ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢᠨ ᠲᠠᠶᠢᠯᠤᠮᠵᠢ ①
ᠨᠡᠶᠢᠲᠡᠯᠡᠭᠰᠡᠨ ᠴᠠᠭ᠄
2022/11/21
   ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠳᠤ ᠬᠥᠳᠡᠭᠡ ᠲᠣᠰᠬᠤᠨ ᠢ ᠵᠠᠪᠠᠯ ᠬᠥᠭᠵᠢᠭᠦᠯᠦᠨ ᠮᠠᠨᠳᠤᠭᠤᠯᠬᠤ ᠬᠡᠷᠡᠭᠲᠡᠢ  ᠃ 2021 ᠣᠨ ᠤ 4 ᠰᠠᠷ᠎ᠠ ᠶᠢᠨ 29  ᠤ ᠡᠳᠦᠷ  ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠠᠢᠮᠠᠳᠤᠭᠠᠷ ᠬᠤᠷᠠᠯ ᠠᠴᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾ ᠶᠢ ᠲᠣᠭᠲᠠᠪᠠ  ᠃   ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠳᠤᠷᠠᠳᠤᠭᠰᠠᠨ ᠠᠴᠠ ᠨᠠᠰᠢ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠵᠢᠯᠤᠭᠤᠳᠬᠤ ᠠᠯᠢ ᠤᠯᠠᠨ ᠴᠢᠬᠤᠯᠠ ᠲᠦᠷᠦ ᠶᠢᠨ ᠪᠣᠳᠣᠯᠭ᠎ᠠ ᠶᠢᠨ 2018 ᠣᠨ ᠤ 7 ᠰᠠᠷ᠎ᠠ ᠳᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠥᠯᠢ︾ ᠶᠢᠨ ᠬᠠᠥᠯᠢ ᠲᠣᠭᠲᠠᠭᠠᠬᠤ ᠵᠢᠷᠤᠮ ᠢ ᠲᠦᠷᠦᠭᠦᠯᠡᠨ ᠡᠬᠢᠯᠡᠭᠦᠯᠦᠭᠰᠡᠨ ᠠᠴᠠ ᠠᠪᠤᠭᠠᠳ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠲᠣᠰ ᠬᠠᠥᠯᠢ ᠲᠣᠭᠲᠠᠭᠠᠯᠲᠠ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ 2020 ᠣᠨ ᠤ 6 ᠰᠠᠷ᠎ᠠ ᠶᠢᠨ 18 ᠤ ᠡᠳᠦᠷ ᠤᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠥᠯᠢ ︵ᠲᠥᠰᠥᠯ︶︾ ᠶᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠬᠦ ᠬᠦᠷᠲᠡᠯ᠎ᠡ  ᠂ ᠳᠠᠬᠢᠭᠠᠳ 6 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠥᠯᠢ︾ ᠬᠦᠷᠲᠡᠯ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠥᠯᠢ︾ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠵᠢᠷᠤᠮᠯᠠᠬᠤ ᠬᠠᠥᠯᠢ ᠲᠠᠢ ᠪᠠᠶᠢᠬᠤ ᠶᠢ ᠬᠠᠷᠠᠭᠤᠯᠵᠤ  ᠂ ᠬᠠᠤᠯᠢᠴᠢᠯᠠᠭᠰᠠᠨ ᠵᠠᠮ ᠮᠥᠷ ᠢᠶᠠᠷ ᠶᠠᠪᠤᠬᠤ ᠡᠬᠢᠯᠡᠯᠲᠡ ᠪᠣᠯᠵᠠᠢ  ᠃   ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠤᠯᠢ ᠲᠣᠭᠲᠠᠭᠠᠬᠤ ᠰᠢᠰᠲ᠋ᠧᠮ ᠢ ᠪᠠᠶᠢᠭᠤᠯᠤᠨ   ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠥᠳᠡᠭᠡ ᠠᠵᠤ ᠠᠬᠤᠢ ᠶᠢᠨ ᠪᠦᠬᠦ ᠲᠠᠯ᠎ᠠ ᠶᠢᠨ ᠲᠡᠰ ᠲᠡᠪᠰᠢᠯᠳᠡ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠲᠠᠪᠰᠢᠯᠳᠡ᠂ ᠲᠠᠷᠢᠶᠠᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ  ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾ ᠪᠣᠯ ᠳᠠᠷᠤᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠠᠤᠯᠢ ᠴᠠᠭᠠᠵᠠ ᠶᠢᠨ ᠬᠡᠯᠪᠡᠷᠢ ᠪᠠᠷ ᠲᠣᠭᠲᠠᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠠᠤᠯᠢᠵᠢᠭᠤᠯᠬᠤ ᠶᠢᠨ ᠲᠥᠯᠥᠭᠡ ᠶᠤᠮ︾ ᠭᠡᠵᠦ ᠬᠡᠯᠡᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠬᠥᠭᠵᠢᠯᠲᠡ ᠶᠢᠨ ᠰᠤᠳᠤᠯᠭᠠᠨ ᠤ ᠲᠥᠪ ᠤᠨ ᠬᠥᠳᠡᠭᠡ ᠲᠣᠰᠬᠤᠨ ᠤ ᠠᠵᠤ ᠠᠬᠤᠢ ᠶᠢᠨ ᠰᠤᠳᠤᠯᠭᠠᠨ ᠤ ᠬᠡᠯᠲᠡᠰ ᠤᠨ ᠲᠠᠰᠤᠭ ᠤᠨ ᠡᠷᠬᠢᠯᠡᠭᠴᠢ᠂ ᠰᠤᠳᠤᠯᠤᠭᠴᠢ ᠬᠠᠨ ᠶᠠᠩ ︽ᠳᠤᠮᠳᠠᠳᠤ ᠤᠯᠤᠰ ᠤᠨ ᠬᠥᠭᠵᠢᠯᠲᠡ ᠶᠢᠨ ᠠᠵᠢᠭᠯᠠᠯᠲᠠ︾ ᠰᠡᠳᠬᠦᠯ ᠤᠨ ᠰᠤᠷᠪᠤᠯᠵᠢᠯᠠᠭᠴᠢ ᠶᠢᠨ ᠡᠨᠡ ᠨᠢ ᠬᠠᠤᠯᠢ ᠴᠠᠭᠠᠵᠠ ᠶᠢᠨ ᠵᠢᠷᠤᠮᠵᠢᠯ ᠢᠶᠠᠷ ᠳᠠᠮᠵᠢᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠦᠴᠦᠲᠡᠢ ᠨᠠᠶᠢᠳᠠᠪᠤᠷᠢᠵᠢᠭᠤᠯᠤᠨ ᠬᠡᠷᠡᠭᠵᠢᠭᠦᠯᠵᠦ  ᠂ ᠡᠭᠦᠨ ᠤ ᠤᠯᠠᠮ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠴᠠ ᠳᠠᠬᠢ ᠬᠠᠤᠯᠢ ᠲᠣᠭᠲᠠᠭᠠᠯᠲᠠ ᠶᠢᠨ ᠪᠠᠲᠤᠯᠠᠭ᠎ᠠ ᠪᠠ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠲᠥᠪ ᠬᠤᠷᠢᠶᠠᠨ ᠤ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠪᠦᠲᠦᠮᠵᠢᠲᠡᠢ ᠨᠠᠶᠢᠳᠠᠪᠤᠷᠢᠵᠢᠭᠤᠯᠬᠤ᠂ ᠠᠯᠳᠠᠭ᠎ᠠ ᠪᠤᠷᠤᠭᠤ ᠦᠭᠡᠢ᠂ ᠶᠠᠩᠵᠤ ᠶᠢ ᠨᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠬᠤ ᠳᠤ ᠠᠰᠢᠭᠲᠠᠢ ᠶᠤᠮ  ᠃   ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠥᠯᠢ︾ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠵᠢᠯᠤᠭᠤᠳᠬᠤ ᠬᠠᠥᠯᠢ ᠮᠥᠨ᠂ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠠᠵᠢᠯᠯᠠᠭ᠎ᠠ ᠶᠢᠨ ᠬᠠᠥᠯᠢ ᠮᠥᠨ  ᠂ ᠲᠠᠷᠢᠶᠠᠴᠢᠳ ᠤᠨ ᠠᠰᠢᠭ ᠲᠤᠰᠠ ᠶᠢ ᠬᠠᠮᠠᠭᠠᠯᠠᠬᠤ ᠪᠠᠲᠤᠯᠠᠭ᠎ᠠ ᠶᠢᠨ ᠬᠠᠥᠯᠢ ᠮᠥᠨ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠠᠥᠯᠢ ᠮᠥᠨ  ᠃ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠥᠮᠥᠨ ᠰᠣᠶᠣᠯ ᠬᠢᠭᠡᠳ ᠬᠥᠭᠵᠢᠯᠲᠡ ᠶᠢᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠠᠷᠢᠶᠠᠯᠠᠩ ᠬᠢᠭᠡᠳ ᠬᠥᠳᠡᠭᠡ ᠲᠣᠰᠬᠤᠨ ᠤ ᠬᠠᠤᠯᠢ ᠳᠦᠷᠢᠮ ᠤᠨ ᠰᠤᠳᠤᠯᠭᠠᠨ ᠤ ᠳᠤᠮᠳᠠᠳᠤ ᠤᠯᠤᠰ ᠤᠨ ᠲᠠᠷᠢᠶᠠᠯᠠᠩ ᠤᠨ ᠠᠵᠤ ᠠᠬᠤᠢ ᠶᠢᠨ ᠬᠠᠤᠯᠢ ᠶᠢᠨ ᠰᠤᠳᠤᠯᠭᠠᠨ ᠤ ᠨᠡᠶᠢᠭᠡᠮᠯᠢᠭ ᠤᠨ ᠳᠡᠳ᠋ ᠳᠠᠷᠤᠭ᠎ᠠ ᠪᠥᠭᠡᠳ ᠡᠷᠳᠡᠮ ᠰᠢᠨᠵᠢᠯᠡᠭᠡᠨ ᠤ ᠠᠵᠢᠯ ᠤᠨ ᠵᠥᠪᠯᠡᠯ ᠤᠨ ᠡᠷᠬᠢᠯᠡᠭᠴᠢ ᠷᠧᠨ ᠳ᠋ᠡ ᠫᠧᠩ ᠤᠨ ᠦᠵᠡᠬᠦ ᠪᠠᠷ᠂ ᠡᠨᠡ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠠᠯᠢ ᠤᠯᠠᠨ ᠳᠦᠷᠢᠮ ᠪᠠ ᠠᠷᠭ᠎ᠠ ᠬᠡᠮᠵᠢᠶ᠎ᠡ ᠬᠠᠩᠭᠠᠵᠠᠢ᠂ ᠬᠠᠤᠯᠢ ᠴᠠᠭᠠᠵᠠ ᠳᠤ ᠲᠣᠭᠲᠠᠭᠠᠭᠰᠠᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠ ᠬᠢᠨᠠᠯᠲᠠ ᠪᠠᠶᠢᠴᠠᠭᠠᠯᠲᠠ ᠶᠢᠨ ᠳᠦᠷᠢᠮ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠬᠠᠤᠯᠢ ᠴᠠᠭᠠᠵᠠ ᠪᠠᠷ ᠲᠣᠭᠲᠠᠭᠠᠭᠰᠠᠨ ᠵᠠᠷᠴᠢᠮ ᠪᠠ ᠳᠦᠷᠢᠮ ᠢ ᠵᠢᠷᠤᠮᠯᠠᠬᠤ ᠶᠢ ᠪᠦᠲᠦᠮᠵᠢᠲᠡᠢ ᠪᠠᠲᠤᠯᠠᠵᠤ ᠴᠢᠳᠠᠨ᠎ᠠ  ᠃   ᠲᠥᠷᠥ ᠶᠢᠨ ᠪᠣᠳᠣᠯᠭ᠎ᠠ ᠲᠠᠢ ᠬᠠᠷᠢᠴᠠᠭᠤᠯᠪᠠᠯ᠂ ᠬᠠᠤᠯᠢ ᠴᠠᠭᠠᠵᠠ ᠨᠢ ᠳᠦᠷᠢᠮᠵᠢᠯᠲᠦ ᠴᠢᠨᠠᠷ᠂ ᠴᠢᠩᠭ᠎ᠠ ᠨᠢᠮᠪᠠᠢ ᠴᠢᠨᠠᠷ᠂ ᠠᠯᠪᠠᠳᠠᠯᠭ᠎ᠠ ᠶᠢᠨ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠵᠡᠷᠭᠡ ᠣᠨᠴᠠᠯᠢᠭ  ᠲᠠᠢ᠂ ᠲᠤᠰᠬᠠᠢ《 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢ ᠠᠬᠢᠭᠤᠯᠬᠤ ᠬᠠᠤᠯᠢ 》 ᠶᠢ ᠲᠣᠭᠲᠠᠭᠠᠵᠤ  ᠂ ᠠᠵᠤ ᠦᠢᠯᠡᠰ ᠤᠨ ᠬᠥᠭᠵᠢᠯᠲᠡ᠂ ᠴᠢᠳᠠᠪᠤᠷᠢᠲᠠᠨ ᠤ ᠲᠤᠯᠭᠠᠭᠤᠷᠢᠯᠠᠯ᠂ ᠰᠣᠶᠣᠯ ᠤᠨ ᠴᠡᠴᠡᠭᠯᠡᠯᠲᠡ᠂ ᠠᠮᠢ ᠠᠬᠤᠢ ᠶᠢᠨ ᠬᠠᠮᠠᠭᠠᠯᠠᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠬᠤᠲᠠ ᠬᠥᠳᠡᠭᠡ ᠶᠢᠨ ᠠᠭᠤᠰᠤᠯᠴᠠᠯ ᠵᠡᠷᠭᠡ ᠲᠠᠯ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠳᠤ ᠬᠠᠤᠯᠢ ᠳᠦᠷᠢᠮ ᠤᠨ ᠪᠠᠲᠤᠯᠠᠭ᠎ᠠ ᠬᠠᠩᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢ ᠠᠬᠢᠭᠤᠯᠬᠤ ᠬᠠᠤᠯᠢ ᠴᠠᠭᠠᠵᠠ ᠶᠢᠨ ᠵᠠᠷᠴᠢᠮ  ᠂ ᠬᠠᠤᠯᠢ ᠴᠠᠭᠠᠵᠠ ᠶᠢᠨ ᠠᠷᠭ᠎ᠠ ᠬᠡᠮᠵᠢᠶ᠎ᠡ  ᠶᠢ ᠲᠣᠳᠣᠷᠬᠠᠶᠢᠯᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠠᠬᠢ ᠲᠤᠰᠢᠶᠠᠯ ᠬᠠᠷᠢᠭᠤᠴᠠᠯᠭ᠎ᠠ ᠪᠠ ᠦᠢᠯᠡ ᠠᠵᠢᠯᠯᠠᠭ᠎ᠠ ᠶᠢᠨ ᠵᠢᠷᠤᠮᠵᠢᠯ ᠢ ᠲᠣᠭᠲᠠᠭᠠᠵᠤ᠂ ᠲᠣᠭᠲᠠᠭᠤᠨ᠂ ᠪᠦᠲᠦᠮᠵᠢᠲᠡᠢ᠂ ᠦᠷᠭᠦᠯᠵᠢᠯᠡᠬᠦ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ  ᠂ ᠲᠠᠷᠢᠶᠠᠴᠢᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠭᠦᠢᠴᠡᠳ ᠬᠦᠨᠳᠦᠳᠬᠡᠵᠦ᠂ ᠲᠠᠷᠢᠶᠠᠯᠠᠩ ᠤᠨ ᠪᠦᠬᠦ ᠲᠠᠯ᠎ᠠ ᠪᠠᠷ ᠳᠡᠰ ᠳᠡᠪᠰᠢᠬᠦ  ᠂ ᠬᠥᠳᠡᠭᠡ ᠲᠣᠰᠬᠤᠨ ᠤ ᠪᠦᠬᠦ ᠲᠠᠯ᠎ᠠ ᠪᠠᠷ ᠳᠠᠪᠰᠢᠬᠤ  ᠂ ᠲᠠᠷᠢᠶᠠᠴᠢᠳ ᠤᠨ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠬᠠᠤᠯᠢ ᠲᠣᠭᠲᠠᠭᠠᠬᠤ ᠬᠠᠷᠠᠯᠲᠠ ᠶᠢ ᠪᠡᠶᠡᠯᠡᠭᠦᠯᠬᠦ ᠬᠡᠷᠡᠭᠲᠡᠢ  ᠃   ᠳᠤᠮᠳᠠᠳᠤ ᠤᠯᠤᠰ ᠤᠨ ᠬᠤᠷᠸ᠎ᠠ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠤᠨ ᠠᠵᠤ ᠦᠢᠯᠡᠰ ᠤᠨ ᠠᠵᠤ ᠠᠬᠤᠢ ᠪᠣᠯᠣᠨ ᠮᠡᠷᠭᠡᠵᠢᠯ ᠤᠨ ᠠᠵᠤ ᠠᠬᠤᠢ ᠶᠢᠨ ᠰᠤᠳᠤᠯᠭᠠᠨ ᠤ ᠭᠠᠵᠠᠷ ᠤᠨ ᠬᠥᠳᠡᠭᠡ ᠲᠣᠰᠬᠤᠨ ᠤ ᠲᠠᠰᠤᠭ ᠤᠨ ᠰᠤᠳᠤᠯᠤᠭᠴᠢ ᠯᠠᠨ ᠬᠠᠢ ᠲᠤᠤ᠄ ︽︿ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ﹀﹀ ᠤ ᠲᠤᠰ ᠪᠡᠶ᠎ᠡ ᠨᠢ ᠤᠷᠳᠤ ᠬᠤᠭᠤᠴᠠᠭᠠᠨ ᠤ ᠪᠠᠶᠢᠯᠳᠤᠬᠤ ᠪᠣᠳᠣᠯᠭ᠎ᠠ ᠶᠢᠨ ᠠᠰᠠᠭᠤᠳᠠᠯ ᠪᠣᠯᠣᠨ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠦᠷᠲᠡᠯ᠎ᠡ  ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠴᠢᠨᠠᠭᠰᠢᠳᠠ ᠰᠠᠶᠢᠲᠤᠷ ᠬᠢᠬᠦ ᠬᠡᠷᠡᠭᠲᠡᠢ ᠥᠭᠡᠷᠡᠴᠢᠯᠡᠯᠲᠡ ᠬᠥᠭᠵᠢᠯᠲᠡ ᠶᠢᠨ ᠠᠬᠢᠴᠠ ᠶᠢ ᠳᠠᠭᠠᠯᠳᠤᠨ᠂ ᠵᠠᠷᠢᠮ ᠲᠦᠷᠦ ᠶᠢᠨ ᠪᠣᠳᠣᠯᠭ᠎ᠠ ᠨᠢ ᠨᠢᠭᠡᠨᠲᠡ ᠲᠡᠦᠬᠡᠲᠦ ᠡᠭᠦᠷᠭᠡ ᠪᠠᠨ ᠳᠠᠭᠤᠰᠬᠠᠭᠰᠠᠨ ᠪᠣᠯᠪᠠᠴᠤ ᠵᠠᠷᠢᠮ ᠲᠦᠷᠦ ᠶᠢᠨ ᠪᠣᠳᠣᠯᠭ᠎ᠠ ᠨᠢ ᠵᠣᠬᠢᠬᠤ ᠤᠷᠳᠤ ᠬᠤᠭᠤᠴᠠᠭᠠᠨ ᠤ ᠴᠢᠨᠠᠷᠲᠠᠢ ᠪᠠᠶᠢᠵᠤ  ᠂ ᠤᠯᠤᠰ ᠠᠴᠠ ᠰᠠᠶᠢᠨ ᠲᠦᠷᠦ ᠶᠢᠨ ᠪᠣᠳᠣᠯᠭ᠎ᠠ ᠶᠢ ᠬᠠᠤᠯᠢ ᠴᠠᠭᠠᠵᠠ ᠪᠠᠷ ᠢᠯᠡᠷᠡᠭᠦᠯᠬᠦ ᠶᠢᠨ ᠬᠠᠮᠲᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠤᠢ ᠪᠣᠯᠭᠠᠭᠰᠠᠨ ᠪᠠᠶᠢᠨ᠎ᠠ᠃ ᠵᠢᠱᠢᠶᠡᠯᠡᠪᠡᠯ ᠲᠣᠰ ᠬᠠᠥᠯᠢ ᠶᠢᠨ ᠪᠥᠬᠦ ᠠᠭᠤᠯᠭ᠎ᠠ ᠳᠤ 29 ︿ᠵᠣᠷᠢᠭᠵᠢᠭᠤᠯᠬᠤ﹀᠂ 38 ︿ᠳᠡᠮᠵᠢᠬᠦ﹀ ᠪᠠᠶᠢᠳᠠᠯ ᠢᠯᠡᠷᠡᠵᠦ᠂ ᠵᠠᠰᠠᠭ ᠤᠨ ᠣᠷᠳᠣᠨ  ᠠᠴᠠ ᠬᠥᠲᠥᠯᠥᠨ ᠵᠢᠯᠤᠭᠤᠳᠬᠤ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠬᠥᠭᠵᠢᠯᠲᠡ ᠪᠠ ᠬᠥᠭᠵᠢᠯ ᠮᠠᠨᠳᠤᠯ  ᠢ ᠲᠣᠭᠲᠠᠪᠤᠷᠢᠵᠢᠭᠤᠯᠤᠨ ᠪᠠᠲᠤᠯᠠᠵᠤ᠂ ᠡᠯ᠎ᠡ ᠲᠠᠯ᠎ᠠ ᠶᠢᠨ ᠬᠦᠴᠦᠨ  ᠢ ᠨᠢᠭᠡᠳᠦᠯᠲᠡᠢ ᠲᠥᠯᠥᠪᠯᠡᠨ᠂ ᠤᠯᠤᠰ ᠤᠨ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ ᠶᠡᠭᠡ ᠴᠢᠭᠯᠡᠯ ᠪᠠ ᠪᠣᠳᠠᠲᠠᠢ ᠵᠢᠯᠣᠭᠤᠳᠤᠯᠭ᠎ᠠ ᠶᠣᠰᠣᠭᠠᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ︿ᠠᠬᠢᠭᠤᠯᠬᠤ﹀ ᠨᠢ ᠦᠨᠡᠨ ᠳᠡᠭᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ ᠵᠠᠰᠠᠭ ᠤᠨ ᠣᠷᠳᠣᠨ᠂ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢ ᠪᠠᠭᠲᠠᠭᠠᠭᠰᠠᠨ ᠣᠯᠠᠨ ᠡᠰᠢᠲᠦ ᠪᠡᠶᠡᠴᠢ ᠴᠣᠭᠴᠠ ᠶᠢᠨ ᠬᠠᠮᠲᠤ ᠪᠠᠷ ᠣᠷᠤᠯᠴᠠᠬᠤ ᠶᠠᠪᠤᠳᠠᠯ ᠮᠥᠨ ᠭᠡᠳᠡᠭ ᠢ ᠴᠢᠬᠤᠯᠠᠴᠢᠯᠠᠳᠠᠭ  ︾ ᠭᠡᠵᠡᠢ  ᠃   ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠷᠢᠶᠠᠯᠠᠩ ᠪᠠ ᠬᠥᠳᠡᠭᠡ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠤᠳᠤᠯᠬᠤ ᠭᠠᠵᠠᠷ ᠤᠨ ᠳᠠᠷᠤᠭ᠎ᠠ᠂ ᠰᠤᠳᠤᠯᠤᠭᠴᠢ ᠸᠧᠢ ᠾᠧᠦ ᠺᠠᠢ ᠶᠢᠨ ᠦᠵᠡᠬᠦ ᠪᠠᠷ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢᠨ ᠰᠠᠭᠤᠷᠢ ᠴᠢᠨᠠᠷᠲᠠᠢ᠂ ᠶᠡᠷᠦᠩᠬᠡᠶᠢᠯᠡᠭᠰᠡᠨ ᠴᠢᠨᠠᠷᠲᠠᠢ ᠬᠠᠤᠯᠢ ᠴᠠᠭᠠᠵᠠ ᠶᠢᠨ ᠪᠢᠴᠢᠭ ᠮᠠᠲᠧᠷᠢᠶᠠᠯ ᠪᠣᠯᠣᠨ᠎ᠠ᠃ ᠲᠡᠭᠦᠨ ᠢ ᠨᠡᠶᠢᠲᠡᠯᠡᠨ ᠬᠡᠷᠡᠭᠵᠢᠭᠦᠯᠬᠦ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠳᠦᠷᠢᠮᠵᠢᠭᠦᠯᠬᠦ  ᠂ ᠬᠠᠤᠯᠢᠵᠢᠭᠤᠯᠬᠤ ᠵᠠᠮ ᠳᠤ ᠣᠷᠣᠭᠤᠯᠬᠤ ᠪᠣᠯᠣᠨ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠪᠠᠬᠢ ᠬᠠᠤᠯᠢᠵᠢᠯ ᠤᠨ ᠪᠠᠲᠤᠯᠠᠭ᠎ᠠ ᠬᠠᠩᠭᠠᠵᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ ᠤᠷᠳᠤ ᠬᠤᠭᠤᠴᠠᠭᠠᠨ ᠤ ᠬᠠᠲᠠᠭᠤᠵᠢᠯᠲᠠᠢ ᠡᠭᠦᠷᠭᠡ ᠪᠣᠯᠣᠨ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠳᠤᠷᠠᠳᠤᠭᠰᠠᠨ ᠠᠴᠠ ᠨᠠᠰᠢ᠂ ᠤᠯᠤᠰ ᠠᠴᠠ ᠠᠯᠢ ᠤᠯᠠᠨ ᠰᠠᠨᠠᠯ᠂ ᠲᠥᠯᠦᠪᠵᠢᠭᠦᠯᠭᠡ ᠪᠣᠯᠣᠨ ᠲᠦᠷᠦ ᠶᠢᠨ ᠪᠣᠳᠣᠯᠭ᠎ᠠ ᠶᠢ ᠲᠣᠭᠲᠠᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠦᠷᠢᠮ ᠤᠨ ᠪᠣᠷᠣ ᠲᠥᠯᠥᠪ ᠪᠣᠯᠣᠨ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠵᠦ᠂ ᠡᠳᠡᠭᠡᠷ ᠳᠦᠷᠢᠮ ᠪᠣᠯᠣᠨ ᠲᠦᠷᠦ ᠶᠢᠨ ᠪᠣᠳᠣᠯᠭ᠎ᠠ ᠶᠢ ᠬᠠᠤᠯᠢ ᠴᠠᠭᠠᠵᠠ ᠶᠢᠨ ᠬᠡᠯᠪᠡᠷᠢ ᠪᠠᠷ ᠲᠣᠭᠲᠠᠪᠤᠷᠢᠵᠢᠭᠤᠯᠬᠤ ᠬᠡᠷᠡᠭᠲᠡᠢ︾  ᠃   ᠮᠠᠨ ᠤ ᠤᠯᠤᠰ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠬᠦᠷᠢᠶᠡᠨ ᠳᠠᠬᠢ ᠶᠡᠷᠦᠩᠬᠡᠶᠢᠯᠡᠨ ᠵᠠᠬᠢᠷᠬᠤ ᠴᠢᠨᠠᠷᠲᠠᠢ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠪᠣᠯᠤᠭᠰᠠᠨ ᠤ ᠬᠤᠪᠢ ᠳᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾ ᠨᠢ ᠢᠯᠡ ᠲᠣᠳᠣ ᠣᠨᠴᠠᠯᠢᠭ ᠲᠠᠢ ᠶᠤᠮ  ᠄   ᠨᠢᠭᠡ ᠳᠤ ᠰᠠᠭᠤᠷᠢᠯᠠᠬᠤ ᠴᠢᠨᠠᠷ ᠪᠠ ᠶᠡᠷᠦᠩᠬᠡᠶᠢᠯᠡᠭᠰᠡᠨ ᠴᠢᠨᠠᠷ ᠢ ᠢᠯᠡᠷᠡᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢ ᠳᠦᠷᠢᠮᠵᠢᠭᠦᠯᠬᠦ  ᠂ ᠬᠠᠤᠯᠢᠵᠢᠭᠤᠯᠬᠤ ᠵᠠᠮ ᠢᠶᠠᠷ ᠵᠠᠮᠨᠠᠭᠤᠯᠬᠤ  ᠶᠢ ᠠᠬᠢᠭᠤᠯᠵᠤ᠂ ᠠᠯᠢ ᠤᠯᠠᠨ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠢᠶᠠᠷ ᠪᠠᠲᠤᠯᠠᠭ᠎ᠠ ᠪᠣᠯᠭᠠᠬᠤ ᠴᠢᠬᠤᠯᠠᠲᠠᠢ᠂ ᠭᠡᠬᠦ ᠳᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾ ᠪᠣᠯ ᠶᠡᠷᠦᠩᠬᠡᠶᠢᠯᠡᠨ ᠵᠢᠯᠤᠭᠤᠳᠬᠤ ᠦᠢᠯᠡᠳᠦᠯ ᠲᠠᠢ ᠰᠠᠭᠤᠷᠢᠯᠠᠬᠤ ᠴᠢᠨᠠᠷᠲᠠᠢ  ᠂ ᠶᠡᠷᠦᠩᠬᠡᠶᠢᠯᠡᠭᠰᠡᠨ ᠴᠢᠨᠠᠷᠲᠠᠢ ᠬᠠᠤᠯᠢ ᠴᠠᠭᠠᠵᠠ ᠪᠣᠯᠣᠨ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠱᠠᠭᠠᠷᠳᠠᠯᠭ᠎ᠠ ᠂ ᠵᠠᠷᠴᠢᠮ᠂ ᠴᠢᠭᠯᠡᠯᠲᠡ᠂ ᠭᠤᠣᠯ ᠠᠭᠤᠯᠭ᠎ᠠ ᠪᠣᠯᠣᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠳᠤ ᠭᠤᠣᠯᠳᠠᠯᠭ᠎ᠠ ᠲᠠᠢ ᠳᠦᠷᠢᠮ ᠤᠨ ᠴᠢᠨᠠᠷᠲᠠᠢ ᠲᠣᠬᠢᠷᠠᠭᠤᠯᠤᠯᠲᠠ ᠬᠢᠬᠦ ᠬᠡᠷᠡᠭᠲᠡᠢ  ᠂ ᠲᠡᠷᠡ ᠨᠢ ᠲᠠᠷᠢᠶᠠᠯᠠᠩ ᠳᠤ ᠬᠤᠯᠪᠣᠭᠳᠠᠬᠤ ᠪᠤᠰᠤᠳ ᠬᠠᠤᠯᠢ ᠴᠠᠭᠠᠵᠠ ᠶᠢ ᠣᠷᠣᠯᠠᠬᠤ ᠪᠢᠰᠢ᠂ ᠠᠯᠢ ᠴᠢᠳᠠᠬᠤ ᠪᠠᠷ ᠳᠠᠪᠬᠤᠷᠳᠠᠭᠤᠯᠬᠤ ᠦᠭᠡᠢ ᠪᠠᠶᠢᠬᠤ ᠬᠡᠷᠡᠭᠲᠡᠢ᠃ ᠬᠤᠶᠠᠷ ᠲᠤ ᠴᠢᠬᠤᠯᠠ ᠶᠡᠭᠡ ᠴᠢᠭᠯᠡᠯᠲᠡ ᠲᠦᠷᠦ ᠶᠢᠨ ᠪᠣᠳᠣᠯᠭ᠎ᠠ ᠶᠢ ᠬᠠᠤᠯᠢ ᠴᠠᠭᠠᠵᠠ ᠪᠠᠷ ᠲᠣᠭᠲᠠᠪᠤᠷᠢᠵᠢᠭᠤᠯᠤᠨ᠎ᠠ  ᠃ ᠣᠶᠢᠷ᠎ᠠ ᠶᠢᠨ ᠵᠢᠯ ᠠᠴᠠ᠂ ᠲᠥᠪ ᠠᠴᠠ ᠠᠯᠢ ᠤᠯᠠᠨ ᠴᠢᠭᠯᠡᠯᠲᠡ ᠲᠦᠷᠦ ᠶᠢᠨ ᠪᠣᠳᠣᠯᠭ᠎ᠠ ᠶᠢ ᠳᠤᠷᠠᠳᠴᠠᠢ᠂ ᠵᠢᠱᠢᠶᠡᠯᠡᠪᠡᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠬᠤ ᠶᠢ ᠪᠠᠷᠢᠮᠲᠠᠯᠠᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠬᠤ᠂ ᠲᠠᠷᠢᠶᠠᠴᠢᠨ ᠤ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠬᠤ᠂ ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠬᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ ᠶᠢ ᠪᠠᠷᠢᠮᠲᠠᠯᠠᠬᠤ ᠵᠡᠷᠭᠡ ᠴᠢᠭᠯᠡᠯᠲᠡ ᠲᠦᠷᠦ ᠶᠢᠨ ᠪᠣᠳᠣᠯᠭ᠎ᠠ ᠶᠢ ᠳᠤᠷᠠᠳᠴᠠᠢ  ᠂ ᠡᠳᠡᠭᠡᠷ ᠴᠢᠭᠯᠡᠯᠲᠡ ᠲᠦᠷᠦ ᠶᠢᠨ ᠪᠣᠳᠣᠯᠭ᠎ᠠ ᠶᠢ ᠬᠠᠤᠯᠢ ᠴᠠᠭᠠᠵᠠ ᠶᠢᠨ ᠬᠡᠯᠪᠡᠷᠢ ᠪᠠᠷ ᠲᠣᠭᠲᠠᠪᠤᠷᠢᠵᠢᠭᠤᠯᠬᠤ ᠨᠢ ᠲᠡᠭᠦᠨ ᠤ ᠪᠦᠲᠦᠮᠵᠢᠲᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠠᠰᠢᠭᠲᠠᠢ ᠶᠤᠮ᠃ ᠭᠤᠷᠪᠠ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠴᠢᠬᠤᠯᠠᠴᠢᠯᠠᠨ᠎ᠠ  ᠃ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾  ᠨᠢ ᠬᠠᠤᠯᠢ ᠴᠠᠭᠠᠵᠠ ᠶᠢᠨ ᠲᠠᠯ᠎ᠠ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠭᠤᠯᠤᠮᠵᠢ ᠲᠣᠭᠲᠠᠴᠠ ᠳᠤ ᠪᠦᠬᠦ ᠲᠠᠯ᠎ᠠ ᠶᠢᠨ ᠳᠦᠷᠢᠮ ᠤᠨ ᠲᠣᠬᠢᠷᠠᠭᠤᠯᠤᠯᠲᠠ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢ ᠬᠢᠨᠠᠨ ᠰᠢᠯᠭᠠᠵᠤ ᠦᠨᠡᠯᠡᠬᠦ ᠳᠦᠷᠢᠮ᠂ ᠠᠵᠢᠯ ᠤᠨ ᠣᠨ ᠤ ᠮᠡᠳᠡᠭᠦᠯᠦᠯᠲᠡ ᠶᠢᠨ ᠳᠦᠷᠢᠮ ᠪᠠ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠢ ᠪᠠᠶᠢᠭᠤᠯᠬᠤ  ᠶᠢ ᠲᠣᠳᠣᠷᠬᠠᠢ ᠳᠤᠷᠠᠳᠴᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠳᠦᠷᠢᠮ ᠢ ᠬᠡᠷᠡᠭᠵᠢᠭᠦᠯᠵᠦ  ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠡᠳ᠋ ᠤᠨ ᠵᠠᠰᠠᠭ ᠤᠨ ᠣᠷᠣᠭᠤᠯᠤᠯᠲᠠ ᠶᠢᠨ ᠪᠠᠲᠤᠯᠠᠭ᠎ᠠ ᠶᠢᠨ ᠳᠦᠷᠢᠮ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠠᠮᠲᠤᠯᠢᠭ ᠤᠨ ᠠᠮᠤᠷ ᠲᠦᠪᠰᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠲᠠᠷᠢᠶᠠᠴᠢᠳ ᠤᠨ ᠣᠷᠣᠯᠭ᠎ᠠ ᠶᠢᠨ ᠲᠣᠭᠲᠠᠭᠤᠨ ᠢᠶᠠᠷ ᠲᠣᠰ ᠬᠠᠥᠯᠢ ᠳᠤ ︽ᠳᠦᠷᠢᠮ︾ 17᠂ ︽ᠲᠣᠭᠲᠠᠴᠠ︾ 31 ᠪᠣᠶ᠂ ᠡᠭᠦᠨ ᠠᠴᠠ ᠲᠣᠰ ᠬᠠᠥᠯᠢ ᠳᠦᠷᠢᠮ ᠪᠠ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ᠶᠢ ᠮᠠᠰᠢ ᠴᠢᠬᠤᠯᠠᠴᠢᠯᠠᠵᠤ ᠪᠠᠶᠢᠬᠤ ᠶᠢ ᠮᠡᠳᠡᠵᠦ ᠪᠣᠯᠣᠨ᠎ᠠ  ᠃   ︽ᠠᠬᠢᠭᠤᠯᠬᠤ ᠬᠠᠥᠯᠢ ᠪᠣᠯᠤᠭᠰᠠᠨ ᠤ ᠬᠤᠪᠢ ᠳᠤ ᠲᠡᠭᠦᠨ ᠤ ᠭᠤᠤᠯᠳᠠᠯᠠᠭ᠎ᠠ ᠨᠢ ᠠᠬᠢᠭᠤᠯᠬᠤ ᠳᠤ ᠪᠠᠶᠢᠬᠤ ᠨᠢ ᠮᠠᠰᠢ ᠢᠯᠡᠷᠬᠡᠢ ᠶᠤᠮ᠂ ᠲᠠᠷᠢᠶᠠᠯᠠᠩ ᠳᠤ ᠬᠤᠯᠪᠣᠭᠳᠠᠬᠤ ᠪᠤᠰᠤᠳ ᠬᠠᠥᠯᠢ ᠴᠠᠭᠠᠵᠠ ᠲᠠᠢ ᠠᠳᠠᠯᠢ ᠦᠭᠡᠢ ᠨᠢ ᠭᠡᠪᠡᠯ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠥᠯᠢ︾ ᠳᠤ ᠶᠠᠭᠤ ᠶᠢ ᠠᠬᠢᠭᠤᠯᠬᠤ᠂ ᠬᠡᠨ ᠠᠬᠢᠭᠤᠯᠬᠤ᠂ ᠬᠡᠷᠬᠢᠨ ᠠᠬᠢᠭᠤᠯᠬᠤ ᠵᠡᠷᠭᠡ ᠵᠠᠩᠭᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ︾ ᠭᠡᠵᠡᠢ  ᠃ ᠸᠧᠢ ᠾᠧᠦ ᠺᠠᠢ ᠵᠢᠭᠠᠵᠤ ᠭᠠᠷᠭᠠᠭᠰᠠᠨ ᠨᠢ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠪᠣᠯ ᠶᠠᠭᠤ ᠶᠢ ᠠᠬᠢᠭᠤᠯᠬᠤ ᠲᠠᠯ᠎ᠠ ᠪᠠᠷ ᠭᠤᠤᠯᠳᠠᠯᠠᠭ᠎ᠠ ᠪᠣᠯᠬᠤ ᠪᠣᠶ᠂ ᠡᠶᠢᠮᠦ ᠠᠴᠠ ᠲᠣᠰ ᠬᠠᠥᠯᠢ ᠳᠤ ︽ᠲᠠᠪᠤᠨ︾ ᠢ ᠬᠥᠭᠵᠢᠭᠦᠯᠦᠨ ᠮᠠᠨᠳᠤᠭᠤᠯᠬᠤ ᠶᠣᠰᠣᠭᠠᠷ ᠵᠢᠷᠭᠤᠭᠠᠨ ᠪᠦᠯᠦᠭ ᠬᠤᠪᠢᠶᠠᠵᠤ ᠠᠵᠤ ᠦᠢᠯᠡᠰ ᠤᠨ ᠬᠥᠭᠵᠢᠯᠲᠡ᠂ ᠴᠢᠳᠠᠪᠤᠷᠢᠲᠠᠨ ᠤ ᠲᠤᠯᠭᠠᠭᠤᠷᠢᠯᠠᠯ᠂ ᠰᠣᠶᠣᠯ ᠤᠨ ᠴᠡᠴᠡᠭᠯᠡᠯᠲᠡ᠂ ᠠᠮᠢ ᠠᠬᠤᠢ ᠶᠢᠨ ᠬᠠᠮᠠᠭᠠᠯᠠᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠬᠤᠲᠠ ᠬᠥᠳᠡᠭᠡ ᠶᠢᠨ ᠠᠭᠤᠰᠤᠯᠴᠠᠯ ᠵᠡᠷᠭᠡ ᠠᠭᠤᠯᠭ᠎ᠠ ᠶᠢ ᠲᠣᠳᠣᠷᠬᠠᠶᠢᠯᠠᠨ ᠥᠭᠦᠯᠡᠭᠰᠡᠨ ᠪᠠᠶᠢᠨ᠎ᠠ᠃   ᠬᠡᠨ ᠠᠬᠢᠭᠤᠯᠬᠤ ᠪᠤᠢ? ᠲᠣᠰ ᠬᠠᠥᠯᠢ ᠳᠤ ᠵᠠᠰᠠᠭ ᠤᠨ ᠣᠷᠳᠣᠨ ᠵᠢᠴᠢ ᠲᠡᠭᠦᠨ ᠤ ᠬᠠᠷᠢᠶ᠎ᠠ ᠰᠠᠯᠠᠭ᠎ᠠ ᠮᠥᠴᠢᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤᠮᠳᠠᠬᠢ ᠦᠢᠯᠡᠳᠦᠯ ᠪᠠ ᠬᠠᠷᠢᠭᠤᠴᠠᠯᠭ᠎ᠠ ᠶᠢ ᠣᠨᠴᠠᠭᠠᠶᠢᠯᠠᠨ ᠴᠢᠬᠤᠯᠠᠴᠢᠯᠠᠵᠤ᠂ ᠲᠥᠪ ᠠᠴᠠ ᠨᠢᠭᠡᠳᠦᠯᠲᠡᠢ ᠲᠥᠯᠥᠪᠯᠡᠬᠦ᠂ ᠮᠤᠵᠢ  ᠠᠴᠠ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ᠂ ᠬᠤᠲᠠ ᠰᠢᠶᠠᠨ ᠰᠢᠶᠠᠩ  ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠲᠣᠳᠣᠷᠬᠠᠢ ᠳᠤᠷᠠᠳᠤᠨ ᠭᠠᠷᠭᠠᠭᠰᠠᠨ ᠤ ᠬᠠᠮᠲᠤ ᠠᠷᠠᠳ ᠤᠨ ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠡᠷᠭᠡ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠮᠢᠶ᠎ᠠ ᠪᠦᠬᠦᠢ ᠠᠵᠢᠯᠯᠠᠭ᠎ᠠ ᠳᠤ ᠣᠷᠤᠯᠴᠠᠬᠤ ᠶᠢ ᠵᠣᠷᠢᠭᠵᠢᠭᠤᠯᠤᠨ ᠳᠡᠮᠵᠢᠨ᠎ᠡ  ᠃   ᠬᠡᠷᠬᠢᠨ ᠠᠬᠢᠭᠤᠯᠬᠤ ᠪᠤᠢ? ᠲᠣᠰ ᠬᠠᠥᠯᠢ ᠨᠢ ᠬᠠᠥᠯᠢ ᠴᠠᠭᠠᠵᠠ ᠶᠢᠨ ᠲᠠᠯ᠎ᠠ  ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠷᠭ᠎ᠠ ᠵᠠᠮ᠂ ᠪᠠᠶᠢᠭᠤᠯᠤᠯ ᠲᠣᠭᠲᠠᠴᠠ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠵᠠᠢ  ᠃   ᠬᠡᠯᠡᠯᠭᠡᠨ ᠦᠭᠡᠢ《ᠠᠬᠢᠭᠤᠯᠬᠤ》 ᠭᠡᠳᠡᠭ ᠦᠭᠡ ᠶᠢ ᠰᠢᠨᠵᠢᠯᠡᠬᠦ ᠤᠬᠠᠭᠠᠨᠴᠢ ᠪᠠᠷ ᠪᠦᠬᠦ ᠲᠠᠯ᠎ᠠ ᠪᠠᠷ ᠣᠶᠢᠯᠠᠭᠠᠬᠤ ᠬᠡᠷᠡᠭᠲᠡᠢ᠃ ᠵᠥᠪᠬᠡᠨ ᠵᠣᠷᠢᠭᠵᠢᠭᠤᠯᠬᠤ ᠪᠠ ᠤᠷᠮᠠᠰᠢᠭᠤᠯᠬᠤ ᠲᠡᠳᠦᠢ ᠪᠢᠰᠢ᠂ ᠪᠠᠰᠠ ᠵᠣᠬᠢᠬᠤ ᠬᠢᠵᠠᠭᠠᠷᠯᠠᠬᠤ ᠪᠠ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ᠂ ᠡᠯ᠎ᠡ ᠭᠤᠣᠯ ᠴᠣᠭᠴᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ ᠲᠣᠰ ᠬᠠᠥᠯᠢ ᠳᠤ ︽ᠬᠠᠥᠯᠢ ᠶᠢ ᠵᠥᠷᠢᠴᠡᠨ ᠲᠠᠷᠢᠶᠠᠨ ᠭᠠᠵᠠᠷ ᠢ ᠡᠵᠡᠯᠡᠨ ᠭᠡᠷ ᠪᠠᠷᠢᠬᠤ ᠶᠢ ᠴᠢᠩᠭ᠎ᠠ ᠴᠠᠭᠠᠵᠠᠯᠠᠨ᠎ᠠ︾ ︽ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ᠂ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ᠂ ᠬᠠᠮᠲᠤ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠡᠷᠬᠡ ᠠᠴᠠ ᠤᠬᠤᠷᠢᠨ ᠭᠠᠷᠬᠤ ᠵᠡᠷᠭᠡ ᠪᠠᠷ ᠲᠠᠷᠢᠶᠠᠴᠢᠳ ᠤᠨ ᠬᠤᠲᠠ ᠳᠤ ᠡᠷᠦᠬᠡ ᠠᠮᠠ ᠣᠷᠣᠬᠤ ᠶᠢᠨ ᠨᠥᠬᠦᠴᠡᠯ ᠪᠣᠯᠭᠠᠵᠤ ᠪᠣᠯᠬᠤ ᠦᠭᠡᠢ︾ ︽ᠲᠠᠷᠢᠶᠠᠴᠢᠳ ᠤᠨ ᠬᠦᠰᠡᠯ ᠰᠠᠨᠠᠭ᠎ᠠ ᠠᠴᠠ ᠵᠥᠷᠢᠴᠡᠵᠦ᠂ ᠬᠠᠥᠯᠢ ᠳᠤ ᠲᠣᠭᠲᠠᠭᠠᠭᠰᠠᠨ ᠵᠢᠷᠤᠮ ᠢ ᠵᠥᠷᠢᠴᠡᠨ ᠠᠶᠢᠯ ᠲᠣᠰᠬᠤᠨ ᠢ ᠬᠠᠰᠤᠵᠤ ᠨᠡᠶᠢᠯᠡᠭᠦᠯᠬᠦ ᠶᠢ ᠴᠢᠩᠭ᠎ᠠ ᠴᠠᠭᠠᠵᠠᠯᠠᠨ᠎ᠠ︾ ᠭᠡᠵᠦ ᠲᠣᠳᠣᠷᠬᠠᠢ ᠲᠣᠭᠲᠠᠭᠠᠵᠠᠢ  ᠃   ᠦᠨᠡᠨ ᠢ ᠪᠠᠷᠢᠮᠲᠠᠯᠠᠵᠤ ᠪᠣᠳᠠᠲᠠᠢ ᠶᠢ ᠪᠠᠷᠢᠮᠲᠠᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ   ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢᠲᠠᠨ ᠠᠴᠠ ᠰᠠᠯᠵᠤ ᠴᠢᠳᠠᠬᠤ ᠦᠭᠡᠢ᠂ ᠢᠯᠠᠩᠭᠤᠶ᠎ᠠ ᠦᠨᠳᠦᠰᠦᠨ ᠱᠠᠲᠤᠨ ᠤ ᠲᠣᠰᠬᠤᠨ ᠤ ᠺᠠᠳ᠋ᠷ ᠤᠨ ᠳᠠᠭᠠᠭᠤᠯᠤᠭᠴᠢ ᠠᠴᠠ ᠰᠠᠯᠵᠤ ᠴᠢᠳᠠᠬᠤ ᠦᠭᠡᠢ ᠶᠤᠮ ᠂ ᠤᠳᠤ ᠨᠠᠰᠤᠵᠢᠬᠤ᠂ ᠬᠢᠬᠦ ᠳᠤᠷᠠᠲᠠᠢ ᠬᠥᠮᠥᠨ ᠪᠠᠶᠢᠬᠤ ᠦᠭᠡᠢ ᠪᠠᠶᠢᠳᠠᠯ ᠳᠤ ᠲᠤᠯᠭᠠᠷᠠᠵᠤ ᠪᠠᠶᠢᠨ᠎ᠠ  ᠃ ᠯᠠᠨ ᠬᠠᠢ ᠲᠤᠸ ᠶᠢᠨ ᠦᠵᠡᠬᠦ ᠪᠠᠷ᠂ ᠡᠭᠦᠨ ᠤ ᠭᠤᠣᠯ ᠰᠢᠯᠲᠠᠭᠠᠨ ᠨᠢ ᠭᠠᠴᠠᠭᠠᠨ ᠤ ᠺᠠᠳ᠋ᠷᠴᠤᠳ ᠤᠨ ᠨᠡᠶᠢᠭᠡᠮ ᠤᠨ ᠪᠠᠲᠤᠯᠠᠭ᠎ᠠ ᠶᠢᠨ ᠲᠣᠭᠲᠠᠴᠠ ᠲᠡᠭᠦᠯᠳᠡᠷ ᠪᠤᠰᠤ  ᠂ ᠴᠠᠯᠢᠩ ᠣᠯᠭᠤᠮᠵᠢ ᠳᠣᠣᠷ᠎ᠠ ᠂ ᠲᠠᠲᠠᠬᠤ ᠬᠦᠴᠦᠨ ᠢᠶᠠᠷ ᠳᠤᠲᠠᠮᠠᠭ ᠪᠠᠶᠢᠬᠤ ᠵᠡᠷᠭᠡ ᠠᠴᠠ ᠪᠣᠯᠵᠠᠢ᠃ ᠢᠷᠡᠭᠡᠳᠦᠢ ᠳᠤ᠂ ᠭᠠᠴᠠᠭᠠᠨ ᠤ ᠺᠠᠳ᠋ᠷᠴᠤᠳ ᠤᠨ ᠬᠠᠮᠲᠤᠯᠢᠭ ᠨᠢ ᠬᠤᠲᠠ ᠶᠢᠨ ᠨᠡᠶᠢᠭᠡᠮ ᠲᠣᠭᠤᠷᠢᠭ ᠤᠨ ᠠᠵᠢᠯᠲᠠᠨ ᠲᠠᠢ ᠠᠳᠠᠯᠢ ᠪᠠᠷ ᠡᠶᠢᠮᠦᠷᠬᠦ ᠬᠠᠷᠠᠭᠠᠯᠵᠠᠯ ᠢ ᠬᠦᠷᠲᠡᠵᠦ ᠴᠢᠳᠠᠬᠤ ᠡᠰᠡᠬᠦ ᠶᠢ ᠤᠯᠠᠮ ᠨᠢᠭᠡ ᠠᠯᠬᠤᠮ ᠰᠤᠳᠤᠯᠤᠨ ᠶᠠᠷᠢᠯᠴᠠᠬᠤ ᠴᠢᠬᠤᠯᠠᠲᠠᠢ ᠪᠠᠶᠢᠨ᠎ᠠ᠂ ︽ᠭᠠᠴᠠᠭᠠᠨ ᠤ ᠠᠷᠠᠳ ᠤᠨ ᠵᠥᠪᠯᠡᠯ ᠨᠢ ᠬᠡᠳᠦᠶᠢᠪᠡᠷ ᠣᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠪᠣᠯᠬᠤ ᠪᠣᠯᠪᠠᠴᠤ ᠠᠵᠢᠯᠯᠠᠭᠠᠨ ᠤ ᠵᠠᠷᠤᠳᠠᠯ ᠢ ᠡᠳ᠋ ᠤᠨ ᠵᠠᠰᠠᠭ ᠠᠴᠠ ᠨᠢᠭᠡᠳᠦᠯᠲᠡᠢ ᠪᠠᠲᠤᠯᠠᠬᠤ ᠬᠡᠷᠡᠭᠲᠡᠢ᠂ ᠡᠨᠡ ᠨᠢ ᠮᠥᠨ ᠴᠦ ᠮᠠᠨ ᠤ ᠤᠯᠤᠰ ᠤᠨ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠴᠢᠭᠯᠡᠯ ᠪᠣᠯᠣᠨ᠎ᠠ᠂ ᠵᠢᠱᠢᠶᠡᠯᠡᠪᠡᠯ ᠺᠣᠷᠢᠶᠠ ᠶᠢᠨ ᠭᠠᠴᠠᠭᠠᠨ ᠤ ᠲᠣᠰᠬᠤᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠵᠠᠷᠤᠳᠠᠯ ᠢ ᠲᠣᠰ ᠤᠯᠤᠰ ᠤᠨ ᠡᠳ᠋ ᠤᠨ ᠵᠠᠰᠠᠭ ᠠᠴᠠ ᠪᠠᠲᠤᠯᠠᠨ᠎ᠠ︾  ᠃   ᠠᠮᠢ ᠠᠬᠤᠢ ᠶᠢᠨ ᠬᠠᠮᠠᠭᠠᠯᠠᠯᠲᠠ ᠶᠢᠨ ᠲᠠᠯ᠎ᠠ ᠪᠠᠷ᠂ ᠬᠥᠳᠡᠭᠡ ᠲᠣᠰᠬᠤᠨ ᠤ ᠳᠦᠷᠰᠦ ᠪᠠᠶᠢᠳᠠᠯ ᠬᠡᠳᠦᠶᠢᠪᠡᠷ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠤᠭᠰᠠᠨ ᠪᠣᠯᠪᠠᠴᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠳᠠᠬᠢ ᠪᠣᠬᠢᠷ ᠤᠰᠤ ᠪᠣᠯᠣᠨ ᠬᠤᠭ ᠨᠣᠪᠰᠢ ᠶᠢ ᠰᠢᠢᠳᠪᠦᠷᠢᠯᠡᠬᠦ ᠵᠡᠷᠭᠡ ᠠᠰᠠᠭᠤᠳᠠᠯ ᠨᠢ ᠬᠤᠳᠠ ᠶᠢᠨ  ᠬᠢ ᠲᠠᠢ ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠲᠤᠯᠭᠠᠷᠠᠵᠤ ᠪᠠᠶᠢᠭ᠎ᠠ ᠬᠠᠮᠤᠭ ᠤᠨ ᠶᠡᠭᠡ ᠠᠰᠠᠭᠤᠳᠠᠯ ᠪᠣᠯ ᠪᠡᠯᠡ ᠮᠥᠩᠭᠦᠨ ᠤ ᠢᠷᠡᠯᠲᠡ ᠪᠣᠯᠣᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠠᠷ ᠳᠤᠲᠠᠮᠠᠭ ᠪᠠᠶᠢᠬᠤ ᠶᠠᠪᠤᠳᠠᠯ ᠪᠣᠯᠣᠨ᠎ᠠ︔ ᠬᠤᠲᠠ ᠬᠥᠳᠡᠭᠡ ᠶᠢ ᠠᠭᠤᠰᠤᠯᠴᠠᠭᠤᠯᠬᠤ ᠲᠠᠯ᠎ᠠ ᠪᠠᠷ  ᠂ ᠭᠤᠣᠯ ᠠᠰᠠᠭᠤᠳᠠᠯ ᠪᠣᠯ ᠭᠠᠵᠠᠷ ᠰᠢᠷᠣᠢ ᠶᠢ ᠠᠭᠤᠰᠤᠯᠴᠠᠭᠤᠯᠬᠤ ᠦᠭᠡᠢ᠂ ᠢᠯᠠᠩᠭᠤᠶ᠎ᠠ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠢ ᠬᠡᠷᠬᠢᠨ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ᠂ ᠬᠤᠪᠢᠶᠠᠷᠢᠯᠠᠬᠤ ᠪᠠ ᠡᠷᠭᠢᠯᠲᠡ ᠳᠤ ᠣᠷᠣᠭᠤᠯᠬᠤ ᠠᠰᠠᠭᠤᠳᠠᠯ ᠪᠣᠯᠣᠨ᠎ᠠ᠂ ᠣᠳᠣᠬᠠᠨ ᠳᠤ ᠬᠠᠶᠢᠨ ᠰᠦᠪᠡᠭᠴᠢᠯᠡᠵᠦ ᠳᠡᠶᠢᠯᠦᠭᠡᠳᠦᠢ  ᠂ ᠪᠦᠬᠦᠶᠢᠯᠡ ᠭᠠᠵᠠᠷ ᠰᠢᠷᠣᠢ ᠶᠢᠨ ᠳᠦᠷᠢᠮ ᠤᠨ ᠰᠢᠨ᠎ᠡ ᠶᠢ ᠡᠭᠦᠳᠬᠦ ᠳᠤ ᠵᠣᠬᠢᠬᠤ ᠬᠡᠮᠵᠢᠶᠡᠨ ᠤ ᠬᠠᠷᠰᠢ ᠰᠠᠭᠠᠳ ᠲᠤᠯᠭᠠᠷᠠᠵᠤ ᠪᠠᠶᠢᠨ᠎ᠠ  ᠃   ᠲᠡᠷᠡ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠥᠯᠢ︾ ᠶᠢᠨ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠬᠤ ᠬᠡᠷᠡᠭᠲᠡᠢ ᠭᠡᠵᠦ ᠰᠠᠨᠠᠭᠤᠯᠵᠠᠢ  ᠃ ᠬᠡᠷᠡᠭ ᠢᠶᠠᠷ ᠬᠠᠤᠯᠢ ᠳᠦᠷᠢᠮ ᠢ ᠬᠡᠷᠡᠭᠵᠢᠭᠦᠯᠵᠦ᠂ ᠤᠬᠠᠭᠤᠯᠭ᠎ᠠ ᠶᠢ ᠴᠢᠩᠭᠠᠳᠬᠠᠵᠤ᠂ ᠵᠠᠯᠬᠠᠭᠠᠨ ᠰᠢᠳᠬᠡᠬᠦ ᠪᠠ ᠬᠥᠬᠢᠭᠦᠯᠦᠨ ᠰᠠᠶᠢᠰᠢᠶᠠᠬᠤ ᠳᠤ ᠲᠣᠭᠲᠠᠴᠠ ᠪᠦᠷᠢᠯᠳᠦᠭᠦᠯᠬᠦ ᠬᠡᠷᠡᠭᠲᠡᠢ᠂ ᠡᠳᠡᠭᠡᠷ ᠨᠢ ᠴᠥᠮ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾  ᠳᠤ ᠬᠤᠯᠪᠣᠭᠳᠠᠭᠰᠠᠨ ᠠᠭᠤᠯᠭ᠎ᠠ ᠪᠣᠯᠣᠨ᠎ᠠ  ᠃   ︽ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠠᠮᠢ ᠠᠬᠤᠢ ᠶᠢᠨ ᠣᠷᠴᠢᠨ ᠲᠣᠭᠤᠷᠢᠨ᠂ ᠬᠥᠳᠡᠭᠡ ᠲᠣᠰᠬᠤᠨ ᠤ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠭᠤᠷᠪᠠᠨ ᠲᠠᠯ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠬᠦ ᠲᠠᠯ᠎ᠠ ᠶᠢᠨ ᠰᠢᠪᠲᠤᠯᠤᠯᠲᠠ ᠶᠢ ᠠᠬᠢᠭᠤᠯᠬᠤ ᠬᠡᠷᠡᠭᠲᠡᠢ︾ ᠭᠡᠵᠦ ᠷᠧᠨ ᠳ᠋ᠡ ᠹᠧᠩ ︽ᠳᠤᠮᠳᠠᠳᠤ ᠤᠯᠤᠰ ᠤᠨ ᠬᠥᠭᠵᠢᠯᠲᠡ ᠶᠢᠨ ᠠᠵᠢᠭᠯᠠᠯᠲᠠ  ︾ᠰᠡᠳᠬᠦᠯ ᠤᠨ ᠰᠤᠷᠪᠤᠯᠵᠢᠯᠠᠭᠴᠢ ᠳᠤ ᠢᠯᠡᠳᠬᠡᠪᠡ  ᠃   ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠠᠴᠠ ᠦᠵᠡᠪᠡᠯ  ᠂ ᠤᠷᠲᠤ ᠬᠤᠭᠤᠴᠠᠭᠠᠨ ᠤ ᠲᠤᠷᠰᠢ  ᠂ ᠨᠠᠷᠢᠨ ᠪᠤᠳᠤᠯᠢᠶᠠᠨᠲᠠᠢ ᠲᠡᠦᠬᠡ ᠶᠢᠨ ᠰᠢᠯᠲᠠᠭᠠᠨ ᠠᠴᠠ ᠪᠣᠯᠵᠤ  ᠂ ᠬᠥᠳᠡᠭᠡ ᠲᠣᠰᠬᠤᠨ ᠬᠢᠭᠡᠳ ᠬᠤᠳᠠ ᠶᠢᠨ ᠬᠤᠭᠤᠷᠣᠨᠳᠣᠬᠢ ᠬᠥᠭᠵᠢᠯᠲᠡ ᠲᠡᠩᠴᠡᠭᠦᠷᠢ ᠦᠭᠡᠢ ᠪᠠᠶᠢᠬᠤ ᠦᠵᠡᠭᠳᠡᠯ ᠲᠤᠶᠢᠯ ᠤᠨ ᠲᠣᠪᠣᠶᠢᠮ᠎ᠠ ᠪᠠᠶᠢᠵᠤ  ᠂ ᠬᠥᠳᠡᠭᠡ ᠲᠣᠰᠬᠤᠨ ᠤ ᠰᠢᠯᠢᠳᠡᠭ ᠴᠢᠳᠠᠪᠤᠷᠢᠲᠠᠨ ᠪᠠ ᠰᠢᠯᠢᠳᠡᠭ ᠬᠥᠳᠡᠯᠮᠦᠷᠢ ᠶᠢᠨ ᠬᠦᠴᠦᠨ ᠬᠤᠳᠠ ᠳᠤ ᠣᠷᠣᠵᠤ ᠠᠵᠢᠯ ᠣᠯᠬᠤ  ᠂ ᠬᠥᠳᠡᠭᠡ ᠲᠣᠰᠬᠤᠨ ᠤ ᠪᠡᠯᠡ ᠮᠥᠩᠭᠦ ᠶᠢ ᠡᠯ᠎ᠡ ᠵᠦᠢᠯ ᠤᠨ ᠠᠷᠭ᠎ᠠ ᠵᠠᠮ ᠢᠶᠠᠷ ᠲᠠᠷᠢᠶᠠᠯᠠᠩ ᠤᠨ ᠪᠤᠰᠤ ᠠᠵᠤ ᠦᠢᠯᠡᠰ ᠲᠤ ᠰᠢᠯᠵᠢᠭᠦᠯᠬᠦ  ᠂ ᠬᠥᠳᠡᠭᠡ ᠲᠣᠰᠬᠤᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠬᠡᠬᠦ ᠲᠤᠭ᠎ᠠ ᠶᠢ ᠭᠠᠵᠠᠷ ᠰᠢᠷᠣᠢ ᠲᠠᠲᠠᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠬᠤᠳᠠ ᠳᠤ ᠰᠢᠯᠵᠢᠭᠦᠯᠵᠦ  ᠂ ᠬᠥᠮᠥᠨ ᠳᠤᠲᠠᠭᠳᠠᠬᠤ  ᠂ ᠪᠡᠯᠡ ᠮᠥᠩᠭᠦ ᠳᠤᠲᠠᠭᠳᠠᠬᠤ  ᠂ ᠭᠠᠵᠠᠷ ᠰᠢᠷᠣᠢ ᠳᠤᠲᠠᠭᠳᠠᠬᠤ ᠨᠢ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠬᠤ ᠪᠣᠭᠤᠮᠢ ᠪᠣᠯᠵᠤ ᠪᠠᠶᠢᠨ᠎ᠠ  ᠃ ᠬᠥᠳᠡᠭᠡ ᠲᠣᠰᠬᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠠᠯ᠎ᠠ ᠠᠴᠠ ᠦᠵᠡᠪᠡᠯ  ᠂ ᠣᠷᠣᠭᠤᠯᠤᠯᠲᠠ ᠬᠦᠷᠦᠯᠴᠡᠬᠦ ᠦᠭᠡᠢ  ᠂ ᠬᠠᠮᠠᠭᠠᠯᠠᠯᠲᠠ ᠰᠤᠯᠠ  ᠂ ᠬᠢᠨᠠᠨ ᠬᠠᠮᠢᠶᠠᠷᠤᠯᠲᠠ ᠭᠦᠢᠴᠡᠳ ᠦᠭᠡᠢ ᠵᠡᠷᠭᠡ ᠰᠢᠯᠲᠠᠭᠠᠨ ᠠᠴᠠ ᠪᠣᠯᠵᠤ  ᠂ ᠵᠠᠷᠢᠮ ᠪᠣᠬᠢᠷᠳᠤᠯ  ᠲᠠᠢ ᠠᠵᠤ ᠠᠬᠤᠶᠢᠯᠠᠯ ᠨᠢ ᠬᠤᠲᠠ ᠶᠢᠨ ᠬᠢᠨᠠᠯᠲᠠ ᠬᠠᠮᠢᠶᠠᠷᠤᠯᠲᠠ ᠤᠯᠠᠮ ᠠᠴᠠ ᠤᠯᠠᠮ ᠴᠢᠩᠭ᠎ᠠ ᠪᠣᠯᠵᠤ ᠪᠠᠶᠢᠭ᠎ᠠ ᠪᠠᠶᠢᠳᠠᠯ ᠳᠣᠣᠷ᠎ᠠ ᠬᠥᠳᠡᠭᠡ ᠲᠣᠰᠬᠤᠨ ᠵᠦᠭ ᠰᠢᠯᠵᠢᠵᠦ  ᠂ ᠲᠠᠷᠢᠶᠠᠯᠠᠩ ᠤᠨ ᠲᠤᠰ ᠪᠡᠶ᠎ᠡ ᠨᠢ ᠪᠣᠬᠢᠷᠳᠤᠯ ᠳᠤ ᠲᠤᠯᠭᠠᠷᠠᠵᠤ ᠪᠠᠶᠢᠬᠤ ᠪᠥᠭᠡᠳ ᠬᠢᠮᠢ ᠶᠢᠨ ᠪᠣᠳᠠᠰ ᠢ ᠬᠡᠷᠡᠭᠯᠡᠬᠦ ᠳᠤ ᠬᠡᠳᠦ ᠣᠷᠣᠭᠤᠯᠤᠭᠰᠠᠨ ᠢ ᠴᠤ ᠪᠠᠭᠲᠠᠭᠠᠵᠤ ᠪᠠᠶᠢᠨ᠎ᠠ  ᠂ ᠡᠨᠡ ᠨᠢ ᠪᠠᠰᠠ ᠬᠥᠳᠡᠭᠡ ᠲᠣᠰᠬᠤᠨ ᠤ ᠣᠷᠴᠢᠨ ᠠᠬᠤᠢ ᠶᠢᠨ ᠮᠠᠭᠤᠳᠠᠬᠤ ᠬᠠᠨᠳᠤᠰᠢ ᠶᠢ ᠵᠣᠬᠢᠬᠤ ᠬᠡᠮᠵᠢᠶ᠎ᠡ ᠪᠠᠷ ᠬᠤᠷᠴᠠᠳᠬᠠᠵᠤ ᠪᠠᠶᠢᠨ᠎ᠠ  ᠂ ᠬᠡᠷᠪᠡ ᠲᠠᠷᠢᠶᠠᠨ ᠭᠠᠵᠠᠷ ᠤᠨ ᠡᠬᠢ ᠪᠠᠶᠠᠯᠢᠭ  ᠂ ᠤᠰᠤᠨ ᠤ ᠡᠬᠢ ᠪᠠᠶᠠᠯᠢᠭ  ᠂ ᠠᠮᠢᠳᠤ ᠪᠣᠳᠠᠰ ᠤᠨ ᠲᠦᠷᠦᠯ ᠤᠨ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠵᠤ ᠴᠢᠳᠠᠬᠤ ᠦᠭᠡᠢ ᠪᠣᠯ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠣᠷᠴᠢᠨ ᠨᠥᠬᠦᠴᠡᠯ ᠴᠦ ᠤᠷᠳᠤ ᠬᠤᠭᠤᠴᠠᠭ᠎ᠠ ᠪᠠᠷ ᠰᠠᠶᠢᠵᠢᠷᠠᠵᠤ ᠴᠢᠳᠠᠬᠤ ᠦᠭᠡᠢ ᠶᠤᠮ  ᠃ ᠬᠥᠳᠡᠭᠡ ᠲᠣᠰᠬᠤᠨ ᠤ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠠᠯ᠎ᠠ ᠠᠴᠠ ᠦᠵᠡᠪᠡᠯ  ᠂ ᠬᠥᠳᠡᠭᠡ ᠲᠣᠰᠬᠤᠨ ᠤ ᠰᠤᠷᠭᠠᠨ ᠬᠥᠮᠦᠵᠢᠯ  ᠂ ᠡᠮ ᠡᠮᠨᠡᠯᠭᠡ ᠡᠷᠡᠭᠦᠯ ᠬᠠᠮᠠᠭᠠᠯᠠᠯ  ᠂ ᠰᠣᠶᠣᠯ ᠪᠡᠶ᠎ᠡ ᠶᠢᠨ ᠲᠠᠮᠢᠷ ᠵᠡᠷᠭᠡ ᠶᠢᠨ ᠬᠥᠭᠵᠢᠯᠲᠡ ᠬᠤᠴᠤᠷᠤᠩᠭᠤᠢ  ᠂ ᠲᠠᠷᠢᠶᠠᠴᠢᠳ ᠤᠨ ᠡᠳ᠋ᠯᠡᠬᠦ ᠨᠡᠶᠢᠭᠡᠮ ᠤᠨ ᠪᠠᠲᠤᠯᠠᠭ᠎ᠠ  ᠂ ᠠᠵᠢᠯ ᠣᠯᠭᠤᠯᠲᠠ ᠵᠡᠷᠭᠡ  ᠨᠢ ᠬᠤᠳᠠ ᠶᠢᠨ ᠰᠠᠭᠤᠭᠠᠯᠢ ᠠᠷᠠᠳ ᠯᠤᠭ᠎ᠠ ᠶᠢᠨ ᠵᠥᠷᠢᠶ᠎ᠡ ᠳᠡᠩᠳᠡᠭᠦᠦ ᠶᠡᠭᠡ ᠪᠠᠶᠢᠨ᠎ᠠ  ᠃ ᠡᠳᠡᠭᠡᠷ ᠠᠰᠠᠭᠤᠳᠠᠯ ᠪᠣᠯ ᠬᠥᠳᠡᠭᠡ ᠲᠣᠰᠬᠤᠨ ᠤ ᠬᠥᠭᠵᠢᠯᠲᠡ ᠶᠢᠨ ᠳᠤᠲᠠᠭᠤᠳᠠᠯ ᠮᠥᠨ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠪᠠᠰᠠ ᠡᠳᠡᠭᠡᠷ ᠠᠰᠠᠭᠤᠳᠠᠯ ᠢ ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠬᠤ ᠬᠡᠷᠡᠭᠲᠡᠢ  ᠃ ︽ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠥᠯᠢ  ︾ ᠳᠤ ᠡᠲᠡᠭᠡᠷ ᠠᠰᠠᠭᠤᠳᠠᠯ ᠳᠤ ᠴᠢᠭᠯᠡᠭᠦᠯᠦᠨ ᠴᠥᠮ ᠲᠣᠳᠣᠷᠬᠠᠢ ᠲᠣᠭᠲᠠᠭᠠᠯ ᠭᠠᠷᠭᠠᠵᠤ  ᠂ ᠬᠥᠳᠡᠭᠡ ᠲᠣᠰᠬᠤᠨ ᠤ ᠰᠣᠶᠣᠯ ᠤᠨ ᠴᠡᠴᠡᠭᠯᠡᠯᠲᠡ  ᠂ ᠬᠥᠳᠡᠭᠡ ᠲᠣᠰᠬᠤᠨ ᠤ ᠠᠮᠢ ᠠᠬᠤᠢ ᠶᠢᠨ ᠬᠠᠮᠠᠭᠠᠯᠠᠯᠲᠠ  ᠂ ᠬᠥᠳᠡᠭᠡ ᠲᠣᠰᠬᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ  ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠵᠢᠴᠢ ᠲᠡᠳᠬᠦᠨ ᠳᠡᠮᠵᠢᠬᠦ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠴᠤ ᠴᠥᠮ ᠬᠥᠳᠡᠭᠡ ᠲᠣᠰᠬᠤᠨ ᠤ ᠬᠥᠭᠵᠢᠯᠲᠡ ᠶᠢᠨ ᠪᠣᠭᠤᠮᠢ ᠶᠢᠨ ᠠᠰᠠᠭᠤᠳᠠᠯ ᠢ ᠰᠢᠢᠳᠪᠦᠷᠢᠯᠡᠬᠦ ᠳᠤ ᠴᠢᠬᠤᠯᠠ ᠳᠦᠷᠢᠮ ᠤᠨ ᠪᠠᠲᠤᠯᠠᠭ᠎ᠠ ᠬᠠᠩᠭᠠᠭᠰᠠᠨ ᠪᠠᠶᠢᠨ᠎ᠠ  ᠃   ᠸᠧᠢ ᠾᠧᠦ ᠺᠠᠢ ᠶᠢᠨ ᠦᠵᠡᠬᠦ ᠪᠠᠷ  ᠂ ︽ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠥᠯᠢ  ︾ ᠳᠤ ᠬᠡᠷᠡᠭᠯᠡᠬᠦ ᠬᠡᠪᠴᠢᠶ᠎ᠡ ᠶᠢ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ  ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠵᠡᠷᠭᠡ ᠪᠠᠷ ᠬᠢᠵᠠᠭᠠᠷᠯᠠᠵᠠᠢ  ᠃ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠴᠤ ᠲᠡᠷᠡ  ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠳᠤ ᠴᠦ ᠲᠡᠷᠡ  ᠂ ᠬᠤᠯᠪᠣᠭᠳᠠᠬᠤ ᠠᠭᠤᠯᠭ᠎ᠠ ᠨᠢ ᠴᠥᠮ ᠮᠠᠰᠢ ᠥᠷᠭᠡᠨ ᠳᠡᠯᠭᠡᠷ ᠶᠤᠮ  ᠃ ᠡᠯ᠎ᠡ ᠭᠠᠵᠠᠷ ᠣᠷᠣᠨ ᠤ ᠬᠥᠳᠡᠭᠡ ᠲᠣᠰᠬᠤᠨ ᠤ ᠬᠥᠭᠵᠢᠯᠲᠡ ᠶᠢᠨ ᠪᠠᠶᠢᠳᠠᠯ ᠮᠠᠰᠢ ᠶᠡᠭᠡ ᠵᠥᠷᠢᠶ᠎ᠡ ᠲᠠᠢ ᠪᠣᠯᠬᠤᠷ ᠡᠷᠬᠡᠪᠰᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ  ᠂ ᠲᠦᠷᠦᠯ ᠬᠤᠪᠢᠶᠠᠨ ᠵᠢᠯᠤᠭᠤᠳᠴᠤ  ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ  ᠂ ᠲᠤᠰ ᠲᠤᠰ ᠤᠨ ᠡᠬᠢ ᠪᠠᠶᠠᠯᠢᠭ ᠤᠨ ᠳᠠᠪᠠᠭᠤᠯᠢᠭ  ᠂ ᠣᠷᠣᠨ ᠪᠠᠶᠢᠷᠢ ᠶᠢᠨ ᠨᠥᠬᠦᠴᠡᠯ ᠪᠣᠯᠣᠨ ᠬᠥᠭᠵᠢᠯᠲᠡ ᠶᠢᠨ ᠰᠠᠭᠤᠷᠢ ᠪᠠᠨ ᠦᠨᠳᠦᠰᠦᠯᠡᠵᠦ  ᠂ ᠤᠯᠠᠨ ᠡᠰᠢᠴᠢᠯᠡᠭᠰᠡᠨ ᠵᠠᠭᠪᠤᠷ ᠢ ᠠᠪᠴᠤ  ᠂ ᠵᠦᠷᠢᠶᠡᠵᠢᠬᠦᠯᠦᠨ ᠠᠬᠢᠭᠤᠯᠬᠤ ᠠᠷᠭ᠎ᠠ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ  ᠃ ᠵᠢᠱᠢᠶᠡᠯᠡᠪᠡᠯ  ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ  ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ  ᠂ ᠰᠣᠶᠣᠯ ᠢ ᠬᠥᠭᠵᠢᠭᠦᠯᠦᠨ ᠮᠠᠨᠳᠤᠭᠤᠯᠬᠤ  ᠂ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ ᠪᠠ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ  ᠂ ᠡᠯ᠎ᠡ ᠭᠠᠵᠠᠷ ᠣᠷᠣᠨ ᠤ ᠬᠢᠨ ᠴᠥᠮ ᠥᠪᠡᠷ ᠤᠨ ᠪᠣᠳᠠᠲᠤ ᠪᠠᠶᠢᠳᠠᠯ ᠠᠴᠠ ᠪᠠᠨ ᠡᠭᠦᠰᠴᠦ  ᠂ ᠰᠢᠪᠲᠤᠯᠤᠯᠲᠠ ᠶᠢᠨ ᠴᠡᠭ ᠢ ᠡᠷᠢᠨ ᠣᠯᠵᠤ  ᠂ ᠥᠪᠡᠷ ᠥᠪᠡᠷ ᠤᠨ ᠣᠨᠴᠠᠯᠢᠭ ᠲᠠᠢ ᠬᠡᠷᠡᠭᠵᠢᠭᠦᠯᠵᠦ ᠪᠣᠯᠬᠤᠶᠢᠴᠠ ᠠᠷᠭ᠎ᠠ ᠵᠠᠮ ᠪᠠ ᠵᠠᠭᠪᠤᠷ ᠢ ᠬᠠᠶᠢᠨ ᠰᠦᠪᠡᠭᠴᠢᠯᠡᠬᠦ ᠬᠡᠷᠡᠭᠲᠡᠢ  ᠂ ᠬᠠᠷᠢᠨ ᠰᠣᠬᠤᠷ ᠪᠠᠯᠠᠢ ᠪᠠᠷ ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠵᠦ  ᠂ ᠨᠢᠭᠡ ᠯᠡ ᠳᠣᠣᠷ᠎ᠠ ᠳᠦᠷᠭᠢᠯᠳᠦᠨ ᠬᠢᠵᠦ ᠪᠣᠯᠬᠤ ᠦᠭᠡᠢ  ᠂ ᠨᠡᠩ ᠴᠤ ᠬᠤᠳᠠ ᠶᠢᠨ ᠵᠠᠭᠪᠤᠷ ᠪᠠ ᠠᠷᠭ᠎ᠠ ᠶᠢ ᠲᠡᠷᠡ ᠬᠡᠪ ᠢᠶᠠᠷ  ᠨᠢ ᠨᠡᠭᠦᠯᠭᠡᠨ ᠬᠡᠷᠡᠭᠯᠡᠵᠦ ᠪᠣᠯᠬᠤ ᠦᠭᠡᠢ  ᠃ ᠡᠭᠦᠨ ᠤ ᠬᠠᠮᠲᠤ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠰᠠ ᠵᠠᠰᠠᠭ ᠤᠨ ᠣᠷᠳᠣᠨ ᠪᠣᠯᠣᠨ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ  ᠂ ᠵᠠᠬ᠎ᠠ ᠳᠡᠯᠭᠡᠭᠦᠷ ᠤᠨ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠬᠠᠮᠲᠤ ᠳᠦᠷᠢᠮ ᠤᠨ ᠲᠣᠬᠢᠷᠠᠭᠤᠯᠤᠯᠲᠠ ᠪᠠᠷ ᠳᠠᠮᠵᠢᠨ ᠪᠦᠬᠦ ᠨᠡᠶᠢᠭᠡᠮ ᠤᠨ ᠡᠬᠢ ᠪᠠᠶᠠᠯᠢᠭ ᠢ ᠲᠠᠶᠢᠴᠢᠯᠠᠵᠤ  ᠂ ᠡᠯ᠎ᠡ ᠲᠦᠷᠦᠯ ᠤᠨ ᠭᠤᠣᠯ ᠴᠣᠭᠴᠠ ᠶᠢᠨ ᠥᠷᠭᠡᠨ ᠢᠶᠠᠷ ᠣᠷᠤᠯᠴᠠᠬᠤ ᠶᠢ ᠵᠣᠷᠢᠭᠵᠢᠭᠤᠯᠬᠤ ᠬᠡᠷᠡᠭᠲᠡᠢ  ᠃ ᠡᠭᠦᠨ ᠠᠴᠠ ᠭᠠᠳᠠᠨ᠎ᠠ  ᠂ ᠪᠠᠰᠠ ᠭᠠᠵᠠᠷ ᠣᠷᠣᠨ ᠤ ᠬᠥᠭᠵᠢᠯᠲᠡ ᠶᠢᠨ ᠱᠠᠲᠤ ᠦᠶ᠎ᠡ ᠶᠢ ᠦᠨᠳᠦᠰᠦᠯᠡᠨ  ᠂ ᠠᠯᠬᠤᠮ ᠲᠠᠷᠠᠭ᠎ᠠ ᠲᠠᠢ ᠪᠠᠷ ᠤᠷᠤᠭᠰᠢᠯᠠᠵᠤ  ᠂ ᠯᠠᠪᠳᠠᠭᠤᠨ ᠪᠠᠲᠤᠲᠠᠢ ᠬᠢᠬᠦ ᠬᠡᠷᠡᠭᠲᠡᠢ  ᠂ ᠬᠠᠷᠢᠨ ᠲᠦᠷᠭᠡᠨ ᠪᠦᠲᠦᠭᠡᠬᠦ ᠪᠠᠷ ᠶᠠᠭᠠᠷᠠᠵᠤ  ᠂ ᠰᠣᠬᠤᠷ ᠪᠠᠯᠠᠢ ᠪᠠᠷ ᠭᠡᠨᠡᠨ ᠢᠶᠠᠷ ᠤᠷᠤᠭᠰᠢᠯᠠᠵᠤ  ᠂ ᠨᠤᠷᠠᠭᠠᠯᠲᠠ ᠶᠢᠨ ᠴᠢᠨᠠᠷᠲᠠᠢ ᠠᠯᠳᠠᠭ᠎ᠠ ᠭᠠᠷᠭᠠᠬᠤ ᠠᠴᠠ ᠵᠠᠶᠢᠯᠠᠰᠬᠢᠬᠦ ᠬᠡᠷᠡᠭᠲᠡᠢ  ᠃   ︽ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ  ᠂ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ  ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ  ᠂ ᠬᠥᠳᠡᠭᠡ ᠲᠣᠰᠬᠤᠨ ᠤ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ  ᠂ ᠬᠥᠳᠡᠭᠡ ᠲᠣᠰᠬᠤᠨ ᠤ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢᠨ ᠭᠤᠣᠯ ᠠᠭᠤᠯᠤᠭᠳᠠᠬᠤᠨ ᠪᠠ ᠭᠤᠣᠯ ᠭᠠᠷᠳᠠᠴᠠ ᠶᠢ ᠣᠶᠢᠯᠠᠭᠠᠨ ᠡᠵᠡᠮᠰᠢᠬᠦ ᠬᠠᠨ ᠶᠠᠩ ᠤᠨ ᠦᠵᠡᠬᠦ ᠪᠠᠷ  ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ ᠪᠠᠷ ᠳᠠᠮᠵᠢᠨ ᠬᠥᠳᠡᠭᠡ ᠲᠣᠰᠬᠤᠨ ᠤ ᠵᠠᠰᠠᠯᠲᠠ ᠶᠢᠨ ᠴᠢᠳᠠᠪᠤᠷᠢ  ᠂ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ  ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠲᠦᠷᠭᠡᠨ ᠪᠠᠶᠢᠭᠤᠯᠵᠤ  ᠂ ᠤᠷᠳᠤ ᠬᠤᠭᠤᠴᠠᠭᠠᠨ ᠤ ᠲᠤᠷᠰᠢᠬᠢ ᠬᠥᠳᠡᠭᠡ ᠲᠣᠰᠬᠤᠨ ᠤ ᠵᠠᠰᠠᠯᠲᠠ ᠶᠢᠨ ᠲᠠᠯ᠎ᠠ ᠶᠢᠨ ᠪᠠᠭᠤᠷᠠᠢ ᠲᠠᠯ᠎ᠠ ᠶᠢ ᠴᠢᠩᠭᠠᠳᠬᠠᠬᠤ ᠪᠠᠷ ᠳᠠᠮᠵᠢᠭᠤᠯᠵᠤ  ᠂ ᠬᠥᠳᠡᠭᠡ ᠲᠣᠰᠬᠤᠨ ᠤ ᠵᠠᠰᠠᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ  ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ  ᠃   ︽ ︿ ᠲᠠᠪᠤ ᠶᠢ ᠬᠥᠭᠵᠢᠭᠦᠯᠦᠨ ᠮᠠᠨᠳᠤᠭᠤᠯᠬᠤ  ﹀ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠡᠷᠦᠩᠬᠡᠢ ᠱᠠᠭᠠᠷᠳᠠᠯᠭ᠎ᠠ ᠨᠢ ᠬᠠᠷᠢᠯᠴᠠᠨ ᠦᠩᠭᠡᠨ ᠲᠠᠯ᠎ᠠ ᠪᠣᠯᠵᠤ  ᠂ ᠬᠠᠷᠢᠯᠴᠠᠨ ᠨᠥᠬᠦᠴᠡᠯᠳᠦᠵᠦ ᠪᠠᠶᠢᠳᠠᠭ  ᠂ ᠡᠭᠦᠨ ᠳᠤ︿ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ  ﹀ᠪᠣᠯ ᠦᠨᠳᠦᠰᠦ ᠪᠠ ᠪᠠᠲᠤᠯᠠᠭ᠎ᠠ ᠪᠣᠯᠣᠨ᠎ᠠ  ᠂ ᠭᠤᠣᠯᠳᠠᠭᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠶᠢ ᠵᠢᠭᠠᠨ᠎ᠠ  ︾  ᠃ ᠱᠠᠨᠳᠦ᠋ᠩ ᠮᠤᠵᠢ ᠶᠢᠨ ᠢᠦᠢ ᠲᠠᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ  ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᠴᠧᠩ ᠭᠤᠸᠠᠩ︽ ᠳᠤᠮᠳᠠᠳᠤ ᠤᠯᠤᠰ ᠤᠨ ᠬᠥᠭᠵᠢᠯᠲᠡ ᠶᠢᠨ ᠠᠵᠢᠭᠯᠠᠯᠲᠠ  ︾ᠰᠡᠳᠬᠦᠯ ᠤᠨ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ  ᠂ ᠣᠶᠢᠷ᠎ᠠ ᠶᠢᠨ ᠵᠢᠯ ᠳᠤ  ᠂ ᠱᠠᠨᠳᠦ᠋ᠩ ᠮᠤᠵᠢ ᠶᠢᠨ ᠢᠦᠢ ᠲᠠᠢ ᠰᠢᠶᠠᠨ ᠤ  ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠᠬᠢ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠭᠤᠣᠯᠯᠠᠭᠴᠢ ᠪᠠᠶᠢᠷᠢ ᠰᠠᠭᠤᠷᠢ ᠶᠢ ᠭᠦᠨᠵᠡᠭᠡᠢ ᠡᠵᠡᠮᠳᠡᠵᠦ  ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠵᠠᠩᠭᠢᠯᠠᠭ᠎ᠠ ᠶᠢᠨ ᠡᠯᠧᠮᠧᠨ᠋ᠲ ᠢ ᠴᠢᠩᠭ᠎ᠠ ᠠᠩᠬᠠᠷᠴᠤ  ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ  ᠂ ᠪᠦᠬᠦ ᠬᠦᠴᠦᠨ ᠢᠶᠠᠷ ᠠᠬᠢᠭᠤᠯᠵᠤ  ᠂ ᠬᠥᠳᠡᠭᠡ ᠲᠣᠰᠬᠤᠨ ᠤ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠭᠰᠠᠨ ᠪᠠᠶᠢᠨ᠎ᠠ  ᠃ ᠲᠦᠷᠦᠭᠦᠬᠡᠨ  ᠂ ᠰᠢᠨ᠎ᠡ ᠨᠢᠭᠡ ᠬᠤᠭᠤᠴᠠᠭᠠᠨ ᠤ ᠲᠣᠰᠬᠤᠨ ( ᠨᠡᠶᠢᠭᠡᠮ ᠲᠣᠭᠤᠷᠢᠭ ) ᠤ 《 ᠬᠤᠶᠠᠷ ᠵᠥᠪᠯᠡᠯ 》 ᠤᠨ ᠬᠤᠭᠤᠴᠠᠭ᠎ᠠ ᠰᠣᠯᠢᠬᠤ ᠠᠵᠢᠯ ᠤᠨ ᠳᠤᠮᠳᠠ  ᠂ ︽ ᠵᠠᠬᠢᠳᠠᠯ ᠰᠣᠷᠪᠤᠯᠵᠢᠯᠠᠭ᠎ᠠ ᠦᠭᠡᠢ  ︾ ︽ ᠶᠠᠷᠢᠶ᠎ᠠ ᠬᠡᠯᠡᠯᠴᠡᠭᠡᠨ ᠤ ᠪᠠᠶᠢᠳᠠᠯ ᠦᠭᠡᠢ  ︾ ᠪᠠᠶᠢᠵᠤ  ᠂ ᠪᠥᠬᠦ ᠰᠢᠶᠠᠨ ᠤ 244 ᠲᠣᠰᠬᠤᠨ ︵ ᠨᠡᠶᠢᠭᠡᠮ ᠲᠣᠭᠤᠷᠢᠭ  ︶ ᠤ ᠨᠠᠮ ᠤᠨ ᠵᠣᠬᠢᠶᠠᠨ ᠪᠠᠶᠢᠭᠤᠯᠤᠯᠲᠠ ᠪᠠ ᠲᠣᠰᠬᠤᠨ ︵ ᠰᠠᠭᠤᠭᠠᠯᠢ ᠠᠷᠠᠳ︶ ᠤ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ  ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠪᠠᠷ ᠳᠠᠮᠵᠢᠭᠤᠯᠤᠨ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠬᠤ ᠬᠦᠴᠦᠷᠬᠡᠭ ᠶᠡᠭᠡ ︽ ᠬᠤᠪᠢᠰᠬᠠᠯᠲᠤ ᠬᠥᠳᠡᠯᠭᠡᠭᠦᠷ  ︾ ᠢ ᠪᠣᠶ ᠪᠣᠯᠭᠠᠵᠤ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠳᠤ ᠪᠠᠲᠤ ᠴᠢᠩᠭ᠎ᠠ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ  ᠃   ︽ ᠲᠣᠰᠬᠤᠨ ᠤ ᠺᠠᠳ᠋ᠷ ᠢ ᠰᠠᠶᠢᠲᠤᠷ ᠰᠣᠩᠭᠤᠵᠤ  ᠂ ᠮᠠᠨᠳᠤᠯᠲᠠ ᠶᠢᠨ ᠵᠠᠮ ᠢᠶᠠᠷ ᠬᠠᠮᠲᠤᠪᠠᠷ ᠵᠠᠮᠨᠠᠨ᠎ᠠ︾  ᠃ ᠸᠠᠩ ᠴᠧᠩ ᠭᠤᠸᠠᠩ ᠤᠨ ᠦᠵᠡᠬᠦ ᠪᠠᠷ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ  ᠂ ᠲᠤᠬᠠᠢ ᠶᠢᠨ ᠭᠠᠵᠠᠷ ᠤᠨ ᠰᠢᠶᠠᠨ ᠤ ᠬᠡᠪᠴᠢᠶᠡᠨ ᠤ ᠪᠣᠳᠠᠲᠠᠢ ᠲᠠᠢ ᠤᠶᠠᠯᠳᠤᠭᠤᠯᠵᠤ  ᠂ ᠳᠣᠣᠷᠠᠬᠢ ᠬᠡᠳᠦᠨ ᠲᠠᠯ᠎ᠠ ᠶᠢᠨ ᠠᠵᠢᠯ ᠢ ᠴᠢᠷᠮᠠᠶᠢᠨ ᠰᠠᠶᠢᠲᠤᠷ ᠬᠢᠬᠦ ᠬᠡᠷᠡᠭᠲᠡᠢ  ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠰᠢᠯᠢᠳᠡᠭ ᠢ ᠰᠣᠩᠭᠤᠵᠤ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︽ ᠲᠦᠷᠦᠭᠦᠴᠢ ᠭᠠᠯᠠᠭᠤ ᠶᠢᠨ ᠦᠢᠯᠡᠳᠦᠯ  ︾  ︾ ᠢ ᠪᠠᠳᠠᠷᠠᠭᠤᠯᠤᠨ᠎ᠠ  ᠃ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ︽ ᠳᠠᠭᠠᠭᠤᠯᠤᠭᠴᠢ  ︾ᠪᠣᠯᠣᠨ᠎ᠠ  ᠃ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ ᠲᠠᠶᠢᠴᠢᠨ ᠪᠠᠬᠢᠯᠡᠯᠲᠡ  ︾ ᠶᠢ ᠪᠠᠬᠢᠵᠢᠭᠦᠯᠦᠨ᠎ᠡ  ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠦᠨᠳᠦᠰᠦᠨ ᠵᠦᠢᠯ ᠨᠢ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠲᠤ ᠴᠢᠩᠭ᠎ᠠ ᠤᠳᠤᠷᠢᠳᠤᠯᠭ᠎ᠠ ᠳᠤ ᠲᠦᠰᠢᠭᠯᠡᠬᠦ ᠬᠡᠷᠡᠭᠲᠡᠢ  ᠃ ᠨᠠᠮ ᠤᠨ ᠭᠡᠰᠢᠭᠦᠨ ᠤ ᠬᠦᠴᠦᠨ ᠢ ᠨᠢᠭᠲᠠᠷᠠᠭᠤᠯᠵᠤ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︽ ᠳᠣᠲᠣᠭᠠᠳᠤ ᠶᠢᠨ ᠬᠥᠳᠡᠯᠭᠡᠭᠦ ᠬᠦᠴᠦᠨ  ︾  ᠢ ᠬᠥᠭᠵᠢᠭᠡᠬᠦ ᠬᠡᠷᠡᠭᠲᠡᠢ  ᠃ ᠬᠥᠳᠡᠭᠡ ᠲᠣᠰᠬᠤᠨ ᠤ ᠨᠠᠮ ᠤᠨ ᠭᠡᠰᠢᠭᠦᠨ ᠪᠣᠯ ᠨᠠᠮ ᠤᠨ ᠬᠥᠳᠡᠭᠡ ᠲᠣᠰᠬᠤᠨ ᠤ ᠡᠯ᠎ᠡ ᠵᠦᠢᠯ ᠤᠨ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠯᠭᠠᠭᠤᠷᠢ ᠬᠦᠴᠦᠨ ᠮᠥᠨ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠨᠠᠮ ᠤᠨ ᠭᠡᠰᠢᠭᠦᠨ ᠤ ᠦᠢᠯᠡᠳᠦᠯ ᠢ ᠪᠠᠳᠠᠷᠠᠭᠤᠯᠬᠤ ᠠᠴᠠ ᠰᠠᠯᠵᠤ ᠴᠢᠳᠠᠬᠤ ᠦᠭᠡᠢ ᠶᠤᠮ  ᠃ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠦᠷ ᠳᠠᠯᠠᠶᠢᠴᠠᠲᠠᠢ ᠬᠥᠳᠡᠯᠭᠡᠭᠦ ᠬᠦᠴᠦᠨ ᠢ ᠬᠥᠭᠵᠢᠭᠡᠬᠦ ᠬᠡᠷᠡᠭᠲᠡᠢ  ᠃ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠤᠣᠯᠳᠠᠯᠭ᠎ᠠ ᠪᠠ ᠤᠷᠢᠲᠠᠯ ᠪᠣᠯᠣᠨ᠎ᠠ  ᠂ ᠭᠠᠭᠴᠠᠬᠦ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠪᠠᠯ ᠰᠠᠢᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠴᠢᠳᠠᠨ᠎ᠠ  ᠃   ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠬᠠᠮᠲᠤᠳᠬᠠᠵᠤ ᠬᠦᠴᠢᠷ ᠠᠰᠠᠭᠤᠳᠠᠯ ᠢ ᠬᠠᠮᠲᠤᠪᠠᠷ ᠰᠢᠪᠲᠤᠯᠬᠤ ᠶᠢᠨ ᠭᠤᠣᠯᠳᠠᠯᠭ᠎ᠠ ᠶᠢ ᠨᠠᠶᠢᠳᠠᠪᠤᠷᠢᠵᠢᠭᠤᠯᠤᠨ᠎ᠠ   ︽ ᠨᠠᠮ ᠤᠨ ᠬᠤᠷᠢᠶ᠎ᠠ ᠤᠳᠤᠷᠢᠳᠴᠤ  ᠂ ᠵᠠᠰᠠᠭ ᠤᠨ ᠣᠷᠳᠣᠨ ᠠᠴᠠ ᠭᠤᠣᠯᠯᠠᠨ ᠤᠳᠤᠷᠢᠳᠴᠤ  ᠂ ᠲᠠᠷᠢᠶᠠᠴᠢᠨ ᠢᠶᠠᠷ ᠭᠤᠣᠯ ᠴᠣᠭᠴᠠ ᠪᠣᠯᠭᠠᠨ᠎ᠠ  ︾  ᠂ ᠸᠧᠢ ᠾᠧᠦ ᠺᠠᠢ︽ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ  ︾  ︾ ᠳᠤ ᠡᠶᠢᠮᠦ ᠬᠤᠷᠢᠶᠠᠩᠭᠤᠶᠢᠯᠠᠯ ᠬᠢᠭᠰᠡᠨ ᠪᠠᠶᠢᠨ᠎ᠠ  ᠃ ᠡᠩ ᠲᠡᠷᠢᠭᠦᠨ ᠳᠤ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠳᠤ ᠨᠠᠮ ᠤᠨ ᠤᠳᠤᠷᠢᠳᠬᠤ ᠪᠠᠶᠢᠷᠢ ᠰᠠᠭᠤᠷᠢ ᠶᠢ ᠴᠢᠩᠭᠠᠳᠬᠠᠬᠤ ᠴᠢᠬᠤᠯᠠᠲᠠᠢ  ᠃ ᠳᠠᠷᠠᠭᠠᠯᠠᠪᠠᠯ  ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠪᠣᠯ︽ ᠲᠦᠷᠪᠡᠨ ᠣᠳᠣᠬᠢᠴᠢᠯᠠᠯᠲᠠ  ︾ ᠶᠢ ᠵᠡᠷᠭᠡᠪᠡᠷ ᠶᠠᠪᠤᠭᠳᠠᠭᠤᠯᠬᠤ ᠶᠢᠨ ᠳᠤᠲᠠᠭᠤᠳᠠᠯ ᠮᠥᠨ  ᠂ ᠬᠥᠳᠡᠭᠡ ᠲᠣᠰᠬᠤᠨ ᠤ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠣᠳᠣᠬᠢᠴᠢᠯᠠᠯᠲᠠ ᠶᠢᠨ ᠲᠣᠪᠣᠶᠢᠮ᠎ᠠ ᠳᠤᠲᠠᠭᠤᠳᠠᠯ ᠮᠥᠨ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ  ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠳᠤ ᠵᠠᠰᠠᠭ ᠤᠨ ᠣᠷᠳᠣᠨ ᠤ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ  ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠴᠢᠬᠤᠯᠠᠲᠠᠢ  ᠃ ᠭᠤᠷᠪᠠᠳᠤᠭᠠᠷ ᠲᠤ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠲᠠᠷᠢᠶᠠᠴᠢᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠬᠤ ᠬᠡᠷᠡᠭᠲᠡᠢ  ᠂ ᠲᠤᠰ ᠬᠠᠤᠯᠢ ᠳᠤ ᠲᠡᠭᠦᠨ ᠢ ᠵᠢᠷᠤᠮᠯᠠᠬᠤ ᠴᠢᠬᠤᠯᠠᠲᠠᠢ ᠲᠠᠪᠤᠨ ᠵᠠᠷᠴᠢᠮ ᠤᠨ ᠨᠢᠭᠡ ᠪᠣᠯᠭᠠᠭᠰᠠᠨ ᠪᠥᠭᠡᠳ ᠲᠠᠷᠢᠶᠠᠴᠢᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠲᠤᠯᠠᠬᠤ  ᠂ ᠲᠠᠷᠢᠶᠠᠴᠢᠳ ᠤᠨ ᠬᠦᠰᠡᠯ ᠰᠠᠨᠠᠭ᠎ᠠ ᠶᠢ ᠬᠦᠨᠳᠦᠳᠬᠡᠬᠦ  ᠂ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠲᠣᠪᠣᠶᠢᠮ᠎ᠠ ᠪᠠᠶᠢᠷᠢᠨ ᠳᠤ ᠲᠠᠯᠪᠢᠵᠤ  ᠂ ᠪᠦᠬᠦᠶᠢᠯᠡ ᠬᠠᠤᠯᠢ ᠴᠠᠭᠠᠵᠠ ᠳᠤ ᠲᠤᠤᠱᠯᠠᠭᠤᠯᠪᠠ  ᠃ ᠡᠭᠦᠨ ᠠᠴᠠ ᠭᠠᠳᠠᠨ᠎ᠠ  ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤ  ᠂ ᠵᠠᠰᠠᠭ ᠤᠨ ᠣᠷᠳᠣᠨ ᠠᠴᠠ ᠭᠤᠣᠯᠯᠠᠨ ᠤᠳᠤᠷᠢᠳᠬᠤ  ᠂ ᠲᠠᠷᠢᠶᠠᠴᠢᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ ᠠᠴᠠ ᠭᠠᠳᠠᠨ᠎ᠠ ᠪᠠᠰᠠ ᠪᠦᠬᠦ ᠨᠡᠶᠢᠭᠡᠮ ᠢ ᠬᠥᠲᠥᠯᠥᠨ ᠵᠢᠯᠤᠭᠤᠳᠴᠤ ᠥᠷᠭᠡᠨ ᠢᠶᠠᠷ ᠣᠷᠣᠯᠴᠠᠭᠤᠯᠬᠤ ᠬᠡᠷᠡᠭᠲᠡᠢ  ᠃    《 ᠵᠠᠰᠠᠭ ᠤᠨ ᠣᠷᠳᠣᠨ ᠬᠡᠳᠦᠶᠢᠪᠡᠷ ᠬᠡᠷᠡᠭᠵᠢᠭᠦᠯᠬᠦ ᠪᠡᠶᠡᠴᠢ ᠴᠣᠭᠴᠠ ᠪᠢᠰᠢ ᠪᠣᠯᠪᠠᠴᠤ ᠵᠠᠮᠴᠢᠯᠠᠭᠴᠢ ᠪᠠ ᠪᠠᠲᠤᠯᠠᠭᠴᠢ  ᠶᠢᠨ ᠬᠤᠣᠰ ᠳᠦᠷᠢ ᠲᠠᠢ ᠶᠤᠮ  ᠂ ᠲᠠᠷᠢᠶᠠᠴᠢᠨ ᠪᠣᠯ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠭᠴᠢ ᠪᠠ ᠠᠰᠢᠭ ᠬᠦᠷᠲᠡᠭᠴᠢ ᠮᠥᠨ 》  ᠃ ᠯᠠᠨ ᠬᠠᠢ ᠲᠤᠸ ︽ ᠳᠤᠮᠳᠠᠳᠤ ᠤᠯᠤᠰ ᠤᠨ ᠬᠥᠭᠵᠢᠯᠲᠡ ᠶᠢᠨ ᠠᠵᠢᠭᠯᠠᠯᠲᠠ  ︾ ᠰᠡᠳᠬᠦᠯ ᠤᠨ ᠰᠤᠷᠪᠤᠯᠵᠢᠯᠠᠭᠴᠢ ᠳᠤ ᠢᠯᠡᠷᠬᠡᠶᠢᠯᠡᠬᠦ ᠳᠡᠭᠡᠨ  ᠂ ᠵᠠᠰᠠᠭ ᠤᠨ ᠣᠷᠳᠣᠨ ᠲᠠᠷᠢᠶᠠᠴᠢᠳ ᠢ ᠤᠯᠠᠮ ᠨᠢᠭᠡ ᠠᠯᠬᠤᠮ ᠵᠣᠬᠢᠶᠠᠨ ᠪᠠᠶᠢᠭᠤᠯᠵᠤ  ᠂ ᠳᠠᠭᠠᠭᠤᠯᠵᠤ  ᠂ ᠬᠥᠲᠥᠯᠥᠨ ᠵᠢᠯᠤᠭᠤᠳᠴᠤ ᠪᠠᠶᠢᠭᠠᠳ ᠠᠵᠢᠯᠯᠠᠭᠤᠯᠤᠨ᠎ᠠ  ᠂ ᠪᠦᠲᠦᠭᠡᠨ ᠪᠠᠶᠢᠭᠤᠯᠵᠤ ᠡᠵᠡᠩᠨᠡᠬᠦ ᠶᠠᠪᠤᠴᠠ ᠳᠤ ᠲᠡᠳᠡᠨ ᠳᠤ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠤ ᠡᠷᠬᠡᠪᠰᠢ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ  ᠂ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠵᠡᠷᠭᠡ ᠶᠢ ᠪᠠᠭᠲᠠᠭᠠᠭᠰᠠᠨ ᠶᠠᠭᠤ ᠳᠤᠲᠠᠭᠳᠠᠪᠠᠯ ᠲᠡᠭᠦᠨ ᠢ ᠨᠥᠬᠦᠪᠦᠷᠢᠯᠡᠬᠦ ᠬᠡᠷᠡᠭᠲᠡᠢ  ᠂ ︽ ᠵᠠᠰᠠᠭ ᠤᠨ ᠣᠷᠳᠣᠨ ᠡᠲᠡᠭᠡᠷ ᠪᠠᠲᠤᠯᠠᠭ᠎ᠠ ᠶᠢ ᠰᠠᠶᠢᠲᠤᠷ ᠬᠢᠴᠢᠬᠡᠪᠡᠯ ᠲᠠᠷᠢᠶᠠᠴᠢᠳ ᠰᠠᠶ᠋ᠢ ᠨᠠᠩ ᠶᠡᠭᠡ ᠳᠠᠯᠳᠠ ᠬᠦᠴᠦᠨ ᠢᠶᠠᠨ ᠪᠠᠳᠠᠷᠠᠭᠤᠯᠵᠤ ᠴᠢᠳᠠᠨ᠎ᠠ  ︾ ᠭᠡᠵᠡᠢ  ᠃   ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠲᠠᠷᠢᠶᠠᠴᠢᠳ ᠢ ᠵᠣᠬᠢᠶᠠᠨ ᠪᠠᠶᠢᠭᠤᠯᠤᠨ ᠬᠥᠮᠦᠵᠢᠯ ᠪᠣᠯᠪᠠᠰᠤᠷᠠᠭᠤᠯᠤᠯ ᠢᠶᠠᠷ ᠳᠠᠮᠵᠢᠭᠤᠯᠤᠨ ᠦᠯᠡᠮᠵᠢ ᠤᠯᠠᠨ ᠣᠳᠣᠬᠢᠴᠢᠯᠠᠭᠰᠠᠨ ᠲᠠᠷᠢᠶᠠᠴᠢᠳ ᠢ ᠤᠯᠠᠮ ᠨᠢᠭᠡ ᠠᠯᠬᠤᠮ ᠬᠥᠲᠥᠯᠥᠨ ᠵᠢᠯᠤᠭᠤᠳᠴᠤ ᠪᠣᠶᠢᠵᠢᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠭᠤᠯᠤᠨ᠎ᠠ  ᠃ ᠠᠵᠤ ᠦᠢᠯᠡᠰ ᠤᠨ ᠬᠥᠭᠵᠢᠯᠲᠡ ᠠᠴᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠬᠦᠷᠲᠡᠯ᠎ᠡ  ᠂ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠠᠴᠠ ᠨᠡᠶᠢᠭᠡᠮ ᠤᠨ ᠪᠣᠯᠪᠠᠰᠤᠨ ᠬᠦᠷᠲᠡᠯ᠎ᠡ  ᠂ ᠤᠯᠠᠮᠵᠢᠯᠠᠯᠲᠤ ᠲᠠᠷᠢᠶᠠᠴᠢᠨ ᠤ ᠭᠤᠣᠯ ᠴᠣᠭᠴᠠ ᠵᠢᠴᠢ ᠤᠤᠯ ᠤᠨ ᠪᠠᠶᠢᠭᠰᠠᠨ ᠦᠵᠡᠯ ᠰᠠᠨᠠᠭ᠎ᠠ ᠣᠶᠢᠯᠠᠭᠠᠭᠳᠠᠬᠤᠨ ᠪᠣᠯᠣᠨ ᠴᠢᠳᠠᠪᠤᠷᠢ ᠨᠢ ᠨᠢᠭᠡᠨᠲᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠠᠯ᠎ᠠ ᠳᠤ ᠵᠣᠬᠢᠴᠠᠬᠤ ᠦᠭᠡᠢ ᠪᠣᠯᠪᠠ  ᠂ ᠡᠭᠦᠨ ᠳᠤ ᠣᠳᠣᠬᠢᠴᠢᠯᠠᠭᠰᠠᠨ ᠲᠠᠷᠢᠶᠠᠴᠢᠳ ᠣᠷᠤᠯᠴᠠᠬᠤ ᠶᠢ ᠱᠠᠭᠠᠷᠳᠠᠵᠤ  ᠂ ᠣᠳᠣᠬᠢᠴᠢᠯᠠᠭᠰᠠᠨ ᠲᠠᠷᠢᠶᠠᠴᠢᠳ ᠣᠳᠣᠬᠢᠴᠢᠯᠠᠭᠰᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠶᠢᠨ ᠬᠠᠮᠲᠤ ᠭᠤᠣᠯ ᠬᠦᠴᠦᠨ ᠪᠣᠯᠵᠤ ᠴᠢᠨᠠᠭᠰᠢᠳᠠ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠬᠡᠷᠡᠭᠲᠡᠢ  ᠃ ᠨᠢᠭᠡ ᠲᠠᠯ᠎ᠠ ᠪᠠᠷ ᠲᠠᠷᠢᠶᠠᠴᠢᠳ ᠤᠨ ᠲᠤᠰ ᠪᠡᠶ᠎ᠡ ᠠᠴᠠ ᠠᠪᠴᠤ ᠬᠡᠯᠡᠪᠡᠯ  ᠂ ᠡᠨᠡ ᠬᠦ ᠲᠠᠨᠢᠯᠲᠠ ᠪᠠᠨ ᠤᠬᠠᠮᠰᠠᠷ ᠠᠴᠠ ᠪᠠᠨ ᠳᠡᠭᠡᠭᠰᠢᠯᠡᠭᠦᠯᠬᠦ ᠬᠡᠷᠡᠭᠲᠡᠢ  ᠂ ᠨᠦᠭᠦᠭᠡ ᠲᠠᠯ᠎ᠠ ᠪᠠᠷ ᠨᠡᠯᠢᠶᠡᠳ ᠶᠡᠭᠡ ᠬᠡᠮᠵᠢᠶᠡᠨ ᠳᠡᠭᠡᠷ᠎ᠡ ᠵᠠᠰᠠᠭ ᠤᠨ ᠣᠷᠳᠣᠨ ᠤ ᠰᠠᠯᠠᠭ᠎ᠠ ᠮᠥᠴᠢᠷ ᠵᠢᠴᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠮᠦᠵᠢᠯ ᠪᠣᠯᠪᠠᠰᠤᠷᠠᠭᠤᠯᠤᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠬᠦᠷᠦᠯᠴᠡᠬᠦ ᠦᠭᠡᠢ ᠲᠠᠯ᠎ᠠ ᠪᠠᠨ ᠨᠥᠬᠦᠪᠦᠷᠢᠯᠡᠬᠦ ᠳᠤ ᠲᠦᠰᠢᠭᠯᠡᠬᠦ ᠬᠡᠷᠡᠭᠲᠡᠢ  ᠃ ᠡᠭᠦᠨ ᠠᠴᠠ ᠭᠠᠳᠠᠨ᠎ᠠ  ᠂ ᠲᠠᠷᠢᠶᠠᠴᠢᠳ ᠤᠨ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ ᠴᠢᠬᠤᠯᠠ ᠪᠠᠶᠠᠷ ᠳᠤᠷᠠᠰᠬᠠᠯ ᠤᠨ ᠠᠵᠢᠯᠯᠠᠭ᠎ᠠ ᠨᠤᠭᠤᠳ  ᠢ ᠡᠷᠭᠢᠯᠡᠬᠦ ᠪᠠᠷ ᠳᠠᠮᠵᠢᠭᠤᠯᠤᠨ  ᠂ ᠲᠡᠳᠡᠨ  ᠢ ᠣᠷᠣᠯᠴᠠᠭᠤᠯᠵᠤ  ᠂ ᠰᠣᠶᠣᠯ ᠤᠨ ᠬᠡᠪ ᠴᠢᠨᠠᠷ ᠤᠨ ᠲᠠᠯ᠎ᠠ ᠪᠠᠷ ᠬᠢ ᠵᠡᠷᠭᠡ  ᠶᠢ ᠪᠠᠭᠲᠠᠭᠠᠭᠰᠠᠨ ᠣᠳᠣ ᠦᠶ᠎ᠡ  ᠶᠢᠨ ᠷᠢᠳᠢ ᠰᠢᠳᠢ  ᠶᠢ ᠣᠶᠢᠯᠠᠭᠠᠭᠤᠯᠵᠤ ᠪᠣᠯᠣᠨ᠎ᠠ  ᠃   ︽ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢ ᠵᠥᠪᠬᠡᠨ ᠲᠠᠷᠢᠶᠠᠴᠢᠨ ᠤ ᠶᠠᠪᠤᠳᠠᠯ ᠪᠢᠰᠢ  ᠂ ᠵᠠᠰᠠᠭ ᠤᠨ ᠣᠷᠳᠣᠨ ᠪᠤᠶᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠶᠠᠪᠤᠳᠠᠯ ᠴᠤ ᠪᠢᠰᠢ  ᠂ ᠬᠠᠷᠢᠨ ᠪᠦᠬᠦ ᠨᠡᠶᠢᠭᠡᠮ ᠢᠶᠠᠷ ᠢᠶᠠᠨ ᠥᠷᠭᠡᠨ ᠢᠶᠠᠷ ᠣᠷᠤᠯᠴᠠᠬᠤ ᠬᠡᠷᠡᠭᠲᠡᠢ  ᠂ ᠡᠭᠦᠨ ᠳᠤ  ᠂ ᠵᠠᠰᠠᠭ ᠤᠨ ᠣᠷᠳᠣᠨ ᠵᠢᠴᠢ ᠲᠡᠭᠦᠨ ᠤ ᠬᠠᠷᠢᠶ᠎ᠠ ᠰᠠᠯᠠᠭ᠎ᠠ ᠮᠥᠴᠢᠷ ᠨᠢ ᠲᠦᠷᠦ ᠶᠢᠨ ᠪᠣᠳᠣᠯᠭ᠎ᠠ ᠶᠢ ᠲᠣᠭᠲᠠᠭᠠᠭᠴᠢ ᠪᠠ ᠪᠣᠳᠠᠲᠠᠢ ᠬᠡᠷᠡᠭᠵᠢᠭᠦᠯᠦᠭᠴᠢ ᠶᠢᠨ ᠳᠦᠷᠢ ᠶᠢ ᠡᠭᠦᠷᠭᠡᠯᠡᠵᠦ ᠪᠠᠶᠢᠨ᠎ᠠ  ︾  ᠃ ᠷᠧᠨ ᠳ᠋ᠡ ᠫᠧᠩ ︽ ᠳᠤᠮᠳᠠᠳᠤ ᠤᠯᠤᠰ ᠤᠨ ᠬᠥᠭᠵᠢᠯᠲᠡ ᠶᠢᠨ ᠠᠵᠢᠭᠯᠠᠯᠲᠠ  ︾ᠰᠡᠳᠬᠦᠯ ᠤᠨ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ ᠵᠢᠱᠢᠶ᠎ᠡ ᠲᠠᠲᠠᠵᠤ ᠬᠡᠯᠡᠭᠰᠡᠨ ᠨᠢ  ᠂︽ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ  ︾  ︾ ᠳᠤ 51 ᠤᠳᠠᠭ᠎ᠠ︽ ᠵᠠᠰᠠᠭ ᠤᠨ ᠣᠷᠳᠣᠨ ᠶᠣᠰᠣᠲᠠᠢ  ︾ᠪᠠᠶᠢᠳᠠᠯ ᠢᠯᠡᠷᠡᠵᠦ  ᠂ ᠡᠯ᠎ᠡ ᠲᠠᠯ᠎ᠠ ᠠᠴᠠ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠲᠣᠭᠲᠠᠭᠠᠵᠤ  ᠂ ᠬᠠᠮᠢᠶ᠎ᠠ ᠪᠦᠬᠦᠢ ᠳᠦᠷᠢᠮ ᠢ ᠪᠠᠶᠢᠭᠤᠯᠵᠤ  ᠂ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ  ᠂ ᠪᠠᠶᠢᠭᠤᠯᠤᠮᠵᠢ ᠪᠣᠯᠣᠨ ᠲᠣᠭᠲᠠᠴᠠ ᠶᠢ ᠲᠡᠭᠦᠯᠳᠡᠷᠵᠢᠭᠦᠯᠵᠦ  ᠂ ᠡᠩᠨᠡᠭᠡ ᠪᠣᠯᠣᠨ ᠴᠢᠳᠠᠪᠤᠷᠢᠲᠠᠨ ᠤ ᠪᠠᠶᠢᠭᠤᠯᠤᠯᠲᠠ ᠶᠢ ᠴᠢᠩᠭᠠᠳᠬᠠᠵᠤ  ᠂ ᠬᠠᠮᠢᠶᠠᠷᠤᠯᠲᠠ ᠦᠢᠯᠡᠴᠢᠯᠡᠭᠡᠨ ᠤ ᠴᠢᠳᠠᠪᠤᠷᠢ ᠪᠣᠯᠣᠨ ᠲᠦᠪᠰᠢᠨ ᠢ ᠳᠡᠭᠡᠭᠰᠢᠯᠡᠭᠦᠯᠵᠦ  ᠂ ᠮᠡᠳᠡᠭᠦᠯᠦᠯᠲᠡ ᠶᠢ ᠪᠠᠶᠢᠴᠠᠭᠠᠬᠤ ᠡᠭᠦᠷᠭᠡ ᠶᠢ ᠭᠦᠢᠴᠡᠳᠬᠡᠬᠦ ᠵᠡᠷᠭᠡ ᠪᠣᠯᠣᠨ᠎ᠠ  ᠃   ᠲᠠᠷᠢᠶᠠᠴᠢᠨ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠭᠤᠣᠯ ᠴᠣᠭᠴᠠ ᠮᠥᠨ  ᠂ ᠲᠠᠷᠢᠶᠠᠴᠢᠳ ᠤᠨ ᠠᠰᠢᠭ ᠲᠤᠰᠠ ᠶᠢ ᠬᠠᠮᠠᠭᠠᠯᠠᠵᠤ  ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ  ᠂ ᠲᠠᠷᠢᠶᠠᠴᠢᠳ ᠤᠨ ᠡᠳ᠋ᠯᠡᠪᠡᠰᠦ ᠵᠣᠬᠢᠬᠤ ᠦᠨᠳᠦᠰᠦᠨ ᠡᠷᠬᠡ ᠶᠢ ᠪᠠᠲᠤᠯᠠᠵᠤ  ᠂ ᠲᠠᠷᠢᠶᠠᠴᠢᠳ ᠤᠨ ᠦᠢᠯᠡᠳᠪᠦᠷᠢᠯᠡᠯ ᠤᠨ ᠨᠥᠬᠦᠴᠡᠯ ᠪᠣᠯᠣᠨ ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠪᠡᠶᠡᠯᠡᠭᠦᠯᠬᠦ ᠴᠢᠬᠤᠯᠠ ᠡᠭᠦᠷᠭᠡ ᠪᠣᠯᠣᠨ᠎ᠠ  ᠃ ︽ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠥᠯᠢ  ︾ ᠳᠤ  ᠂ ᠮᠠᠰᠢ ᠣᠯᠠᠨ ᠠᠭᠤᠯᠭ᠎ᠠ ᠨᠢ ᠴᠥᠮ ᠡᠲᠡᠭᠡᠷ ᠲᠠᠯ᠎ᠠ ᠪᠠᠷ ᠭᠤᠣᠯᠯᠠᠭᠤᠯᠤᠨ ᠲᠣᠭᠲᠠᠭᠠᠭᠰᠠᠨ ᠬᠠᠥᠯᠢ ᠴᠠᠭᠠᠵᠠ ᠶᠢᠨ ᠠᠷᠭ᠎ᠠ ᠬᠡᠮᠵᠢᠶ᠎ᠡ ᠪᠣᠯᠣᠨ᠎ᠠ  ᠃ ᠡᠭᠦᠨ ᠤ ᠵᠡᠷᠭᠡᠪᠡᠷ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠴᠠ ᠳᠠᠬᠢ ᠲᠠᠷᠢᠶᠠᠴᠢᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠬᠠᠤᠯᠢ ᠴᠠᠭᠠᠵᠠ ᠳᠤ ᠣᠨᠴᠠᠭᠠᠶᠢᠯᠠᠨ ᠴᠢᠬᠤᠯᠠᠴᠢᠯᠠᠪᠠ  ᠃ ᠵᠢᠱᠢᠶᠡᠯᠡᠪᠡᠯ  ᠂ ᠲᠤᠰ ᠬᠠᠤᠯᠢ ᠶᠢᠨ ᠳᠥᠷᠪᠡᠳᠦᠭᠡᠷ ᠵᠦᠢᠯ ᠳᠤ ᠲᠣᠭᠲᠠᠭᠠᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠷᠴᠢᠮ ᠳᠤ  ᠂ ᠬᠤᠶᠠᠳᠤᠭᠠᠷ ᠵᠠᠷᠴᠢᠮ ᠢ ᠣᠨᠴᠠᠭᠠᠶᠢᠯᠠᠨ ᠲᠣᠭᠲᠠᠭᠠᠪᠠ  ᠂ ᠲᠤᠬᠠᠶᠢᠯᠠᠪᠠᠯ ᠲᠠᠷᠢᠶᠠᠴᠢᠳ ᠤᠨ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ  ᠂ ᠲᠠᠷᠢᠶᠠᠴᠢᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ  ᠂ ᠲᠠᠷᠢᠶᠠᠴᠢᠳ ᠤᠨ ᠠᠷᠠᠳᠴᠢᠯᠠᠯ ᠤᠨ ᠡᠷᠬᠡ ᠪᠠ ᠪᠤᠰᠤᠳ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ  ᠂ ᠲᠠᠷᠢᠶᠠᠴᠢᠳ ᠤᠨ ᠢᠳᠡᠪᠬᠢᠵᠢᠯ  ᠂ ᠰᠠᠨᠠᠭᠠᠴᠢᠯᠠᠭᠠᠲᠤ ᠴᠢᠨᠠᠷ  ᠂ ᠪᠦᠲᠦᠭᠡᠯᠴᠢ ᠴᠢᠨᠠᠷ ᠢ ᠲᠠᠶᠢᠴᠢᠯᠠᠨ  ᠂ ᠲᠠᠷᠢᠶᠠᠴᠢᠳ ᠤᠨ ᠦᠨᠳᠦᠰᠦᠨ ᠠᠰᠢᠭ ᠲᠤᠰᠠ ᠶᠢ ᠬᠠᠮᠠᠭᠠᠯᠠᠨ᠎ᠠ  ᠃ ᠬᠠᠤᠯᠢ ᠴᠠᠭᠠᠵᠠ ᠳᠤ ᠠᠯᠢ ᠤᠯᠠᠨ ᠪᠣᠳᠠᠲᠠᠢ ᠳᠦᠷᠢᠮ ᠤᠨ ᠪᠠᠲᠤᠯᠠᠭ᠎ᠠ ᠶᠢᠨ ᠡᠨᠡ ᠬᠦ ᠵᠠᠷᠴᠢᠮ ᠤᠨ ᠪᠡᠶᠡᠯᠡᠭᠳᠡᠬᠦ ᠶᠢ ᠲᠣᠭᠲᠠᠭᠠᠵᠠᠢ  ᠃ ᠠᠷᠪᠠᠨ ᠬᠤᠶᠠᠳᠤᠭᠠᠷ ᠵᠦᠢᠯ ᠤᠨ ᠨᠢᠭᠡᠳᠦᠭᠡᠷ ᠪᠠᠳᠠᠭ ᠲᠤ  ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠨᠢ ᠡᠷᠬᠡᠪᠰᠢ ᠲᠠᠷᠢᠶᠠᠴᠢᠳ ᠤᠨ ᠠᠰᠢᠭ ᠣᠷᠣᠯᠭ᠎ᠠ ᠶᠢ ᠦᠨᠡᠨ ᠬᠦ ᠪᠠᠲᠤᠯᠠᠬᠤ ᠬᠡᠷᠡᠭᠲᠡᠢ; ᠬᠤᠶᠠᠳᠤᠭᠠᠷ ᠪᠠᠳᠠᠭ ᠲᠤ  ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠳᠤ ᠲᠠᠷᠢᠶᠠᠴᠢᠨ ᠢᠶᠠᠷ ᠭᠤᠣᠯ ᠴᠣᠭᠴᠠ ᠪᠣᠯᠭᠠᠬᠤ ᠶᠢ ᠪᠠᠷᠢᠮᠲᠠᠯᠠᠬᠤ ᠬᠡᠷᠡᠭᠲᠡᠢ  ︔ ᠬᠤᠷᠢᠨ ᠨᠢᠭᠡᠳᠦᠭᠡᠷ ᠵᠦᠢᠯ ᠳᠤ ᠲᠠᠷᠢᠶᠠᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠲᠣᠭᠲᠠᠴᠠ ᠶᠢ ᠪᠠᠶᠢᠭᠤᠯᠤᠨ᠎ᠠ ᠭᠡᠵᠦ ᠲᠣᠭᠲᠠᠭᠠᠭᠠᠳ  ᠂ ᠬᠤᠷᠢᠨ ᠭᠤᠷᠪᠠᠳᠤᠭᠠᠷ ᠵᠦᠢᠯ ᠳᠤ ᠬᠠᠩᠭᠠᠨ ᠪᠣᠷᠣᠯᠠᠭᠤᠯᠬᠤ ᠬᠤᠷᠰᠢᠶ᠎ᠠ ᠨᠢ ᠲᠠᠷᠢᠶᠠᠴᠢᠳ ᠯᠤᠭ᠎ᠠ ᠶᠢᠨ ᠠᠰᠢᠭ ᠲᠤᠰᠠ ᠶᠢᠨ ᠬᠤᠯᠪᠣᠭ᠎ᠠ ᠪᠠᠨ ᠴᠢᠩᠭᠠᠳᠬᠠᠬᠤ ᠬᠡᠷᠡᠭᠲᠡᠢ; ᠭᠤᠴᠢᠨ ᠳᠣᠯᠣᠳᠤᠭᠠᠷ ᠵᠦᠢᠯ ᠳᠤ ᠬᠥᠳᠡᠭᠡ ᠲᠣᠰᠬᠤᠨ ᠤ ᠣᠷᠴᠢᠨ ᠠᠬᠤᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠳᠤ ᠬᠠᠮᠲᠤ ᠪᠠᠷ ᠪᠠᠶᠢᠭᠤᠯᠵᠤ ᠬᠠᠮᠲᠤ ᠪᠠᠷ ᠬᠠᠮᠢᠶᠠᠷᠴᠤ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠬᠤ ᠳᠤ ᠲᠠᠷᠢᠶᠠᠴᠢᠳ ᠣᠷᠤᠯᠴᠠᠬᠤ ᠬᠡᠷᠡᠭᠲᠡᠢ ᠭᠡᠵᠦ ᠲᠣᠭᠲᠠᠭᠠᠵᠠᠢ; ᠲᠠᠪᠢᠨ ᠨᠢᠭᠡᠳᠦᠭᠡᠷ ᠵᠦᠢᠯ ᠳᠤ ᠠᠶᠢᠯ ᠲᠣᠰᠬᠤᠨ ᠢ ᠬᠠᠰᠤᠵᠤ ᠨᠡᠶᠢᠯᠡᠭᠦᠯᠬᠦ ᠵᠡᠷᠭᠡ ᠬᠥᠳᠡᠭᠡ ᠲᠣᠰᠬᠤᠨ ᠤ ᠪᠠᠶᠢᠷᠢᠰᠢᠯ ᠢ ᠲᠣᠬᠢᠷᠠᠭᠤᠯᠬᠤ ᠳᠤ ᠡᠷᠬᠡᠪᠰᠢ ᠲᠠᠷᠢᠶᠠᠴᠢᠳ ᠤᠨ ᠬᠦᠰᠡᠯ ᠰᠠᠨᠠᠭ᠎ᠠ ᠶᠢ ᠬᠦᠨᠳᠦᠳᠬᠡᠬᠦ ᠬᠡᠷᠡᠭᠲᠡᠢ ᠭᠡᠬᠦ ᠮᠡᠲᠦ ᠪᠠᠷ ᠲᠣᠭᠲᠠᠭᠠᠵᠠᠢ  ᠃   ᠸᠧᠢ ᠾᠧᠦ ᠺᠠᠢ ᠶᠢᠨ ᠦᠵᠡᠬᠦ ᠪᠠᠷ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠳᠤ  ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠵᠠᠩᠭᠢᠯᠠᠭ᠎ᠠ ᠪᠣᠯᠣᠨ᠎ᠠ  ᠃ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠠᠭᠤᠷᠢ ᠮᠥᠨ  ᠂ ᠭᠠᠭᠴᠠ ᠬᠦ ᠠᠵᠤ ᠦᠢᠯᠡᠰ ᠢ ᠬᠥᠭᠵᠢᠭᠦᠯᠪᠡᠯ ᠰᠠᠶ᠋ᠢ ᠬᠥᠳᠡᠭᠡ ᠲᠣᠰᠬᠤᠨ ᠢ ᠬᠥᠭᠵᠢᠭᠦᠯᠵᠦ ᠴᠢᠳᠠᠨ᠎ᠠ  ᠃ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠦᠨᠳᠦᠰᠦᠨ ᠠᠷᠭ᠎ᠠ ᠵᠠᠮ ᠪᠣᠯ ᠤᠳᠤ ᠦᠶ᠎ᠡ ᠶᠢᠨ ᠥᠨᠳᠥᠷ ᠦᠷ᠎ᠡ ᠠᠰᠢᠭ ᠲᠠᠢ ᠲᠠᠷᠢᠶᠠᠯᠠᠩ ᠢ ᠬᠥᠭᠵᠢᠭᠦᠯᠵᠦ  ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢ ᠲᠦᠯᠬᠢᠨ ᠠᠬᠢᠭᠤᠯᠵᠤ  ᠂ ᠣᠨᠴᠠᠯᠢᠭ ᠪᠠ ᠥᠷᠢᠰᠦᠯᠳᠦᠬᠦ ᠬᠦᠴᠦᠨ ᠲᠠᠢ ᠤᠳᠤ ᠦᠶ᠎ᠡ ᠶᠢᠨ ᠬᠥᠳᠡᠭᠡ ᠲᠣᠰᠬᠤᠨ ᠤ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ  ᠂ ᠡᠭᠦᠨ ᠤ ᠤᠯᠠᠮ ᠠᠴᠠ ᠬᠥᠳᠡᠭᠡ ᠲᠣᠰᠬᠤᠨ ᠤ ᠬᠥᠮᠥᠨ ᠠᠮᠠ ᠳᠤ ᠲᠣᠭᠲᠠᠪᠤᠷᠢᠲᠠᠢ  ᠂ ᠦᠷᠭᠦᠯᠵᠢᠯᠡᠬᠦ ᠠᠵᠢᠯ ᠤᠨ ᠪᠠᠶᠢᠷᠢ ᠪᠠ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠬᠠᠩᠭᠠᠬᠤ ᠶᠠᠪᠤᠳᠠᠯ ᠪᠣᠯᠣᠨ᠎ᠠ  ᠃   ᠣᠳᠣᠬᠠᠨ ᠳᠤ  ᠂ ᠬᠦᠴᠦ ᠪᠠᠨ ᠲᠥᠪᠯᠡᠷᠡᠭᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠡᠷᠡᠭᠵᠢᠭᠦᠯᠬᠦ ᠳᠤ ᠭᠤᠣᠯᠳᠠᠭᠤ ᠲᠦᠷᠪᠡᠨ ᠶᠡᠭᠡ ᠬᠦᠴᠢᠷᠳᠡᠯ ᠲᠤᠯᠭᠠᠷᠠᠵᠤ ᠪᠠᠶᠢᠨ᠎ᠠ  ᠄ ᠨᠢᠭᠡ ᠳᠤ  ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠢᠷᠲᠡᠢ  ᠂ ᠬᠤᠳᠠ ᠬᠥᠳᠡᠭᠡ ᠶᠢᠨ ᠣᠷᠣᠯᠭ᠎ᠠ ᠶᠢᠨ ᠵᠥᠷᠢᠶ᠎ᠡ ᠶᠢ ᠦᠷᠭᠦᠯᠵᠢᠯᠡᠨ ᠪᠠᠭᠠᠰᠬᠠᠬᠤ ᠡᠭᠦᠷᠭᠡ ᠲᠤᠶᠢᠯ ᠤᠨ ᠪᠡᠷᠬᠡ ᠬᠠᠲᠠᠭᠤᠵᠢᠯᠲᠠᠢ ᠪᠠᠶᠢᠨ᠎ᠠ  ︔ ᠬᠤᠶᠠᠷ ᠲᠤ  ᠂ ᠡᠯ᠎ᠡ ᠱᠠᠲᠤᠨ ᠤ ᠡᠯ᠎ᠡ ᠲᠦᠷᠦᠯ ᠤᠨ ᠴᠢᠳᠠᠪᠤᠷᠢᠲᠠᠨ ᠲᠤᠲᠠᠭᠳᠠᠵᠤ  ᠂ ᠲᠠᠷᠢᠶᠠᠴᠢᠳ ᠤᠨ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠳᠣᠣᠷ᠎ᠠ ᠪᠠᠶᠢᠵᠤ  ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠡᠷᠡᠭᠴᠡᠭᠡ ᠳᠤ ᠵᠣᠬᠢᠴᠠᠬᠤ ᠳᠤ ᠬᠦᠴᠢᠷ ᠪᠠᠶᠢᠨ᠎ᠠ  ︔ ᠭᠤᠷᠪᠠ ᠳᠤ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠬᠡᠷᠡᠭᠴᠡᠭᠡ ᠶᠡᠭᠡ ᠪᠣᠯᠪᠠᠴᠤ ᠬᠥᠳᠡᠭᠡ ᠲᠣᠰᠬᠤᠨ ᠤ ᠬᠤᠷᠠᠮᠳᠤᠯᠭ᠎ᠠ ᠶᠢᠨ ᠴᠢᠳᠠᠪᠤᠷᠢ ᠬᠢᠵᠠᠭᠠᠷ ᠲᠠᠢ  ᠂ ᠪᠡᠯᠡ ᠮᠥᠩᠭᠦ ᠶᠢᠨ ᠪᠦᠲᠦᠮᠵᠢᠲᠡᠢ ᠬᠠᠩᠭᠠᠯᠭ᠎ᠠ ᠬᠦᠷᠦᠯᠴᠡᠬᠦ ᠦᠭᠡᠢ  ᠂ ᠳᠤᠲᠠᠭᠤᠳᠠᠯ ᠨᠡᠯᠢᠶᠡᠳ ᠶᠡᠭᠡ ᠪᠠᠶᠢᠨ᠎ᠠ  ︔ ᠳᠥᠷᠪᠡ ᠳᠤ  ᠂ ᠬᠤᠳᠠ ᠬᠥᠳᠡᠭᠡ ᠶᠢ ᠰᠠᠯᠭᠠᠭᠰᠠᠨ ᠪᠠᠶᠢᠭᠤᠯᠤᠮᠵᠢ ᠲᠣᠭᠲᠠᠴᠠ ᠨᠢ ᠮᠥᠨ ᠯᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠢᠵᠠᠭᠠᠷᠯᠠᠬᠤ ᠭᠤᠣᠯ ᠬᠠᠷᠰᠢ ᠰᠠᠭᠠᠳ ᠪᠣᠯᠵᠤ ᠪᠠᠶᠢᠨ᠎ᠠ  ᠃ ᠡᠭᠦᠨ ᠠᠴᠠ ᠭᠠᠳᠠᠨ᠎ᠠ  ᠂ ᠡᠯ᠎ᠡ ᠭᠠᠵᠠᠷ ᠤᠨ ᠬᠢᠨ ᠪᠠᠰᠠ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ  ᠂ ᠳᠦᠷᠢᠮ ᠲᠣᠭᠲᠠᠭᠠᠯ ᠢ ᠢᠵᠢ ᠪᠦᠷᠢᠳᠦᠭᠦᠯᠦᠨ ᠲᠣᠭᠲᠠᠭᠠᠬᠤ ᠴᠢᠬᠤᠯᠠᠲᠠᠢ ᠪᠠᠶᠢᠨ᠎ᠠ  ᠂ ᠵᠢᠱᠢᠶᠡᠯᠡᠪᠡᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠣᠷᠣᠨ ᠨᠤᠲᠤᠭ ᠤᠨ ᠴᠢᠨᠠᠷᠲᠠᠢ ᠳᠦᠷᠢᠮ ᠢ ᠲᠦᠷᠭᠡᠬᠡᠨ ᠲᠣᠭᠲᠠᠭᠠᠵᠤ  ᠂ ᠰᠠᠯᠠᠭ᠎ᠠ ᠮᠥᠴᠢᠷ ᠤᠨ ᠵᠣᠬᠢᠴᠠᠭᠤᠯᠭ᠎ᠠ  ᠂ ᠬᠢᠨᠠᠯᠲᠠ ᠪᠠᠶᠢᠴᠠᠭᠠᠯᠲᠠ ᠪᠠ ᠲᠥᠷᠥ ᠶᠢᠨ ᠪᠣᠳᠣᠯᠭ᠎ᠠ ᠶᠢᠨ ᠨᠠᠷᠢᠯᠢᠭᠵᠢᠭᠤᠯᠤᠯᠲᠠ ᠶᠢ ᠴᠢᠩᠭᠠᠳᠬᠠᠬᠤ ᠬᠡᠷᠡᠭᠲᠡᠢ  ᠃   2021 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ  ᠂ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ  ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠳᠦᠷᠢᠮ ᠪᠠ ᠴᠢᠬᠤᠯᠠ ᠡᠯᠧᠮᠧᠨ᠋ᠲ ᠤᠨ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ  ᠂ ᠬᠥᠳᠡᠭᠡ ᠲᠣᠰᠬᠤᠨ ᠤ ᠬᠥᠭᠵᠢᠯᠲᠡ ᠶᠢᠨ ᠳᠣᠲᠣᠭᠠᠳᠤ ᠶᠢᠨ ᠬᠥᠳᠡᠯᠭᠡᠭᠦ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ ᠭᠡᠵᠦ ᠲᠣᠳᠣᠷᠬᠠᠢ ᠳᠤᠷᠠᠳᠤᠭᠰᠠᠨ ᠪᠠᠶᠢᠨ᠎ᠠ  ᠃ ᠯᠠᠨ ᠬᠠᠢ ᠲᠤᠸ ᠵᠢᠭᠠᠵᠤ ᠭᠠᠷᠭᠠᠭᠰᠠᠨ ᠨᠢ  ᠂ ᠬᠥᠳᠡᠭᠡ ᠲᠣᠰᠬᠤᠨ ᠤ ᠥᠭᠡᠷᠡᠴᠢᠯᠡᠯᠲᠡ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠲᠦᠯᠬᠢᠨ ᠠᠬᠢᠭᠤᠯᠬᠤ ᠶᠢᠨ ᠵᠡᠷᠭᠡ ᠳᠤ  ᠂ ᠪᠥᠬᠦ ᠤᠯᠤᠰ ᠤᠨ ᠲᠠᠯ᠎ᠠ ᠠᠴᠠ ᠠᠪᠴᠤ ᠬᠡᠯᠡᠪᠡᠯ  ᠂ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠳᠤ ᠰᠢᠪᠲᠤᠯᠤᠯᠲᠠ ᠭᠠᠷᠭᠠᠬᠤ ᠬᠡᠷᠡᠭᠲᠡᠢ  ᠃ ᠭᠠᠵᠠᠷ ᠰᠢᠷᠣᠢ ᠪᠣᠯ ᠲᠠᠷᠢᠶᠠᠴᠢᠳ ᠤᠨ ᠠᠮᠢ ᠭᠤᠣᠯ ᠮᠥᠨ᠂ ᠮᠥᠨᠴᠦ ᠤᠯᠤᠰ ᠤᠨ ᠠᠮᠢ ᠭᠤᠣᠯ ᠮᠥᠨ᠂ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠨᠢ ᠲᠠᠷᠢᠶᠠᠯᠠᠩ ᠤᠨ ᠠᠮᠤ ᠪᠤᠳᠠᠭᠠᠨ ᠤ ᠠᠮᠤᠷ ᠲᠦᠪᠰᠢᠨ ᠪᠠ ᠲᠠᠷᠢᠶᠠᠯᠠᠩ ᠤᠨ ᠰᠠᠭᠤᠷᠢ ᠶᠢ ᠲᠣᠭᠲᠠᠪᠤᠷᠢ ᠦᠭᠡᠢ ᠪᠣᠯᠭᠠᠵᠤ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ ᠳᠡᠶᠢᠯᠬᠦ ᠦᠭᠡᠢ ᠪᠣᠯ ᠲᠠᠷᠢᠶᠠᠯᠠᠩ ᠭᠤᠣᠯᠯᠠᠬᠤ ᠪᠠᠶᠢᠷᠢ ᠰᠠᠭᠤᠷᠢ ᠪᠠᠨ ᠠᠯᠳᠠᠵᠤ  ᠂ ᠬᠥᠭᠵᠢᠭᠦᠯᠦᠨ ᠮᠠᠨᠳᠤᠭᠤᠯᠬᠤ ᠶᠢ ᠶᠠᠷᠢᠬᠤ ᠶᠢᠨ ᠠᠷᠭ᠎ᠠ ᠦᠭᠡᠢ ᠪᠣᠯᠣᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ  ᠂ ᠲᠠᠷᠢᠶᠠᠴᠢᠳ ᠤᠨ ᠭᠤᠣᠯ ᠴᠣᠭᠴᠠ ᠶᠢᠨ ᠡᠵᠡᠨ ᠮᠡᠳᠡᠬᠦ ᠡᠷᠬᠡ ᠶᠢ ᠪᠠᠳᠠᠷᠠᠭᠤᠯᠵᠤ᠂ ᠲᠤᠰ ᠭᠠᠴᠠᠭᠠᠨ ᠤ ᠤᠯᠠᠨ ᠨᠡᠶᠢᠲᠡ ᠶᠢᠨ ᠲᠥᠬᠦᠭᠡᠷᠦᠮᠵᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠ ᠭᠠᠴᠠᠭᠠᠨ ᠤ ᠠᠷᠠᠳ ᠥᠪᠡᠷᠲᠡᠭᠡᠨ ᠲᠦᠷᠦᠯ ᠵᠦᠢᠯ ᠰᠣᠩᠭᠤᠨ ᠲᠦᠷᠦᠯ ᠵᠦᠢᠯ ᠪᠠᠶᠢᠭᠤᠯᠵᠤ᠂ ᠠᠯᠢᠪᠠ ᠪᠦᠬᠦᠨ ᠳᠤ ᠲᠠᠷᠢᠶᠠᠴᠢᠳ ᠤᠨ ᠠᠰᠢᠭ ᠲᠤᠰᠠ ᠠᠴᠠ ᠡᠭᠦᠰᠴᠦ᠂ ᠲᠠᠷᠢᠶᠠᠴᠢᠳ ᠲᠤ ᠬᠡᠷᠡᠭᠴᠡᠭᠡ ᠲᠠᠢ ᠲᠦᠷᠦᠯ ᠵᠦᠢᠯ ᠮᠥᠨ ᠡᠰᠡᠬᠦ ᠶᠢ ᠦᠨᠡᠨᠬᠦ ᠪᠣᠳᠣᠯᠬᠢᠯᠠᠵᠤ  ᠂ ᠲᠠᠷᠢᠶᠠᠴᠢᠳ ᠲᠠᠢ ᠬᠡᠳᠦᠢ ᠶᠡᠭᠡ ᠲᠣᠬᠢᠷᠠᠯᠴᠠᠭ᠎ᠠ ᠲᠠᠢ ᠪᠠᠶᠢᠬᠤ ᠶᠢ ᠦᠨᠡᠨᠬᠦ ᠪᠣᠳᠣᠯᠬᠢᠯᠠᠬᠤ ᠬᠡᠷᠡᠭᠲᠡᠢ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠭᠡ ᠴᠢᠭᠯᠡᠯ ᠳᠤ ᠨᠡᠶᠢᠴᠡᠳᠡᠭ ᠯᠡ ᠶᠤᠮ ᠪᠣᠯ ᠵᠠᠰᠠᠭ ᠤᠨ ᠣᠷᠳᠣᠨ ᠤ ᠰᠠᠯᠠᠭ᠎ᠠ ᠮᠥᠴᠢᠷ ᠳᠡᠩᠳᠡᠭᠦᠦ ᠤᠯᠠᠨ ᠭᠠᠷ ᠲᠦᠷᠦᠭᠦ ᠬᠡᠷᠡᠭ ᠦᠭᠡᠢ  ᠃   ᠳᠦᠷᠢᠮ ᠤᠨ ᠬᠠᠷᠰᠢ ᠰᠠᠭᠠᠳ ᠤᠨ ᠠᠰᠠᠭᠤᠳᠠᠯ ᠳᠤ ᠰᠢᠪᠲᠤᠯᠤᠯᠲᠠ ᠭᠠᠷᠭᠠᠬᠤ ᠬᠡᠷᠡᠭᠲᠡᠢ᠃ ᠣᠳᠣᠬᠠᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠮᠠᠰᠢ ᠣᠯᠠᠨ ᠳᠦᠷᠢᠮ ᠤᠨ ᠬᠠᠷᠰᠢ ᠰᠠᠭᠠᠳ ᠲᠤᠯᠭᠠᠷᠠᠵᠤ ᠪᠠᠶᠢᠨ᠎ᠠ  ᠂ ᠢᠯᠠᠩᠭᠤᠶ᠎ᠠ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠤᠭᠰᠠᠨ ᠤ ᠳᠠᠷᠠᠭᠠᠬᠢ ᠬᠤᠪᠢᠶᠠᠷᠢᠯᠠᠯᠲᠠ᠂ ᠣᠷᠣᠨ ᠰᠠᠭᠤᠴᠠ ᠶᠢᠨ ᠭᠠᠵᠠᠷ ᠢ ᠡᠷᠭᠢᠯᠲᠡ ᠳᠤ ᠣᠷᠣᠭᠤᠯᠬᠤ ᠠᠰᠠᠭᠤᠳᠠᠯ ᠵᠡᠷᠭᠡ ᠪᠣᠯᠣᠨ᠎ᠠ  ᠃ ᠡᠨᠡ ᠵᠢᠯ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠳᠠᠷᠤᠢ ᠲᠣᠭᠲᠠᠭᠤᠨ ᠪᠠᠶᠢᠳᠠᠯ ᠪᠠ ᠬᠥᠭᠵᠢᠯᠲᠡ ᠶᠢ ᠳᠣᠪᠤᠶᠢᠯᠭᠠᠭᠰᠠᠨ ᠪᠠᠶᠢᠨ᠎ᠠ᠂ ᠡᠭᠦᠨ ᠤ ᠵᠡᠷᠭᠡ ᠳᠤ ᠣᠳᠣᠬᠠᠨ ᠳᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠬᠠᠶᠢᠨ ᠰᠦᠪᠡᠭᠴᠢᠯᠡᠯᠲᠡ ᠶᠢᠨ ᠣᠷᠣᠨ ᠵᠠᠢ ᠮᠠᠰᠢ ᠶᠡᠭᠡ ᠪᠠᠶᠢᠵᠤ᠂ ᠣᠷᠣᠨ ᠰᠠᠭᠤᠴᠠ ᠶᠢᠨ ᠭᠠᠵᠠᠷ ᠤᠨ ᠲᠠᠯ᠎ᠠ ᠪᠠᠷ ︽ᠪᠦᠲᠦᠮᠵᠢᠲᠡᠶ ᠪᠡᠶᠡᠯᠡᠭᠳᠡᠬᠦ ᠬᠡᠯᠪᠡᠷᠢ ᠶᠢ ᠬᠠᠶᠢᠨ ᠰᠦᠪᠡᠭᠴᠢᠯᠡᠬᠦ  ︾ ᠶᠢ ᠴᠢᠬᠤᠯᠠᠴᠢᠯᠠᠵᠠᠢ  ᠃ ᠢᠷᠡᠭᠡᠳᠦᠢ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠣᠷᠣᠭᠤᠯᠤᠯᠲᠠ ᠶᠢ ᠬᠡᠷᠬᠢᠨ ᠬᠢᠪᠡᠯ ᠵᠣᠬᠢᠬᠤ ᠪᠤᠢ︖ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠨᠡᠶᠢᠭᠡᠮ ᠤᠨ ᠬᠥᠷᠥᠩᠭᠡ ᠶᠢᠨ ᠬᠥᠳᠡᠭᠡ ᠲᠣᠰᠬᠤᠨ ᠳᠠᠬᠢ ᠪᠡᠯᠡ ᠣᠷᠣᠭᠤᠯᠤᠯᠲᠠ ᠶᠢᠨ ᠨᠠᠵᠠᠭᠠᠢ ᠲᠠᠯ᠎ᠠ ᠶᠢᠨ ᠨᠠᠷᠢᠨ ᠳᠠᠩᠰᠠ  ᠶᠢ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤᠨ ᠳᠤ ᠬᠠᠷᠢᠶᠠᠯᠠᠭᠳᠠᠬᠤ ᠦᠭᠡᠢ ᠰᠢᠨ᠎ᠡ ᠶᠢ ᠡᠭᠦᠳᠬᠦ ᠴᠢᠨᠠᠷᠲᠠᠢ ᠨᠡᠶᠢᠭᠡᠮ ᠤᠨ ᠪᠡᠯᠡ ᠣᠷᠣᠭᠤᠯᠤᠯᠲᠠ ᠶᠢᠨ ᠵᠦᠢᠯᠡᠰ ᠪᠦᠬᠦᠨ ᠢ ᠬᠡᠰᠡᠭ ᠭᠠᠵᠠᠷ ᠣᠷᠣᠨ ᠢ ᠰᠣᠩᠭᠤᠵᠤ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ  ᠂ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ ᠠᠴᠠ ᠵᠠᠶᠢᠯᠠᠰᠬᠢᠵᠦ ᠪᠦᠷᠢᠮᠦᠰᠦᠨ ᠪᠣᠯᠣᠨ᠎ᠠ  ᠂ ᠡᠰᠡ ᠲᠡᠭᠡᠪᠡᠯ ᠵᠠᠰᠠᠭ ᠤᠨ ᠣᠷᠳᠣᠨ ᠠᠴᠠ ᠨᠡᠶᠢᠭᠡᠮ ᠤᠨ ᠪᠡᠯᠡ ᠣᠷᠣᠭᠤᠯᠤᠭᠴᠢ ᠶᠢᠨ ᠬᠤᠬᠢᠷᠠᠯ ᠢ ᠨᠥᠬᠦᠪᠦᠷᠢᠯᠡᠭᠰᠡᠨ ᠴᠦ ᠮᠥᠨ ᠯᠡ ᠰᠣᠬᠤᠷ ᠪᠠᠯᠠᠢ ᠪᠠᠷ ᠳᠡᠩᠰᠡᠯᠭᠡᠭᠰᠡᠨ ᠶᠠᠪᠤᠳᠠᠯ ᠪᠣᠯᠣᠨ᠎ᠠ᠂ ᠡᠶᠢᠮᠦ ᠠᠴᠠ ᠠᠯᠢ ᠴᠢᠳᠠᠬᠤ ᠪᠠᠷ ᠬᠤᠬᠢᠷᠠᠯ ᠭᠠᠷᠭᠠᠬᠤ ᠪᠠ ᠨᠡᠶᠢᠭᠡᠮ ᠤᠨ ᠵᠥᠷᠢᠴᠡᠯ ᠡᠭᠦᠰᠬᠦ ᠠᠴᠠ ᠵᠠᠶᠢᠯᠠᠰᠬᠢᠬᠦ ᠬᠡᠷᠡᠭᠲᠡᠢ  ᠃   《 ᠨᠢᠭᠡ ᠬᠤᠪᠢ ᠶᠢ ᠲᠥᠷᠥ ᠶᠢᠨ ᠪᠣᠳᠣᠯᠭ᠎ᠠ ᠲᠣᠭᠲᠠᠭᠠᠵᠤ ᠶᠢᠰᠦᠨ ᠬᠤᠪᠢ  ᠶᠢᠨ ᠭᠤᠣᠯᠳᠠᠯᠭ᠎ᠠ ᠨᠢ ᠨᠠᠶᠢᠳᠠᠪᠤᠷᠢᠵᠢᠭᠤᠯᠬᠤ ᠳᠤ ᠪᠤᠶ 》 ᠯᠠᠨ ᠬᠠᠢ ᠲᠤᠤ ᠶᠢᠨ ᠦᠵᠡᠬᠦ ᠪᠠᠷ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ  ︾  ᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠮᠠᠰᠢ ᠶᠡᠭᠡ ᠳᠤᠲᠠᠭᠤᠳᠠᠯ ᠣᠷᠣᠰᠢᠵᠤ ᠪᠠᠶᠢᠨ᠎ᠠ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ  ᠂ ᠲᠦᠷᠦ ᠶᠢᠨ ᠪᠣᠳᠣᠯᠭ᠎ᠠ ᠶᠢᠨ ᠬᠡᠢ ᠬᠤᠭᠤᠰᠤᠨ ᠪᠣᠯᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠢ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号