︽ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠰᠢᠯᠵᠢᠯᠲᠡ ᠶᠢᠨ ᠬᠤᠭᠤᠴᠠᠭᠠᠨ ᠳᠠᠬᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠦᠯᠡᠳᠡᠪᠦᠷᠢ ᠭᠦᠢᠴᠡᠳᠬᠡᠯ ᠲᠤᠭ᠎ᠠ ᠶᠢ ᠮᠤᠵᠢ ᠣᠷᠣᠨ ᠠᠯᠤᠰᠯᠠᠨ ᠲᠣᠬᠢᠷᠠᠭᠤᠯᠬᠤ ᠬᠠᠮᠢᠶᠠᠷᠤᠯᠲᠠ ᠶᠢᠨ ᠠᠷᠭ᠎ᠠ ︾ ᠶᠢ ᠳᠠᠷᠤᠮᠠᠯᠯᠠᠨ ᠲᠠᠷᠬᠠᠭᠠᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠡᠳ᠋ ᠤᠨ ᠵᠠᠰᠠᠭ ᠤᠨ ᠶᠠᠮᠤᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2022/11/22
ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠶᠠᠮᠤᠨ ᠬᠤᠷᠢᠶ᠎ᠠ᠂ ᠰᠢᠭᠤᠳ ᠬᠠᠷᠢᠶ᠎ᠠ ᠪᠠᠶᠢᠭᠤᠯᠤᠮᠵᠢ ᠳᠤ᠄      ︽ ᠶᠠᠳᠠᠭᠤ  ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠰᠢᠯᠵᠢᠯᠲᠡ ᠶᠢᠨ ᠬᠤᠭᠤᠴᠠᠭᠠᠨ ᠳᠠᠬᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠷᠪᠢᠯᠠᠨ ᠭᠠᠷᠭᠠᠬᠤ ᠭᠦᠢᠴᠡᠳᠬᠡᠯ ᠲᠤᠭ᠎ᠠ ᠶᠢ ᠮᠤᠵᠢ ᠣᠷᠣᠨ ᠠᠯᠤᠰᠯᠠᠨ ᠲᠣᠬᠢᠷᠠᠭᠤᠯᠬᠤ ᠬᠠᠮᠢᠶᠠᠷᠤᠯᠲᠠ ᠶᠢᠨ ᠠᠷᠭ᠎ᠠ ︾ ᠶᠢ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ  ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ  ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ  ᠃      ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ      ᠡᠳ᠋ ᠤᠨ ᠵᠠᠰᠠᠭ ᠤᠨ ᠶᠠᠮᠤᠨ      ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ      2021 ᠣᠨ ᠤ 12 ᠰᠠᠷ᠎ᠠ ᠶᠢᠨ 21            ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠰᠢᠯᠵᠢᠯᠲᠡ ᠶᠢᠨ ᠬᠤᠭᠤᠴᠠᠭᠠᠨ ᠳᠠᠬᠢ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢ ᠮᠤᠵᠢ ᠣᠷᠣᠨ ᠠᠯᠤᠰᠯᠠᠨ ᠲᠣᠬᠢᠷᠠᠭᠤᠯᠬᠤ ᠬᠠᠮᠢᠶᠠᠷᠤᠯᠲᠠ ᠶᠢᠨ ᠠᠷᠭ᠎ᠠ            ᠨᠢᠭᠡᠳᠦᠭᠡᠷ ᠵᠦᠢᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ  ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ ᠶᠠᠳᠠᠭᠤ  ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠲᠤᠬᠠᠢ ᠰᠠᠨᠠᠯ  ︾ ᠢ ᠦᠨᠳᠦᠰᠦᠯᠡᠨ  ᠂ ᠶᠠᠳᠠᠭᠤ  ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠭᠰᠡᠨ ᠤ ᠳᠠᠷᠠᠭ᠎ᠠ  ᠂ 5 ᠵᠢᠯ ᠤᠨ ᠰᠢᠯᠵᠢᠯᠲᠡ ᠶᠢᠨ ᠬᠤᠭᠤᠴᠠᠭ᠎ᠠ ᠲᠣᠭᠲᠠᠭᠠᠵᠤ  ᠂ ᠰᠢᠯᠵᠢᠯᠲᠡ ᠶᠢᠨ ᠬᠤᠭᠤᠴᠠᠭᠠᠨ ᠳᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢ ᠮᠤᠵᠢ ᠣᠷᠣᠨ ᠠᠯᠤᠰᠯᠠᠨ ᠲᠣᠬᠢᠷᠠᠭᠤᠯᠬᠤ ᠶᠢ ᠦᠷᠭᠦᠯᠵᠢᠯᠡᠨ ᠥᠷᠨᠢᠭᠦᠯᠦᠨ᠎ᠡ  ᠃ ᠡᠨᠡᠬᠦ ᠠᠵᠢᠯ ᠢ ᠵᠢᠷᠤᠮᠵᠢᠭᠤᠯᠤᠨ ᠥᠷᠨᠢᠭᠦᠯᠬᠦ ᠶᠢᠨ ᠲᠤᠰᠠᠳᠠ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠨ ᠠᠷᠪᠢᠯᠠᠭᠰᠠᠨ ᠭᠦᠢᠴᠡᠳᠬᠡᠬᠦ ᠲᠤᠭ᠎ᠠ  ᠶᠢ ᠮᠤᠵᠢ ᠣᠷᠣᠨ ᠠᠯᠤᠰᠯᠠᠨ ᠲᠣᠬᠢᠷᠠᠭᠤᠯᠵᠤ  ᠂ ᠤᠤᠯ ᠤᠨ ︽ᠭᠤᠷᠪᠠᠨ ᠣᠷᠣᠨ ᠭᠤᠷᠪᠠᠨ ᠵᠧᠦ︾ ᠵᠢᠴᠢ ᠪᠤᠰᠤᠳ ᠣᠨᠴᠠ ᠶᠠᠳᠠᠭᠤ ᠬᠦᠴᠢᠷᠳᠡᠯᠲᠡᠢ ᠰᠢᠶᠠᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ᠂ ᠬᠠᠭᠤᠴᠢᠨ ᠢ ᠨᠤᠷᠠᠭᠠᠵᠤ ᠲᠠᠬᠢᠨ ᠬᠠᠭᠠᠯᠪᠤᠷᠢᠯᠠᠵᠤ ᠲᠥᠪᠬᠢᠨᠡᠭᠦᠯᠬᠦ ᠳᠤ ᠠᠷᠪᠢᠯᠠᠭᠰᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠬᠡᠯ ᠲᠤᠭ᠎ᠠ ︵ᠳᠣᠷᠣᠭᠰᠢ ᠠᠷᠪᠢᠯᠠᠭᠰᠠᠨ ᠭᠦᠢᠴᠡᠳᠬᠡᠯ ᠲᠤᠭ᠎ᠠ ᠭᠡᠵᠦ ᠳᠥᠭᠦᠮᠴᠢᠯᠡᠨ᠎ᠡ︶  ᠶᠢ ᠮᠤᠵᠢ ᠶᠢᠨ ᠬᠤᠭᠤᠷᠣᠨᠳᠤ ᠵᠥᠪᠳᠡᠯᠴᠡᠭᠰᠡᠨ ᠰᠠᠭᠤᠷᠢᠨ ᠳᠡᠭᠡᠷ᠎ᠡ ᠤᠯᠤᠰ ᠠᠴᠠ ᠨᠢᠭᠡᠳᠦᠯᠲᠡᠢ ᠲᠥᠯᠥᠪᠵᠢᠭᠦᠯᠵᠦ ᠮᠤᠵᠢ ᠣᠷᠣᠨ ᠠᠯᠤᠰᠯᠠᠨ ᠲᠣᠬᠢᠷᠠᠭᠤᠯᠤᠨ ᠬᠡᠷᠡᠭᠯᠡᠬᠦ ᠶᠢ ᠵᠢᠭᠠᠵᠤ ᠪᠠᠶᠢᠨ᠎ᠠ᠃      ᠭᠤᠷᠪᠠᠳᠤᠭᠠᠷ ᠵᠦᠢᠯ ᠦᠯᠡᠳᠡᠪᠦᠷᠢ ᠶᠢᠨ ᠭᠦᠢᠴᠡᠳᠬᠡᠬᠦ ᠲᠤᠭ᠎ᠠ ᠶᠢ ᠮᠤᠵᠢ ᠣᠷᠣᠨ ᠠᠯᠤᠰᠯᠠᠨ ᠲᠣᠬᠢᠷᠠᠭᠤᠯᠬᠤ ᠳᠤ ᠳᠣᠣᠷᠠᠬᠢ ᠵᠠᠷᠴᠢᠮ ᠤᠳ ᠢ ᠵᠢᠷᠤᠮᠯᠠᠬᠤ ᠬᠡᠷᠡᠭᠲᠡᠢ᠄      ︵ ᠨᠢᠭᠡ  ︶ ᠬᠤᠷᠢᠭ᠎ᠠ ᠱᠤᠭᠤᠮ ᠢ ᠴᠢᠩᠭ᠎ᠠ ᠰᠠᠬᠢᠵᠤ ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠬᠡᠷᠡᠭᠲᠡᠢ  ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ  ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠳᠦᠷᠢᠮ ᠪᠠ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠳᠦᠷᠢᠮ ᠢ ᠨᠠᠶᠢᠳᠠᠪᠤᠷᠢᠵᠢᠭᠤᠯᠵᠤ  ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠵᠦ ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠪᠠ ᠭᠠᠵᠠᠷ ᠰᠢᠷᠣᠢ ᠶᠢᠨ ᠠᠰᠢᠭᠯᠠᠯᠲᠠ ᠶᠢᠨ ᠣᠨ ᠤ ᠲᠥᠯᠥᠪᠯᠡᠭᠡ ᠶᠢ ᠨᠢᠭᠡᠳᠦᠯᠲᠡᠢ ᠲᠥᠯᠥᠪᠯᠡᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠢ ᠬᠡᠮᠵᠢᠶ᠎ᠡ᠂ ᠬᠦᠴᠦᠯᠡᠴᠡ ᠶᠢᠨ ᠬᠤᠣᠰ ᠡᠵᠡᠮᠳᠡᠯ ᠢ ᠬᠡᠷᠡᠭᠵᠢᠭᠦᠯᠵᠦ᠂ ᠣᠷᠣᠨ ᠪᠦᠰᠡ ᠶᠢᠨ ᠬᠤᠳᠠ ᠬᠥᠳᠡᠭᠡ ᠶᠢᠨ ᠭᠠᠵᠠᠷ ᠰᠢᠷᠣᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠵᠤ᠂ ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠨ᠂ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢᠨ ᠬᠠᠷᠢᠴᠠᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠨ᠎ᠠ᠃      (ᠬᠤᠶᠠᠷ) ᠬᠦᠰᠡᠯ ᠰᠠᠨᠠᠭ᠎ᠠ ᠶᠢ ᠨᠢ ᠬᠦᠨᠳᠦᠳᠬᠡᠵᠦ᠂ ᠡᠷᠬᠡ ᠠᠰᠢᠭ ᠢ ᠨᠢ ᠪᠠᠲᠤᠯᠠᠨ᠎ᠠ᠃ ᠬᠠᠭᠤᠴᠢᠨ ᠢ ᠨᠤᠷᠠᠭᠠᠵᠤ ᠰᠡᠷᠭᠦᠭᠡᠨ ᠬᠠᠭᠠᠯᠪᠤᠷᠢᠯᠠᠵᠤ ᠲᠥᠪᠬᠢᠨᠡᠭᠦᠯᠬᠦ ᠠᠵᠢᠯ ᠢ ᠥᠷᠨᠢᠭᠦᠯᠬᠦ ᠳᠤ ᠡᠷᠬᠡᠪᠰᠢ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠲᠠᠷᠢᠶᠠᠴᠢᠳ ᠤᠨ ᠰᠠᠨᠠᠯ ᠢ ᠭᠦᠢᠴᠡᠳ ᠬᠤᠷᠢᠶᠠᠵᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠦᠨᠡᠨ ᠬᠦ ᠭᠦᠢᠴᠡᠳᠬᠡᠵᠦ᠂ ᠲᠠᠷᠢᠶᠠᠴᠢᠳ ᠤᠨ ᠭᠠᠵᠠᠷ ᠰᠢᠷᠣᠢ ᠶᠢᠨ ᠬᠠᠤᠯᠢ ᠶᠣᠰᠣᠨ ᠤ ᠡᠷᠬᠡ ᠠᠰᠢᠭ ᠪᠠ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠶᠢ ᠬᠠᠤᠯᠢ ᠶᠣᠰᠣᠭᠠᠷ ᠪᠠᠲᠤᠯᠠᠬᠤ ᠬᠡᠷᠡᠭᠲᠡᠢ᠃ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ  ᠂ ᠤᠷᠢᠳᠠᠪᠠᠷ ᠵᠥᠪᠰᠢᠶᠡᠷᠡᠵᠦ ᠳᠠᠷᠠᠭ᠎ᠠ ᠨᠢ ᠬᠡᠷᠡᠭᠵᠢᠭᠦᠯᠬᠦ ᠬᠡᠷᠡᠭᠲᠡᠢ  ᠂ ᠤᠷᠢᠳᠠᠪᠠᠷ ᠬᠠᠭᠤᠴᠢᠨ ᠢ ᠨᠤᠷᠠᠭᠠᠵᠤ ᠳᠠᠬᠢᠨ ᠬᠠᠭᠠᠯᠪᠤᠷᠢᠯᠠᠭᠰᠠᠨ ᠤ ᠳᠠᠷᠠᠭ᠎ᠠ ᠳᠠᠬᠢᠨ ᠨᠡᠬᠡᠮᠵᠢᠯᠡᠨ ᠵᠥᠪᠰᠢᠶᠡᠷᠡᠵᠦ ᠪᠣᠯᠬᠤ ᠦᠭᠡᠢ  ᠂ ᠳᠤᠷ᠎ᠠ ᠪᠠᠷ ᠢᠶᠠᠨ ᠬᠡᠪᠴᠢᠶ᠎ᠡ ᠶᠢ ᠥᠷᠭᠡᠳᠬᠡᠵᠦ ᠪᠣᠯᠬᠤ ᠦᠭᠡᠢ  ᠃      ︵ ᠭᠤᠷᠪᠠ  ︶ ᠵᠥᠪᠳᠡᠯᠴᠡᠵᠦ ᠪᠠᠶᠢᠭᠠᠳ ᠨᠢᠭᠡᠳᠦᠯᠲᠡᠢ ᠲᠥᠯᠥᠪᠯᠡᠵᠦ  ᠂ ᠬᠠᠩᠭᠠᠯᠭ᠎ᠠ ᠬᠡᠷᠡᠭᠴᠡᠭᠡ ᠶᠢ ᠲᠡᠩᠴᠡᠭᠦᠷᠢᠲᠡᠢ ᠪᠠᠶᠢᠯᠭᠠᠨ᠎ᠠ ᠃ ᠮᠤᠵᠢ ᠶᠢᠨ ᠬᠤᠭᠤᠷᠣᠨᠳᠤ ᠪᠠᠨ ᠭᠦᠢᠴᠡᠳ ᠵᠥᠪᠳᠡᠯᠴᠡᠨ ᠵᠣᠯᠭᠠᠯᠳᠤᠭᠤᠯᠵᠤ᠂ ᠡᠬᠢ ᠪᠠᠶᠠᠯᠢᠭ ᠤᠨ ᠪᠡᠯᠡ ᠮᠥᠩᠭᠦ ᠶᠢᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠨ᠂ ᠲᠣᠬᠢᠷᠠᠭᠤᠯᠤᠯᠲᠠ ᠶᠢᠨ ᠭᠦᠢᠴᠡᠳᠬᠡᠬᠦ ᠲᠤᠭ᠎ᠠ ᠪᠠ ᠲᠣᠬᠢᠷᠠᠭᠤᠯᠤᠯᠲᠠ ᠶᠢᠨ ᠪᠡᠯᠡ ᠮᠥᠩᠭᠦ ᠶᠢᠨ ᠬᠠᠩᠭᠠᠯᠭ᠎ᠠ ᠬᠡᠷᠡᠭᠴᠡᠭᠡ ᠶᠢ ᠲᠡᠩᠴᠡᠭᠦᠷᠢᠲᠡᠢ ᠪᠠᠶᠢᠯᠭᠠᠬᠤ ᠶᠢ ᠪᠡᠶᠡᠯᠡᠭᠦᠯᠦᠨ᠎ᠡ᠃ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢ ᠰᠢᠯᠵᠢᠭᠦᠯᠦᠨ ᠣᠷᠣᠭᠤᠯᠤᠭᠰᠠᠨ ᠭᠠᠵᠠᠷ ᠣᠷᠣᠨ ᠨᠢ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢ ᠰᠢᠯᠵᠢᠭᠦᠯᠦᠨ ᠭᠠᠷᠭᠠᠭᠰᠠᠨ ᠭᠠᠵᠠᠷ ᠣᠷᠣᠨ ᠨᠢ ᠡᠬᠢ ᠪᠠᠶᠠᠯᠢᠭ ᠣᠷᠴᠢᠨ ᠲᠣᠭᠤᠷᠢᠨ ᠤ ᠨᠥᠬᠦᠴᠡᠯ ᠳᠤ ᠰᠠᠭᠤᠷᠢᠯᠠᠨ ᠬᠠᠭᠤᠴᠢᠨ ᠢ ᠨᠤᠷᠠᠭᠠᠵᠤ ᠳᠠᠬᠢᠨ ᠬᠠᠭᠠᠯᠪᠤᠷᠢᠯᠠᠬᠤ ᠶᠢ ᠬᠡᠷᠡᠭᠵᠢᠭᠦᠯᠬᠦ ᠬᠡᠷᠡᠭᠲᠡᠢ  ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠵᠡᠷᠭᠡ ᠰᠠᠯᠠᠭ᠎ᠠ ᠮᠥᠴᠢᠷ ᠨᠢᠭᠡᠳᠦᠯᠲᠡᠢ ᠲᠥᠯᠥᠪᠯᠡᠨ ᠵᠢᠯᠤᠭᠤᠳᠬᠤ ᠪᠠᠨ ᠴᠢᠩᠭᠠᠳᠬᠠᠨ᠎ᠠ᠃      ᠳᠥᠷᠪᠡᠳᠦᠭᠡᠷ ᠵᠦᠢᠯ ᠬᠤᠯᠪᠣᠭᠳᠠᠯ ᠪᠦᠬᠦᠢ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠦᠯᠡᠳᠡᠪᠦᠷᠢ ᠶᠢᠨ ᠭᠦᠢᠴᠡᠳᠬᠡᠬᠦ ᠲᠤᠭ᠎ᠠ ᠶᠢ ᠮᠤᠵᠢ ᠣᠷᠣᠨ ᠠᠯᠤᠰᠯᠠᠨ ᠲᠣᠬᠢᠷᠠᠭᠤᠯᠬᠤ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠲᠣᠬᠢᠷᠠᠭᠤᠯᠬᠤ ᠪᠡᠯᠡ ᠮᠥᠩᠭᠦ ᠶᠢᠨ ᠮᠤᠵᠢ ᠣᠷᠣᠨ ᠠᠯᠤᠰᠯᠠᠭᠰᠠᠨ ᠣᠷᠣᠯᠭ᠎ᠠ ᠵᠠᠷᠤᠯᠭ᠎ᠠ ᠶᠢ ᠬᠠᠷᠢᠭᠤᠴᠠᠵᠤ᠂ ᠬᠤᠲᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠳᠠᠲᠠᠢ ᠬᠡᠷᠡᠭᠵᠢᠭᠦᠯᠬᠦ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠷᠪᠢᠯᠠᠭᠰᠠᠨ ᠭᠦᠢᠴᠡᠳᠬᠡᠬᠦ ᠲᠤᠭ᠎ᠠ ᠶᠢ ᠮᠤᠵᠢ ᠣᠷᠣᠨ ᠠᠯᠤᠰᠯᠠᠨ ᠲᠣᠬᠢᠷᠠᠭᠤᠯᠬᠤ ᠶᠢ ᠬᠢᠨᠠᠨ ᠬᠠᠮᠢᠶᠠᠷᠴᠤ᠂ ᠡᠳ᠋ ᠤᠨ ᠵᠠᠰᠠᠭ ᠤᠨ ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠬᠢᠷᠠᠭᠤᠯᠤᠯᠲᠠ ᠶᠢᠨ ᠪᠡᠯᠡ ᠮᠥᠩᠭᠦ ᠶᠢᠨ ᠮᠤᠵᠢ ᠣᠷᠣᠨ ᠠᠯᠤᠰᠯᠠᠭᠰᠠᠨ ᠣᠷᠣᠯᠭ᠎ᠠ ᠵᠠᠷᠤᠯᠭ᠎ᠠ ᠶᠢ ᠬᠢᠨᠠᠨ ᠬᠠᠮᠢᠶᠠᠷᠤᠨ᠎ᠠ᠃      ᠲᠠᠪᠤᠳᠤᠭᠠᠷ ᠵᠦᠢᠯ ᠰᠢᠯᠵᠢᠭᠦᠯᠦᠨ ᠣᠷᠣᠭᠤᠯᠬᠤ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢ ᠮᠤᠵᠢ ᠣᠷᠣᠨ ᠲᠣᠰ ᠭᠠᠵᠠᠷ ᠣᠷᠣᠨ ᠤ ᠪᠠᠨ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠂ ᠡᠳ᠋ ᠤᠨ ᠵᠠᠰᠠᠭ ᠤᠨ ᠣᠷᠣᠯᠭ᠎ᠠ ᠪᠠ ᠭᠠᠵᠠᠷ ᠰᠢᠷᠣᠢ ᠶᠢ ᠰᠢᠯᠵᠢᠭᠦᠯᠦᠨ ᠥᠭᠭᠦᠭᠰᠡᠨ ᠠᠰᠢᠭ ᠣᠷᠣᠯᠭ᠎ᠠ ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠵᠡᠷᠭᠡ ᠶᠢ ᠦᠨᠳᠦᠰᠦᠯᠡᠨ  ᠂ ᠰᠢᠯᠵᠢᠭᠦᠯᠦᠨ ᠣᠷᠣᠭᠤᠯᠬᠤ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢᠨ ᠬᠡᠷᠡᠭᠴᠡᠭᠡ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ︔ ᠠᠷᠪᠢᠯᠠᠨ ᠭᠠᠮᠨᠠᠬᠤ ᠭᠦᠢᠴᠡᠳᠬᠡᠯ ᠲᠤᠭ᠎ᠠ ᠶᠢ ᠰᠢᠯᠵᠢᠭᠦᠯᠦᠨ ᠭᠠᠷᠭᠠᠬᠤ ᠮᠤᠵᠢ ᠣᠷᠣᠨ ᠲᠣᠰ ᠭᠠᠵᠠᠷ ᠣᠷᠣᠨ ᠤ ᠪᠠᠨ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠶᠢᠨ ᠦᠷ᠎ᠡ ᠪᠦᠲᠦᠭᠡᠯ  ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ  ᠂ ᠬᠠᠭᠤᠴᠢᠨ ᠢ ᠨᠤᠷᠠᠭᠠᠵᠤ ᠳᠠᠬᠢᠨ ᠬᠠᠭᠠᠯᠪᠤᠷᠢᠯᠠᠬᠤ ᠳᠠᠯᠳᠠ ᠬᠦᠴᠦᠨ ᠂ ᠪᠡᠯᠡ ᠮᠥᠩᠭᠦ ᠶᠢᠨ ᠬᠡᠷᠡᠭᠴᠡᠭᠡ ᠵᠡᠷᠭᠡ ᠶᠢ ᠦᠨᠳᠦᠰᠦᠯᠡᠨ᠂ ᠰᠢᠯᠵᠢᠭᠦᠯᠦᠨ ᠭᠠᠷᠭᠠᠬᠤ ᠠᠷᠪᠢᠯᠠᠨ ᠭᠠᠮᠨᠠᠬᠤ ᠭᠦᠢᠴᠡᠳᠬᠡᠯ ᠲᠤᠭ᠎ᠠ ᠶᠢᠨ ᠬᠡᠷᠡᠭᠴᠡᠭᠡ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ  ᠃      ᠰᠢᠯᠵᠢᠭᠦᠯᠦᠨ ᠭᠠᠷᠭᠠᠬᠤ ᠦᠯᠡᠳᠡᠪᠦᠷᠢ ᠶᠢᠨ ᠭᠦᠢᠴᠡᠳᠬᠡᠬᠦ ᠲᠤᠭ᠎ᠠ ᠨᠢ ᠡᠷᠬᠡᠪᠰᠢ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠨ ᠬᠠᠭᠤᠴᠢᠨ ᠢ ᠨᠤᠷᠠᠭᠠᠵᠤ ᠰᠡᠷᠭᠦᠭᠡᠨ ᠬᠠᠭᠠᠯᠪᠤᠷᠢᠯᠠᠭᠰᠠᠨ ᠠᠴᠠ ᠪᠤᠢ ᠪᠣᠯᠤᠭᠰᠠᠨ᠂ ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠠᠰᠢᠭᠯᠠᠵᠤ ᠪᠣᠯᠬᠤ ᠲᠠᠷᠢᠶᠠᠨ ᠭᠠᠵᠠᠷ ᠠᠴᠠ ᠢᠷᠡᠯᠲᠡ ᠲᠠᠢ ᠪᠠᠶᠢᠬᠤ ᠬᠡᠷᠡᠭᠲᠡᠢ᠃ ᠬᠠᠭᠤᠴᠢᠨ ᠢ ᠨᠤᠷᠠᠭᠠᠵᠤ ᠰᠡᠷᠭᠦᠭᠡᠨ ᠬᠠᠭᠠᠯᠪᠤᠷᠢᠯᠠᠬᠤ ᠳᠤ ᠠᠮᠢ ᠠᠬᠤᠢ ᠶᠢᠨ ᠣᠷᠴᠢᠨ ᠲᠣᠭᠤᠷᠢᠨ ᠪᠠ ᠲᠡᠦᠬᠡ ᠰᠣᠶᠣᠯ ᠤᠨ ᠳᠦᠷᠰᠦ ᠪᠠᠶᠢᠳᠠᠯ ᠢ ᠦᠯᠦ ᠡᠪᠳᠡᠬᠦ ᠪᠠᠷ ᠤᠷᠢᠲᠠᠯ ᠪᠣᠯᠭᠠᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠡᠪᠴᠢᠶᠡᠨ ᠳᠣᠲᠣᠷ᠎ᠠ ᠪᠤᠶᠤ 25 ᠭᠷᠡᠳᠦ᠋ᠰ ᠠᠴᠠ ᠳᠡᠭᠡᠭᠰᠢᠬᠢ ᠡᠭᠴᠡ ᠬᠥᠲᠥᠯ ᠢ ᠵᠠᠷᠴᠢᠮ ᠳᠡᠭᠡᠷ᠎ᠡ ᠪᠠᠨ ᠲᠠᠷᠢᠶᠠᠨ ᠭᠠᠵᠠᠷ ᠪᠣᠯᠭᠠᠨ ᠰᠡᠷᠭᠦᠭᠡᠨ ᠬᠠᠭᠠᠯᠪᠤᠷᠢᠯᠠᠵᠤ ᠪᠣᠯᠬᠤ ᠦᠭᠡᠢ ᠃ ᠠᠷᠪᠢᠯᠠᠭᠰᠠᠨ ᠭᠦᠢᠴᠡᠳᠬᠡᠯ ᠲᠤᠭ᠎ᠠ ᠶᠢ ᠤᠷᠢᠳ ᠢᠶᠠᠷ ᠲᠤᠬᠠᠢ ᠶᠢᠨ ᠭᠠᠵᠠᠷ ᠤᠨ ᠬᠡᠷᠡᠭᠯᠡᠬᠦ ᠭᠠᠵᠠᠷ ᠤᠨ ᠬᠡᠷᠡᠭᠴᠡᠭᠡ ᠶᠢ ᠬᠠᠩᠭᠠᠭᠰᠠᠨ ᠤ ᠳᠠᠷᠠᠭ᠎ᠠ ᠰᠠᠶ᠋ᠢ ᠮᠤᠵᠢ ᠣᠷᠣᠨ ᠠᠯᠤᠰᠯᠠᠨ ᠲᠣᠬᠢᠷᠠᠭᠤᠯᠤᠯᠲᠠ ᠬᠢᠬᠦ ᠳᠤ ᠬᠡᠷᠡᠭᠯᠡᠵᠦ ᠪᠣᠯᠣᠨ᠎ᠠ  ᠃      ᠵᠢᠷᠭᠤᠳᠤᠭᠠᠷ ᠵᠦᠢᠯ ᠰᠢᠯᠵᠢᠭᠦᠯᠦᠨ ᠣᠷᠣᠭᠤᠯᠬᠤ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢ ᠮᠤᠵᠢ ᠣᠷᠣᠨ ᠡᠩ ᠲᠡᠷᠢᠭᠦᠨ ᠳᠤ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠵᠢᠯᠴᠠᠭ᠎ᠠ ᠪᠠ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠳᠡᠮᠵᠢᠬᠦ ᠬᠠᠷᠢᠴᠠᠭ᠎ᠠ ᠶᠣᠰᠣᠭᠠᠷ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢ ᠬᠤᠳᠠᠯᠳᠤᠨ ᠠᠪᠴᠤ  ᠂ ᠪᠤᠰᠤᠳ ᠮᠤᠵᠢ ᠣᠷᠣᠨ ᠤ ᠰᠢᠯᠵᠢᠭᠦᠯᠦᠨ ᠭᠠᠷᠭᠠᠬᠤ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢ ᠤᠯᠠᠮ ᠨᠢᠭᠡ ᠠᠯᠬᠤᠮ ᠬᠤᠳᠠᠯᠳᠤᠨ ᠠᠪᠬᠤ ᠶᠢ ᠵᠣᠷᠢᠭᠵᠢᠭᠤᠯᠤᠨ᠎ᠠ  ᠃ ᠲᠣᠬᠢᠷᠠᠭᠤᠯᠤᠯᠲᠠ ᠬᠢᠬᠦ ᠬᠤᠶᠠᠷ ᠲᠠᠯ᠎ᠠ ᠶᠢᠨ ᠮᠤᠵᠢ ᠣᠷᠣᠨ ᠭᠦᠢᠴᠡᠳ ᠵᠥᠪᠳᠡᠯᠴᠡᠭᠰᠡᠨ ᠰᠠᠭᠤᠷᠢᠨ ᠳᠡᠭᠡᠷ᠎ᠡ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ  ᠠᠴᠠ ᠲᠣᠰ ᠲᠣᠰ ᠰᠢᠯᠵᠢᠭᠦᠯᠦᠨ ᠭᠠᠷᠭᠠᠬᠤ᠂ ᠰᠢᠯᠵᠢᠭᠦᠯᠦᠨ ᠣᠷᠣᠭᠤᠯᠬᠤ ᠶᠢᠨ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢᠨ ᠬᠡᠷᠡᠭᠴᠡᠭᠡ ᠶᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠳᠤ ᠮᠡᠳᠡᠭᠦᠯᠵᠦ᠂ ᠵᠠᠷᠴᠢᠮ ᠳᠡᠭᠡᠷ᠎ᠡ ᠪᠠᠨ ᠵᠢᠯ ᠪᠦᠷᠢ ᠬᠤᠶᠠᠷ ᠤᠳᠠᠭ᠎ᠠ ᠠᠴᠠ ᠬᠡᠲᠦᠷᠡᠭᠦᠯᠵᠦ ᠪᠣᠯᠬᠤ ᠦᠭᠡᠢ ᠭᠡᠵᠦ ᠳᠤᠷᠠᠳᠤᠨ ᠭᠠᠷᠭᠠᠪᠠ  ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠨᠢ ᠡᠳ᠋ ᠤᠨ ᠵᠠᠰᠠᠭ ᠤᠨ ᠶᠠᠮᠤᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠥᠪᠳᠡᠯᠴᠡᠵᠦ ᠪᠠᠶᠢᠭᠠᠳ ᠨᠢᠭᠡᠳᠦᠯᠲᠡᠢ ᠲᠥᠯᠥᠪᠵᠢᠭᠦᠯᠦᠨ ᠲᠡᠩᠴᠡᠭᠦᠯᠵᠦ  ᠂ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠲᠣᠬᠢᠷᠠᠭᠤᠯᠬᠤ ᠡᠭᠦᠷᠭᠡ ᠪᠠᠭᠤᠯᠭᠠᠨ᠎ᠠ  ᠃      ᠳᠣᠯᠣᠳᠤᠭᠠᠷ ᠵᠦᠢᠯ ‍ᠤᠯᠤᠰ ᠠᠴᠠ ᠮᠤᠵᠢ ᠣᠷᠣᠨ ᠠᠯᠤᠰᠯᠠᠨ ᠲᠣᠬᠢᠷᠠᠭᠤᠯᠤᠯᠲᠠ ᠬᠢᠭᠰᠡᠨ ᠦᠯᠡᠳᠡᠪᠦᠷᠢ ᠶᠢᠨ ᠭᠦᠢᠴᠡᠳᠬᠡᠬᠦ ᠲᠤᠭ᠎ᠠ ᠶᠢᠨ ᠦᠨ᠎ᠡ ᠶᠢᠨ ᠪᠠᠷᠢᠮᠵᠢᠶ᠎ᠠ ᠶᠢ ᠨᠢᠭᠡᠳᠦᠯᠲᠡᠢ ᠲᠣᠭᠲᠠᠭᠠᠨ᠎ᠠ᠃ ᠠᠷᠪᠢᠯᠠᠭᠰᠠᠨ ᠭᠦᠢᠴᠡᠳᠬᠡᠯ ᠲᠤᠭ᠎ᠠ ᠶᠢ ᠰᠢᠯᠵᠢᠭᠦᠯᠦᠨ ᠭᠠᠷᠭᠠᠬᠤ ᠦᠨ᠎ᠡ ᠶᠢ ᠰᠡᠷᠭᠦᠭᠡᠨ ᠬᠠᠭᠠᠯᠪᠤᠷᠢᠯᠠᠬᠤ ᠭᠠᠵᠠᠷ ᠰᠢᠷᠣᠢ ᠶᠢᠨ ᠲᠥᠷᠥᠯ ᠬᠡᠯᠪᠡᠷᠢ ᠪᠠ ᠶᠠᠰᠤ ᠴᠢᠨᠠᠷ ᠢ ᠦᠨᠳᠦᠰᠦᠯᠡᠨ ᠲᠣᠭᠲᠠᠭᠠᠵᠤ  ᠂ ᠡᠩ ᠤᠨ ᠲᠠᠷᠢᠶᠠᠨ ᠭᠠᠵᠠᠷ ᠢᠶᠠᠷ ᠰᠡᠷᠭᠦᠭᠡᠨ ᠬᠠᠭᠠᠯᠪᠤᠷᠢᠯᠠᠭᠰᠠᠨ ᠮᠦ ᠪᠦᠷᠢ 30 ᠲᠦᠮᠡᠨ ᠲᠥᠭᠦᠷᠢᠭ  ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢᠶᠠᠷ ᠰᠡᠷᠭᠦᠭᠡᠨ ᠬᠠᠭᠠᠯᠪᠤᠷᠢᠯᠠᠭᠰᠠᠨ ᠮᠦ ᠪᠦᠷᠢ 40 ᠲᠦᠮᠡᠨ ᠲᠥᠭᠦᠷᠢᠭ ᠪᠣᠯᠭᠠᠨ᠎ᠠ  ᠃ ᠠᠷᠪᠢᠯᠠᠭᠰᠠᠨ ᠭᠦᠢᠴᠡᠳᠬᠡᠯ ᠲᠤᠭ᠎ᠠ ᠶᠢ ᠰᠢᠯᠵᠢᠭᠦᠯᠦᠨ ᠣᠷᠣᠭᠤᠯᠬᠤ ᠦᠨ᠎ᠡ ᠶᠢ ᠭᠠᠵᠠᠷ ᠣᠷᠣᠨ ᠤ ᠵᠥᠷᠢᠶ᠎ᠡ ᠶᠢ ᠦᠨᠳᠦᠰᠦᠯᠡᠨ ᠵᠣᠬᠢᠴᠠᠩᠭᠤᠢ ᠪᠠᠷ ᠲᠣᠭᠲᠠᠭᠠᠵᠤ  ᠂ ᠪᠡᠭᠡᠵᠢᠩ  ᠂ ᠱᠠᠩᠬᠠᠢ ᠶᠢᠨ ᠮᠦ ᠪᠦᠷᠢ ᠳᠤ 70 ᠲᠦᠮᠡᠨ ᠲᠥᠭᠦᠷᠢᠭ  ᠂ ᠲᠢᠶᠠᠨᠵᠢᠨ  ᠂ ᠵᠢᠶᠠᠩᠰᠤ  ᠂ ᠵᠧᠵᠢᠶᠠᠩ  ᠂ ᠭᠤᠸᠠᠩᠳᠦ᠋ᠩ ᠤᠨ ᠮᠦ ᠪᠦᠷᠢ ᠳᠤ 50 ᠲᠦᠮᠡᠨ ᠲᠥᠭᠦᠷᠢᠭ  ᠂ ᠹᠦᠵᠢᠶᠠᠨ  ᠂ ᠱᠠᠨᠳᠦ᠋ᠩ ᠵᠡᠷᠭᠡ ᠪᠤᠰᠤᠳ ᠮᠤᠵᠢ ᠣᠷᠣᠨ ᠤ ᠮᠦ ᠪᠦᠷᠢ ᠳᠤ 30 ᠲᠦᠮᠡᠨ ᠲᠥᠭᠦᠷᠢᠭ ︵ ᠲᠣᠬᠢᠷᠠᠭᠤᠯᠬᠤ ᠭᠦᠢᠴᠡᠳᠬᠡᠯ ᠲᠤᠭ᠎ᠠ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠳᠠᠬᠢᠨ ᠬᠠᠭᠠᠯᠪᠤᠷᠢᠯᠠᠭᠰᠠᠨ ᠠᠴᠠ ᠢᠷᠡᠯᠲᠡ ᠲᠠᠢ ᠪᠣᠯ ᠮᠦ ᠪᠦᠷᠢ ᠳᠤ 40 ᠲᠦᠮᠡᠨ ᠲᠥᠭᠦᠷᠢᠭ︶ ᠪᠣᠯᠣᠨ᠎ᠠ  ᠃      ᠨᠠᠢᠮᠠᠳᠤᠭᠠᠷ ᠵᠦᠢᠯ ᠨᠡᠮᠡᠭᠳᠡᠯ ᠬᠠᠰᠤᠭᠳᠠᠯ ᠢ ᠬᠤᠯᠪᠣᠬᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠂ ᠠᠷᠪᠢᠯᠠᠭᠰᠠᠨ ᠭᠦᠢᠴᠡᠳᠬᠡᠯ ᠲᠤᠭ᠎ᠠ ᠶᠢ ᠰᠢᠯᠵᠢᠭᠦᠯᠦᠨ ᠭᠠᠷᠭᠠᠬᠤ ᠮᠤᠵᠢ ᠣᠷᠣᠨ ᠤ ᠬᠢᠨ ᠬᠠᠭᠤᠴᠢᠨ ᠢ ᠨᠤᠷᠠᠭᠠᠵᠤ ᠳᠠᠬᠢᠨ ᠬᠠᠭᠠᠯᠪᠤᠷᠢᠯᠠᠬᠤ ᠶᠢ ᠲᠥᠪᠬᠢᠨᠡᠭᠦᠯᠬᠦ ᠲᠥᠰᠥᠯ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠪᠠ ᠬᠢᠨᠠᠨ ᠵᠥᠪᠰᠢᠶᠡᠷᠡᠬᠦ  ᠂ ᠠᠷᠪᠢᠯᠠᠭᠰᠠᠨ ᠭᠦᠢᠴᠡᠳᠬᠡᠯ ᠲᠤᠭ᠎ᠠ ᠶᠢ ᠰᠢᠯᠵᠢᠭᠦᠯᠦᠨ ᠣᠷᠣᠭᠤᠯᠬᠤ  ᠂ ᠠᠷᠪᠢᠯᠠᠭᠰᠠᠨ ᠭᠦᠢᠴᠡᠳᠬᠡᠯ ᠲᠤᠭ᠎ᠠ ᠶᠢ ᠮᠤᠵᠢ ᠣᠷᠣᠨ ᠤ ᠬᠢᠨ ᠵᠣᠬᠢᠶᠠᠨ ᠪᠠᠶᠢᠭᠤᠯᠵᠤ ᠪᠠᠶᠢᠭᠠᠳ ᠰᠢᠨ᠎ᠡ ᠪᠠᠷ ᠪᠠᠶᠢᠭᠤᠯᠬᠤ ᠲᠥᠰᠥᠯ ᠢ ᠨᠠᠶᠢᠷᠠᠭᠤᠯᠤᠨ ᠵᠣᠬᠢᠶᠠᠬᠤ ᠪᠠ ᠬᠢᠨᠠᠨ ᠵᠥᠪᠰᠢᠶᠡᠷᠡᠬᠦ  ᠂ ᠬᠡᠷᠡᠭᠯᠡᠬᠦ ᠳᠤ ᠠᠷᠪᠢᠯᠠᠭᠰᠠᠨ ᠭᠦᠢᠴᠡᠳᠬᠡᠯ ᠲᠤᠭ᠎ᠠ ᠶᠢ ᠴᠥᠮ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠰᠦᠯᠵᠢᠶᠡᠨ ᠳᠡᠭᠡᠷᠡᠬᠢ ᠬᠢᠨᠠᠨ ᠬᠠᠮᠢᠶᠠᠷᠬᠤ ᠰᠢᠰᠲ᠋ᠧᠮ ᠢᠶᠠᠷ ᠳᠠᠮᠵᠢᠭᠤᠯᠤᠨ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠳᠤ ᠮᠡᠳᠡᠭᠦᠯᠦᠨ ᠳᠠᠩᠰᠠᠯᠠᠭᠤᠯᠵᠤ᠂ ᠲᠤᠭ᠎ᠠ ᠬᠡᠮᠵᠢᠶ᠎ᠡ ᠨᠢ ᠦᠨᠡᠨ ᠪᠣᠳᠠᠲᠠᠢ  ᠂ ᠶᠠᠰᠤ ᠴᠢᠨᠠᠷ ᠨᠢ ᠨᠠᠶᠢᠳᠠᠪᠤᠷᠢᠲᠠᠢ᠂ ᠵᠢᠷᠤᠭ᠂ ᠲᠤᠭ᠎ᠠ ᠂ ᠪᠣᠳᠠᠲᠠᠢ ᠭᠠᠵᠠᠷ ᠲᠤᠨᠢ ᠨᠢᠭᠡᠳᠦᠯᠲᠡᠢ ᠪᠠᠶᠢᠯᠭᠠᠬᠤ ᠬᠡᠷᠡᠭᠲᠡᠢ  ᠃      ᠶᠢᠰᠦᠳᠦᠭᠡᠷ ᠵᠦᠢᠯ ᠰᠢᠯᠵᠢᠭᠦᠯᠦᠨ ᠭᠠᠷᠭᠠᠬᠤ ᠳᠤ ᠠᠷᠪᠢᠯᠠᠭᠰᠠᠨ ᠭᠦᠢᠴᠡᠳᠬᠡᠬᠦ ᠲᠤᠭ᠎ᠠ ᠶᠢ ᠲᠤᠷᠰᠢᠨ ᠬᠤᠷᠢᠶᠠᠬᠤ ᠶᠢᠨ ᠬᠠᠮᠲᠤ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ ᠬᠢᠨᠠᠨ ᠲᠣᠭᠲᠠᠭᠠᠭᠰᠠᠨ ᠤ ᠲᠠᠷᠠᠭ᠎ᠠ᠂ ᠲᠣᠬᠢᠷᠠᠭᠤᠯᠭ᠎ᠠ ᠶᠢᠨ ᠪᠡᠯᠡ ᠮᠥᠩᠭᠦ ᠶᠢᠨ ᠲᠠᠰᠤᠯᠤᠨ ᠪᠣᠳᠣᠯᠲᠠ ᠶᠢ ᠲᠥᠪ ᠤᠨ ᠡᠳ᠋ ᠤᠨ ᠵᠠᠰᠠᠭ ᠢᠶᠠᠷ ᠳᠠᠮᠵᠢᠭᠤᠯᠬᠤ ᠦᠭᠡᠢ᠂ ᠬᠤᠯᠪᠣᠭᠳᠠᠯ ᠪᠦᠬᠦᠢ ᠮᠤᠵᠢ ᠥᠪᠡᠷᠲᠡᠭᠡᠨ ᠵᠣᠯᠭᠠᠭᠤᠯᠵᠤ᠂ ᠡᠩ ᠤᠨ ᠤᠯᠠᠨ ᠨᠡᠶᠢᠲᠡ ᠶᠢᠨ ᠲᠥᠰᠥᠪ ᠤᠨ ᠰᠢᠯᠵᠢᠭᠦᠯᠬᠦ ᠴᠢᠨᠠᠷᠲᠠᠢ ᠣᠷᠣᠯᠭ᠎ᠠ ᠪᠠ ᠵᠠᠷᠤᠯᠭ᠎ᠠ ᠶᠢᠨ ᠵᠦᠢᠯ ᠢᠯᠭᠠᠯ ᠢᠶᠠᠷ ᠳᠠᠮᠵᠢᠭᠤᠯᠤᠨ ᠲᠤᠰᠬᠠᠨ᠎ᠠ᠃      ᠠᠷᠪᠢᠯᠠᠨ ᠭᠠᠮᠨᠠᠬᠤ ᠭᠦᠢᠴᠡᠳᠬᠡᠯ ᠲᠤᠭ᠎ᠠ ᠳᠤ ᠰᠢᠯᠵᠢᠭᠦᠯᠦᠨ ᠣᠷᠣᠭᠤᠯᠬᠤ ᠳᠤ ᠮᠤᠵᠢ ᠣᠷᠣᠨ ᠲᠣᠬᠢᠷᠠᠭᠤᠯᠤᠯᠲᠠ ᠶᠢᠨ ᠪᠡᠯᠡ ᠮᠥᠩᠭᠦ ᠶᠢ ᠲᠤᠰᠢᠶᠠᠭᠰᠠᠨ ᠤ ᠳᠠᠷᠠᠭ᠎ᠠ ᠰᠠᠶ᠋ᠢ ᠤᠯᠤᠰ ᠤᠨ ᠬᠢᠨᠠᠨ ᠲᠣᠭᠲᠠᠭᠠᠭᠰᠠᠨ ᠠᠷᠪᠢᠯᠠᠨ ᠭᠠᠮᠨᠠᠬᠤ ᠭᠦᠢᠴᠡᠳᠬᠡᠯ ᠲᠤᠭ᠎ᠠ ᠶᠢ ᠦᠨᠳᠦᠰᠦᠯᠡᠨ ᠰᠢᠨ᠎ᠡ ᠪᠠᠷ ᠪᠠᠶᠢᠭᠤᠯᠬᠤ ᠲᠥᠰᠥᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠣᠯᠣᠨ᠎ᠠ  ᠃      ᠦᠯᠡᠳᠡᠪᠦᠷᠢ ᠶᠢᠨ ᠭᠦᠢᠴᠡᠳᠬᠡᠬᠦ ᠲᠤᠭ᠎ᠠ ᠶᠢ ᠰᠢᠯᠵᠢᠭᠦᠯᠦᠨ ᠭᠠᠷᠭᠠᠬᠤ ᠳᠤ ᠮᠤᠵᠢ ᠣᠷᠣᠨ ᠤ ᠬᠢᠨ ᠣᠯᠣᠭᠰᠠᠨ ᠲᠣᠬᠢᠷᠠᠭᠤᠯᠤᠯᠲᠠ ᠶᠢᠨ ᠪᠡᠯᠡ ᠮᠥᠩᠭᠦ ᠪᠠᠨ ᠪᠦᠬᠦ ᠲᠤᠭ᠎ᠠ ᠪᠠᠷ ᠨᠢ ᠦᠯᠡᠳᠡᠪᠦᠷᠢ ᠶᠢᠨ ᠭᠦᠢᠴᠡᠳᠬᠡᠬᠦ ᠲᠤᠭ᠎ᠠ  ᠶᠢ ᠪᠤᠶ ᠪᠣᠯᠭᠠᠭᠰᠠᠨ ᠭᠠᠵᠠᠷ ᠣᠷᠣᠨ ᠳᠤ ᠪᠠᠭᠤᠯᠭᠠᠪᠠᠯ ᠵᠣᠬᠢᠨ᠎ᠠ  ᠂ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠳᠤ ᠬᠡᠷᠡᠭᠯᠡᠵᠦ᠂ ᠲᠥᠪᠬᠢᠨᠡᠭᠦᠯᠬᠦ ᠨᠥᠬᠦᠪᠦᠷᠢ᠂ ᠬᠠᠭᠤᠴᠢᠨ ᠢ ᠨᠤᠷᠠᠭᠠᠵᠤ ᠳᠠᠬᠢᠨ ᠬᠠᠭᠠᠯᠪᠤᠷᠢᠯᠠᠬᠤ᠂ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠲᠠᠷᠢᠶᠠᠨ ᠭᠠᠵᠠᠷ ᠤᠨ ᠬᠠᠮᠠᠭᠠᠯᠠᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢ ᠰᠡᠷᠭᠦᠭᠡᠬᠦ ᠵᠢᠴᠢ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠪᠦᠲᠦᠭᠡᠨ ᠪᠠᠶᠢᠭᠤᠯᠤᠯᠲᠠ ᠵᠡᠷᠭᠡ ᠶᠢ ᠤᠷᠢᠳᠠᠪᠠᠷ ᠪᠠᠲᠤᠯᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾  ᠤᠨ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠪᠡᠯᠡ ᠲᠣᠬᠢᠷᠠᠭᠤᠯᠭ᠎ᠠ ᠶᠢᠨ ᠪᠡᠯᠡ ᠮᠥᠩᠭᠦ ᠶᠢ ᠲᠦᠯᠦᠬᠦ ᠶᠢ ᠳᠡᠮᠵᠢᠨ᠎ᠡ᠃      ᠠᠷᠪᠠᠳᠤᠭᠠᠷ ᠵᠦᠢᠯ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠡᠯ᠎ᠡ ᠮᠤᠵᠢ ᠣᠷᠣᠨ ᠤ ᠮᠤᠵᠢ ᠣᠷᠣᠨ ᠠᠯᠤᠰᠯᠠᠨ ᠲᠣᠬᠢᠷᠠᠭᠤᠯᠬᠤ ᠭᠦᠢᠴᠡᠳᠬᠡᠯ ᠲᠤᠭ᠎ᠠ ᠶᠢ ᠬᠢᠨᠠᠨ ᠲᠣᠭᠲᠠᠭᠠᠬᠤ ᠳᠠᠭᠠᠨ  ᠂ ᠬᠤᠯᠪᠣᠭᠳᠠᠬᠤ ᠬᠤᠯᠪᠣᠭᠳᠠᠯ ᠪᠦᠬᠦᠢ ᠮᠤᠵᠢ ᠣᠷᠣᠨ ᠤ ᠲᠥᠯᠥᠪᠵᠢᠭᠦᠯᠦᠭᠰᠡᠨ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ ᠵᠡᠷᠭᠡ ᠬᠤᠪᠢᠷᠠᠯᠲᠠ ᠶᠢᠨ ᠪᠠᠶᠢᠳᠠᠯ ᠳᠤ ᠡᠬᠡ ᠲᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ  ︔ ᠡᠬᠡ ᠲᠡᠩᠰᠡᠠ ᠳᠤ ᠣᠷᠣᠭᠤᠯᠤᠭᠰᠠᠨ ᠪᠠᠶᠢᠪᠠᠯ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠵᠡᠷᠭᠡ ᠬᠢᠨᠠᠯᠲᠠ ᠪᠠᠶᠢᠴᠠᠭᠠᠯᠲᠠ ᠶᠢᠨ ᠳᠤᠮᠳᠠ ᠮᠠᠭᠠᠳᠯᠠᠨ ᠲᠣᠭᠲᠠᠭᠠᠨ᠎ᠠ᠃      ᠠᠷᠪᠠᠨ ᠨᠢᠭᠡᠳᠦᠭᠡᠷ ᠵᠦᠢᠯ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠣᠬᠢᠷᠠᠭᠤᠯᠤᠯᠲᠠ ᠶᠢᠨ ᠦᠯᠡᠳᠡᠪᠦᠷᠢ ᠶᠢᠨ ᠭᠦᠢᠴᠡᠳᠬᠡᠬᠦ ᠲᠤᠭ᠎ᠠ ᠶᠢᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ ᠲᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠮᠤᠵᠢ ᠶᠢᠨ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠩ ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠬᠠᠭᠤᠴᠢᠨ ᠢ ᠨᠤᠷᠠᠭᠠᠵᠤ ᠰᠡᠷᠭᠦᠭᠡᠨ ᠬᠠᠭᠠᠯᠪᠤᠷᠢᠯᠠᠭᠰᠠᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠢ ᠬᠢᠨᠠᠨ ᠮᠠᠭᠠᠳᠯᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ  ᠠᠴᠠ ᠲᠣᠬᠢᠷᠠᠭᠤᠯᠤᠯᠲᠠ ᠶᠢᠨ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ ᠢ ᠬᠠᠷᠭᠤᠭᠤᠯᠤᠨ ᠪᠠᠶᠢᠴᠠᠭᠠᠵᠤ  ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ  ᠂ ᠣᠯᠠᠨ ᠲᠦᠮᠡᠨ ᠤ ᠬᠦᠰᠡᠯ ᠰᠠᠨᠠᠭ᠎ᠠ  ᠠᠴᠠ ᠵᠥᠷᠢᠴᠡᠨ ᠠᠯᠪᠠᠳᠠᠯᠭ᠎ᠠ ᠪᠠᠷ ᠬᠡᠷᠡᠭᠵᠢᠭᠦᠯᠬᠦ ᠵᠡᠷᠭᠡ ᠠᠰᠠᠭᠤᠳᠠᠯ ᠢ ᠣᠯᠵᠤ ᠮᠡᠳᠡᠪᠡᠯ  ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠥᠭᠡᠷᠡᠴᠢᠯᠡᠭᠦᠯᠬᠦ ᠪᠠᠷ ᠱᠠᠭᠠᠷᠳᠠᠵᠤ  ᠂ ᠠᠰᠠᠭᠤᠳᠠᠯ ᠨᠢ ᠬᠦᠨᠳᠦ ᠨᠣᠴᠢᠲᠠᠢ ᠪᠠᠶᠢᠪᠠᠯ  ᠂ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢᠨ ᠲᠣᠬᠢᠷᠠᠭᠤᠯᠤᠯᠲᠠ ᠶᠢ ᠲᠦᠷ ᠵᠣᠭᠰᠣᠭᠠᠨ᠎ᠠ  ᠃      ᠠᠷᠪᠠᠨ ᠬᠤᠶᠠᠳᠤᠭᠠᠷ ᠵᠦᠢᠯ ᠲᠣᠰ ᠠᠷᠭ᠎ᠠ ᠶᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ  ᠂ ᠡᠳ᠋ ᠤᠨ ᠵᠠᠰᠠᠭ ᠤᠨ ᠶᠠᠮᠤᠨ  ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ  ᠠᠴᠠ ᠬᠠᠷᠢᠭᠤᠴᠠᠨ ᠲᠠᠶᠢᠯᠪᠤᠷᠢᠯᠠᠨ᠎ᠠ ᠃ ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ  ᠂ ᠬᠦᠴᠦᠨ ᠲᠠᠢ ᠬᠤᠭᠤᠴᠠᠭ᠎ᠠ ᠨᠢ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠣᠨ᠎ᠠ  ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号