ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ ᠳᠤ ᠄ | ︽ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵ 2021 ︱ 2025 | ᠣᠨ ︶ ︾ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ ᠂ ᠪᠣᠳᠠᠲᠠᠢ ᠲᠠᠢ ᠪᠠᠨ ᠤᠶᠠᠯᠳᠤᠭᠤᠯᠤᠨ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ ᠃ | | | ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠡᠰᠢᠭᠦᠳ ᠤᠨ ᠵᠥᠪᠯᠡᠯ ᠤᠨ ᠠᠯᠪᠠᠨ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ | 2022 ᠣᠨ ᠤ 3 ᠰᠠᠷ᠎ᠠ ᠶᠢᠨ 4 | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢᠨ | ᠬᠡᠷᠡᠭᠵᠢᠭᠦᠯᠬᠦ ᠲᠥᠰᠥᠯ ︵ 2021 ︱ 2025 ᠣᠨ ︶ | ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠭᠦᠨᠵᠡᠭᠡᠢ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ | ᠠᠬᠢᠭᠤᠯᠵᠤ ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ | ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠠᠯᠪᠠᠨ ᠲᠢᠩᠬᠢᠮ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ | ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ | ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢᠨ ᠲᠥᠰᠥᠯ ︵ 2021 ︱ 2025 ᠣᠨ ︶ ︾ ᠤᠨ ᠵᠣᠷᠢᠭ | ᠰᠠᠨᠠᠭ᠎ᠠ ᠶᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ ᠂ ᠲᠤᠤᠷᠠᠬᠢ | ᠮᠡᠲᠦ ᠬᠡᠷᠡᠭᠵᠢᠭᠦᠯᠬᠦ ᠲᠥᠰᠥᠯ ᠢ ᠲᠣᠭᠲᠠᠭᠠᠨ᠎ᠠ ᠃ | ᠨᠢᠭᠡ ᠂ ᠶᠡᠷᠦᠩᠬᠡᠢ ᠱᠠᠭᠠᠷᠳᠠᠯᠭ᠎ᠠ | ( ᠨᠢᠭᠡ ) ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ | ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ ᠂ ᠠᠷᠠᠳ ᠲᠦᠮᠡᠨ ᠢᠶᠠᠷ | ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠂ ᠬᠥᠬᠡᠮᠳᠦᠭ ᠨᠣᠭᠤᠭᠠᠨ ᠠᠭᠤᠯᠠ ᠤᠰᠤ | ᠪᠣᠯ ᠠᠯᠲᠠ ᠮᠥᠩᠭᠦᠨ ᠠᠭᠤᠯᠠ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ ᠂ ᠵᠧᠵᠢᠶᠠᠩ ᠤᠨ 《 ᠮᠢᠩᠭᠠᠨ | ᠲᠣᠰᠬᠤᠨ ᠢᠶᠠᠷ ᠵᠢᠱᠢᠶ᠎ᠡ ᠦᠵᠡᠭᠦᠯᠵᠦ ᠂ ᠲᠦᠮᠡᠨ ᠲᠣᠰᠬᠤᠨ ᠢ ᠴᠡᠭᠴᠡᠯᠡᠨ ᠵᠠᠰᠠᠬᠤ 》 ᠢᠨᠵᠧᠨᠧᠷᠢᠩ ᠤᠨ | ᠲᠤᠷᠰᠢᠯᠭ᠎ᠠ ᠶᠢ ᠰᠤᠷᠤᠯᠴᠠᠨ ᠳᠡᠯᠭᠡᠷᠡᠭᠦᠯᠵᠦ ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠬᠤᠪᠢᠰᠬᠠᠯ ᠂ | ᠠᠮᠢᠳᠤᠷᠠᠯ ᠤᠨ ᠪᠣᠬᠢᠷ ᠤᠰᠤ ᠬᠤᠭ ᠨᠣᠪᠰᠢ ᠶᠢ ᠵᠠᠰᠠᠬᠤ ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ | ᠵᠡᠷᠭᠡ ᠪᠠᠷ ᠭᠤᠣᠯᠳᠠᠯᠭ᠎ᠠ ᠪᠣᠯᠭᠠᠵᠤ ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠥᠷᠭᠡᠨ ᠣᠯᠠᠨ | ᠮᠠᠯᠴᠢᠨ ᠲᠠᠷᠢᠶᠠᠴᠢᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠨᠠᠩ ᠰᠠᠶᠢᠲᠤᠷ ᠬᠠᠩᠭᠠᠵᠤ ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠂ ᠲᠠᠷᠢᠶᠠᠯᠠᠩ ᠮᠠᠯ ᠠᠵᠤ | ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠬᠦ ᠳᠤ ᠬᠦᠴᠦᠲᠡᠢ ᠲᠤᠯᠭᠠᠭᠤᠷᠢᠯᠠᠯ | ᠬᠠᠩᠭᠠᠨ᠎ᠠ ᠃ | ( ᠬᠤᠶᠠᠷ ) ᠦᠨᠳᠦᠰᠦᠨ ᠵᠠᠷᠴᠢᠮ | ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠂ ᠲᠥᠷᠥᠯ ᠬᠤᠪᠢᠶᠠᠨ ᠠᠷᠭ᠎ᠠ ᠪᠣᠳᠣᠯᠭ᠎ᠠ | ᠬᠡᠷᠡᠭᠵᠢᠭᠦᠯᠵᠦ ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠂ ᠲᠥᠷᠥᠯ ᠬᠤᠪᠢᠶᠠᠨ | ᠬᠡᠮᠵᠢᠬᠦ ᠶᠢ ᠪᠠᠷᠢᠮᠲᠠᠯᠠᠨ ᠂ ᠵᠡᠭᠦᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠠᠳᠠᠯᠢ ᠪᠤᠰᠤ ᠪᠠᠶᠢᠭᠠᠯᠢ ᠶᠢᠨ | ᠣᠷᠴᠢᠨ ᠲᠣᠭᠤᠷᠢᠨ ᠂ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ ᠂ ᠬᠥᠮᠥᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠤ ᠣᠳᠣᠬᠢ ᠪᠠᠶᠢᠳᠠᠯ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠂ ᠵᠠᠰᠠᠬᠤ | ᠪᠠᠷᠢᠮᠵᠢᠶ᠎ᠠ ᠪᠠ ᠬᠠᠷᠠᠯᠲᠠ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ ᠂ ᠴᠢᠳᠠᠯ ᠤᠨ ᠢᠶᠠᠨ ᠬᠢᠷᠢ ᠪᠠᠷ | ᠬᠢᠬᠦ ᠬᠡᠷᠡᠭᠲᠡᠢ ᠃ ᠤᠷᠢᠳᠠᠪᠠᠷ ᠲᠥᠯᠥᠪᠵᠢᠭᠦᠯᠬᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠤᠷᠢᠳᠠᠪᠠᠷ | ᠲᠥᠯᠥᠪᠵᠢᠭᠦᠯᠵᠦ ᠳᠠᠷᠠᠭ᠎ᠠ ᠨᠢ ᠪᠦᠲᠦᠭᠡᠨ ᠪᠠᠶᠢᠭᠤᠯᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠥᠯᠦᠪᠵᠢᠭᠦᠯᠭᠡ ᠲᠠᠢ ᠵᠣᠯᠭᠠᠭᠤᠯᠬᠤ ᠶᠢ ᠴᠢᠩᠭᠠᠳᠬᠠᠵᠤ᠂ ᠡᠯ᠎ᠡ ᠲᠦᠷᠦᠯ ᠤᠨ ᠡᠬᠢ ᠪᠠᠶᠠᠯᠢᠭ ᠢ | ᠨᠡᠶᠢᠳᠬᠡᠵᠦ᠂ ᠡᠯ᠎ᠡ ᠵᠦᠢᠯ ᠤᠨ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠬᠥᠳᠡᠭᠡ | ᠲᠣᠰᠬᠤᠨ ᠳᠤ ᠰᠠᠭᠤᠷᠢᠯᠠᠵᠤ᠂ ᠣᠨᠴᠠᠯᠢᠭ ᠢᠶᠠᠨ ᠲᠤᠪᠤᠶᠢᠯᠭᠠᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠤ | ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠵᠤ᠂ ᠬᠥᠳᠡᠭᠡ ᠲᠣᠰᠬᠤᠨ ᠤ ᠣᠨᠴᠠᠯᠢᠭ ᠢ ᠢᠯᠡᠷᠡᠭᠦᠯᠵᠦ᠂ ᠨᠤᠲᠤᠭ ᠤᠨ | ᠣᠨᠴᠠᠯᠢᠭ ᠢ ᠴᠢᠬᠤᠯᠠᠴᠢᠯᠠᠵᠤ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠬᠠᠳᠠᠭᠠᠯᠠᠵᠤ᠂ ᠮᠢᠩᠭᠠᠨ | ᠲᠣᠰᠬᠤᠨ ᠳᠤ ᠨᠢᠭᠡ ᠯᠡ ᠲᠠᠯ᠎ᠠ ᠲᠠᠢ ᠪᠠᠶᠢᠬᠤ ᠠᠴᠠ ᠵᠠᠶᠢᠯᠠᠰᠬᠢᠬᠦ ᠬᠡᠷᠡᠭᠲᠡᠢ᠃ ᠠᠷᠠᠳ ᠲᠦᠮᠡᠨ ᠠᠴᠠ ᠬᠡᠷᠡᠭᠴᠡᠭᠡ | ᠠᠰᠠᠭᠤᠬᠤ ᠶᠢ ᠪᠠᠷᠢᠮᠲᠠᠯᠠᠨ ᠂ ᠬᠠᠮᠵᠢᠯᠴᠠᠨ ᠬᠦᠴᠦᠯᠡᠵᠦ ᠂ ᠮᠠᠯᠴᠢᠨ ᠲᠠᠷᠢᠶᠠᠴᠢᠨ ᠤ ᠭᠤᠣᠯ ᠴᠣᠭᠴᠠ ᠶᠢ | ᠲᠣᠪᠤᠶᠢᠯᠭᠠᠨ ᠂ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠶᠢ ᠬᠦᠨᠳᠦᠳᠬᠡᠵᠦ ᠂ ᠳᠣᠲᠣᠭᠠᠳᠤ ᠶᠢᠨ ᠬᠥᠳᠡᠯᠭᠡᠭᠦ | ᠬᠦᠴᠦᠨ ᠢ ᠬᠥᠭᠵᠢᠭᠡᠨ ᠂ ᠨᠡᠶᠢᠭᠡᠮ ᠤᠨ ᠬᠦᠴᠦᠨ ᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠵᠤ ᠂ ᠵᠠᠰᠠᠭ ᠤᠨ | ᠣᠷᠳᠣᠨ ᠂ ᠵᠠᠬ᠎ᠠ ᠳᠡᠯᠭᠡᠭᠦᠷ ᠤᠨ ᠭᠤᠣᠯ ᠴᠣᠭᠴᠠ ᠂ ᠭᠠᠴᠠᠭ᠎ᠠ ᠲᠣᠰᠬᠤᠨ ᠤ ᠬᠠᠮᠲᠤ ᠨᠡᠶᠢᠲᠡ ᠂ ᠲᠣᠰᠬᠤᠨ ᠤ | ᠠᠷᠠᠳ ᠢ ᠪᠠᠶᠢᠴᠠᠭᠠᠨ ᠪᠠᠶᠢᠴᠠᠭᠠᠬᠤ ᠵᠡᠷᠭᠡ ᠬᠠᠮᠲᠤ ᠪᠠᠷ ᠪᠠᠶᠢᠭᠤᠯᠵᠤ ᠬᠠᠮᠲᠤ ᠪᠠᠷ ᠬᠠᠮᠢᠶᠠᠷᠬᠤ ᠪᠠᠶᠢᠷᠢᠰᠢᠯ ᠢ | ᠪᠠᠶᠢᠭᠤᠯᠤᠨ᠎ᠠ ᠃ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ ᠂ ᠣᠷᠳᠣ | ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠴᠢᠬᠤᠯᠠᠴᠢᠯᠠᠵᠤ ᠂ ᠰᠢᠰᠲ᠋ᠧᠮᠵᠢᠭᠦᠯᠦᠭᠰᠡᠨ ᠂ ᠵᠢᠷᠤᠮᠵᠢᠭᠤᠯᠤᠭᠰᠠᠨ ᠂ | ᠣᠷᠳᠣ ᠬᠤᠭᠤᠴᠠᠭᠠᠨ ᠤ ᠪᠦᠲᠦᠮᠵᠢᠲᠡᠶ ᠲᠥᠷᠥ ᠶᠢᠨ ᠪᠣᠳᠣᠯᠭ᠎ᠠ ᠶᠢᠨ ᠳᠦᠷᠢᠮ ᠪᠠ ᠠᠵᠢᠯ ᠤᠨ ᠲᠣᠭᠲᠠᠴᠠ ᠶᠢ | ᠬᠦᠴᠦᠯᠡᠨ ᠪᠠᠶᠢᠭᠤᠯᠵᠤ ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠳᠡᠭᠡᠭᠰᠢᠯᠡᠭᠦᠯᠵᠦ | ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ ᠃ | ︵ ᠭᠤᠷᠪᠠ ︶ ᠠᠵᠢᠯᠯᠠᠭᠠᠨ ᠤ ᠬᠠᠷᠠᠯᠲᠠ | 2023 ᠣᠨ ᠪᠣᠯᠬᠤ ᠳᠤ ᠂ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠳᠤ 30 ᠲᠦᠮᠡᠨ | ᠡᠷᠦᠬᠡ ᠶᠢᠨ ᠠᠷᠢᠭᠤᠨ ᠴᠡᠪᠡᠷ ᠵᠣᠷᠯᠣᠩ ᠢ ᠰᠢᠨ᠎ᠡ ᠪᠠᠷ ᠪᠠᠶᠢᠭᠤᠯᠵᠤ ᠂ ᠠᠮᠢᠳᠤᠷᠠᠯ ᠤᠨ ᠪᠣᠬᠢᠷ ᠤᠰᠤ ᠶᠢ ᠵᠠᠰᠠᠬᠤ | ᠨᠣᠷᠮ᠎ᠠ ᠶᠢ 26% ᠳᠤ ᠬᠦᠷᠦᠭᠦᠯᠵᠦ ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ | ᠰᠢᠢᠳᠪᠦᠷᠢᠯᠡᠬᠦ ᠰᠢᠰᠲ᠋ᠧᠮᠵᠢ ᠶᠢ 50% ᠶᠢᠨ ᠵᠠᠰᠠᠭ ᠵᠠᠬᠢᠷᠭᠠᠨ ᠤ ᠲᠣᠰᠬᠤᠨ ᠳᠤ ᠪᠦᠷᠬᠦᠭᠦᠯᠬᠦ ᠪᠠᠷ ᠴᠢᠷᠮᠠᠶᠢᠨ᠎ᠠ ᠃ | 2025 ᠣᠨ ᠪᠣᠯᠬᠤ ᠳᠤ ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠢᠯᠡᠳᠲᠡ ᠰᠠᠶᠢᠵᠢᠷᠠᠭᠤᠯᠵᠤ ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠰᠢᠨ᠎ᠡ ᠳᠠᠪᠰᠢᠯᠲᠠ ᠲᠠᠢ | ᠪᠣᠯᠭᠠᠵᠤ ᠂ ᠮᠠᠯᠵᠢᠬᠤ ᠲᠠᠷᠢᠶᠠᠯᠠᠬᠤ ᠣᠷᠣᠨ ᠤ ᠠᠷᠢᠭᠤᠨ ᠴᠡᠪᠡᠷ ᠵᠣᠷᠯᠣᠩ ᠢ 45 ᠲᠦᠮᠡ ᠣᠷᠴᠢᠮ ᠰᠢᠨ᠎ᠡ ᠪᠠᠷ | ᠪᠠᠶᠢᠭᠤᠯᠵᠤ ᠂ ᠠᠷᠢᠭᠤᠨ ᠴᠡᠪᠡᠷ ᠵᠣᠷᠯᠣᠩ ᠤᠨ ᠲᠦᠭᠡᠮᠡᠯᠵᠢᠯᠲᠡ ᠶᠢᠨ ᠨᠣᠷᠮ᠎ᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ ︔ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠨᠣᠷᠮ᠎ᠠ | 32% ᠣᠷᠴᠢᠮ ᠳᠤ ᠬᠦᠷᠴᠦ ᠂ ᠬᠠᠲᠤᠨ ᠭᠤᠣᠯ ᠳᠠᠭᠠᠤ ᠶᠢᠨ ᠰᠠᠪᠠ ᠭᠠᠵᠠᠷ ᠵᠢᠴᠢ ︽ ᠨᠢᠭᠡ ᠨᠠᠭᠤᠷ ᠬᠤᠶᠠᠷ | ᠲᠡᠯᠡᠶ ︾ ᠶᠢᠨ ᠡᠷᠬᠢᠨ ᠲᠣᠭᠤᠷᠢᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ | ᠨᠣᠷᠮ᠎ᠠ ᠶᠢ 60% ᠳᠤ ᠬᠦᠷᠦᠭᠦᠯᠵᠦ ᠂ ᠪᠤᠰᠤᠳ ᠭᠠᠵᠠᠷ ᠣᠷᠣᠨ ᠤ ᠵᠠᠰᠠᠬᠤ ᠨᠣᠷᠮ᠎ᠠ ᠶᠢ 30% ᠳᠤ | ᠬᠦᠷᠦᠭᠦᠯᠵᠦ ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ | ᠰᠢᠢᠳᠪᠦᠷᠢᠯᠡᠬᠦ ᠰᠢᠰᠲ᠋ᠧᠮᠵᠢ ᠶᠢ 60% ᠠᠴᠠ ᠳᠡᠭᠡᠭᠰᠢᠬᠢ ᠵᠠᠰᠠᠭ ᠵᠠᠬᠢᠷᠭᠠᠨ ᠤ ᠲᠣᠰᠬᠤᠨ ᠳᠤ ᠪᠦᠷᠬᠦᠭᠦᠯᠵᠦ ᠂ | ᠨᠥᠬᠦᠴᠡᠯ ᠲᠠᠢ ᠠᠶᠢᠯ ᠲᠣᠰᠬᠤᠨ ᠳᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠂ ᠡᠬᠢ | ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ ᠶᠢ ᠪᠡᠶᠡᠯᠡᠭᠦᠯᠵᠦ ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ | ᠬᠤᠭ ᠨᠣᠪᠰᠢ ᠶᠢ ᠬᠤᠣᠷ ᠦᠭᠡᠢ ᠪᠣᠯᠭᠠᠨ ᠰᠢᠢᠳᠪᠦᠷᠢᠯᠡᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ ︔ ᠮᠠᠯᠵᠢᠬᠤ ᠲᠠᠷᠢᠶᠠᠯᠠᠬᠤ ᠣᠷᠣᠨ ᠤ ᠵᠠᠮ ᠢ ᠬᠠᠲᠠᠭᠤᠷᠠᠭᠤᠯᠬᠤ ᠂ ᠨᠣᠭᠤᠭᠠᠷᠠᠭᠤᠯᠬᠤ ᠂ | ᠭᠤᠶᠣᠵᠢᠭᠤᠯᠬᠤ ᠠᠵᠢᠯ ᠦᠷᠭᠦᠯᠵᠢᠯᠡᠨ ᠰᠠᠶᠢᠵᠢᠷᠠᠪᠠ ︔ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ | ᠣᠷᠴᠢᠨ ᠲᠣᠭᠤᠷᠢᠨ ᠤ ᠵᠠᠰᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ | ᠲᠣᠭᠲᠠᠴᠠ ᠶᠢ ᠦᠨᠳᠦᠰᠦᠨ ᠳᠡᠭᠡᠨ ᠪᠠᠶᠢᠭᠤᠯᠤᠨ᠎ᠠ ᠃ | ᠬᠤᠲᠠ ᠪᠠᠯᠭᠠᠰᠤ ᠶᠢᠨ ᠣᠶᠢᠷ᠎ᠠ ᠲᠡᠭᠦᠷᠭᠡ ᠵᠡᠷᠭᠡ ᠰᠠᠭᠤᠷᠢ ᠲᠠᠢ ᠂ ᠨᠥᠬᠦᠴᠡᠯ ᠲᠠᠢ ᠭᠠᠵᠠᠷ ᠣᠷᠣᠨ ᠳᠤ ᠂ | ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ ᠂ | ᠠᠷᠢᠭᠤᠨ ᠴᠡᠪᠡᠷ ᠵᠣᠷᠯᠣᠩ ᠢ ᠦᠨᠳᠦᠰᠦᠨ ᠳᠡᠭᠡᠨ ᠲᠦᠭᠡᠮᠡᠯᠵᠢᠭᠦᠯᠦᠨ ᠂ ᠠᠮᠢᠳᠤᠷᠠᠯ ᠤᠨ ᠪᠣᠬᠢᠷ ᠤᠰᠤ ᠶᠢ ᠵᠠᠰᠠᠬᠤ | ᠨᠣᠷᠮ᠎ᠠ ᠶᠢ ᠢᠯᠡᠳᠲᠡ ᠳᠡᠭᠡᠭᠰᠢᠯᠡᠭᠦᠯᠵᠦ ᠂ ᠠᠮᠢᠳᠤᠷᠠᠯ ᠤᠨ ᠬᠤᠭ ᠨᠣᠪᠰᠢ ᠶᠢ ᠪᠥᠬᠦ ᠲᠠᠯ᠎ᠠ ᠪᠠᠷ ᠪᠦᠲᠦᠮᠵᠢᠲᠡᠶ | ᠰᠢᠢᠳᠪᠦᠷᠢᠯᠡᠬᠦ ᠶᠢᠨ ᠬᠠᠮᠲᠤ ᠲᠥᠷᠥᠯ ᠬᠤᠪᠢᠶᠠᠨ ᠰᠢᠢᠳᠪᠦᠷᠢᠯᠡᠬᠦ ᠲᠤᠷᠰᠢᠯᠲᠠ ᠶᠢᠨ ᠴᠢᠭ᠋ ᠤᠨ ᠵᠢᠱᠢᠶ᠎ᠡ | ᠦᠵᠡᠭᠦᠯᠬᠦ ᠶᠢ ᠲᠦᠯᠬᠢᠨ ᠠᠬᠢᠭᠤᠯᠵᠤ ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ | ᠲᠣᠭᠲᠠᠴᠠ ᠶᠢ ᠪᠥᠬᠦ ᠲᠠᠯ᠎ᠠ ᠪᠠᠷ ᠪᠠᠶᠢᠭᠤᠯᠤᠨ᠎ᠠ ᠃ | ᠨᠡᠯᠢᠶᠡᠳ ᠰᠠᠶᠢᠨ ᠰᠠᠭᠤᠷᠢ ᠲᠠᠢ ᠂ ᠦᠨᠳᠦᠰᠦᠨ ᠳᠡᠭᠡᠨ ᠨᠥᠬᠦᠴᠡᠯ ᠲᠠᠢ ᠭᠠᠵᠠᠷ ᠣᠷᠣᠨ ᠳᠤ ᠂ ᠮᠠᠯᠵᠢᠬᠤ | ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢ | ᠦᠷᠭᠦᠯᠵᠢᠯᠡᠨ ᠲᠡᠭᠦᠯᠳᠡᠷᠵᠢᠭᠦᠯᠵᠦ ᠂ ᠡᠷᠦᠬᠡ ᠳᠤ ᠬᠡᠷᠡᠭᠯᠡᠬᠦ ᠵᠣᠷᠯᠣᠩ ᠢ ᠥᠭᠡᠷᠡᠴᠢᠯᠡᠬᠦ ᠳᠤᠷᠠᠲᠠᠢ ᠪᠦᠬᠦᠨ ᠢ | ᠥᠭᠡᠷᠡᠴᠢᠯᠡᠵᠦ ᠂ ᠥᠭᠡᠷᠡᠴᠢᠯᠡᠬᠦ ᠶᠣᠰᠣᠲᠠᠢ ᠪᠦᠬᠦᠨ ᠢ ᠥᠭᠡᠷᠡᠴᠢᠯᠡᠵᠦ ᠂ ᠠᠮᠢᠳᠤᠷᠠᠯ ᠤᠨ ᠪᠣᠬᠢᠷ ᠤᠰᠤ ᠶᠢ | ᠵᠠᠰᠠᠬᠤ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠦᠨ ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢ ᠦᠨᠳᠦᠰᠦᠨ ᠳᠡᠭᠡᠨ ᠪᠦᠷᠢᠨᠰᠢᠭᠦᠯᠵᠦ ᠂ ᠣᠷᠳᠣ ᠬᠤᠭᠤᠴᠠᠭᠠᠨ ᠤ | ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠤᠨ᠎ᠠ ᠃ | ᠪᠤᠶᠢᠳᠠ ᠪᠥᠭᠯᠡᠭᠦᠦ ᠂ ᠲᠠᠷᠠᠬᠠᠢ ᠪᠤᠲᠠᠷᠬᠠᠢ ᠰᠠᠭᠤᠷᠢᠰᠢᠭᠰᠠᠨ ᠂ ᠰᠠᠭᠤᠷᠢ ᠨᠥᠬᠦᠴᠡᠯ ᠢᠶᠠᠷ ᠪᠠᠭᠤᠷᠠᠢ ᠭᠠᠵᠠᠷ | ᠣᠷᠣᠨ ᠳᠤ ᠪᠠᠶᠢᠷᠢᠰᠢᠵᠤ ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠤ ᠰᠠᠭᠤᠷᠢ ᠪᠡᠯᠡᠳᠬᠡᠮᠵᠢ ᠶᠢ ᠢᠯᠡᠳᠲᠡ ᠰᠠᠶᠢᠵᠢᠷᠠᠭᠤᠯᠵᠤ᠂ ᠠᠷᠢᠭᠤᠨ ᠴᠡᠪᠡᠷ ᠵᠣᠷᠯᠣᠩ ᠤᠨ | ᠲᠦᠭᠡᠮᠡᠯᠵᠢᠭᠦᠯᠦᠯᠲᠡ ᠶᠢᠨ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠦᠨ ᠂ ᠠᠮᠢᠳᠤᠷᠠᠯ ᠤᠨ ᠪᠣᠬᠢᠷ ᠤᠰᠤ ᠬᠤᠭ | ᠨᠣᠪᠰᠢ ᠶᠢ ᠵᠠᠰᠠᠬᠤ ᠬᠢᠷᠢ ᠬᠡᠮᠵᠢᠶ᠎ᠡ ᠶᠢ ᠢᠳᠡᠪᠬᠢᠲᠡᠢ ᠠᠬᠢᠭᠤᠯᠵᠤ ᠂ ᠲᠣᠰᠬᠤᠨ ᠤ ᠳᠦᠷᠰᠦ ᠪᠠᠶᠢᠳᠠᠯ ᠢ | ᠦᠷᠭᠦᠯᠵᠢᠯᠡᠨ ᠰᠠᠶᠢᠵᠢᠷᠠᠭᠤᠯᠤᠨ᠎ᠠ ᠃ | ᠬᠤᠶᠠᠷ ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠬᠤᠪᠢᠰᠬᠠᠯ ᠢ ᠯᠠᠪᠳᠠᠭᠤᠨ ᠢᠶᠠᠷ ᠠᠬᠢᠭᠤᠯᠤᠨ᠎ᠠ | ︵ ᠳᠥᠷᠪᠡ ︶ ᠮᠠᠯᠵᠢᠬᠤ ᠲᠠᠷᠢᠶᠠᠯᠠᠬᠤ ᠣᠷᠣᠨ ᠤ ᠠᠷᠢᠭᠤᠨ ᠴᠡᠪᠡᠷ ᠵᠣᠷᠯᠣᠩ ᠢ ᠠᠯᠬᠤᠮ ᠠᠯᠬᠤᠮ ᠢᠶᠠᠷ | ᠲᠦᠭᠡᠮᠡᠯᠵᠢᠭᠦᠯᠦᠨ᠎ᠡ ᠃ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ ᠡᠷᠦᠬᠡ ᠳᠤ | ᠬᠡᠷᠡᠭᠯᠡᠬᠦ ᠵᠣᠷᠯᠣᠩ ᠢ ᠦᠨᠳᠦᠰᠦᠨ ᠳᠡᠭᠡᠨ ᠡᠮᠨᠡᠯᠭᠡ ᠳᠤ ᠣᠷᠣᠭᠤᠯᠬᠤ ᠂ ᠨᠥᠬᠦᠴᠡᠯ ᠲᠠᠢ ᠭᠠᠵᠠᠷ ᠣᠷᠣᠨ ᠤ | ᠵᠣᠷᠯᠣᠩ ᠢ ᠭᠡᠷ ᠲᠤ ᠣᠷᠣᠭᠤᠯᠬᠤ ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠳᠤ ᠠᠷᠢᠭᠤᠨ ᠴᠡᠪᠡᠷ | ᠵᠣᠷᠯᠣᠩ ᠵᠢᠴᠢ ᠪᠠᠭᠠᠰᠤᠨ ᠪᠣᠬᠢᠷᠳᠤᠯ ᠢ ᠰᠢᠢᠳᠪᠦᠷᠢᠯᠡᠬᠦ ᠪᠡᠯᠡᠳᠬᠡᠮᠵᠢ ᠲᠥᠬᠦᠭᠡᠷᠦᠮᠵᠢ ᠶᠢ ᠢᠵᠢ ᠪᠦᠷᠢᠳᠦᠭᠦᠯᠦᠨ | ᠪᠦᠲᠦᠭᠡᠨ ᠪᠠᠶᠢᠭᠤᠯᠬᠤ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ ᠃ ᠮᠠᠯᠵᠢᠬᠤ ᠲᠠᠷᠢᠶᠠᠯᠠᠬᠤ ᠣᠷᠣᠨ ᠤ ᠣᠯᠠᠨ | ᠨᠡᠶᠢᠲᠡ ᠶᠢᠨ ᠵᠣᠷᠯᠣᠩ ᠢ ᠵᠦᠢ ᠵᠣᠬᠢᠰᠲᠠᠢ ᠲᠥᠯᠥᠪᠵᠢᠭᠦᠯᠦᠨ ᠪᠠᠶᠢᠷᠢᠰᠢᠭᠤᠯᠵᠤ ᠂ ᠮᠠᠯᠵᠢᠬᠤ ᠲᠠᠷᠢᠶᠠᠯᠠᠬᠤ | ᠣᠷᠣᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠂ ᠰᠣᠶᠣᠯ ᠤᠨ ᠠᠵᠢᠯᠯᠠᠭᠠᠨ ᠤ ᠲᠥᠪ ᠂ ᠳᠤᠮᠳᠠᠳᠤ ᠪᠠᠭ᠎ᠠ | ᠰᠤᠷᠭᠠᠭᠤᠯᠢ ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠵᠡᠷᠭᠡ ᠣᠯᠠᠨ ᠨᠡᠶᠢᠲᠡ ᠶᠢᠨ ᠲᠠᠯᠠᠪᠤᠷ ᠵᠢᠴᠢ ᠲᠥᠪ | ᠲᠣᠰᠬᠤᠨ ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠬᠥᠮᠥᠰ ᠤᠨ ᠴᠤᠪᠤᠷᠠᠯᠲᠠ ᠶᠢᠨ ᠬᠡᠮᠵᠢᠶ᠎ᠡ ᠪᠠᠷ | ᠨᠡᠯᠢᠶᠡᠳ ᠶᠡᠭᠡ ᠣᠷᠣᠨ ᠪᠦᠰᠡ ᠳᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠣᠷᠯᠣᠩ ᠢ ᠪᠦᠲᠦᠭᠡᠨ | ᠪᠠᠶᠢᠭᠤᠯᠬᠤ ᠡᠷᠴᠢᠮ ᠢ ᠴᠢᠩᠭᠠᠷᠠᠭᠤᠯᠤᠨ᠎ᠠ ᠃ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠂ | ᠬᠥᠮᠥᠵᠢᠭᠦᠯᠦᠨ ᠪᠣᠯᠪᠠᠰᠤᠷᠠᠭᠤᠯᠬᠤ ᠡᠷᠴᠢᠮ ᠢ ᠴᠢᠩᠭᠠᠳᠬᠠᠵᠤ ᠂ ᠮᠠᠯᠴᠢᠨ ᠲᠠᠷᠢᠶᠠᠴᠢᠳ ᠤᠨ ᠵᠣᠷᠯᠣᠩ ᠢ | ᠥᠭᠡᠷᠡᠴᠢᠯᠡᠬᠦ ᠢᠳᠡᠪᠬᠢᠵᠢᠯ ᠪᠠ ᠠᠷᠢᠭᠤᠨ ᠴᠡᠪᠡᠷ ᠵᠣᠷᠯᠣᠩ ᠢ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠦᠨ᠎ᠡ ᠃ | ︵ ᠲᠠᠪᠤ ︶ ᠵᠣᠷᠯᠣᠩ ᠢ ᠥᠭᠡᠷᠡᠴᠢᠯᠡᠬᠦ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠦᠨ᠎ᠡ ᠃ ᠵᠣᠷᠯᠣᠩ ᠤᠨ | ᠮᠡᠷᠭᠡᠵᠢᠯ ᠤᠨ ᠥᠭᠡᠷᠡᠴᠢᠯᠡᠯᠲᠡ ᠶᠢᠨ ᠵᠠᠭᠪᠤᠷ ᠢ ᠰᠢᠨᠵᠢᠯᠡᠬᠦ ᠤᠬᠠᠭᠠᠨᠴᠢ ᠪᠠᠷ ᠰᠣᠩᠭᠤᠵᠤ ᠂ ᠤᠰᠤᠨ ᠳᠤ ᠲᠣᠬᠢᠷᠠᠪᠠᠯ | ᠤᠰᠤ ᠂ ᠭᠠᠩᠳᠠᠬᠤ ᠳᠤ ᠲᠣᠬᠢᠷᠠᠪᠠᠯ ᠭᠠᠩᠳᠠᠨ᠎ᠠ ᠃ ᠵᠣᠷᠯᠣᠩ ᠢ ᠥᠭᠡᠷᠡᠴᠢᠯᠡᠬᠦ ᠮᠡᠷᠭᠡᠵᠢᠯ ᠪᠠ ᠦᠢᠯᠡᠳᠬᠦᠨ ᠢ | ᠲᠥᠬᠦᠮ ᠪᠥᠭᠡᠳ ᠲᠣᠬᠢᠷᠠᠭᠤᠯᠤᠨ ᠬᠡᠷᠡᠭᠯᠡᠵᠦ ᠂ ᠥᠪᠡᠷ ᠤᠨ ᠥᠷᠲᠡᠭ ᠨᠢ ᠲᠣᠬᠢᠷᠠᠮᠵᠢᠲᠠᠢ ᠂ ᠮᠡᠷᠭᠡᠵᠢᠯ | ᠪᠣᠯᠪᠠᠰᠤᠷᠠᠩᠭᠤᠢ ᠂ ᠣᠯᠠᠨ ᠲᠦᠮᠡᠨ ᠳᠤᠷᠠᠲᠠᠶ᠎ᠠ ᠭᠥᠯᠢᠶᠡᠨ ᠠᠪᠴᠤ ᠂ ᠮᠡᠷᠭᠡᠵᠢᠯ ᠤᠨ ᠵᠠᠭᠪᠤᠷ ᠨᠢ ᠤᠯᠤᠰ ᠪᠠ | ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠵᠢᠷᠤᠮᠵᠢᠯ ᠳᠤ ᠨᠡᠶᠢᠴᠡᠬᠦ ᠶᠢᠨ ᠬᠠᠮᠲᠤ ᠠᠳᠠᠭ ᠲᠠᠭᠠᠨ ᠨᠢᠭᠡ | ᠦᠶᠡᠯᠡᠯ ᠤᠨ ᠬᠤᠭᠤᠴᠠᠭᠠᠨ ᠤ ᠲᠤᠷᠰᠢᠯᠲᠠ ᠶᠢ ᠥᠩᠭᠡᠷᠡᠭᠦᠯᠵᠦ ᠂ ᠪᠣᠯᠪᠠᠰᠤᠷᠠᠭᠰᠠᠨ ᠤ ᠳᠠᠷᠠᠭ᠎ᠠ ᠳᠠᠬᠢᠨ ᠠᠯᠬᠤᠮ | ᠠᠯᠬᠤᠮ ᠢᠶᠠᠷ ᠳᠡᠯᠭᠡᠷᠡᠭᠦᠯᠬᠦ ᠬᠡᠷᠡᠭᠲᠡᠢ ᠃ ᠵᠣᠷᠯᠣᠩ ᠢ ᠥᠭᠡᠷᠡᠴᠢᠯᠡᠨ ᠮᠠᠲ᠋ᠧᠷᠢᠶᠠᠯ ᠰᠣᠩᠭᠤᠬᠤ ᠶᠠᠰᠤ ᠴᠢᠨᠠᠷ ᠤᠨ | ᠪᠠᠷᠢᠮᠵᠢᠶ᠎ᠠ ᠪᠠ ᠮᠡᠷᠭᠡᠵᠢᠯ ᠤᠨ ᠪᠣᠯᠵᠣᠯᠲᠤ ᠲᠤᠭ᠎ᠠ ᠶᠢ ᠴᠢᠩᠭ᠎ᠠ ᠬᠡᠷᠡᠭᠵᠢᠭᠦᠯᠵᠦ ᠂ ᠦᠢᠯᠡᠳᠬᠦᠨ ᠤ ᠶᠠᠰᠤ ᠴᠢᠨᠠᠷ ᠤᠨ | ᠪᠣᠭᠤᠮᠲᠠ ᠶᠢ ᠴᠢᠩᠭ᠎ᠠ ᠠᠳᠬᠤᠨ᠎ᠠ ᠃ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠪᠣᠭᠤᠮᠲᠠ ᠶᠢ ᠴᠢᠩᠭ᠎ᠠ ᠠᠳᠬᠤᠨ᠎ᠠ᠃ | ︵ ᠵᠢᠷᠭᠤᠭ᠎ᠠ ︶ ᠵᠣᠷᠯᠣᠩ ᠤᠨ ᠪᠠᠭᠠᠰᠤᠨ ᠪᠣᠬᠢᠷᠳᠤᠯ ᠢ ᠬᠤᠣᠷ ᠦᠭᠡᠢ ᠪᠣᠯᠭᠠᠨ ᠰᠢᠢᠳᠪᠦᠷᠢᠯᠡᠬᠦ ᠪᠠ ᠡᠬᠢ | ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ ᠃ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠬᠤᠪᠢᠰᠬᠠᠯ | ᠬᠢᠭᠡᠳ ᠠᠮᠢᠳᠤᠷᠠᠯ ᠤᠨ ᠪᠣᠬᠢᠷ ᠤᠰᠤ ᠶᠢ ᠵᠠᠰᠠᠬᠤ ᠶᠢ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠵᠤ ᠂ | ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠵᠣᠷᠯᠣᠩ ᠤᠨ ᠪᠠᠭᠠᠰᠤᠨ ᠪᠣᠬᠢᠷᠳᠤᠯ ᠢ ᠲᠠᠷᠠᠬᠠᠢ | ᠪᠤᠲᠠᠷᠬᠠᠢ ᠰᠢᠢᠳᠪᠦᠷᠢᠯᠡᠬᠦ ᠶᠢ ᠠᠬᠢᠭᠤᠯᠤᠨ᠎ᠠ ᠃ ᠲᠥᠪᠯᠡᠷᠡᠭᠦᠯᠦᠨ ᠰᠢᠢᠳᠪᠦᠷᠢᠯᠡᠬᠦ ᠪᠤᠶᠤ ᠪᠣᠬᠢᠷ ᠤᠰᠤᠨ ᠤ | ᠬᠤᠭᠤᠯᠠᠢ ᠶᠢᠨ ᠲᠣᠣᠷ ᠤᠨ ᠨᠥᠬᠦᠴᠡᠯ ᠳᠤ ᠣᠷᠣᠭᠤᠯᠤᠭᠰᠠᠨ ᠡᠷᠦᠬᠡ ᠶᠢᠨ ᠵᠣᠷᠯᠣᠩ ᠢ ᠪᠣᠬᠢᠷ ᠤᠰᠤ ᠶᠢ | ᠰᠢᠢᠳᠪᠦᠷᠢᠯᠡᠬᠦ ᠰᠢᠰᠲ᠋ᠧᠮ ᠳᠤ ᠣᠷᠣᠭᠤᠯᠤᠨ ᠨᠢᠭᠡᠳᠦᠯᠲᠡᠢ ᠰᠢᠢᠳᠪᠦᠷᠢᠯᠡᠨ᠎ᠡ ︔ ᠪᠣᠬᠢᠷ ᠤᠰᠤᠨ ᠤ ᠬᠤᠭᠤᠯᠠᠢ ᠶᠢᠨ | ᠲᠣᠣᠷ ᠲᠤ ᠣᠷᠣᠭᠤᠯᠤᠭᠰᠠᠨ ᠦᠭᠡᠢ ᠪᠣᠯᠪᠠᠴᠤ ᠬᠠᠷᠢᠴᠠᠩᠭᠤᠢ ᠪᠠᠷ ᠲᠥᠪᠯᠡᠷᠡᠭᠰᠡᠨ ᠡᠷᠦᠬᠡ ᠶᠢᠨ ᠵᠣᠷᠯᠣᠩ ᠳᠤ ᠪᠣᠯ ᠂ | ᠪᠠᠭᠠᠰᠤ ᠪᠣᠬᠢᠷᠳᠤᠯ ᠢ ᠲᠥᠪᠯᠡᠷᠡᠭᠦᠯᠦᠨ ᠰᠢᠢᠳᠪᠦᠷᠢᠯᠡᠬᠦ ᠪᠡᠯᠡᠳᠬᠡᠮᠵᠢ ᠪᠠᠶᠢᠭᠤᠯᠵᠤ ᠂ ᠲᠣᠭᠲᠠᠮᠠᠯ | ᠬᠤᠭᠤᠴᠠᠭ᠎ᠠ ᠲᠠᠢ ᠪᠠᠷ ᠠᠭᠤᠳᠠᠯᠤᠨ ᠲᠡᠭᠡᠭᠡᠪᠦᠷᠢᠯᠡᠵᠦ᠂ ᠬᠤᠣᠷ ᠦᠭᠡᠢ ᠪᠣᠯᠭᠠᠨ ᠰᠢᠢᠳᠪᠦᠷᠢᠯᠡᠬᠦ ᠪᠤᠶᠤ ᠡᠬᠢ | ᠪᠠᠶᠠᠯᠢᠭᠵᠢᠭᠤᠯᠤᠨ ᠠᠰᠢᠭᠯᠠᠬᠤ ᠶᠢ ᠲᠥᠪᠯᠡᠷᠡᠭᠦᠯᠦᠨ ᠶᠠᠪᠤᠭᠳᠠᠭᠤᠯᠤᠨ᠎ᠠ ︔ ᠪᠤᠶᠢᠳᠠ ᠪᠥᠭᠯᠡᠭᠦᠦ ᠭᠠᠵᠠᠷ ᠣᠷᠣᠨ ᠳᠤ | ᠲᠠᠷᠠᠬᠠᠢ ᠪᠤᠲᠠᠷᠬᠠᠢ ᠪᠠᠶᠢᠭ᠎ᠠ ᠡᠷᠦᠬᠡ ᠶᠢᠨ ᠵᠣᠷᠯᠣᠩ ᠤᠨ ᠪᠠᠭᠠᠰᠤ ᠰᠢᠭᠡᠰᠦ ᠶᠢ ᠲᠤᠬᠠᠢ ᠶᠢᠨ ᠭᠠᠵᠠᠷ ᠲᠤᠨᠢ ᠣᠶᠢᠷ᠎ᠠ | ᠬᠠᠪᠢ ᠳᠤᠨᠢ ᠬᠤᠣᠷ ᠦᠭᠡᠶᠢᠳᠡᠭᠦᠯᠦᠨ ᠰᠢᠩᠭᠡᠭᠡᠵᠦ ᠂ ᠶᠡᠷᠦᠩᠬᠡᠶᠢᠯᠡᠨ ᠠᠰᠢᠭᠯᠠᠨ᠎ᠠ ᠃ ᠭᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠶ ᠂ ᠮᠠᠯᠴᠢᠨ ᠲᠠᠷᠢᠶᠠᠴᠢᠨ ᠤ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ | ᠠᠬᠤᠢ ᠶᠢᠨ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠵᠣᠷᠯᠣᠩ ᠤᠨ ᠪᠠᠭᠠᠰᠤᠨ ᠪᠣᠬᠢᠷᠳᠤᠯ ᠢ ᠬᠤᠷᠢᠶᠠᠨ | ᠴᠤᠭᠯᠠᠭᠤᠯᠵᠤ ᠰᠢᠢᠳᠪᠦᠷᠢᠯᠡᠬᠦ ᠪᠠ ᠠᠰᠢᠭᠯᠠᠬᠤ ᠶᠢ ᠥᠷᠨᠢᠭᠦᠯᠬᠦ ᠶᠢ ᠵᠣᠷᠢᠭᠵᠢᠭᠤᠯᠵᠤ ᠂ ᠵᠣᠷᠯᠣᠩ ᠤᠨ ᠪᠠᠭᠠᠰᠤᠨ | ᠪᠣᠬᠢᠷᠳᠤᠯ ᠬᠢᠭᠡᠳ ᠮᠠᠯ ᠤᠨ ᠪᠠᠭᠠᠰᠤᠨ ᠪᠣᠬᠢᠷᠳᠤᠯ ᠢ ᠨᠢᠭᠡᠳᠦᠯᠲᠡᠢ ᠲᠥᠯᠥᠪᠯᠡᠨ ᠰᠢᠢᠳᠪᠦᠷᠢᠯᠡᠬᠦ ᠪᠠ ᠡᠬᠢ | ᠪᠠᠶᠠᠯᠢᠭᠵᠢᠭᠤᠯᠤᠨ ᠠᠰᠢᠭᠯᠠᠬᠤ ᠶᠢ ᠢᠳᠡᠪᠬᠢᠲᠡᠢ ᠠᠬᠢᠭᠤᠯᠵᠤ ᠂ 2025 ᠣᠨ ᠪᠣᠯᠬᠤ ᠳᠤ ᠮᠠᠯ ᠵᠢᠭᠦᠷᠲᠡᠨ ᠤ | ᠪᠠᠭᠠᠰᠤᠨ ᠪᠣᠬᠢᠷᠳᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 83% ᠠᠴᠠ ᠳᠡᠭᠡᠭᠰᠢ ᠳᠤ | ᠬᠦᠷᠦᠭᠦᠯᠦᠨ᠎ᠡ ᠃ | ᠭᠤᠷᠪᠠ ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠶᠢ ᠨᠢᠭᠡᠳᠦᠯᠲᠡᠢ | ᠲᠥᠯᠥᠪᠯᠡᠨ ᠠᠬᠢᠭᠤᠯᠤᠨ᠎ᠠ | ︵ ᠳᠣᠯᠤᠭ᠎ᠠ ︶ ᠵᠠᠰᠠᠯᠲᠠ ᠶᠢ ᠲᠥᠷᠥᠯ ᠬᠤᠪᠢᠶᠠᠨ ᠠᠬᠢᠭᠤᠯᠤᠨ᠎ᠠ ᠃ ᠬᠤᠯᠪᠣᠭᠳᠠᠯ ᠪᠦᠬᠦᠢ ᠬᠤᠰᠢᠭᠤ | ᠰᠢᠶᠠᠨ ᠢ ᠵᠢᠯᠣᠭᠤᠳᠤᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ | ᠲᠥᠯᠦᠪᠵᠢᠭᠦᠯᠭᠡ ᠶᠢ ᠲᠣᠬᠢᠷᠠᠭᠤᠯᠤᠨ ᠲᠡᠭᠦᠯᠳᠡᠷᠵᠢᠭᠦᠯᠵᠦ ᠂ ᠬᠠᠲᠤᠨ ᠭᠤᠣᠯ ᠳᠠᠭᠠᠤ ᠶᠢᠨ ᠰᠠᠪᠠ ᠭᠠᠵᠠᠷ ᠂ | ᠭᠤᠣᠯᠳᠠᠯᠭ᠎ᠠ ᠲᠠᠢ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠂ ᠰᠢᠶᠠᠩ ᠪᠠᠯᠭᠠᠰᠤᠨ ᠤ ᠵᠠᠰᠠᠭ ᠤᠨ | ᠣᠷᠳᠣᠨ ᠤ ᠪᠠᠶᠢᠭ᠎ᠠ ᠭᠠᠵᠠᠷ ᠂ ᠭᠤᠣᠯ ᠲᠣᠰᠬᠤᠨ ᠂ ᠬᠤᠲᠠ ᠬᠥᠳᠡᠭᠡ ᠶᠢᠨ ᠠᠭᠤᠯᠵᠠᠷ ᠭᠠᠵᠠᠷ ᠂ ᠵᠤᠭᠠᠴᠠᠯ ᠤᠨ | ᠦᠵᠡᠮᠵᠢ ᠶᠢᠨ ᠣᠷᠣᠨ ᠵᠡᠷᠭᠡ ᠭᠠᠵᠠᠷ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠵᠢᠯ ᠢ ᠭᠤᠣᠯᠳᠠᠯᠭ᠎ᠠ | ᠲᠠᠢ ᠰᠠᠶᠢᠲᠤᠷ ᠬᠢᠵᠦ ᠂ ᠠᠮᠢᠳᠤᠷᠠᠯ ᠤᠨ ᠪᠣᠬᠢᠷ ᠤᠰᠤ ᠶᠢ ᠵᠠᠰᠠᠬᠤ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠪᠠ ᠰᠡᠭᠦᠯᠴᠢ ᠶᠢᠨ ᠬᠤᠭᠤᠴᠠᠭᠠᠨ ᠤ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ | ᠴᠢᠩᠭᠠᠳᠬᠠᠵᠤ ᠂ ᠬᠤᠲᠠ ᠶᠢᠨ ᠣᠶᠢᠷ᠎ᠠ ᠲᠡᠭᠦᠷᠭᠡ ᠶᠢᠨ ᠣᠷᠣᠨ ᠤ ᠠᠮᠢᠳᠤᠷᠠᠯ ᠤᠨ ᠪᠣᠬᠢᠷ ᠤᠰᠤ ᠶᠢ ᠬᠤᠲᠠ | ᠪᠠᠯᠭᠠᠰᠤᠨ ᠤ ᠪᠣᠬᠢᠷ ᠤᠰᠤᠨ ᠤ ᠬᠤᠭᠤᠯᠠᠢ ᠶᠢᠨ ᠲᠣᠣᠷ ᠲᠤ ᠣᠷᠣᠭᠤᠯᠤᠨ ᠲᠥᠪᠯᠡᠷᠡᠭᠦᠯᠦᠨ ᠰᠢᠢᠳᠪᠦᠷᠢᠯᠡᠵᠦ ᠂ | ᠪᠠᠶᠢᠩᠭᠤ ᠰᠠᠭᠤᠭ᠎ᠠ ᠬᠥᠮᠥᠨ ᠠᠮᠠ ᠨᠢ 1000 ᠬᠥᠮᠥᠨ ᠠᠴᠠ ᠳᠡᠭᠡᠭᠰᠢ ᠂ ᠲᠥᠪᠯᠡᠷᠡᠨ ᠰᠠᠭᠤᠷᠢᠰᠢᠭᠰᠠᠨ | ᠲᠤᠰᠠᠭᠠᠷ ᠪᠤᠶᠤ ᠵᠠᠯᠭᠠᠯᠳᠤᠭᠰᠠᠨ ᠠᠶᠢᠯ ᠲᠣᠰᠬᠤᠨ ᠳᠤ ᠡᠳᠦᠷ ᠤᠨ ᠰᠢᠢᠳᠪᠦᠷᠢᠯᠡᠬᠦ ᠴᠢᠳᠠᠪᠤᠷᠢ ᠨᠢ 20 ᠲᠣᠨ ᠠᠴᠠ | ᠳᠡᠭᠡᠭᠰᠢᠬᠢ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠲᠥᠬᠦᠭᠡᠷᠦᠮᠵᠢ ᠶᠢ ᠪᠠᠶᠢᠭᠤᠯᠵᠤ ᠪᠣᠯᠣᠨ᠎ᠠ ᠃ | ᠪᠠᠶᠢᠩᠭᠤ ᠰᠠᠭᠤᠭ᠎ᠠ ᠬᠥᠮᠥᠨ ᠠᠮᠠ 300 ᠠᠴᠠ 1000 ᠬᠥᠮᠥᠨ᠂ ᠲᠠᠷᠠᠬᠠᠢ ᠪᠤᠲᠠᠷᠬᠠᠢ ᠰᠠᠭᠤᠷᠢᠰᠢᠵᠤ ᠪᠠᠶᠢᠭ᠎ᠠ | ᠲᠤᠰᠠᠭᠠᠷ ᠪᠤᠶᠤ ᠵᠠᠯᠭᠠᠯᠳᠤᠭᠰᠠᠨ ᠠᠶᠢᠯ ᠲᠣᠰᠬᠤᠨ ᠨᠢ ᠲᠠᠷᠠᠬᠠᠢ ᠰᠢᠢᠳᠪᠦᠷᠢᠯᠡᠬᠦ ᠲᠥᠬᠦᠭᠡᠷᠦᠮᠵᠢ ᠪᠤᠶᠤ | ᠲᠥᠪᠯᠡᠷᠡᠭᠦᠯᠦᠨ ᠪᠠᠶᠢᠭᠤᠯᠬᠤ ᠡᠳᠦᠷ ᠤᠨ ᠰᠢᠢᠳᠪᠦᠷᠢᠯᠡᠬᠦ ᠴᠢᠳᠠᠪᠤᠷᠢ ᠪᠠᠷ 5 ᠲᠣᠨ ᠣᠷᠴᠢᠮ ᠪᠠᠶᠢᠬᠤ ᠪᠣᠬᠢᠷ ᠤᠰᠤ | ᠰᠢᠢᠳᠪᠦᠷᠢᠯᠡᠬᠦ ᠪᠠᠭ᠎ᠠ ᠬᠡᠯᠪᠡᠷᠢ ᠶᠢᠨ ᠪᠡᠯᠡᠳᠬᠡᠮᠵᠢ ᠶᠢ ᠠᠰᠢᠭᠯᠠᠵᠤ᠂ ᠪᠠᠶᠢᠩᠭᠤ ᠰᠠᠭᠤᠭ᠎ᠠ ᠬᠥᠮᠥᠨ ᠠᠮᠠ ᠨᠢ 300 | ᠠᠴᠠ ᠳᠣᠷᠣᠭᠰᠢ ᠪᠠᠶᠢᠬᠤ ᠲᠠᠷᠠᠬᠠᠢ ᠪᠤᠲᠠᠷᠬᠠᠢ᠂ ᠪᠤᠶᠢᠳᠠ ᠪᠥᠭᠯᠡᠭᠦᠦ ᠠᠶᠢᠯ ᠲᠣᠰᠬᠤᠨ ᠨᠢ ᠪᠠᠭᠠᠰᠤ ᠪᠣᠬᠢᠷ ᠢ | ᠴᠤᠭᠯᠠᠭᠤᠯᠬᠤ ᠪᠠᠷ ᠭᠤᠣᠯ ᠪᠣᠯᠭᠠᠭᠰᠠᠨ ᠠᠮᠢᠳᠤᠷᠠᠯ ᠤᠨ ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ | ᠠᠷᠭ᠎ᠠ ᠮᠠᠶ᠋ᠢᠭ ᠢᠶᠠᠷ ᠳᠠᠮᠵᠢᠭᠤᠯᠤᠨ ᠪᠣᠬᠢᠷ ᠤᠰᠤ ᠶᠢ ᠰᠢᠢᠳᠪᠦᠷᠢᠯᠡᠵᠦ ᠪᠣᠯᠣᠨ᠎ᠠ᠃ ᠪᠣᠬᠢᠷ ᠤᠰᠤ ᠶᠢ ᠰᠢᠢᠳᠪᠦᠷᠢᠯᠡᠬᠦ | ᠪᠠ ᠡᠬᠢ ᠪᠠᠶᠠᠯᠢᠭᠵᠢᠭᠤᠯᠤᠨ ᠠᠰᠢᠭᠯᠠᠬᠤ ᠵᠠᠭᠪᠤᠷ ᠢ ᠰᠢᠨᠵᠢᠯᠡᠬᠦ ᠤᠬᠠᠭᠠᠨᠴᠢ ᠪᠠᠷ ᠰᠣᠩᠭᠤᠵᠤ ᠂ ᠬᠠᠷ᠎ᠠ ᠦᠨᠡᠰᠦᠨ | ᠤᠰᠤ ᠶᠢ ᠲᠥᠷᠥᠯ ᠬᠤᠪᠢᠶᠠᠨ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠂ ᠮᠠᠯ ᠵᠢᠭᠦᠷᠲᠡᠨ ᠤ ᠪᠠᠭᠠᠰᠤᠨ | ᠪᠣᠬᠢᠷᠳᠤᠯ ᠢ ᠬᠠᠮᠵᠢᠯᠴᠠᠨ ᠵᠠᠰᠠᠬᠤ ᠂ ᠠᠮᠢ ᠠᠬᠤᠢ ᠶᠢᠨ ᠭᠤᠸ ᠰᠤᠪᠠᠭ ᠂ ᠴᠢᠭᠢᠭᠯᠢᠭ ᠭᠠᠵᠠᠷ ᠢ ᠪᠦᠲᠦᠭᠡᠨ | ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠠᠮᠢᠳᠤᠷᠠᠯ ᠤᠨ ᠪᠣᠬᠢᠷ ᠤᠰᠤ ᠶᠢ ᠰᠢᠨᠵᠢᠯᠡᠬᠦ | ᠤᠬᠠᠭᠠᠨᠴᠢ ᠪᠠᠷ ᠰᠢᠢᠳᠪᠦᠷᠢᠯᠡᠭᠰᠡᠨ ᠤ ᠳᠠᠷᠠᠭ᠎ᠠ ᠠᠰᠢᠭᠯᠠᠬᠤ ᠱᠠᠭᠠᠷᠳᠠᠯᠭ᠎ᠠ ᠳᠤ ᠬᠦᠷᠦᠭᠦᠯᠵᠦ ᠂ ᠬᠦᠷᠢᠶ᠎ᠡ | ᠬᠠᠰᠢᠶ᠎ᠠ ᠶᠢ ᠭᠤᠶᠣᠵᠢᠭᠤᠯᠬᠤ ᠂ ᠠᠶᠢᠯ ᠲᠣᠰᠬᠤᠨ ᠢ ᠨᠣᠭᠤᠭᠠᠷᠠᠭᠤᠯᠬᠤ ᠪᠠ ᠲᠠᠷᠢᠶᠠᠨ ᠭᠠᠵᠠᠷ ᠢ ᠤᠰᠤᠯᠠᠬᠤ | ᠵᠡᠷᠭᠡ ᠳᠤ ᠬᠡᠷᠡᠭᠯᠡᠬᠦ ᠶᠢ ᠰᠦᠪᠡᠭᠴᠢᠯᠡᠨ᠎ᠡ ᠃ | ︵ ᠨᠠᠢᠮᠠ ︶ ᠮᠠᠯᠵᠢᠬᠤ ᠲᠠᠷᠢᠶᠠᠯᠠᠬᠤ ᠣᠷᠣᠨ ᠤ ᠬᠠᠷ᠎ᠠ ᠦᠮᠡᠬᠡᠢ ᠤᠰᠤᠨ ᠴᠣᠭᠴᠠ ᠶᠢ ᠵᠠᠰᠠᠬᠤ ᠶᠢ | ᠴᠢᠩᠭᠠᠳᠬᠠᠨ᠎ᠠ ᠃ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠪᠣᠬᠢᠷ ᠦᠮᠡᠬᠡᠢ ᠤᠰᠤᠨ ᠴᠣᠭᠴᠠ ᠶᠢᠨ | ᠰᠠᠭᠤᠷᠢ ᠲᠤᠭ᠎ᠠ ᠶᠢᠨ ᠪᠠᠶᠢᠴᠠᠭᠠᠯᠲᠠ ᠶᠢ ᠥᠷᠨᠢᠭᠦᠯᠵᠦ ᠂ ᠰᠠᠭᠤᠷᠢ ᠲᠤᠭ᠎ᠠ ᠶᠢ ᠪᠥᠬᠦ ᠲᠠᠯ᠎ᠠ ᠪᠠᠷ ᠣᠶᠢᠯᠠᠭᠠᠨ ᠂ | ᠵᠠᠰᠠᠬᠤ ᠡᠬᠡ ᠲᠠᠩᠰᠠ ᠪᠠᠶᠢᠭᠤᠯᠵᠤ ᠂ ᠵᠠᠰᠠᠬᠤ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠲᠣᠳᠣᠷᠬᠠᠶᠢᠯᠠᠨ᠎ᠠ ᠃ | ᠮᠠᠯᠵᠢᠬᠤ ᠲᠠᠷᠢᠶᠠᠯᠠᠬᠤ ᠣᠷᠣᠨ ᠤ ᠪᠣᠬᠢᠷ ᠦᠮᠡᠬᠡᠢ ᠤᠰᠤᠨ ᠴᠣᠭᠴᠠ ᠶᠢ ᠲᠣᠭᠲᠠᠮᠠᠯ ᠬᠤᠭᠤᠴᠠᠭ᠎ᠠ ᠲᠠᠢ ᠪᠠᠷ | ᠵᠢᠭᠰᠠᠭᠠᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ ᠂ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ | ᠰᠢᠰᠲ᠋ᠧᠮ ᠢ ᠶᠡᠷᠦᠩᠬᠡᠶᠢᠯᠡᠨ ᠵᠠᠰᠠᠬᠤ ᠲᠠᠢ ᠤᠶᠠᠯᠳᠤᠭᠤᠯᠤᠨ ᠂ ᠤᠰᠤᠨ ᠤ ᠰᠢᠰᠲ᠋ᠧᠮ ᠢ ᠬᠤᠯᠪᠣᠯᠳᠤᠭᠤᠯᠬᠤ ᠵᠢᠴᠢ | ᠤᠰᠤ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠲᠤᠷᠰᠢᠯᠲᠠ ᠶᠢᠨ ᠴᠢᠭ᠋ ᠢ ᠲᠦᠯᠬᠢᠨ ᠠᠬᠢᠭᠤᠯᠤᠨ᠎ᠠ ᠃ | ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠦᠢᠯᠡᠳᠴᠦ ᠬᠡᠷᠡᠭᠯᠡᠬᠦ ᠶᠢ ᠭᠦᠢᠴᠡᠳ ᠪᠠᠳᠠᠷᠠᠭᠤᠯᠵᠤ ᠂ | ᠮᠠᠯᠵᠢᠬᠤ ᠲᠠᠷᠢᠶᠠᠯᠠᠬᠤ ᠣᠷᠣᠨ ᠤ ᠭᠤᠣᠯ ᠮᠥᠷᠡᠨ ᠨᠠᠭᠤᠷ ᠴᠥᠭᠦᠷᠥᠮ ᠤᠨ ᠲᠣᠪᠣᠶᠢᠮ᠎ᠠ ᠠᠮᠢ ᠠᠬᠤᠢ ᠶᠢᠨ ᠣᠷᠴᠢᠨ | ᠲᠣᠭᠤᠷᠢᠨ ᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ ᠃ | ᠳᠥᠷᠪᠡ᠂ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠬᠢᠷᠢ ᠬᠡᠮᠵᠢᠶ᠎ᠡ ᠶᠢ | ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ | ︵ ᠶᠢᠰᠦ ︶ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ ᠃ ᠮᠠᠯᠵᠢᠬᠤ | ᠲᠠᠷᠢᠶᠠᠯᠠᠬᠤ ᠣᠷᠣᠨ ᠤ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ ᠂ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠪᠡᠯᠡᠳᠬᠡᠮᠵᠢ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ ᠃ ᠠᠶᠢᠯ ᠲᠣᠰᠬᠤᠨ ᠤ ᠲᠠᠷᠬᠠᠯᠲᠠ ᠂ ᠬᠤᠭ ᠨᠣᠪᠰᠢ ᠶᠢᠨ ᠭᠠᠷᠤᠯᠲᠠ | ᠂ ᠳᠠᠮᠵᠢᠭᠤᠯᠤᠨ ᠲᠡᠭᠡᠭᠡᠪᠦᠷᠢᠯᠡᠬᠦ ᠵᠠᠢ ᠂ ᠠᠵᠤ ᠠᠬᠤᠢ ᠶᠢᠨ ᠨᠥᠬᠦᠴᠡᠯ ᠵᠡᠷᠭᠡ ᠬᠦᠴᠦᠨ ᠵᠦᠢᠯ ᠢ ᠶᠡᠷᠦᠩᠬᠡᠶᠢᠯᠡᠨ | ᠪᠣᠳᠣᠯᠬᠢᠯᠠᠵᠤ ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠵᠦ ᠰᠢᠢᠳᠪᠦᠷᠢᠯᠡᠬᠦ ᠠᠵᠢᠯ ᠢ ᠥᠷᠨᠢᠭᠦᠯᠵᠦ ᠂ ᠬᠤᠲᠠ ᠪᠠᠯᠭᠠᠰᠤ ᠶᠢᠨ ᠡᠷᠭᠢᠨ ᠲᠣᠭᠤᠷᠢᠨ ᠳᠤ 《 | ᠲᠠᠷᠢᠶᠠᠯᠠᠬᠤ ᠮᠠᠯᠵᠢᠬᠤ ᠡᠷᠦᠬᠡ ᠴᠤᠭᠯᠠᠭᠤᠯᠬᠤ ᠂ ᠭᠠᠴᠠᠭ᠎ᠠ ᠲᠣᠰᠬᠤᠨ ᠳᠤ ᠬᠤᠷᠢᠶᠠᠬᠤ ᠂ ᠰᠤᠮᠤ ᠰᠢᠶᠠᠩ | ᠪᠠᠯᠭᠠᠰᠤ ᠳᠠᠮᠵᠢᠭᠤᠯᠤᠨ ᠲᠡᠭᠡᠭᠡᠪᠦᠷᠢᠯᠡᠬᠦ ᠂ ᠬᠤᠰᠢᠭᠤ ᠰᠢᠶᠠᠨ ᠰᠢᠢᠳᠪᠦᠷᠢᠯᠡᠬᠦ 》 ᠬᠤᠲᠠ ᠬᠥᠳᠡᠭᠡ ᠶᠢ ᠨᠢᠭᠡ | ᠴᠣᠭᠴᠠᠵᠢᠭᠤᠯᠤᠨ ᠵᠠᠰᠠᠬᠤ ᠵᠠᠭᠪᠤᠷ ᠢ ᠬᠡᠷᠡᠭᠯᠡᠵᠦ ᠂ ᠬᠥᠮᠥᠨ ᠠᠮᠠ ᠨᠡᠯᠢᠶᠡᠳ ᠨᠢᠭᠲᠠᠷᠠᠭᠰᠠᠨ ᠭᠠᠵᠠᠷ ᠣᠷᠣᠨ | ᠳᠤ《ᠲᠠᠷᠢᠶᠠᠯᠠᠬᠤ ᠮᠠᠯᠵᠢᠬᠤ ᠡᠷᠦᠬᠡ ᠴᠤᠭᠯᠠᠷᠠᠬᠤ᠂ ᠭᠠᠴᠠᠭ᠎ᠠ ᠲᠣᠰᠬᠤᠨ ᠢᠶᠠᠷ ᠬᠤᠷᠢᠶᠠᠬᠤ᠂ ᠰᠤᠮᠤ ᠰᠢᠶᠠᠩ | ᠪᠠᠯᠭᠠᠰᠤ ᠪᠠᠷ ᠰᠢᠢᠳᠪᠦᠷᠢᠯᠡᠬᠦ》 ᠰᠤᠮᠤ ᠰᠢᠶᠠᠩ ᠪᠠᠯᠭᠠᠰᠤ ᠶᠢ ᠲᠥᠪᠯᠡᠷᠡᠭᠦᠯᠦᠨ ᠵᠠᠰᠠᠬᠤ ᠵᠠᠭᠪᠤᠷ ᠢ ᠠᠪᠴᠤ᠂ | ᠪᠤᠶᠢᠳᠠ ᠪᠥᠭᠯᠡᠭᠦᠦ ᠭᠠᠵᠠᠷ ᠪᠠᠶᠢᠷᠢᠯᠠᠵᠤ᠂ ᠬᠥᠮᠥᠨ ᠠᠮᠠ ᠲᠠᠷᠠᠬᠠᠢ ᠪᠤᠲᠠᠷᠬᠠᠢ ᠭᠠᠴᠠᠭ᠎ᠠ ᠲᠣᠰᠬᠤᠨ | ᠳᠤ《ᠲᠠᠷᠢᠶᠠᠯᠠᠬᠤ ᠮᠠᠯᠵᠢᠬᠤ ᠡᠷᠦᠬᠡ ᠴᠤᠭᠯᠠᠷᠠᠬᠤ᠂ ᠭᠠᠴᠠᠭ᠎ᠠ ᠲᠣᠰᠬᠤᠨ ᠢᠶᠠᠷ ᠬᠤᠷᠢᠶᠠᠬᠤ᠂ ᠭᠠᠴᠠᠭ᠎ᠠ ᠲᠣᠰᠬᠤᠨ | ᠢᠶᠠᠷ ᠰᠢᠢᠳᠪᠦᠷᠢᠯᠡᠬᠦ》 ᠠᠶᠢᠯ ᠲᠣᠰᠬᠤᠨ ᠢ ᠰᠠᠯᠭᠠᠨ ᠵᠠᠰᠠᠬᠤ ᠵᠠᠭᠪᠤᠷ ᠢ ᠠᠪᠴᠤ ᠪᠣᠯᠣᠨ᠎ᠠ᠃ ᠲᠤᠬᠠᠢ ᠶᠢᠨ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ᠵᠢᠵᠢᠭ ᠬᠡᠯᠪᠡᠷᠢ ᠶᠢᠨ ᠂ ᠲᠠᠷᠠᠬᠠᠢ ᠪᠤᠲᠠᠷᠬᠠᠢ ᠬᠤᠣᠷ ᠦᠭᠡᠢ ᠪᠣᠯᠭᠠᠨ | ᠰᠢᠢᠳᠪᠦᠷᠢᠯᠡᠬᠦ ᠠᠷᠭ᠎ᠠ ᠮᠠᠶ᠋ᠢᠭ ᠢ ᠬᠡᠷᠡᠭᠯᠡᠵᠦ ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ ᠂ | ᠳᠠᠮᠵᠢᠭᠤᠯᠤᠨ ᠲᠡᠭᠡᠭᠡᠪᠦᠷᠢᠯᠡᠬᠦ ᠂ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ | ᠥᠪᠡᠷ ᠤᠨ ᠥᠷᠲᠡᠭ ᠢ ᠪᠠᠭᠤᠷᠠᠭᠤᠯᠤᠨ᠂ ᠲᠣᠭᠲᠠᠭᠤᠨ ᠢᠶᠠᠷ ᠠᠵᠢᠯᠯᠠᠬᠤ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠵᠤ ᠂ ᠠᠵᠢᠯᠯᠠᠭᠠᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ ᠃ | ︵ ᠠᠷᠪᠠ ︶ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢᠨ ᠲᠥᠷᠥᠯ ᠬᠤᠪᠢᠶᠠᠨ | ᠬᠡᠮᠵᠢᠶ᠎ᠡ ᠶᠢ ᠪᠠᠭᠠᠰᠬᠠᠬᠤ ᠪᠠ ᠠᠰᠢᠭᠯᠠᠬᠤ ᠶᠢ ᠠᠬᠢᠭᠤᠯᠤᠨ᠎ᠠ ᠃ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ | ᠪᠠᠶᠠᠯᠢᠭᠵᠢᠭᠤᠯᠤᠨ ᠠᠰᠢᠭᠯᠠᠬᠤ ᠲᠤᠷᠰᠢᠯᠲᠠ ᠶᠢᠨ ᠴᠢᠭ᠋ ᠤᠨ ᠦᠷ᠎ᠡ ᠪᠦᠲᠦᠭᠡᠯ ᠢ ᠪᠠᠬᠢᠵᠢᠭᠦᠯᠵᠦ ᠂ ᠮᠠᠯᠵᠢᠬᠤ | ᠲᠠᠷᠢᠶᠠᠯᠠᠬᠤ ᠣᠷᠣᠨ ᠤ ᠣᠨᠴᠠᠯᠢᠭ ᠪᠠ ᠮᠠᠯᠴᠢᠨ ᠲᠠᠷᠢᠶᠠᠴᠢᠨ ᠤ ᠵᠠᠩ ᠳᠠᠳᠬᠠᠯ ᠳᠤ ᠨᠡᠶᠢᠴᠡᠬᠦ ᠂ ᠳᠥᠭᠦᠮ ᠳᠥᠲᠡ | ᠪᠥᠭᠡᠳ ᠶᠠᠪᠤᠭᠳᠠᠭᠤᠰᠢᠲᠠᠢ ᠲᠥᠷᠥᠯ ᠬᠤᠪᠢᠶᠠᠨ ᠰᠢᠢᠳᠪᠦᠷᠢᠯᠡᠬᠦ ᠵᠠᠭᠪᠤᠷ ᠢ ᠢᠳᠡᠪᠬᠢᠲᠡᠢ ᠪᠠᠷ ᠳᠡᠯᠭᠡᠷᠡᠭᠦᠯᠦᠨ᠎ᠡ ᠃ | ᠪᠠᠷᠢᠯᠭ᠎ᠠ ᠶᠢᠨ ᠬᠤᠭ ᠨᠣᠪᠰᠢ ᠂ ᠨᠡᠭᠦᠷᠡᠰᠦᠨ ᠰᠢᠭᠠᠷᠤ ᠶᠢᠨ ᠦᠨᠡᠰᠦᠨ ᠰᠢᠷᠣᠢ ᠵᠡᠷᠭᠡ ᠶᠢ ᠲᠤᠬᠠᠢ ᠶᠢᠨ ᠭᠠᠵᠠᠷ | ᠲᠤᠨᠢ ᠣᠶᠢᠷ᠎ᠠ ᠬᠠᠪᠢ ᠳᠤᠨᠢ ᠰᠢᠩᠭᠡᠭᠡᠬᠦ ᠠᠷᠭ᠎ᠠ ᠮᠠᠶ᠋ᠢᠭ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ ᠂ | ᠲᠣᠰᠬᠤᠨ ᠤ ᠳᠣᠲᠣᠷᠠᠬᠢ ᠵᠠᠮ ᠂ ᠦᠵᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠶᠢ ᠵᠣᠷᠢᠭᠵᠢᠭᠤᠯᠤᠨ᠎ᠠ ᠃ | ᠲᠣᠰᠬᠤᠨ ᠠᠴᠠ ᠬᠤᠭ ᠨᠣᠪᠰᠢ ᠶᠢ ᠭᠠᠷᠭᠠᠬᠤ ᠬᠡᠮᠵᠢᠶ᠎ᠡ ᠶᠢ ᠪᠠᠭᠠᠰᠬᠠᠵᠤ᠂ ᠡᠭᠡᠭᠦᠯᠦᠨ ᠬᠤᠷᠢᠶᠠᠵᠤ ᠪᠣᠯᠬᠤ ᠬᠤᠭ | ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ ᠨᠥᠬᠦᠴᠡᠯ ᠲᠠᠢ ᠭᠠᠵᠠᠷ | ᠣᠷᠣᠨ ᠳᠤ ᠠᠮᠠᠷᠬᠠᠨ ᠢᠯᠵᠢᠷᠡᠬᠦ ᠬᠤᠭ ᠨᠣᠪᠰᠢ ᠶᠢ ᠲᠤᠬᠠᠢ ᠶᠢᠨ ᠭᠠᠵᠠᠷ ᠲᠤᠨᠢ ᠣᠶᠢᠷᠠᠯᠴᠠᠭ᠎ᠠ ᠭᠠᠵᠠᠷ ᠲᠤᠨᠢ | ᠰᠢᠩᠭᠡᠭᠡᠬᠦ᠂ ᠬᠤᠣᠷ ᠬᠥᠨᠥᠭᠡᠯ ᠲᠠᠢ ᠬᠤᠭ ᠨᠣᠪᠰᠢ ᠶᠢ ᠠᠰ ᠲᠤᠨᠢ ᠴᠤᠭᠯᠠᠭᠤᠯᠤᠨ ᠬᠠᠳᠠᠭᠠᠯᠠᠬᠤ ᠪᠠ ᠰᠢᠢᠳᠪᠦᠷᠢᠯᠡᠬᠦ | ᠂ ᠪᠤᠰᠤᠳ ᠬᠤᠭ ᠨᠣᠪᠰᠢ ᠶᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ | ᠪᠠᠶᠠᠯᠢᠭᠵᠢᠭᠤᠯᠤᠨ ᠠᠰᠢᠭᠯᠠᠬᠤ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠶᠢ ᠡᠮᠬᠢ ᠵᠢᠷᠤᠮ ᠲᠠᠢ | ᠥᠷᠨᠢᠭᠦᠯᠦᠨ᠎ᠡ ᠃ ᠰᠤᠮᠤ ᠰᠢᠶᠠᠩ ᠪᠠᠯᠭᠠᠰᠤ ᠪᠤᠶᠤ ᠵᠠᠰᠠᠭ ᠵᠠᠬᠢᠷᠭᠠᠨ ᠤ ᠲᠣᠰᠬᠤᠨ ᠢᠶᠠᠷ ᠨᠢᠭᠡᠴᠢ ᠪᠣᠯᠭᠠᠨ ᠂ ᠨᠢᠭᠡ | ᠪᠦᠯᠦᠭ ᠣᠷᠣᠨ ᠪᠦᠰᠡ ᠶᠢᠨ ᠮᠠᠯᠵᠢᠬᠤ ᠲᠠᠷᠢᠶᠠᠯᠠᠬᠤ ᠣᠷᠣᠨ ᠤ ᠣᠷᠭᠠᠨᠢᠭ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠰᠢᠢᠳᠪᠦᠷᠢᠯᠡᠵᠦ ᠠᠰᠢᠭᠯᠠᠬᠤ ᠲᠥᠪ ᠢ ᠪᠠᠶᠢᠭᠤᠯᠵᠤ ᠂ ᠣᠷᠭᠠᠨᠢᠭ ᠠᠮᠢᠳᠤᠷᠠᠯ ᠤᠨ ᠬᠤᠭ ᠨᠣᠪᠰᠢ ᠂ ᠵᠣᠷᠯᠣᠩ ᠤᠨ | ᠪᠠᠭᠠᠰᠤᠨ ᠪᠣᠬᠢᠷᠳᠤᠯ ᠪᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠣᠷᠭᠠᠨᠢᠭ ᠬᠠᠶᠠᠭᠳᠠᠮᠠᠯ | ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠬᠠᠮᠵᠢᠯᠴᠠᠨ | ᠠᠬᠢᠭᠤᠯᠤᠨ᠎ᠠ ᠃ ᠬᠢᠮᠢ ᠶᠢᠨ ᠪᠣᠷᠳᠣᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ | ᠨᠡᠮᠡᠭᠳᠡᠭᠦᠯᠬᠦ ᠶᠢ ᠦᠷᠭᠦᠯᠵᠢᠯᠡᠨ ᠰᠠᠶᠢᠲᠤᠷ ᠠᠳᠬᠤᠵᠤ ᠂ ᠪᠣᠬᠢᠷᠳᠤᠯ ᠦᠭᠡᠢ ᠰᠡᠷᠭᠡᠶᠢᠯᠡᠨ ᠡᠵᠡᠮᠳᠡᠬᠦ ᠦᠢᠯᠡᠳᠬᠦᠨ | ᠪᠠ ᠮᠡᠷᠭᠡᠵᠢᠯ ᠢ ᠶᠡᠬᠡᠪᠡᠷ ᠳᠡᠯᠭᠡᠷᠡᠭᠦᠯᠦᠨ ᠂ 2025 ᠣᠨ ᠪᠣᠯᠬᠤ ᠳᠤ ᠬᠢᠮᠢ ᠶᠢᠨ ᠪᠣᠷᠳᠣᠭᠤᠷ ᠲᠠᠷᠢᠶᠠᠨ ᠡᠮ ᠤᠨ | ᠬᠡᠷᠡᠭᠯᠡᠯᠲᠡ ᠶᠢᠨ ᠬᠡᠮᠵᠢᠶ᠎ᠡ ᠶᠢ ᠦᠷᠭᠦᠯᠵᠢᠯᠡᠨ ᠰᠥᠭᠡᠷᠭᠦ ᠨᠡᠮᠡᠭᠳᠡᠯ ᠲᠠᠢ ᠪᠠᠶᠢᠯᠭᠠᠵᠤ ᠂ ᠡᠰᠢ ᠰᠦᠷᠡᠯ ᠢ ᠶᠡᠷᠦᠩᠬᠡᠶᠢᠯᠡᠨ | ᠠᠰᠢᠭᠯᠠᠬᠤ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ ᠃ ᠬᠠᠩᠭᠠᠨ ᠪᠣᠷᠣᠯᠠᠭᠤᠯᠬᠤ ᠬᠤᠷᠰᠢᠶ᠎ᠠ ᠶᠢᠨ | ᠮᠠᠯᠵᠢᠬᠤ ᠲᠠᠷᠢᠶᠠᠯᠠᠬᠤ ᠣᠷᠣᠨ ᠤ ᠰᠦᠯᠢᠶᠥᠦ ᠶᠢᠨ ᠪᠣᠬᠢᠷᠳᠤᠯ ᠢ ᠵᠠᠰᠠᠬᠤ ᠪᠠ ᠳᠠᠬᠢᠯᠲᠠ ᠡᠬᠢ ᠪᠠᠶᠠᠯᠢᠭ ᠢ ᠡᠭᠡᠭᠦᠯᠦᠨ | ᠬᠤᠷᠢᠶᠠᠵᠤ ᠠᠰᠢᠭᠯᠠᠬᠤ ᠳᠤ ᠢᠳᠡᠪᠬᠢᠲᠡᠢ ᠣᠷᠤᠯᠴᠠᠬᠤ ᠶᠢ ᠳᠡᠮᠵᠢᠨ᠎ᠡ ᠃ | ᠲᠠᠪᠤ᠂ ᠲᠣᠰᠬᠤᠨ ᠤ ᠳᠦᠷᠰᠦ ᠪᠠᠶᠢᠳᠠᠯ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠠᠬᠢᠭᠤᠯᠤᠨ᠎ᠠ | ︵ ᠠᠷᠪᠠᠨ ᠨᠢᠭᠡ ︶ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠠᠩᠰᠠ ᠡᠪᠬᠡᠮᠡᠯ ᠢ | ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ︽ | ᠵᠠᠮ ᠤᠨ ᠳᠠᠷᠤᠭ᠎ᠠ ᠶᠢᠨ ᠳᠦᠷᠢᠮ ︾ ᠢ ᠪᠥᠬᠦ ᠲᠠᠯ᠎ᠠ ᠪᠠᠷ ᠬᠡᠷᠡᠭᠵᠢᠭᠦᠯᠵᠦ ᠂ ︽ ᠳᠥᠷᠪᠡᠨ ᠰᠠᠶᠢᠨᠲᠠᠢ ᠬᠥᠳᠡᠭᠡ | ᠲᠣᠰᠬᠤᠨ ᠤ ᠵᠠᠮ ︾ ᠪᠠ ︽ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠠᠮ ︾ ᠤᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ ᠃ ᠮᠠᠯᠵᠢᠬᠤ ᠲᠠᠷᠢᠶᠠᠯᠠᠬᠤ ᠣᠷᠣᠨ ᠤ ᠵᠢᠭᠤᠯᠴᠢᠯᠠᠯ ᠤᠨ ᠵᠠᠮ ᠂ | ᠠᠵᠤ ᠦᠢᠯᠡᠰ ᠤᠨ ᠵᠠᠮ ᠂ ᠲᠣᠣᠷ ᠬᠤᠯᠪᠣᠭᠰᠠᠨ ᠵᠠᠮ ᠢ ᠡᠮᠬᠢ ᠵᠢᠷᠤᠮ ᠲᠠᠢ ᠪᠠᠷ ᠪᠦᠲᠦᠭᠡᠨ ᠪᠠᠶᠢᠭᠤᠯᠵᠤ ᠂ ᠰᠤᠮᠤ | ᠰᠢᠶᠠᠩ ᠪᠠᠯᠭᠠᠰᠤ ᠳᠤ ᠭᠤᠷᠪᠠᠳᠤᠭᠠᠷ ᠳᠡᠰ ᠤᠨ ᠵᠠᠰᠠᠮᠠᠯ ᠵᠠᠮ ᠨᠡᠪᠲᠡᠷᠡᠭᠦᠯᠬᠦ ᠂ ᠨᠡᠯᠢᠶᠡᠳ ᠶᠡᠭᠡ ᠬᠥᠮᠥᠨ ᠠᠮᠠ ᠶᠢᠨ | ᠬᠡᠪᠴᠢᠶᠡᠲᠦ ᠠᠶᠢᠯ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠨᠣᠷᠮ᠎ᠠ ᠶᠢ ᠳᠡᠭᠡᠭᠰᠢᠯᠡᠭᠦᠯᠦᠨ ᠂ | 2023 ᠣᠨ ᠪᠣᠯᠬᠤ ᠳᠤ ᠨᠡᠯᠢᠶᠡᠳ ᠶᠡᠭᠡ ᠬᠥᠮᠥᠨ ᠠᠮᠠ ᠶᠢᠨ ᠬᠡᠪᠴᠢᠶᠡᠲᠦ ᠠᠶᠢᠯ ᠲᠣᠰᠬᠤᠨ ᠳᠤ | ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠨᠣᠷᠮ᠎ᠠ ᠶᠢ 83.5% ᠠᠴᠠ ᠳᠡᠭᠡᠭᠰᠢ ᠳᠤ ᠬᠦᠷᠦᠭᠦᠯᠵᠦ ᠂ 2025 | ᠣᠨ ᠳᠤ 85% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ ᠃ ᠵᠠᠮ ᠬᠠᠷᠢᠯᠴᠠᠭᠠᠨ ᠤ ᠲᠥᠷᠥᠯ ᠵᠦᠢᠯ ᠢ | ᠠᠶᠢᠯ ᠲᠣᠰᠬᠤᠨ ᠳᠤ ᠣᠷᠣᠭᠤᠯᠬᠤ ᠪᠠ ᠡᠷᠦᠬᠡ ᠳᠤ ᠣᠷᠣᠭᠤᠯᠬᠤ ᠳᠠᠰᠢ ᠨᠠᠩ ᠢᠯᠡᠭᠦᠦ ᠬᠡᠯᠪᠡᠶᠢᠯᠭᠡᠬᠦ ᠶᠢ | ᠠᠬᠢᠭᠤᠯᠵᠤ ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠣᠣᠷ ᠢ ᠤᠯᠠᠮ ᠨᠢᠭᠡ ᠠᠯᠬᠤᠮ | ᠤᠷᠲᠤᠳᠬᠠᠵᠤ ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠤᠷᠬᠤ ᠬᠡᠪᠴᠢᠶ᠎ᠡ ᠪᠠ ᠨᠡᠪᠲᠡᠷᠡᠬᠦ | ᠭᠦᠨᠴᠡ ᠶᠢ ᠳᠡᠭᠡᠭᠰᠢᠯᠡᠭᠦᠯᠦᠨ᠎ᠡ ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ | ᠬᠠᠮᠠᠭᠠᠯᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠬᠤᠰᠢᠭᠤ ᠰᠢᠶᠠᠨ ᠤ ᠱᠠᠲᠤᠨ ᠤ | ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠂ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ | ︵ ᠠᠷᠪᠠᠨ ᠬᠤᠶᠠᠷ ︶ ᠠᠶᠢᠯ ᠲᠣᠰᠬᠤᠨ ᠤ ᠣᠯᠠᠨ ᠨᠡᠶᠢᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ | ᠬᠡᠷᠡᠭᠲᠡᠢ ᠃ ᠳᠤᠷ᠎ᠠ ᠪᠠᠷ ᠢᠶᠠᠨ ᠪᠠᠷᠢᠵᠤ ᠳᠤᠷ᠎ᠠ ᠪᠠᠷ ᠢᠶᠠᠨ ᠪᠠᠷᠢᠬᠤ᠂ ᠳᠤᠷ᠎ᠠ ᠪᠠᠷ ᠢᠶᠠᠨ ᠣᠪᠣᠭᠠᠯᠠᠵᠤ | ᠳᠤᠷ᠎ᠠ ᠪᠠᠷ ᠢᠶᠠᠨ ᠲᠠᠯᠪᠢᠬᠤ ᠶᠢ ᠪᠦᠬᠦ ᠲᠠᠯ᠎ᠠ ᠪᠠᠷ ᠴᠡᠪᠡᠷᠯᠡᠵᠦ᠂ ᠡᠪᠳᠡᠷᠬᠡᠢ ᠬᠡᠷᠡᠮ ᠡᠪᠳᠡᠷᠬᠡᠢ ᠬᠡᠷᠡᠮ ᠢ ᠴᠡᠭᠴᠡᠯᠡᠨ | ᠵᠠᠰᠠᠵᠤ᠂ ᠰᠤᠯᠠ ᠲᠠᠯᠪᠢᠵᠤ ᠪᠠᠶᠢᠭ᠎ᠠ ᠣᠷᠣᠨ ᠰᠠᠭᠤᠴᠠ ᠶᠢᠨ ᠭᠠᠵᠠᠷ ᠢ ᠲᠠᠬᠢᠨ ᠬᠠᠭᠠᠯᠪᠤᠷᠢᠯᠠᠬᠤ᠂ ᠤᠷᠳᠤ | ᠬᠤᠭᠤᠴᠠᠭ᠎ᠠ ᠪᠠᠷ ᠬᠤᠭᠤᠰᠤᠨ ᠲᠠᠯᠪᠢᠵᠤ ᠪᠠᠶᠢᠭ᠎ᠠ ᠭᠡᠷ ᠪᠠᠶᠢᠰᠢᠩ ᠢ 《ᠬᠠᠭᠤᠴᠢᠨ ᠢ ᠨᠤᠷᠠᠭᠠᠵᠤ ᠬᠠᠶᠠᠭᠳᠠᠯ ᠢ | ᠨᠤᠷᠠᠭᠠᠬᠤ》 ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠶᠢᠯ ᠲᠣᠰᠬᠤᠨ ᠤ ᠳᠣᠲᠣᠭᠠᠳᠤ ᠶᠢᠨ ᠰᠤᠯᠠ ᠲᠠᠯᠪᠢᠵᠤ | ᠪᠠᠶᠢᠭ᠎ᠠ ᠭᠠᠵᠠᠷ ᠰᠢᠷᠣᠢ ᠶᠢ ᠡᠷᠴᠢᠮᠵᠢᠭᠦᠯᠦᠨ ᠠᠰᠢᠭᠯᠠᠵᠤ᠂ ᠠᠶᠢᠯ ᠲᠣᠰᠬᠤᠨ ᠤ ᠤᠯᠠᠨ ᠨᠡᠶᠢᠲᠡ ᠶᠢᠨ ᠣᠷᠣᠨ | ᠵᠠᠢ ᠶᠢ ᠥᠷᠭᠡᠳᠬᠡᠨ᠎ᠡ᠃ ᠠᠶᠢᠯ ᠲᠣᠰᠬᠤᠨ ᠤ ᠤᠯᠠᠨ ᠨᠡᠶᠢᠲᠡ ᠶᠢᠨ ᠭᠡᠷᠡᠯᠲᠦᠭᠦᠯᠭᠡ ᠶᠢᠨ ᠲᠥᠬᠦᠭᠡᠷᠦᠮᠵᠢ ᠶᠢ | ᠲᠡᠭᠦᠯᠳᠡᠷᠵᠢᠭᠦᠯᠵᠦ᠂ ᠨᠥᠬᠦᠴᠡᠯ ᠲᠠᠢ ᠲᠣᠰᠬᠤᠨ ᠤ ᠳᠣᠲᠣᠷᠠᠬᠢ ᠭᠤᠣᠯ ᠵᠠᠮ ᠪᠠ ᠤᠯᠠᠨ ᠨᠡᠶᠢᠲᠡ ᠶᠢᠨ ᠲᠠᠯᠠᠪᠤᠷ ᠲᠤ | ᠪᠦᠬᠦᠨ ᠢ ᠬᠠᠮᠤᠷᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ | ᠬᠦᠴᠦᠨ ᠤ ᠱᠤᠭᠤᠮ ᠂ ᠴᠢᠮᠡᠭᠡ ᠬᠤᠯᠪᠣᠭᠠᠨ ᠤ ᠱᠤᠭᠤᠮ ᠂ ᠷᠠᠳᠢᠣ᠋ ᠲᠧᠯᠸᠢᠰ ᠤᠨ ᠱᠤᠭᠤᠮ ︽ ᠭᠤᠷᠪᠠᠨ | ᠱᠤᠭᠤᠮ ︾ ᠢ ᠬᠠᠮᠠᠭᠠᠯᠠᠨ ᠡᠮᠬᠢᠯᠡᠬᠦ ᠠᠵᠢᠯ ᠢ ᠴᠢᠩᠭᠠᠳᠬᠠᠵᠤ ᠂ ᠨᠥᠬᠦᠴᠡᠯ ᠲᠠᠢ ᠭᠠᠵᠠᠷ ᠣᠷᠣᠨ ᠨᠢ ᠵᠠᠮ | ᠱᠤᠭᠤᠮ ᠢ ᠲᠣᠭᠲᠠᠭᠠᠯ ᠠᠴᠠ ᠵᠥᠷᠢᠴᠡᠨ ᠡᠯᠭᠦᠵᠦ ᠰᠢᠢᠳᠪᠦᠷᠢᠯᠡᠬᠦ ᠶᠢ ᠠᠬᠢᠭᠤᠯᠤᠨ᠎ᠠ ᠃ ᠠᠶᠢᠯ ᠲᠣᠰᠬᠤᠨ ᠤ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ | ᠠᠷᠭᠠᠴᠠᠵᠤ ᠠᠶᠤᠯ ᠠᠴᠠ ᠵᠠᠶᠢᠯᠠᠬᠤ ᠭᠠᠵᠠᠷ ᠪᠠ ᠦᠶᠡᠷ ᠢ ᠰᠡᠷᠭᠡᠶᠢᠯᠡᠬᠦ᠂ ᠭᠠᠯ ᠤᠨᠲᠠᠷᠠᠭᠠᠬᠤ ᠵᠡᠷᠭᠡ ᠭᠠᠮᠰᠢᠭ ᠠᠴᠠ | ᠠᠪᠤᠷᠠᠬᠤ ᠲᠥᠬᠦᠭᠡᠷᠦᠮᠵᠢ ᠲᠥᠬᠦᠭᠡᠷᠦᠮᠵᠢ ᠶᠢ ᠵᠦᠢ ᠵᠣᠬᠢᠰᠲᠠᠢ ᠪᠠᠶᠢᠷᠢᠰᠢᠭᠤᠯᠵᠤ᠂ ᠠᠶᠤᠯᠭᠦᠢ ᠶᠢᠨ ᠵᠠᠮ ᠢ ᠰᠠᠭᠠᠳ | ᠦᠭᠡᠢ ᠨᠡᠪᠲᠡᠷᠡᠭᠦᠯᠦᠨ᠎ᠡ᠃ ᠣᠨᠴᠣᠭᠤᠢ ᠬᠥᠮᠥᠰ ᠤᠨ ᠬᠡᠷᠡᠭᠴᠡᠭᠡ ᠱᠠᠭᠠᠷᠳᠠᠯᠭ᠎ᠠ ᠶᠢ ᠠᠩᠬᠠᠷᠴᠤ ᠂ ᠮᠠᠯᠵᠢᠬᠤ | ᠲᠠᠷᠢᠶᠠᠯᠠᠬᠤ ᠣᠷᠣᠨ ᠤ ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ | ᠥᠷᠨᠢᠭᠦᠯᠦᠨ᠎ᠡ ᠃ | ︵ ᠠᠷᠪᠠᠨ ᠭᠤᠷᠪᠠ ︶ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢ ᠠᠬᠢᠭᠤᠯᠤᠨ᠎ᠠ | ᠃ ᠬᠥᠳᠡᠭᠡ ᠲᠣᠰᠬᠤᠨ ᠤ ᠨᠣᠭᠤᠭᠠᠷᠠᠭᠤᠯᠵᠤ ᠭᠤᠶᠣᠵᠢᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ | ᠬᠥᠳᠡᠭᠡ ᠲᠣᠰᠬᠤᠨ ᠤ ᠠᠭᠤᠯᠠᠨ ᠴᠣᠭᠴᠠ ᠶᠢᠨ ᠲᠠᠷᠢᠶᠠᠨ ᠭᠠᠵᠠᠷ ᠂ ᠭᠤᠣᠯ ᠨᠠᠭᠤᠷ ᠨᠤᠭᠤ ᠭᠠᠵᠠᠷ ᠂ ᠠᠩᠬᠠᠨ ᠤ | ᠤᠷᠭᠤᠮᠠᠯ ᠤᠨ ᠬᠤᠴᠢᠯᠭ᠎ᠠ᠂ ᠡᠷᠲᠡᠨ ᠤ ᠮᠣᠳᠣ ᠨᠠᠷᠠᠲᠤ ᠮᠣᠳᠣ ᠵᠡᠷᠭᠡ ᠶᠢ ᠭᠤᠣᠯᠳᠠᠯᠭ᠎ᠠ ᠲᠠᠢ ᠬᠠᠮᠠᠭᠠᠯᠠᠵᠤ ᠂ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠭᠯᠠᠭ ᠠᠭᠤᠯᠠ ᠠᠲᠠᠷ ᠭᠠᠵᠠᠷ ᠡᠵᠡᠭᠦᠢ ᠲᠠᠩ ᠡᠵᠡᠭᠦᠢ | ᠡᠯᠡᠰᠦ ᠶᠢᠨ ᠨᠣᠭᠤᠭᠠᠷᠠᠭᠤᠯᠤᠯᠲᠠ ᠶᠢ ᠥᠷᠨᠢᠭᠦᠯᠵᠦ ᠂ ᠵᠢᠯ ᠪᠦᠷᠢ 100 ᠲᠦᠮᠡᠨ ᠮᠦ ᠶᠢ ᠪᠡᠶᠡᠯᠡᠭᠦᠯᠦᠨ᠎ᠡ ᠃ | ᠲᠠᠷᠢᠶᠠᠨ ᠭᠠᠵᠠᠷ ︵ ᠮᠠᠯᠵᠢᠯ ᠤᠨ ᠲᠠᠯᠠᠪᠠᠶ ︶ ᠤᠨ ᠬᠠᠯᠬᠠᠪᠴᠢ ᠣᠶ ᠶᠢᠨ ᠪᠦᠲᠦᠭᠡᠨ ᠪᠠᠶᠢᠭᠤᠯᠤᠯᠲᠠ ᠪᠠ ᠵᠠᠰᠠᠨ | ᠰᠡᠷᠭᠦᠭᠡᠬᠦ ᠶᠢ ᠴᠢᠩᠭᠠᠳᠬᠠᠵᠤ ᠂ ᠰᠡᠷᠭᠡᠶᠢᠯᠡᠨ ᠬᠠᠮᠠᠭᠠᠯᠠᠬᠤ ᠴᠢᠳᠠᠮᠵᠢ ᠶᠢ ᠳᠡᠭᠡᠭᠰᠢᠯᠡᠭᠦᠯᠦᠨ᠎ᠡ ᠃ ᠮᠠᠯᠴᠢᠨ | ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠵᠢᠮᠢᠰ ᠨᠣᠭᠤᠭ᠎ᠠ ᠂ ᠴᠡᠴᠡᠭ ᠮᠣᠳᠣ ᠵᠡᠷᠭᠡ ᠪᠠᠷ ᠳᠠᠮᠵᠢᠭᠤᠯᠤᠨ | ᠬᠦᠷᠢᠶ᠎ᠡ ᠬᠠᠰᠢᠶ᠎ᠠ ᠪᠠᠨ ᠨᠣᠭᠤᠭᠠᠷᠠᠭᠤᠯᠬᠤ ᠶᠢ ᠥᠷᠨᠢᠭᠦᠯᠵᠦ ᠂ ᠬᠥᠳᠡᠭᠡ ᠲᠣᠰᠬᠤᠨ ᠤ ︽ ᠳᠥᠷᠪᠡᠨ ᠬᠠᠵᠠᠭᠤ ︾ | ︵ ᠤᠰᠤᠨ ᠤ ᠬᠠᠵᠠᠭᠤ ᠂ ᠵᠠᠮ ᠤᠨ ᠬᠠᠵᠠᠭᠤ ᠂ ᠲᠣᠰᠬᠤᠨ ᠤ ᠬᠠᠵᠠᠭᠤ ᠂ ᠣᠷᠣᠨ ᠰᠠᠭᠤᠴᠠ ᠶᠢᠨ ᠬᠠᠵᠠᠭᠤ ︶ | ᠪᠠᠷ ᠳᠠᠮᠵᠢᠭᠤᠯᠤᠨ ᠮᠣᠳᠣ ᠳᠠᠷᠢᠬᠤ ᠪᠠᠷ ᠳᠠᠮᠵᠢᠭᠤᠯᠤᠨ ᠠᠶᠢᠯ ᠲᠣᠰᠬᠤᠨ ᠤ ᠨᠣᠭᠤᠭᠠᠷᠠᠭᠤᠯᠤᠯᠲᠠ ᠶᠢ ᠠᠬᠢᠭᠤᠯᠵᠤ ᠂ | ᠠᠶᠢᠯ ᠲᠣᠰᠬᠤᠨ ᠤ ᠬᠦᠷᠢᠶ᠎ᠡ ᠬᠠᠰᠢᠶ᠎ᠠ ᠂ ᠥᠨᠴᠥᠭ ᠪᠤᠯᠤᠩ ᠂ ᠰᠤᠯᠠ ᠭᠠᠵᠠᠷ ᠂ ᠠᠲᠠᠷᠰᠢᠭᠤᠯᠤᠭᠰᠠᠨ ᠭᠠᠵᠠᠷ ᠂ | ᠨᠤᠷᠠᠭᠠᠭᠰᠠᠨ ᠭᠠᠵᠠᠷ ᠵᠡᠷᠭᠡ ᠰᠤᠯᠠ ᠭᠠᠵᠠᠷ ᠰᠢᠷᠣᠢ ᠶᠢ ᠭᠦᠢᠴᠡᠳ ᠠᠰᠢᠭᠯᠠᠨ ᠂ ᠴᠡᠴᠡᠭ ᠡᠪᠡᠰᠦ ᠣᠶ ᠮᠣᠳᠣ | ᠳᠠᠷᠢᠵᠤ᠂ ᠠᠶᠢᠯ ᠲᠣᠰᠬᠤᠨ ᠤ ᠣᠯᠠᠨ ᠨᠡᠶᠢᠲᠡ ᠶᠢᠨ ᠨᠣᠭᠤᠭᠠᠷᠠᠭᠤᠯᠤᠭᠰᠠᠨ ᠭᠠᠵᠠᠷ ᠪᠠ ᠵᠢᠵᠢᠭ ᠪᠢᠴᠢᠯ | ᠴᠡᠴᠡᠷᠯᠢᠭ ᠢ ᠪᠠᠶᠢᠭᠤᠯᠬᠤ ᠬᠡᠷᠡᠭᠲᠡᠢ ᠃ ᠨᠥᠬᠦᠴᠡᠯ ᠳᠤ ᠲᠣᠬᠢᠷᠠᠬᠤ ᠭᠠᠵᠠᠷ ᠣᠷᠣᠨ ᠤ ᠣᠶ ᠰᠢᠭᠤᠶᠢᠲᠤ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢ ᠳᠡᠮᠵᠢᠵᠦ ᠂ 45 ᠣᠶ ᠰᠢᠭᠤᠶᠢᠲᠤ ᠬᠥᠳᠡᠭᠡ ᠲᠣᠰᠬᠤᠨ ᠢ ᠪᠣᠶ | ᠪᠣᠯᠭᠠᠨ᠎ᠠ ᠃ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ | ᠠᠵᠢᠯᠯᠠᠭ᠎ᠠ ᠶᠢ ᠥᠷᠨᠢᠭᠦᠯᠵᠦ ᠂ 2025 ᠣᠨ ᠪᠣᠯᠬᠤ ᠳᠤ ᠵᠢᠱᠢᠶ᠎ᠡ ᠦᠵᠡᠭᠦᠯᠬᠦ ᠬᠤᠰᠢᠭᠤ ᠰᠢᠶᠠᠨ 20 ᠂ | ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ 2500 ᠶᠢ ᠡᠭᠦᠳᠦᠨ ᠪᠠᠶᠢᠭᠤᠯᠤᠨ᠎ᠠ ᠃ | ︵ ᠠᠷᠪᠠᠨ ᠳᠥᠷᠪᠡ ︶ ᠬᠥᠳᠡᠭᠡ ᠲᠣᠰᠬᠤᠨ ᠤ ᠳᠦᠷᠰᠦ ᠪᠠᠶᠢᠳᠠᠯ ᠤᠨ ᠪᠠᠶᠢᠭᠤᠯᠤᠯᠲᠠ ᠶᠢ ᠴᠢᠩᠭᠠᠳᠬᠠᠨ᠎ᠠ ᠃ | ᠠᠶᠢᠯ ᠲᠣᠰᠬᠤᠨ ᠢ ᠴᠡᠭᠴᠡᠯᠡᠨ ᠵᠠᠰᠠᠬᠤ ᠪᠠ ᠬᠦᠷᠢᠶ᠎ᠡ ᠬᠠᠰᠢᠶ᠎ᠠ ᠶᠢ ᠴᠡᠭᠴᠡᠯᠡᠨ ᠵᠠᠰᠠᠬᠤ ᠶᠢ ᠶᠡᠬᠡᠪᠡᠷ ᠠᠬᠢᠭᠤᠯᠵᠤ ᠂ | ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠵᠢᠯᠤᠭᠤᠳᠬᠤ ᠳᠦᠷᠢᠮ ᠢ ᠰᠢᠨᠵᠢᠯᠡᠬᠦ ᠤᠬᠠᠭᠠᠨᠴᠢ ᠪᠠᠷ | ᠨᠠᠶᠢᠷᠠᠭᠤᠯᠤᠨ ᠵᠣᠬᠢᠶᠠᠵᠤ ᠂ ᠲᠣᠰᠬᠤᠨ ᠤ ᠳᠦᠷᠰᠦ ᠪᠠᠶᠢᠳᠠᠯ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ | ᠠᠬᠢᠭᠤᠯᠤᠨ᠎ᠠ ᠃ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ ᠂ | ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠵᠣᠷᠢᠭᠵᠢᠭᠤᠯᠵᠤ ᠪᠠᠶᠢᠭᠠᠳ ᠬᠥᠮᠥᠨ ᠮᠠᠯ ᠢ ᠰᠠᠯᠭᠠᠬᠤ ᠶᠢ | ᠬᠡᠷᠡᠭᠵᠢᠭᠦᠯᠦᠨ ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠵᠦ ᠂ ᠲᠣᠰᠬᠤᠨ ᠤ ᠳᠦᠷᠰᠦ ᠪᠠᠶᠢᠳᠠᠯ ᠪᠠ | ᠮᠠᠯᠴᠢᠨ ᠲᠠᠷᠢᠶᠠᠴᠢᠳ ᠤᠨ ᠣᠷᠣᠯᠭ᠎ᠠ ᠶᠢᠨ ︽ ᠬᠤᠣᠰ ᠳᠡᠭᠡᠭᠰᠢᠯᠡᠯᠲᠡ ︾ ᠶᠢ ᠪᠡᠶᠡᠯᠡᠭᠦᠯᠦᠨ᠎ᠡ ᠃ ᠠᠶᠢᠯ | ᠲᠣᠰᠬᠤᠨ ᠤ ᠪᠠᠷᠢᠯᠭ᠎ᠠ ᠶᠢᠨ ᠣᠨᠴᠠᠯᠢᠭ ᠂ ᠬᠡᠪ ᠨᠠᠮᠪᠠ ᠂ ᠥᠩᠭᠡ ᠠᠶᠠᠰ ᠢᠶᠠᠷ ᠬᠥᠲᠥᠯᠥᠨ ᠵᠢᠯᠤᠭᠤᠳᠬᠤ ᠶᠢ | ᠴᠢᠩᠭᠠᠳᠬᠠᠵᠤ ᠂ ᠬᠥᠳᠡᠭᠡ ᠲᠣᠰᠬᠤᠨ ᠤ ᠣᠨᠴᠠᠯᠢᠭ ᠪᠠ ᠭᠠᠵᠠᠷ ᠣᠷᠣᠨ ᠤ ᠣᠨᠴᠠᠯᠢᠭ ᠢ ᠲᠣᠪᠤᠶᠢᠯᠭᠠᠨ ᠂ | ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ ᠦᠭᠡᠢ ᠃ ᠤᠯᠠᠮᠵᠢᠯᠠᠯᠲᠤ ᠠᠶᠢᠯ ᠲᠣᠰᠬᠤᠨ ᠤ ᠠᠷᠠᠳ ᠤᠨ ᠣᠷᠣᠨ | ᠰᠠᠭᠤᠴᠠ ᠪᠠ ᠲᠡᠤᠬᠡ ᠰᠣᠶᠣᠯ ᠤᠨ ᠨᠠᠷᠠᠲᠤ ᠲᠣᠰᠬᠤᠨ ᠨᠠᠷᠠᠲᠤ ᠪᠠᠯᠭᠠᠰᠤ ᠶᠢᠨ ᠬᠠᠮᠠᠭᠠᠯᠠᠯᠲᠠ ᠶᠢ ᠴᠢᠩᠭᠠᠳᠬᠠᠵᠤ ᠂ | ᠤᠯᠠᠮᠵᠢᠯᠠᠯᠲᠤ ᠠᠶᠢᠯ ᠲᠣᠰᠬᠤᠨ ᠤ ᠫᠠᠶᠢᠰᠠ ᠡᠯᠭᠦᠨ ᠬᠠᠮᠠᠭᠠᠯᠠᠬᠤ ᠶᠢ ᠢᠳᠡᠪᠬᠢᠲᠡᠢ ᠠᠬᠢᠭᠤᠯᠵᠤ ᠂ ᠬᠥᠳᠡᠯᠦᠩᠭᠦᠢ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ ᠃ | ᠵᠢᠷᠭᠤᠭ᠎ᠠ᠂ ᠤᠷᠳᠤ ᠬᠤᠭᠤᠴᠠᠭᠠᠨ ᠤ ᠦᠷ᠎ᠡ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ ᠶᠢ | ᠪᠠᠶᠢᠭᠤᠯᠤᠨ ᠪᠦᠷᠢᠨᠰᠢᠭᠦᠯᠦᠨ᠎ᠡ | ︵ ᠠᠷᠪᠠᠨ ᠲᠠᠪᠤ ︶ ᠠᠶᠢᠯ ᠲᠣᠰᠬᠤᠨ ᠢ ᠠᠷᠢᠭᠤᠨ ᠴᠡᠪᠡᠷ ᠪᠠᠶᠢᠯᠭᠠᠬᠤ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠦᠨ᠎ᠡ ᠃ 《 ᠭᠤᠷᠪᠠ ᠶᠢ ᠴᠡᠪᠡᠷᠯᠡᠵᠦ ᠨᠢᠭᠡ ᠶᠢ ᠥᠭᠡᠷᠡᠴᠢᠯᠡᠬᠦ 》 ( ᠲᠠᠷᠢᠶᠠᠯᠠᠬᠤ ᠮᠠᠯᠵᠢᠬᠤ | ᠣᠷᠣᠨ ᠤ ᠠᠮᠢᠳᠤᠷᠠᠯ ᠤᠨ ᠬᠤᠭ ᠨᠣᠪᠰᠢ ᠶᠢ ᠴᠡᠪᠡᠷᠯᠡᠬᠦ ᠂ ᠲᠣᠰᠬᠤᠨ ᠤ ᠳᠣᠲᠣᠷᠠᠬᠢ ᠨᠠᠭᠤᠷ ᠢ ᠴᠡᠪᠡᠷᠯᠡᠬᠦ ᠂ | ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠪᠠᠭᠠᠰᠤᠨ ᠪᠣᠬᠢᠷᠳᠤᠯ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ | ᠬᠠᠶᠠᠭᠳᠠᠮᠠᠯ ᠪᠣᠳᠠᠰ ᠢ ᠴᠡᠪᠡᠷᠯᠡᠬᠦ ᠂ ᠲᠠᠷᠢᠶᠠᠯᠠᠬᠤ ᠮᠠᠯᠵᠢᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠨᠥᠯᠥᠭᠡᠯᠡᠬᠦ ᠮᠠᠭᠤ ᠳᠠᠳᠬᠠᠯ ᠢ ᠥᠭᠡᠷᠡᠴᠢᠯᠡᠬᠦ ) ᠪᠠᠷ ᠭᠤᠣᠯᠳᠠᠯᠭ᠎ᠠ ᠪᠣᠯᠭᠠᠭᠰᠠᠨ ᠠᠶᠢᠯ | ᠲᠣᠰᠬᠤᠨ ᠢ ᠴᠡᠪᠡᠷᠯᠡᠬᠦ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠦᠨ᠎ᠡ ᠃ ︽ ᠳᠥᠷᠪᠡᠨ ᠣᠪᠣᠭ᠎ᠠ ︾ ︵ ᠬᠤᠭ | ᠨᠣᠪᠰᠢ ᠶᠢᠨ ᠣᠪᠣᠭ᠎ᠠ ᠂ ᠬᠠᠶᠠᠭᠳᠠᠮᠠᠯ ᠪᠣᠳᠠᠰ ᠤᠨ ᠣᠪᠣᠭ᠎ᠠ ᠂ ᠪᠠᠭᠠᠰᠤᠨ ᠰᠢᠷᠣᠢ ᠶᠢᠨ ᠣᠪᠣᠭ᠎ᠠ ᠂ ᠲᠦᠯᠡᠭᠡ | ᠡᠪᠡᠰᠦᠨ ᠤ ᠣᠪᠣᠭ᠎ᠠ ︶ ᠶᠢ ᠴᠡᠪᠡᠷᠯᠡᠬᠦ ᠂ ︽ ᠳᠥᠷᠪᠡᠨ ᠳᠤᠷ᠎ᠠ ᠪᠠᠷ ᠢᠶᠠᠨ ︾ ︵ ᠲᠦᠯᠡᠭᠡ ᠡᠪᠡᠰᠦ ᠶᠢ | ᠳᠤᠷ᠎ᠠ ᠪᠠᠷ ᠢᠶᠠᠨ ᠲᠠᠯᠪᠢᠬᠤ ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠂ ᠪᠣᠬᠢᠷ ᠤᠰᠤ ᠶᠢ ᠳᠤᠷ᠎ᠠ ᠪᠠᠷ ᠢᠶᠠᠨ | ᠰᠠᠴᠤᠬᠤ ᠂ ᠮᠠᠯ ᠵᠢᠭᠦᠷᠲᠡᠨ ᠢ ᠳᠤᠷ᠎ᠠ ᠪᠠᠷ ᠢᠶᠠᠨ ᠭᠦᠶᠦᠯᠭᠡᠬᠦ ︶ ᠶᠢ ᠵᠠᠰᠠᠬᠤ ᠲᠤᠰᠬᠠᠢ ᠠᠵᠢᠯᠯᠠᠭ᠎ᠠ ᠶᠢ | ᠥᠷᠨᠢᠭᠦᠯᠵᠦ ᠂ ︽ ᠪᠣᠬᠢᠷ ᠪᠣᠳᠠᠰ ᠢ ᠴᠡᠪᠡᠷᠯᠡᠬᠦ ︾ ᠠᠴᠠ ︽ ᠵᠠᠮᠪᠠᠷᠠᠭ᠎ᠠ ᠦᠭᠡᠢ ᠵᠦᠢᠯ ᠢ ᠵᠠᠰᠠᠬᠤ ︾ ᠳᠠᠰᠢ | ᠥᠷᠭᠡᠳᠬᠡᠨ ᠂ ᠠᠶᠢᠯ ᠲᠣᠰᠬᠤᠨ ᠤ ᠠᠷᠢᠭᠤᠨ ᠴᠡᠪᠡᠷ ᠢ ᠭᠡᠷ ᠳᠣᠲᠣᠷᠠᠬᠢ ᠬᠦᠷᠢᠶ᠎ᠡ ᠬᠠᠰᠢᠶ᠎ᠠ ᠂ ᠠᠶᠢᠯ | ᠲᠣᠰᠬᠤᠨ ᠤ ᠡᠷᠬᠢᠨ ᠲᠣᠭᠤᠷᠢᠨ ᠳᠠᠰᠢ ᠥᠷᠭᠡᠳᠬᠡᠵᠦ ᠂ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ | ᠪᠠᠶᠢᠭᠠᠳ ᠠᠯᠬᠤᠮ ᠠᠯᠬᠤᠮ ᠢᠶᠠᠷ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ ᠪᠣᠯᠭᠠᠨ᠎ᠠ ᠃ | ᠨᠥᠬᠦᠴᠡᠯ ᠲᠠᠢ ᠭᠠᠵᠠᠷ ᠣᠷᠣᠨ ᠨᠢ ︽ ᠠᠶᠢᠯ ᠲᠣᠰᠬᠤᠨ ᠤ ᠠᠷᠢᠭᠤᠨ ᠴᠡᠪᠡᠷ ᠤᠨ ᠡᠳᠦᠷ ︾ ᠢ ᠪᠠᠶᠢᠭᠤᠯᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠂ ᠣᠯᠠᠨ ᠬᠡᠯᠪᠡᠷᠢ ᠶᠢᠨ ᠠᠶᠢᠯ ᠲᠣᠰᠬᠤᠨ ᠤ ᠠᠷᠢᠭᠤᠨ ᠴᠡᠪᠡᠷ ᠤᠨ | ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ ᠪᠣᠯᠣᠨ᠎ᠠ ᠃ | ︵ ᠠᠷᠪᠠᠨ ᠵᠢᠷᠭᠤᠭ᠎ᠠ ︶ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠤ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠎ᠡ ᠃ | ᠣᠷᠣᠨ ᠨᠤᠲᠤᠭ ᠤᠨ ᠵᠠᠰᠠᠭ ᠤᠨ ᠣᠷᠳᠣᠨ ᠪᠠ ᠡᠭᠦᠷᠭᠡ ᠬᠠᠷᠢᠭᠤᠴᠠᠯᠭ᠎ᠠ ᠶᠢᠨ ᠰᠠᠯᠠᠭ᠎ᠠ ᠮᠥᠴᠢᠷ ᠂ ᠠᠵᠢᠯᠯᠠᠭᠠᠨ ᠤ | ᠬᠠᠮᠢᠶᠠᠷᠤᠯᠲᠠ ᠶᠢᠨ ᠨᠢᠭᠡᠴᠡ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ ᠂ ᠳᠦᠷᠢᠮ ᠲᠠᠢ ᠂ ᠪᠠᠷᠢᠮᠵᠢᠶ᠎ᠠ ᠲᠠᠢ ᠂ | ᠡᠩᠨᠡᠭᠡ ᠲᠠᠢ ᠂ ᠵᠠᠷᠤᠳᠠᠯ ᠲᠠᠢ ᠂ ᠬᠢᠨᠠᠯᠲᠠ ᠲᠠᠯᠪᠢᠯᠲᠠ ᠲᠠᠢ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠤ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ | ᠲᠣᠭᠲᠠᠴᠠ ᠶᠢ ᠦᠨᠳᠦᠰᠦᠨ ᠳᠡᠭᠡᠨ ᠪᠠᠶᠢᠭᠤᠯᠤᠨ᠎ᠠ ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ | ᠪᠠᠶᠢᠷᠢ ᠶᠢ ᠰᠠᠶᠢᠲᠤᠷ ᠠᠰᠢᠭᠯᠠᠨ ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠵᠤ ᠬᠠᠮᠢᠶᠠᠷᠤᠨ ᠬᠠᠮᠠᠭᠠᠯᠠᠬᠤ ᠡᠩᠨᠡᠭᠡ ᠶᠢ ᠵᠦᠢ ᠵᠣᠬᠢᠰᠲᠠᠢ ᠲᠣᠬᠢᠷᠠᠭᠤᠯᠵᠤ ᠂ | ᠤᠷᠢᠳᠠᠪᠠᠷ ᠨᠥᠬᠦᠴᠡᠯ ᠳᠤ ᠨᠡᠶᠢᠴᠡᠬᠦ ᠣᠷᠣᠯᠭ᠎ᠠ ᠪᠠᠭᠠᠲᠠᠢ ᠬᠥᠮᠥᠰ ᠤᠨ ᠳᠤᠮᠳᠠ ᠠᠴᠠ ᠬᠠᠮᠢᠶᠠᠷᠤᠨ | ᠬᠠᠮᠠᠭᠠᠯᠠᠭᠴᠢ ᠶᠢ ᠤᠷᠢᠬᠤ ᠬᠡᠷᠡᠭᠲᠡᠢ ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ | ᠲᠣᠭᠤᠷᠢᠨ ᠤ ᠰᠠᠭᠤᠷᠢ ᠲᠥᠬᠦᠭᠡᠷᠦᠮᠵᠢ ᠶᠢᠨ ᠥᠮᠴᠢᠯᠡᠯ ᠤᠨ ᠡᠷᠬᠡ ᠶᠢᠨ ᠬᠠᠷᠢᠶᠠᠯᠠᠯ ᠪᠠ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠲᠣᠳᠣᠷᠬᠠᠶᠢᠯᠠᠵᠤ ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠴᠤ ᠬᠠᠮᠠᠭᠠᠯᠠᠬᠤ | ᠪᠠᠷᠢᠮᠵᠢᠶ᠎ᠠ ᠪᠠ ᠵᠢᠷᠤᠮᠵᠢᠯ ᠵᠡᠷᠭᠡ ᠳᠦᠷᠢᠮ ᠢ ᠪᠠᠶᠢᠭᠤᠯᠤᠨ ᠪᠦᠷᠢᠨᠰᠢᠭᠦᠯᠵᠦ ᠂ ᠮᠠᠯᠵᠢᠬᠤ ᠲᠠᠷᠢᠶᠠᠯᠠᠬᠤ ᠣᠷᠣᠨ ᠤ | ᠠᠷᠢᠭᠤᠨ ᠴᠡᠪᠡᠷ ᠵᠣᠷᠯᠣᠩ ᠂ ᠠᠮᠢᠳᠤᠷᠠᠯ ᠤᠨ ᠬᠤᠭ ᠨᠣᠪᠰᠢ ᠪᠣᠬᠢᠷ ᠤᠰᠤᠨ ᠤ ᠪᠡᠯᠡᠳᠬᠡᠮᠵᠢ ᠲᠥᠬᠦᠭᠡᠷᠦᠮᠵᠢ ᠪᠠ | ᠠᠶᠢᠯ ᠲᠣᠰᠬᠤᠨ ᠤ ᠠᠷᠢᠭᠤᠨ ᠴᠡᠪᠡᠷ ᠵᠡᠷᠭᠡ ᠶᠢ ᠨᠢᠭᠡ ᠴᠣᠭᠴᠠᠵᠢᠭᠤᠯᠤᠨ ᠬᠠᠮᠢᠶᠠᠷᠴᠤ ᠬᠠᠮᠠᠭᠠᠯᠠᠬᠤ ᠶᠢ ᠠᠬᠢᠭᠤᠯᠵᠤ | ᠂ ᠨᠥᠬᠦᠴᠡᠯ ᠲᠠᠢ ᠭᠠᠵᠠᠷ ᠣᠷᠣᠨ ᠤ ᠰᠢᠰᠲ᠋ᠧᠮᠵᠢᠭᠰᠡᠨ ᠂ ᠲᠤᠰᠬᠠᠶᠢᠵᠢᠭᠰᠠᠨ ᠂ ᠨᠡᠶᠢᠭᠡᠮᠴᠢᠯᠡᠭᠰᠡᠨ ᠠᠵᠢᠯᠯᠠᠭᠠᠨ ᠤ | ᠬᠠᠮᠢᠶᠠᠷᠴᠤ ᠬᠠᠮᠠᠭᠠᠯᠠᠬᠤ ᠶᠢ ᠬᠡᠷᠡᠭᠵᠢᠭᠦᠯᠬᠦ ᠶᠢ ᠵᠣᠷᠢᠭᠵᠢᠭᠤᠯᠤᠨ᠎ᠠ ᠃ ᠨᠥᠬᠦᠴᠡᠯ ᠲᠠᠢ ᠭᠠᠵᠠᠷ ᠣᠷᠣᠨ ᠨᠢ ᠮᠠᠯᠵᠢᠬᠤ | ᠲᠠᠷᠢᠶᠠᠯᠠᠬᠤ ᠣᠷᠣᠨ ᠤ ᠠᠷᠢᠭᠤᠨ ᠴᠡᠪᠡᠷ ᠵᠣᠷᠯᠣᠩ ᠢ ᠴᠡᠪᠡᠷᠯᠡᠨ ᠭᠠᠷᠭᠠᠬᠤ ᠂ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ ᠮᠠᠯᠵᠢᠬᠤ ᠲᠠᠷᠢᠶᠠᠯᠠᠬᠤ ᠡᠷᠦᠬᠡ ᠳᠤ ᠰᠦᠢᠳᠬᠡᠯ | ᠲᠤᠰᠢᠶᠠᠬᠤ ᠳᠦᠷᠢᠮ ᠢ ᠬᠠᠤᠯᠢ ᠶᠣᠰᠣᠭᠠᠷ ᠰᠦᠪᠡᠭᠴᠢᠯᠡᠨ ᠪᠠᠶᠢᠭᠤᠯᠵᠤ ᠪᠣᠯᠣᠨ᠎ᠠ ᠃ ᠵᠢᠴᠢ ᠮᠠᠯᠵᠢᠬᠤ ᠲᠠᠷᠢᠶᠠᠯᠠᠬᠤ | ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠠᠵᠢᠯᠯᠠᠭᠠᠨ ᠤ | ᠬᠠᠮᠢᠶᠠᠷᠴᠤ ᠬᠠᠮᠠᠭᠠᠯᠠᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠪᠣᠯᠣᠨ ᠦᠢᠯᠡᠴᠢᠯᠡᠭᠡᠨ ᠤ ᠵᠠᠷᠤᠳᠠᠯ ᠢ | ᠵᠠᠬ᠎ᠠ ᠳᠡᠯᠭᠡᠭᠦᠷᠴᠢᠯᠡᠨ ᠪᠦᠷᠢᠯᠳᠦᠭᠦᠯᠬᠦ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ ᠂ ᠮᠠᠯᠵᠢᠬᠤ | ᠲᠠᠷᠢᠶᠠᠯᠠᠬᠤ ᠡᠷᠦᠬᠡ ᠶᠢᠨ ᠵᠦᠢ ᠵᠣᠬᠢᠰᠲᠠᠢ ᠪᠠᠷ ᠵᠠᠷᠤᠳᠠᠯ ᠲᠤᠰᠢᠶᠠᠬᠤ ᠂ ᠭᠠᠴᠠᠭ᠎ᠠ ᠲᠣᠰᠬᠤᠨ ᠤ ᠱᠠᠲᠤᠨ ᠤ | ᠵᠣᠬᠢᠶᠠᠨ ᠪᠠᠶᠢᠭᠤᠯᠤᠯᠲᠠ ᠠᠴᠠ ᠨᠢᠭᠡᠳᠦᠯᠲᠡᠢ ᠲᠥᠯᠥᠪᠯᠡᠬᠦ ᠂ ᠵᠠᠰᠠᠭ ᠤᠨ ᠣᠷᠳᠣᠨ ᠠᠴᠠ ᠵᠣᠬᠢᠰᠲᠠᠢ ᠨᠥᠬᠦᠪᠦᠷᠢ | ᠥᠭᠬᠦ ᠠᠵᠢᠯᠯᠠᠭᠠᠨ ᠤ ᠬᠠᠮᠢᠶᠠᠷᠴᠤ ᠬᠠᠮᠠᠭᠠᠯᠠᠬᠤ ᠵᠠᠷᠤᠳᠠᠯ ᠤᠨ ᠪᠠᠲᠤᠯᠠᠭ᠎ᠠ ᠶᠢᠨ ᠳᠦᠷᠢᠮ ᠢ ᠠᠯᠬᠤᠮ ᠠᠯᠬᠤᠮ ᠢᠶᠠᠷ | ᠪᠠᠶᠢᠭᠤᠯᠵᠤ ᠂ ᠮᠠᠯᠵᠢᠬᠤ ᠲᠠᠷᠢᠶᠠᠯᠠᠬᠤ ᠡᠷᠦᠬᠡ ᠶᠢᠨ ᠵᠠᠷᠤᠳᠠᠯ ᠲᠤᠰᠢᠶᠠᠬᠤ ᠶᠢ ᠬᠤᠪᠢᠶᠠᠨ ᠡᠭᠦᠷᠭᠡᠯᠡᠬᠦ ᠬᠠᠷᠢᠴᠠᠯ ᠢ | ᠵᠦᠢ ᠵᠣᠬᠢᠰᠲᠠᠢ ᠲᠣᠭᠲᠠᠭᠠᠨ᠎ᠠ ᠃ | ᠳᠣᠯᠤᠭ᠎ᠠ ᠂ ᠮᠠᠯᠴᠢᠨ ᠲᠠᠷᠢᠶᠠᠴᠢᠨ ᠤ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠤᠨ᠎ᠠ | ︵ ᠠᠷᠪᠠᠨ ᠳᠣᠯᠤᠭ᠎ᠠ ︶ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ | ᠴᠢᠩᠭᠠᠷᠠᠭᠤᠯᠤᠨ᠎ᠠ ᠃ ᠭᠠᠴᠠᠭ᠎ᠠ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ | ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠺᠠᠳ᠋ᠷᠴᠤᠳ ᠤᠨ ᠵᠢᠱᠢᠶᠡᠴᠢ ᠳᠠᠭᠠᠭᠤᠯᠬᠤ ᠦᠢᠯᠡᠳᠦᠯ ᠢ | ᠭᠦᠢᠴᠡᠳ ᠪᠠᠳᠠᠷᠠᠭᠤᠯᠵᠤ ᠂ ᠡᠪ ᠬᠠᠮᠲᠤ ᠵᠠᠯᠠᠭᠤᠴᠤᠳ ᠤᠨ ᠡᠪᠯᠡᠯ ᠂ ᠡᠮᠡᠭᠲᠡᠶᠢᠴᠦᠳ ᠤᠨ ᠬᠤᠯᠪᠣᠭᠠᠲᠤ ᠬᠤᠷᠠᠯ | ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠤᠯᠠᠮ ᠨᠢᠭᠡ ᠠᠯᠬᠤᠮ | ᠪᠠᠳᠠᠷᠠᠭᠤᠯᠤᠨ ᠂ ᠲᠠᠷᠢᠶᠠᠴᠢᠨ ᠮᠠᠯᠴᠢᠨ ᠲᠦᠮᠡᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠮᠠᠯᠵᠢᠬᠤ | ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠤᠬᠠᠮᠰᠠᠷ ᠠᠴᠠ ᠪᠠᠨ | ᠰᠠᠶᠢᠵᠢᠷᠠᠭᠤᠯᠬᠤ ᠬᠡᠷᠡᠭᠲᠡᠢ ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠲᠣᠰᠬᠤᠨ ᠤ ᠠᠷᠠᠳ ᠤᠨ | ᠥᠪᠡᠷᠲᠡᠭᠡᠨ ᠵᠠᠰᠠᠬᠤ ᠲᠣᠭᠲᠠᠴᠠ ᠶᠢ ᠪᠦᠷᠢᠨᠰᠢᠭᠦᠯᠵᠦ ᠂ ᠭᠠᠴᠠᠭ᠎ᠠ ᠲᠣᠰᠬᠤᠨ ᠤ ᠱᠠᠲᠤᠨ ᠤ ᠴᠢᠬᠤᠯᠠ ᠶᠡᠭᠡ | ᠵᠦᠢᠯᠡᠰ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ︽ ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ ︾ | ᠶᠢ ᠬᠡᠷᠡᠭᠵᠢᠭᠦᠯᠦᠨ ᠂ ︽ ᠨᠢᠭᠡ ᠬᠡᠷᠡᠭ ᠢ ᠨᠢᠭᠡ ᠵᠥᠪᠯᠡᠬᠦ ︾ ᠶᠢᠨ ᠪᠡᠯᠡ ᠮᠥᠩᠭᠦ ᠬᠥᠳᠡᠯᠮᠦᠷᠢ ᠬᠦᠴᠦ | ᠴᠤᠭᠯᠠᠭᠤᠯᠬᠤ ᠵᠡᠷᠭᠡ ᠳᠦᠷᠢᠮ ᠢ ᠭᠦᠢᠴᠡᠳ ᠠᠰᠢᠭᠯᠠᠵᠤ ᠂ ᠭᠠᠴᠠᠭ᠎ᠠ ᠲᠣᠰᠬᠤᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠂ ᠮᠠᠯᠴᠢᠨ ᠲᠠᠷᠢᠶᠠᠴᠢᠨ ᠵᠡᠷᠭᠡ ᠶᠢ ᠬᠥᠲᠥᠯᠥᠨ ᠵᠢᠯᠤᠭᠤᠳᠴᠤ ᠪᠠᠶᠢᠭᠠᠳ | ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠠᠮᠢᠶ᠎ᠠ ᠪᠦᠬᠦᠢ | ᠲᠥᠯᠦᠪᠵᠢᠭᠦᠯᠭᠡ ᠂ ᠪᠦᠲᠦᠭᠡᠨ ᠪᠠᠶᠢᠭᠤᠯᠤᠯᠲᠠ ᠂ ᠡᠵᠡᠩᠨᠡᠯᠲᠡ ᠪᠠ ᠬᠠᠮᠢᠶᠠᠷᠤᠯᠲᠠ ᠳᠤ ᠢᠳᠡᠪᠬᠢᠲᠡᠢ | ᠣᠷᠣᠯᠴᠠᠭᠤᠯᠤᠨ᠎ᠠ ᠃ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠥᠷᠥᠯ ᠵᠦᠢᠯ ᠵᠡᠷᠭᠡ ᠶᠢ ᠢᠯᠡ ᠨᠡᠶᠢᠲᠡᠯᠡᠬᠦ ᠳᠦᠷᠢᠮ ᠢ ᠬᠡᠷᠡᠭᠵᠢᠭᠦᠯᠦᠨ᠎ᠡ ᠃ | ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠂ | ᠨᠥᠬᠦᠴᠡᠯ ᠲᠠᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ | ᠵᠡᠷᠭᠡ ᠶᠢᠨ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠲᠥᠷᠥᠯ ᠵᠦᠢᠯ ᠢ ᠰᠠᠶᠢᠵᠢᠷᠠᠭᠤᠯᠬᠤ ᠳᠤ ᠣᠷᠤᠯᠴᠠᠬᠤ ᠶᠢ ᠳᠡᠮᠵᠢᠬᠦ ᠶᠢ ᠵᠣᠷᠢᠭᠵᠢᠭᠤᠯᠤᠨ᠎ᠠ ᠃ ᠨᠤᠲᠤᠭ ᠤᠨ | ᠬᠠᠶᠢᠷ᠎ᠠ ᠰᠡᠳᠬᠢᠯᠭᠡ ᠨᠤᠲᠤᠭ ᠤᠨ ᠬᠠᠶᠢᠷ᠎ᠠ ᠰᠡᠳᠬᠢᠯᠭᠡ ᠪᠠᠷ ᠬᠤᠯᠪᠣᠭᠠᠰᠤ ᠪᠣᠯᠭᠠᠨ ᠬᠤᠪᠢ ᠬᠥᠮᠥᠨ ᠂ ᠠᠵᠤ | ᠠᠬᠤᠶᠢᠯᠠᠯ ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠶᠢ ᠲᠡᠳᠡᠨ ᠠᠪᠴᠢᠷᠠᠵᠤ ᠂ ᠪᠡᠯᠡ ᠮᠥᠩᠭᠦ ᠡᠳ᠋ ᠪᠣᠳᠠᠰ | ᠬᠠᠨᠳᠢᠪᠯᠡᠬᠤ ᠂ ᠬᠤᠣᠰᠯᠠᠨ ᠬᠠᠪᠰᠤᠷᠴᠤ ᠲᠡᠳᠬᠦᠬᠦ ᠵᠡᠷᠭᠡ ᠬᠡᠯᠪᠡᠷᠢ ᠪᠠᠷ ᠳᠡᠮᠵᠢᠨ ᠮᠠᠯᠵᠢᠬᠤ ᠲᠠᠷᠢᠶᠠᠯᠠᠬᠤ ᠣᠷᠣᠨ ᠤ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠳᠡᠮᠵᠢᠨ᠎ᠡ ᠃ | ︵ ᠠᠷᠪᠠᠨ ᠨᠠᠢᠮᠠ ︶ ᠪᠣᠯᠪᠠᠰᠤᠨ ᠡᠷᠡᠭᠦᠯ ᠮᠡᠨᠳᠦ ᠶᠢᠨ ᠣᠨᠣᠯᠵᠢᠬᠤᠨ ᠢ ᠲᠦᠭᠡᠮᠡᠯᠵᠢᠭᠦᠯᠦᠨ᠎ᠡ ᠃ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠣᠯᠠᠨ ᠲᠦᠮᠡᠨ ᠤ ᠳᠠᠶᠢᠴᠢᠯᠠᠯᠲᠠ ᠶᠢᠨ | ᠳᠠᠪᠠᠭᠤᠯᠢᠭ ᠢ ᠪᠠᠳᠠᠷᠠᠭᠤᠯᠵᠤ ᠂ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠤᠨ ᠂ | ᠡᠷᠡᠭᠦᠯ ᠬᠠᠮᠠᠭᠠᠯᠠᠯ ᠡᠷᠡᠭᠦᠯ ᠮᠡᠨᠳᠦ ᠪᠠ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠲᠦᠭᠡᠮᠡᠯᠵᠢᠭᠦᠯᠵᠦ | ᠂ ᠪᠣᠯᠪᠠᠰᠤᠨ ᠡᠷᠡᠭᠦᠯ ᠴᠢᠭᠢᠷᠠᠭ ᠂ ᠪᠣᠬᠢᠷᠳᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ | ᠮᠠᠶ᠋ᠢᠭ ᠢ ᠰᠠᠨᠠᠭᠠᠴᠢᠯᠠᠵᠤ ᠂ ᠣᠯᠠᠨ ᠲᠦᠮᠡᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ ᠃ | ᠮᠠᠯᠴᠢᠨ ᠲᠠᠷᠢᠶᠠᠴᠢᠨ ᠲᠦᠮᠡᠨ ᠤ ᠦᠵᠡᠯ ᠰᠠᠨᠠᠭ᠎ᠠ ᠣᠶᠢᠯᠠᠭᠠᠭᠳᠠᠬᠤᠨ ᠢ ᠬᠤᠪᠢᠷᠠᠭᠤᠯᠬᠤ ᠂ ᠪᠣᠯᠪᠠᠰᠤᠨ ᠡᠷᠡᠭᠦᠯ | ᠠᠮᠢᠳᠤᠷᠠᠯ ᠤᠨ ᠠᠷᠭ᠎ᠠ ᠮᠠᠶ᠋ᠢᠭ ᠢ ᠬᠡᠷᠡᠭᠵᠢᠭᠦᠯᠬᠦ ᠶᠢ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠭᠠᠵᠤ ᠂ ᠠᠷᠢᠭᠤᠨ ᠴᠡᠪᠡᠷ ᠵᠣᠷᠯᠣᠩ ᠢ ᠬᠡᠷᠡᠭᠯᠡᠬᠦ ᠂ ᠬᠤᠭ ᠨᠣᠪᠰᠢ ᠶᠢ | ᠲᠥᠷᠥᠯ ᠬᠤᠪᠢᠶᠠᠬᠤ ᠶᠢ ᠰᠠᠶᠢᠲᠤᠷ ᠬᠢᠬᠦ ᠂ ᠪᠣᠯᠪᠠᠰᠤᠨ ᠵᠠᠩ ᠳᠠᠳᠬᠠᠯ ᠲᠠᠢ ᠪᠣᠯᠬᠤ ᠵᠡᠷᠭᠡ ᠶᠢ ᠰᠤᠷᠭᠠᠭᠤᠯᠢ ᠂ ᠭᠡᠷ | ᠪᠦᠯᠢ ᠂ ᠨᠡᠶᠢᠭᠡᠮ ᠤᠨ ᠰᠤᠷᠭᠠᠨ ᠬᠥᠮᠦᠵᠢᠯ ᠤᠨ ᠬᠦᠷᠢᠶ᠎ᠡ ᠬᠡᠪᠴᠢᠶᠡᠨ ᠳᠤ ᠣᠷᠣᠭᠤᠯᠤᠨ᠎ᠠ ᠃ ᠮᠠᠯᠵᠢᠬᠤ | ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠡᠯ᠎ᠡ | ᠱᠠᠲᠤᠨ ᠤ ᠮᠠᠯᠴᠢᠨ ᠲᠠᠷᠢᠶᠠᠴᠢᠳ ᠤᠨ ᠬᠥᠮᠦᠵᠢᠯ ᠪᠣᠯᠪᠠᠰᠤᠷᠠᠭᠤᠯᠤᠯ ᠤᠨ ᠴᠢᠬᠤᠯᠠ ᠠᠭᠤᠯᠭ᠎ᠠ ᠳᠤ ᠣᠷᠣᠭᠤᠯᠬᠤ | ᠬᠡᠷᠡᠭᠲᠡᠢ ᠃ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ | ᠵᠠᠰᠠᠬᠤ ᠶᠢ ᠦᠷᠭᠦᠯᠵᠢᠯᠡᠨ ᠠᠬᠢᠭᠤᠯᠵᠤ ᠂ ᠡᠷᠡᠭᠦᠯ ᠬᠠᠮᠠᠭᠠᠯᠠᠯ ᠤᠨ ᠰᠢᠶᠠᠨ ᠤ ᠬᠤᠲᠠ ︵ ᠰᠤᠮᠤ ᠰᠢᠶᠠᠩ ᠪᠠᠯᠭᠠᠰᠤ | ︶ ᠶᠢ ᠡᠭᠦᠳᠦᠨ ᠪᠠᠶᠢᠭᠤᠯᠬᠤ ᠶᠢ ᠭᠦᠨᠵᠡᠭᠡᠢ ᠥᠷᠨᠢᠭᠦᠯᠵᠦ ᠂ ᠡᠷᠡᠭᠦᠯ ᠡᠩᠬᠡ ᠲᠣᠰᠬᠤᠨ ᠪᠠᠯᠭᠠᠰᠤ ᠶᠢᠨ ᠪᠦᠲᠦᠭᠡᠨ | ᠪᠠᠶᠢᠭᠤᠯᠤᠯᠲᠠ ᠶᠢ ᠶᠡᠬᠡᠪᠡᠷ ᠠᠬᠢᠭᠤᠯᠤᠨ᠎ᠠ ᠃ | ︵ ᠠᠷᠪᠠ ᠶᠢᠰᠦ ︶ ᠭᠠᠴᠠᠭᠠᠨ ᠤ ᠲᠣᠭᠲᠠᠭᠠᠯ ᠠᠷᠠᠳ ᠤᠨ ᠭᠡᠷ᠎ᠡ ᠶᠢ ᠲᠡᠭᠦᠯᠳᠡᠷᠵᠢᠭᠦᠯᠬᠦ ᠬᠡᠷᠡᠭᠲᠡᠢ ᠃ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠂ ᠣᠯᠠᠨ ᠨᠡᠶᠢᠲᠡ ᠶᠢᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠬᠠᠮᠠᠭᠠᠯᠠᠯᠲᠠ ᠵᠡᠷᠭᠡ ᠶᠢ ᠲᠣᠰᠬᠤᠨ ᠤ ᠲᠣᠭᠲᠠᠭᠠᠯ | ᠠᠷᠠᠳ ᠤᠨ ᠭᠡᠷ᠎ᠡ ᠳᠤ ᠣᠷᠣᠭᠤᠯᠬᠤ ᠶᠢ ᠵᠣᠷᠢᠭᠵᠢᠭᠤᠯᠵᠤ ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯᠭᠡᠨ ᠤ | ᠬᠤᠷᠠᠯ ᠂ ᠬᠡᠷᠡᠭ ᠡᠷᠬᠢᠯᠡᠭᠴᠢᠳ ᠤᠨ ᠬᠤᠷᠠᠯ ᠵᠡᠷᠭᠡ ᠣᠯᠠᠨ ᠲᠦᠮᠡᠨ ᠤ ᠵᠣᠬᠢᠶᠠᠨ ᠪᠠᠶᠢᠭᠤᠯᠤᠯᠲᠠ ᠶᠢ ᠪᠠᠳᠠᠷᠠᠭᠤᠯᠤᠨ ᠂ | ᠮᠠᠯᠴᠢᠨ ᠲᠠᠷᠢᠶᠠᠴᠢᠨ ᠤ ᠥᠪᠡᠷ ᠢ ᠪᠠᠨ ᠬᠥᠮᠥᠵᠢᠭᠦᠯᠬᠦ ᠂ ᠥᠪᠡᠷ ᠢ ᠪᠠᠨ ᠬᠠᠮᠢᠶᠠᠷᠬᠤ ᠂ ᠥᠪᠡᠷ ᠤᠨ ᠪᠡᠶ᠎ᠡ ᠳᠡᠭᠡᠨ | ᠦᠢᠯᠡᠴᠢᠯᠡᠬᠦ ᠂ ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ ᠶᠢ ᠬᠥᠲᠥᠯᠥᠨ ᠵᠢᠯᠣᠭᠤᠳᠤᠨ᠎ᠠ ᠃ ᠦᠵᠡᠰᠬᠦᠯᠡᠩᠲᠦ | ᠰᠠᠶᠢᠬᠠᠨ ᠬᠦᠷᠢᠶ᠎ᠡ ᠬᠠᠰᠢᠶ᠎ᠠ ᠶᠢ ᠰᠢᠯᠭᠠᠷᠠᠭᠤᠯᠬᠤ ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠤᠯᠠᠭᠠᠨ | ᠬᠠᠷ᠎ᠠ ᠰᠠᠮᠪᠠᠷ᠎ᠠ ᠂ ᠬᠤᠪᠢ ᠬᠤᠷᠠᠮᠳᠤᠭᠤᠯᠵᠤ ᠰᠣᠯᠢᠬᠤ ᠵᠡᠷᠭᠡ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ ᠮᠠᠯᠴᠢᠨ | ᠲᠠᠷᠢᠶᠠᠴᠢᠨ ᠤ ᠠᠶᠢᠯ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠮᠠᠭᠠᠯᠠᠬᠤ ᠡᠵᠡᠨ ᠬᠥᠮᠥᠨ ᠤ | ᠦᠵᠡᠯ ᠤᠬᠠᠮᠰᠠᠷ ᠢ ᠳᠡᠭᠡᠭᠰᠢᠯᠡᠭᠦᠯᠦᠨ᠎ᠡ ᠃ ᠵᠠᠩ ᠳᠠᠳᠬᠠᠯ ᠢ ᠥᠭᠡᠷᠡᠴᠢᠯᠡᠬᠦ ᠠᠵᠢᠯ ᠢ ᠢᠳᠡᠪᠬᠢᠲᠡᠢ ᠪᠠᠷ ᠲᠦᠯᠬᠢᠨ | ᠠᠬᠢᠭᠤᠯᠵᠤ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠤᠨ᠎ᠠ᠃ | ᠨᠠᠢᠮᠠ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠨᠡᠮᠡᠭᠳᠡᠭᠦᠯᠬᠦ ᠬᠡᠷᠡᠭᠲᠡᠢ | ︵ ᠬᠤᠷᠢ ︶ ᠡᠳ᠋ ᠤᠨ ᠵᠠᠰᠠᠭ ᠤᠨ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ ᠃ ᠠᠶᠢᠮᠠᠭ | ᠬᠤᠲᠠ ᠪᠣᠯᠣᠨ ᠬᠤᠰᠢᠭᠤ ᠰᠢᠶᠠᠨ ᠢᠶᠠᠷ ᠭᠤᠣᠯ ᠪᠣᠯᠭᠠᠭᠰᠠᠨ ᠂ ᠥᠪᠡᠷᠲᠡᠭᠡᠨ ᠵᠠᠰᠠᠬᠤ ᠣᠷᠣᠨ ᠠᠴᠠ ᠱᠠᠩᠨᠠᠵᠤ | ᠲᠤᠰᠠᠯᠠᠬᠤ ᠵᠠᠰᠠᠭ ᠤᠨ ᠣᠷᠳᠣᠨ ᠤ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ ᠂ ᠮᠠᠯᠵᠢᠬᠤ ᠲᠠᠷᠢᠶᠠᠯᠠᠬᠤ | ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠪᠣᠯᠣᠨ ᠠᠵᠢᠯᠯᠠᠭᠠᠨ ᠤ ᠪᠡᠯᠡ ᠮᠥᠩᠭᠦ ᠶᠢ ᠪᠠᠲᠤᠯᠠᠨ᠎ᠠ ᠃ ᠰᠢᠨ᠎ᠡ ᠪᠠᠷ ᠨᠡᠮᠡᠭᠳᠡᠭᠰᠡᠨ | ᠲᠠᠷᠢᠶᠠᠨ ᠭᠠᠵᠠᠷ ᠤᠨ ᠭᠦᠢᠴᠡᠳᠬᠡᠯ ᠲᠤᠭ᠎ᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠨᠡᠮᠡᠭᠳᠡᠯ ᠬᠠᠰᠤᠭᠳᠠᠯ ᠤᠨ ᠡᠯᠭᠦᠭᠡ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢ ᠣᠷᠣᠨ ᠪᠦᠰᠡ | ᠠᠯᠤᠰᠯᠠᠨ ᠲᠣᠬᠢᠷᠠᠭᠤᠯᠤᠨ ᠬᠡᠷᠡᠭᠯᠡᠬᠦ ᠶᠢ ᠬᠡᠷᠡᠭᠵᠢᠭᠦᠯᠵᠦ ᠂ ᠭᠠᠵᠠᠷ ᠰᠢᠷᠣᠢ ᠶᠢ ᠰᠢᠯᠵᠢᠭᠦᠯᠦᠨ ᠥᠭᠭᠦᠭᠰᠡᠨ | ᠣᠷᠣᠯᠭ᠎ᠠ ᠶᠢᠨ ᠬᠡᠷᠡᠭᠯᠡᠬᠦ ᠬᠡᠪᠴᠢᠶ᠎ᠡ ᠶᠢ ᠲᠣᠬᠢᠷᠠᠭᠤᠯᠤᠨ ᠲᠡᠭᠦᠯᠳᠡᠷᠵᠢᠭᠦᠯᠵᠦ ᠂ ᠵᠣᠬᠢᠬᠤ ᠬᠠᠷᠢᠴᠠᠯ ᠤᠨ | ᠲᠣᠬᠢᠷᠠᠭᠤᠯᠤᠭᠰᠠᠨ ᠠᠰᠢᠭ ᠣᠯᠵᠠᠪᠤᠷᠢ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠂ ᠭᠠᠵᠠᠷ ᠰᠢᠷᠣᠢ ᠶᠢ | ᠰᠢᠯᠵᠢᠭᠦᠯᠦᠨ ᠥᠭᠭᠦᠭᠰᠡᠨ ᠣᠷᠣᠯᠭ᠎ᠠ ᠶᠢ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠬᠡᠷᠡᠭᠯᠡᠨ᠎ᠡ ᠃ ᠣᠷᠣᠨ ᠨᠤᠲᠤᠭ ᠤᠨ ᠵᠠᠰᠠᠭ ᠤᠨ ᠣᠷᠳᠣᠨ ᠤ | ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠵᠠᠷᠤᠯᠭ᠎ᠠ ᠳᠤ ᠵᠣᠬᠢᠬᠤ ᠬᠡᠪᠴᠢᠶ᠎ᠡ ᠪᠠᠷ ᠨᠥᠬᠦᠴᠡᠯ ᠳᠤ ᠨᠡᠶᠢᠴᠡᠬᠦ ᠮᠠᠯᠵᠢᠬᠤ | ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠳᠤ ᠬᠤᠰᠢᠭᠤ ᠰᠢᠶᠠᠨ ᠤ ᠱᠠᠲᠤᠨ ᠠᠴᠠ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ | ᠲᠣᠭᠤᠷᠢᠨ ᠢ ᠰᠠᠶᠢᠵᠢᠷᠠᠭᠤᠯᠬᠤ ᠬᠠᠮᠢᠶ᠎ᠠ ᠪᠦᠬᠦᠢ ᠪᠡᠯᠡ ᠮᠥᠩᠭᠦ ᠪᠣᠯᠣᠨ ᠲᠥᠷᠥᠯ ᠵᠦᠢᠯ ᠢ ᠲᠣᠭᠲᠠᠭᠠᠯ ᠶᠣᠰᠣᠭᠠᠷ | ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ᠂ ᠲᠣᠰᠬᠤᠨ ᠳᠠᠷᠠᠭᠠᠯᠠᠨ ᠲᠥᠪᠯᠡᠷᠡᠭᠦᠯᠦᠨ ᠪᠦᠲᠦᠭᠡᠨ ᠪᠠᠶᠢᠭᠤᠯᠵᠤ | ᠪᠣᠯᠣᠨ᠎ᠠ᠃ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠬᠠᠮᠲᠤᠷᠠᠯᠴᠠᠬᠤ ᠵᠡᠷᠭᠡ ᠵᠠᠭᠪᠤᠷ ᠢᠶᠠᠷ ᠳᠠᠮᠵᠢᠭᠤᠯᠤᠨ | ᠂ ᠨᠡᠶᠢᠭᠡᠮ ᠤᠨ ᠬᠦᠴᠦᠨ ᠢ ᠳᠠᠶᠢᠴᠢᠯᠠᠨ ᠪᠡᠯᠡ ᠣᠷᠣᠭᠤᠯᠤᠯᠲᠠ ᠶᠢᠨ ᠠᠰᠢᠭ ᠣᠯᠵᠠᠪᠤᠷᠢ ᠪᠠᠷ ᠨᠡᠯᠢᠶᠡᠳ ᠰᠠᠶᠢᠨ ᠂ | ᠵᠠᠬ᠎ᠠ ᠳᠡᠯᠭᠡᠭᠦᠷᠴᠢᠯᠡᠭᠰᠡᠨ ᠬᠢᠷᠢ ᠬᠡᠮᠵᠢᠶ᠎ᠡ ᠪᠠᠷ ᠨᠡᠯᠢᠶᠡᠳ ᠥᠨᠳᠥᠷ ᠲᠠᠷᠢᠶᠠᠯᠠᠬᠤ ᠮᠠᠯᠵᠢᠬᠤ ᠣᠷᠣᠨ ᠤ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ | ᠠᠵᠢᠯᠯᠠᠭᠠᠨ ᠤ ᠬᠠᠮᠢᠶᠠᠷᠴᠤ ᠬᠠᠮᠠᠭᠠᠯᠠᠬᠤ ᠲᠥᠷᠥᠯ ᠵᠦᠢᠯ ᠳᠤ ᠢᠳᠡᠪᠬᠢᠲᠡᠢ ᠣᠷᠣᠯᠴᠠᠭᠤᠯᠤᠨ᠎ᠠ ᠃ | ︵ ᠬᠤᠷᠢᠨ ᠨᠢᠭᠡ ︶ ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠦᠨ | ᠲᠡᠭᠦᠯᠳᠡᠷᠵᠢᠭᠦᠯᠦᠨ᠎ᠡ ᠃ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠥᠭᠡᠷᠡᠴᠢᠯᠡᠯᠲᠡ ᠶᠢᠨ | ᠲᠤᠷᠰᠢᠯᠲᠠ ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠶᠢ | ᠲᠤᠰᠬᠠᠶᠢᠯᠠᠨ ᠴᠡᠭᠴᠡᠯᠡᠨ ᠵᠠᠰᠠᠬᠤ ᠵᠡᠷᠭᠡ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠰᠠᠶᠢᠲᠤᠷ ᠬᠢᠵᠦ ᠂ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠬᠠᠮᠢᠶ᠎ᠠ ᠪᠦᠬᠦᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠂ ᠤᠰᠤ ᠴᠠᠬᠢᠯᠭᠠᠨ ᠬᠡᠷᠡᠭᠯᠡᠬᠦ ᠶᠢ ᠪᠠᠲᠤᠯᠠᠬᠤ ᠪᠠ ᠭᠠᠶᠢᠯᠢ | ᠲᠠᠲᠠᠪᠤᠷᠢ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ ᠃ ᠲᠠᠷᠢᠶᠠᠨ ᠭᠠᠵᠠᠷ | ᠪᠠ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠭᠰᠠᠨ ᠤᠷᠢᠲᠠᠯ ᠲᠤᠤᠷ᠎ᠠ᠂ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠤᠷᠢᠳᠠᠪᠠᠷ ᠪᠠᠲᠤᠯᠠᠵᠤ ᠂ ᠠᠭᠯᠠᠭ ᠠᠭᠤᠯᠠ ᠂ ᠲᠠᠴᠢᠷ ᠭᠤᠸ ᠂ | ᠬᠠᠯᠴᠠᠭᠠᠢ ᠲᠣᠪᠤ ᠂ ᠡᠵᠡᠭᠦᠢ ᠲᠠᠩ ᠢ ᠤᠷᠢᠳᠠᠪᠠᠷ ᠠᠰᠢᠭᠯᠠᠨ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ | ᠲᠣᠭᠤᠷᠢᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ ᠃ ᠮᠠᠯᠵᠢᠬᠤ ᠲᠠᠷᠢᠶᠠᠯᠠᠬᠤ | ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠠᠮᠢᠶ᠎ᠠ ᠪᠦᠬᠦᠢ ᠪᠡᠯᠡᠳᠬᠡᠮᠵᠢ ᠶᠢᠨ ᠴᠠᠬᠢᠯᠭᠠᠨ | ᠬᠡᠷᠡᠭᠯᠡᠬᠦ ᠤᠰᠤ ᠶᠢ ᠲᠠᠷᠢᠶᠠᠯᠠᠩ ᠮᠠᠯ ᠠᠵᠤ ᠠᠬᠤᠢ ᠶᠢᠨ ᠴᠠᠬᠢᠯᠭᠠᠨ ᠬᠡᠷᠡᠭᠯᠡᠬᠦ ᠤᠰᠤ ᠲᠠᠢ ᠬᠠᠷᠢᠴᠠᠭᠤᠯᠤᠨ | ᠬᠡᠷᠡᠭᠵᠢᠭᠦᠯᠦᠨ᠎ᠡ ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ | ᠪᠠᠶᠢᠭᠠᠳ ᠬᠠᠤᠯᠢ ᠲᠣᠭᠲᠠᠭᠠᠯ ᠳᠤ ᠨᠡᠶᠢᠴᠡᠭᠦᠯᠦᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ | ᠲᠣᠭᠤᠷᠢᠨ ᠢ ᠰᠠᠶᠢᠵᠢᠷᠠᠭᠤᠯᠬᠤ ᠳᠤ ᠳᠡᠮᠵᠢᠯᠭᠡ ᠬᠠᠩᠭᠠᠨ᠎ᠠ ᠃ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠵᠦᠢᠯᠡᠰ ᠤᠨ ᠳᠦᠭᠦᠮ ᠬᠢᠨᠠᠨ ᠵᠥᠪᠰᠢᠶᠡᠷᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢ ᠭᠠᠴᠠᠭ᠎ᠠ ᠲᠣᠰᠬᠤᠨ ᠤ | ᠱᠠᠲᠤᠨ ᠤ ᠵᠣᠬᠢᠶᠠᠨ ᠪᠠᠶᠢᠭᠤᠯᠤᠯᠲᠠ ᠪᠣᠯᠣᠨ ᠲᠠᠷᠢᠶᠠᠯᠠᠬᠤ ᠮᠠᠯᠵᠢᠬᠤ ᠣᠷᠣᠨ ᠤ ᠤᠷᠠᠨ ᠳᠠᠷᠬᠠᠨ ᠤ ᠳᠠᠭᠠᠭᠤᠯᠤᠭᠴᠢ | ᠵᠡᠷᠭᠡ ᠶᠢᠨ ᠲᠠᠷᠢᠶᠠᠯᠠᠬᠤ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠵᠢᠵᠢᠭ ᠬᠡᠯᠪᠡᠷᠢ ᠶᠢᠨ | ᠢᠨᠵᠧᠨᠧᠷᠢᠩ ᠤᠨ ᠲᠥᠷᠥᠯ ᠵᠦᠢᠯ ᠢ ᠳᠠᠭᠠᠭᠠᠨ ᠠᠪᠬᠤ ᠶᠢ ᠵᠣᠷᠢᠭᠵᠢᠭᠤᠯᠤᠨ᠎ᠠ ᠃ | ︵ ᠬᠤᠷᠢᠨ ᠬᠤᠶᠠᠷ ︶ ᠳᠦᠷᠢᠮ ᠲᠣᠭᠲᠠᠭᠠᠯ ᠬᠢᠭᠡᠳ ᠪᠠᠷᠢᠮᠵᠢᠶ᠎ᠠ ᠶᠢᠨ ᠵᠢᠷᠤᠮᠵᠢᠯ ᠢ ᠪᠦᠷᠢᠨᠰᠢᠭᠦᠯᠬᠦ | ᠬᠡᠷᠡᠭᠲᠡᠢ ᠃ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠬᠠᠮᠢᠶᠠᠷᠤᠯᠲᠠ ᠶᠢᠨ ᠳᠦᠷᠢᠮ ᠢ ᠰᠤᠳᠤᠯᠤᠨ ᠲᠣᠭᠲᠠᠭᠠᠨ᠎ᠠ ᠃ ᠮᠠᠯᠵᠢᠬᠤ ᠲᠠᠷᠢᠶᠠᠯᠠᠬᠤ | ᠣᠷᠣᠨ ᠤ ᠵᠣᠷᠯᠣᠩ ᠤᠨ ᠬᠠᠮᠢᠶᠠᠷᠤᠯᠲᠠ ᠂ ᠠᠮᠢᠳᠤᠷᠠᠯ ᠤᠨ ᠬᠤᠭ ᠨᠣᠪᠰᠢ ᠪᠣᠬᠢᠷ ᠤᠰᠤ ᠶᠢ ᠵᠠᠰᠠᠬᠤ ᠂ | ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠵᠡᠷᠭᠡ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠎ᠡ ᠃ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠦᠷᠢᠶᠡᠨ ᠳᠠᠬᠢ ᠪᠡᠯᠡᠳᠬᠡᠮᠵᠢ ᠲᠥᠬᠦᠭᠡᠷᠦᠮᠵᠢ ᠶᠢ | ᠲᠦᠷᠭᠡᠳᠬᠡᠨ ᠪᠠᠶᠢᠭᠤᠯᠵᠤ ᠂ ᠪᠦᠲᠦᠭᠡᠨ ᠪᠠᠶᠢᠭᠤᠯᠤᠯᠲᠠ ᠶᠢᠨ ᠰᠢᠯᠭᠠᠨ ᠠᠪᠬᠤ ᠂ ᠠᠵᠢᠯᠯᠠᠭᠠᠨ ᠤ ᠬᠠᠮᠠᠭᠠᠯᠠᠯᠲᠠ ᠂ | ᠬᠢᠨᠠᠨ ᠬᠡᠮᠵᠢᠵᠦ ᠦᠨᠡᠯᠡᠨ ᠵᠢᠱᠢᠬᠦ ᠂ ᠬᠠᠮᠢᠶᠠᠷᠤᠯᠲᠠ ᠦᠢᠯᠡᠴᠢᠯᠡᠭᠡ ᠵᠡᠷᠭᠡ ᠶᠢᠨ ᠵᠢᠷᠤᠮᠵᠢᠯ ᠢ ᠲᠦᠷᠭᠡᠳᠬᠡᠨ ᠂ | ᠬᠠᠮᠢᠶ᠎ᠠ ᠪᠦᠬᠦᠢ ᠪᠠᠷᠢᠮᠵᠢᠶ᠎ᠠ ᠶᠢ ᠱᠠᠯᠠᠪᠳᠠᠨ ᠲᠣᠭᠲᠠᠭᠠᠵᠤ ᠵᠠᠰᠠᠪᠤᠷᠢ ᠣᠷᠣᠭᠤᠯᠤᠨ᠎ᠠ ᠃ ᠬᠥᠳᠡᠭᠡ ᠲᠣᠰᠬᠤᠨ ᠤ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠠᠮᠢᠶ᠎ᠠ ᠪᠦᠬᠦᠢ ᠪᠦᠲᠦᠭᠡᠭᠳᠡᠬᠦᠨ ᠤ | ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠴᠠᠭ ᠲᠤᠨᠢ ᠲᠣᠬᠢᠷᠠᠭᠤᠯᠤᠨ ᠰᠤᠭᠤᠴᠢᠨ | ᠪᠠᠶᠢᠴᠠᠭᠠᠬᠤ ᠶᠢ ᠥᠷᠨᠢᠭᠦᠯᠵᠦ᠂ ᠶᠠᠰᠤ ᠴᠢᠨᠠᠷ ᠤᠨ ᠠᠮᠤᠷ ᠲᠦᠪᠰᠢᠨ ᠤ ᠬᠤᠷᠢᠭ᠎ᠠ ᠶᠢ ᠪᠠᠲᠤ ᠰᠠᠬᠢᠨ᠎ᠠ᠃ | ︵ ᠬᠤᠷᠢᠨ ᠭᠤᠷᠪᠠ ︶ ᠰᠢᠨᠵᠢᠯᠡᠬᠦ ᠤᠬᠠᠭᠠᠨ ᠮᠡᠷᠭᠡᠵᠢᠯ ᠪᠠ ᠴᠢᠳᠠᠪᠤᠷᠢᠲᠠᠨ ᠤ ᠲᠤᠯᠭᠠᠭᠤᠷᠢᠯᠠᠯ ᠢ | ᠴᠢᠩᠭᠠᠷᠠᠭᠤᠯᠤᠨ᠎ᠠ ᠃ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠂ ᠠᠵᠤ | ᠠᠬᠤᠶᠢᠯᠠᠯ ᠵᠡᠷᠭᠡ ᠶᠢᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠵᠠᠩᠭᠢᠯᠠᠭ᠎ᠠ ᠶᠢᠨ ᠮᠡᠷᠭᠡᠵᠢᠯ ᠂ | ᠤᠷᠠᠯᠠᠯ ᠪᠠ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠶᠢ ᠥᠷᠨᠢᠭᠦᠯᠬᠦ ᠶᠢ ᠵᠣᠷᠢᠭᠵᠢᠭᠤᠯᠤᠨ᠎ᠠ ᠃ ᠪᠣᠬᠢᠷᠳᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠲᠣᠭᠤᠷᠢᠨ ᠳᠤ᠂ ᠬᠥᠳᠡᠭᠡ ᠲᠣᠰᠬᠤᠨ ᠤ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠦᠷᠢᠶᠡᠨ ᠳᠠᠬᠢ ᠡᠨᠧᠷᠭᠢ ᠠᠷᠪᠢᠯᠠᠬᠤ ᠤᠰᠤ ᠠᠷᠪᠢᠯᠠᠬᠤ | ᠬᠤᠷᠣᠭᠳᠠᠯ ᠢ ᠪᠠᠭᠠᠰᠬᠠᠬᠤ᠂ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠵᠡᠷᠭᠡ ᠮᠡᠷᠭᠡᠵᠢᠯ ᠤᠨ ᠦᠢᠯᠡᠳᠬᠦᠨ ᠢ | ᠰᠤᠳᠤᠯᠤᠨ ᠨᠡᠭᠡᠭᠡᠵᠦ ᠳᠡᠯᠭᠡᠷᠡᠭᠦᠯᠬᠦ ᠶᠢ ᠴᠢᠩᠭᠠᠳᠬᠠᠨ᠎ᠠ᠃ ᠭᠠᠩ ᠬᠠᠭᠤᠷᠠᠢ ᠂ ᠬᠠᠬᠢᠷ ᠬᠦᠢᠲᠡᠨ ᠭᠠᠵᠠᠷ | ᠣᠷᠣᠨ ᠳᠤ ᠲᠣᠬᠢᠷᠠᠬᠤ ᠵᠣᠷᠯᠣᠩ ᠢ ᠥᠭᠡᠷᠡᠴᠢᠯᠡᠬᠦ ᠮᠡᠷᠭᠡᠵᠢᠯ ᠤᠨ ᠵᠠᠭᠪᠤᠷ ᠪᠠ ᠦᠢᠯᠡᠳᠬᠦᠨ ᠢ ᠵᠣᠬᠢᠶᠠᠨ | ᠪᠠᠶᠢᠭᠤᠯᠤᠨ ᠰᠤᠳᠤᠯᠤᠨ ᠨᠡᠭᠡᠭᠡᠨ᠎ᠡ ᠃ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠴᠤ ᠬᠠᠮᠠᠭᠠᠯᠠᠬᠤ ᠮᠡᠷᠭᠡᠵᠢᠯ ᠤᠨ ᠪᠦᠲᠦᠭᠡᠭᠳᠡᠬᠦᠨ ᠤ | ᠳᠡᠯᠭᠡᠨ ᠦᠵᠡᠭᠦᠯᠦᠯᠭᠡ ᠶᠢ ᠡᠷᠭᠢᠯᠡᠨ᠎ᠡ ᠃ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠤᠯ ᠤᠨ | ᠴᠢᠳᠠᠪᠤᠷᠢᠲᠠᠨ ᠤ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ ᠂ ᠴᠢᠭᠯᠡᠭᠦᠯᠬᠦ ᠴᠢᠨᠠᠷᠲᠠᠢ ᠠᠵᠢᠯ ᠤᠨ | ᠪᠠᠶᠢᠷᠢ ᠶᠢᠨ ᠬᠥᠮᠥᠵᠢᠭᠦᠯᠬᠦ ᠲᠣᠭᠲᠠᠴᠠ ᠶᠢ ᠪᠠᠶᠢᠭᠤᠯᠤᠨ᠎ᠠ ᠃ ᠲᠠᠷᠢᠶᠠᠯᠠᠩ ᠢᠲᠡᠭᠡᠮᠵᠢ ᠶᠢᠨ ᠮᠠᠯᠵᠢᠬᠤ ᠣᠷᠣᠨ ᠤ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠦᠷᠢᠶ᠎ᠡ ᠴᠠᠷᠠᠭ᠎ᠠ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠢ ᠴᠢᠩᠭᠠᠳᠬᠠᠵᠤ ᠂ ᠬᠠᠮᠢᠶ᠎ᠠ ᠪᠦᠬᠦᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠮᠡᠷᠭᠡᠵᠢᠯ | ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠷᠠᠭᠤᠯᠤᠨ ᠂ ᠦᠨᠳᠦᠰᠦᠨ ᠱᠠᠲᠤᠨ ᠳᠤ ᠪᠠᠴᠢᠮ ᠬᠡᠷᠡᠭᠰᠡᠬᠦ ᠲᠤᠰᠬᠠᠢ | ᠮᠡᠷᠭᠡᠵᠢᠯ ᠤᠨ ᠴᠢᠳᠠᠪᠤᠷᠢᠲᠠᠨ ᠢ ᠲᠦᠷᠭᠡᠳᠬᠡᠨ ᠬᠥᠮᠥᠵᠢᠭᠦᠯᠦᠨ᠎ᠡ ᠃ ᠰᠢᠨᠵᠢᠯᠡᠬᠦ ᠤᠬᠠᠭᠠᠨ ᠤ ᠰᠤᠳᠤᠯᠤᠯ ᠤᠨ | ᠪᠠᠶᠢᠭᠤᠯᠤᠮᠵᠢ ᠶᠢᠨ ᠮᠡᠷᠭᠡᠵᠢᠯ ᠤᠨ ᠠᠵᠢᠯᠲᠠᠨ ᠤ ᠲᠣᠰᠬᠤᠨ ᠳᠤ ᠬᠥᠳᠡᠭᠡ ᠲᠣᠰᠬᠤᠨ ᠢ ᠰᠠᠶᠢᠨ ᠮᠡᠳᠡᠳᠡᠭ | ᠲᠥᠯᠥᠪᠵᠢᠭᠦᠯᠦᠭᠴᠢ ᠂ ᠪᠠᠷᠢᠯᠭᠠᠴᠢᠨ ᠂ ᠲᠥᠯᠥᠪᠯᠡᠭᠴᠢ ᠶᠢᠨ ᠠᠶᠢᠯ ᠲᠣᠰᠬᠤᠨ ᠤ ᠲᠥᠯᠦᠪᠵᠢᠭᠦᠯᠭᠡ ᠶᠢᠨ ᠵᠢᠷᠤᠭ | ᠲᠥᠯᠥᠪᠯᠡᠭᠡ ᠂ ᠣᠨᠴᠠᠯᠢᠭᠲᠤ ᠦᠵᠡᠮᠵᠢ ᠶᠢ ᠦᠶᠯᠡᠳᠬᠦ ᠂ ᠬᠥᠮᠥᠨ ᠨᠡᠶᠢᠭᠡᠮ ᠤᠨ ᠥᠩᠭᠡ ᠦᠵᠡᠮᠵᠢ ᠶᠢ | ᠬᠥᠲᠥᠯᠥᠨ ᠵᠢᠯᠤᠭᠤᠳᠬᠤ ᠳᠤ ᠣᠷᠤᠯᠴᠠᠬᠤ ᠶᠢ ᠳᠡᠮᠵᠢᠨ᠎ᠡ ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠰᠠᠭᠤᠬᠤ ᠣᠷᠴᠢᠨ ᠲᠣᠭᠤᠷᠢᠨ ᠤ ᠪᠠᠶᠢᠴᠠᠭᠠᠨ ᠬᠡᠮᠵᠢᠯᠲᠡ ᠶᠢ ᠴᠢᠩᠭᠠᠳᠬᠠᠵᠤ ᠂ ᠪᠠᠶᠢᠴᠠᠭᠠᠨ ᠬᠡᠮᠵᠢᠭᠰᠡᠨ | ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ ᠃ | ᠶᠢᠰᠦ ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠢ | ︵ ᠬᠤᠷᠢᠨ ᠳᠥᠷᠪᠡ ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ ᠃ | ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠬᠥᠳᠡᠭᠡ ᠲᠣᠰᠬᠤᠨ ᠤ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠴᠢᠬᠤᠯᠠ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠡᠳᠦᠷ | ᠳᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠦᠬᠦᠯᠢ ᠴᠣᠭᠴᠠ ᠲᠠᠢ ᠤᠶᠠᠯᠳᠤᠭᠤᠯᠤᠨ ᠪᠦᠬᠦᠯᠢ ᠴᠣᠭᠴᠠ ᠶᠢᠨ ᠠᠵᠢᠯ ᠤᠨ ᠪᠠᠶᠢᠷᠢᠯᠠᠭᠤᠯᠤᠯᠲᠠ ᠬᠢᠵᠦ᠂ | ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ᠃ | ᠠᠶᠢᠮᠠᠭ ᠬᠤᠲᠠ ᠶᠢᠨ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠲᠡᠭᠡᠷ᠎ᠡ ᠲᠤᠤᠷ᠎ᠠ ᠱᠠᠲᠤ ᠶᠢ | ᠵᠣᠯᠭᠠᠭᠤᠯᠬᠤ ᠂ ᠣᠷᠣᠨ ᠪᠦᠰᠡ ᠶᠢᠨ ᠳᠣᠲᠣᠷ᠎ᠠ ᠪᠠᠨ ᠵᠣᠬᠢᠴᠠᠭᠤᠯᠬᠤ ᠂ ᠰᠢᠮᠳᠠᠭᠤᠯᠤᠨ ᠪᠠᠶᠢᠴᠠᠭᠠᠬᠤ ᠵᠡᠷᠭᠡ | ᠠᠵᠢᠯ ᠢ ᠰᠠᠶᠢᠲᠤᠷ ᠬᠢᠬᠦ ᠬᠡᠷᠡᠭᠲᠡᠢ ᠃ ᠬᠤᠰᠢᠭᠤ ᠰᠢᠶᠠᠨ ᠤ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ | ᠣᠷᠳᠣᠨ ᠨᠤᠭᠤᠳ ᠲᠣᠰ ᠭᠠᠵᠠᠷ ᠣᠷᠣᠨ ᠤ ᠪᠠᠨ ᠲᠠᠷᠢᠶᠠᠯᠠᠬᠤ ᠮᠠᠯᠵᠢᠬᠤ ᠣᠷᠣᠨ ᠤ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ ᠂ | ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠵᠦ ᠂ ᠭᠤᠣᠯ ᠬᠠᠷᠢᠭᠤᠴᠠᠯᠭᠠᠲᠠᠨ ᠨᠥᠬᠦᠳ ᠨᠢᠭᠡᠳᠦᠭᠡᠷ | ᠹᠷᠣᠨᠲ ᠤᠨ ᠵᠢᠯᠣᠭᠤᠳᠤᠯᠭ᠎ᠠ ᠶᠢᠨ ᠠᠵᠢᠯ ᠢ ᠰᠠᠶᠢᠲᠤᠷ ᠬᠢᠵᠦ ᠂ ᠨᠢᠭᠡᠳᠦᠭᠡᠷ ᠹᠷᠣᠨᠲ ᠤᠨ ᠺᠠᠳ᠋ᠷ ᠤᠨ ᠡᠩᠨᠡᠭᠡ ᠶᠢ | ᠰᠢᠯᠢᠳᠡᠭ ᠢ ᠨᠢ ᠰᠣᠩᠭᠤᠨ ᠲᠣᠬᠢᠷᠠᠭᠤᠯᠤᠨ᠎ᠠ ᠃ ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠢ | ᠬᠠᠷᠢᠭᠤᠴᠠᠯᠭ᠎ᠠ ᠶᠢ ᠡᠭᠦᠷᠭᠡᠯᠡᠵᠦ ᠂ ᠠᠶᠢᠮᠠᠭ ᠬᠤᠲᠠ ᠂ ᠬᠤᠰᠢᠭᠤ ᠰᠢᠶᠠᠨ ᠂ ᠰᠤᠮᠤ ᠰᠢᠶᠠᠩ ᠪᠠᠯᠭᠠᠰᠤ ᠠᠴᠠ | ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠨᠢ ᠮᠠᠯᠵᠢᠬᠤ | ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠠᠵᠢᠯ ᠢ | ᠨᠢᠭᠡᠳᠦᠯᠲᠡᠢ ᠲᠥᠯᠥᠪᠯᠡᠨ ᠰᠠᠶᠢᠵᠢᠷᠠᠭᠤᠯᠵᠤ ᠂ ᠪᠡᠯᠡ ᠮᠥᠩᠭᠦ ᠂ ᠡᠬᠢ ᠪᠠᠶᠠᠯᠢᠭ ᠂ ᠴᠢᠳᠠᠪᠤᠷᠢᠲᠠᠨ ᠤ | ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠵᠣᠬᠢᠴᠠᠭᠤᠯᠤᠨ ᠂ ᠠᠵᠢᠯ ᠤᠨ ᠠᠬᠢᠴᠠ ᠶᠢᠨ ᠪᠠᠶᠢᠳᠠᠯ ᠢ ᠲᠣᠬᠢᠷᠠᠭᠤᠯᠵᠤ | ᠂ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠠᠬᠢᠭᠤᠯᠤᠨ᠎ᠠ ᠃ | ᠲᠠᠷᠢᠶᠠᠯᠠᠩ ᠮᠠᠯ ᠠᠵᠤ ᠠᠬᠤᠢ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠳ | ᠠᠵᠢᠯ ᠢ ᠵᠣᠬᠢᠴᠠᠭᠤᠯᠬᠤ ᠂ ᠵᠣᠬᠢᠶᠠᠨ ᠪᠠᠶᠢᠭᠤᠯᠤᠨ ᠠᠬᠢᠭᠤᠯᠬᠤ ᠪᠠ ᠬᠢᠨᠠᠨ ᠵᠢᠯᠤᠭᠤᠳᠴᠤ ᠰᠢᠯᠭᠠᠨ ᠬᠢᠨᠠᠬᠤ ᠵᠡᠷᠭᠡ | ᠠᠵᠢᠯ ᠢ ᠰᠠᠶᠢᠲᠤᠷ ᠬᠢᠬᠦ ᠬᠡᠷᠡᠭᠲᠡᠢ ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠮᠠᠯᠵᠢᠬᠤ ᠲᠠᠷᠢᠶᠠᠯᠠᠬᠤ | ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠭᠦᠷᠭᠡ ᠶᠢᠨ ᠪᠡᠯᠡ | ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠂ ᠪᠡᠯᠡ ᠮᠥᠩᠭᠦ ᠪᠠᠵᠠᠭᠠᠬᠤ ᠬᠢᠨᠠᠯᠲᠠ ᠬᠠᠮᠢᠶᠠᠷᠤᠯᠲᠠ ᠶᠢᠨ | ᠠᠵᠢᠯ ᠢ ᠰᠠᠶᠢᠲᠤᠷ ᠬᠢᠬᠦ ᠬᠡᠷᠡᠭᠲᠡᠢ ᠃ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ | ᠡᠭᠦᠷᠭᠡ ᠲᠤᠰᠢᠶᠠᠯ ᠢᠶᠠᠨ ᠭᠦᠢᠴᠡᠳᠬᠡᠵᠦ ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ ᠂ ᠢᠵᠢ | ᠪᠦᠷᠢᠳᠦᠭᠦᠯᠦᠨ ᠳᠡᠮᠵᠢᠬᠦ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠨᠡᠶᠢᠲᠡᠯᠡᠬᠦ ᠬᠡᠷᠡᠭᠲᠡᠢ ᠃ ᠤᠯᠤᠰ ᠤᠨ | ᠥᠮᠴᠢᠯᠡᠯᠲᠦ ᠪᠠ ᠰᠢᠶᠠᠩ ᠪᠠᠯᠭᠠᠰᠤ ᠶᠢᠨ ᠲᠠᠷᠢᠶᠠᠯᠠᠩ ᠮᠠᠯ ᠠᠵᠤ ᠠᠬᠤᠢ ︵ ᠣᠶ ᠰᠢᠭᠤᠢ ︶ ᠶᠢᠨ ᠲᠠᠯᠠᠪᠠᠶ ᠶᠢᠨ | ᠣᠷᠣᠰᠢᠨ ᠰᠠᠭᠤᠬᠤ ᠴᠢᠭ᠋ ᠢ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠬᠡᠪᠴᠢᠶᠡᠨ ᠳᠤ ᠣᠷᠣᠭᠤᠯᠤᠨ ᠨᠢᠭᠡᠳᠦᠯᠲᠡᠢ ᠲᠥᠯᠥᠪᠯᠡᠨ | ᠪᠣᠳᠣᠯᠬᠢᠯᠠᠵᠤ ᠂ ᠵᠡᠷᠭᠡ ᠪᠠᠷ ᠠᠬᠢᠭᠤᠯᠤᠨ᠎ᠠ ᠃ | ︵ ᠬᠤᠷᠢᠨ ᠲᠠᠪᠤ ︶ ᠲᠥᠷᠥᠯ ᠬᠤᠪᠢᠶᠠᠨ ᠵᠢᠯᠤᠭᠤᠳᠬᠤ ᠶᠢ ᠴᠢᠩᠭᠠᠳᠬᠠᠨ᠎ᠠ ᠃ ᠠᠶᠢᠯ ᠲᠣᠰᠬᠤᠨ ᠤ | ᠬᠥᠭᠵᠢᠯᠲᠡ ᠶᠢᠨ ᠵᠢᠮ᠎ᠡ ᠶᠣᠰᠣ ᠪᠠ ᠬᠤᠪᠢᠷᠠᠯᠲᠠ ᠶᠢᠨ ᠬᠠᠨᠳᠤᠰᠢ ᠳᠤ ᠵᠣᠬᠢᠴᠠᠭᠤᠯᠤᠨ ᠂ ᠠᠶᠢᠯ ᠲᠣᠰᠬᠤᠨ ᠤ | ᠲᠥᠷᠥᠯ ᠠᠩᠭᠢᠯᠠᠯ ᠢ ᠵᠦᠢ ᠵᠣᠬᠢᠰᠲᠠᠢ ᠲᠣᠭᠲᠠᠭᠠᠵᠤ ᠂ ᠴᠡᠭᠴᠡᠯᠡᠨ ᠵᠠᠰᠠᠬᠤ ᠬᠦᠷᠢᠶ᠎ᠡ ᠬᠡᠪᠴᠢᠶ᠎ᠡ ᠶᠢ ᠰᠢᠨᠵᠢᠯᠡᠬᠦ | ᠤᠬᠠᠭᠠᠨᠴᠢ ᠪᠠᠷ ᠵᠠᠭᠠᠭᠯᠠᠨ ᠲᠣᠭᠲᠠᠭᠠᠵᠤ ᠂ ᠭᠤᠣᠯᠯᠠᠬᠤ ᠠᠵᠤ ᠦᠢᠯᠡᠰ ᠂ ᠣᠷᠣᠰᠢᠨ ᠰᠠᠭᠤᠬᠤ ᠣᠷᠴᠢᠨ | ᠲᠣᠭᠤᠷᠢᠨ ᠂ ᠠᠮᠢ ᠠᠬᠤᠢ ᠶᠢᠨ ᠬᠠᠮᠠᠭᠠᠯᠠᠯᠲᠠ ᠵᠡᠷᠭᠡ ᠠᠶᠢᠯ ᠲᠣᠰᠬᠤᠨ ᠤ ᠬᠥᠭᠵᠢᠯᠲᠡ ᠶᠢ ᠨᠢᠭᠡᠳᠦᠯᠲᠡᠢ | ᠲᠥᠯᠥᠪᠯᠡᠨ ᠪᠣᠳᠣᠯᠬᠢᠯᠠᠵᠤ ᠂ ᠨᠥᠬᠦᠴᠡᠯ ᠲᠠᠢ ᠬᠡᠷᠡᠭᠴᠡᠭᠡ ᠱᠠᠭᠠᠷᠳᠠᠯᠭ᠎ᠠ ᠲᠠᠢ ᠠᠶᠢᠯ ᠲᠣᠰᠬᠤᠨ ᠤ ᠨᠠᠶᠢᠷᠠᠭᠤᠯᠤᠨ | ᠵᠣᠬᠢᠶᠠᠬᠤ ︽ ᠣᠯᠠᠨ ᠲᠥᠯᠦᠪᠵᠢᠭᠦᠯᠭᠡ ᠶᠢ ᠨᠢᠭᠡᠳᠬᠡᠬᠦ ︾ ᠲᠥᠯᠦᠪᠵᠢᠭᠦᠯᠭᠡ ᠶᠢ ᠲᠦᠷᠭᠡᠳᠬᠡᠨ ᠠᠬᠢᠭᠤᠯᠤᠨ᠎ᠠ ᠃ | ᠲᠥᠪᠯᠡᠷᠡᠭᠦᠯᠦᠨ ᠳᠡᠭᠡᠭᠰᠢᠯᠡᠭᠦᠯᠬᠦ ᠲᠥᠷᠥᠯ ᠤᠨ ᠠᠶᠢᠯ ᠲᠣᠰᠬᠤᠨ ᠤ ᠭᠤᠣᠯᠳᠠᠯᠭ᠎ᠠ ᠨᠢ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ ᠂ ᠮᠠᠯᠵᠢᠬᠤ ᠲᠠᠷᠢᠶᠠᠯᠠᠬᠤ | ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠬᠢᠭᠡᠳ ᠠᠵᠤ ᠦᠢᠯᠡᠰ ᠤᠨ ᠬᠥᠭᠵᠢᠯᠲᠡ ᠶᠢᠨ | ᠬᠠᠷᠢᠯᠴᠠᠨ ᠠᠬᠢᠭᠤᠯᠵᠤ ᠬᠠᠷᠢᠯᠴᠠᠨ ᠤᠷᠤᠭᠰᠢᠯᠠᠬᠤ ᠶᠢ ᠠᠬᠢᠭᠤᠯᠤᠨ ᠂ ᠪᠦᠲᠦᠭᠡᠨ ᠪᠠᠶᠢᠭᠤᠯᠵᠤ ᠬᠠᠮᠢᠶᠠᠷᠤᠨ | ᠬᠠᠮᠠᠭᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠬᠠᠮᠠᠭᠠᠯᠠᠨ | ᠬᠠᠳᠠᠭᠠᠯᠠᠬᠤ ᠳᠤ ᠪᠣᠶ᠃ ᠬᠤᠳᠠ ᠶᠢᠨ ᠲᠡᠭᠦᠷᠭᠡ ᠶᠢᠨ ᠠᠭᠤᠰᠤᠯᠴᠠᠭᠰᠠᠨ ᠲᠦᠷᠦᠯ ᠤᠨ ᠠᠶᠢᠯ ᠲᠣᠰᠬᠤᠨ ᠤ | ᠭᠤᠣᠯᠳᠠᠯᠭ᠎ᠠ ᠨᠢ ᠬᠤᠳᠠ ᠬᠥᠳᠡᠭᠡ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠰᠠᠭᠤᠷᠢ | ᠲᠥᠬᠦᠭᠡᠷᠦᠮᠵᠢ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠶᠢ ᠲᠦᠷᠭᠡᠳᠬᠡᠨ ᠪᠡᠶᠡᠯᠡᠭᠦᠯᠬᠦ ᠳᠤ ᠪᠤᠢ᠃ ᠣᠨᠴᠠᠯᠢᠭᠲᠤ ᠬᠠᠮᠠᠭᠠᠯᠠᠯᠲᠠ ᠶᠢᠨ ᠲᠦᠷᠦᠯ ᠤᠨ ᠠᠶᠢᠯ | ᠲᠣᠰᠬᠤᠨ ᠤ ᠭᠤᠣᠯᠳᠠᠯᠭ᠎ᠠ ᠨᠢ ᠪᠠᠶᠢᠭᠠᠯᠢ ᠲᠡᠦᠬᠡ ᠰᠣᠶᠣᠯ ᠤᠨ ᠣᠨᠴᠠᠯᠢᠭᠲᠤ ᠡᠬᠢ ᠪᠠᠶᠠᠯᠢᠭ ᠢ ᠬᠠᠮᠠᠭᠠᠯᠠᠵᠤ᠂ | ᠤᠤᠯ ᠤᠨ ᠰᠠᠭᠤᠭ᠎ᠠ ᠰᠠᠭᠤᠭᠠᠯᠢ ᠠᠷᠠᠳ ᠤᠨ ᠠᠮᠢᠳᠤᠷᠠᠯ ᠤᠨ ᠬᠡᠯᠪᠡᠷᠢ ᠪᠠᠶᠢᠳᠠᠯ ᠪᠠ ᠠᠮᠢᠳᠤᠷᠠᠯ ᠤᠨ ᠵᠠᠩ | ᠳᠠᠳᠬᠠᠯ ᠢ ᠬᠦᠨᠳᠦᠳᠬᠡᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠦᠷᠭᠡᠨ | ᠰᠠᠶᠢᠵᠢᠷᠠᠭᠤᠯᠬᠤ ᠳᠤ ᠪᠤᠢ᠃ ︽ ᠬᠥᠨᠳᠡᠢ ᠲᠣᠰᠬᠤᠨ ︾ ᠂ ᠨᠢᠭᠡᠨᠲᠡ ᠲᠣᠳᠣᠷᠬᠠᠶᠢᠯᠠᠭᠰᠠᠨ ᠨᠡᠭᠦᠯᠭᠡᠵᠦ ᠬᠠᠰᠤᠵᠤ | ᠨᠡᠶᠢᠯᠡᠭᠦᠯᠬᠦ ᠲᠥᠷᠥᠯ ᠤᠨ ᠲᠣᠰᠬᠤᠨ ᠢ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠬᠡᠪᠴᠢᠶᠡᠨ ᠳᠤ ᠣᠷᠣᠭᠤᠯᠬᠤ ᠦᠭᠡᠢ ᠂ ᠴᠡᠪᠡᠷ ᠲᠡᠭᠰᠢ | ᠪᠠᠶᠢᠬᠤ ᠶᠢ ᠪᠠᠲᠤᠯᠠᠵᠤ ᠂ ᠣᠲᠣ ᠶᠢᠨ ᠪᠠᠶᠢᠭ᠎ᠠ ᠰᠠᠭᠤᠷᠢ ᠪᠡᠯᠡᠳᠬᠡᠮᠵᠢ ᠶᠢᠨ ᠲᠣᠭᠲᠠᠭᠤᠨ ᠢᠶᠠᠷ ᠠᠵᠢᠯᠯᠠᠬᠤ ᠶᠢ | ᠪᠠᠲᠤᠯᠠᠬᠤ ᠪᠠᠷ ᠭᠤᠣᠯᠳᠠᠯᠭ᠎ᠠ ᠪᠠᠨ ᠪᠣᠯᠭᠠᠨ᠎ᠠ ᠃ ᠲᠦᠷ ᠴᠠᠭ ᠲᠦᠷᠦᠯ ᠢᠯᠭᠠᠯ ᠢ ᠨᠢ ᠲᠣᠭᠲᠠᠭᠠᠬᠤ ᠳᠤ ᠪᠡᠷᠬᠡᠲᠡᠢ | ᠠᠶᠢᠯ ᠲᠣᠰᠬᠤᠨ ᠢ ᠲᠦᠷ ᠲᠦᠷᠦᠯ ᠬᠤᠪᠢᠶᠠᠬᠤ ᠦᠭᠡᠢ ᠪᠠᠶᠢᠵᠤ ᠪᠣᠯᠣᠨ᠎ᠠ᠃ | ︵ ᠬᠤᠷᠢᠨ ᠵᠢᠷᠭᠤᠭ᠎ᠠ ︶ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ ᠃ ᠶᠠᠰᠤ ᠴᠢᠨᠠᠷ ᠪᠣᠳᠠᠲᠤ | ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠵᠤ ᠂ ᠮᠠᠯᠴᠢᠨ ᠲᠠᠷᠢᠶᠠᠴᠢᠨ ᠤ ᠰᠡᠳᠬᠢᠯ ᠬᠠᠨᠤᠮᠵᠢᠲᠠᠶ ᠪᠠᠶᠢᠬᠤ ᠪᠠᠷ | ᠪᠠᠷᠢᠮᠵᠢᠶ᠎ᠠ ᠪᠣᠯᠭᠠᠭᠰᠠᠨ ᠠᠵᠢᠯ ᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ ᠃ ᠰᠢᠶᠠᠨ ᠤ ᠬᠡᠪᠴᠢᠶᠡᠨ ᠳᠤ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠠ ᠣᠷᠣᠰᠢᠨ ᠰᠠᠭᠤᠬᠤ ᠳᠤ | ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠠᠶᠢᠯ ᠲᠣᠰᠬᠤᠨ ᠢ ᠡᠭᠦᠳᠦᠨ ᠪᠠᠶᠢᠭᠤᠯᠵᠤ ᠲᠠᠨᠢᠯᠴᠠᠭᠤᠯᠬᠤ ᠠᠵᠢᠯ ᠢ | ᠥᠷᠨᠢᠭᠦᠯᠵᠦ ᠂ ᠨᠡᠶᠢᠲᠡᠯᠢᠭ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ ᠂ ᠵᠢᠱᠢᠶ᠎ᠡ ᠦᠵᠡᠭᠦᠯᠦᠨ ᠳᠠᠶᠢᠴᠢᠯᠠᠬᠤ ᠶᠢ | ᠪᠦᠬᠦᠯᠢ ᠴᠣᠭᠴᠠ ᠪᠠᠷ ᠨᠢ ᠳᠡᠭᠡᠭᠰᠢᠯᠡᠭᠦᠯᠦᠨ᠎ᠡ ᠃ ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠂ ᠡᠯ᠎ᠡ ᠲᠠᠯ᠎ᠠ ᠶᠢᠨ ᠬᠢᠨ ᠢ ᠬᠥᠲᠥᠯᠥᠨ ᠵᠢᠯᠤᠭᠤᠳᠴᠤ ᠪᠠᠶᠢᠭᠠᠳ ᠮᠠᠯᠵᠢᠬᠤ | ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ | ᠢᠳᠡᠪᠬᠢᠲᠡᠢ ᠣᠷᠣᠯᠴᠠᠭᠤᠯᠵᠤ ᠂ ᠵᠠᠰᠠᠭ ᠤᠨ ᠣᠷᠳᠣᠨ ᠤ ᠪᠦᠬᠦᠨ ᠢ ᠳᠠᠭᠠᠭᠠᠨ ᠬᠠᠮᠤᠷᠬᠤ ᠠᠴᠠ ᠵᠠᠶᠢᠯᠠᠰᠬᠢᠬᠦ | ᠬᠡᠷᠡᠭᠲᠡᠢ ᠃ ᠦᠨᠳᠦᠰᠦᠨ ᠱᠠᠲᠤᠨ ᠤ ᠡᠳ᠋ ᠤᠨ ᠬᠦᠴᠦᠨ ᠤ ᠳᠠᠭᠠᠭᠠᠵᠤ ᠳᠡᠶᠢᠯᠬᠦ ᠴᠢᠳᠠᠪᠤᠷᠢ ᠶᠢ ᠭᠦᠢᠴᠡᠳ | ᠪᠣᠳᠣᠯᠬᠢᠯᠠᠨ ᠂ ᠴᠡᠭᠴᠡᠯᠡᠨ ᠵᠠᠰᠠᠵᠤ ᠳᠡᠭᠡᠭᠰᠢᠯᠡᠭᠦᠯᠬᠦ ᠭᠤᠣᠯᠳᠠᠯᠭ᠎ᠠ ᠶᠢ ᠵᠦᠢ ᠵᠣᠬᠢᠰᠲᠠᠢ ᠲᠣᠭᠲᠠᠭᠠᠵᠤ ᠂ | ᠭᠠᠴᠠᠭ᠎ᠠ ᠲᠣᠰᠬᠤᠨ ᠤ ᠱᠠᠲᠤᠨ ᠤ ᠥᠷᠢ ᠥᠭᠴᠡᠭᠡ ᠶᠢ ᠬᠦᠨᠳᠦᠷᠡᠭᠦᠯᠬᠦ ᠶᠢ ᠰᠡᠷᠭᠡᠶᠢᠯᠡᠬᠦ ᠬᠡᠷᠡᠭᠲᠡᠢ ᠃ | ︵ ᠬᠤᠷᠢᠨ ᠳᠣᠯᠤᠭ᠎ᠠ ︶ ᠰᠢᠯᠭᠠᠨ ᠬᠢᠨᠠᠵᠤ ᠤᠷᠮᠠᠰᠢᠭᠤᠯᠬᠤ ᠶᠢ ᠴᠢᠩᠭᠠᠷᠠᠭᠤᠯᠤᠨ᠎ᠠ ᠃ ᠮᠠᠯᠵᠢᠬᠤ | ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠬᠠᠮᠢᠶ᠎ᠠ | ᠪᠦᠬᠦᠢ ᠰᠢᠮᠳᠠᠭᠤᠯᠤᠨ ᠪᠠᠶᠢᠴᠠᠭᠠᠵᠤ ᠪᠠᠶᠢᠴᠠᠭᠠᠬᠤ ᠲᠥᠯᠥᠪᠯᠡᠭᠡ ᠳᠤ ᠣᠷᠣᠭᠤᠯᠵᠤ ᠂ ᠰᠢᠮᠳᠠᠭᠤᠯᠤᠨ ᠪᠠᠶᠢᠴᠠᠭᠠᠭᠰᠠᠨ | ᠦᠷ᠎ᠡ ᠳ᠋ᠦᠩ ᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠳᠤ ᠮᠡᠳᠡᠭᠦᠯᠬᠦ | ᠬᠡᠷᠡᠭᠲᠡᠢ ᠃ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠢ ᠠᠶᠢᠮᠠᠭ ᠬᠤᠲᠠ ᠂ ᠬᠤᠰᠢᠭᠤ ᠰᠢᠶᠠᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠪᠣᠳᠠᠲᠤ ᠠᠮᠵᠢᠯᠲᠠ ᠶᠢ ᠰᠢᠯᠭᠠᠨ | ᠬᠢᠨᠠᠬᠤ ᠳᠤ ᠣᠷᠣᠭᠤᠯᠤᠨ᠎ᠠ ᠃ ᠮᠠᠯᠵᠢᠬᠤ ᠲᠠᠷᠢᠶᠠᠯᠠᠬᠤ ᠣᠷᠣᠨ ᠤ ᠪᠣᠬᠢᠷᠳᠤᠯ ᠢ ᠵᠠᠰᠠᠬᠤ ᠳᠤ ᠣᠷᠣᠰᠢᠵᠤ ᠪᠠᠶᠢᠭ᠎ᠠ | ᠲᠣᠪᠣᠶᠢᠮ᠎ᠠ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠬᠡᠪᠴᠢᠶᠡᠨ ᠳᠤ ᠣᠷᠣᠭᠤᠯᠵᠤ ᠂ ᠪᠣᠬᠢᠷᠳᠤᠯ ᠢ ᠵᠠᠰᠠᠬᠤ ᠳᠤ | ᠬᠢᠨᠠᠯᠲᠠ ᠲᠠᠯᠪᠢᠬᠤ ᠶᠢ ᠴᠢᠩᠭᠠᠷᠠᠭᠤᠯᠤᠨ᠎ᠠ ᠃ ᠥᠪᠡᠷᠲᠡᠭᠡᠨ ᠵᠠᠰᠠᠬᠤ ᠣᠷᠣᠨ ᠠᠴᠠ ᠰᠢᠯᠭᠠᠨ ᠠᠪᠬᠤ ᠪᠠᠷᠢᠮᠵᠢᠶ᠎ᠠ | ᠪᠠ ᠠᠷᠭ᠎ᠠ ᠶᠢ ᠲᠣᠭᠲᠠᠭᠠᠵᠤ ᠂ 2025 ᠣᠨ ᠤ ᠵᠢᠯ ᠤᠨ ᠡᠴᠦᠰ ᠪᠣᠯᠬᠤ ᠳᠤ ᠬᠤᠰᠢᠭᠤ ᠰᠢᠶᠠᠨ ᠢᠶᠠᠷ ᠨᠢᠭᠡᠴᠢ | ᠪᠣᠯᠭᠠᠨ ᠪᠠᠶᠢᠴᠠᠭᠠᠨ ᠰᠢᠯᠭᠠᠵᠤ ᠂ ᠪᠠᠶᠢᠴᠠᠭᠠᠭᠰᠠᠨ ᠦᠷ᠎ᠡ ᠳ᠋ᠦᠩ ᠢ ᠬᠠᠮᠢᠶ᠎ᠠ ᠪᠦᠬᠦᠢ ᠳᠡᠮᠵᠢᠬᠦ ᠲᠥᠷᠥ ᠶᠢᠨ | ᠪᠣᠳᠣᠯᠭ᠎ᠠ ᠯᠤᠭ᠎ᠠ ᠰᠢᠭᠤᠳ ᠬᠤᠯᠪᠣᠭᠳᠠᠭᠤᠯᠤᠨ᠎ᠠ ᠃ | ︵ ᠬᠤᠷᠢᠨ ᠨᠠᠢᠮᠠ ︶ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠨ᠎ᠠ ᠃ | ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠥᠪ ᠲᠠᠯ᠎ᠠ ᠶᠢᠨ ᠤᠬᠠᠭᠤᠯᠭ᠎ᠠ ᠪᠠ ᠶᠠᠷᠢᠶ᠎ᠠ | ᠬᠡᠯᠡᠯᠴᠡᠭᠡᠨ ᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ ᠂ ᠰᠣᠨᠢᠨ ᠰᠡᠳᠬᠦᠯ ᠂ ᠷᠠᠳᠢᠣ᠋ ᠨᠡᠪᠲᠡᠷᠡᠭᠦᠯᠭᠡ ᠂ | ᠲᠧᠯᠸᠢᠰ ᠵᠡᠷᠭᠡ ᠤᠯᠠᠮᠵᠢᠯᠠᠯᠲᠤ ᠵᠠᠭᠤᠴᠢᠯᠠᠭᠤᠷ ᠪᠠ ᠸᠢᠴᠠᠲ ᠂ ᠪᠢᠴᠢᠯ ᠪᠦᠷᠭᠡ ᠵᠡᠷᠭᠡ ᠰᠦᠯᠵᠢᠶᠡᠨ ᠤ ᠰᠢᠨ᠎ᠡ | ᠵᠠᠭᠤᠴᠢᠯᠠᠭᠤᠷ ᠢ ᠭᠦᠢᠴᠡᠳ ᠠᠰᠢᠭᠯᠠᠨ ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠠᠭ ᠲᠤᠬᠠᠢ ᠳᠤᠨᠢ | ᠥᠷᠨᠢᠭᠦᠯᠵᠦ ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠭᠰᠠᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠥᠷᠭᠡᠨ ᠢᠶᠠᠷ ᠤᠬᠠᠭᠤᠯᠵᠤ ᠂ ᠨᠡᠶᠢᠭᠡᠮ ᠤᠨ | ᠠᠩᠬᠠᠷᠤᠯ ᠳᠤ ᠬᠠᠷᠢᠭᠤ ᠥᠭᠴᠦ ᠂ ᠨᠡᠶᠢᠭᠡᠮ ᠨᠡᠶᠢᠲᠡ ᠶᠢᠨ ᠲᠠᠨᠢᠯᠲᠠ ᠶᠢ ᠨᠡᠮᠡᠭᠳᠡᠭᠦᠯᠦᠨ ᠂ ᠰᠠᠶᠢᠨ ᠰᠠᠶᠢᠬᠠᠨ | ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠢ ᠃ | |