᠠᠵᠠᠷ ᠬᠥᠳᠡᠯᠦᠯᠲᠡ ᠵᠡᠷᠭᠡ ᠶᠢᠨ ᠭᠠᠢ ᠭᠠᠮᠰᠢᠭ ᠢ ᠰᠡᠷᠭᠡᠶᠢᠯᠡᠨ ᠪᠠᠭᠠᠰᠬᠠᠬᠤ ᠬᠡᠷᠡᠭᠲᠡᠢ᠃      ᠭᠤᠴᠢᠨ ᠭᠤᠷᠪᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠲᠥᠯᠦᠪᠵᠢᠭᠦᠯᠭᠡ ᠪᠠᠷ ᠬᠥᠲᠥᠯᠥᠨ ᠵᠢᠯᠤᠭᠤᠳᠬᠤ  ᠂ ᠨᠡᠶᠢᠲᠡᠯᠢᠭ ᠵᠢᠱᠢᠶ᠎ᠡ ᠦᠵᠡᠭᠦᠯᠬᠦ ᠶᠢ ᠪᠠᠷᠢᠮᠲᠠᠯᠠᠵᠤ  ᠂ ᠣᠨᠴᠠᠯᠢᠭ ᠢᠶᠠᠷ ᠢᠯᠡ ᠲᠣᠳᠣ᠂ ᠳᠠᠪᠠᠭᠤᠯᠢᠭ ᠢᠶᠠᠷ ᠲᠣᠪᠣᠶᠢᠮ᠎ᠠ ᠲᠠᠷᠢᠶᠠᠯᠠᠩ ᠤᠨ ᠰᠣᠶᠣᠯ ᠤᠨ ᠦᠵᠡᠭᠦᠯᠦᠯᠭᠡ ᠶᠢᠨ ᠲᠣᠭᠤᠷᠢᠭ᠂ ᠰᠣᠶᠣᠯ ᠤᠨ ᠠᠵᠤ ᠦᠢᠯᠡᠰ ᠤᠨ ᠣᠨᠴᠠᠯᠢᠭᠲᠤ ᠠᠶᠢᠯ ᠲᠣᠰᠬᠤᠨ ᠢ ᠲᠥᠯᠥᠪᠯᠡᠭᠡ ᠲᠠᠢ ᠪᠠᠷ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠣᠨᠴᠠᠯᠢᠭᠲᠤ ᠰᠣᠶᠣᠯ ᠪᠡᠶ᠎ᠡ ᠶᠢᠨ ᠲᠠᠮᠢᠷ ᠤᠨ ᠠᠵᠤ ᠦᠢᠯᠡᠰ ᠢ ᠬᠥᠭᠵᠢᠭᠦᠯᠵᠦ᠂ ᠬᠥᠳᠡᠭᠡ ᠲᠣᠰᠬᠤᠨ ᠤ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠵᠤ᠂ ᠣᠶᠤᠨᠲᠤ ᠷᠠᠳᠢᠣ᠋ ᠲᠧᠯᠸᠢᠰ ᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠤᠨ ᠵᠠᠬ᠎ᠠ ᠳᠡᠯᠭᠡᠭᠦᠷ ᠢ ᠬᠥᠭᠵᠢᠶᠡᠨᠲᠡᠢ ᠪᠣᠯᠭᠠᠨ᠎ᠠ᠃      ᠲᠠᠪᠤᠳᠤᠭᠠᠷ ᠪᠦᠯᠦᠭ ᠡᠮᠢ ᠠᠬᠤᠢ ᠶᠢᠨ ᠬᠠᠮᠠᠭᠠᠯᠠᠯᠲᠠ      ᠭᠤᠴᠢᠨ ᠳᠥᠷᠪᠡᠳᠦᠭᠡᠷ ᠵᠦᠢᠯ ‍ᠤᠯᠤᠰ ᠠᠴᠠ ᠴᠢᠬᠤᠯᠠ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠳᠦᠷᠢᠮ ᠪᠠ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠲᠣᠭᠲᠠᠴᠠ ᠶᠢ ᠪᠦᠷᠢᠨᠰᠢᠭᠦᠯᠵᠦ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠠᠮᠢ ᠠᠬᠤᠢ ᠶᠢᠨ ᠬᠠᠮᠠᠭᠠᠯᠠᠯᠲᠠ ᠪᠠ ᠣᠷᠴᠢᠨ ᠠᠬᠤᠢ ᠶᠢᠨ ᠵᠠᠰᠠᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠣᠷᠴᠢᠨ ᠠᠬᠤᠢ ᠶᠢ ᠨᠣᠭᠤᠭᠠᠷᠠᠭᠤᠯᠤᠨ ᠭᠤᠶᠣᠵᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃      ᠭᠤᠴᠢᠨ ᠲᠠᠪᠤᠳᠤᠭᠠᠷ ᠵᠦᠢᠯ  ‍ᠤᠯᠤᠰ ᠠᠴᠠ ᠲᠠᠷᠢᠶᠠᠯᠠᠩ ᠤᠨ ᠦᠢᠯᠡᠳᠪᠦᠷᠢᠯᠡᠭᠴᠢᠳ ᠤᠨ ᠤᠰᠤ ᠠᠷᠪᠢᠯᠠᠬᠤ᠂ ᠪᠣᠷᠳᠣᠭᠤᠷ ᠠᠷᠪᠢᠯᠠᠬᠤ᠂ ᠡᠮ ᠠᠷᠪᠢᠯᠠᠬᠤ᠂ ᠡᠨᠧᠷᠭᠢ ᠠᠷᠪᠢᠯᠠᠬᠤ ᠵᠡᠷᠭᠡ ᠲᠡᠷᠢᠭᠦᠨ ᠤ ᠲᠡᠷᠢᠵᠦ ᠲᠡᠵᠢᠭᠡᠨ ᠦᠷᠡᠵᠢᠭᠦᠯᠬᠦ ᠮᠡᠷᠭᠡᠵᠢᠯ ᠢ ᠬᠡᠷᠡᠭᠯᠡᠨ᠂ ᠲᠡᠷᠢᠵᠦ ᠲᠡᠵᠢᠭᠡᠬᠦ ᠶᠢ ᠤᠶᠠᠯᠳᠤᠭᠤᠯᠬᠤ᠂ ᠲᠠᠷᠢᠶᠠᠯᠠᠩ ᠤᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠲᠤᠶᠢᠯᠬᠢᠠ ᠠᠬᠢᠭᠤᠯᠵᠤ᠂ ᠠᠮᠢ ᠠᠬᠤᠢ ᠶᠢᠨ ᠡᠷᠭᠢᠯᠲᠡᠲᠦ ᠲᠠᠷᠢᠶᠠᠯᠠᠩ ᠢ ᠡᠩ ᠲᠡᠷᠢᠭᠦᠨ ᠳᠤ ᠬᠥᠭᠵᠢᠭᠦᠯᠬᠦ ᠶᠢ ᠵᠣᠷᠢᠭᠵᠢᠭᠤᠯᠤᠨ ᠲᠡᠮᠵᠢᠨ᠎ᠡ᠃      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠲᠠᠷᠢᠶᠠᠯᠠᠩ ᠳᠤ ᠣᠷᠣᠭᠤᠯᠬᠤ ᠡᠳ᠋ ᠤᠨ ᠬᠡᠮᠵᠢᠶ᠎ᠡ ᠶᠢ ᠪᠠᠭᠠᠰᠬᠠᠬᠤ᠂ ᠦᠢᠯᠡᠳᠪᠦᠷᠢᠯᠡᠯ ᠢ ᠴᠡᠪᠡᠷᠰᠢᠭᠦᠯᠬᠦ᠂ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ᠂ ᠠᠵᠤ ᠦᠢᠯᠡᠰ ᠤᠨ ᠵᠠᠭᠪᠤᠷ ᠢ ᠠᠮᠢ ᠠᠬᠤᠶᠢᠵᠢᠭᠤᠯᠬᠤ ᠶᠢ ᠲᠦᠯᠬᠢᠨ ᠠᠬᠢᠭᠤᠯᠵᠤ᠂ ᠪᠦᠬᠦ ᠨᠡᠶᠢᠭᠡᠮ ᠢ ᠬᠥᠲᠥᠯᠥᠨ ᠵᠢᠯᠤᠭᠤᠳᠴᠤ ᠪᠠᠶᠢᠭᠠᠳ ᠠᠷᠪᠢᠯᠠᠨ ᠭᠠᠮᠨᠠᠬᠤ ᠳᠤ ᠲᠣᠬᠢᠷᠠᠮᠵᠢᠲᠠᠢ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ᠂ ᠪᠣᠯᠪᠠᠰᠤᠨ ᠡᠷᠡᠭᠦᠯ ᠦᠢᠯᠡᠳᠪᠦᠷᠢᠯᠡᠯ ᠠᠮᠢᠳᠤᠷᠠᠯ ᠪᠠ ᠬᠡᠷᠡᠭᠯᠡᠭᠡᠨ ᠤ ᠠᠷᠭ᠎ᠠ ᠮᠠᠶ᠋ᠢᠭ ᠢ ᠪᠤᠢ ᠪᠣᠯᠭᠠᠬᠤ ᠬᠡᠷᠡᠭᠲᠡᠢ᠃      ᠭᠤᠴᠢᠨ ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠤᠯᠤᠰ ᠤᠨ ᠨᠤᠲᠤᠭ ᠳᠡᠪᠢᠰᠬᠡᠷ ᠢ ᠶᠡᠷᠦᠩᠬᠡᠶᠢᠯᠡᠨ ᠵᠠᠰᠠᠬᠤ ᠪᠠ ᠠᠮᠢ ᠠᠬᠤᠢ ᠶᠢ ᠵᠠᠰᠠᠨ ᠰᠡᠷᠭᠦᠭᠡᠬᠦ ᠶᠢ ᠬᠡᠷᠡᠭᠵᠢᠭᠦᠯᠵᠦ᠂ ᠤᠢ ᠰᠢᠭᠤᠢ᠂ ᠨᠤᠲᠤᠭ ᠪᠡᠯᠴᠢᠭᠡᠷ᠂ ᠴᠢᠭᠢᠭᠯᠢᠭ ᠭᠠᠵᠠᠷ ᠵᠡᠷᠭᠡ ᠶᠢ ᠬᠠᠮᠠᠭᠠᠯᠠᠨ ᠰᠡᠷᠭᠦᠭᠡᠬᠦ ᠠᠵᠢᠯ ᠢ ᠴᠢᠩᠭᠠᠳᠬᠠᠵᠤ᠂ ᠴᠥᠯᠡᠷᠬᠡᠭᠵᠢᠯ᠂ ᠬᠠᠶᠢᠷᠬᠠᠭ ᠴᠦᠯᠵᠢᠯ᠂ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ᠂ ᠬᠥᠳᠡᠭᠡ ᠲᠣᠰᠬᠤᠨ ᠤ ᠠᠮᠢ ᠠᠬᠤᠢ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠬᠡᠷᠡᠭᠲᠡᠢ᠃      ᠭᠤᠴᠢᠨ ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠠᠰᠠᠭ ᠤᠨ ᠣᠷᠳᠣᠨ᠂ ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠲᠠᠷᠢᠶᠠᠴᠢᠨ ᠵᠡᠷᠭᠡ ᠡᠯ᠎ᠡ ᠲᠠᠯ᠎ᠠ ᠶᠢᠨ ᠬᠢᠨ ᠤ ᠣᠷᠣᠯᠴᠠᠭᠰᠠᠨ ᠬᠠᠮᠲᠤ ᠪᠠᠷ ᠪᠠᠶᠢᠭᠤᠯᠵᠤ ᠬᠠᠮᠲᠤ ᠪᠠᠷ ᠬᠠᠮᠢᠶᠠᠷᠴᠤ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠤᠰᠤᠨ ᠰᠢᠰᠲ᠋ᠧᠮ ᠢ ᠶᠡᠷᠦᠩᠬᠡᠶᠢᠯᠡᠨ ᠴᠡᠭᠴᠡᠯᠡᠨ ᠵᠠᠰᠠᠵᠤ᠂ ᠠᠷᠢᠭᠤᠨ ᠴᠡᠪᠡᠷ ᠵᠣᠷᠯᠣᠩ ᠪᠠ ᠬᠡᠷᠡᠭᠯᠡᠬᠦ ᠳᠤ ᠳᠥᠭᠦᠮ ᠬᠢᠯᠪᠠᠷ ᠬᠤᠭ ᠨᠣᠪᠰᠢ ᠶᠢᠨ ᠠᠩᠭᠢᠯᠠᠯ ᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠳᠡᠯᠭᠡᠷᠡᠭᠦᠯᠵᠦ᠂ ᠬᠥᠳᠡᠭᠡ ᠲᠣᠰᠬᠤᠨ ᠤ ᠬᠤᠭ ᠨᠣᠪᠰᠢ ᠪᠠ ᠪᠣᠬᠢᠷ ᠤᠰᠤ ᠶᠢ ᠵᠠᠰᠠᠵᠤ᠂ ᠬᠥᠳᠡᠭᠡ ᠲᠣᠰᠬᠤᠨ ᠤ ᠬᠠᠷᠰᠢ ᠰᠠᠭᠠᠳ ᠦᠭᠡᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠷᠢᠭᠤᠨ ᠴᠡᠪᠡᠷ ᠡᠨᠧᠷᠭᠢ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠬᠡᠷᠡᠭᠯᠡᠬᠦ ᠶᠢ ᠵᠣᠷᠢᠭᠵᠢᠭᠤᠯᠤᠨ ᠳᠡᠮᠵᠢᠵᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃      ᠭᠤᠴᠢᠨ ᠨᠠᠢᠮᠠᠳᠤᠭᠠᠷ ᠵᠦᠢᠯ ‍ᠤᠯᠤᠰ ᠠᠴᠠ ᠬᠥᠳᠡᠭᠡ ᠲᠣᠰᠬᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ ᠪᠠ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶᠠᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠠᠮᠲᠤᠯᠢᠭ ᠤᠨ ᠠᠶᠤᠯᠭᠦᠢ ᠣᠷᠣᠨ ᠰᠠᠭᠤᠴᠠ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ᠎ᠠ᠃ ᠬᠥᠳᠡᠭᠡ ᠲᠣᠰᠬᠤᠨ ᠤ ᠣᠷᠣᠨ ᠰᠠᠭᠤᠴᠠ ᠶᠢ ᠪᠦᠲᠦᠭᠡᠨ ᠪᠠᠶᠢᠭᠤᠯᠬᠤ ᠳᠤ ᠭᠠᠮᠰᠢᠭ ᠠᠮᠠᠷᠬᠠᠨ ᠡᠭᠦᠰᠳᠡᠭ ᠣᠷᠣᠨ ᠠᠴᠠ ᠵᠠᠶᠢᠯᠠᠵᠤ᠂ ᠭᠠᠵᠠᠷ ᠬᠥᠳᠡᠯᠦᠯᠲᠡ ᠶᠢ ᠡᠰᠡᠷᠭᠦᠴᠡᠬᠦ᠂ ᠦᠶᠡᠷ ᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠦᠨᠳᠦᠰᠦᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ᠃      ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠬᠥᠳᠡᠭᠡ ᠲᠣᠰᠬᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠪᠠ ᠦᠢᠯᠡᠴᠢᠯᠡᠭᠡ ᠪᠠᠨ ᠴᠢᠩᠭᠠᠳᠬᠠᠵᠤ᠂ ᠰᠢᠨ᠎ᠡ ᠪᠠᠷ ᠪᠠᠶᠢᠭᠤᠯᠬᠤ ᠬᠥᠳᠡᠭᠡ ᠲᠣᠰᠬᠤᠨ ᠤ ᠣᠷᠣᠨ ᠰᠠᠭᠤᠴᠠ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠵᠤ᠂ ᠬᠠᠤᠯᠢ ᠶᠢ ᠵᠥᠷᠢᠴᠡᠨ ᠲᠠᠷᠢᠶᠠᠨ ᠭᠠᠵᠠᠷ ᠢ ᠡᠵᠡᠯᠡᠨ ᠭᠡᠷ ᠪᠠᠷᠢᠬᠤ ᠶᠢ ᠬᠥᠳᠡᠭᠡ ᠲᠣᠰᠬᠤᠨ ᠤ ᠣᠷᠣᠨ ᠰᠠᠭᠤᠴᠠ ᠶᠢᠨ ᠵᠢᠷᠤᠭ ᠲᠥᠯᠥᠪᠯᠡᠭᠡ ᠶᠢᠨ ᠭᠠᠵᠠᠷ ᠣᠷᠣᠨ ᠂ ᠦᠨᠳᠦᠰᠦᠲᠡᠨ ᠪᠠ ᠨᠤᠲᠤᠭ ᠤᠰᠤᠨ ᠤ ᠣᠨᠴᠠᠯᠢᠭ ᠢ ᠢᠯᠡᠷᠡᠭᠦᠯᠬᠦ ᠶᠢ ᠵᠣᠷᠢᠭᠵᠢᠭᠤᠯᠵᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ ᠮᠠᠶ᠋ᠢᠭ ᠤᠨ ᠪᠠᠷᠢᠯᠭ᠎ᠠ ᠶᠢᠨ ᠮᠡᠷᠭᠡᠵᠢᠯ ᠪᠠ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠬᠡᠷᠡᠭᠯᠡᠬᠦ ᠶᠢ ᠵᠣᠷᠢᠭᠵᠢᠭᠤᠯᠵᠤ᠂ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠤᠳᠤ ᠦᠶ᠎ᠡ ᠶᠢᠨ ᠴᠢᠳᠠᠮᠵᠢ ᠲᠠᠢ᠂ ᠪᠦᠲᠦᠴᠡ ᠨᠢ ᠠᠮᠤᠷ ᠲᠦᠪᠰᠢᠨ᠂ ᠥᠪᠡᠷ ᠤᠨ ᠦᠷᠳᠡᠭ ᠨᠢ ᠠᠷᠪᠢᠲᠠᠢ᠂ ᠪᠣᠬᠢᠷᠳᠤᠯ ᠦᠭᠡᠢ ᠣᠷᠴᠢᠨ ᠠᠬᠤᠢ ᠶᠢ ᠬᠠᠮᠠᠭᠠᠯᠠᠭᠰᠠᠨ᠂ ᠬᠥᠳᠡᠭᠡ ᠲᠣᠰᠬᠤᠨ ᠤ ᠣᠷᠴᠢᠨ ᠠᠬᠤᠢ ᠲᠠᠢ ᠵᠣᠬᠢᠴᠠᠯᠳᠤᠭᠰᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠣᠨ ᠰᠠᠭᠤᠴᠠ ᠪᠠᠶᠢᠭᠤᠯᠤᠨ᠎ᠠ᠃      ᠭᠤᠴᠢ ᠶᠢᠰᠦᠳᠦᠭᠡᠷ ᠵᠦᠢᠯ ‍ᠤᠯᠤᠰ ᠠᠴᠠ ᠲᠠᠷᠢᠶᠠᠯᠠᠩ ᠳᠤ ᠣᠷᠣᠭᠤᠯᠬᠤ ᠡᠳ᠋ ᠲᠤ ᠴᠢᠩᠭ᠎ᠠ ᠬᠠᠮᠢᠶᠠᠷᠤᠯᠲᠠ ᠶᠠᠪᠤᠭᠤᠯᠵᠤ᠂ ᠲᠤᠬᠰᠢᠨ ᠬᠤᠣᠷᠲᠠᠢ᠂ ᠬᠤᠣᠷ ᠶᠡᠬᠡᠲᠡᠢ᠂ ᠦᠯᠡᠳᠡᠭᠳᠡᠯ ᠶᠡᠬᠡᠲᠡᠢ ᠲᠠᠷᠢᠶᠠᠨ ᠡᠮ᠂ ᠮᠠᠯ ᠤᠨ ᠡᠮ ᠳᠤ ᠬᠡᠷᠡᠭᠯᠡᠬᠦ ᠶᠢ ᠴᠠᠭᠠᠵᠠᠯᠠᠵᠤ ᠬᠢᠵᠠᠭᠠᠷᠯᠠᠨ ᠬᠡᠷᠡᠭᠯᠡᠬᠦ ᠠᠷᠭ᠎ᠠ ᠬᠡᠮᠵᠢᠶ᠎ᠡ ᠠᠪᠤᠨ᠎ᠠ᠃ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠡᠵᠡᠩᠨᠡᠭᠴᠢ ᠤᠯᠤᠰ ᠠᠴᠠ ᠬᠡᠷᠡᠭᠯᠡᠬᠦ ᠶᠢ ᠴᠠᠭᠠᠵᠠᠯᠠᠭᠰᠠᠨ ᠲᠠᠷᠢᠶᠠᠨ ᠡᠮ᠂ ᠮᠠᠯ ᠤᠨ ᠡᠮ ᠪᠤᠶᠤ ᠪᠤᠰᠤᠳ ᠬᠤᠣᠷ ᠬᠥᠨᠥᠭᠡᠯ ᠲᠠᠢ ᠪᠣᠳᠠᠰ ᠢ ᠬᠡᠷᠡᠭᠯᠡᠵᠦ ᠪᠣᠯᠬᠤ ᠦᠭᠡᠢ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠪᠠᠷᠢᠮᠵᠢᠶ᠎ᠠ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠨ ᠲᠠᠷᠢᠶᠠᠨ ᠡᠮ᠂ ᠮᠠᠯ ᠤᠨ ᠡᠮ᠂ ᠪᠣᠷᠳᠣᠭᠤᠷ᠂ ᠲᠡᠵᠢᠭᠡᠯ ᠪᠣᠷᠳᠣᠭᠠᠨ ᠤ ᠨᠡᠮᠡᠯᠲᠡ ᠡᠳ᠋ ᠵᠡᠷᠭᠡ ᠲᠠᠷᠢᠶᠠᠯᠠᠩ ᠳᠤ ᠣᠷᠣᠭᠤᠯᠬᠤ ᠡᠳ᠋ ᠢ ᠡᠮ ᠤᠨ ᠬᠡᠮᠵᠢᠶ᠎ᠡ ᠠᠴᠠ ᠬᠡᠲᠦᠷᠡᠭᠦᠯᠦᠨ ᠬᠡᠪᠴᠢᠶ᠎ᠡ ᠠᠴᠠ ᠬᠡᠲᠦᠷᠡᠭᠦᠯᠦᠨ ᠬᠡᠷᠡᠭᠯᠡᠵᠦ ᠪᠣᠯᠬᠤ ᠦᠭᠡᠢ᠃      ᠳᠥᠴᠢᠳᠦᠭᠡᠷ ᠵᠦᠢᠯ  ‍ᠤᠯᠤᠰ ᠠᠴᠠ ᠲᠠᠷᠢᠶᠠᠨ ᠭᠠᠵᠠᠷ ᠢ ᠠᠷᠠᠴᠢᠯᠠᠨ ᠬᠠᠮᠠᠭᠠᠯᠠᠬᠤ᠂ ᠰᠡᠯᠪᠢᠨ ᠰᠡᠷᠭᠦᠭᠡᠬᠦ᠂ ᠥᠨᠵᠢᠭᠦᠯᠦᠨ ᠲᠡᠷᠢᠬᠤ ᠪᠠ ᠨᠤᠲᠤᠭ ᠪᠡᠯᠴᠢᠭᠡᠷ ᠤᠢ ᠰᠢᠭᠤᠢ ᠭᠤᠣᠯ ᠮᠥᠷᠡᠨ ᠨᠠᠭᠤᠷ ᠲᠣᠭᠤᠷᠢᠮ ᠢ ᠠᠮᠤᠷᠵᠢᠭᠤᠯᠤᠨ ᠲᠡᠩᠬᠡᠷᠡᠭᠦᠯᠬᠦ ᠲᠤᠶᠢᠷᠢᠮ ᠢ ᠬᠡᠷᠡᠭᠵᠢᠭᠦᠯᠦᠨ᠎ᠡ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠤᠣᠯ ᠮᠥᠷᠡᠨ ᠨᠠᠭᠤᠷ ᠲᠠᠩᠭᠢᠰ ᠤᠨ ᠠᠩᠨᠠᠬᠤ ᠶᠢ ᠬᠢᠵᠠᠭᠠᠷᠯᠠᠬᠤ᠂ ᠠᠩᠨᠠᠬᠤ ᠶᠢ ᠴᠠᠭᠠᠵᠠᠯᠠᠬᠤ ᠴᠠᠭ ᠬᠤᠭᠤᠴᠠᠭ᠎ᠠ ᠪᠠ ᠣᠷᠣᠨ ᠪᠦᠰᠡ ᠶᠢ ᠬᠠᠤᠯᠢ ᠶᠣᠰᠣᠭᠠᠷ ᠵᠠᠭᠠᠭᠯᠠᠨ ᠲᠣᠭᠲᠠᠭᠠᠬᠤ ᠶᠢᠨ ᠬᠠᠮᠲᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠪᠠᠶᠢᠳᠠᠯ ᠢ ᠦᠨᠳᠦᠰᠦᠯᠡᠨ᠂ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠶᠢ ᠴᠠᠭᠠᠵᠠᠯᠠᠬᠤ᠂ ᠬᠢᠵᠠᠭᠠᠷᠯᠠᠬᠤ ᠣᠷᠣᠨ ᠪᠦᠰᠡ ᠶᠢ ᠵᠠᠭᠠᠭᠯᠠᠨ ᠲᠣᠭᠲᠠᠭᠠᠵᠤ ᠪᠣᠯᠣᠨ᠎ᠠ᠃      ᠣᠷᠴᠢᠨ ᠠᠬᠤᠢ ᠶᠢ ᠪᠣᠬᠢᠷᠲᠤᠭᠤᠯᠤᠭᠰᠠᠨ᠂ ᠠᠮᠢ ᠠᠬᠤᠢ ᠶᠢ ᠡᠪᠳᠡᠭᠰᠡᠨ ᠠᠵᠤ ᠦᠢᠯᠡᠰ᠂ ᠠᠵᠤ ᠠᠬᠤᠶᠢᠯᠠᠯ ᠢ ᠬᠠᠤᠯᠢ ᠶᠢ ᠵᠥᠷᠢᠴᠡᠨ ᠬᠥᠳᠡᠭᠡ ᠲᠣᠰᠬᠤᠨ ᠲᠡᠰᠢ ᠰᠢᠯᠵᠢᠭᠦᠯᠬᠦ ᠶᠢ ᠴᠠᠭᠠᠵᠠᠯᠠᠨ᠎ᠠ᠃ ᠬᠤᠳᠠ ᠪᠠᠯᠭᠠᠰᠤᠨ ᠤ ᠬᠤᠭ ᠨᠣᠪᠰᠢ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠪᠠᠷᠢᠮᠵᠢᠶ᠎ᠠ ᠳᠤ ᠬᠦᠷᠭᠡᠵᠦ ᠰᠢᠢᠳᠪᠦᠷᠢᠯᠡᠭᠰᠡᠨ ᠦᠭᠡᠢ ᠬᠤᠳᠠ ᠪᠠᠯᠭᠠᠰᠤᠨ ᠤ ᠪᠣᠬᠢᠷ ᠤᠰᠤ ᠵᠡᠷᠭᠡ ᠶᠢ ᠬᠠᠤᠯᠢ ᠶᠢ ᠵᠥᠷᠢᠴᠡᠨ ᠲᠠᠷᠢᠶᠠᠯᠠᠩ ᠬᠥᠳᠡᠭᠡ ᠲᠣᠰᠬᠤᠨ ᠲᠡᠶᠢᠰᠢ ᠰᠢᠯᠵᠢᠭᠦᠯᠬᠦ ᠶᠢ ᠴᠠᠭᠠᠵᠠᠯᠠᠨ᠎ᠠ᠃ ᠲᠠᠷᠢᠶᠠᠯᠠᠩ ᠳᠤ ᠬᠡᠷᠡᠭᠯᠡᠬᠦ ᠭᠠᠵᠠᠷ ᠲᠤ ᠬᠦᠨᠳᠦ ᠲᠡᠮᠦᠷᠯᠢᠭ ᠪᠤᠶᠤ ᠪᠤᠰᠤᠳ ᠬᠤᠣᠷ ᠬᠥᠨᠥᠭᠡᠯ ᠲᠠᠢ ᠪᠣᠳᠠᠰ ᠤᠨ ᠠᠭᠤᠯᠤᠭᠳᠠᠴᠠ ᠶᠢᠨ ᠪᠠᠷᠢᠮᠵᠢᠶ᠎ᠠ ᠠᠴᠠ ᠬᠡᠲᠦᠷᠡᠭᠰᠡᠨ ᠪᠣᠬᠢᠷ ᠤᠰᠤ᠂ ᠪᠤᠵᠠᠷ ᠰᠢᠪᠠᠷ ᠵᠢᠴᠢ ᠬᠥᠷᠥᠰᠥ ᠰᠢᠷᠣᠢ ᠶᠢᠨ ᠪᠣᠬᠢᠷᠳᠤᠯ ᠢ ᠠᠷᠢᠯᠭᠠᠵᠤ ᠮᠡᠳᠡᠬᠦ ᠲᠤᠨᠤᠮᠠᠯ ᠢᠷᠤᠭᠠᠷ ᠤᠨ ᠰᠢᠪᠠᠷ᠂ ᠦᠯᠡᠳᠡᠭᠳᠡᠯ ᠬᠦᠳᠡᠷ᠂ ᠬᠦᠳᠡᠷ ᠤᠨ ᠰᠢᠭᠠᠷᠤ ᠵᠡᠷᠭᠡ ᠶᠢ ᠭᠠᠳᠠᠭᠰᠢᠯᠠᠭᠤᠯᠬᠤ ᠶᠢ ᠴᠠᠭᠠᠵᠠᠯᠠᠨ᠎ᠠ︔ ᠬᠤᠣᠷ ᠬᠥᠨᠥᠭᠡᠯ ᠲᠠᠢ ᠬᠠᠶᠠᠭᠳᠠᠮᠠᠯ ᠪᠣᠳᠠᠰ ᠢᠶᠠᠷ ᠪᠣᠷᠳᠣᠭᠤᠷ ᠪᠣᠯᠭᠠᠬᠤ ᠪᠤᠶᠤ ᠲᠠᠷᠢᠶᠠᠨ ᠭᠠᠵᠠᠷ ᠭᠠᠷᠭᠠᠬᠤ ᠪᠠ ᠭᠠᠵᠠᠷ ᠰᠢᠷᠣᠢ ᠶᠢ ᠲᠠᠬᠢᠨ ᠬᠠᠭᠠᠯᠪᠤᠷᠢᠯᠠᠬᠤ ᠳᠤ ᠬᠡᠷᠡᠭᠯᠡᠬᠦ ᠶᠢ ᠴᠠᠭᠠᠵᠠᠯᠠᠨ᠎ᠠ᠃      ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠷᠭ᠎ᠠ ᠬᠡᠮᠵᠢᠶ᠎ᠡ ᠠᠪᠴᠤ ᠪᠠᠶᠢᠭᠠᠳ ᠬᠠᠶᠠᠭᠳᠠᠮᠠᠯ ᠬᠠᠭᠤᠴᠢᠨ ᠲᠠᠷᠢᠶᠠᠯᠠᠩ ᠤᠨ ᠵᠤᠯᠤᠮ᠎ᠠ ᠪᠦᠷᠬᠦᠪᠴᠢ ᠪᠠ ᠲᠠᠷᠢᠶᠠᠨ ᠡᠮ ᠵᠡᠷᠭᠡ ᠲᠠᠷᠢᠶᠠᠯᠠᠩ ᠳᠤ ᠣᠷᠣᠭᠤᠯᠬᠤ ᠡᠳ᠋ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠠᠵᠢᠯ ᠢ ᠲᠦᠯᠬᠢᠨ ᠠᠬᠢᠭᠤᠯᠵᠤ᠂ ᠲᠠᠷᠢᠮᠠᠯ ᠤᠨ ᠡᠰᠢ ᠰᠦᠷᠡᠯ᠂ ᠮᠠᠯ ᠵᠢᠭᠦᠷᠲᠡᠨ ᠤ ᠪᠠᠭᠠᠰᠤᠨ ᠪᠣᠬᠢᠷᠳᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠯᠬᠢᠨ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ᠂ ᠡᠷᠭᠢ ᠣᠶᠢᠷᠠᠯᠴᠠᠭ᠎ᠠ ᠲᠠᠯᠠᠢ ᠶᠢᠨ ᠣᠷᠣᠨ ᠳᠤ ᠥᠭᠶᠥᠭᠡ ᠲᠠᠯᠪᠢᠬᠤ ᠲᠣᠣᠷᠯᠢᠭ ᠬᠠᠶᠢᠷᠴᠠᠭ ᠢᠶᠠᠷ ᠲᠡᠵᠢᠭᠡᠨ ᠦᠷᠡᠵᠢᠭᠦᠯᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠢ᠃      ᠵᠢᠷᠭᠤᠳᠤᠭᠠᠷ ᠪᠦᠯᠦᠭ ᠵᠣᠬᠢᠶᠠᠨ ᠪᠠᠶᠢᠭᠤᠯᠤᠯᠲᠠ      ᠳᠥᠴᠢᠨ ᠨᠢᠭᠡᠳᠦᠭᠡᠷ ᠵᠦᠢᠯ ᠨᠠᠮ ᠤᠨ ᠬᠤᠷᠢᠶ᠎ᠠ ᠤᠳᠤᠷᠢᠳᠤᠭᠰᠠᠨ  ᠂ ᠵᠠᠰᠠᠭ ᠤᠨ ᠣᠷᠳᠣᠨ ᠬᠠᠷᠢᠭᠤᠴᠠᠭᠰᠠᠨ  ᠂ ᠠᠷᠠᠳᠴᠢᠯᠠᠯ ᠢᠶᠠᠷ ᠵᠥᠪᠳᠡᠯᠴᠡᠭᠰᠡᠨ  ᠂ ᠨᠡᠶᠢᠭᠡᠮ ᠢᠶᠠᠷ ᠢᠶᠠᠨ ᠬᠠᠮᠵᠢᠯᠴᠠᠭᠰᠠᠨ  ᠂ ᠣᠯᠠᠨ ᠨᠡᠶᠢᠲᠡ ᠪᠠᠷ ᠢᠶᠠᠨ ᠣᠷᠣᠯᠴᠠᠭᠰᠠᠨ᠂ ᠬᠠᠤᠯᠢ ᠪᠠᠷ ᠵᠠᠰᠠᠬᠤ ᠶᠢ ᠪᠠᠲᠤᠯᠠᠭᠰᠠᠨ  ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠭᠰᠠᠨ ᠣᠲᠣ ᠦᠶ᠎ᠡ ᠶᠢᠨ ᠬᠥᠳᠡᠭᠡ ᠲᠣᠰᠬᠤᠨ ᠤ ᠨᠡᠶᠢᠭᠡᠮ ᠤᠨ ᠵᠠᠰᠠᠯᠲᠠ ᠶᠢᠨ ᠪᠠᠶᠢᠭᠤᠯᠤᠯ ᠪᠠ ᠥᠪᠡᠷᠲᠡᠭᠡᠨ ᠵᠠᠰᠠᠬᠤ  ᠂ ᠬᠠᠤᠯᠢ ᠪᠠᠷ ᠵᠠᠰᠠᠬᠤ  ᠂ ᠶᠣᠰᠣ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ  ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ  ᠂ ᠡᠶ᠎ᠡ ᠵᠣᠬᠢᠴᠠᠯ ᠲᠠᠢ ᠡᠮᠬᠢ ᠵᠢᠷᠤᠮ ᠲᠠᠢ ᠴᠢᠳᠠᠮᠠᠭᠠᠢ ᠵᠠᠰᠠᠬᠤ ᠬᠥᠳᠡᠭᠡ ᠲᠣᠰᠬᠤᠨ ᠢ ᠪᠠᠶᠢᠭᠤᠯᠤᠨ᠎ᠠ  ᠃      ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠨᠡᠶᠢᠭᠡᠮ ᠤᠨ ᠬᠠᠮᠢᠶᠠᠷᠤᠯᠲᠠ ᠪᠠ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠶᠠᠩ ᠪᠠᠯᠭᠠᠰᠤ ᠶᠢ ᠰᠢᠶᠠᠩ ᠲᠣᠰᠬᠤᠨ ᠢ ᠵᠠᠰᠠᠬᠤ ᠲᠥᠪ᠂ ᠬᠥᠳᠡᠭᠡ ᠲᠣᠰᠬᠤᠨ ᠤ ᠦᠢᠯᠡᠴᠢᠯᠡᠭᠡᠨ ᠤ ᠲᠥᠪ᠂ ᠬᠥᠳᠡᠭᠡ ᠲᠣᠰᠬᠤᠨ ᠤ ᠠᠵᠤ ᠠᠬᠤᠢ ᠶᠢᠨ ᠲᠥᠪ ᠪᠣᠯᠭᠠᠨ᠎ᠠ᠃      ᠳᠥᠴᠢᠨ ᠬᠤᠶᠠᠳᠤᠭᠠᠷ ᠵᠦᠢᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠶᠢᠷᠢᠮ ᠪᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠦᠬᠦ ᠲᠠᠯ᠎ᠠ ᠶᠢᠨ ᠤᠳᠤᠷᠢᠳᠬᠤ ᠦᠢᠯᠡᠳᠦᠯ ᠢᠶᠠᠨ ᠪᠠᠳᠠᠷᠠᠭᠤᠯᠤᠨ᠎ᠠ᠃ ᠭᠠᠴᠠᠭᠠᠨ ᠤ ᠠᠷᠠᠳ ᠤᠨ ᠵᠥᠪᠯᠡᠯ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠵᠡᠷᠭᠡ ᠨᠢ ᠰᠤᠮᠤ ᠪᠠᠯᠭᠠᠰᠤᠨ ᠤ ᠨᠠᠮ ᠤᠨ ᠬᠤᠷᠢᠶ᠎ᠠ ᠪᠠ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷ᠎ᠠ᠂ ᠭᠠᠴᠠᠭᠠᠨ ᠤ ᠠᠷᠠᠳ ᠤᠨ ᠥᠪᠡᠷᠲᠡᠭᠡᠨ ᠵᠠᠰᠠᠬᠤ ᠶᠢ ᠬᠡᠷᠡᠭᠵᠢᠭᠦᠯᠵᠦ ᠂ ᠬᠠᠮᠲᠤ ᠶᠢᠨ ᠥᠮᠴᠢᠯᠡᠯ ᠤᠨ ᠠᠵᠤ ᠠᠬᠤᠢ ᠶᠢ ᠬᠥᠭᠵᠢᠭᠦᠯᠵᠦ᠂ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ ᠪᠥᠭᠡᠳ ᠭᠠᠴᠠᠭᠠᠨ ᠤ ᠠᠷᠠᠳ ᠤᠨ ᠬᠢᠨᠠᠯᠲᠠ ᠶᠢ ᠬᠦᠯᠢᠶᠡᠬᠦ ᠬᠡᠷᠡᠭᠲᠡᠢ᠃      ᠳᠥᠴᠢᠨ ᠭᠤᠷᠪᠠᠳᠤᠭᠠᠷ ᠵᠦᠢᠯ  ‍ᠤᠯᠤᠰ ᠠᠴᠠ ᠲᠠᠷᠢᠶᠠᠯᠠᠩ ᠬᠥᠳᠡᠭᠡ ᠲᠣᠰᠬᠤᠨ ᠤ ᠠᠵᠢᠯ ᠤᠨ ᠺᠠᠳ᠋ᠷ ᠤᠨ ᠡᠩᠨᠡᠭᠡ ᠶᠢ ᠬᠥᠮᠥᠵᠢᠭᠦᠯᠬᠦ᠂ ᠲᠣᠬᠢᠷᠠᠭᠤᠯᠬᠤ᠂ ᠬᠡᠷᠡᠭᠯᠡᠬᠦ᠂ ᠬᠠᠮᠢᠶᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠰᠢᠯᠢᠳᠡᠭ ᠺᠠᠳ᠋ᠷ ᠢ ᠰᠣᠩᠭᠤᠨ ᠲᠠᠷᠢᠶᠠᠯᠠᠩ ᠬᠥᠳᠡᠭᠡ ᠲᠣᠰᠬᠤᠨ ᠤ ᠠᠵᠢᠯ ᠤᠨ ᠺᠠᠳ᠋ᠷ ᠤᠨ ᠡᠩᠨᠡᠭᠡ ᠳᠤ ᠣᠴᠢᠭᠤᠯᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠯᠠᠩ ᠬᠥᠳᠡᠭᠡ ᠲᠣᠰᠬᠤᠨ ᠤ ᠠᠵᠢᠯ ᠤᠨ ᠺᠠᠳ᠋ᠷ ᠤᠨ ᠡᠩᠨᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠬᠤᠯᠪᠣᠭᠳᠠᠯ ᠪᠦᠬᠦᠢ ᠬᠠᠷᠠᠭᠠᠯᠵᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠩ ᠢ ᠮᠡᠳᠡᠳᠡᠭ᠂ ᠬᠥᠳᠡᠭᠡ ᠲᠣᠰᠬᠤᠨ ᠳᠤ ᠬᠠᠶᠢᠷᠠᠲᠠᠢ᠂ ᠲᠠᠷᠢᠶᠠᠴᠢᠳ ᠲᠤ ᠬᠠᠶᠢᠷᠠᠲᠠᠢ ᠲᠠᠷᠢᠶᠠᠯᠠᠩ ᠬᠥᠳᠡᠭᠡ ᠲᠣᠰᠬᠤᠨ ᠤ ᠠᠵᠢᠯ ᠤᠨ ᠺᠠᠳ᠋ᠷ ᠤᠨ ᠡᠩᠨᠡᠭᠡ ᠶᠢ ᠪᠠᠶᠢᠭᠤᠯᠤᠨ᠎ᠠ᠃      ᠳᠥᠴᠢᠨ ᠳᠥᠷᠪᠡᠳᠦᠭᠡᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠦᠨᠳᠦᠰᠦᠨ ᠱᠠᠲᠤᠨ ᠤ ᠳᠥᠭᠦᠮ ᠪᠥᠭᠡᠳ ᠥᠨᠳᠥᠷ ᠪᠦᠲᠦᠮᠵᠢᠲᠡᠶ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠵᠤ᠂ ᠰᠢᠶᠠᠩ ᠪᠠᠯᠭᠠᠰᠤᠨ ᠤ ᠪᠠᠶᠢᠭᠤᠯᠤᠮᠵᠢ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠰᠢᠶᠠᠩ ᠭᠠᠴᠠᠭᠠᠨ ᠤ ᠺᠠᠳ᠋ᠷᠴᠤᠳ ᠤᠨ ᠪᠣᠯᠪᠠᠰᠤᠷᠠᠭᠤᠯᠤᠯ ᠢ ᠴᠢᠩᠭᠠᠳᠬᠠᠨ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠰᠢᠶᠠᠩ ᠭᠠᠴᠠᠭᠠᠨ ᠤ ᠵᠠᠰᠠᠯᠲᠠ ᠶᠢᠨ ᠰᠠᠭᠤᠷᠢ ᠶᠢ ᠪᠠᠲᠤᠳᠬᠠᠬᠤ ᠬᠡᠷᠡᠭᠲᠡᠢ᠃      ᠳᠥᠴᠢᠨ ᠲᠠᠪᠤᠳᠤᠭᠠᠷ ᠵᠦᠢᠯ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠬᠥᠳᠡᠭᠡ ᠲᠣᠰᠬᠤᠨ ᠤ ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢ ᠵᠢᠷᠤᠮᠵᠢᠭᠤᠯᠬᠤ᠂ ᠳᠦᠷᠢᠮᠵᠢᠭᠦᠯᠬᠦ ᠪᠠᠶᠢᠭᠤᠯᠤᠯᠲᠠ ᠶᠢ ᠵᠢᠯᠣᠭᠤᠳᠤᠨ ᠳᠡᠮᠵᠢᠵᠦ᠂ ᠭᠠᠴᠠᠭᠠᠨ ᠤ ᠠᠷᠠᠳ ᠤᠨ ᠵᠥᠪᠯᠡᠯ ᠤᠨ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠪᠠ ᠭᠠᠴᠠᠭᠠᠨ ᠤ ᠶᠠᠪᠤᠳᠠᠯ ᠢ ᠢᠯᠡ ᠪᠣᠯᠭᠠᠬᠤ ᠳᠦᠷᠢᠮ ᠢ ᠲᠡᠭᠦᠯᠳᠡᠷᠵᠢᠭᠦᠯᠵᠦ᠂ ᠭᠠᠴᠠᠭᠠᠨ ᠤ ᠠᠷᠠᠳ ᠤᠨ ᠥᠪᠡᠷ ᠢ ᠪᠠᠨ ᠬᠠᠮᠢᠶᠠᠷᠬᠤ᠂ ᠥᠪᠡᠷ ᠢ ᠪᠠᠨ ᠬᠥᠮᠥᠵᠢᠭᠦᠯᠬᠦ᠂ ᠥᠪᠡᠷ ᠤᠨ ᠪᠡᠶ᠎ᠡ ᠳᠡᠭᠡᠨ ᠦᠢᠯᠡᠴᠢᠯᠡᠬᠦ᠂ ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃      ᠳᠥᠴᠢᠨ ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠮᠲᠤ ᠶᠢᠨ ᠡᠳ᠋ ᠬᠥᠷᠥᠩᠭᠡ ᠶᠢ ᠬᠠᠤᠯᠢ ᠶᠣᠰᠣᠭᠠᠷ ᠬᠠᠮᠢᠶᠠᠷᠬᠤ᠂ ᠬᠠᠮᠲᠤ ᠶᠢᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ᠂ ᠬᠠᠮᠲᠤ ᠶᠢᠨ ᠪᠦᠷᠢᠯᠳᠦᠭᠦᠨ ᠳᠤ ᠦᠢᠯᠡᠴᠢᠯᠡᠬᠦ ᠵᠡᠷᠭᠡ ᠲᠠᠯ᠎ᠠ ᠶᠢᠨ ᠦᠢᠯᠡᠳᠦᠯ ᠢᠶᠠᠨ ᠪᠠᠳᠠᠷᠠᠭᠤᠯᠬᠤ ᠶᠢ ᠬᠥᠲᠥᠯᠥᠨ ᠵᠢᠯᠤᠭᠤᠳᠬᠤ ᠪᠠ ᠲᠡᠮᠵᠢᠵᠦ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠡᠶ᠎ᠡ ᠪᠠᠨ ᠳᠠᠭᠠᠭᠠᠵᠤ ᠡᠵᠡᠩᠨᠡᠬᠦ ᠶᠢ ᠪᠠᠲᠤᠯᠠᠬᠤ ᠬᠡᠷᠡᠭᠲᠡᠢ᠃      ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠡᠯᠡᠪᠡᠢ᠂ ᠲᠠᠷᠢᠶᠠᠯᠠᠩ ᠤᠨ ᠠᠵᠤ ᠠᠬᠤᠶᠢᠯᠠᠯ ᠵᠡᠷᠭᠡ ᠤᠯᠡᠠ ᠲᠤᠶᠢᠷᠦᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠬᠥᠭᠵᠢᠭᠦᠯᠬᠦ ᠶᠢ ᠲᠡᠮᠵᠢᠵᠦ᠂ ᠲᠠᠷᠢᠶᠠᠯᠠᠩ ᠬᠥᠳᠡᠭᠡ ᠲᠣᠰᠬᠤᠨ ᠤ ᠨᠡᠶᠢᠭᠡᠮᠴᠢᠯᠡᠭᠰᠡᠨ ᠲᠣᠭᠲᠠᠯᠴᠠᠭ᠎ᠠ ᠶᠢ ᠪᠦᠷᠢᠨᠰᠢᠭᠦᠯᠦᠨ᠎ᠡ᠃      ᠳᠥᠴᠢᠨ ᠳᠣᠯᠣᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠠᠷᠭ᠎ᠠ ᠬᠡᠮᠵᠢᠶ᠎ᠡ ᠠᠪᠴᠤ ᠪᠠᠶᠢᠭᠠᠳ ᠦᠨᠳᠦᠰᠦᠨ ᠱᠠᠲᠤᠨ ᠤ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠲᠡᠮᠵᠢᠨ ᠵᠢᠷᠤᠮᠵᠢᠭᠤᠯᠬᠤ ᠪᠠ ᠬᠥᠲᠥᠯᠥᠨ ᠵᠢᠯᠤᠭᠤᠳᠴᠤ᠂ ᠦᠨᠳᠦᠰᠦᠨ ᠱᠠᠲᠤᠨ ᠤ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠬᠥᠳᠡᠭᠡ ᠲᠣᠰᠬᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠤᠯᠠᠨ ᠲᠦᠮᠡᠨ ᠲᠠᠢ ᠪᠦᠯᠬᠦᠮᠳᠡᠬᠦ᠂ ᠤᠯᠠᠨ ᠲᠦᠮᠡᠨ ᠲᠠᠢ ᠬᠠᠷᠢᠯᠴᠠᠬᠤ᠂ ᠤᠯᠠᠨ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠢ᠃      ᠳᠥᠴᠢᠨ ᠨᠠᠢᠮᠠᠳᠤᠭᠠᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ  ᠶᠢ ᠴᠢᠩᠭᠠᠳᠬᠠᠵᠤ  ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠴᠡᠭᠡ ᠪᠠᠨ ᠦᠨᠳᠦᠰᠦᠯᠡᠨ ᠬᠠᠤᠯᠢ ᠴᠠᠭᠠᠵᠠ ᠶᠢᠨ ᠵᠥᠪᠯᠡᠭᠴᠢ ᠪᠠ ᠠᠯᠪᠠᠨ ᠲᠤᠰᠢᠶᠠᠯᠲᠤ ᠬᠠᠤᠯᠢᠴᠢ ᠪᠠᠶᠢᠭᠤᠯᠬᠤ ᠶᠢ ᠵᠣᠷᠢᠭᠵᠢᠭᠤᠯᠵᠤ  ᠂ ᠨᠥᠬᠦᠴᠡᠯ ᠲᠠᠢ ᠭᠠᠵᠠᠷ ᠣᠷᠣᠨ ᠤ ᠭᠠᠴᠠᠭᠠᠨ ᠤ ᠠᠷᠠᠳ ᠤᠨ ᠵᠥᠪᠯᠡᠯ ᠳᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠲᠠᠰᠤᠭ ᠪᠠᠶᠢᠭᠤᠯᠬᠤ ᠶᠢ ᠵᠣᠷᠢᠭᠵᠢᠭᠤᠯᠵᠤ  ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠪᠠ ᠠᠷᠠᠳ ᠤᠨ ᠡᠶᠡᠳᠡᠭᠦᠯᠬᠦ ᠠᠵᠢᠯ ᠢ ᠭᠦᠨᠵᠡᠭᠡᠢ ᠥᠷᠨᠢᠭᠦᠯᠵᠦ  ᠂ ᠬᠥᠳᠡᠭᠡ ᠲᠣᠰᠬᠤᠨ ᠤ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠪᠠ ᠠᠷᠢᠯᠭᠠᠬᠤ ᠲᠣᠭᠲᠠᠴᠠ ᠶᠢ ᠪᠦᠷᠢᠨᠰᠢᠭᠦᠯᠵᠦ  ᠂ ᠬᠠᠤᠯᠢ ᠪᠠᠷ ᠵᠠᠰᠠᠬᠤ ᠬᠥᠳᠡᠭᠡ ᠲᠣᠰᠬᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ  ᠃      ᠳᠥᠴᠢ ᠶᠢᠰᠦᠳᠦᠭᠡᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠥᠳᠡᠭᠡ ᠲᠣᠰᠬᠤᠨ ᠤ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠴᠠᠭᠳᠠᠭᠠᠨ ᠤ ᠶᠠᠪᠤᠳᠠᠯ ᠤᠨ ᠠᠵᠢᠯ ᠢ ᠴᠢᠩᠭᠠᠳᠬᠠᠵᠤ᠂ ᠠᠮᠤᠷ ᠲᠠᠶᠢᠪᠤᠩ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ; ᠬᠥᠳᠡᠭᠡ ᠲᠣᠰᠬᠤᠨ ᠤ ᠤᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠶᠤᠯᠭᠦᠢ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ᠂ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ᠂ ᠢᠳᠡᠭᠡᠨ᠂ ᠡᠮ ᠤᠨ ᠵᠦᠢᠯ᠂ ᠵᠠᠮ ᠬᠠᠷᠢᠯᠴᠠᠭ᠎ᠠ᠂ ᠭᠠᠯ ᠰᠡᠷᠭᠡᠶᠢᠯᠡᠨ ᠤᠨᠲᠠᠷᠠᠭᠠᠬᠤ ᠵᠡᠷᠭᠡ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠨ᠎ᠠ᠃      ᠳᠣᠯᠣᠳᠤᠭᠠᠷ ᠪᠦᠯᠦᠭ ᠬᠤᠳᠠ ᠬᠥᠳᠡᠭᠡ ᠶᠢ ᠨᠡᠶᠢᠯᠡᠭᠦᠯᠬᠦ      ᠲᠠᠪᠢᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠬᠠᠮᠵᠢᠯᠴᠠᠨ ᠠᠬᠢᠭᠤᠯᠵᠤ  ᠂ ᠬᠤᠲᠠ ᠪᠠᠯᠭᠠᠰᠤ ᠪᠠ ᠬᠥᠳᠡᠭᠡ ᠲᠣᠰᠬᠤᠨ ᠤ ᠬᠥᠭᠵᠢᠯᠲᠡ  ᠶᠢ ᠪᠦᠬᠦ ᠲᠠᠯ᠎ᠠ  ᠪᠠᠷ ᠲᠥᠯᠥᠪᠯᠡᠵᠦ  ᠂ ᠠᠮᠢ ᠠᠬᠤᠢ᠂ ᠲᠠᠷᠢᠶᠠᠯᠠᠩ᠂ ᠬᠤᠲᠠ ᠪᠠᠯᠭᠠᠰᠤ ᠵᠡᠷᠭᠡ ᠴᠢᠳᠠᠮᠵᠢ ᠶᠢᠨ ᠣᠷᠣᠨ ᠵᠠᠢ ᠶᠢ ᠰᠢᠨᠵᠢᠯᠡᠬᠦ ᠤᠬᠠᠭᠠᠨᠴᠢ ᠪᠠᠷ ᠡᠮᠬᠢ ᠵᠢᠷᠤᠮ ᠲᠠᠢ ᠪᠠᠷ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠬᠤᠲᠠ ᠬᠥᠳᠡᠭᠡ ᠶᠢᠨ ᠠᠵᠤ ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠵᠡᠷᠭᠡ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠪᠦᠬᠦ ᠠᠷᠠᠳ ᠢ ᠬᠠᠮᠤᠷᠬᠤ᠂ ᠲᠦᠭᠡᠮᠡᠯ ᠬᠠᠷᠠᠭᠠᠯᠵᠠᠯ ᠦᠵᠡᠭᠦᠯᠵᠦ ᠬᠠᠮᠲᠤ ᠪᠠᠷ ᠡᠳ᠋ᠯᠡᠬᠦ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠰᠢᠶᠠᠨ ᠤ ᠬᠡᠪᠴᠢᠶᠡᠨ ᠤ ᠬᠤᠲᠠ ᠬᠥᠳᠡᠭᠡ ᠶᠢᠨ ᠠᠭᠤᠰᠤᠯᠳᠤᠨ ᠬᠥᠭᠵᠢᠬᠦ ᠶᠢ ᠲᠦᠷᠭᠡᠳᠬᠡᠵᠦ᠂ ᠲᠠᠷᠢᠶᠠᠯᠠᠩ ᠤᠨ ᠴᠢᠨᠠᠷ ᠰᠠᠶᠢᠲᠠᠢ ᠪᠥᠭᠡᠳ ᠥᠨᠳᠥᠷ ᠦᠷ᠎ᠡ ᠠᠰᠢᠭ ᠲᠠᠢ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ᠂ ᠲᠠᠷᠢᠶᠠᠴᠢᠳ ᠤᠨ ᠪᠠᠶᠠᠨ ᠴᠢᠨᠡᠭᠡᠯᠢᠭ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠤᠨ᠎ᠠ᠃      ᠲᠠᠪᠢᠨ ᠨᠢᠭᠡᠳᠦᠭᠡᠷ ᠵᠦᠢᠯ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠬᠥᠳᠡᠭᠡ ᠲᠣᠰᠬᠤᠨ ᠤ ᠬᠥᠭᠵᠢᠯᠲᠡ ᠶᠢᠨ ᠲᠠᠷᠢᠶᠠᠴᠢᠳ ᠤᠨ ᠬᠦᠰᠡᠯ ᠰᠠᠨᠠᠭ᠎ᠠ ᠶᠢ ᠬᠦᠨᠳᠦᠳᠬᠡᠬᠦ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠲᠦᠬᠦᠮ ᠦᠵᠡᠭᠦᠯᠬᠦ᠂ ᠬᠥᠳᠡᠭᠡ ᠲᠣᠰᠬᠤᠨ ᠤ ᠴᠢᠳᠠᠮᠵᠢ ᠪᠠ ᠣᠨᠴᠠᠯᠢᠭ ᠢ ᠪᠠᠲᠤᠯᠠᠬᠤ ᠵᠠᠷᠴᠢᠮ ᠶᠣᠰᠣᠭᠠᠷ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠶᠢᠯ ᠲᠣᠰᠬᠤᠨ ᠤ ᠪᠠᠶᠢᠷᠢᠰᠢᠯ ᠢ ᠲᠣᠬᠢᠷᠠᠭᠤᠯᠵᠤ᠂ ᠠᠶᠢᠯ ᠲᠣᠰᠬᠤᠨ ᠤ ᠲᠥᠯᠦᠪᠵᠢᠭᠦᠯᠭᠡ ᠶᠢ ᠬᠠᠤᠯᠢ ᠶᠣᠰᠣᠭᠠᠷ ᠨᠠᠶᠢᠷᠠᠭᠤᠯᠤᠨ ᠵᠣᠬᠢᠶᠠᠵᠤ᠂ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠷᠦᠯ ᠬᠤᠪᠢᠶᠠᠨ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠠᠶᠢᠯ ᠲᠣᠰᠬᠤᠨ ᠢ ᠬᠠᠰᠤᠵᠤ ᠨᠡᠶᠢᠯᠡᠭᠦᠯᠬᠦ ᠶᠢ ᠴᠢᠩᠭ᠎ᠠ ᠵᠢᠷᠤᠮᠵᠢᠭᠤᠯᠵᠤ᠂ ᠲᠠᠷᠢᠶᠠᠴᠢᠳ ᠤᠨ ᠬᠦᠰᠡᠯ ᠰᠠᠨᠠᠭ᠎ᠠ ᠠᠴᠠ ᠵᠥᠷᠢᠴᠡᠬᠦ᠂ ᠬᠠᠤᠯᠢ ᠳᠤ ᠲᠣᠭᠲᠠᠭᠠᠭᠰᠠᠨ ᠵᠢᠷᠤᠮ ᠠᠴᠠ ᠵᠥᠷᠢᠴᠡᠨ ᠠᠶᠢᠯ ᠲᠣᠰᠬᠤᠨ ᠢ ᠬᠠᠰᠤᠵᠤ ᠨᠡᠶᠢᠯᠡᠭᠦᠯᠬᠦ ᠶᠢ ᠴᠢᠩᠭ᠎ᠠ ᠴᠠᠭᠠᠵᠠᠯᠠᠨ᠎ᠠ᠃      ᠲᠠᠪᠢᠨ ᠬᠤᠶᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠬᠤᠳᠠ ᠬᠥᠳᠡᠭᠡ ᠶᠢᠨ ᠵᠠᠮ ᠵᠢᠴᠢ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ᠂ ᠤᠰᠤ ᠴᠠᠬᠢᠯᠭᠠᠨ ᠬᠠᠩᠭᠠᠬᠤ ᠬᠡᠢ ᠬᠠᠩᠭᠠᠬᠤ᠂ ᠪᠠᠷᠠᠭᠠᠨ ᠤ ᠭᠦᠢᠯᠭᠡᠭᠡ᠂ ᠠᠶᠠᠨᠴᠢᠳ ᠤᠨ ᠲᠡᠭᠡᠭᠡᠪᠦᠷᠢ᠂ ᠮᠡᠳᠡᠭᠡ ᠵᠠᠩᠭᠢ ᠮᠡᠳᠡᠭᠡ ᠬᠤᠯᠪᠣᠭ᠎ᠠ᠂ ᠷᠠᠳᠢᠣ᠋ ᠨᠡᠪᠲᠡᠷᠡᠭᠦᠯᠭᠡ ᠲᠧᠯᠸᠢᠰ᠂ ᠭᠠᠯ ᠰᠡᠷᠭᠡᠶᠢᠯᠡᠬᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠪᠠ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢ ᠨᠢᠭᠡᠳᠦᠯᠲᠡᠢ ᠲᠥᠯᠥᠪᠵᠢᠭᠦᠯᠵᠦ᠂ ᠪᠦᠲᠦᠭᠡᠨ ᠪᠠᠶᠢᠭᠤᠯᠵᠤ᠂ ᠬᠠᠮᠢᠶᠠᠷᠴᠤ ᠬᠠᠮᠠᠭᠠᠯᠠᠬᠤ ᠬᠡᠷᠡᠭᠲᠡᠢ᠃ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠬᠥᠳᠡᠭᠡ ᠲᠣᠰᠬᠤᠨ ᠤ ᠬᠥᠭᠵᠢᠯᠲᠡ ᠶᠢᠨ ᠡᠨᠧᠷᠭᠢ ᠶᠢᠨ ᠬᠡᠷᠡᠭᠴᠡᠭᠡ ᠶᠢ ᠪᠠᠲᠤᠯᠠᠵᠤ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠵᠤ᠂ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠬᠠᠩᠭᠠᠨ᠎ᠠ᠃      ᠲᠠᠪᠢᠨ ᠭᠤᠷᠪᠠᠳᠤᠭᠠᠷ ᠵᠦᠢᠯ ᠤᠯᠤᠰ  ᠠᠴᠠ ᠬᠥᠳᠡᠭᠡ ᠲᠣᠰᠬᠤᠨ ᠤ ᠨᠡᠶᠢᠭᠡᠮ ᠤᠨ ᠦᠢᠯᠡᠰ ᠢ ᠬᠥᠭᠵᠢᠭᠦᠯᠵᠦ ᠂ ᠣᠯᠠᠨ ᠨᠡᠶᠢᠲᠡ ᠶᠢᠨ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ ᠵᠡᠷᠭᠡ ᠡᠬᠢ ᠪᠠᠶᠠᠯᠢᠭ ᠢ ᠬᠥᠳᠡᠭᠡ ᠲᠣᠰᠬᠤᠨ ᠲᠡᠶᠢᠰᠢ ᠬᠡᠯᠪᠡᠶᠢᠯᠭᠡᠬᠦ ᠶᠢ ᠠᠬᠢᠭᠤᠯᠵᠤ᠂ ᠬᠥᠳᠡᠭᠡ ᠲᠣᠰᠬᠤᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠲᠦᠯᠬᠢᠨ ᠠᠬᠢᠭᠤᠯᠤᠨ᠎ᠠ᠃      ᠤᠯᠤᠰ ᠠᠴᠠ ᠬᠥᠳᠡᠭᠡ ᠲᠣᠰᠬᠤᠨ ᠤ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠬᠥᠳᠡᠭᠡ ᠲᠣᠰᠬᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠣᠭᠠᠴᠢᠯᠠᠯᠲᠠ ᠶᠢᠨ ᠣᠶᠤᠨᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠲᠣᠰᠬᠤᠨ ᠤ ᠳᠡᠰ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠪᠠ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠲᠠᠪᠴᠠᠩ ᠢ ᠲᠡᠭᠦᠯᠳᠡᠷᠵᠢᠭᠦᠯᠬᠦ ᠶᠢ ᠳᠡᠮᠵᠢᠵᠦ᠂ ᠦᠢᠯᠡᠴᠢᠯᠡᠭᠡᠨ ᠤ ᠪᠠᠶᠢᠭᠤᠯᠤᠮᠵᠢ ᠪᠠ ᠦᠢᠯᠡᠴᠢᠯᠡᠭᠡᠨ ᠤ ᠲᠦᠷᠦᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠵᠤ᠂ ᠦᠢᠯᠡᠴᠢᠯᠡᠭᠡᠨ ᠤ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡ ᠪᠠ ᠥᠪᠡᠷ ᠤᠨ ᠦᠢᠯᠡᠴᠢᠯᠡᠭᠡ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠨ᠎ᠠ᠃      ᠲᠠᠪᠢᠨ ᠳᠥᠷᠪᠡᠳᠦᠭᠡᠷ ᠵᠦᠢ᠊ ᠤᠯᠤᠰ ᠠᠴᠠ ᠬᠤᠳᠠ ᠬᠥᠳᠡᠭᠡ ᠶᠢ ᠨᠢᠭᠡᠳᠦᠯᠲᠡᠢ ᠲᠥᠯᠥᠪᠯᠡᠬᠦ ᠨᠡᠶᠢᠭᠡᠮ ᠤᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠶᠠᠩ ᠭᠠᠴᠠᠭᠠᠨ ᠤ ᠨᠡᠶᠢᠭᠡᠮ ᠤᠨ ᠪᠠᠲᠤᠯᠠᠭ᠎ᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ ᠲᠡᠮᠵᠢᠨ᠎ᠡ; ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢ ᠲᠣᠭᠲᠠᠭᠠᠬᠤ ᠪᠠ ᠰᠠᠭᠤᠷᠢ ᠨᠠᠰᠤᠵᠢᠯ ᠤᠨ ᠮᠥᠩᠭᠦ ᠶᠢᠨ ᠪᠠᠷᠢᠮᠵᠢᠶ᠎ᠠ ᠶᠢ ᠬᠡᠪ ᠤᠨ ᠶᠣᠰᠣᠭᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ  ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠠᠭᠠᠯᠳᠤᠨ ᠠᠯᠬᠤᠮ ᠠᠯᠬᠤᠮ ᠢᠶᠠᠷ ᠲᠡᠭᠡᠭᠰᠢᠯᠡᠭᠦᠯᠦᠨ᠎ᠡ᠃      ᠤᠯᠤᠰ ᠠᠴᠠ ᠲᠠᠷᠢᠶᠠᠴᠢᠳ ᠤᠨ ᠲᠣᠭᠲᠠᠭᠠᠯ ᠶᠣᠰᠣᠭᠠᠷ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠶᠢ ᠲᠡᠮᠵᠢᠵᠦ᠂ ᠨᠥᠬᠦᠴᠡᠯ ᠪᠦᠷᠢᠯᠳᠦᠭᠦᠯᠦᠭᠰᠡᠨ ᠠᠮᠢᠳᠤᠯᠢᠭ ᠢᠶᠠᠷ ᠠᠵᠢᠯ ᠣᠯᠣᠭᠰᠠᠳ ᠪᠠ ᠲᠠᠷᠢᠶᠠᠯᠠᠩ ᠤᠨ ᠠᠵᠤ ᠦᠢᠯᠡᠰᠵᠢᠯᠲᠡ ᠶᠢᠨ ᠠᠵᠢᠯ ᠡᠷᠬᠢᠯᠡᠭᠰᠡᠳ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠵᠡᠷᠭᠡ ᠨᠡᠶᠢᠭᠡᠮ ᠤᠨ ᠳᠠᠭᠠᠳᠬᠠᠯ ᠳᠤ ᠣᠷᠤᠯᠴᠠᠬᠤ ᠶᠢ ᠵᠣᠷᠢᠭᠵᠢᠭᠤᠯᠤᠨ᠎ᠠ᠃      ᠤᠯᠤᠰ ᠠᠴᠠ ᠬᠤᠳᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠣᠨᠴᠠ ᠬᠦᠴᠢᠷᠳᠡᠯ ᠲᠠᠢ ᠬᠥᠮᠥᠰ ᠢ ᠠᠰᠠᠷᠠᠨ ᠲᠡᠵᠢᠭᠡᠬᠦ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ᠂ ᠡᠮᠡᠭᠲᠡᠶᠢᠴᠦᠳ ᠪᠠ ᠨᠠᠰᠤᠲᠠᠶᠢᠴᠤᠳ ᠵᠢᠴᠢ ᠵᠡᠮᠳᠡᠭᠴᠦᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠴᠢᠩᠭᠠᠳᠬᠠᠵᠤ᠂ ᠬᠥᠳᠡᠭᠡ ᠲᠣᠰᠬᠤᠨ ᠤ ᠲᠦᠭᠡᠮᠡᠯ ᠬᠠᠷᠠᠭᠠᠯᠵᠠᠯᠲᠤ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠ ᠬᠠᠷᠢᠯᠴᠠᠨ ᠬᠠᠪᠰᠤᠷᠤᠯᠴᠠᠬᠤ ᠴᠢᠨᠠᠷᠲᠠᠢ ᠨᠠᠰᠤᠵᠢᠯ ᠤᠨ ᠠᠰᠠᠷᠠᠮᠵᠢ ᠶᠢ ᠬᠥᠭᠵᠢᠭᠦᠯᠬᠦ ᠶᠢ ᠲᠡᠮᠵᠢᠨ᠎ᠡ᠃      ᠲᠠᠪᠢᠨ ᠲᠠᠪᠤᠳᠤᠭᠠᠷ ᠵᠦᠢᠯ ‍ᠤᠯᠤᠰ ᠠᠴᠠ ᠡᠷᠬᠡ ᠲᠡᠭᠰᠢ ᠪᠠᠷ ᠥᠷᠢᠰᠦᠯᠳᠦᠬᠦ᠂ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ᠂ ᠬᠤᠳᠠ ᠬᠥᠳᠡᠭᠡ ᠶᠢᠨ ᠨᠢᠭᠡᠳᠦᠯᠲᠡᠢ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠢ ᠪᠤᠢ ᠪᠣᠯᠭᠠᠬᠤ ᠶᠢ ᠲᠦᠯᠬᠢᠨ ᠠᠬᠢᠭᠤᠯᠵᠤ᠂ ᠬᠤᠳᠠ ᠬᠥᠳᠡᠭᠡ ᠶᠢᠨ ᠠᠳᠠᠯᠢ ᠲᠡᠭᠰᠢ ᠪᠠᠶᠢᠬᠤ ᠤᠯᠠᠨ ᠨᠡᠶᠢᠲᠡ ᠶᠢᠨ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠳᠦᠷᠢᠮ ᠢ ᠲᠡᠭᠦᠯᠳᠡᠷᠵᠢᠭᠦᠯᠦᠨ᠎ᠡ᠃      ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠠᠷᠭ᠎ᠠ ᠬᠡᠮᠵᠢᠶ᠎ᠡ ᠠᠪᠴᠤ ᠪᠠᠶᠢᠭᠠᠳ ᠬᠤᠳᠠ ᠪᠠᠯᠭᠠᠰᠤᠨ ᠳᠤ ᠲᠣᠭᠲᠠᠪᠤᠷᠢᠲᠠᠢ ᠠᠵᠢᠯ ᠣᠯᠵᠤ ᠠᠮᠢᠳᠤᠷᠠᠵᠤ ᠪᠠᠶᠢᠭ᠎ᠠ ᠲᠠᠷᠢᠶᠠᠴᠢᠳ ᠤᠨ ᠰᠠᠶᠢᠨ ᠳᠤᠷ᠎ᠠ ᠠᠴᠠ ᠪᠠᠨ ᠡᠮᠬᠢ ᠵᠢᠷᠤᠮ ᠲᠠᠢ ᠪᠠᠷ ᠬᠤᠳᠠ ᠳᠤ ᠡᠷᠦᠭᠡ ᠠᠮᠠ ᠪᠠᠨ ᠣᠷᠣᠭᠤᠯᠬᠤ ᠶᠢ ᠠᠬᠢᠭᠤᠯᠬᠤ ᠬᠡᠷᠡᠭᠲᠡᠢ᠂ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ᠂ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ᠂ ᠬᠠᠮᠲᠤ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠡᠷᠬᠡ ᠪᠠᠨ ᠪᠤᠴᠠᠭᠠᠬᠤ ᠵᠡᠷᠭᠡ ᠪᠠᠷ ᠲᠠᠷᠢᠶᠠᠴᠢᠳ ᠤᠨ ᠬᠤᠳᠠ ᠳᠤ ᠡᠷᠦᠭᠡ ᠠᠮᠠ ᠪᠠᠨ ᠣᠷᠣᠭᠤᠯᠬᠤ ᠶᠢᠨ ᠨᠥᠬᠦᠴᠡᠯ ᠪᠣᠯᠭᠠᠵᠤ ᠪᠣᠯᠬᠤ ᠤᠶᠢᠭᠡᠢ; ᠣᠷᠣᠰᠢᠨ ᠰᠠᠭᠤᠬᠤ ᠦᠨᠡᠮᠯᠡᠯ ᠣᠯᠣᠭᠰᠠᠨ ᠲᠠᠷᠢᠶᠠᠴᠢᠨ ᠵᠢᠴᠢ ᠲᠡᠳᠡᠨ ᠤ ᠳᠠᠭᠠᠵᠤ ᠨᠡᠭᠦᠭᠰᠡᠨ ᠭᠡᠷ ᠪᠦᠯᠢ ᠶᠢᠨ  ᠬᠢᠨ ᠤ ᠬᠤᠲᠠ ᠪᠠᠯᠭᠠᠰᠤᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠡᠳ᠋ᠯᠡᠬᠦ ᠶᠢ ᠲᠦᠯᠬᠢᠨ ᠠᠬᠢᠭᠤᠯᠤᠨ᠎ᠠ       ᠤᠯᠤᠰ ᠠᠴᠠ ᠨᠡᠶᠢᠭᠡᠮ ᠤᠨ ᠬᠥᠷᠥᠩᠭᠡ ᠶᠢᠨ ᠬᠥᠳᠡᠭᠡ ᠲᠣᠰᠬᠤᠨ ᠳᠤ ᠣᠴᠢᠵᠤ ᠲᠠᠷᠢᠶᠠᠴᠢᠳ ᠤᠨ ᠠᠰᠢᠭ ᠲᠤᠰᠠ ᠲᠠᠢ ᠬᠤᠯᠪᠣᠯᠳᠤᠭᠰᠠᠨ ᠬᠡᠯᠪᠡᠷᠢ ᠶᠢᠨ ᠵᠦᠢᠯᠡᠰ ᠢ ᠬᠥᠭᠵᠢᠭᠦᠯᠬᠦ ᠶᠢ ᠵᠣᠷᠢᠭᠵᠢᠭᠤᠯᠤᠨ᠂ ᠬᠤᠳᠠ ᠶᠢᠨ ᠰᠠᠭᠤᠭᠠᠯᠢ ᠠᠷᠠᠳ ᠤᠨ ᠬᠥᠳᠡᠭᠡ ᠲᠣᠰᠬᠤᠨ ᠳᠤ ᠣᠴᠢᠵᠤ ᠵᠢᠭᠤᠯᠴᠢᠯᠠᠬᠤ᠂ ᠰᠡᠯᠡᠭᠦᠴᠡᠨ ᠠᠮᠠᠷᠠᠬᠤ᠂ ᠪᠡᠶ᠎ᠡ ᠰᠤᠪᠢᠯᠠᠵᠤ ᠨᠠᠰᠤᠵᠢᠯ ᠤᠨ ᠠᠰᠠᠷᠠᠮᠵᠢ ᠵᠡᠷᠭᠡ ᠶᠢ ᠵᠣᠷᠢᠭᠵᠢᠭᠤᠯᠤᠨ᠎ᠠ᠂ ᠭᠡᠪᠡᠴᠦ ᠬᠥᠳᠡᠭᠡ ᠲᠣᠰᠬᠤᠨ ᠤ ᠠᠮᠢ ᠠᠬᠤᠢ ᠶᠢᠨ ᠣᠷᠴᠢᠨ ᠨᠥᠬᠦᠴᠡᠯ ᠢ ᠡᠪᠳᠡᠵᠦ ᠪᠣᠯᠬᠤ ᠦᠭᠡᠢ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠪᠦᠷᠢᠯᠳᠦᠭᠦᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠢ᠃      ᠲᠠᠪᠢᠨ ᠵᠢᠷᠭᠤᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠠᠷᠭ᠎ᠠ ᠬᠡᠮᠵᠢᠶ᠎ᠡ ᠠᠪᠴᠤ ᠪᠠᠶᠢᠭᠠᠳ ᠬᠤᠳᠠ ᠬᠥᠳᠡᠭᠡ ᠶᠢᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠲᠠᠷᠢᠶᠠᠴᠢᠳ ᠤᠨ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠪᠠᠲᠤᠯᠠᠭᠰᠠᠨ ᠰᠠᠭᠤᠷᠢᠨ ᠳᠡᠭᠡᠷ᠎ᠡ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠶᠢ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠠᠵᠤ ᠠᠬᠤᠢ ᠶᠢᠨ ᠤᠯᠠᠨ ᠡᠰᠢᠵᠢᠯᠲᠡ ᠪᠠ ᠲᠠᠷᠢᠶᠠᠯᠠᠩ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃      ᠲᠠᠪᠢᠨ ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠴᠢᠳ ᠤᠨ ᠬᠤᠳᠠ ᠳᠤ ᠣᠷᠣᠵᠤ ᠠᠵᠢᠯ ᠬᠢᠬᠦ ᠶᠢ ᠵᠣᠷᠢᠭᠵᠢᠭᠤᠯᠵᠤ᠂ ᠬᠤᠳᠠ ᠬᠥᠳᠡᠭᠡ ᠶᠢᠨ ᠬᠥᠳᠡᠯᠮᠦᠷᠢᠴᠢᠳ ᠤᠨ ᠡᠷᠬᠡ ᠲᠡᠭᠰᠢ ᠪᠠᠷ ᠠᠵᠢᠯ ᠣᠯᠬᠤ᠂ ᠠᠳᠠᠯᠢ ᠠᠵᠢᠯ ᠳᠤ ᠠᠳᠠᠯᠢ ᠬᠥᠯᠥᠰᠦ ᠣᠯᠭᠤᠮᠵᠢ ᠣᠯᠬᠤ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠯᠥᠰᠦᠨ ᠠᠵᠢᠯᠴᠢᠨ ᠤ ᠴᠠᠯᠢᠩ ᠢ ᠥᠭᠬᠦ ᠪᠠ ᠨᠡᠶᠢᠭᠡᠮ ᠤᠨ ᠪᠠᠲᠤᠯᠠᠭ᠎ᠠ ᠶᠢᠨ ᠡᠷᠬᠡ ᠠᠰᠢᠭ ᠢ ᠬᠠᠤᠯᠢ ᠶᠣᠰᠣᠭᠠᠷ ᠪᠠᠲᠤᠯᠠᠬᠤ ᠬᠡᠷᠡᠭᠲᠡᠢ᠃      ᠨᠠᠢᠮᠠᠳᠤᠭᠠᠷ ᠪᠦᠯᠦᠭ ᠲᠡᠳᠬᠦᠨ ᠳᠡᠮᠵᠢᠬᠦ ᠠᠷᠭ᠎ᠠ ᠬᠡᠮᠵᠢᠶ᠎ᠡ      ᠲᠠᠪᠢᠨ ᠨᠠᠢᠮᠠᠳᠤᠭᠠᠷ ᠵᠦᠢᠯ ᠤᠯᠤᠰ ᠠᠴᠠ ᠲᠠᠷᠢᠶᠠᠯᠠᠩ ᠢ ᠲᠡᠮᠵᠢᠨ ᠬᠠᠮᠠᠭᠠᠯᠠᠬᠤ ᠰᠢᠰᠲ᠋ᠧᠮ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠡᠳ᠋ ᠤᠨ ᠵᠠᠰᠠᠭ ᠤᠨ ᠣᠷᠣᠭᠤᠯᠤᠯᠲᠠ ᠶᠢᠨ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠡᠷᠡᠭᠯᠡᠬᠦ ᠡᠳ᠋ ᠤᠨ ᠵᠠᠰᠠᠭ ᠤᠨ ᠣᠷᠣᠭᠤᠯᠤᠯᠲᠠ ᠶᠢ ᠡᠩ ᠲᠡᠷᠢᠭᠦᠨ ᠳᠤ ᠪᠠᠲᠤᠯᠠᠵᠤ  ᠂ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ  ᠂ ᠶᠡᠷᠦᠩᠬᠡᠢ ᠬᠡᠮᠵᠢᠶ᠎ᠡ ᠪᠠᠨ ᠦᠷᠭᠦᠯᠵᠢᠯᠡᠨ ᠨᠡᠮᠡᠭᠳᠡᠭᠦᠯᠬᠦ ᠶᠢ ᠦᠨᠡᠨ ᠬᠦ ᠪᠠᠲᠤᠯᠠᠵᠤ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠠᠯᠲᠠᠲᠤ ᠡᠭᠦᠷᠭᠡ ᠳᠤ ᠵᠣᠬᠢᠴᠠᠭᠤᠯᠤᠨ᠎ᠠ᠃      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠤᠯᠢ ᠶᠣᠰᠣᠭᠠᠷ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠵᠤ᠂ ᠤᠳᠤ ᠦᠶ᠎ᠡ ᠶᠢᠨ ᠲᠠᠷᠢᠶᠠᠯᠠᠩ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ ᠪᠣᠯᠣᠨ᠎ᠠ᠃      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ  ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ  ᠂ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ  ᠂ ᠡᠳ᠋ ᠤᠨ ᠵᠠᠰᠠᠭ ᠤᠨ ᠪᠡᠯᠡ ᠮᠥᠩᠭᠦ ᠶᠢᠨ ᠠᠰᠢᠭᠯᠠᠮᠵᠢ ᠶᠢ ᠨᠡᠮᠡᠭᠳᠡᠭᠦᠯᠦᠨ᠎ᠡ᠃      ᠲᠠᠪᠢ ᠶᠢᠰᠦᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠷᠭ᠎ᠠ ᠬᠡᠮᠵᠢᠶ᠎ᠡ ᠠᠪᠴᠤ ᠪᠠᠶᠢᠭᠠᠳ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠳᠣᠲᠣᠭᠠᠳᠤ ᠶᠢᠨ ᠬᠥᠭᠵᠢᠯᠲᠡ ᠶᠢᠨ ᠴᠢᠳᠠᠪᠤᠷᠢ ᠶᠢ ᠨᠡᠮᠡᠭᠳᠡᠭᠦᠯᠵᠦ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ᠂ ᠬᠥᠭᠵᠢᠭᠡᠳᠦᠢ ᠭᠠᠵᠠᠷ ᠣᠷᠣᠨ ᠢ ᠬᠠᠪᠰᠤᠷᠤᠨ ᠲᠡᠳᠬᠦᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠭᠵᠢᠯᠲᠡ ᠶᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠢ; ᠲᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠬᠤ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠦᠨ᠎ᠡ᠃      ᠤᠯᠤᠰ ᠠᠴᠠ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃      ᠵᠢᠷᠠᠳᠤᠭᠠᠷ ᠵᠦᠢᠯ  ᠤᠯᠤᠰ ᠠᠴᠠ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠬᠦ᠂ ᠬᠠᠳᠠᠭᠠᠯᠠᠯᠲᠠ ᠶᠢᠨ ᠬᠡᠮᠵᠢᠶ᠎ᠡ ᠶᠢ ᠰᠢᠯᠢᠳᠡᠭᠵᠢᠭᠦᠯᠬᠦ᠂ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠵᠠᠷᠴᠢᠮ ᠶᠣᠰᠣᠭᠠᠷ᠂ ᠴᠢᠨᠠᠷ ᠰᠠᠶᠢᠲᠠᠢ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠰᠢᠨ᠎ᠡ ᠮᠠᠶ᠋ᠢᠭ ᠤᠨ ᠲᠠᠷᠢᠶᠠᠯᠠᠩ ᠤᠨ ᠨᠥᠬᠦᠪᠦᠷᠢ ᠶᠢᠨ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃      ᠵᠢᠷᠠᠨ ᠨᠢᠭᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠠᠷᠢᠶᠠᠯᠠᠩ ᠳᠤ ᠬᠡᠷᠡᠭᠯᠡᠬᠦ᠂ ᠭᠤᠣᠯᠳᠠᠭᠤ ᠲᠠᠷᠢᠶᠠᠯᠠᠩ ᠳᠤ ᠬᠡᠷᠡᠭᠯᠡᠬᠦ ᠵᠠᠷᠴᠢᠮ ᠢ ᠪᠠᠷᠢᠮᠲᠠᠯᠠᠬᠤ ᠬᠡᠷᠡᠭᠲᠡᠢ᠃ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠵᠠᠷ ᠰᠢᠷᠣᠢ ᠬᠡᠷᠡᠭᠯᠡᠬᠦ ᠡᠷᠬᠡ  ᠶᠢ ᠰᠢᠯᠵᠢᠭᠦᠯᠦᠨ ᠥᠭᠭᠦᠭᠰᠡᠨ ᠣᠷᠣᠯᠭ᠎ᠠ ᠶᠢᠨ ᠬᠡᠷᠡᠭᠯᠡᠬᠦ ᠬᠡᠪᠴᠢᠶ᠎ᠡ  ᠶᠢ ᠲᠣᠬᠢᠷᠠᠭᠤᠯᠤᠨ ᠲᠡᠭᠦᠯᠳᠡᠷᠵᠢᠭᠦᠯᠵᠦ  ᠂ ᠲᠠᠷᠢᠶᠠᠯᠠᠩ ᠬᠥᠳᠡᠭᠡ ᠲᠣᠰᠬᠤᠨ ᠤ ᠣᠷᠣᠭᠤᠯᠤᠯᠲᠠ ᠶᠢᠨ ᠬᠠᠷᠢᠴᠠᠯ ᠢ ᠳᠡᠭᠡᠭᠰᠢᠯᠡᠭᠦᠯᠵᠦ  ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ  ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ  ᠂ ᠣᠳᠣ ᠦᠶ᠎ᠡ ᠶᠢᠨ ᠦᠷ᠎ᠡ ᠶᠢᠨ ᠦᠢᠯᠡᠰ ᠤᠨ ᠳᠡᠭᠡᠭᠰᠢᠯᠡᠯᠲᠡ  ᠂ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ  ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ  ᠂ ᠬᠥᠳᠡᠭᠡ ᠲᠣᠰᠬᠤᠨ ᠤ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ  ᠂ ᠲᠠᠷᠢᠶᠠᠨ ᠭᠠᠵᠠᠷ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ  ᠂ ᠠᠶᠢᠯ ᠲᠣᠰᠬᠤᠨ ᠤ ᠣᠯᠠᠨ ᠨᠡᠶᠢᠲᠡ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ  ᠂ ᠬᠥᠳᠡᠭᠡ ᠲᠣᠰᠬᠤᠨ ᠤ ᠰᠤᠷᠭᠠᠨ ᠬᠥᠮᠦᠵᠢᠯ  ᠂ ᠬᠥᠳᠡᠭᠡ ᠲᠣᠰᠬᠤᠨ ᠤ ᠰᠣᠶᠣᠯ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠠᠷᠤᠯᠭ᠎ᠠ ᠳᠤ ᠭᠤᠣᠯᠳᠠᠯᠭ᠎ᠠ ᠲᠠᠢ ᠬᠡᠷᠡᠭᠯᠡᠨ᠎ᠡ  ᠃ ᠵᠢᠴᠢ ᠲᠠᠷᠢᠶᠠᠯᠠᠩ ᠬᠥᠳᠡᠭᠡ ᠲᠣᠰᠬᠤᠨ ᠲᠠᠢ ᠰᠢᠭᠤᠳ ᠬᠤᠯᠪᠣᠭᠳᠠᠬᠤ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦᠨ ᠤ ᠠᠮᠢ ᠠᠬᠤᠢ ᠶᠢ ᠬᠠᠮᠠᠭᠠᠯᠠᠨ ᠰᠡᠷᠭᠦᠭᠡᠬᠦ  ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠡᠷᠭᠡ ᠪᠣᠯᠣᠨ᠎ᠠ  ᠃      ᠵᠢᠷᠠᠨ ᠬᠤᠶᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠭᠰᠠᠨ ᠬᠤᠯᠪᠣᠭᠳᠠᠯ ᠪᠦᠬᠦᠢ ᠲᠤᠰᠬᠠᠢ ᠪᠡᠯᠡ ᠮᠥᠩᠭᠦ᠂ ᠰᠠᠭᠤᠷᠢ ᠮᠥᠩᠭᠦ ᠨᠢ ᠲᠣᠭᠲᠠᠭᠠᠯ ᠶᠣᠰᠣᠭᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠪᠠᠨ ᠴᠢᠩᠭᠠᠳᠬᠠᠬᠤ ᠬᠡᠷᠡᠭᠲᠡᠢ᠃      ᠤᠯᠤᠰ ᠠᠴᠠ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠪᠠᠶᠢᠭᠤᠯᠬᠤ ᠶᠢ ᠳᠡᠮᠵᠢᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠪᠠ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠨ᠎ᠡ᠃      ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠬᠥᠳᠡᠭᠡ ᠲᠣᠰᠬᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠨᠡᠶᠢᠭᠡᠮ ᠤᠨ ᠬᠥᠷᠥᠩᠭᠡ ᠶᠢᠨ ᠬᠥᠳᠡᠭᠡ ᠲᠣᠰᠬᠤᠨ ᠳᠤ ᠣᠷᠣᠬᠤ ᠶᠢ ᠬᠥᠲᠥᠯᠥᠨ᠎ᠡ᠃      ᠵᠢᠷᠠᠨ ᠭᠤᠷᠪᠠᠳᠤᠭᠠᠷ ᠵᠦᠢᠯ ᠤᠯᠤᠰ ᠠᠴᠠ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠡᠳ᠋ ᠬᠥᠷᠥᠩᠭᠡ ᠶᠢᠨ ᠪᠡᠷᠢᠴᠠᠭᠠᠨ ᠤ ᠳᠠᠭᠠᠭᠠᠯᠲᠠ ᠶᠢᠨ ᠡᠷᠬᠡ ᠴᠢᠳᠠᠪᠤᠷᠢ ᠶᠢ ᠬᠠᠤᠯᠢ ᠶᠣᠰᠣᠭᠠᠷ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠮᠥᠩᠭᠦᠨ ᠭᠦᠢᠯᠭᠡᠭᠡᠨ ᠤ ᠳᠡᠮᠵᠢᠯᠭᠡ ᠪᠠ ᠦᠢᠯᠡᠴᠢᠯᠡᠭᠡ ᠶᠢ ᠰᠠᠶᠢᠵᠢᠷᠠᠭᠤᠯᠤᠨ ᠴᠢᠩᠭᠠᠳᠬᠠᠨ᠎ᠠ᠃      ᠡᠳ᠋ ᠤᠨ ᠵᠠᠰᠠᠭ ᠠᠴᠠ ᠪᠡᠯᠡ ᠭᠠᠷᠭᠠᠵᠤ ᠪᠠᠶᠢᠭᠤᠯᠤᠭᠰᠠᠨ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ ᠪᠠᠶᠢᠭᠤᠯᠤᠮᠵᠢ ᠨᠢ ᠭᠤᠣᠯᠳᠠᠭᠤ ᠲᠠᠷᠢᠶᠠᠯᠠᠩ ᠤᠨ ᠦᠢᠯᠡᠳᠪᠦᠷᠢᠯᠡᠯ ᠡᠷᠬᠢᠯᠡᠬᠦ ᠪᠠ ᠲᠠᠷᠢᠶᠠᠯᠠᠩ ᠤᠨ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠡᠵᠡᠩᠨᠡᠯᠲᠡ ᠶᠢᠨ ᠪᠡᠶᠡᠴᠢ ᠴᠣᠭᠴᠠ ᠳᠤ ᠦᠢᠯᠡᠴᠢᠯᠡᠬᠦ ᠬᠡᠷᠡᠭᠲᠡᠢ᠃      ᠵᠢᠷᠠᠨ ᠳᠥᠷᠪᠡᠳᠦᠭᠡᠷ ᠵᠦᠢᠯ ‍ᠤᠯᠤᠰ ᠠᠴᠠ ᠤᠯᠠᠨ ᠲᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠢ ᠲᠡᠭᠦᠯᠳᠡᠷᠵᠢᠭᠦᠯᠵᠦ᠂ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠤᠨ ᠰᠲ᠋ᠣᠺ ᠤᠨ ᠡᠷᠬᠡ ᠪᠠᠷ ᠪᠡᠯᠡ ᠲᠣᠬᠢᠷᠠᠭᠤᠯᠬᠤ ᠶᠢ ᠤᠯᠠᠨ ᠠᠷᠭ᠎ᠠ ᠵᠠᠮ ᠢᠶᠠᠷ ᠲᠦᠯᠬᠢᠨ ᠠᠬᠢᠭᠤᠯᠵᠤ᠂ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠢ ᠬᠥᠭᠵᠢᠭᠦᠯᠦᠨ ᠵᠢᠷᠤᠮᠵᠢᠭᠤᠯᠵᠤ᠂ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠤᠨ ᠤᠯᠠᠨ ᠵᠦᠢᠯ ᠤᠨ ᠠᠷᠭ᠎ᠠ ᠮᠠᠶ᠋ᠢᠭ ᠢ ᠠᠰᠢᠭᠯᠠᠨ ᠪᠡᠯᠡ ᠲᠣᠬᠢᠷᠠᠭᠤᠯᠬᠤ ᠶᠢ ᠠᠬᠢᠭᠤᠯᠤᠨ᠎ᠠ; ᠲᠠᠷᠢᠶᠠᠯᠠᠩ ᠤᠨ ᠪᠦᠲᠦᠭᠡᠭᠳᠡᠬᠦᠨ ᠤ ᠬᠤᠭᠤᠴᠠᠭᠠᠲᠤ ᠪᠠᠷᠠᠭᠠᠨ ᠤ ᠲᠦᠷᠦᠯ ᠵᠦᠢᠯ ᠢ ᠪᠠᠶᠠᠯᠢᠭᠵᠢᠭᠤᠯᠵᠤ᠂ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠢᠯᠡᠷᠡᠭᠦᠯᠬᠦ ᠪᠠ ᠲᠦᠭᠰᠢᠭᠦᠷᠢ ᠶᠢ ᠵᠠᠳᠠᠷᠠᠭᠤᠯᠬᠤ ᠴᠢᠳᠠᠮᠵᠢ ᠪᠠᠨ ᠪᠠᠳᠠᠷᠠᠭᠤᠯᠤᠨ᠎ᠠ᠃      ᠵᠢᠷᠠᠨ ᠲᠠᠪᠤᠳᠤᠭᠠᠷ ᠵᠦᠢᠯ ᠤᠯᠤᠰ ᠠᠴᠠ ᠤᠯᠠᠨ ᠲᠡᠰ ᠳᠠᠪᠬᠤᠷᠭ᠎ᠠ ᠶᠢᠨ᠂ ᠥᠷᠭᠡᠨ ᠪᠦᠷᠬᠦᠴᠡ ᠲᠠᠢ᠂ ᠦᠷᠭᠦᠯᠵᠢᠯᠡᠬᠦ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠮᠥᠩᠭᠦᠨ ᠭᠦᠢᠯᠭᠡᠭᠡᠨ ᠤ ᠬᠢᠨᠠᠨ ᠰᠢᠯᠭᠠᠵᠤ ᠦᠨᠡᠯᠡᠨ ᠵᠢᠱᠢᠬᠦ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠥᠭᠵᠢᠯᠲᠡ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠡᠩ ᠤᠯᠠᠨ ᠡᠬᠢ ᠪᠠᠶᠠᠯᠢᠭ ᠢ ᠬᠥᠳᠡᠭᠡ ᠲᠣᠰᠬᠤᠨ ᠤ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ ᠭᠤᠭᠴᠤᠭ᠎ᠠ ᠳᠤ ᠬᠠᠤᠯᠢ ᠶᠣᠰᠣᠭᠠᠷ ᠲᠣᠬᠢᠷᠠᠭᠤᠯᠬᠤ ᠶᠢ ᠵᠣᠷᠢᠭᠵᠢᠭᠤᠯᠤᠨ᠎ᠠ᠃      ᠲᠦᠷᠦ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠤᠬᠠᠶᠢᠯᠠᠭᠰᠠᠨ ᠠᠵᠢᠯ ᠤᠨ ᠬᠡᠪᠴᠢᠶᠡᠨ ᠳᠣᠲᠣᠷ᠎ᠠ ᠪᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠪᠠ ᠪᠤᠰᠤᠳ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃      ᠬᠤᠳᠠᠯᠳᠤᠭᠠᠨ ᠤ ᠪᠠᠩᠬᠢ ᠲᠤᠰ ᠪᠡᠶ᠎ᠡ ᠶᠢᠨ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠪᠣᠯᠣᠨ ᠲᠤᠬᠠᠶᠢᠯᠠᠭᠰᠠᠨ ᠠᠵᠢᠯ ᠤᠨ ᠳᠠᠪᠠᠭᠤᠯᠢᠭ ᠲᠠᠢ ᠪᠠᠨ ᠤᠶᠠᠯᠳᠤᠭᠤᠯᠵᠤ᠂ ᠮᠥᠩᠭᠦᠨ ᠭᠦᠢᠯᠭᠡᠭᠡᠨ ᠤ ᠦᠢᠯᠡᠳᠬᠦᠨ ᠪᠣᠯᠣᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠰᠠᠭᠤᠷᠢ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠦᠷᠬᠦᠴᠡ ᠶᠢᠨ ᠬᠡᠪᠴᠢᠶ᠎ᠡ ᠶᠢ ᠥᠷᠭᠡᠳᠬᠡᠵᠦ᠂ ᠲᠠᠷᠢᠶᠠᠴᠢᠨ ᠪᠣᠯᠣᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢᠲᠦ ᠵᠢᠭᠡᠯᠡᠯᠭᠡ ᠶᠢᠨ ᠬᠡᠪᠴᠢᠶ᠎ᠡ ᠶᠢ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠬᠡᠷᠡᠭᠲᠡᠢ᠃      ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠬᠥᠳᠡᠭᠡ ᠲᠣᠰᠬᠤᠨ ᠤ ᠬᠤᠷᠰᠢᠭᠰᠠᠨ ᠪᠠᠩᠬᠢ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠵᠡᠷᠭᠡ ᠬᠥᠳᠡᠭᠡ ᠲᠣᠰᠬᠤᠨ ᠤ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠭᠤᠣᠯᠳᠠᠭᠤ ᠲᠤᠰ ᠭᠠᠵᠠᠷ ᠤᠨ ᠲᠠᠷᠢᠶᠠᠯᠠᠩ ᠬᠥᠳᠡᠭᠡ ᠲᠣᠰᠬᠤᠨ ᠤ ᠲᠠᠷᠢᠶᠠᠴᠢᠳ ᠲᠤ ᠦᠢᠯᠡᠴᠢᠯᠡᠬᠦ ᠬᠡᠷᠡᠭᠲᠡᠢ᠂ ᠲᠤᠰ ᠵᠢᠯ ᠳᠤ ᠰᠢᠨ᠎ᠡ ᠪᠠᠷ ᠨᠡᠮᠡᠭᠳᠡᠭᠰᠡᠨ ᠵᠢᠭᠡᠯᠡᠭᠦᠯᠵᠦ ᠪᠣᠯᠬᠤ ᠪᠡᠯᠡ ᠮᠥᠩᠭᠦ ᠶᠢ ᠭᠤᠣᠯᠳᠠᠭᠤ ᠲᠤᠬᠠᠢ ᠶᠢᠨ ᠭᠠᠵᠠᠷ ᠤᠨ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠳᠤ ᠬᠡᠷᠡᠭᠯᠡᠬᠦ ᠬᠡᠷᠡᠭᠲᠡᠢ᠃      ᠵᠢᠷᠠᠨ ᠵᠢᠷᠭᠤᠳᠤᠭᠠᠷ ᠵᠦᠢᠯ  ᠤᠯᠤᠰ ᠠᠴᠠ ᠤᠯᠡᠠ ᠲᠡᠰ ᠳᠠᠪᠬᠤᠷᠭ᠎ᠠ ᠶᠢᠨ ᠲᠠᠷᠢᠶᠠᠯᠠᠩ ᠤᠨ ᠳᠠᠭᠠᠳᠬᠠᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠲᠤᠶᠢᠷᠦ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠲᠤᠶᠢᠷᠢᠮ ᠢ ᠲᠡᠭᠦᠯᠳᠡᠷᠵᠢᠭᠦᠯᠦᠨ᠂ ᠬᠤᠳᠠᠯᠳᠤᠭᠠᠨ ᠤ ᠴᠢᠨᠠᠷᠲᠠᠢ ᠳᠠᠭᠠᠳᠬᠠᠯ ᠤᠨ ᠺᠣᠮᠫᠠᠨᠢ ᠶᠢᠨ ᠲᠠᠷᠢᠶᠠᠯᠠᠩ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠷᠢᠭᠵᠢᠭᠤᠯᠵᠤ᠂ ᠲᠠᠷᠢᠶᠠᠴᠢᠨ ᠪᠣᠯᠣᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠬᠠᠤᠯᠢ ᠶᠣᠰᠣᠭᠠᠷ ᠬᠠᠪᠰᠤᠷᠤᠯ ᠬᠤᠷᠰᠢᠶᠠᠯᠠᠯ ᠤᠨ ᠳᠠᠭᠠᠳᠬᠠᠯ ᠥᠷᠨᠢᠭᠦᠯᠬᠦ ᠶᠢ ᠲᠡᠮᠵᠢᠨ᠎ᠡ᠃      ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠳᠠᠭᠠᠳᠬᠠᠯ ᠤᠨ ᠰᠦᠢᠳᠬᠡᠯ ᠳᠤ ᠨᠥᠬᠦᠪᠦᠷᠢ ᠥᠭᠬᠦ ᠵᠡᠷᠭᠡ ᠠᠷᠭ᠎ᠠ ᠬᠡᠮᠵᠢᠶ᠎ᠡ ᠠᠪᠴᠤ᠂ ᠳᠠᠭᠠᠳᠬᠠᠯ ᠤᠨ ᠪᠠᠶᠢᠭᠤᠯᠤᠮᠵᠢ ᠶᠢᠨ ᠳᠠᠭᠠᠳᠬᠠᠯ ᠤᠨ ᠲᠤᠶᠢᠷᠦᠯ ᠵᠦᠢᠯ ᠢ ᠵᠣᠬᠢᠰᠲᠠᠢ ᠪᠠᠷ ᠨᠡᠮᠡᠭᠳᠡᠭᠦᠯᠬᠦ ᠶᠢ ᠲᠡᠮᠵᠢᠵᠦ᠂ ᠲᠠᠷᠢᠶᠠᠯᠠᠩ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠲᠠᠷᠢᠶᠠᠯᠠᠩ ᠤᠨ ᠳᠠᠭᠠᠳᠬᠠᠯ ᠤᠨ ᠬᠥᠭᠵᠢᠯᠲᠡ ᠶᠢ ᠠᠬᠢᠭᠤᠯᠤᠨ᠎ᠠ᠃      ᠵᠢᠷᠠᠨ ᠳᠣᠯᠣᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠶᠢ ᠲᠦᠯᠬᠢᠨ ᠠᠬᠢᠭᠤᠯᠵᠤ᠂ ᠭᠠᠵᠠᠷ ᠰᠢᠷᠣᠢ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠠᠤᠯᠢ ᠶᠣᠰᠣᠭᠠᠷ ᠠᠷᠭ᠎ᠠ ᠬᠡᠮᠵᠢᠶ᠎ᠡ ᠠᠪᠴᠤ ᠪᠠᠶᠢᠭᠠᠳ ᠬᠥᠳᠡᠭᠡ ᠲᠣᠰᠬᠤᠨ ᠤ ᠦᠯᠡᠳᠡᠭᠡᠯ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠮᠢᠳᠤᠯᠢᠭ ᠪᠣᠯᠭᠠᠵᠤ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠬᠢ ᠪᠠᠶᠠᠯᠢᠭ ᠢ ᠠᠮᠢᠯᠠᠭᠤᠯᠵᠤ᠂ ᠬᠥᠳᠡᠭᠡ ᠲᠣᠰᠬᠤᠨ ᠤ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠪᠠ ᠲᠠᠷᠢᠶᠠᠴᠢᠳ ᠤᠨ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠵᠦᠢ ᠵᠣᠬᠢᠰᠲᠠᠢ ᠬᠡᠷᠡᠭᠴᠡᠭᠡ ᠶᠢ ᠬᠠᠩᠭᠠᠬᠤ ᠬᠡᠷᠡᠭᠲᠡᠢ᠃      ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠬᠥᠳᠡᠭᠡ ᠲᠣᠰᠬᠤᠨ ᠤ ᠠᠵᠤ ᠦᠢᠯᠡᠰ ᠲᠤ ᠬᠡᠷᠡᠭᠯᠡᠬᠦ ᠭᠠᠵᠠᠷ ᠢ ᠪᠠᠲᠤᠯᠠᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠬᠡᠬᠦ ᠲᠤᠭ᠎ᠠ ᠶᠢ ᠬᠥᠳᠡᠭᠡ ᠲᠣᠰᠬᠤᠨ ᠤ ᠬᠥᠭᠵᠢᠯᠲᠡ ᠲᠡᠰᠢ ᠬᠡᠯᠪᠡᠶᠢᠯᠭᠡᠵᠦ᠂ ᠰᠢᠶᠠᠨ ᠤ ᠬᠡᠪᠴᠢᠶᠡᠨ ᠳᠠᠬᠢ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠭᠦᠢᠴᠡᠳᠬᠡᠬᠦ ᠲᠤᠭ᠎ᠠ ᠶᠢ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠬᠡᠷᠡᠭᠰᠡᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠬᠡᠬᠦ ᠲᠤᠭ᠎ᠠ ᠶᠢ ᠨᠤᠭᠤᠯᠤᠨ ᠪᠣᠳᠣᠬᠤ ᠳᠤ ᠡᠩ ᠲᠡᠷᠢᠭᠦᠨ ᠳᠤ ᠬᠡᠷᠡᠭᠯᠡᠵᠦ᠂ ᠭᠠᠵᠠᠷ ᠬᠠᠩᠭᠠᠬᠤ ᠠᠮᠢᠳᠤᠯᠢᠭ ᠪᠥᠭᠡᠳ ᠣᠯᠠᠨ ᠶᠠᠩᠵᠤ ᠶᠢᠨ ᠰᠢᠨ᠎ᠡ ᠠᠷᠭ᠎ᠠ ᠮᠠᠶ᠋ᠢᠭ ᠢ ᠬᠠᠶᠢᠨ ᠰᠦᠪᠡᠭᠴᠢᠯᠡᠬᠦ ᠬᠡᠷᠡᠭᠲᠡᠢ᠃      ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠪᠠᠷ ᠳᠠᠮᠵᠢᠭᠤᠯᠤᠨ ᠠᠵᠤ ᠦᠢᠯᠡᠳᠪᠦᠷᠢ᠂ ᠬᠤᠳᠠᠯᠳᠤᠭ᠎ᠠ ᠵᠡᠷᠭᠡ ᠡᠵᠡᠩᠨᠡᠯᠲᠡ ᠶᠢᠨ ᠴᠢᠨᠠᠷᠲᠠᠢ ᠬᠡᠷᠡᠭᠴᠡᠭᠡ ᠪᠠᠷ ᠲᠣᠭᠲᠠᠭᠠᠭᠰᠠᠨ ᠪᠥᠭᠡᠳ ᠬᠠᠤᠯᠢ ᠶᠣᠰᠣᠭᠠᠷ ᠳᠠᠩᠰᠠᠯᠠᠭᠤᠯᠤᠭᠰᠠᠨ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠭᠠᠵᠠᠷ ᠰᠢᠷᠣᠢ ᠶᠢᠨ ᠥᠮᠴᠢᠯᠡᠯ ᠤᠨ ᠡᠷᠬᠡᠲᠦ ᠬᠥᠮᠥᠨ ᠨᠢ ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠤᠯᠢ ᠶᠣᠰᠣᠭᠠᠷ ᠨᠢᠭᠡᠴᠢ ᠪᠤᠶᠤ ᠬᠤᠪᠢ ᠬᠥᠮᠥᠨ ᠳᠤ ᠲᠤᠰᠢᠶᠠᠨ ᠥᠭᠴᠦ ᠬᠡᠷᠡᠭᠯᠡᠭᠦᠯᠵᠦ᠂ ᠬᠠᠮᠲᠤ ᠶᠢᠨ ᠥᠮᠴᠢᠯᠡᠯ ᠤᠨ ᠠᠵᠤ ᠠᠬᠤᠢ ᠪᠠ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠬᠦ ᠳᠤ ᠤᠷᠢᠳ ᠢᠶᠠᠷ ᠬᠡᠷᠡᠭᠯᠡᠵᠦ ᠪᠣᠯᠣᠨ᠎ᠠ᠃      ᠶᠢᠰᠦᠳᠦᠭᠡᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ      ᠵᠢᠷᠠᠨ ᠨᠠᠢᠮᠠᠳᠤᠭᠠᠷ ᠵᠦᠢᠯ ᠤᠯᠤᠰ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠪᠠ ᠬᠢᠨᠠᠨ ᠰᠢᠯᠭᠠᠵᠤ ᠦᠨᠡᠯᠡᠬᠦ ᠳᠦᠷᠢᠮ ᠢ ᠬᠡᠷᠡᠭᠵᠢᠭᠦᠯᠦᠨ᠎ᠡ᠃ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠤᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠵᠡᠷᠭᠡ ᠳᠤ ᠬᠢᠨᠠᠨ ᠰᠢᠯᠭᠠᠯᠲᠠ ᠬᠢᠵᠦ  ᠂ ᠬᠢᠨᠠᠨ ᠰᠢᠯᠭᠠᠭᠰᠠᠨ ᠦᠷ᠎ᠡ ᠳ᠋ᠦᠩ ᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠠᠷᠢᠭᠤᠴᠠᠯᠭᠠᠲᠠᠨ ᠤ ᠶᠡᠷᠦᠩᠬᠡᠶᠢᠯᠡᠭᠰᠡᠨ ᠬᠢᠨᠠᠨ ᠰᠢᠯᠭᠠᠵᠤ ᠦᠨᠡᠯᠡᠬᠦ ᠶᠢᠨ ᠴᠢᠬᠤᠯᠠ ᠠᠭᠤᠯᠭ᠎ᠠ ᠪᠣᠯᠭᠠᠨ᠎ᠠ᠃      ᠵᠢᠷᠠ ᠶᠢᠰᠦᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠬᠢᠴᠠ ᠶᠢ ᠪᠤᠰᠤᠳᠴᠢ ᠪᠠᠷ ᠲᠤᠰᠬᠠᠭᠰᠠᠨ ᠭᠦᠢᠴᠡᠳᠬᠡᠯ ᠲᠤᠭ᠎ᠠ ᠪᠣᠯᠣᠨ ᠲᠤᠭ᠎ᠠ ᠪᠦᠷᠢᠳᠬᠡᠯ ᠤᠨ ᠰᠢᠰᠲ᠋ᠧᠮ ᠢ ᠪᠠᠶᠢᠭᠤᠯᠤᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠦᠨᠡᠯᠡᠯᠲᠡ ᠬᠢᠨ᠎ᠡ᠃      ᠳᠠᠯᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠶᠤ ᠲᠡᠭᠦᠨ ᠤ ᠪᠠᠶᠢᠩᠭᠤ ᠶᠢᠨ ᠬᠤᠷᠢᠶ᠎ᠠ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠦᠨ᠎ᠡ᠃      ᠳᠠᠯᠠᠨ ᠨᠢᠭᠡᠳᠦᠭᠡᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠯ ᠪᠦᠷᠢ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠠᠵᠢᠯ ᠤᠨ ᠪᠠᠶᠢᠳᠠᠯ ᠢᠶᠠᠨ ᠮᠡᠳᠡᠭᠦᠯᠦᠨ᠎ᠡ᠃      ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠲᠣᠭᠲᠠᠮᠠᠯ ᠬᠤᠭᠤᠴᠠᠭ᠎ᠠ ᠲᠠᠢ ᠪᠠᠷ ᠳᠣᠣᠷ᠎ᠠ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠤᠨ ᠪᠠᠶᠢᠳᠠᠯ ᠳᠤ ᠬᠢᠨᠠᠯᠲᠠ ᠲᠠᠯᠪᠢᠨ᠎ᠠ᠃      ᠳᠠᠯᠠᠨ ᠬᠤᠶᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠲᠠᠷᠢᠶᠠᠯᠠᠩ ᠬᠥᠳᠡᠭᠡ ᠲᠣᠰᠬᠤᠨ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ ᠲᠠᠷᠢᠶᠠᠯᠠᠩ ᠬᠥᠳᠡᠭᠡ ᠲᠣᠰᠬᠤᠨ ᠤ ᠣᠷᠣᠭᠤᠯᠤᠯᠲᠠ ᠶᠢ ᠤᠷᠢᠳ ᠢᠶᠠᠷ ᠪᠠᠲᠤᠯᠠᠬᠤ ᠲᠣᠭᠲᠠᠴᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠪᠠ ᠠᠮᠵᠢᠯᠲᠠ ᠪᠦᠲᠦᠮᠵᠢ ᠵᠡᠷᠭᠡ ᠳᠤ ᠬᠢᠨᠠᠯᠲᠠ ᠲᠠᠯᠪᠢᠨ᠎ᠠ᠃      ᠳᠠᠯᠠᠨ ᠭᠤᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠤᠨ ᠳᠤᠮᠳᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠤᠶᠤ ᠵᠥᠪ ᠭᠦᠢᠴᠡᠳᠬᠡᠬᠦ ᠦᠭᠡᠢ ᠪᠠᠶᠢᠪᠠᠯ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠨ ᠳᠤ ᠬᠠᠤᠯᠢ ᠶᠣᠰᠣᠭᠠᠷ ᠰᠢᠳᠬᠡᠯ ᠥᠭᠭᠦᠨ᠎ᠡ᠃      ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠪᠠᠶᠢᠳᠠᠯ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ ᠭᠠᠵᠠᠷ ᠰᠢᠷᠣᠢ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠪᠠᠶᠢᠪᠠᠯ᠂ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠳᠬᠡᠨ᠎ᠡ; ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠠᠷᠪᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ      ᠲᠠᠯᠠᠨ ᠳᠥᠷᠪᠡᠳᠦᠭᠡᠷ ᠵᠦᠢᠯ ᠲᠤᠰ ᠬᠠᠤᠯᠢ ᠶᠢ 2021 ᠣᠨ ᠤ 6 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号