ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠨᠳᠦᠰᠦᠨ ᠵᠦᠢᠯ  ᠢ ᠪᠠᠲᠤᠯᠠᠬᠤ ᠪᠠᠲᠤᠯᠠᠭ᠎ᠠ ᠶᠢᠨ ᠦᠷ᠎ᠡ ᠪᠦᠲᠦᠭᠡᠯ  ᠢ ᠪᠠᠬᠢᠵᠢᠭᠦᠯᠦᠨ ᠥᠷᠭᠡᠳᠬᠡᠵᠦ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ  ᠢ ᠤᠯᠠᠮ ᠨᠢᠭᠡ ᠠᠯᠬᠤᠮ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2022/11/22
      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠂ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠲᠤᠬᠠᠢ ᠪᠠᠶᠢᠷᠢᠯᠠᠭᠤᠯᠤᠯᠲᠠ ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ  ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ  ᠂ ᠲᠡᠩᠬᠡᠷᠡᠭᠦᠯᠦᠨ ᠲᠤᠰᠠᠯᠠᠵᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠠᠵᠢᠯ ᠤᠨ ᠲᠣᠭᠲᠠᠴᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠵᠤ  ᠂ ᠲᠣᠭᠲᠠᠭᠤᠨ ᠢᠶᠠᠷ ᠰᠢᠯᠵᠢᠭᠦᠯᠬᠦ ᠶᠢ ᠦᠨᠡᠨᠬᠦ ᠪᠠᠲᠤᠯᠠᠵᠤ  ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ  ᠂  ᠲᠤᠤᠷᠠᠬᠢ ᠮᠡᠲᠦ ᠬᠡᠷᠡᠭᠵᠢᠭᠦᠯᠬᠦ ᠲᠥᠰᠥᠯ ᠢ ᠲᠣᠭᠲᠠᠭᠠᠨ᠎ᠠ᠃      ᠨᠢᠭᠡ  ᠂ ᠶᠡᠷᠦᠩᠬᠡᠢ ᠱᠠᠭᠠᠷᠳᠠᠯᠭ᠎ᠠ      ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ  ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ  ᠂ ᠭᠤᠷᠪᠠᠳᠤᠭᠠᠷ  ᠂ ᠳᠥᠷᠪᠡᠳᠦᠭᠡᠷ  ᠂ ᠲᠠᠪᠤᠳᠤᠭᠠᠷ ᠪᠦᠭᠦᠳᠡ ᠬᠤᠷᠠᠯ ᠪᠣᠯᠣᠨ ᠰᠢ ᠶᠢᠨ ᠫᠢᠩ  ᠤ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ  ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ  ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ  ᠂ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ  ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠭᠰᠠᠨ ᠰᠠᠭᠤᠷᠢᠨ ᠳᠡᠭᠡᠷ᠎ᠡ  ᠂ ᠬᠤᠲᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠨᠢᠭᠡᠳᠦᠯᠲᠡᠢ ᠲᠥᠯᠥᠪᠯᠡᠨ ᠬᠥᠭᠵᠢᠭᠦᠯᠵᠦ  ᠂ ᠣᠷᠣᠯᠭ᠎ᠠ ᠪᠠᠭᠠᠲᠠᠢ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠬᠡᠮᠵᠢᠬᠦ ᠶᠢ ᠴᠢᠩᠭᠠᠳᠬᠠᠨ  ᠂ ᠲᠠᠰ ᠳᠠᠪᠬᠤᠷᠭ᠎ᠠ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ  ᠂ ᠨᠡᠶᠢᠭᠡᠮ ᠤᠨ ᠠᠪᠤᠷᠠᠨ ᠲᠤᠰᠠᠯᠠᠬᠤ ᠬᠦᠷᠢᠶ᠎ᠡ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ ᠥᠷᠭᠡᠳᠬᠡᠨ  ᠂ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ  ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ  ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ  ᠂ ᠠᠪᠤᠷᠠᠪᠠᠰᠤ ᠵᠣᠬᠢᠬᠤ ᠶᠢ ᠨᠢ ᠪᠦᠬᠦᠨ ᠢ ᠠᠪᠤᠷᠠᠵᠤ  ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ  ᠂ ᠬᠦᠴᠢᠷᠳᠡᠯᠲᠡᠢ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ  ᠂ ᠵᠣᠯ ᠵᠢᠷᠭᠠᠯᠲᠤ ᠲᠥᠷᠥᠭᠳᠡᠯ  ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ  ᠃      ᠬᠤᠶᠠᠷ  ᠂ ᠡᠭᠦᠷᠭᠡ ᠶᠢᠨ ᠠᠷᠭ᠎ᠠ ᠬᠡᠮᠵᠢᠶ᠎ᠡ      (ᠨᠢᠭᠡ) ᠰᠢᠯᠵᠢᠯᠲᠡ ᠶᠢᠨ ᠬᠤᠭᠤᠴᠠᠭᠠᠨ ᠳᠤ ᠠᠪᠤᠷᠠᠨ ᠲᠤᠰᠠᠯᠠᠵᠤ ᠦᠨᠳᠦᠰᠦᠨ ᠵᠦᠢᠯ ᠢ ᠪᠠᠲᠤᠯᠠᠬᠤ ᠲᠦᠷᠦ ᠶᠢᠨ ᠪᠣᠳᠣᠯᠭ᠎ᠠ ᠶᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ      5 ᠵᠢᠯ ᠤᠨ ᠰᠢᠯᠵᠢᠯᠲᠡ ᠶᠢᠨ ᠬᠤᠭᠤᠴᠠᠭᠠᠨ ᠳᠤ  ᠂ ᠡᠯ᠎ᠡ ᠭᠠᠵᠠᠷ ᠤᠨ ᠬᠢᠨ ︽ ᠳᠥᠷᠪᠡ ᠶᠢ ᠰᠠᠯᠭᠠᠬᠤ ᠦᠭᠡᠢ  ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ  ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ  ᠂ ᠣᠨᠴᠠ ᠬᠦᠴᠢᠷᠳᠡᠯ ᠲᠠᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ  ᠂ ᠲᠦᠷ ᠴᠠᠭ ᠠᠪᠤᠷᠠᠨ ᠲᠤᠰᠠᠯᠠᠬᠤ ᠵᠡᠷᠭᠡ ᠲᠥᠷᠥ ᠶᠢᠨ ᠪᠣᠳᠣᠯᠭ᠎ᠠ ᠶᠢᠨ ᠲᠣᠭᠲᠠᠭᠤᠨ ᠪᠠᠶᠢᠬᠤ ᠶᠢ ᠦᠷᠭᠦᠯᠵᠢᠯᠡᠨ ᠪᠠᠲᠤᠯᠠᠬᠤ ᠬᠡᠷᠡᠭᠲᠡᠢ  ᠃ ᠶᠠᠳᠠᠭᠤ  ᠠᠴᠠ ᠠᠩᠭᠢᠵᠢᠷᠠᠭᠰᠠᠨ ᠬᠥᠮᠥᠨ ᠠᠮᠠ ᠶᠢᠨ ᠳᠣᠲᠣᠷᠠᠬᠢ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠮᠥᠷᠲᠡᠭᠡᠨ ᠠᠵᠤ ᠦᠢᠯᠡᠰ ᠤᠨ ᠠᠵᠢᠯ ᠣᠯᠭᠤᠯᠲᠠ ᠪᠠᠷ ᠳᠡᠮᠵᠢᠨ ᠲᠣᠭᠲᠠᠪᠤᠷᠢᠲᠠᠢ ᠣᠷᠣᠯᠭ᠎ᠠ ᠣᠯᠬᠤ ᠶᠢᠨ ᠠᠷᠭ᠎ᠠ ᠦᠭᠡᠢ ᠬᠥᠮᠥᠨ ᠠᠮᠠ ᠶᠢ ᠲᠣᠭᠲᠠᠭᠠᠯ ᠶᠣᠰᠣᠭᠠᠷ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠪᠤᠶᠤ ᠣᠨᠴᠠ ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠦᠷᠢᠶ᠎ᠡ ᠬᠡᠪᠴᠢᠶᠡᠨ ᠳᠤ ᠣᠷᠣᠭᠤᠯᠬᠤ ᠶᠢᠨ ᠬᠠᠮᠲᠤ ᠬᠦᠴᠢᠷᠳᠡᠯᠲᠡᠢ ᠲᠥᠷᠥᠯ ᠬᠡᠯᠪᠡᠷᠢ ᠶᠢ ᠨᠢ ᠦᠨᠳᠦᠰᠦᠯᠡᠨ ᠵᠣᠬᠢᠬᠤ ᠲᠤᠰᠬᠠᠢ ᠵᠦᠢᠯ ᠤᠨ ᠲᠡᠩᠬᠡᠷᠡᠭᠦᠯᠦᠨ ᠲᠤᠰᠠᠯᠠᠬᠤ  ᠂ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠵᠡᠷᠭᠡ ᠶᠢ ᠣᠯᠭᠤᠨ᠎ᠠ  ᠃ ᠡᠪᠡᠳᠴᠢᠨ ᠤ ᠰᠢᠯᠲᠠᠭᠠᠨ ᠪᠠ ᠦᠯᠡᠳᠡᠭᠳᠡᠯ ᠰᠢᠯᠲᠠᠭᠠᠨ ᠤ ᠰᠤᠷᠭᠠᠭᠤᠯᠢ ᠵᠡᠷᠭᠡ ᠠᠴᠠ ᠪᠣᠯᠵᠤ ᠨᠡᠮᠡᠭᠳᠡᠭᠰᠡᠨ ᠵᠠᠶᠢᠯᠠᠰᠢ ᠦᠭᠡᠢ ᠵᠠᠷᠤᠯᠭ᠎ᠠ ᠪᠠ ᠠᠵᠢᠯ ᠣᠯᠭᠤᠯᠲᠠ  ᠠᠴᠠ ᠪᠣᠶ ᠪᠣᠯᠤᠭᠰᠠᠨ ᠴᠢᠬᠤᠯᠠ ᠪᠦᠬᠦᠢ ᠥᠪᠡᠷ ᠤᠨ ᠥᠷᠲᠡᠭ ᠢ ᠭᠡᠷ ᠪᠦᠯᠢ ᠶᠢᠨ ᠣᠷᠣᠯᠭ᠎ᠠ ᠶᠢ ᠲᠣᠭᠠᠴᠠᠭ᠎ᠠ ᠬᠢᠬᠦ ᠳᠡᠭᠡᠨ ᠵᠣᠬᠢᠬᠤ ᠬᠡᠮᠵᠢᠶ᠎ᠡ ᠪᠠᠷ ᠬᠠᠰᠤᠨ᠎ᠠ  ᠃ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠤᠨ ᠲᠣᠭᠠᠴᠠᠭ᠎ᠠ ᠬᠢᠬᠦ ᠠᠷᠭ᠎ᠠ ᠶᠢ ᠲᠡᠭᠦᠯᠳᠡᠷᠵᠢᠭᠦᠯᠵᠦ  ᠂ ︽ ᠠᠷᠪᠠᠨ ᠳᠥᠷᠪᠡᠳᠦᠭᠡᠷ ᠲᠠᠪᠤᠨ ᠵᠢᠯ  ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠲᠥᠪ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠨᠠᠰᠤᠵᠢᠯ ᠤᠨ ᠮᠥᠩᠭᠦ ᠶᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ  ᠂ ᠣᠨᠴᠠ ᠬᠦᠴᠢᠷᠳᠡᠯᠲᠡᠢ ᠬᠥᠮᠥᠰ ᠤᠨ ᠣᠷᠣᠯᠭ᠎ᠠ ᠳᠤ ᠪᠤᠳᠤᠵᠤ ᠣᠷᠣᠭᠤᠯᠬᠤ ᠦᠭᠡᠢ  ᠃      ︵ ᠬᠤᠶᠠᠷ  ︶ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ ᠤᠨ ᠬᠥᠳᠡᠯᠦᠩᠭᠦᠢ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ      ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠬᠥᠳᠡᠯᠦᠩᠭᠦᠢ ᠬᠠᠮᠢᠶᠠᠷᠤᠯᠲᠠ ᠶᠢ ᠴᠢᠩᠭᠠᠳᠬᠠᠵᠤ  ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠢᠳᠡᠭ ᠢᠳᠡᠭ ᠢᠶᠠᠷ ᠪᠤᠴᠠᠭᠠᠬᠤ ᠲᠥᠷᠥ ᠶᠢᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠢᠳᠡᠭ ᠢᠳᠡᠭ ᠢᠶᠠᠷ ᠠᠵᠢᠯ  ᠠᠴᠠ ᠪᠠᠨ ᠪᠠᠭᠤᠬᠤ ᠬᠤᠭᠤᠴᠠᠭ᠎ᠠ ᠶᠢ ᠲᠥᠷᠥᠯ ᠪᠠ ᠲᠠᠰ ᠬᠤᠪᠢᠶᠠᠨ ᠲᠣᠭᠲᠠᠭᠠᠵᠤ  ᠂ ᠭᠡᠷ ᠪᠦᠯᠢ ᠶᠢᠨ ᠪᠦᠷᠢᠯᠳᠦᠭᠦᠨ ᠳᠤ ᠠᠮᠢᠳᠤᠯᠢᠭ ᠢᠶᠠᠷ ᠠᠵᠢᠯ ᠣᠯᠬᠤ  ᠂ ᠭᠠᠳᠠᠭᠰᠢ ᠭᠠᠷᠴᠤ ᠠᠵᠢᠯ ᠬᠢᠬᠦ  ᠂ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠵᠡᠷᠭᠡ ᠠᠷᠭ᠎ᠠ ᠮᠠᠶ᠋ᠢᠭ ᠢᠶᠠᠷ ᠠᠵᠢᠯ ᠣᠯᠬᠤ ᠶᠢ ᠪᠡᠶᠡᠯᠡᠭᠦᠯᠦᠭᠰᠡᠨ ᠮᠥᠷᠲᠡᠭᠡᠨ ᠭᠡᠷ ᠪᠦᠯᠢ ᠶᠢᠨ ᠬᠥᠮᠥᠨ ᠳᠤᠮᠳᠠᠴᠢ ᠶᠢᠨ ᠣᠷᠣᠯᠭ᠎ᠠ ᠨᠢ ᠲᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ  ᠠᠴᠠ ᠬᠡᠲᠦᠷᠡᠭᠰᠡᠨ ᠭᠡᠷ ᠪᠦᠯᠢ ᠳᠤ 6 ᠰᠠᠷ᠎ᠠ  ᠠᠴᠠ ᠬᠡᠲᠦᠷᠡᠬᠦ ᠦᠭᠡᠢ ᠢᠳᠡᠭ ᠢᠳᠡᠭ ᠢᠶᠠᠷ ᠠᠵᠢᠯ  ᠠᠴᠠ ᠪᠠᠨ ᠪᠠᠭᠤᠬᠤ ᠬᠤᠭᠤᠴᠠᠭ᠎ᠠ ᠣᠯᠭᠤᠨ᠎ᠠ  ︔ ᠶᠠᠳᠠᠭᠤ  ᠠᠴᠠ ᠠᠩᠭᠢᠵᠢᠷᠠᠭᠰᠠᠨ ᠬᠥᠮᠥᠨ ᠠᠮᠠ ᠶᠢᠨ ᠳᠣᠲᠣᠷᠠᠬᠢ ᠠᠵᠤ ᠦᠢᠯᠡᠰ ᠢᠶᠠᠷ ᠬᠠᠪᠰᠤᠷᠤᠨ ᠲᠡᠳᠬᠦᠬᠦ  ᠂ ᠬᠤᠪᠢ ᠣᠷᠣᠭᠤᠯᠤᠯᠲᠠ ᠶᠢᠨ ᠬᠦᠦ ᠮᠥᠩᠭᠦ ᠪᠠᠷ ᠠᠰᠢᠭ ᠬᠤᠪᠢᠶᠠᠬᠤ ᠵᠡᠷᠭᠡ ᠠᠷᠭ᠎ᠠ ᠮᠠᠶ᠋ᠢᠭ ᠢᠶᠠᠷ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠦᠭᠰᠡᠨ ᠮᠥᠷᠲᠡᠭᠡᠨ ᠭᠡᠷ ᠪᠦᠯᠢ ᠶᠢᠨ ᠬᠥᠮᠥᠨ ᠳᠤᠮᠳᠠᠴᠢ ᠶᠢᠨ ᠣᠷᠣᠯᠭ᠎ᠠ ᠨᠢ ᠲᠤᠬᠠᠢ ᠶᠢᠨ ᠭᠠᠵᠠᠷ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ  ᠠᠴᠠ ᠳᠠᠪᠠᠭᠰᠠᠨ ᠭᠡᠷ ᠪᠦᠯᠢ ᠳᠤ 6 ︱ 12 ᠰᠠᠷ᠎ᠠ ᠶᠢᠨ ᠠᠭᠠᠵᠢᠮ ᠢᠶᠠᠷ ᠠᠵᠢᠯ  ᠠᠴᠠ ᠪᠠᠨ ᠪᠠᠭᠤᠬᠤ ᠬᠤᠭᠤᠴᠠᠭ᠎ᠠ ᠣᠯᠭᠤᠨ᠎ᠠ  ︔ ᠪᠤᠰᠤᠳ ᠪᠠᠶᠢᠳᠠᠯ ᠢ ᠠᠶᠢᠮᠠᠭ ᠬᠤᠳᠠ ᠨᠤᠭᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠵᠤ ᠪᠣᠯᠣᠨ᠎ᠠ᠃ ᠡᠯ᠎ᠡ ᠭᠠᠵᠠᠷ ᠤᠨ ᠬᠢᠨ ᠢᠳᠡᠭ ᠢᠳᠡᠭ ᠢᠶᠠᠷ ᠪᠤᠴᠠᠭᠠᠬᠤ ᠠᠵᠢᠯ ᠤᠨ ᠴᠤᠪᠤᠷᠠᠯ ᠢ ᠤᠯᠠᠮ ᠨᠢᠭᠡ ᠠᠯᠬᠤᠮ ᠵᠢᠷᠤᠮᠵᠢᠭᠤᠯᠵᠤ  ᠂ ᠢᠳᠡᠭ ᠢᠳᠡᠭ ᠢᠶᠠᠷ ᠪᠤᠴᠠᠭᠠᠬᠤ ᠡᠬᠢᠯᠡᠵᠦ ᠳᠠᠭᠤᠰᠬᠤ ᠴᠠᠭ ᠢ ᠲᠣᠳᠣᠷᠬᠠᠢ ᠲᠣᠭᠲᠠᠭᠠᠨ  ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠢᠨᠠᠨ ᠲᠣᠭᠲᠠᠭᠠᠭᠰᠠᠨ ᠡᠲᠡᠭᠡᠳ ᠤᠨ ᠣᠷᠣᠯᠭ᠎ᠠ ᠨᠢ ᠪᠠᠷᠢᠮᠵᠢᠶ᠎ᠠ  ᠠᠴᠠ ᠬᠡᠲᠦᠷᠡᠭᠰᠡᠨ ᠳᠠᠷᠠᠭ᠎ᠠ ᠰᠠᠷ᠎ᠠ  ᠠᠴᠠ ᠡᠬᠢᠯᠡᠨ ᠢᠳᠡᠭ ᠢᠳᠡᠭ ᠢᠶᠠᠷ ᠪᠤᠴᠠᠭᠠᠬᠤ ᠬᠤᠭᠤᠴᠠᠭ᠎ᠠ ᠣᠯᠭᠤᠵᠤ  ᠂ ᠢᠳᠡᠭ ᠢᠳᠡᠭ ᠢᠶᠠᠷ ᠪᠤᠴᠠᠭᠠᠬᠤ ᠬᠤᠭᠤᠴᠠᠭ᠎ᠠ ᠳᠠᠭᠤᠰᠬᠤ  ᠠᠴᠠ ᠨᠢᠭᠡ ᠰᠠᠷ᠎ᠠ ᠶᠢᠨ ᠳᠣᠲᠣᠷ᠎ᠠ ᠲᠡᠳᠡᠨ ᠤ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠳᠠᠬᠢᠨ ᠬᠢᠨᠠᠵᠤ ᠦᠨᠡᠯᠡᠨ ᠵᠢᠱᠢᠵᠦ  ᠂ ᠨᠥᠬᠦᠴᠡᠯ ᠳᠤ ᠨᠡᠶᠢᠴᠡᠬᠦ ᠦᠭᠡᠢ ᠪᠣᠯ ᠲᠠᠰ ᠳᠠᠷᠠᠭᠠᠯᠠᠯ ᠢᠶᠠᠷ ᠪᠤᠴᠠᠭᠠᠵᠤ ᠭᠠᠷᠭᠠᠬᠤ ᠬᠡᠷᠡᠭᠲᠡᠢ  ᠃ ᠢᠳᠡᠭ ᠢᠳᠡᠭ ᠢᠶᠠᠷ ᠠᠵᠢᠯ  ᠠᠴᠠ ᠪᠠᠨ ᠪᠠᠭᠤᠵᠤ ᠬᠡᠷᠡᠭᠵᠢᠭᠦᠯᠦᠭᠰᠡᠨ ᠪᠠᠶᠢᠳᠠᠯ ᠢ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ ᠤᠨ ᠲᠠᠩᠰᠠ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠤᠨ ᠨᠠᠰᠤ ᠪᠠᠷᠠᠭᠰᠠᠨ  ᠂ ᠰᠠᠶᠢᠨ ᠳᠤᠷ᠎ᠠ  ᠠᠴᠠ ᠪᠠᠨ ᠤᠬᠤᠷᠢᠨ ᠭᠠᠷᠤᠭᠰᠠᠨ  ᠂ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠲᠥᠯᠥᠪᠦᠷᠢ ᠣᠯᠭᠤᠬᠤ ᠵᠡᠷᠭᠡ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠮᠥᠷᠲᠡᠭᠡᠨ ᠭᠡᠷ ᠪᠦᠯᠢ ᠶᠢᠨ ᠬᠥᠮᠥᠨ ᠳᠤᠮᠳᠠᠴᠢ ᠶᠢᠨ ᠣᠷᠣᠯᠭ᠎ᠠ ᠨᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ  ᠠᠴᠠ ᠬᠡᠲᠦᠷᠡᠭᠰᠡᠨ ᠵᠢᠴᠢ ᠭᠡᠷ ᠪᠦᠯᠢ ᠶᠢᠨ ᠴᠢᠬᠤᠯᠠ ᠡᠳ᠋ ᠬᠥᠷᠥᠩᠭᠡ ᠪᠠ ᠣᠷᠣᠯᠭ᠎ᠠ ᠶᠢᠨ ᠵᠦᠢᠯᠡᠰ ᠢ ᠮᠡᠳᠡᠭᠦᠯᠬᠦ ᠦᠭᠡᠢ ᠨᠢᠭᠤᠭᠰᠠᠨ  ᠂ ᠬᠤᠳᠠᠯ ᠢᠶᠠᠷ ᠮᠡᠳᠡᠭᠦᠯᠦᠭᠰᠡᠨ  ᠂ ᠬᠤᠳᠠᠯ ᠢᠶᠠᠷ ᠮᠡᠳᠡᠭᠦᠯᠦᠭᠰᠡᠨ ᠪᠠᠶᠢᠪᠠᠯ  ᠂ ᠢᠳᠡᠭ ᠢᠳᠡᠭ ᠢᠶᠠᠷ ᠪᠤᠴᠠᠭᠠᠬᠤ ᠬᠤᠭᠤᠴᠠᠭᠠᠨ ᠤ ᠬᠠᠮᠢᠶᠠᠷᠤᠯᠲᠠ ᠳᠤ ᠣᠷᠣᠭᠤᠯᠬᠤ ᠦᠭᠡᠢ  ᠃      (ᠭᠤᠷᠪᠠ) ᠣᠷᠣᠯᠭ᠎ᠠ ᠪᠠᠭᠠᠲᠠᠢ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ      ᠵᠠᠰᠠᠭ ᠤᠨ ᠣᠷᠳᠣᠨ ᠤ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠰᠣᠯᠢᠯᠴᠠᠭᠠᠨ ᠤ ᠲᠠᠪᠴᠠᠩ ᠤᠨ ᠰᠤᠷᠭᠠᠨ ᠬᠥᠮᠦᠵᠢᠯ  ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ  ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ  ᠂ ᠡᠷᠡᠭᠦᠯ ᠬᠠᠮᠠᠭᠠᠯᠠᠯ ᠡᠷᠡᠭᠦᠯ ᠮᠡᠨᠳᠦ  ᠂ ᠪᠠᠴᠢᠮ ᠪᠠᠶᠢᠳᠠᠯ ᠢ ᠠᠷᠭᠠᠴᠠᠬᠤ  ᠂ ᠡᠮ ᠡᠮᠨᠡᠯᠭᠡ ᠶᠢᠨ ᠪᠠᠲᠤᠯᠠᠭ᠎ᠠ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠪᠣᠯᠣᠨ ᠨᠢᠭᠡᠴᠡ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠨ᠎ᠡ  ᠃ ᠲᠣᠮᠣ ᠳ᠋ᠠᠶᠢᠲ᠋ᠠ ᠶᠢᠨ ᠬᠠᠷᠢᠴᠠᠯ ᠢ ᠠᠳᠠᠯᠢ ᠲᠡᠭᠰᠢ ᠪᠠᠶᠢᠯᠭᠠᠬᠤ ᠠᠷᠭ᠎ᠠ ᠪᠠᠷᠢᠯ ᠢᠶᠠᠷ ᠳᠠᠮᠵᠢᠭᠤᠯᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ  ᠂ ᠣᠨᠴᠠ ᠬᠦᠴᠢᠷᠳᠡᠯᠲᠡᠢ ᠬᠥᠮᠥᠰ  ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠡᠷᠦᠬᠡ  ᠂ ᠬᠥᠳᠡᠭᠡ ᠲᠣᠰᠬᠤᠨ ᠤ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠬᠥᠮᠥᠰ  ᠂ ᠡᠪᠡᠳᠴᠢᠨ ᠤ ᠰᠢᠯᠲᠠᠭᠠᠨ  ᠂ ᠭᠠᠮᠰᠢᠭ ᠤᠨ ᠰᠢᠯᠲᠠᠭᠠᠨ  ᠠᠴᠠ ᠪᠣᠯᠵᠤ ᠰᠠᠨᠠᠭᠠᠨ ᠳᠤ ᠦᠭᠡᠢ ᠠᠳᠡᠯ ᠵᠡᠷᠭᠡ ᠵᠠᠶᠢᠯᠠᠰᠢ ᠦᠭᠡᠢ ᠵᠠᠷᠤᠯᠭ᠎ᠠ ᠨᠡᠯᠢᠶᠡᠳ ᠶᠡᠭᠡ ᠪᠤᠶᠤ ᠣᠷᠣᠯᠭ᠎ᠠ ᠨᠢ ᠶᠡᠭᠡ ᠪᠠᠷ ᠪᠠᠭᠠᠰᠤᠭᠰᠠᠨ  ᠠᠴᠠ ᠪᠣᠯᠵᠤ ᠦᠨᠳᠦᠰᠦᠨ ᠠᠮᠢᠳᠤᠷᠠᠯ ᠳᠤᠨᠢ ᠬᠦᠨᠳᠦ ᠨᠣᠴᠢᠲᠠᠢ ᠬᠦᠴᠢᠷᠳᠡᠯ ᠲᠠᠢ ᠪᠣᠯᠤᠭᠰᠠᠨ ᠬᠥᠮᠥᠨ ᠠᠮᠠ ᠵᠢᠴᠢ ᠪᠤᠰᠤᠳ ᠣᠷᠣᠯᠭ᠎ᠠ ᠪᠠᠭᠠᠲᠠᠢ ᠬᠥᠮᠥᠨ ᠠᠮᠠ ᠳᠤ ᠪᠠᠶᠢᠩᠭᠤ ᠶᠢᠨ ᠬᠢᠨᠠᠨ ᠬᠡᠮᠵᠢᠯᠲᠡ ᠬᠢᠨ᠎ᠡ  ᠃ ᠠᠪᠤᠷᠠᠨ ᠲᠤᠰᠠᠯᠠᠬᠤ ᠴᠢᠬᠤᠯᠠ ᠲᠠᠢ ᠣᠷᠣᠯᠭ᠎ᠠ ᠪᠠᠭᠠᠲᠠᠢ ᠬᠥᠮᠥᠨ ᠠᠮᠠ ᠶᠢ ᠴᠠᠭ ᠲᠤᠬᠠᠢ ᠳᠤᠨᠢ ᠤᠷᠢᠳᠴᠢᠯᠠᠨ ᠰᠡᠷᠡᠮᠵᠢᠯᠡᠭᠦᠯᠵᠦ ᠪᠠᠶᠢᠭᠠᠳ ᠣᠯᠵᠤ ᠮᠡᠳᠡᠬᠦ ᠬᠡᠷᠡᠭᠲᠡᠢ  ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠤᠭᠰᠠᠨ ᠠᠵᠢᠯ ᠤᠨ ᠲᠣᠭᠲᠠᠴᠠ ᠶᠢ ᠪᠠᠷᠢᠮᠲᠠᠯᠠᠵᠤ  ᠂ ᠠᠵᠢᠯᠲᠠᠨ ᠢ ᠵᠣᠬᠢᠶᠠᠨ ᠪᠠᠶᠢᠭᠤᠯᠤᠨ ᠲᠤᠬᠠᠢ ᠶᠢᠨ ᠭᠠᠵᠠᠷ ᠲᠤᠨᠢ ᠬᠢᠨᠠᠨ ᠬᠠᠷᠭᠤᠭᠤᠯᠵᠤ  ᠂ ᠨᠥᠬᠦᠴᠡᠯ ᠳᠤ ᠨᠡᠶᠢᠴᠡᠬᠦ ᠬᠥᠮᠥᠰ ᠢ ᠴᠠᠭ ᠲᠤᠬᠠᠢ ᠳᠤᠨᠢ ᠲᠡᠩᠬᠡᠷᠡᠭᠦᠯᠦᠨ ᠲᠤᠰᠠᠯᠠᠵᠤ ᠪᠠᠲᠤᠯᠠᠬᠤ ᠬᠡᠪᠴᠢᠶᠡᠨ ᠳᠤ ᠣᠷᠣᠭᠤᠯᠬᠤ ᠬᠡᠷᠡᠭᠲᠡᠢ  ᠃      ︵ ᠳᠥᠷᠪᠡ  ︶ ᠰᠠᠨᠠᠭᠠᠴᠢᠯᠠᠭ᠎ᠠ  ᠠᠴᠠ ᠪᠠᠨ ᠢᠯᠡᠷᠡᠭᠦᠯᠦᠨ ᠲᠦᠷᠭᠡᠨ ᠳᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ      ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠵᠢᠴᠢ ᠬᠠᠮᠢᠶ᠎ᠠ ᠪᠦᠬᠦᠢ ᠬᠥᠮᠥᠰ ᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ  ᠂ ᠰᠤᠷᠪᠤᠯᠵᠢᠯᠠᠬᠤ  ᠂ ᠢᠯᠡᠷᠡᠭᠦᠯᠬᠦ ᠳᠤ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠴᠢᠬᠤᠯᠠᠲᠠᠢ ᠪᠠᠶᠢᠬᠤ ᠶᠢ ᠭᠠᠴᠠᠭ᠎ᠠ ᠲᠣᠰᠬᠤᠨ ︵ ᠨᠡᠶᠢᠭᠡᠮ ᠲᠣᠭᠤᠷᠢᠭ  ︶ ᠪᠣᠯᠣᠨ ᠦᠨᠳᠦᠰᠦᠨ ᠱᠠᠲᠤᠨ ᠤ ᠠᠵᠢᠯᠲᠠᠨ ᠤ ᠴᠢᠬᠤᠯᠠ ᠠᠵᠢᠯ ᠤᠨ ᠠᠭᠤᠯᠭ᠎ᠠ ᠳᠤ ᠣᠷᠣᠭᠤᠯᠬᠤ ᠬᠡᠷᠡᠭᠲᠡᠢ  ᠃ ᠨᠡᠶᠢᠭᠡᠮ ᠤᠨ ᠬᠦᠴᠦᠨ ᠤ ᠣᠷᠤᠯᠴᠠᠬᠤ ᠶᠢ ᠳᠡᠮᠵᠢᠬᠦ ᠪᠠ ᠬᠥᠲᠥᠯᠥᠨ ᠵᠢᠯᠤᠭᠤᠳᠴᠤ  ᠂ ᠠᠪᠤᠷᠠᠨ ᠲᠤᠰᠠᠯᠠᠬᠤ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ  ᠃ ︽ 12349  ︾ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠬᠠᠯᠠᠮᠰᠢᠯ ᠤᠲᠠᠰᠤ ᠶᠢ ᠪᠥᠬᠦ ᠣᠷᠣᠨ ᠤ ︽ 12345  ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠲᠠᠢ ᠨᠡᠶᠢᠯᠡᠭᠦᠯᠵᠦ  ᠂ ᠠᠵᠢᠯ ᠤᠨ ᠴᠤᠪᠤᠷᠠᠯ ᠢ ᠰᠢᠯᠢᠳᠡᠭᠵᠢᠭᠦᠯᠦᠨ  ᠂ ᠣᠯᠠᠨ ᠲᠦᠮᠡᠨ ᠤ ᠲᠤᠰᠬᠠᠭᠰᠠᠨ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠬᠦ ᠪᠠ ᠰᠢᠢᠳᠪᠦᠷᠢᠯᠡᠬᠦ ᠶᠢ ᠦᠨᠡᠨᠬᠦ ᠪᠠᠲᠤᠯᠠᠨ᠎ᠠ  ᠃ ᠨᠡᠶᠢᠭᠡᠮ ᠤᠨ ᠠᠪᠤᠷᠠᠨ ᠲᠤᠰᠠᠯᠠᠬᠤ ᠬᠦᠰᠡᠯ ᠱᠠᠭᠠᠷᠳᠠᠯᠭ᠎ᠠ ᠶᠢ ᠲᠦᠷᠭᠡᠨ ᠳᠠᠭᠠᠬᠤ ᠲᠣᠭᠲᠠᠴᠠ ᠶᠢ ᠲᠡᠭᠦᠯᠳᠡᠷᠵᠢᠭᠦᠯᠵᠦ  ᠂ ᠲᠦᠷᠭᠡᠨ ᠳᠠᠭᠠᠬᠤ ᠵᠦᠢᠯᠡᠰ  ᠂ ᠲᠠᠰ ᠳᠠᠷᠠᠭᠠᠯᠠᠯ  ᠂ ᠴᠠᠭ ᠤᠨ ᠬᠢᠵᠠᠭᠠᠷ ᠢ ᠲᠣᠳᠣᠷᠬᠠᠶᠢᠯᠠᠵᠤ  ᠂ ᠬᠡᠷᠡᠭᠴᠡᠭᠡ ᠲᠠᠢ ᠬᠦᠴᠢᠷᠳᠡᠯᠲᠡᠢ ᠣᠯᠠᠨ ᠲᠦᠮᠡᠨ ᠳᠤ ᠴᠠᠭ ᠲᠤᠬᠠᠢ ᠳᠤᠨᠢ ᠠᠪᠤᠷᠠᠨ ᠲᠤᠰᠠᠯᠠᠬᠤ ᠦᠢᠯᠡᠴᠢᠯᠡᠭᠡ ᠬᠠᠩᠭᠠᠨ᠎ᠠ  ᠃      (ᠲᠠᠪᠤ) ᠣᠷᠣᠯᠭ᠎ᠠ ᠪᠠᠭᠠᠲᠠᠢ ᠬᠥᠮᠥᠨ ᠠᠮᠠ ᠶᠢ ᠱᠠᠲᠤ ᠬᠤᠪᠢᠶᠠᠨ ᠲᠦᠷᠦᠯ ᠬᠤᠪᠢᠶᠠᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ᠎ᠡ      ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠡᠳ᠋ ᠤᠨ ᠵᠠᠰᠠᠭ  ᠂ ᠰᠤᠷᠭᠠᠨ ᠬᠥᠮᠦᠵᠢᠯ  ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ  ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ  ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠯᠦᠭᠡ ᠵᠣᠬᠢᠴᠠᠯᠳᠤᠨ ᠨᠡᠪᠲᠡᠷᠡᠯᠴᠡᠬᠦ ᠪᠠᠨ ᠴᠢᠩᠭᠠᠳᠬᠠᠵᠤ  ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠶᠢ ᠱᠠᠲᠤᠴᠢᠯᠠᠬᠤ  ᠂ ᠣᠯᠠᠨ ᠲᠠᠰ ᠳᠠᠪᠬᠤᠷᠭ᠎ᠠ ᠳᠠᠰᠢ ᠤᠷᠲᠤᠳᠬᠠᠬᠤ ᠶᠢ ᠠᠬᠢᠭᠤᠯᠵᠤ  ᠂ ᠣᠷᠣᠯᠭ᠎ᠠ ᠪᠠᠭᠠᠲᠠᠢ ᠬᠥᠮᠥᠨ ᠠᠮᠠ ᠶᠢ ᠲᠡᠩᠬᠡᠷᠡᠭᠦᠯᠦᠨ ᠲᠤᠰᠠᠯᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ  ᠃ ᠣᠷᠣᠯᠭ᠎ᠠ ᠪᠠᠭᠠᠲᠠᠢ ᠭᠡᠷ ᠪᠦᠯᠢ ᠶᠢᠨ ᠳᠣᠲᠣᠷᠠᠬᠢ ᠨᠢᠭᠡᠳᠦᠭᠡᠷ ᠳᠡᠰ  ᠂ ᠬᠤᠶᠠᠳᠤᠭᠠᠷ ᠳᠡᠰ ᠤᠨ ᠬᠦᠨᠳᠦ ᠵᠡᠮᠳᠡᠭ ᠬᠥᠮᠥᠨ ᠪᠠ ᠭᠤᠷᠪᠠᠳᠤᠭᠠᠷ ᠳᠡᠰ ᠤᠨ ᠣᠶᠤᠨ ᠮᠡᠳᠡᠷᠡᠯ  ᠂ ᠣᠶᠤᠨ ᠤ ᠵᠡᠮᠳᠡᠭ ᠬᠥᠮᠥᠨ ᠵᠢᠴᠢ ᠬᠦᠨᠳᠦ ᠡᠪᠡᠳᠴᠢᠲᠡᠨ ᠵᠡᠷᠭᠡ ᠣᠨᠴᠣᠭᠤᠢ ᠬᠦᠴᠢᠷᠳᠡᠯᠲᠡᠢ ᠬᠥᠮᠥᠰ ᠲᠤ ᠪᠣᠯ  ᠂ ᠭᠤᠶᠤᠴᠢᠯᠠᠯ ᠢ ᠨᠢ ᠦᠨᠳᠦᠰᠦᠯᠡᠨ ︽ ᠭᠠᠭᠴᠠ ᠬᠥᠮᠥᠨ ᠤ ᠡᠷᠦᠬᠡ  ︾ ᠪᠠᠷ ᠯᠠᠪᠯᠠᠯᠲᠠ ᠪᠣᠯᠭᠠᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ ᠪᠣᠯᠣᠨ᠎ᠠ  ᠃ ᠨᠥᠬᠦᠴᠡᠯ ᠳᠤ ᠨᠡᠶᠢᠴᠡᠬᠦ ᠣᠷᠣᠯᠭ᠎ᠠ ᠪᠠᠭᠠᠲᠠᠢ ᠬᠥᠮᠥᠨ ᠠᠮᠠ ᠳᠤ ᠪᠣᠳᠠᠲᠠᠢ ᠬᠡᠷᠡᠭᠴᠡᠭᠡ ᠪᠠᠨ ᠦᠨᠳᠦᠰᠦᠯᠡᠨ ᠵᠣᠬᠢᠴᠠᠩᠭᠤᠢ ᠡᠮ ᠡᠮᠨᠡᠯᠭᠡ᠂ ᠰᠤᠷᠭᠠᠨ ᠬᠥᠮᠦᠵᠢᠯ᠂ ᠣᠷᠣᠨ ᠰᠠᠭᠤᠴᠠ᠂ ᠠᠵᠢᠯ ᠣᠯᠭᠤᠯᠲᠠ ᠵᠡᠷᠭᠡ ᠲᠤᠰᠬᠠᠢ ᠵᠦᠢᠯ ᠤᠨ ᠲᠤᠰᠠᠯᠠᠮᠵᠢ ᠦᠵᠡᠭᠦᠯᠬᠦ ᠪᠤᠶᠤ ᠪᠤᠰᠤᠳ ᠴᠢᠬᠤᠯᠠ ᠪᠦᠬᠦᠢ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃      (ᠵᠢᠷᠭᠤᠭ᠎ᠠ) ᠰᠢᠨ᠎ᠡ ᠶᠢ ᠡᠭᠦᠳᠬᠦ ᠬᠥᠭᠵᠢᠯᠲᠡ ᠶᠢᠨ ᠪᠠᠴᠢᠮ ᠬᠦᠴᠢᠷᠲᠡᠢ ᠨᠡᠶᠢᠭᠡᠮ ᠤᠨ ᠠᠪᠤᠷᠠᠨ ᠲᠤᠰᠠᠯᠠᠯᠲᠠ      ᠲᠦᠷ ᠴᠠᠭ ᠤᠨ ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠵᠦ  ᠂ ᠡᠷᠦᠬᠡ ᠠᠮᠠ ᠶᠢᠨ ᠲᠠᠩᠰᠠ ᠶᠢᠨ ᠪᠠᠶᠢᠭ᠎ᠠ ᠭᠠᠵᠠᠷ  ᠂ ᠰᠠᠭᠤᠭ᠎ᠠ ᠭᠠᠵᠠᠷ ᠤᠨ ᠭᠤᠶᠤᠴᠢᠯᠠᠯ ᠤᠨ ᠬᠢᠵᠠᠭᠠᠷᠯᠠᠯ ᠢ ᠠᠯᠬᠤᠮ ᠠᠯᠬᠤᠮ ᠢᠶᠠᠷ ᠬᠦᠴᠦᠨ ᠦᠭᠡᠢ ᠪᠣᠯᠭᠠᠵᠤ  ᠂ ᠪᠠᠴᠢᠮ ᠪᠡᠷᠬᠡ ᠭᠠᠷᠤᠭᠰᠠᠨ ᠭᠠᠵᠠᠷ ᠢᠶᠠᠷ ᠬᠢᠨᠠᠨ ᠬᠠᠷᠭᠤᠭᠤᠯᠬᠤ ᠶᠢᠨ ᠬᠠᠮᠲᠤ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠣᠯᠭᠤᠨ᠎ᠠ  ᠃ ᠪᠠᠴᠢᠮ ᠪᠡᠷᠬᠡ ᠪᠠᠶᠢᠳᠠᠯ ᠢ ᠠᠪᠤᠷᠠᠨ ᠲᠤᠰᠠᠯᠠᠬᠤ ᠴᠢᠳᠠᠮᠵᠢ ᠶᠢ ᠴᠢᠩᠭᠠᠷᠠᠭᠤᠯᠤᠨ  ᠂ ︽ ᠪᠠᠭ᠎ᠠ ᠵᠣᠭᠤᠰ ᠤᠨ ᠲᠤᠭ᠎ᠠ ᠪᠠᠷ ᠤᠷᠢᠳᠠᠪᠠᠷ ᠠᠪᠤᠷᠠᠨ ᠲᠤᠰᠠᠯᠠᠬᠤ  ︾ ᠶᠢ ᠬᠡᠷᠡᠭᠵᠢᠭᠦᠯᠵᠦ  ᠂ ᠬᠡᠷᠡᠭ ᠤᠨ ᠳᠠᠷᠠᠭ᠎ᠠ ᠪᠠᠶᠢᠳᠠᠯ ᠢ ᠨᠥᠬᠦᠪᠦᠷᠢᠯᠡᠨ ᠲᠣᠳᠣᠷᠬᠠᠶᠢᠯᠠᠨ᠎ᠠ  ᠃ ︽ ᠤᠷᠢᠳᠠᠪᠠᠷ ᠲᠡᠩᠬᠡᠷᠡᠭᠦᠯᠦᠨ ᠲᠤᠰᠠᠯᠠᠬᠤ  ︾  ᠂ ︽ ᠱᠠᠲᠤ ᠬᠤᠪᠢᠶᠠᠨ ᠬᠢᠨᠠᠨ ᠵᠥᠪᠰᠢᠶᠡᠷᠡᠬᠦ  ︾ ᠵᠡᠷᠭᠡ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ  ᠂ ︽ ᠳᠠᠭᠠᠵᠤ ᠲᠡᠩᠬᠡᠷᠡᠭᠦᠯᠦᠨ ᠲᠤᠰᠠᠯᠠᠬᠤ  ︾  ᠂ ︽ ᠨᠢᠭᠡ ᠯᠡ ᠤᠳᠠᠭ᠎ᠠ ᠳᠤ ᠬᠢᠨᠠᠨ ᠵᠥᠪᠰᠢᠶᠡᠷᠡᠬᠦ  ᠂ ᠱᠠᠲᠤ ᠬᠤᠪᠢᠶᠠᠨ ᠲᠡᠩᠬᠡᠷᠡᠭᠦᠯᠦᠨ ᠲᠤᠰᠠᠯᠠᠬᠤ  ︾ ᠵᠡᠷᠭᠡ ᠠᠷᠭ᠎ᠠ ᠮᠠᠶ᠋ᠢᠭ ᠢ ᠠᠪᠴᠤ  ᠂ ᠲᠡᠩᠬᠡᠷᠡᠭᠦᠯᠦᠨ ᠲᠤᠰᠠᠯᠠᠬᠤ ᠬᠤᠭᠤᠴᠠᠭᠠᠲᠤ ᠴᠢᠨᠠᠷ ᠢ ᠴᠢᠩᠭᠠᠷᠠᠭᠤᠯᠤᠨ᠎ᠠ  ᠃ ᠴᠢᠬᠤᠯᠠᠲᠠᠢ ᠦᠶ᠎ᠡ ᠳᠤ ᠰᠢᠶᠠᠨ ᠤ ᠱᠠᠲᠤᠨ ᠤ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠤᠨ ᠵᠣᠬᠢᠴᠠᠭᠤᠯᠬᠤ ᠲᠣᠭᠲᠠᠴᠠ ᠶᠢ ᠡᠬᠢᠯᠡᠭᠦᠯᠦᠨ ︽ ᠨᠢᠭᠡ ᠬᠡᠷᠡᠭ ᠢ ᠨᠢᠭᠡ ᠵᠥᠪᠯᠡᠬᠦ  ︾ ᠬᠢᠨᠠᠨ ᠵᠥᠪᠰᠢᠶᠡᠷᠡᠯ ᠢ ᠶᠠᠪᠤᠭᠳᠠᠭᠤᠯᠤᠨ᠎ᠠ  ᠃ ᠰᠤᠮᠤ ᠰᠢᠶᠠᠩ ᠪᠠᠯᠭᠠᠰᠤ ︵ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ︶ ᠶᠢᠨ ᠲᠦᠷ ᠴᠠᠭ ᠤᠨ ᠠᠪᠤᠷᠠᠨ ᠲᠤᠰᠠᠯᠠᠬᠤ ᠪᠡᠯᠡᠳᠬᠡᠯ ᠮᠥᠩᠭᠦ ᠶᠢᠨ ᠬᠢᠨᠠᠨ ᠵᠥᠪᠰᠢᠶᠡᠷᠡᠬᠦ ᠲᠤᠭ᠎ᠠ ᠬᠡᠮᠵᠢᠶ᠎ᠡ ᠶᠢ ᠪᠦᠷᠢᠨᠰᠢᠭᠦᠯᠵᠦ  ᠂ ᠵᠢᠯᠣᠭᠤᠳᠤᠨ ᠬᠢᠨᠠᠯᠲᠠ ᠲᠠᠯᠪᠢᠬᠤ ᠶᠢ ᠴᠢᠩᠭᠠᠳᠬᠠᠨ  ᠂ ᠬᠡᠷᠡᠭᠯᠡᠵᠦ ᠬᠠᠮᠢᠶᠠᠷᠬᠤ ᠶᠢ ᠵᠢᠷᠤᠮᠵᠢᠭᠤᠯᠤᠨ᠎ᠠ  ᠃ ᠠᠪᠤᠷᠠᠨ ᠲᠤᠰᠠᠯᠠᠬᠤ ᠮᠥᠩᠭᠦ  ᠂ ᠪᠣᠳᠠᠲᠤ ᠪᠣᠳᠠᠰ ᠣᠯᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠦᠷ ᠴᠠᠭ ᠤᠨ ᠠᠪᠤᠷᠠᠨ ᠲᠤᠰᠠᠯᠠᠬᠤ ᠶᠢ ᠬᠡᠷᠡᠭᠵᠢᠭᠦᠯᠬᠦ ᠶᠢ ᠰᠦᠪᠡᠭᠴᠢᠯᠡᠨ᠎ᠡ  ᠃      ︵ ᠳᠣᠯᠤᠭ᠎ᠠ  ︶ ᠦᠢᠯᠡᠴᠢᠯᠡᠭᠡᠨ ᠤ ᠲᠥᠷᠥᠯ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠶᠢ ᠢᠳᠡᠪᠬᠢᠲᠡᠢ ᠥᠷᠨᠢᠭᠦᠯᠦᠨ᠎ᠡ      ᠬᠦᠴᠢᠷᠳᠡᠯᠲᠡᠢ ᠣᠯᠠᠨ ᠲᠦᠮᠡᠨ ᠤ ᠣᠯᠠᠨ ᠶᠠᠩᠵᠤ ᠶᠢᠨ ᠠᠪᠤᠷᠠᠨ ᠲᠤᠰᠠᠯᠠᠬᠤ ᠬᠡᠷᠡᠭᠴᠡᠭᠡ ᠱᠠᠭᠠᠷᠳᠠᠯᠭ᠎ᠠ ᠶᠣᠰᠣᠭᠠᠷ  ᠂ ︽ ᠡᠳ᠋ ᠪᠣᠳᠠᠰ + ᠦᠢᠯᠡᠴᠢᠯᠡᠭᠡ  ︾ ᠶᠢᠨ ᠠᠪᠤᠷᠠᠨ ᠲᠤᠰᠠᠯᠠᠬᠤ ᠠᠷᠭ᠎ᠠ ᠮᠠᠶ᠋ᠢᠭ ᠢ ᠪᠣᠶ ᠪᠣᠯᠭᠠᠨ᠎ᠠ  ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ  ᠂ ᠭᠡᠷ ᠪᠦᠯᠢ ᠶᠢᠨ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ ᠦᠭᠡᠢ ᠨᠠᠰᠤᠲᠠᠶᠢᠴᠤᠳ ᠢ ᠨᠡᠶᠢᠭᠡᠮ ᠠᠴᠠ ᠠᠪᠤᠷᠠᠨ ᠲᠤᠰᠠᠯᠠᠬᠤ  ᠂ ᠨᠠᠰᠤᠨ ᠳᠤ ᠥᠯᠥ ᠭᠦᠷᠦᠭᠰᠡᠳ  ᠂ ᠵᠡᠮᠳᠡᠭᠴᠦᠳ ᠵᠡᠷᠭᠡ ᠳᠤ ᠴᠢᠬᠤᠯᠠ ᠪᠦᠬᠦᠢ ᠰᠤᠷᠪᠤᠯᠵᠢᠯᠠᠨ ᠦᠵᠡᠬᠦ  ᠂ ᠬᠠᠷᠠᠭᠠᠯᠵᠠᠬᠤ ᠦᠢᠯᠡᠴᠢᠯᠡᠭᠡ ᠬᠠᠩᠭᠠᠬᠤ ᠶᠢ ᠰᠦᠪᠡᠭᠴᠢᠯᠡᠨ᠎ᠡ  ᠃ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠪᠠ ᠨᠡᠶᠢᠭᠡᠮ ᠤᠨ ᠠᠵᠢᠯᠲᠠᠳ ᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠣᠷᠣᠯᠭ᠎ᠠ ᠪᠠᠭᠠᠲᠠᠢ ᠬᠥᠮᠥᠨ ᠠᠮᠠ ᠳᠤ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠤᠭᠤᠳᠬᠤ᠂ ᠡᠬᠢ ᠪᠠᠶᠠᠯᠢᠭ ᠢ ᠬᠤᠯᠪᠣᠬᠤ᠂ ᠴᠢᠳᠠᠪᠤᠷᠢ ᠶᠢ ᠳᠡᠭᠡᠭᠰᠢᠯᠡᠭᠦᠯᠬᠦ᠂ ᠨᠡᠶᠢᠭᠡᠮ ᠳᠤ ᠠᠭᠤᠰᠤᠯᠴᠠᠬᠤ ᠵᠡᠷᠭᠡ ᠦᠢᠯᠡᠴᠢᠯᠡᠭᠡ ᠬᠠᠩᠭᠠᠨ᠎ᠠ᠃      ( ᠨᠠᠢᠮᠠ ) ᠬᠤᠳᠠ ᠬᠥᠳᠡᠭᠡ ᠶᠢᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠳᠦᠷᠢᠮ ᠢ ᠨᠢᠭᠡᠳᠦᠯᠲᠡᠢ ᠲᠥᠯᠥᠪᠯᠡᠨ ᠬᠥᠭᠵᠢᠭᠦᠯᠦᠨ᠎ᠡ      ᠬᠤᠲᠠ ᠬᠥᠳᠡᠭᠡ ᠶᠢᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠦᠢᠯᠡᠴᠢᠯᠡᠭᠡᠨ ᠢ ᠠᠳᠠᠯᠢ ᠲᠡᠭᠰᠢ ᠪᠣᠯᠭᠠᠬᠤ ᠶᠢ ᠠᠬᠢᠭᠤᠯᠵᠤ  ᠂ ᠬᠤᠲᠠ ᠬᠥᠳᠡᠭᠡ ᠶᠢᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠡᠬᠢ ᠪᠠᠶᠠᠯᠢᠭ ᠢ ᠵᠦᠢ ᠵᠣᠬᠢᠰᠲᠠᠢ ᠲᠣᠬᠢᠷᠠᠭᠤᠯᠤᠨ  ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ  ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠪᠠ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠵᠤ  ᠂ ᠡᠲᠡᠭᠡᠳ ᠤᠨ ᠨᠥᠬᠦᠴᠡᠯ  ᠂ ᠭᠤᠶᠤᠴᠢᠯᠠᠨ ᠭᠦᠢᠴᠡᠳᠬᠡᠬᠦ ᠴᠤᠪᠤᠷᠠᠯ  ᠂ ᠬᠠᠮᠢᠶᠠᠷᠤᠯᠲᠠ ᠦᠢᠯᠡᠴᠢᠯᠡᠭᠡᠨ ᠪᠠ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠵᠡᠷᠭᠡ ᠲᠠᠯ᠎ᠠ ᠪᠠᠷ ᠬᠤᠲᠠ ᠬᠥᠳᠡᠭᠡ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠬᠤ ᠪᠤᠶᠤ ᠦᠭᠡᠶᠢᠰᠬᠡᠨ᠎ᠡ  ᠃ ᠨᠥᠬᠦᠴᠡᠯ ᠲᠠᠢ ᠭᠠᠵᠠᠷ ᠣᠷᠣᠨ ᠤ ᠣᠷᠣᠰᠢᠨ ᠰᠠᠭᠤᠬᠤ ᠦᠨᠡᠮᠯᠡᠯ ᠲᠠᠢ ᠬᠥᠮᠥᠰ ᠤᠨ ᠣᠷᠣᠰᠢᠨ ᠰᠠᠭᠤᠵᠤ ᠪᠠᠶᠢᠭ᠎ᠠ ᠭᠠᠵᠠᠷ ᠲᠠᠭᠠᠨ ᠨᠡᠶᠢᠭᠡᠮ ᠤᠨ ᠠᠪᠤᠷᠠᠨ ᠲᠤᠰᠠᠯᠠᠯᠲᠠ ᠭᠤᠶᠤᠴᠢᠯᠠᠬᠤ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠶᠢ ᠵᠣᠷᠢᠭᠵᠢᠭᠤᠯᠤᠨ᠎ᠠ  ᠃ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠳᠠ ᠶᠢᠨ ᠠᠷᠠᠳ ᠪᠣᠯᠭᠠᠬᠤ ᠠᠬᠢᠴᠠ ᠳᠤ ᠵᠣᠬᠢᠴᠠᠭᠤᠯᠤᠨ᠂ ᠨᠥᠬᠦᠴᠡᠯ ᠳᠤ ᠨᠡᠶᠢᠴᠡᠭᠰᠡᠨ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠴᠠᠭ ᠲᠤᠬᠠᠢ ᠳᠤᠨᠢ ᠡᠷᠦᠭᠡ ᠠᠮᠠ ᠶᠢᠨ ᠲᠠᠩᠰᠠ ᠶᠢᠨ ᠪᠠᠶᠢᠭ᠎ᠠ ᠭᠠᠵᠠᠷ ᠤᠨ ᠬᠤᠲᠠ ᠪᠠᠯᠭᠠᠰᠤᠨ ᠤ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠵᠤ᠂ ᠵᠣᠬᠢᠴᠠᠩᠭᠤᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠬᠡᠷᠡᠭᠲᠡᠢ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ ᠮᠠᠭᠠᠳᠯᠠᠨ ᠲᠣᠭᠲᠠᠭᠠᠬᠤ ᠠᠷᠭ᠎ᠠ ᠶᠢ ᠲᠡᠭᠦᠯᠳᠡᠷᠵᠢᠭᠦᠯᠵᠦ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠠᠬᠤ ᠪᠠ ᠭᠠᠷᠳᠠᠨ ᠭᠦᠢᠴᠡᠳᠬᠡᠬᠦ ᠦᠢᠯᠡᠴᠢᠯᠡᠭᠡᠨ ᠤ ᠶᠠᠪᠤᠴᠠ ᠶᠢ ᠵᠢᠷᠤᠮᠵᠢᠭᠤᠯᠵᠤ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠤᠨ ᠬᠤᠳᠠ ᠬᠥᠳᠡᠭᠡ ᠶᠢ ᠨᠢᠭᠡ ᠴᠣᠭᠴᠠᠵᠢᠭᠤᠯᠤᠨ ᠠᠵᠢᠯᠯᠠᠭᠤᠯᠬᠤ ᠶᠢ ᠲᠦᠯᠬᠢᠨ ᠠᠬᠢᠭᠤᠯᠵᠤ᠂ ᠬᠤᠳᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠠᠬᠢᠭᠤᠯᠤᠨ᠎ᠠ᠃      ᠭᠤᠷᠪᠠ  ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ      ︵ ᠨᠢᠭᠡ  ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ  ᠃ ᠡᠯ᠎ᠡ ᠭᠠᠵᠠᠷ ᠤᠨ  ᠬᠢᠨ ᠲᠥᠰᠥᠯ ᠤᠨ ᠱᠠᠭᠠᠷᠳᠠᠯᠭ᠎ᠠ ᠶᠣᠰᠣᠭᠠᠷ  ᠂ ᠬᠤᠯᠪᠣᠭᠳᠠᠯ ᠪᠦᠬᠦᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠢ  ᠃ ᠡᠯ᠎ᠡ ᠠᠶᠢᠮᠠᠭ ᠤᠨ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ  ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠣᠷᠣᠯᠭ᠎ᠠ ᠪᠠᠭᠠᠲᠠᠢ ᠬᠥᠮᠥᠨ ᠠᠮᠠ ᠶᠢᠨ ᠬᠦᠴᠢᠷᠳᠡᠯ ᠤᠨ ᠲᠥᠷᠥᠯ ᠬᠡᠯᠪᠡᠷᠢ  ᠂ ᠬᠦᠴᠢᠷᠳᠡᠯ ᠤᠨ ᠬᠡᠮᠵᠢᠶ᠎ᠡ ᠶᠢ ᠦᠨᠳᠦᠰᠦᠯᠡᠨ ᠲᠣᠭᠲᠠᠭᠠᠯ ᠶᠣᠰᠣᠭᠠᠷ ᠡᠮᠴᠢᠯᠡᠭᠡ  ᠂ ᠰᠤᠷᠭᠠᠨ ᠬᠥᠮᠦᠵᠢᠯ  ᠂ ᠣᠷᠣᠨ ᠰᠠᠭᠤᠴᠠ  ᠂ ᠠᠵᠢᠯ ᠣᠯᠭᠤᠯᠲᠠ ᠵᠡᠷᠭᠡ ᠳᠤ ᠲᠤᠰᠬᠠᠢ ᠵᠦᠢᠯ ᠤᠨ ᠠᠪᠤᠷᠠᠨ ᠲᠤᠰᠠᠯᠠᠯᠲᠠ ᠣᠯᠭᠤᠵᠤ  ᠂ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠳᠤᠮᠳᠠᠬᠢ ᠴᠢᠬᠤᠯᠠ ᠶᠡᠭᠡ ᠠᠰᠠᠭᠤᠳᠠᠯ ᠢ ᠬᠠᠮᠲᠤᠪᠠᠷ ᠰᠤᠳᠤᠯᠤᠨ ᠰᠢᠢᠳᠪᠦᠷᠢᠯᠡᠨ᠎ᠡ  ᠃      ︵ ᠬᠤᠶᠠᠷ  ︶ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ  ᠃ ᠡᠯ᠎ᠡ ᠭᠠᠵᠠᠷ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ  ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ  ᠂ ᠵᠠᠷᠤᠳᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ  ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ  ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠲᠣᠬᠢᠷᠠᠭᠤᠯᠤᠭᠰᠠᠨ ᠬᠦᠴᠢᠷᠳᠡᠯᠲᠡᠢ ᠤᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠶᠢ ᠡᠳ᠋ ᠤᠨ ᠵᠠᠰᠠᠭ ᠤᠨ ᠬᠦᠴᠢᠷᠳᠡᠯᠲᠡᠢ ᠭᠠᠵᠠᠷ ᠣᠷᠣᠨ ᠲᠡᠰᠢ ᠦᠷᠭᠦᠯᠵᠢᠯᠡᠨ ᠬᠡᠯᠪᠡᠶᠢᠯᠭᠡᠨ᠎ᠡ᠃      ︵ ᠭᠤᠷᠪᠠ  ︶ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ  ᠃ ᠡᠯ᠎ᠡ ᠭᠠᠵᠠᠷ ᠨᠢ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠡᠲᠡᠭᠡᠳ ᠤᠨ ᠲᠤᠭ᠎ᠠ ᠬᠡᠮᠵᠢᠶ᠎ᠡ  ᠂ ᠠᠵᠢᠯᠲᠠᠨ ᠤ ᠪᠦᠲᠦᠴᠡ ᠵᠡᠷᠭᠡ ᠬᠦᠴᠦᠨ ᠵᠦᠢᠯ ᠤᠨ ᠶᠣᠰᠣᠭᠠᠷ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠶᠢᠭᠤᠯᠤᠮᠵᠢ ᠶᠢ ᠲᠡᠭᠦᠯᠳᠡᠷᠵᠢᠭᠦᠯᠬᠦ  ᠂ ᠵᠣᠬᠢᠬᠤ ᠠᠵᠢᠯᠲᠠᠨ ᠢ ᠵᠦᠢ ᠵᠣᠬᠢᠰᠲᠠᠢ ᠲᠣᠬᠢᠷᠠᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠯᠡᠨ ᠰᠤᠳᠤᠯᠤᠨ ᠲᠣᠭᠲᠠᠭᠠᠵᠤ  ᠂ ᠰᠤᠮᠤ ᠰᠢᠶᠠᠩ ᠪᠠᠯᠭᠠᠰᠤ ︵ ᠵᠡᠭᠡᠯᠢ ᠭᠤᠳᠤᠮᠵᠢ  ︶ ᠶᠢᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ  ᠃ ᠦᠨᠳᠦᠰᠦᠨ ᠱᠠᠲᠤᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ  ᠂ ᠭᠠᠴᠠᠭ᠎ᠠ ᠲᠣᠰᠬᠤᠨ  ᠂ ᠨᠡᠶᠢᠭᠡᠮ ᠲᠣᠭᠤᠷᠢᠭ ᠲᠤ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ  ᠂ ᠬᠦᠴᠢᠷᠳᠡᠯᠲᠡᠢ ᠣᠯᠠᠨ ᠲᠦᠮᠡᠨ ᠨᠡᠯᠢᠶᠡᠳ ᠣᠯᠠᠨ ᠪᠠᠶᠢᠭ᠎ᠠ ᠲᠣᠰᠬᠤᠨ ︵ ᠨᠡᠶᠢᠭᠡᠮ ᠲᠣᠭᠤᠷᠢᠭ  ︶ ᠳᠤ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠥᠷᠲᠡᠭᠡ ︵ ᠴᠢᠭ᠋  ︶ ᠶᠢ ᠪᠥᠬᠦ ᠲᠠᠯ᠎ᠠ ᠪᠠᠷ ᠪᠠᠶᠢᠭᠤᠯᠤᠨ  ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ  ᠂ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠰᠠᠭᠤᠷᠢ ᠪᠠ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ ᠦᠷᠭᠦᠯᠵᠢᠯᠡᠨ ᠪᠠᠲᠤᠳᠬᠠᠬᠤ ᠬᠡᠷᠡᠭᠲᠡᠢ  ᠃      ︵ ᠳᠥᠷᠪᠡ  ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ  ᠃ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠵᠤ᠂ ᠬᠦᠴᠢᠷᠳᠡᠯᠲᠡᠢ ᠤᠯᠠᠨ ᠲᠦᠮᠡᠨ ᠤ ᠲᠦᠷᠦ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠳᠤ ᠣᠯᠣᠭᠰᠠᠨ ᠠᠮᠵᠢᠯᠲᠠ ᠲᠠᠢ ᠠᠷᠭ᠎ᠠ ᠬᠢᠳᠡᠯ ᠪᠠ ᠨᠡᠶᠢᠲᠡᠯᠢᠭ ᠲᠤᠷᠰᠢᠯᠭ᠎ᠠ ᠶᠢ ᠥᠷᠭᠡᠨ ᠢᠶᠠᠷ ᠤᠬᠠᠭᠤᠯᠵᠤ  ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠥᠯᠢᠭᠡᠷ ᠢ ᠰᠠᠶᠢᠲᠤᠷ ᠶᠠᠷᠢᠵᠤ  ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ  ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号