︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾ ᠶᠢ 2021 ᠣᠨ ᠤ 6 | ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ᠃ ᠲᠣᠰ ᠬᠠᠤᠯᠢ ᠨᠢ ᠲᠠᠷᠢᠶᠠᠯᠠᠩ ᠬᠥᠳᠡᠭᠡ ᠲᠣᠰᠬᠤᠨ | ᠲᠠᠷᠢᠶᠠᠴᠢᠨ ᠤ ᠬᠠᠤᠯᠢ ᠪᠠᠷ ᠵᠠᠰᠠᠬᠤ ᠦᠢᠯᠡᠳᠦᠯᠭᠡ ᠶᠢ ᠭᠦᠢᠴᠡᠳ ᠳ᠋ᠦᠩᠨᠡᠭᠰᠡᠨ ᠰᠠᠭᠤᠷᠢᠨ ᠳᠡᠭᠡᠷ᠎ᠡ᠂ ᠳᠤᠮᠳᠠᠳᠤ | ᠤᠯᠤᠰ ᠤᠨ ᠣᠨᠴᠠᠯᠢᠭ ᠪᠦᠬᠦᠢ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠬᠠᠤᠯᠢ ᠴᠠᠭᠠᠵᠠ ᠶᠢᠨ | ᠰᠢᠰᠲ᠋ᠧᠮ ᠤᠨ ᠲᠡᠭᠦᠯᠳᠡᠷᠵᠢᠯᠲᠡ ᠪᠠ ᠬᠥᠭᠵᠢᠯᠲᠡ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠳᠤ ᠬᠠᠤᠯᠢ ᠪᠠᠷ ᠵᠠᠰᠠᠬᠤ ᠪᠠᠲᠤᠯᠠᠭ᠎ᠠ | ᠬᠠᠩᠭᠠᠵᠤ᠂ ᠲᠠᠷᠢᠶᠠᠯᠠᠩ ᠬᠥᠳᠡᠭᠡ ᠲᠣᠰᠬᠤᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠠᠬᠢᠭᠤᠯᠬᠤ᠂ | ᠲᠠᠷᠢᠶᠠᠴᠢᠨ ᠲᠦᠮᠡᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠵᠦ᠂ ᠲᠠᠷᠢᠶᠠᠴᠢᠳ ᠢ | ᠬᠥᠲᠥᠯᠥᠨ ᠳᠠᠭᠠᠭᠤᠯᠵᠤ ᠠᠯᠬᠤᠮ ᠠᠯᠬᠤᠮ ᠢᠶᠠᠷ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠪᠣᠯ ᠪᠠᠰᠠ ᠴᠤ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠳᠠᠪᠠᠭᠤᠯᠢᠭ ᠤᠨ ᠪᠣᠳᠠᠲᠠᠢ ᠢᠯᠡᠷᠡᠯ ᠪᠣᠯᠣᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠣᠯ ᠨᠢᠭᠡᠨ ᠲᠣᠮᠣ | ᠶᠠᠪᠤᠳᠠᠯ ᠮᠥᠨ᠂ ᠡᠷᠬᠡᠪᠰᠢ ᠥᠷᠭᠡᠨ ᠤᠯᠠᠨ ᠲᠠᠷᠢᠶᠠᠴᠢᠨ ᠤ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ | ᠲᠡᠳᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠳᠠᠶᠢᠴᠢᠯᠠᠬᠤ ᠬᠡᠷᠡᠭᠲᠡᠢ᠃ ︽ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾ ᠶᠢᠨ ᠬᠠᠮᠤᠭ ᠤᠨ ᠲᠣᠪᠣᠶᠢᠮ᠎ᠠ ᠣᠨᠴᠠᠯᠢᠭ | ᠪᠣᠯ ᠳᠠᠷᠤᠢ ᠲᠠᠷᠢᠶᠠᠯᠠᠩ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠪᠠ ᠲᠠᠷᠢᠶᠠᠴᠢᠳ ᠤᠨ ᠪᠡᠶᠡᠴᠢ | ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠥᠷᠭᠡᠨ ᠣᠯᠠᠨ ᠲᠠᠷᠢᠶᠠᠴᠢᠳ ᠤᠨ ᠦᠨᠳᠦᠰᠦᠨ ᠠᠰᠢᠭ | ᠲᠤᠰᠠ ᠶᠢ ᠬᠠᠮᠠᠭᠠᠯᠠᠬᠤ᠂ ᠥᠷᠭᠡᠨ ᠣᠯᠠᠨ ᠲᠠᠷᠢᠶᠠᠴᠢᠳ ᠤᠨ ᠬᠠᠮᠲᠤ ᠪᠠᠷ ᠪᠠᠶᠠᠵᠢᠬᠤ ᠶᠢ ᠠᠬᠢᠭᠤᠯᠬᠤ ᠪᠠᠷ ᠡᠭᠦᠰᠬᠡᠯ | ᠪᠠ ᠲᠡᠭᠦᠰᠬᠡᠯ ᠪᠣᠯᠭᠠᠬᠤ ᠶᠢᠨ ᠬᠠᠮᠲᠤ ᠪᠥᠬᠦ ᠬᠠᠤᠯᠢ ᠴᠠᠭᠠᠵᠠ ᠶᠢ ᠢᠮᠠᠭᠲᠠ ᠲᠤᠭᠤᠰᠢᠯᠠᠭᠤᠯᠬᠤ ᠶᠠᠪᠤᠳᠠᠯ ᠪᠣᠯᠣᠨ᠎ᠠ᠃ | | ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾ ᠶᠢᠨ ᠠᠷᠪᠠᠨ ᠬᠤᠶᠠᠳᠤᠭᠠᠷ | ᠵᠦᠢᠯ ᠳᠤ᠂ ︽ᠤᠯᠤᠰ ᠠᠴᠠ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠢ | ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠠᠵᠤ ᠠᠬᠤᠢ ᠶᠢᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠂ ᠬᠠᠮᠲᠤ ᠶᠢᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ | ᠨᠡᠮᠡᠭᠳᠡᠭᠦᠯᠬᠦ ᠶᠢ ᠠᠬᠢᠭᠤᠯᠵᠤ᠂ ᠲᠠᠷᠢᠶᠠᠴᠢᠳ ᠤᠨ ᠠᠰᠢᠭ ᠭᠥᠷᠳᠡᠬᠦ ᠶᠢ ᠮᠠᠨ ᠤ ᠤᠯᠤᠰ ᠤᠨ ᠬᠥᠳᠡᠭᠡ ᠲᠣᠰᠬᠤᠨ ᠤ | ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠳᠦᠷᠢᠮ ᠤᠨ | ᠲᠣᠬᠢᠷᠠᠭᠤᠯᠤᠯᠲᠠ ᠮᠥᠨ᠂ ᠬᠠᠮᠲᠤ ᠶᠢᠨ ᠥᠮᠴᠢᠯᠡᠯ ᠤᠨ ᠠᠵᠤ ᠠᠬᠤᠢ ᠪᠣᠯ ᠳᠤᠮᠳᠠᠳᠤ ᠤᠯᠤᠰ ᠲᠤ ᠣᠨᠴᠠ | ᠪᠠᠶᠢᠳᠠᠭ ᠠᠵᠤ ᠠᠬᠤᠢ ᠶᠢᠨ ᠬᠡᠯᠪᠡᠷᠢ ᠮᠥᠨ᠃ ᠬᠥᠳᠡᠭᠡ ᠲᠣᠰᠬᠤᠨ ᠤ ᠳᠠᠭᠠᠭᠠᠴᠢᠯᠠᠯᠲᠠ ᠶᠢᠨ ᠭᠠᠵᠠᠷ᠂ ᠣᠷᠣᠨ | ᠰᠠᠭᠤᠴᠠ ᠶᠢᠨ ᠭᠠᠵᠠᠷ ᠵᠡᠷᠭᠡ ᠭᠠᠵᠠᠷ ᠰᠢᠷᠣᠢ ᠶᠢᠨ ᠡᠬᠢ ᠪᠠᠶᠠᠯᠢᠭ ᠪᠠ ᠬᠠᠮᠲᠤ ᠶᠢᠨ ᠡᠵᠡᠩᠨᠡᠯᠲᠡ ᠶᠢᠨ ᠴᠢᠨᠠᠷᠲᠠᠢ | ᠡᠳ᠋ ᠬᠥᠷᠥᠩᠭᠡ ᠵᠢᠴᠢ ᠤᠯᠠᠨ ᠨᠡᠶᠢᠲᠡ ᠶᠢᠨ ᠦᠢᠯᠡᠴᠢᠯᠡᠭᠡ ᠳᠤ ᠬᠡᠷᠡᠭᠯᠡᠬᠦ ᠬᠠᠮᠲᠤ ᠶᠢᠨ ᠡᠵᠡᠩᠨᠡᠯᠲᠡ ᠶᠢᠨ ᠪᠤᠰᠤ | ᠴᠢᠨᠠᠷᠲᠠᠢ ᠡᠳ᠋ ᠬᠥᠷᠥᠩᠭᠡ ᠪᠣᠯ ᠴᠥᠮ ᠬᠠᠮᠲᠤ ᠶᠢᠨ ᠥᠮᠴᠢᠯᠡᠯ ᠳᠤ ᠬᠠᠷᠢᠶᠠᠯᠠᠭᠳᠠᠵᠤ᠂ ᠲᠠᠷᠢᠶᠠᠴᠢᠳ ᠤᠨ ᠬᠥᠳᠡᠭᠡ | ᠲᠣᠰᠬᠤᠨ ᠤ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠳᠦᠷᠢᠮ ᠤᠨ ᠰᠠᠭᠤᠷᠢ ᠮᠥᠨ᠃ ᠬᠠᠷᠢᠶᠠᠯᠠᠯ ᠨᠢ ᠲᠣᠳᠣᠷᠬᠠᠢ᠂ | ᠡᠷᠬᠡ ᠴᠢᠳᠠᠮᠵᠢ ᠨᠢ ᠪᠦᠷᠢᠨ ᠪᠦᠲᠦᠨ᠂ ᠡᠷᠭᠢᠯᠲᠡ ᠨᠢ ᠢᠯᠭᠤᠮ ᠰᠢᠯᠤᠭᠤᠨ᠂ ᠬᠠᠮᠠᠭᠠᠯᠠᠯᠲᠠ ᠨᠢ ᠴᠢᠩᠭ᠎ᠠ ᠪᠦᠬᠦᠢ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ | ᠡᠷᠬᠡ ᠶᠢᠨ ᠳᠦᠷᠢᠮ ᠢ ᠪᠠᠶᠢᠭᠤᠯᠬᠤ ᠶᠢᠨ ᠲᠣᠭᠤᠷᠢᠨ ᠳᠤ᠂ ᠵᠠᠬ᠎ᠠ ᠳᠡᠯᠭᠡᠭᠦᠷ ᠤᠨ ᠠᠵᠤ ᠠᠬᠤᠢ ᠶᠢᠨ | ᠱᠠᠭᠠᠷᠳᠠᠯᠭ᠎ᠠ ᠳᠤ ᠨᠡᠶᠢᠴᠡᠭᠰᠡᠨ ᠬᠠᠮᠲᠤ ᠶᠢᠨ ᠠᠵᠤ ᠠᠬᠤᠢ ᠶᠢᠨ ᠠᠵᠢᠯᠯᠠᠭᠠᠨ ᠤ ᠰᠢᠨ᠎ᠡ ᠲᠣᠭᠲᠠᠴᠠ | ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ ᠬᠥᠭᠵᠢᠭᠦᠯᠬᠦ ᠬᠠᠷᠠᠯᠲᠠ ᠶᠢᠨ ᠱᠠᠭᠠᠷᠳᠠᠯᠭ᠎ᠠ ᠪᠠᠷ᠂ | 2016 ᠣᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶ᠎ᠠ ᠠᠴᠠ 《ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ | ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠬᠤ ᠲᠤᠬᠠᠢ ᠰᠠᠨᠠᠯ》 ᠢ ᠳᠠᠷᠤᠮᠠᠯᠯᠠᠨ ᠲᠠᠷᠬᠠᠭᠠᠵᠤ᠂ 3 | ᠵᠢᠯ ᠣᠷᠴᠢᠮ ᠤᠨ ᠴᠠᠭ ᠢ ᠬᠡᠷᠡᠭᠯᠡᠵᠦ ᠪᠠᠶᠢᠭᠠᠳ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠡᠳ᠋ | ᠬᠥᠷᠥᠩᠭᠡ ᠶᠢ ᠴᠡᠪᠡᠷᠯᠡᠨ ᠬᠠᠷᠭᠤᠭᠤᠯᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ 5 ᠵᠢᠯ ᠣᠷᠴᠢᠮ ᠤᠨ | ᠴᠠᠭ ᠢ ᠬᠡᠷᠡᠭᠯᠡᠵᠦ ᠪᠠᠶᠢᠭᠠᠳ ᠡᠵᠡᠩᠨᠡᠯᠲᠡ ᠶᠢᠨ ᠴᠢᠨᠠᠷᠲᠠᠢ ᠡᠳ᠋ ᠬᠥᠷᠥᠩᠭᠡ ᠶᠢᠨ ᠬᠤᠪᠢ ᠣᠷᠣᠭᠤᠯᠵᠤ ᠬᠤᠷᠰᠢᠬᠤ | ᠳᠦᠷᠢᠮ ᠤᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠵᠠᠢ᠃ | ᠥᠭᠡᠷᠡᠴᠢᠯᠡᠯᠲᠡ ᠶᠢ ᠡᠬᠢᠯᠡᠭᠦᠯᠦᠨ ᠬᠡᠷᠡᠭᠵᠢᠭᠦᠯᠦᠭᠰᠡᠨ ᠠᠴᠠ ᠨᠠᠰᠢ᠂ ᠪᠥᠬᠦ ᠤᠯᠤᠰ ᠲᠤ ᠤᠷᠢᠳ ᠬᠤᠵᠢᠳ 5 | ᠪᠦᠯᠦᠭ ᠲᠤᠷᠰᠢᠯᠲᠠ ᠶᠢᠨ ᠴᠢᠭ᠋ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠳᠤ ᠬᠤᠯᠪᠣᠭᠳᠠᠬᠤ ᠪᠣᠶ | ᠪᠦᠬᠦᠢ ᠰᠢᠶᠠᠨ ︵ᠬᠤᠲᠠ᠂ ᠲᠣᠭᠤᠷᠢᠭ︶ ᠢ ᠬᠠᠮᠤᠷᠤᠭᠰᠠᠨ ᠪᠠᠶᠢᠨ᠎ᠠ᠃ ᠣᠳᠣᠬᠠᠨ ᠳᠤ᠂ ᠨᠢᠭᠡᠨᠲᠡ 18 ᠮᠤᠵᠢ | ᠣᠷᠣᠨ ᠲᠤᠷᠰᠢᠯᠲᠠ ᠶᠢᠨ ᠡᠭᠦᠷᠭᠡ ᠪᠠᠨ ᠪᠡᠶᠡᠯᠡᠭᠦᠯᠵᠦ᠂ ᠪᠤᠰᠤᠳ 13 ᠮᠤᠵᠢ ᠣᠷᠣᠨ ᠴᠤ ᠡᠨᠡ ᠵᠢᠯ ᠤᠨ | ᠡᠴᠦᠰ ᠠᠴᠠ ᠡᠮᠦᠨ᠎ᠡ ᠪᠡᠶᠡᠯᠡᠭᠦᠯᠬᠦ ᠪᠣᠯᠣᠨ᠎ᠠ᠂ ᠡᠶᠢᠮᠦ ᠠᠴᠠ ᠥᠭᠡᠷᠡᠴᠢᠯᠡᠯᠲᠡ ᠶᠢᠨ ᠠᠵᠢᠯ ᠤᠷᠤᠭᠰᠢᠲᠠᠢ | ᠶᠠᠪᠤᠭᠳᠠᠵᠤ᠂ ᠠᠩᠬ᠎ᠠ ᠠᠯᠬᠤᠮ ᠤᠨ ᠦᠷ᠎ᠡ ᠪᠦᠲᠦᠮᠵᠢ ᠣᠯᠬᠤ ᠪᠣᠯᠣᠨ᠎ᠠ᠃ ᠬᠥᠳᠡᠭᠡ ᠲᠣᠰᠬᠤᠨ ᠤ ᠬᠠᠮᠲᠤ ᠶᠢᠨ | ᠡᠳ᠋ ᠬᠥᠷᠥᠩᠭᠡ ᠶᠢ ᠪᠦᠬᠦ ᠲᠠᠯ᠎ᠠ ᠪᠠᠷ ᠡᠯ᠎ᠡ ᠭᠠᠵᠠᠷ ᠤᠨ ᠬᠢᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ᠂ | ᠡᠷᠬᠡ ᠶᠢ ᠨᠤᠲᠠᠯᠠᠨ ᠲᠣᠭᠲᠠᠭᠠᠬᠤ ᠪᠠ ᠬᠠᠮᠢᠶᠠᠷᠬᠤ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ 2020 ᠣᠨ ᠤ ᠡᠴᠦᠰ ᠲᠤ᠂ ᠪᠥᠬᠦ ᠤᠯᠤᠰ ᠲᠤ ᠰᠢᠶᠠᠩ᠂ ᠲᠣᠰᠬᠤᠨ᠂ ᠳᠤᠭᠤᠶᠢᠯᠠᠩ ᠭᠤᠷᠪᠠᠨ | ᠱᠠᠲᠤᠨ ᠤ ᠬᠠᠮᠲᠤ ᠶᠢᠨ ᠡᠳ᠋ ᠬᠥᠷᠥᠩᠭᠡ ᠶᠢ ᠨᠡᠶᠢᠲᠡ 6.5 ᠲᠦᠮᠡᠨ ᠳ᠋ᠦᠩᠰᠢᠭᠤᠷ ᠲᠥᠭᠦᠷᠢᠭ ᠢᠯᠭᠠᠷᠠᠭᠤᠯᠤᠨ | ᠪᠠᠶᠢᠴᠠᠭᠠᠵᠤ ᠬᠢᠨᠠᠨ ᠬᠠᠷᠭᠤᠭᠤᠯᠪᠠ᠂ ᠡᠭᠦᠨ ᠳᠤ ᠡᠵᠡᠩᠨᠡᠯᠲᠡ ᠶᠢᠨ ᠴᠢᠨᠠᠷᠲᠠᠢ ᠡᠳ᠋ ᠬᠥᠷᠥᠩᠭᠡ 3.1 ᠲᠦᠮᠡᠨ | ᠳ᠋ᠦᠩᠰᠢᠭᠤᠷ ᠲᠥᠭᠦᠷᠢᠭ᠂ ᠬᠠᠮᠲᠤ ᠶᠢᠨ ᠭᠠᠵᠠᠷ ᠰᠢᠷᠣᠢ ᠵᠡᠷᠭᠡ ᠡᠬᠢ ᠪᠠᠶᠠᠯᠢᠭ 65.5 ᠳ᠋ᠦᠩᠰᠢᠭᠤᠷ ᠮᠦ ᠪᠠᠶᠢᠨ᠎ᠠ᠃ | ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠯ᠎ᠡ ᠭᠠᠵᠠᠷ ᠤᠨ ᠬᠢᠨ | ᠲᠡᠦᠬᠡ ᠶᠢ ᠬᠦᠨᠳᠦᠳᠬᠡᠬᠦ᠂ ᠪᠣᠳᠠᠲᠤ ᠠᠬᠤᠢ ᠶᠢ ᠬᠠᠮᠲᠤ ᠳᠤᠨᠢ ᠬᠠᠷᠠᠭᠠᠯᠵᠠᠬᠤ᠂ ᠲᠠᠰ ᠳᠠᠷᠠᠭᠠᠯᠠᠯ ᠢ ᠵᠢᠷᠤᠮᠵᠢᠭᠤᠯᠬᠤ | ᠂ ᠣᠯᠠᠨ ᠲᠦᠮᠡᠨ ᠳᠤ ᠮᠡᠳᠡᠷᠡᠭᠦᠯᠬᠦ ᠵᠠᠷᠴᠢᠮ ᠶᠣᠰᠣᠭᠠᠷ᠂ ᠡᠷᠦᠬᠡ ᠠᠮᠠ ᠶᠢᠨ ᠲᠠᠩᠰᠠ ᠶᠢᠨ ᠬᠠᠷᠢᠴᠠᠭ᠎ᠠ᠂ ᠭᠠᠵᠠᠷ | ᠰᠢᠷᠣᠢ ᠶᠢᠨ ᠳᠠᠭᠠᠭᠠᠴᠢᠯᠠᠯᠲᠠ ᠶᠢᠨ ᠬᠠᠷᠢᠴᠠᠭ᠎ᠠ᠂ ᠬᠠᠮᠲᠤ ᠶᠢᠨ ᠬᠤᠷᠠᠮᠳᠤᠭᠤᠯᠤᠯ ᠳᠤ ᠦᠵᠡᠭᠦᠯᠦᠭᠰᠡᠨ ᠬᠤᠪᠢ | ᠨᠡᠮᠡᠷᠢ ᠵᠡᠷᠭᠡ ᠬᠦᠴᠦᠨ ᠵᠦᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠪᠦᠷᠢᠯᠳᠦᠭᠦᠨ ᠤ ᠪᠡᠶ᠎ᠡ ᠬᠡᠮ ᠢ | ᠨᠤᠲᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠣᠳᠣᠬᠠᠨ ᠳᠤ᠂ ᠪᠦᠬᠦ ᠤᠯᠤᠰ ᠲᠤ ᠨᠡᠶᠢᠳᠡ 9 ᠳ᠋ᠦᠩᠰᠢᠭᠤᠷ | ᠰᠢᠬᠠᠮ ᠬᠠᠮᠲᠤ ᠶᠢᠨ ᠪᠦᠷᠢᠯᠳᠦᠭᠦᠨ ᠲᠠᠢ ᠪᠠᠶᠢᠬᠤ ᠶᠢ ᠨᠤᠲᠠᠯᠠᠪᠠ᠃ ᠡᠵᠡᠩᠨᠡᠯᠲᠡ ᠶᠢᠨ ᠴᠢᠨᠠᠷᠲᠠᠢ ᠡᠳ᠋ | ᠬᠥᠷᠥᠩᠭᠡ ᠶᠢᠨ ᠬᠤᠪᠢ ᠣᠷᠣᠭᠤᠯᠵᠤ ᠬᠤᠷᠰᠢᠬᠤ ᠳᠦᠷᠢᠮ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠲᠦᠯᠬᠢᠨ | ᠠᠬᠢᠭᠤᠯᠪᠠ᠃ ᠡᠯ᠎ᠡ ᠭᠠᠵᠠᠷ ᠤᠨ ᠬᠢᠨ ᠡᠵᠡᠩᠨᠡᠯᠲᠡ ᠶᠢᠨ ᠴᠢᠨᠠᠷᠲᠠᠢ ᠡᠳ᠋ ᠬᠥᠷᠥᠩᠭᠡ ᠶᠢᠨ ᠬᠤᠪᠢ ᠣᠷᠣᠭᠤᠯᠵᠤ | ᠬᠤᠷᠰᠢᠬᠤ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠰᠲ᠋ᠣᠺ ᠤᠨ ᠡᠷᠬᠡ ᠶᠢ | ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠡᠳ᠋ ᠬᠥᠷᠥᠩᠭᠡ ᠶᠢᠨ ᠠᠰᠢᠭ ᠣᠯᠬᠤ ᠡᠷᠬᠡ ᠶᠢ ᠬᠡᠮᠵᠢᠶᠡᠵᠢᠭᠦᠯᠵᠦ᠂ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ 2020 ᠣᠨ ᠤ ᠰᠡᠭᠦᠯᠴᠢ ᠪᠣᠯᠲᠠᠯ᠎ᠠ᠂ ᠪᠦᠬᠦ | ᠤᠯᠤᠰ ᠤᠨ 53 ᠲᠦᠮᠡᠨ ᠲᠣᠰᠬᠤᠨ ᠡᠵᠡᠩᠨᠡᠯᠲᠡ ᠶᠢᠨ ᠴᠢᠨᠠᠷᠲᠠᠢ ᠡᠳ᠋ ᠬᠥᠷᠥᠩᠭᠡ ᠶᠢᠨ ᠬᠤᠪᠢ ᠣᠷᠣᠭᠤᠯᠤᠨ | ᠬᠤᠷᠰᠢᠬᠤ ᠳᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠵᠦ᠂ 50 ᠲᠦᠮᠡ ᠭᠠᠷᠤᠢ ᠲᠣᠰᠬᠤᠨ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠭᠤᠯᠤᠭᠰᠠᠨ ᠦᠨᠡᠮᠯᠡᠯ ᠢ ᠣᠯᠵᠤ᠂ ᠵᠠᠬ᠎ᠠ ᠳᠡᠯᠭᠡᠭᠦᠷ ᠤᠨ ᠠᠵᠤ | ᠠᠬᠤᠢ ᠶᠢᠨ ᠠᠵᠢᠯᠯᠠᠭ᠎ᠠ ᠳᠤ ᠡᠷᠬᠡ ᠲᠡᠭᠰᠢ ᠪᠠᠷ ᠣᠷᠣᠯᠴᠠᠵᠠᠢ᠃ ᠬᠥᠳᠡᠭᠡ ᠲᠣᠰᠬᠤᠨ ᠤ ᠰᠢᠨ᠎ᠡ ᠮᠠᠶ᠋ᠢᠭ ᠤᠨ | ᠬᠠᠮᠲᠤ ᠶᠢᠨ ᠠᠵᠤ ᠠᠬᠤᠢ ᠲᠠᠰᠤᠷᠠᠯᠲᠠ ᠡᠯ᠎ᠡ ᠭᠠᠵᠠᠷ ᠤᠨ ᠬᠢᠨ ᠡᠬᠢ ᠪᠠᠶᠠᠯᠢᠭ ᠤᠨ ᠲᠥᠷᠥᠯᠬᠢ ᠠᠪᠢᠶᠠᠰ᠂ ᠣᠷᠣᠨ | ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠨ᠂ ᠬᠥᠳᠡᠭᠡ ᠲᠣᠰᠬᠤᠨ ᠤ ᠡᠬᠢ ᠪᠠᠶᠠᠯᠢᠭ ᠡᠳ᠋ ᠬᠥᠷᠥᠩᠭᠡ ᠶᠢ | ᠠᠮᠢᠳᠤᠯᠢᠭ ᠢᠶᠠᠷ ᠠᠰᠢᠭᠯᠠᠵᠤ᠂ ᠥᠪᠡᠷ ᠢᠶᠠᠨ ᠡᠵᠡᠩᠨᠡᠬᠦ᠂ ᠲᠦᠷᠢᠶᠡᠰᠦᠯᠡᠭᠦᠯᠬᠦ᠂ ᠬᠤᠪᠢ ᠣᠷᠣᠭᠤᠯᠤᠨ ᠬᠤᠷᠰᠢᠬᠤ | ᠵᠡᠷᠭᠡ ᠠᠷᠭ᠎ᠠ ᠮᠠᠶ᠋ᠢᠭ ᠢ ᠠᠪᠴᠤ᠂ ᠣᠷᠣᠨ ᠨᠤᠲᠤᠭ ᠤᠨ ᠲᠥᠯᠦᠪᠵᠢᠭᠦᠯᠭᠡ ᠪᠠ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠳᠤ ᠨᠡᠶᠢᠴᠡᠭᠰᠡᠨ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠬᠠᠮᠲᠤ ᠨᠡᠶᠢᠲᠡ ᠪᠠ | ᠪᠦᠷᠢᠯᠳᠦᠭᠦᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠪᠠ᠃ 2019 ᠣᠨ ᠳᠤ᠂ ᠪᠦᠬᠦ ᠤᠯᠤᠰ ᠤᠨ ᠲᠣᠰᠬᠤᠨ ᠤ | ᠬᠠᠮᠲᠤ ᠶᠢᠨ ᠶᠡᠷᠦᠩᠬᠡᠢ ᠠᠰᠢᠭ ᠣᠷᠣᠯᠭ᠎ᠠ 2020.5 ᠳ᠋ᠦᠩᠰᠢᠭᠤᠷ ᠲᠥᠭᠦᠷᠢᠭ ᠲᠤ ᠬᠦᠷᠴᠦ᠂ 42.3% ᠢ | ᠳᠠᠪᠠᠭᠰᠠᠨ ᠲᠣᠰᠬᠤᠨ ᠤ ᠬᠠᠮᠲᠤ ᠶᠢᠨ ᠠᠰᠢᠭ ᠣᠷᠣᠯᠭ᠎ᠠ 5 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠦ᠂ | ᠪᠦᠷᠢᠯᠳᠦᠭᠦᠨ ᠤ ᠬᠥᠮᠥᠨ ᠳᠤᠮᠳᠠᠴᠢ ᠶᠢᠨ ᠠᠰᠢᠭ ᠣᠷᠣᠯᠭ᠎ᠠ 94 ᠲᠥᠭᠦᠷᠢᠭ ᠲᠤ ᠬᠦᠷᠴᠦ᠂ ᠲᠤᠬᠠᠢ ᠶᠢᠨ ᠵᠢᠯ ᠤᠨ | ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢᠨ 24.9% ᠢ | ᠡᠵᠡᠯᠡᠪᠡ᠃ | ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾ ᠶᠢᠨ ᠳᠥᠴᠢᠨ ᠬᠤᠶᠠᠳᠤᠭᠠᠷ | ᠵᠦᠢᠯ᠂ ᠳᠥᠴᠢᠨ ᠵᠢᠷᠭᠤᠳᠤᠭᠠᠷ ᠵᠦᠢᠯ ᠳᠤ ᠲᠣᠳᠣᠷᠬᠠᠢ ᠵᠢᠭᠠᠵᠤ ᠭᠠᠷᠭᠠᠭᠰᠠᠨ ᠨᠢ᠂ 《 ᠬᠥᠳᠡᠭᠡ ᠲᠣᠰᠬᠤᠨ ᠤ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠵᠡᠷᠭᠡ ᠨᠢ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠪᠠ | ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷ᠎ᠠ᠂ ᠭᠠᠴᠠᠭᠠᠨ ᠤ ᠠᠷᠠᠳ ᠤᠨ | ᠥᠪᠡᠷᠲᠡᠭᠡᠨ ᠵᠠᠰᠠᠬᠤ ᠶᠢ ᠬᠡᠷᠡᠭᠵᠢᠭᠦᠯᠦᠨ᠂ ᠬᠠᠮᠲᠤ ᠶᠢᠨ ᠥᠮᠴᠢᠯᠡᠯ ᠤᠨ ᠠᠵᠤ ᠠᠬᠤᠢ ᠶᠢ ᠬᠥᠭᠵᠢᠭᠦᠯᠵᠦ᠂ | ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ》《ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠨᠤᠭᠤᠳ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠬᠠᠮᠲᠤ ᠶᠢᠨ ᠡᠳ᠋ ᠬᠥᠷᠥᠩᠭᠡ ᠶᠢ ᠬᠠᠤᠯᠢ ᠶᠣᠰᠣᠭᠠᠷ ᠬᠠᠮᠢᠶᠠᠷᠬᠤ᠂ ᠬᠠᠮᠲᠤ ᠶᠢᠨ ᠡᠬᠢ ᠪᠠᠶᠠᠯᠢᠭ ᠢ ᠵᠦᠢ ᠵᠣᠬᠢᠰᠲᠠᠢ | ᠨᠡᠭᠡᠭᠡᠨ ᠠᠰᠢᠭᠯᠠᠬᠤ᠂ ᠬᠠᠮᠲᠤ ᠶᠢᠨ ᠪᠦᠷᠢᠯᠳᠦᠭᠦᠨ ᠳᠤ ᠦᠢᠯᠡᠴᠢᠯᠡᠬᠦ ᠵᠡᠷᠭᠡ ᠲᠠᠯ᠎ᠠ ᠶᠢᠨ ᠦᠢᠯᠡᠳᠦᠯ ᠢᠶᠠᠨ | ᠪᠠᠳᠠᠷᠠᠭᠤᠯᠬᠤ ᠶᠢ ᠬᠥᠲᠥᠯᠥᠨ ᠵᠢᠯᠤᠭᠤᠳᠴᠤ ᠳᠡᠮᠵᠢᠬᠦ ᠬᠡᠷᠡᠭᠲᠡᠢ᠂ ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠶᠠᠭ ᠡᠨᠡ ᠬᠦ ᠲᠥᠷᠥ ᠶᠢᠨ ᠪᠣᠳᠣᠯᠭ᠎ᠠ ᠶᠢᠨ ᠡᠭᠦᠳᠦᠯᠲᠡ ᠪᠠᠷ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠪᠠ ᠦᠢᠯᠡᠳᠦᠯ ᠨᠢ ᠭᠦᠢᠴᠡᠳ | ᠢᠯᠡᠷᠡᠭᠰᠡᠨ ᠪᠠᠶᠢᠨ᠎ᠠ᠃ ᠭᠤᠣᠯ ᠢᠯᠡᠷᠡᠯ ᠨᠢ᠄ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠡᠬᠢ | ᠪᠠᠶᠠᠯᠢᠭ ᠤᠨ ᠬᠠᠩᠭᠠᠯᠭ᠎ᠠ ᠬᠠᠩᠭᠠᠨ᠎ᠠ᠃ ᠬᠥᠳᠡᠭᠡ ᠲᠣᠰᠬᠤᠨ ᠤ ᠠᠵᠤ ᠠᠬᠤᠢ ᠶᠢᠨ ᠲᠣᠰᠬᠤᠨ ᠤ ᠬᠠᠮᠲᠤ ᠶᠢᠨ ᠶᠡᠭᠡ | ᠬᠡᠮᠵᠢᠶᠡᠨ ᠤ ᠳᠠᠯᠳᠠ ᠡᠬᠢ ᠪᠠᠶᠠᠯᠢᠭ ᠢ ᠡᠬᠢᠯᠡᠨ ᠠᠮᠢᠳᠤᠯᠢᠭ ᠪᠣᠯᠭᠠᠵᠤ᠂ ᠡᠬᠢ ᠪᠠᠶᠠᠯᠢᠭ ᠤᠨ ᠡᠯᠧᠮᠧᠨ᠋ᠲ ᠢ | ᠰᠢᠯᠢᠳᠡᠭᠵᠢᠭᠦᠯᠦᠨ ᠲᠣᠬᠢᠷᠠᠭᠤᠯᠵᠤ᠂ ᠬᠠᠮᠲᠤ ᠶᠢᠨ ᠡᠵᠡᠩᠨᠡᠯᠲᠡ ᠶᠢᠨ ᠬᠦᠷᠢᠶ᠎ᠡ ᠶᠢ ᠤᠯᠠᠮᠵᠢᠯᠠᠯᠲᠤ ᠭᠠᠵᠠᠷ ᠰᠢᠷᠣᠢ | ᠵᠡᠷᠭᠡ ᠡᠬᠢ ᠪᠠᠶᠠᠯᠢᠭ ᠢ ᠲᠦᠷᠢᠶᠡᠰᠦᠯᠡᠭᠦᠯᠬᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠪᠠ ᠭᠡᠷ | ᠬᠥᠷᠥᠩᠭᠡ ᠶᠢᠨ ᠲᠥᠬᠦᠭᠡᠷᠦᠮᠵᠢ ᠵᠡᠷᠭᠡ ᠠᠳᠠᠯ ᠠᠬᠤᠢ ᠶᠢ ᠲᠦᠷᠢᠶᠡᠰᠦᠯᠡᠭᠦᠯᠬᠦ ᠠᠴᠠ ᠬᠠᠮᠲᠤ ᠶᠢᠨ | ᠬᠤᠷᠠᠮᠳᠤᠭᠤᠯᠤᠭᠰᠠᠨ ᠪᠡᠯᠡ ᠮᠥᠩᠭᠦ᠂ ᠵᠠᠰᠠᠭ ᠤᠨ ᠣᠷᠳᠣᠨ ᠤ ᠬᠠᠪᠰᠤᠷᠤᠨ ᠲᠡᠳᠬᠦᠬᠦ ᠪᠡᠯᠡ ᠮᠥᠩᠭᠦ ᠶᠢ ᠡᠮᠬᠢᠯᠡᠨ | ᠨᠡᠶᠢᠯᠡᠭᠦᠯᠵᠦ ᠠᠰᠢᠭᠯᠠᠨ ᠣᠨᠴᠠᠯᠢᠭᠲᠤ ᠠᠵᠤ ᠦᠢᠯᠡᠰ ᠢ ᠬᠥᠭᠵᠢᠭᠦᠯᠬᠦ᠂ ᠬᠥᠳᠡᠭᠡ ᠲᠣᠰᠬᠤᠨ ᠤ ᠵᠢᠭᠤᠯᠴᠢᠯᠠᠯ᠂ | ᠲᠠᠷᠢᠶᠠᠯᠠᠩ ᠤᠨ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡ ᠵᠡᠷᠭᠡ ᠬᠦᠷᠢᠶ᠎ᠡ ᠲᠡᠶᠢᠰᠢ ᠥᠷᠭᠡᠳᠬᠡᠨ᠎ᠡ᠃ ᠵᠠᠷᠢᠮ | ᠭᠠᠵᠠᠷ ᠣᠷᠣᠨ ᠤ ᠬᠢᠨ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ | ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠬᠤ᠂ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠨ | ᠬᠤᠪᠢᠷᠠᠭᠤᠯᠬᠤ ᠥᠭᠡᠷᠡᠴᠢᠯᠡᠯᠲᠡ ᠶᠢ ᠬᠠᠶᠢᠨ ᠰᠦᠪᠡᠭᠴᠢᠯᠡᠵᠦ᠂ ᠦᠢᠯᠡᠳᠪᠦᠷᠢ ᠬᠤᠳᠠᠯᠳᠤᠭᠠᠨ ᠤ ᠬᠥᠷᠥᠩᠭᠡ ᠶᠢ | ᠬᠥᠳᠡᠭᠡ ᠲᠣᠰᠬᠤᠨ ᠳᠤ ᠲᠠᠰᠤᠷᠠᠯᠲᠠ ᠦᠭᠡᠢ ᠲᠡᠳᠡᠨ ᠣᠷᠣᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ | ᠥᠷᠨᠢᠩᠭᠦᠢ ᠬᠥᠭᠵᠢᠯᠲᠡ ᠶᠢ ᠠᠬᠢᠭᠤᠯᠵᠤ᠂ ᠲᠠᠷᠢᠶᠠᠴᠢᠳ ᠲᠤ ᠨᠡᠩ ᠣᠯᠠᠨ ᠠᠵᠤ ᠦᠢᠯᠡᠰ ᠤᠨ ᠥᠷᠲᠡᠭ | ᠨᠡᠮᠡᠭᠳᠡᠯ ᠤᠨ ᠠᠰᠢᠭ ᠣᠷᠣᠯᠭ᠎ᠠ ᠶᠢ ᠡᠳ᠋ᠯᠡᠭᠦᠯᠦᠭᠰᠡᠨ ᠪᠠᠶᠢᠨ᠎ᠠ᠃ ᠬᠥᠳᠡᠭᠡ ᠲᠣᠰᠬᠤᠨ ᠤ ᠤᠯᠠᠨ ᠨᠡᠶᠢᠲᠡ ᠶᠢᠨ | ᠦᠢᠯᠡᠴᠢᠯᠡᠭᠡ ᠳᠤ ᠠᠵᠤ ᠠᠬᠤᠢ ᠶᠢᠨ ᠲᠦᠰᠢᠭ ᠲᠤᠯᠭᠠᠭᠤᠷᠢ ᠬᠠᠩᠭᠠᠨ᠎ᠠ᠃ ᠬᠠᠮᠲᠤ ᠶᠢᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠶᠢᠨ ᠠᠰᠢᠭ ᠬᠤᠨᠵᠢᠪᠤᠷᠢ ᠣᠯᠬᠤ ᠴᠢᠨᠠᠷ ᠪᠣᠯᠣᠨ ᠨᠡᠶᠢᠲᠡ ᠶᠢᠨ ᠠᠰᠠᠷᠠᠮᠵᠢ ᠶᠢᠨ ᠴᠢᠨᠠᠷ | ᠵᠡᠷᠭᠡᠪᠡᠷ ᠣᠷᠣᠰᠢᠵᠤ ᠪᠠᠶᠢᠳᠠᠭ᠂ ᠨᠢᠭᠡ ᠲᠠᠯ᠎ᠠ ᠪᠠᠷ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ | ᠨᠡᠯᠢᠶᠡᠳ ᠴᠢᠩᠭ᠎ᠠ ᠠᠰᠢᠭ ᠬᠤᠨᠵᠢᠪᠤᠷᠢ ᠣᠯᠬᠤ ᠴᠢᠨᠠᠷ ᠲᠠᠢ ᠪᠠᠶᠢᠵᠤ᠂ ᠬᠠᠮᠲᠤ ᠶᠢᠨ ᠡᠳ᠋ ᠪᠠᠶᠠᠯᠢᠭ ᠢ ᠨᠡᠮᠡᠭᠳᠡᠭᠦᠯᠵᠦ | ᠪᠣᠯᠣᠨ᠎ᠠ; ᠨᠦᠭᠦᠭᠡ ᠲᠠᠯ᠎ᠠ ᠪᠠᠷ ᠪᠠᠰᠠ ᠬᠥᠳᠡᠭᠡ ᠲᠣᠰᠬᠤᠨ ᠤ ᠤᠯᠠᠨ ᠨᠡᠶᠢᠲᠡ ᠶᠢᠨ ᠦᠢᠯᠡᠰ ᠲᠤ ᠪᠠ ᠠᠵᠤ | ᠠᠬᠤᠢ ᠶᠢᠨ ᠲᠦᠰᠢᠭ ᠲᠤᠯᠭᠠᠭᠤᠷᠢ ᠬᠠᠩᠭᠠᠬᠤ ᠬᠦᠨᠳᠦ ᠡᠭᠦᠷᠭᠡ ᠶᠢ ᠡᠭᠦᠷᠭᠡᠯᠡᠵᠦ ᠪᠠᠶᠢᠳᠠᠭ᠃ 2019 ᠣᠨ ᠳᠤ | ᠪᠥᠬᠦ ᠤᠯᠤᠰ ᠤᠨ ᠬᠥᠳᠡᠭᠡ ᠲᠣᠰᠬᠤᠨ ᠤ ᠬᠠᠮᠲᠤ ᠶᠢᠨ ᠠᠰᠢᠭ ᠣᠷᠣᠯᠭ᠎ᠠ ᠶᠢᠨ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠭᠰᠡᠨ ᠣᠷᠣᠭᠤᠯᠤᠯᠲᠠ 1424.4 | ᠳ᠋ᠦᠩᠰᠢᠭᠤᠷ ᠲᠥᠭᠦᠷᠢᠭ ᠲᠤ ᠬᠦᠷᠴᠦ᠂ ᠭᠠᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠠᠷᠤᠴᠠᠭᠤᠯᠤᠭᠰᠠᠨ ᠣᠯᠠᠨ | ᠨᠡᠶᠢᠲᠡ ᠶᠢᠨ ᠦᠢᠯᠡᠴᠢᠯᠡᠭᠡᠨ ᠤ ᠵᠠᠷᠤᠳᠠᠯ 216.8 ᠳ᠋ᠦᠩᠰᠢᠭᠤᠷ ᠲᠥᠭᠦᠷᠢᠭ ᠲᠤ ᠬᠦᠷᠴᠦ᠂ ᠥᠭᠬᠦ ᠶᠣᠰᠣᠲᠠᠢ | ᠠᠰᠠᠷᠠᠮᠵᠢ ᠶᠢᠨ ᠵᠠᠷᠤᠳᠠᠯ 119.7 ᠳ᠋ᠦᠩᠰᠢᠭᠤᠷ ᠲᠥᠭᠦᠷᠢᠭ ᠲᠤ ᠬᠦᠷᠴᠡᠢ᠃ ᠬᠥᠳᠡᠭᠡ ᠲᠣᠰᠬᠤᠨ ᠤ ᠬᠠᠮᠲᠤ ᠶᠢᠨ | ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠳᠡᠭᠡᠨ ᠤᠯᠠᠨ ᠨᠡᠶᠢᠲᠡ ᠶᠢᠨ ᠰᠠᠭᠤᠷᠢ | ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠪᠠ ᠶᠠᠳᠠᠭᠤ ᠶᠢ ᠲᠡᠳᠬᠦᠵᠦ ᠵᠦᠳᠡᠭᠦᠦ ᠶᠢ | ᠲᠤᠰᠠᠯᠠᠬᠤ ᠲᠠᠯ᠎ᠠ ᠪᠠᠷ ᠬᠢ ᠦᠢᠯᠡᠳᠦᠯ ᠨᠢ ᠤᠯᠠᠮ ᠠᠴᠠ ᠤᠯᠠᠮ ᠴᠢᠬᠤᠯᠠ ᠪᠣᠯᠵᠤ ᠪᠠᠶᠢᠨ᠎ᠠ᠃ ᠨᠠᠮ ᠤᠨ | ᠨᠢᠭᠲᠠᠷᠠᠯ ᠤᠨ ᠬᠦᠴᠦᠨ ᠢ ᠳᠡᠭᠡᠭᠰᠢᠯᠡᠭᠦᠯᠬᠦ ᠳᠤ ᠪᠣᠳᠠᠰ ᠤᠨ ᠪᠠᠲᠤᠯᠠᠭ᠎ᠠ ᠬᠠᠩᠭᠠᠨ᠎ᠠ᠃ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠨᠢ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ | ᠬᠥᠲᠥᠯᠥᠨ ᠵᠢᠯᠤᠭᠤᠳᠬᠤ ᠪᠠᠷ ᠴᠢᠬᠤᠯᠠ ᠭᠠᠷᠳᠠᠴᠠ ᠪᠣᠯᠭᠠᠵᠤ᠂ ᠨᠠᠮ ᠪᠠ ᠤᠯᠠᠨ ᠲᠦᠮᠡᠨ ᠢ ᠪᠦᠲᠦᠮᠵᠢᠲᠡᠶ ᠪᠠᠷ | ᠵᠣᠬᠢᠶᠠᠨ ᠪᠠᠶᠢᠭᠤᠯᠵᠤ᠂ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠠᠪᠤᠴᠠ ᠶᠢ ᠲᠣᠰᠬᠤᠨ ᠢ | ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠪᠠ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ | ᠬᠦᠴᠦᠨ ᠢ ᠳᠡᠭᠡᠭᠰᠢᠯᠡᠭᠦᠯᠬᠦ ᠶᠠᠪᠤᠴᠠ ᠪᠣᠯᠭᠠᠪᠠ᠃ ᠡᠯ᠎ᠡ ᠭᠠᠵᠠᠷ ᠤᠨ ᠬᠢᠨ ᠭᠠᠴᠠᠭᠠᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢᠨ ᠬᠠᠤᠯᠢ ᠳᠤ ᠲᠣᠭᠲᠠᠭᠠᠭᠰᠠᠨ ᠵᠢᠷᠤᠮ ᠢᠶᠠᠷ ᠭᠠᠴᠠᠭᠠᠨ ᠤ ᠱᠠᠲᠤᠨ ᠤ ᠬᠠᠮᠲᠤ ᠶᠢᠨ | ᠠᠵᠤ ᠠᠬᠤᠢ ᠶᠢᠨ ᠵᠣᠬᠢᠶᠠᠨ 2020 ᠣᠨ ᠤ ᠰᠡᠭᠦᠯᠴᠢ ᠪᠠᠷ᠂ ᠪᠦᠬᠦ ᠤᠯᠤᠰ ᠤᠨ ᠲᠣᠰᠬᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠬᠠᠷᠢᠭᠤᠴᠠᠯᠭᠠᠲᠠᠨ ᠤ ᠲᠤᠰᠢᠶᠠᠯ ᠢ ᠬᠠᠪᠰᠤᠷᠭᠠᠨ ᠡᠭᠦᠨ ᠤ ᠵᠡᠷᠭᠡᠴᠡᠭᠡᠪᠡᠷ᠂ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠨᠢ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠣᠷᠤᠯᠴᠠᠬᠤ ᠶᠠᠪᠤᠴᠠ ᠳᠠᠭᠠᠨ ᠨᠠᠮ ᠤᠨ ᠬᠥᠳᠡᠭᠡ | ᠲᠣᠰᠬᠤᠨ ᠳᠠᠬᠢ ᠲᠦᠷᠦ ᠪᠠᠷᠢᠬᠤ ᠰᠠᠭᠤᠷᠢ ᠶᠢ ᠪᠠᠬᠢᠵᠢᠭᠦᠯᠬᠦ ᠪᠠᠷ ᠭᠤᠣᠯᠯᠠᠭᠤᠯᠤᠨ ᠬᠠᠮᠲᠤ ᠶᠢᠨ ᠠᠵᠤ ᠠᠬᠤᠢ ᠶᠢ | ᠬᠥᠭᠵᠢᠭᠦᠯᠬᠦ ᠶᠢ ᠰᠦᠪᠡᠭᠴᠢᠯᠡᠵᠦ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ | ᠲᠣᠭᠲᠠᠭᠠᠯ ᠶᠣᠰᠣᠭᠠᠷ ᠠᠵᠢᠯᠯᠠᠬᠤ ᠶᠢ ᠦᠨᠡᠨ ᠬᠦ ᠪᠠᠲᠤᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠲᠠᠷᠢᠶᠠᠴᠢᠨ ᠲᠦᠮᠡᠨ ᠤ ᠰᠡᠳᠬᠢᠯ ᠳᠠᠬᠢ ᠢᠲᠡᠭᠡᠯ ᠬᠦᠨᠳᠦ ᠶᠢ ᠳᠡᠭᠡᠭᠰᠢᠯᠡᠭᠦᠯᠦᠭᠰᠡᠨ ᠪᠠᠶᠢᠨ᠎ᠠ᠃ | ᠬᠥᠳᠡᠭᠡ ᠲᠣᠰᠬᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | ᠥᠭᠡᠷᠡᠴᠢᠯᠡᠯᠲᠡ ᠪᠠᠷ ᠳᠠᠮᠵᠢᠭᠤᠯᠤᠨ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠲᠣᠰᠬᠤᠨ ᠤ ᠠᠷᠠᠳ ᠤᠨ | ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠡᠷᠬᠡ ᠬᠠᠷᠢᠭᠤᠴᠠᠯᠭ᠎ᠠ ᠶᠢᠨ ᠵᠠᠭᠠᠭ ᠢ ᠲᠣᠳᠣᠷᠬᠠᠶᠢᠯᠠᠵᠤ᠂ ᠲᠣᠰᠬᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠳᠠᠭᠠᠭᠤᠯᠭ᠎ᠠ ᠳᠣᠣᠷ᠎ᠠ᠂ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠵᠣᠬᠢᠶᠠᠨ | ᠪᠠᠶᠢᠭᠤᠯᠤᠯᠲᠠ ᠲᠣᠰᠬᠤᠨ ᠤ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠬᠤ᠂ ᠬᠠᠮᠲᠤ ᠶᠢᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠬᠠᠮᠲᠤ ᠶᠢᠨ ᠡᠳ᠋ ᠬᠥᠷᠥᠩᠭᠡ ᠶᠢᠨ ᠡᠵᠡᠩᠨᠡᠯᠲᠡ ᠶᠢ ᠬᠠᠷᠢᠭᠤᠴᠠᠬᠤ ᠬᠥᠳᠡᠭᠡ ᠲᠣᠰᠬᠤᠨ ᠤ | ᠰᠢᠨ᠎ᠡ ᠮᠠᠶ᠋ᠢᠭ ᠤᠨ ᠵᠠᠰᠠᠯᠲᠠ ᠶᠢᠨ ᠵᠠᠭᠪᠤᠷ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠲᠣᠰᠬᠤᠨ ᠤ ᠱᠠᠲᠤᠨ ᠤ | ᠵᠠᠰᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠨᠡᠩ ᠰᠢᠨᠵᠢᠯᠡᠬᠦ ᠤᠬᠠᠭᠠᠨᠴᠢ ᠵᠦᠢ ᠵᠣᠬᠢᠰᠲᠠᠢ | ᠪᠣᠯᠭᠠᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠲᠤᠰ ᠲᠤᠰ ᠤᠨ ᠡᠭᠦᠷᠭᠡ ᠲᠤᠰᠢᠶᠠᠯ ᠢᠶᠠᠨ | ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠡᠶᠡᠯᠡᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠬᠦᠴᠦᠷᠬᠡᠭ ᠶᠡᠭᠡ ᠳᠣᠲᠣᠭᠠᠳᠤ ᠬᠥᠳᠡᠯᠭᠡᠭᠦ | ᠬᠦᠴᠦᠨ ᠢ ᠪᠦᠷᠢᠯᠳᠦᠭᠦᠯᠵᠡᠢ᠃ | ᠠᠩᠬᠠᠷᠤᠭᠤᠰᠢᠲᠠᠢ ᠨᠢ᠂ ᠬᠠᠮᠲᠤ ᠶᠢᠨ ᠠᠵᠤ ᠠᠬᠤᠢ ᠬᠡᠳᠦᠶᠢᠪᠡᠷ ᠲᠦᠷᠭᠡᠨ ᠬᠥᠭᠵᠢᠭᠰᠡᠨ ᠪᠣᠯᠪᠠᠴᠤ | ᠶᠡᠷᠦᠩᠬᠡᠢ ᠳᠡᠭᠡᠨ ᠪᠠᠰᠠ ᠡᠬᠢᠯᠡᠯᠲᠡ ᠶᠢᠨ ᠱᠠᠲᠤᠨ ᠳᠠᠭᠠᠨ ᠪᠠᠶᠢᠭᠰᠠᠭᠠᠷ᠃ ᠪᠥᠬᠦ ᠤᠯᠤᠰ ᠤᠨ ᠪᠠᠶᠢᠳᠠᠯ ᠠᠴᠠ | ᠦᠵᠡᠪᠡᠯ᠂ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠭᠠᠴᠠᠭ᠎ᠠ ᠪᠦᠷᠢ ᠳᠤᠮᠳᠠᠴᠢ ᠪᠠᠷ 816 | ᠲᠦᠮᠡᠨ ᠲᠥᠭᠦᠷᠢᠭ᠂ ᠭᠡᠪᠡᠴᠦ ᠭᠤᠣᠯᠳᠠᠭᠤ ᠡᠵᠡᠩᠨᠡᠯᠲᠡ ᠶᠢᠨ ᠪᠤᠰᠤ ᠴᠢᠨᠠᠷᠲᠠᠢ ᠡᠳ᠋ ᠬᠥᠷᠥᠩᠭᠡ ᠪᠠᠷ ᠭᠤᠣᠯ | ᠪᠣᠯᠭᠠᠭᠰᠠᠨ ᠮᠥᠷᠲᠡᠭᠡᠨ ᠭᠠᠵᠠᠷ ᠣᠷᠣᠨ ᠤ ᠬᠤᠭᠤᠷᠣᠨᠳᠣᠬᠢ᠂ ᠠᠶᠢᠯ ᠲᠣᠰᠬᠤᠨ ᠤ ᠬᠤᠭᠤᠷᠣᠨᠳᠣᠬᠢ ᠵᠥᠷᠢᠶ᠎ᠡ | ᠨᠡᠯᠢᠶᠡᠳ ᠶᠡᠭᠡ ᠪᠠᠶᠢᠵᠤ᠂ ᠵᠡᠭᠦᠨ ᠬᠡᠰᠡᠭ ᠤᠨ ᠭᠠᠵᠠᠷ ᠣᠷᠣᠨ ᠤ ᠬᠠᠮᠲᠤ ᠶᠢᠨ ᠡᠳ᠋ ᠬᠥᠷᠥᠩᠭᠡ ᠨᠢ ᠪᠥᠬᠦ | ᠤᠯᠤᠰ ᠤᠨ ᠬᠠᠮᠲᠤ ᠶᠢᠨ ᠡᠳ᠋ ᠬᠥᠷᠥᠩᠭᠡ ᠶᠢᠨ 65% ᠶᠢ ᠡᠵᠡᠯᠡᠵᠦ᠂ 14% ᠶᠢᠨ ᠭᠠᠴᠠᠭ᠎ᠠ ᠨᠢ ᠪᠥᠬᠦ | ᠤᠯᠤᠰ ᠤᠨ 75% ᠶᠢᠨ ᠬᠠᠮᠲᠤ ᠶᠢᠨ ᠡᠳ᠋ ᠬᠥᠷᠥᠩᠭᠡ ᠶᠢ ᠡᠵᠡᠯᠡᠵᠦ ᠪᠠᠶᠢᠨ᠎ᠠ᠃ ᠡᠯ᠎ᠡ ᠭᠠᠵᠠᠷ ᠤᠨ | ᠦᠢᠯᠡᠳᠦᠯᠭᠡ ᠠᠴᠠ ᠦᠵᠡᠪᠡᠯ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠪᠠᠷ ᠨᠡᠯᠢᠶᠡᠳ ᠰᠠᠶᠢᠨ ᠪᠠᠶᠢᠳᠠᠭ ᠨᠢ | ᠭᠤᠣᠯᠳᠠᠭᠤ ᠡᠬᠢ ᠪᠠᠶᠠᠯᠢᠭ ᠢ ᠲᠦᠷᠢᠶᠡᠰᠦᠯᠡᠭᠦᠯᠬᠦ᠂ ᠠᠳᠠᠯ ᠠᠬᠤᠢ ᠶᠢᠨ ᠠᠵᠤ ᠠᠬᠤᠢ ᠪᠠ ᠡᠳ᠋ ᠬᠥᠷᠥᠩᠭᠡ ᠶᠢ | ᠬᠡᠷᠡᠭᠯᠡᠬᠦ ᠡᠷᠬᠡ ᠪᠠᠷ ᠢᠶᠠᠨ ᠬᠤᠪᠢ ᠣᠷᠣᠭᠤᠯᠬᠤ ᠶᠠᠪᠤᠳᠠᠯ ᠪᠣᠯᠣᠨ᠎ᠠ᠂ ᠭᠡᠲᠡᠯ᠎ᠡ ᠦᠢᠯᠡᠳᠪᠦᠷᠢ ᠬᠤᠳᠠᠯᠳᠤᠭ᠎ᠠ ᠵᠡᠷᠭᠡ | ᠥᠷᠢᠰᠦᠯᠳᠦᠭᠡᠨ ᠤ ᠴᠢᠨᠠᠷᠲᠠᠢ ᠠᠵᠢᠯ ᠲᠦᠷᠦᠯ ᠳᠤ ᠥᠷᠢᠰᠦᠯᠳᠦᠬᠦ ᠬᠦᠴᠦᠨ ᠨᠢ ᠢᠯᠡᠳᠲᠡ ᠬᠦᠷᠦᠯᠴᠡᠬᠦ ᠦᠭᠡᠢ | ᠪᠠᠶᠢᠨ᠎ᠠ᠃ 《ᠢᠷᠭᠡᠨ ᠤ ᠬᠠᠤᠯᠢ ᠶᠢᠨ ᠪᠢᠴᠢᠭ》 ᠲᠤ ᠬᠡᠳᠦᠶᠢᠪᠡᠷ ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠣᠨᠴᠠᠭᠠᠶ ᠬᠠᠤᠯᠢ ᠶᠢᠨ ᠬᠥᠮᠥᠨ ᠤ ᠪᠠᠶᠢᠷᠢ ᠰᠠᠭᠤᠷᠢ ᠶᠢ | ᠲᠣᠳᠣᠷᠬᠠᠶᠢᠯᠠᠭᠰᠠᠨ ᠪᠣᠯᠪᠠᠴᠤ ᠤᠯᠤᠰ ᠤᠨ ᠲᠠᠯ᠎ᠠ ᠠᠴᠠ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢ ᠵᠢᠷᠤᠮᠵᠢᠭᠤᠯᠬᠤ ᠲᠤᠰᠬᠠᠢ ᠬᠠᠤᠯᠢ ᠭᠡᠵᠦ ᠨᠢᠭᠡ ᠴᠦ ᠪᠠᠶᠢᠬᠤ ᠦᠭᠡᠢ ᠶᠤᠮ᠃ ᠬᠠᠮᠲᠤ ᠶᠢᠨ ᠠᠵᠤ | ᠠᠬᠤᠢ ᠶᠢᠨ ᠠᠵᠢᠯᠯᠠᠭᠠᠨ ᠤ ᠶᠠᠪᠤᠴᠠ ᠳᠤ ᠪᠠᠰᠠ ᠮᠠᠰᠢ ᠤᠯᠠᠨ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠵᠤ᠂ | ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ ᠲᠣᠭᠲᠠᠭᠠᠬᠤ | ᠠᠵᠢᠯ ᠢ ᠲᠦᠷᠭᠡᠪᠴᠢᠯᠡᠨ ᠠᠬᠢᠭᠤᠯᠵᠤ᠂ ᠬᠠᠮᠲᠤ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ᠂ ᠬᠠᠮᠲᠤ ᠶᠢᠨ | ᠪᠦᠷᠢᠯᠳᠦᠭᠦᠨ ᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠳᠤ ᠬᠠᠤᠯᠢ ᠪᠠᠷ | ᠵᠠᠰᠠᠬᠤ ᠪᠠᠲᠤᠯᠠᠭ᠎ᠠ ᠬᠠᠩᠭᠠᠬᠤ ᠶᠠᠪᠤᠳᠠᠯ ᠲᠤᠯᠭᠠᠮ ᠱᠠᠭᠠᠷᠳᠠᠭᠳᠠᠵᠤ ᠪᠠᠶᠢᠨ᠎ᠠ᠃ | 2017 ︱ 2019 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠴᠥᠮ ᠬᠥᠳᠡᠭᠡ | ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ ᠲᠣᠭᠲᠠᠭᠠᠬᠤ ᠲᠠᠯ᠎ᠠ ᠪᠠᠷ | ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ 2018 ᠣᠨ ᠤ 9 ᠰᠠᠷ᠎ᠠ ᠳᠤ᠂ ᠠᠷᠪᠠᠨ ᠭᠤᠷᠪᠠᠳᠤᠭᠠᠷ | ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠬᠠᠤᠯᠢ ᠲᠣᠭᠲᠠᠭᠠᠬᠤ ᠲᠥᠯᠦᠪᠵᠢᠭᠦᠯᠭᠡ ᠳᠤ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ | ᠵᠣᠬᠢᠶᠠᠨ ᠣᠶᠢᠷ᠎ᠠ ᠶᠢᠨ ᠬᠡᠳᠦᠨ ᠵᠢᠯ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠬᠠᠤᠯᠢ ᠲᠣᠭᠲᠠᠭᠠᠬᠤ | ᠰᠤᠳᠤᠯᠭᠠᠨ ᠤ ᠠᠵᠢᠯ ᠢ ᠪᠠᠴᠢᠮ ᠶᠠᠭᠠᠷᠠᠯᠲᠠᠢ ᠥᠷᠨᠢᠭᠦᠯᠵᠦ᠂ ︽ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠳᠦᠷᠢᠮ ︵ᠲᠤᠷᠰᠢᠨ ᠬᠡᠷᠡᠭᠵᠢᠭᠦᠯᠬᠦ︶︾ ᠢ | ᠲᠣᠭᠲᠠᠭᠠᠨ ᠨᠡᠶᠢᠲᠡᠯᠡᠵᠦ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ ᠲᠣᠭᠲᠠᠭᠠᠬᠤ | ᠪᠠᠶᠢᠴᠠᠭᠠᠨ ᠰᠤᠳᠤᠯᠤᠯᠲᠠ ᠶᠢ ᠥᠷᠨᠢᠭᠦᠯᠦᠨ᠂ ᠬᠠᠤᠯᠢ ᠲᠣᠭᠲᠠᠭᠠᠬᠤ ᠲᠤᠯᠭᠠᠮ᠎ᠠ ᠴᠢᠨᠠᠷ᠂ ᠬᠠᠤᠯᠢ ᠲᠣᠭᠲᠠᠭᠠᠬᠤ | ᠲᠣᠬᠢᠷᠠᠭᠤᠯᠤᠯᠲᠠ ᠶᠢᠨ ᠬᠡᠪᠴᠢᠶ᠎ᠡ ᠵᠢᠴᠢ ᠪᠣᠷᠣ ᠲᠥᠯᠥᠪ ᠵᠡᠷᠭᠡ ᠠᠰᠠᠭᠤᠳᠠᠯ ᠤᠳ ᠤᠨ ᠮᠡᠳᠡᠭᠦᠯᠦᠯᠲᠡ ᠶᠢ | ᠲᠤᠭᠤᠷᠪᠢᠵᠤ ᠪᠣᠶ ᠪᠣᠯᠭᠠᠪᠠ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ | ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠠ ᠠᠰᠢᠭ ᠬᠤᠨᠵᠢᠪᠤᠷᠢ ᠶᠢᠨ ᠴᠢᠨᠠᠷᠲᠠᠢ ᠪᠠᠶᠢᠬᠤ ᠶᠢ ᠪᠣᠳᠣᠯᠬᠢᠯᠠᠵᠤ᠂ | ᠳᠠᠮᠫᠤᠷᠠᠯ ᠢ ᠳᠠᠭᠤᠰᠬᠠᠬᠤ ᠳᠤ ᠲᠣᠬᠢᠷᠠᠬᠤ ᠦᠭᠡᠢ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠪᠦᠷᠢᠯᠳᠦᠭᠦᠨ ᠨᠢ ᠨᠡᠶᠢᠭᠡᠮ ᠲᠣᠭᠤᠷᠢᠭ ᠤᠨ ᠪᠢᠲᠡᠭᠦᠮᠵᠢᠯᠡᠯ ᠤᠨ ᠴᠢᠨᠠᠷᠲᠠᠢ ᠪᠠᠶᠢᠵᠤ᠂ ᠳᠤᠷ᠎ᠠ | ᠪᠠᠷ ᠢᠶᠠᠨ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠨᠢ ᠬᠡᠳᠦᠶᠢᠪᠡᠷ ᠵᠠᠬ᠎ᠠ ᠳᠡᠯᠭᠡᠭᠦᠷ ᠤᠨ | ᠡᠵᠡᠩᠨᠡᠯᠲᠡ ᠶᠢᠨ ᠠᠵᠢᠯᠯᠠᠭ᠎ᠠ ᠳᠤ ᠣᠷᠣᠯᠴᠠᠵᠤ ᠪᠣᠯᠬᠤ ᠪᠣᠯᠪᠠᠴᠤ ᠭᠠᠵᠠᠷ ᠰᠢᠷᠣᠢ ᠵᠡᠷᠭᠡ ᠡᠬᠢ ᠪᠠᠶᠠᠯᠢᠭ ᠤᠨ | ᠴᠢᠨᠠᠷᠲᠠᠢ ᠡᠳ᠋ ᠬᠥᠷᠥᠩᠭᠡ ᠨᠢ ᠭᠠᠳᠠᠭᠰᠢ ᠪᠠᠨ ᠬᠠᠷᠢᠭᠤᠴᠠᠯᠭ᠎ᠠ ᠡᠭᠦᠷᠭᠡᠯᠡᠵᠦ ᠪᠣᠯᠬᠤ ᠦᠭᠡᠢ ᠭᠡᠬᠦ ᠮᠡᠲᠦ᠃ ᠣᠳᠣᠬᠢ | ᠱᠠᠲᠤᠨ ᠳᠤ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ | ᠲᠣᠭᠲᠠᠭᠠᠯᠲᠠ ᠶᠢ ᠥᠷᠨᠢᠭᠦᠯᠬᠦ ᠳᠤ ᠪᠠᠰᠠ ᠦᠢᠯᠡᠳᠦᠯᠭᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠢᠨ ᠬᠥᠮᠥᠨ ᠤ ᠰᠢᠨᠵᠢ ᠴᠢᠨᠠᠷ᠂ ᠴᠢᠳᠠᠮᠵᠢ | ᠦᠢᠯᠡᠳᠦᠯ᠂ ᠳᠣᠲᠣᠭᠠᠳᠤ ᠲᠣᠭᠲᠠᠴᠠ᠂ ᠪᠦᠷᠢᠯᠳᠦᠭᠦᠨ ᠤ ᠡᠷᠬᠡ ᠪᠠ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ | ᠵᠡᠷᠭᠡ ᠲᠠᠯ᠎ᠠ ᠶᠢ ᠬᠠᠨᠳᠤᠯᠭᠠᠲᠤ ᠴᠢᠨᠠᠷᠲᠠᠢ ᠪᠠᠷ ᠵᠢᠷᠤᠮᠵᠢᠭᠤᠯᠵᠤ᠂ ᠲᠡᠭᠦᠨ ᠤ ᠬᠥᠳᠡᠭᠡ ᠲᠣᠰᠬᠤᠨ ᠤ ᠰᠢᠨ᠎ᠡ | ᠮᠠᠶ᠋ᠢᠭ ᠤᠨ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠡᠭᠦᠷᠭᠡ ᠴᠢᠳᠠᠪᠤᠷᠢ ᠪᠠᠨ | ᠭᠦᠢᠴᠡᠳᠬᠡᠬᠦ ᠶᠢ ᠪᠠᠲᠤᠯᠠᠬᠤ ᠬᠡᠷᠡᠭᠲᠡᠢ᠃ | ᠶᠡᠷᠦᠩᠬᠡᠶᠢᠯᠡᠪᠡᠯ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ | ᠪᠤᠵᠠᠭᠠᠶᠢᠷᠠᠭᠤᠯᠬᠤ ᠨᠢ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠲᠤᠰ ᠬᠠᠮᠲᠤ ᠨᠡᠶᠢᠳᠡ ᠵᠢᠴᠢ | ᠲᠡᠭᠦᠨ ᠤ ᠪᠦᠷᠢᠯᠳᠦᠭᠦᠨ ᠳᠤ ᠨᠡᠩ ᠰᠠᠶᠢᠲᠤᠷ ᠦᠢᠯᠡᠴᠢᠯᠡᠬᠦ᠂ ᠲᠠᠷᠢᠶᠠᠴᠢᠳ ᠢ ᠳᠠᠭᠠᠭᠤᠯᠤᠨ ᠬᠠᠮᠲᠤ ᠪᠠᠷ | ᠴᠢᠨᠡᠭᠡᠯᠢᠭᠵᠢᠬᠦ ᠵᠠᠮ ᠢᠶᠠᠷ ᠵᠠᠮᠨᠠᠬᠤ ᠶᠢ ᠠᠬᠢᠭᠤᠯᠬᠤ ᠳᠤ ᠠᠰᠢᠭᠲᠠᠢ ᠶᠤᠮ᠃ ︽ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠬᠠᠤᠯᠢ︾ ᠶᠢ ᠨᠡᠶᠢᠲᠡᠯᠡᠭᠰᠡᠨ ᠨᠢ ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ ᠲᠣᠭᠲᠠᠭᠠᠬᠤ ᠳᠤ ᠵᠢᠯᠣᠭᠤᠳᠤᠯᠭ᠎ᠠ ᠪᠠ ᠪᠠᠲᠤᠯᠠᠭ᠎ᠠ ᠬᠠᠩᠭᠠᠭᠰᠠᠨ | ᠪᠠᠶᠢᠨ᠎ᠠ᠃ | |