︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠢᠶᠠᠷ ᠶᠠᠳᠠᠭᠤ ᠶᠢ ᠲᠡᠳᠬᠦᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠣᠯᠠᠨ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢᠨ ᠬᠡᠷᠡᠭᠵᠢᠭᠦᠯᠬᠦ ᠲᠥᠰᠥᠯ ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/11/22
      ᠡᠯ᠎ᠡ ᠠᠶᠢᠮᠠᠭ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ  ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ  ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ  ᠂ ᠠᠷᠠᠳ ᠤᠨ ᠶᠠᠪᠤᠳᠠᠯ ᠤᠨ ᠲᠣᠪᠴᠢᠶ᠎ᠠ  ᠂ ᠡᠳ᠋ ᠤᠨ ᠵᠠᠰᠠᠭ ᠤᠨ ᠲᠣᠪᠴᠢᠶ᠎ᠠ  ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ  ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ  ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ  ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ  ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ  ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠶᠢᠨ ᠡᠮᠨᠡᠯᠭᠡ ᠶᠢᠨ ᠬᠤᠷᠢᠶ᠎ᠠ ᠳᠤ  ᠄      ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢ ᠦᠨᠳᠦᠰᠦᠯᠡᠪᠡᠯ  ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ  ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ  ᠂ ᠠᠷᠠᠳ ᠤᠨ ᠶᠠᠪᠤᠳᠠᠯ ᠤᠨ ᠶᠠᠮᠤᠨ  ᠂ ᠡᠳ᠋ ᠤᠨ ᠵᠠᠰᠠᠭ ᠤᠨ ᠶᠠᠮᠤᠨ  ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ  ᠂ ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ  ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ  ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ  ᠂ ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ  ᠂ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ  ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ  ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠠᠷᠤ ᠲᠠᠯ᠎ᠠ ᠶᠢᠨ ᠪᠠᠲᠤᠯᠠᠭ᠎ᠠ ᠶᠢᠨ ᠶᠠᠮᠤᠨ ᠤ ︽ ᠡᠷᠡᠭᠦᠯ ᠮᠡᠨᠳᠦ ᠪᠠᠷ ᠶᠠᠳᠠᠭᠤ ᠶᠢ ᠲᠡᠳᠬᠦᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠬᠡᠷᠡᠭᠵᠢᠭᠦᠯᠬᠦ ᠰᠠᠨᠠᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ  ︾ ︵ ᠤᠯᠤᠰ ᠤᠨ ᠡᠷᠡᠭᠦᠯ ᠬᠠᠮᠠᠭᠠᠯᠠᠯ ᠶᠠᠳᠠᠭᠤ ᠶᠢ ᠲᠡᠳᠬᠦᠬᠦ ᠲᠠᠷᠬᠠᠭᠠᠭᠰᠠᠨ ﹇2021﹈ 6 ᠳ᠋ᠤᠭᠠᠷ ᠲᠣᠭᠠᠲᠤ  ︶  ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ  ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ  ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ  ᠂ ᠠᠷᠠᠳ ᠤᠨ ᠶᠠᠪᠤᠳᠠᠯ ᠤᠨ ᠲᠢᠩᠬᠢᠮ  ᠂ ᠡᠳ᠋ ᠤᠨ ᠵᠠᠰᠠᠭ ᠤᠨ ᠲᠢᠩᠬᠢᠮ  ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ  ᠂ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ  ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ  ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ  ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ  ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠪᠠᠲᠤᠯᠠᠭ᠎ᠠ ᠶᠢᠨ ᠲᠣᠪᠴᠢᠶ᠎ᠠ  ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠳᠠᠬᠢ ᠶᠡᠷᠦᠩᠬᠡᠢ ᠠᠩᠭᠢ ᠶᠢᠨ ᠪᠠᠲᠤᠯᠠᠭ᠎ᠠ ᠶᠢᠨ ᠬᠡᠯᠲᠡᠰ ᠬᠠᠮᠲᠤᠷᠠᠨ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠬᠡᠷᠡᠭᠵᠢᠭᠦᠯᠬᠦ ᠲᠥᠰᠥᠯ  ︾ ᠢ ᠲᠣᠭᠲᠠᠭᠠᠪᠠ  ᠃ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠬᠡᠷᠡᠭᠵᠢᠭᠦᠯᠬᠦ ᠲᠥᠰᠥᠯ      ᠡᠷᠡᠭᠦᠯ ᠡᠩᠬᠡ ᠪᠠᠷ ᠶᠠᠳᠠᠭᠤ ᠶᠢ ᠲᠡᠳᠬᠦᠬᠦ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠬᠦ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠶᠢ ᠳᠡᠮᠵᠢᠬᠦ ᠭᠤᠣᠯᠳᠠᠯᠭ᠎ᠠ ᠲᠠᠢ ᠠᠵᠢᠯ᠂ ᠡᠷᠡᠭᠦᠯ ᠡᠩᠬᠡ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠦᠨᠳᠦᠰᠦᠨ ᠱᠠᠭᠠᠷᠳᠠᠯᠭ᠎ᠠ ᠪᠣᠯᠣᠨ᠎ᠠ᠃ ᠨᠠᠮ ᠤᠨ ᠲᠥᠪ ᠬᠤᠷᠢᠶ᠎ᠠ  ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠂ ᠵᠠᠰᠠᠭ ᠤᠨ ᠣᠷᠳᠣᠨ ᠤ ᠶᠠᠳᠠᠭᠤ  ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ  ᠂ ᠦᠨᠳᠦᠰᠦᠨ ᠡᠮᠴᠢᠯᠡᠭᠡᠨ ᠤ ᠪᠠᠲᠤᠯᠠᠭ᠎ᠠ ᠲᠠᠢ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ  ᠂ ᠡᠷᠡᠭᠦᠯ ᠡᠩᠬᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ  ᠂ ᠡᠪᠡᠳᠴᠢᠨ ᠠᠴᠠ ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢᠨ ᠲᠤᠰᠠᠳᠠ  ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ  ᠂ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ  ᠃      ᠨᠢᠭᠡ  ᠂ ᠶᠡᠷᠦᠩᠬᠡᠢ ᠱᠠᠭᠠᠷᠳᠠᠯᠭ᠎ᠠ      ︵ ᠨᠢᠭᠡ  ︶ ᠭᠤᠣᠯ ᠰᠡᠳᠬᠢᠴᠡ  ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ  ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ  ᠂ ᠭᠤᠷᠪᠠᠳᠤᠭᠠᠷ  ᠂ ᠳᠥᠷᠪᠡᠳᠦᠭᠡᠷ  ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠵᠤ  ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠦᠭᠡᠢ ᠲᠤᠤᠱᠯᠠᠭᠤᠯᠵᠤ  ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ  ᠂ ᠰᠢᠨ᠎ᠡ ᠴᠠᠭ ᠦᠶ᠎ᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠴᠢᠭᠯᠡᠯᠲᠡ  ᠶᠢ ᠪᠠᠷᠢᠮᠲᠠᠯᠠᠵᠤ  ᠂ 5 ᠵᠢᠯ ᠤᠨ ᠰᠢᠯᠵᠢᠯᠲᠡ ᠶᠢᠨ ᠬᠤᠭᠤᠴᠠᠭᠠᠨ ᠳᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠭᠤᠣᠯ ᠲᠥᠷᠥ ᠶᠢᠨ ᠪᠣᠳᠣᠯᠭ᠎ᠠ  ᠶᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠵᠤ  ᠂ ᠳᠡᠮᠵᠢᠬᠦ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠰᠢᠯᠢᠳᠡᠭᠵᠢᠭᠦᠯᠵᠦ  ᠂ ᠡᠷᠡᠭᠦᠯ ᠮᠡᠨᠳᠦ ᠶᠢᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ  ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠤᠨ ᠳᠤᠲᠠᠭᠤᠳᠠᠯ ᠪᠠ ᠪᠠᠭᠤᠷᠠᠢ ᠲᠠᠯ᠎ᠠ ᠶᠢ ᠤᠯᠠᠮ ᠨᠢᠭᠡ ᠠᠯᠬᠤᠮ ᠨᠥᠬᠦᠪᠦᠷᠢᠯᠡᠵᠦ  ᠂ ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠷᠡᠭᠦᠯ ᠡᠩᠬᠡ ᠬᠥᠳᠡᠭᠡ ᠲᠣᠰᠬᠤᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠬᠥᠮᠥᠰ᠂ ᠭᠤᠣᠯᠳᠠᠯᠭ᠎ᠠ ᠲᠠᠢ ᠡᠪᠡᠳᠴᠢᠨ ᠡᠮᠭᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠢᠷᠭᠡᠳ ᠤᠨ ᠡᠷᠡᠭᠦᠯ ᠮᠡᠨᠳᠦ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠪᠣᠯᠣᠨ ᠤᠯᠠᠨ ᠲᠦᠮᠡᠨ ᠤ ᠡᠷᠡᠭᠦᠯ ᠮᠡᠨᠳᠦ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠳᠤ ᠨᠡᠩ ᠪᠠᠲᠤ ᠪᠠᠬᠢ ᠡᠷᠡᠭᠦᠯ ᠮᠡᠨᠳᠦ ᠶᠢᠨ ᠪᠠᠲᠤᠯᠠᠭ᠎ᠠ ᠬᠠᠩᠭᠠᠨ᠎ᠠ᠃      ︵ ᠬᠤᠶᠠᠷ  ︶ ᠭᠤᠣᠯ ᠬᠠᠷᠠᠯᠲᠠ  ᠃ 2025 ᠣᠨ ᠪᠣᠯᠬᠤ ᠳᠤ  ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠶᠢᠨ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ  ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠡᠷᠡᠭᠦᠯ ᠮᠡᠨᠳᠦ ᠶᠢᠨ ᠦᠢᠯᠡᠴᠢᠯᠡᠭᠡ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ  ︔ ᠶᠠᠳᠠᠭᠤ  ᠠᠴᠠ ᠠᠩᠭᠢᠵᠢᠷᠠᠭᠰᠠᠨ ᠭᠠᠵᠠᠷ ᠣᠷᠣᠨ ᠤ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ  ᠂ ᠪᠡᠯᠡᠳᠬᠡᠮᠵᠢ ᠶᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ  ᠂ ᠦᠢᠯᠡᠴᠢᠯᠡᠭᠡᠨ ᠤ ᠴᠢᠳᠠᠪᠤᠷᠢ ᠪᠠ ᠪᠣᠯᠣᠮᠵᠢᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ  ︔ ᠬᠦᠨᠳᠦ ᠶᠡᠭᠡ ᠡᠪᠡᠳᠴᠢᠨ ᠡᠮᠭᠡᠭ ᠤᠨ ᠬᠤᠣᠷ ᠬᠥᠨᠥᠭᠡᠯ ᠢ ᠬᠢᠵᠠᠭᠠᠷᠯᠠᠨ ᠠᠷᠢᠯᠭᠠᠵᠤ  ᠂ ᠡᠷᠡᠭᠦᠯ ᠬᠠᠮᠠᠭᠠᠯᠠᠯ ᠤᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ  ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠢᠯᠡᠳᠲᠡ ᠳᠡᠭᠡᠭᠰᠢᠯᠡᠭᠦᠯᠦᠨ᠎ᠡ  ︔ ᠬᠤᠲᠠ ᠬᠥᠳᠡᠭᠡ  ᠂ ᠣᠷᠣᠨ ᠪᠦᠰᠡ ᠶᠢᠨ ᠬᠤᠭᠤᠷᠣᠨᠳᠣᠬᠢ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠠᠯᠬᠤᠮ ᠠᠯᠬᠤᠮ ᠢᠶᠠᠷ ᠲᠡᠩᠴᠡᠭᠦᠷᠢᠲᠡᠢ ᠪᠠᠶᠢᠯᠭᠠᠵᠤ  ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢᠨ ᠵᠥᠷᠢᠶ᠎ᠡ ᠶᠢ ᠤᠯᠠᠮ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠲᠠᠢ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ  ᠂ ᠡᠪᠡᠳᠴᠢᠨ ᠠᠴᠠ ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ  ᠂ ᠦᠨᠳᠦᠰᠦᠨ ᠱᠠᠲᠤᠨ ᠤ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠠᠵᠢᠯᠲᠠᠨ ᠤ ︽ ᠬᠤᠭᠤᠰᠤᠨ ᠴᠡᠭ  ︾ ᠢ ᠬᠥᠳᠡᠯᠦᠩᠭᠦᠢ ᠪᠠᠷ ᠴᠡᠪᠡᠷᠯᠡᠬᠦ ᠶᠢ ᠦᠷᠭᠦᠯᠵᠢᠯᠡᠨ ᠪᠡᠶᠡᠯᠡᠭᠦᠯᠵᠦ  ᠂ ᠡᠷᠡᠭᠦᠯ ᠡᠩᠬᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ  ᠃      ᠬᠤᠶᠠᠷ  ᠂ ᠲᠥᠷᠥ ᠶᠢᠨ ᠪᠣᠳᠣᠯᠭ᠎ᠠ ᠶᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠵᠤ  ᠂ ᠦᠨᠳᠦᠰᠦᠨ ᠡᠮᠴᠢᠯᠡᠭᠡᠨ ᠤ ᠪᠠᠲᠤᠯᠠᠭ᠎ᠠ ᠲᠠᠢ ᠦᠷ᠎ᠡ ᠪᠦᠲᠦᠭᠡᠯ ᠢ ᠪᠠᠲᠤᠳᠬᠠᠨ᠎ᠠ      ︵ ᠭᠤᠷᠪᠠ  ︶ ᠦᠨᠳᠦᠰᠦᠨ ᠡᠮᠴᠢᠯᠡᠭᠡᠨ ᠤ ᠪᠠᠲᠤᠯᠠᠭ᠎ᠠ ᠲᠠᠢ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠨ᠎ᠡ  ᠃ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠦᠨᠳᠦᠰᠦᠨ ᠡᠮᠴᠢᠯᠡᠭᠡᠨ ᠤ ᠪᠠᠲᠤᠯᠠᠭ᠎ᠠ ᠲᠠᠢ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ  ︾ ︵ ᠳᠣᠲᠣᠭᠠᠳᠤ ᠡᠷᠡᠭᠦᠯ ᠬᠠᠮᠠᠭᠠᠯᠠᠯ ᠶᠠᠳᠠᠭᠤ ᠶᠢ ᠲᠡᠳᠬᠦᠬᠦ ᠲᠠᠷᠬᠠᠭᠠᠭᠰᠠᠨ ﹇2019﹈ 84 ᠳ᠋ᠦᠭᠡᠷ ᠲᠣᠭᠠᠲᠤ  ︶ ᠳᠤ ᠲᠣᠳᠣᠷᠬᠠᠶᠢᠯᠠᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ︽ ᠭᠤᠷᠪᠠᠨ ᠨᠢᠭᠡ  ︾  ᠂ ᠡᠮᠴᠢᠯᠡᠭᠡᠨ ᠤ ᠮᠡᠷᠭᠡᠵᠢᠯ ᠤᠨ ᠠᠵᠢᠯᠲᠠᠨ ᠤ ︽ ᠭᠤᠷᠪᠠᠨ ᠬᠢᠷᠢ ᠲᠡᠩᠴᠡᠭᠰᠡᠨ  ︾  ᠂ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢᠨ ︽ ᠭᠤᠷᠪᠠᠨ ᠱᠤᠭᠤᠮ  ︾  ᠂ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠢ ᠨᠡᠶᠢᠳᠡᠮ ᠬᠡᠷᠡᠭᠵᠢᠭᠦᠯᠬᠦ ᠵᠡᠷᠭᠡ ᠠᠷᠪᠠᠨ ᠵᠤᠷᠪᠤᠰ ᠪᠣᠳᠠᠲᠠᠢ ᠠᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ  ᠂ ᠪᠦᠬᠦ ᠤᠯᠤᠰ ᠤᠨ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠬᠥᠳᠡᠯᠦᠩᠭᠦᠢ ᠰᠢᠰᠲ᠋ᠧᠮ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠦᠨᠡᠯᠡᠬᠦ ᠠᠷᠭ᠎ᠠ ᠶᠢᠨ ᠶᠣᠰᠣᠭᠠᠷ  ᠂ ᠬᠥᠳᠡᠭᠡ ᠲᠣᠰᠬᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠠᠵᠢᠯᠲᠠᠨ ᠤ ᠬᠤᠪᠢᠷᠠᠯᠲᠠ ᠶᠢᠨ ᠪᠠᠶᠢᠳᠠᠯ ᠢ ᠬᠥᠳᠡᠯᠦᠩᠭᠦᠢ ᠪᠠᠷ ᠬᠢᠨᠠᠨ ᠬᠡᠮᠵᠢᠵᠦ  ᠂ ᠶᠡᠷᠦᠩᠬᠡᠶᠢᠯᠡᠭᠰᠡᠨ ᠦᠨᠡᠯᠡᠯᠲᠡ  ᠨᠢ ᠤᠷᠢᠳᠴᠢᠯᠠᠨ ᠰᠡᠷᠡᠮᠵᠢᠯᠡᠭᠦᠯᠬᠦ ᠬᠡᠮᠵᠢᠭᠳᠡᠯ ᠳᠤ ᠬᠦᠷᠦᠭᠰᠡᠨ ᠪᠠᠶᠢᠪᠠᠯ ᠬᠠᠷᠢᠭᠤ ᠲᠤᠰᠬᠠᠵᠤ ᠰᠢᠮᠳᠠᠭᠤᠯᠤᠨ ᠭᠦᠢᠴᠡᠳᠬᠡᠭᠦᠯᠵᠦ  ᠂ ᠴᠢᠭᠯᠡᠭᠦᠯᠬᠦ ᠴᠢᠨᠠᠷᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠨ  ᠂ ᠮᠥᠷᠳᠡᠨ ᠳ᠋ᠤᠭᠠᠷ ᠢ ᠨᠢ ᠬᠠᠰᠤᠵᠤ  ᠂ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠵᠤ  ᠂ ᠬᠥᠳᠡᠭᠡ ᠲᠣᠰᠬᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠠᠵᠢᠯᠲᠠᠨ ᠤ ︽ ᠬᠤᠭᠤᠰᠤᠨ ᠭᠠᠵᠠᠷ  ︾ ᠢ ᠬᠥᠳᠡᠯᠦᠩᠭᠦᠢ ᠪᠠᠷ ᠴᠡᠪᠡᠷᠯᠡᠨ ᠠᠷᠢᠯᠭᠠᠵᠤ  ᠂ ᠦᠨᠳᠦᠰᠦᠨ ᠡᠮᠴᠢᠯᠡᠭᠡᠨ ᠤ ᠪᠠᠲᠤᠯᠠᠭ᠎ᠠ ᠲᠠᠢ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠨ᠎ᠡ  ᠃      ︵ ᠳᠥᠷᠪᠡ  ︶ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠦᠷᠬᠦᠴᠡ ᠶᠢ ᠰᠢᠯᠢᠳᠡᠭᠵᠢᠭᠦᠯᠦᠨ᠎ᠡ  ᠃ ᠠᠵᠤ ᠠᠬᠤᠢ ᠨᠡᠶᠢᠭᠡᠮ ᠤᠨ ᠬᠥᠭᠵᠢᠯᠲᠡ᠂ ᠬᠥᠳᠡᠭᠡ ᠲᠣᠰᠬᠤᠨ ᠤ ᠲᠥᠯᠦᠪᠵᠢᠭᠦᠯᠭᠡ ᠶᠢᠨ ᠲᠣᠬᠢᠷᠠᠭᠤᠯᠤᠯᠲᠠ ᠪᠣᠯᠣᠨ ᠠᠷᠠᠳ ᠢ ᠨᠡᠭᠦᠯᠭᠡᠬᠦ ᠪᠠᠶᠢᠷᠢᠰᠢᠭᠤᠯᠤᠯ ᠤᠨ ᠪᠠᠶᠢᠳᠠᠯ ᠲᠠᠢ ᠤᠶᠠᠯᠳᠤᠭᠤᠯᠤᠨ᠂ ᠦᠢᠯᠡᠴᠢᠯᠡᠭᠡᠨ ᠤ ᠬᠥᠮᠥᠨ ᠠᠮᠠ ᠶᠢ ᠦᠨᠳᠦᠰᠦᠯᠡᠨ᠂ ᠮᠠᠨ ᠤ ᠣᠷᠣᠨ ᠤ ᠦᠨᠳᠦᠰᠦᠨ ᠡᠮᠨᠡᠯᠭᠡ ᠶᠢᠨ ᠪᠠᠲᠤᠯᠠᠭ᠎ᠠ ᠲᠠᠢ ᠪᠣᠳᠠᠲᠠᠢ ᠠᠵᠢᠯ ᠤᠨ ᠪᠠᠷᠢᠮᠵᠢᠶ᠎ᠠ ᠶᠢ ᠦᠨᠳᠦᠰᠦᠯᠡᠨ᠂ ᠰᠤᠮᠤ ᠰᠢᠶᠠᠩ ᠪᠠᠯᠭᠠᠰᠤ᠂ ᠵᠠᠰᠠᠭ ᠵᠠᠬᠢᠷᠭᠠᠨ  ᠤ ᠭᠠᠴᠠᠭ᠎ᠠ ᠲᠣᠰᠬᠤᠨ ᠪᠣᠯᠣᠨ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠵᠦ ᠲᠥᠪᠯᠡᠷᠡᠭᠦᠯᠦᠨ ᠲᠥᠪᠬᠢᠨᠡᠭᠦᠯᠬᠦ ᠣᠷᠣᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠪᠡᠯᠡᠳᠬᠡᠮᠵᠢ ᠶᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ ᠂ ᠬᠢᠷᠢ ᠲᠡᠩᠴᠡᠭᠰᠡᠨ ᠡᠮᠨᠡᠯᠭᠡ ᠶᠢᠨ ᠠᠵᠢᠯᠲᠠᠨ ᠤ ᠲᠣᠬᠢᠷᠠᠭᠤᠯᠤᠯᠲᠠ ᠶᠢ ᠴᠢᠩᠭᠠᠳᠬᠠᠬᠤ ᠬᠡᠷᠡᠭᠲᠡᠢ᠃ ᠲᠣᠭᠲᠠᠮᠠᠯ ᠪᠠ ᠰᠢᠯᠵᠢᠬᠦ ᠶᠢ ᠬᠠᠷᠢᠯᠴᠠᠨ ᠤᠶᠠᠯᠳᠤᠭᠤᠯᠤᠭᠰᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠵᠠᠭᠪᠤᠷ ᠢ ᠬᠥᠭᠵᠢᠭᠦᠯᠵᠦ  ᠂ ᠣᠷᠣᠨ ᠨᠤᠲᠤᠭ ᠤᠨ ᠲᠣᠭᠤᠷᠢᠨ ᠡᠮᠴᠢᠯᠡᠬᠦ  ᠂ ᠲᠣᠮᠢᠯᠠᠨ ᠰᠠᠭᠤᠯᠭᠠᠬᠤ ᠵᠡᠷᠭᠡ ᠠᠮᠢᠳᠤᠯᠢᠭ ᠣᠯᠠᠨ ᠶᠠᠩᠵᠤ ᠶᠢᠨ ᠠᠷᠭ᠎ᠠ ᠮᠠᠶ᠋ᠢᠭ ᠢ ᠬᠡᠷᠡᠭᠯᠡᠬᠦ ᠶᠢ ᠳᠡᠮᠵᠢᠵᠦ  ᠂ ᠮᠠᠯᠵᠢᠬᠤ ᠲᠠᠷᠢᠶᠠᠯᠠᠬᠤ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠢ ᠪᠦᠬᠦᠨ ᠢ ᠬᠠᠮᠤᠷᠬᠤ ᠶᠢ ᠦᠨᠡᠨᠬᠦ ᠪᠠᠲᠤᠯᠠᠨ᠎ᠠ  ᠃ ᠲᠣᠭᠤᠷᠢᠨ ᠡᠮᠴᠢᠯᠡᠬᠦ  ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠲᠣᠮᠢᠯᠠᠨ ᠰᠠᠭᠤᠯᠭᠠᠵᠤ ᠠᠵᠢᠯᠯᠠᠭᠤᠯᠬᠤ ᠡᠮᠨᠡᠯᠭᠡ ᠶᠢᠨ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠵᠤ  ᠂ ᠠᠵᠢᠯ ᠤᠨ ᠡᠭᠦᠷᠭᠡ ᠬᠠᠷᠢᠭᠤᠴᠠᠯᠭ᠎ᠠ ᠪᠠ ᠦᠢᠯᠡᠴᠢᠯᠡᠭᠡᠨ ᠤ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠢ  ᠃      ︵ ᠲᠠᠪᠤ  ︶ ᠡᠪᠡᠳᠴᠢᠨ ᠡᠮᠭᠡᠭ ᠢ ᠲᠥᠷᠥᠯ ᠬᠤᠪᠢᠶᠠᠨ ᠡᠮᠨᠡᠨ ᠵᠠᠰᠠᠬᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠎ᠡ  ᠃ ᠨᠢᠭᠡᠨᠲᠡ ᠬᠦᠨᠳᠦ ᠡᠪᠡᠳᠴᠢᠨ ᠤ ᠲᠤᠰᠬᠠᠢ ᠡᠮᠨᠡᠨ ᠵᠠᠰᠠᠬᠤ ᠬᠡᠪᠴᠢᠶᠡᠨ ᠳᠤ ᠣᠷᠣᠭᠤᠯᠤᠭᠰᠠᠨ 30 ᠵᠦᠢᠯ ᠤᠨ ᠡᠪᠡᠳᠴᠢᠨ ᠤ ᠲᠥᠷᠥᠯ ᠢ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠳᠤ ᠵᠠᠷᠴᠢᠮ ᠳᠡᠭᠡᠷ᠎ᠡ ᠪᠠᠨ ᠬᠤᠪᠢᠷᠠᠭᠤᠯᠬᠤ ᠦᠭᠡᠢ ᠪᠠᠶᠢᠯᠭᠠᠨ᠎ᠠ  ᠃ ︽ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ  ᠂ ᠣᠨᠣᠰᠢᠯᠠᠨ ᠡᠮᠨᠡᠬᠦ ᠲᠥᠰᠥᠯ ᠢ ᠲᠣᠭᠲᠠᠭᠠᠵᠤ  ᠂ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ  ︾ ᠵᠠᠷᠴᠢᠮ ᠶᠣᠰᠣᠭᠠᠷ  ᠂ ᠬᠦᠨᠳᠦ ᠡᠪᠡᠳᠴᠢᠨ ᠤ ᠲᠤᠰᠬᠠᠢ ᠵᠦᠢᠯ ᠤᠨ ᠠᠪᠤᠷᠠᠨ ᠵᠠᠰᠠᠬᠤ ᠵᠠᠭᠪᠤᠷ ᠢ ᠳᠡᠯᠭᠡᠷᠡᠭᠦᠯᠬᠦ ᠶᠢ ᠪᠣᠶ ᠪᠦᠬᠦᠢ 30 ᠵᠦᠢᠯ ᠤᠨ ᠬᠦᠨᠳᠦ ᠡᠪᠡᠳᠴᠢᠲᠡᠨ ᠤ ᠡᠮᠨᠡᠯᠭᠡ ᠳᠤ ᠰᠠᠭᠤᠵᠤ ᠡᠮᠨᠡᠭᠦᠯᠬᠦ ᠳᠤ ᠴᠢᠭᠯᠡᠭᠦᠯᠦᠭᠰᠡᠨ ᠵᠢᠷᠤᠮᠵᠢᠭᠰᠠᠨ ᠠᠷᠭ᠎ᠠ ᠬᠡᠮᠵᠢᠶ᠎ᠡ ᠪᠣᠯᠭᠠᠨ᠎ᠠ  ᠃ ᠲᠤᠬᠠᠢ ᠶᠢᠨ ᠭᠠᠵᠠᠷ ᠤᠨ ᠣᠨᠣᠰᠢᠯᠠᠨ ᠡᠮᠨᠡᠬᠦ ᠴᠢᠳᠠᠪᠤᠷᠢ ᠪᠠ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠲᠠᠢ ᠪᠠᠨ ᠤᠶᠠᠯᠳᠤᠭᠤᠯᠤᠨ  ᠂ ᠨᠥᠬᠦᠴᠡᠯ ᠲᠠᠢ ᠠᠶᠢᠮᠠᠭ ᠬᠤᠲᠠ ᠶᠢᠨ ᠠᠪᠤᠷᠠᠨ ᠵᠠᠰᠠᠬᠤ ᠡᠪᠡᠳᠴᠢᠨ ᠤ ᠲᠥᠷᠥᠯ ᠤᠨ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠬᠦ ᠶᠢ ᠵᠣᠷᠢᠭᠵᠢᠭᠤᠯᠬᠤ ᠶᠢᠨ ᠬᠠᠮᠲᠤ  ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠠᠯᠬᠤᠮ ᠠᠯᠬᠤᠮ ᠢᠶᠠᠷ ᠳᠡᠯᠭᠡᠷᠡᠭᠦᠯᠦᠨ᠎ᠡ  ᠃ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ  ᠶᠢ ᠦᠷᠭᠦᠯᠵᠢᠯᠡᠨ ᠰᠠᠶᠢᠲᠤᠷ ᠬᠢᠵᠦ  ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠪᠣᠳᠠᠲᠤ ᠪᠠᠶᠢᠳᠠᠯ  ᠲᠠᠢ ᠤᠶᠠᠯᠳᠤᠭᠤᠯᠤᠨ  ᠂ ᠭᠡᠷ᠎ᠡ ᠲᠣᠭᠲᠠᠨ ᠦᠢᠯᠡᠴᠢᠯᠡᠬᠦ ᠭᠤᠣᠯᠳᠠᠯᠭ᠎ᠠ ᠲᠠᠢ ᠬᠥᠮᠥᠰ ᠤᠨ ᠬᠦᠷᠢᠶ᠎ᠡ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ  ᠂ ᠮᠠᠯᠵᠢᠬᠤ ᠲᠠᠷᠢᠶᠠᠯᠠᠬᠤ ᠣᠷᠣᠨ ᠤ 65 ᠨᠠᠰᠤᠨ  ᠠᠴᠠ ᠳᠡᠭᠡᠭᠰᠢᠬᠢ ᠨᠠᠰᠤᠲᠠᠶᠢᠴᠤᠳ  ᠂ 0 ︱ 6 ᠨᠠᠰᠤᠨ ᠤ ᠬᠡᠤᠬᠡᠳ  ᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ  ᠂ ᠵᠡᠮᠳᠡᠭᠴᠦᠳ  ᠂ ᠤᠳᠠᠭᠠᠨ ᠴᠢᠨᠠᠷᠲᠠᠢ ᠡᠪᠡᠳᠴᠢᠨ ︵ ᠴᠢᠰᠤᠨ ᠳᠠᠷᠤᠯᠲᠠ ᠥᠨᠳᠥᠷ ᠡᠪᠡᠳᠴᠢᠨ  ᠂ ᠰᠢᠬᠢᠷ ᠰᠢᠵᠢᠩ ᠡᠪᠡᠳᠴᠢᠨ  ᠂ ᠰᠦᠷᠢᠶ᠎ᠡ ᠡᠪᠡᠳᠴᠢᠨ  ᠂ ᠬᠦᠨᠳᠦ ᠨᠣᠴᠢᠲᠠᠢ ᠣᠶᠤᠨ ᠮᠡᠳᠡᠷᠡᠯ ᠤᠨ ᠰᠠᠭᠠᠳ ᠲᠠᠢ  ︶ ᠡᠪᠡᠳᠴᠢᠲᠡᠨ ᠵᠡᠷᠭᠡ  ᠭᠤᠣᠯᠳᠠᠯᠭ᠎ᠠ ᠲᠠᠢ ᠬᠥᠮᠥᠰ ᠲᠤ ᠤᠷᠢᠳᠠᠪᠠᠷ ᠭᠡᠷ᠎ᠡ ᠲᠣᠭᠲᠠᠵᠤ  ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ  ᠂ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ  ᠂ ᠡᠷᠡᠭᠦᠯ ᠮᠡᠨᠳᠦ ᠶᠢᠨ ᠯᠠᠪᠯᠠᠭ᠎ᠠ ᠪᠠ ᠬᠢᠲᠠᠳ ᠡᠮᠨᠡᠯᠭᠡ ᠳᠤ ᠭᠠᠷ ᠲᠦᠷᠦᠭᠦ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠢ ᠬᠠᠩᠭᠠᠵᠤ  ᠂ ︽ ᠨᠢᠭᠡ ᠬᠥᠮᠥᠨ ᠭᠡᠷ᠎ᠡ ᠲᠣᠭᠲᠠᠪᠠᠯ  ᠂ ᠨᠢᠭᠡ ᠬᠥᠮᠥᠨ ᠢ ᠪᠣᠳᠠᠲᠠᠶᠢᠵᠢᠭᠤᠯᠬᠤ  ︾ ᠶᠢ ᠪᠡᠶᠡᠯᠡᠭᠦᠯᠦᠨ᠎ᠡ  ︔ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠣᠷᠣᠯᠭ᠎ᠠ ᠪᠠᠭᠠᠲᠠᠢ ᠬᠥᠮᠥᠨ ᠠᠮᠠ ᠶᠢᠨ ᠴᠢᠰᠤᠨ ᠳᠠᠷᠤᠯᠲᠠ ᠥᠨᠳᠥᠷ  ᠂ ᠰᠢᠬᠢᠷ ᠰᠢᠵᠢᠩ ᠡᠪᠡᠳᠴᠢᠨ  ᠂ ᠰᠦᠷᠢᠶ᠎ᠡ ᠡᠪᠡᠳᠴᠢᠨ  ᠂ ᠬᠦᠨᠳᠦ ᠨᠣᠴᠢᠲᠠᠢ ᠣᠶᠤᠨ ᠮᠡᠳᠡᠷᠡᠯ ᠤᠨ ᠰᠠᠭᠠᠳ ᠲᠠᠢ 4 ᠵᠦᠢᠯ ᠤᠨ ᠤᠳᠠᠭᠠᠨ ᠴᠢᠨᠠᠷᠲᠠᠢ ᠡᠪᠡᠳᠴᠢᠲᠡᠨ ᠳᠤ ︽ ᠭᠠᠷ ᠤᠨ ᠥᠰᠥᠭ ᠵᠢᠷᠤᠬᠤ ᠶᠣᠰᠣᠲᠠᠢ ᠶᠢ ᠨᠢ ᠴᠥᠮ ᠭᠠᠷ ᠤᠨ ᠥᠰᠥᠭ ᠵᠢᠷᠤᠵᠤ  ︾  ᠂ ᠵᠢᠷᠤᠮᠵᠢᠭᠰᠠᠨ ᠬᠠᠮᠢᠶᠠᠷᠤᠯᠲᠠ ᠪᠠ ᠡᠷᠡᠭᠦᠯ ᠮᠡᠨᠳᠦ ᠶᠢᠨ ᠦᠢᠯᠡᠴᠢᠯᠡᠭᠡ ᠶᠢ ᠰᠠᠶᠢᠲᠤᠷ ᠬᠢᠵᠦ  ᠂ ᠵᠢᠷᠤᠮᠵᠢᠭᠰᠠᠨ ᠬᠠᠮᠢᠶᠠᠷᠤᠯᠲᠠ ᠶᠢᠨ ᠨᠣᠷᠮ᠎ᠠ ᠶᠢ 90%  ᠠᠴᠠ ᠳᠡᠭᠡᠭᠰᠢ ᠳᠤ ᠬᠦᠷᠦᠭᠦᠯᠦᠨ᠎ᠡ  ᠃      ︵ ᠵᠢᠷᠭᠤᠭ᠎ᠠ  ︶ ᠡᠮᠨᠡᠯᠭᠡ ᠳᠤ ᠰᠠᠭᠤᠬᠤ ᠳᠤ ᠤᠷᠢᠳᠠᠪᠠᠷ ᠡᠮᠴᠢᠯᠡᠭᠦᠯᠵᠦ ᠳᠠᠷᠠᠭ᠎ᠠ ᠨᠢ ᠵᠠᠷᠤᠳᠠᠯ ᠲᠤᠰᠢᠶᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ  ᠃ ᠳᠦᠷᠢᠮ ᠤᠨ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠤᠷᠢᠲᠠᠯ ᠳᠣᠣᠷ᠎ᠠ  ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠤᠨ ᠲᠤᠷᠰᠢᠯᠭ᠎ᠠ ᠬᠢᠳᠡᠯ ᠢ ᠬᠢᠨᠠᠮᠠᠭᠠᠢ ᠳ᠋ᠦᠩᠨᠡᠵᠦ  ᠂ ᠪᠣᠳᠠᠲᠠᠢ ᠲᠠᠢ ᠪᠠᠨ ᠤᠶᠠᠯᠳᠤᠭᠤᠯᠤᠨ ᠰᠢᠶᠠᠨ ᠤ ᠬᠡᠪᠴᠢᠶᠡᠨ ᠳᠠᠬᠢ ᠡᠮᠨᠡᠯᠭᠡ ᠳᠤ ᠰᠠᠭᠤᠬᠤ ᠳᠤ ᠤᠷᠢᠳᠠᠪᠠᠷ ᠡᠮᠴᠢᠯᠡᠭᠦᠯᠵᠦ ᠳᠠᠷᠠᠭ᠎ᠠ ᠨᠢ ᠰᠦᠢᠳᠬᠡᠯ ᠲᠤᠰᠢᠶᠠᠬᠤ ᠲᠥᠷᠥ ᠶᠢᠨ ᠪᠣᠳᠣᠯᠭ᠎ᠠ ᠶᠢᠨ ᠡᠲᠡᠭᠡᠳ ᠢ ᠮᠠᠯᠵᠢᠬᠤ ᠲᠠᠷᠢᠶᠠᠯᠠᠬᠤ ᠣᠷᠣᠨ ᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ  ᠂ ᠣᠨᠴᠠ ᠬᠦᠴᠢᠷᠳᠡᠯᠲᠡᠢ ᠬᠥᠮᠥᠰ ᠪᠠ ᠳᠠᠬᠢᠨ ᠶᠠᠳᠠᠭᠤᠷᠠᠬᠤ  ᠠᠴᠠ ᠪᠣᠯᠵᠤ ᠶᠠᠳᠠᠭᠤᠷᠠᠬᠤ ᠬᠥᠮᠥᠨ ᠠᠮᠠ ᠪᠣᠯᠭᠠᠨ ᠲᠣᠬᠢᠷᠠᠭᠤᠯᠵᠤ  ᠂ ᠡᠪᠡᠳᠴᠢᠲᠡᠨ ᠡᠮᠨᠡᠯᠭᠡ ᠳᠤ ᠣᠷᠣᠬᠤ ᠳᠤ ᠡᠮᠨᠡᠯᠭᠡ ᠳᠤ ᠰᠠᠭᠤᠬᠤ ᠪᠡᠷᠢᠴᠠᠭᠠᠨ ᠤ ᠮᠥᠩᠭᠦ ᠲᠤᠰᠢᠶᠠᠬᠤ ᠴᠢᠬᠤᠯᠠ ᠦᠭᠡᠢ  ᠂ ᠵᠥᠪᠬᠡᠨ ᠡᠮᠨᠡᠯᠭᠡ ᠠᠴᠠ ᠭᠠᠷᠬᠤ ᠦᠶ᠎ᠡ ᠳᠤ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠤᠭᠰᠠᠨ ᠤ ᠳᠠᠷᠠᠭᠠᠬᠢ ᠥᠪᠡᠷᠲᠡᠭᠡᠨ ᠬᠠᠷᠢᠭᠤᠴᠠᠬᠤ ᠡᠮᠴᠢᠯᠡᠭᠡᠨ ᠤ ᠵᠠᠷᠤᠳᠠᠯ ᠢ ᠲᠤᠰᠢᠶᠠᠪᠠᠯ ᠪᠣᠯᠴᠢᠬᠠᠨ᠎ᠠ  ᠃ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠬᠢᠭᠡᠳ ᠴᠢᠭ᠋ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠴᠢᠩᠭᠠᠳᠬᠠᠵᠤ  ᠂ ᠡᠮᠴᠢᠯᠡᠭᠡᠨ ᠤ ᠪᠠᠲᠤᠯᠠᠭ᠎ᠠ ᠶᠢᠨ ︽ ᠨᠢᠭᠡ ᠯᠡ ᠥᠷᠲᠡᠭᠡᠨ ᠤ ᠮᠠᠶ᠋ᠢᠭ  ︾ ᠢᠶᠠᠷ ᠳ᠋ᠦᠩᠨᠡᠨ ᠪᠤᠳᠤᠬᠤ ᠶᠢ ᠠᠬᠢᠭᠤᠯᠤᠨ᠎ᠠ  ᠃      ︵ ᠳᠣᠯᠤᠭ᠎ᠠ  ︶ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠭᠰᠠᠨ  ᠠᠴᠠ ᠪᠣᠯᠵᠤ ᠶᠠᠳᠠᠭᠤᠷᠠᠭᠰᠠᠨ ᠪᠠᠶᠢᠳᠠᠯ ᠢ ᠬᠥᠳᠡᠯᠦᠩᠭᠦᠢ ᠪᠠᠷ ᠬᠢᠨᠠᠨ ᠬᠡᠮᠵᠢᠬᠦ ᠪᠠ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠦᠨ᠎ᠡ  ᠃ 《 ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠵᠢᠯᠤᠭᠤᠳᠬᠤ ᠰᠠᠨᠠᠯ 》 ᠤᠨ ᠵᠣᠷᠢᠭ ᠰᠠᠨᠠᠭ᠎ᠠ ᠶᠣᠰᠣᠭᠠᠷ  ᠂ ᠭᠠᠴᠢᠭᠳᠠᠯᠲᠤ ᠠᠷᠠᠳ ᠤᠨ ᠵᠠᠰᠠᠭ  ᠂ ᠡᠮ ᠡᠮᠨᠡᠯᠭᠡ ᠶᠢᠨ ᠳᠠᠭᠠᠳᠬᠠᠯ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︵ ᠶᠠᠳᠠᠭᠤ ᠶᠢ ᠲᠡᠳᠬᠦᠬᠦ  ︶ ᠵᠡᠷᠭᠡ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠷᠢᠴᠠᠭᠤᠯᠬᠤ ᠪᠠ ᠬᠠᠮᠲᠤᠪᠠᠷ ᠡᠳ᠋ᠯᠡᠬᠦ ᠶᠢ ᠴᠢᠩᠭᠠᠳᠬᠠᠵᠤ  ᠂ ᠮᠡᠳᠡᠭᠡ ᠵᠠᠩᠭᠢ ᠶᠢᠨ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ  ᠂ ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠠᠮᠲᠤᠷᠠᠨ ᠬᠠᠮᠲᠤᠷᠠᠨ ᠠᠵᠢᠯᠯᠠᠬᠤ ᠲᠣᠭᠲᠠᠴᠠ  ᠶᠢ ᠪᠠᠶᠢᠭᠤᠯᠤᠨ ᠲᠡᠭᠦᠯᠳᠡᠷᠵᠢᠭᠦᠯᠵᠦ  ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠯᠠᠨ ᠲᠦᠮᠡᠨ ᠳᠤ ᠦᠢᠯᠡᠴᠢᠯᠡᠬᠦ ᠳᠠᠪᠠᠭᠤᠯᠢᠭ ᠢ ᠪᠠᠳᠠᠷᠠᠭᠤᠯᠵᠤ  ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠪᠠ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠬᠥᠮᠥᠨ ᠠᠮᠠ ᠶᠢᠨ ᠬᠦᠨᠳᠦ ᠡᠪᠡᠳᠴᠢᠨ  ᠂ ᠬᠦᠨᠳᠦ ᠡᠪᠡᠳᠴᠢᠨ ᠢ ᠠᠪᠤᠷᠠᠨ ᠵᠠᠰᠠᠵᠤ ᠪᠠᠶᠢᠭ᠎ᠠ ᠪᠠᠶᠢᠳᠠᠯ ᠢ ᠬᠥᠳᠡᠯᠦᠩᠭᠦᠢ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ  ᠂ ᠴᠠᠭ ᠲᠤᠬᠠᠢ ᠳᠤᠨᠢ ᠬᠢᠨᠠᠨ ᠬᠠᠷᠭᠤᠭᠤᠯᠵᠤ  ᠂ ᠡᠷᠡᠭᠦᠯ ᠮᠡᠨᠳᠦ ᠪᠠᠷ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠨᠠᠷᠢᠯᠢᠭ ᠣᠨᠣᠴᠠᠲᠠᠢ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠵᠤ  ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠭᠰᠠᠨ  ᠠᠴᠠ ᠪᠣᠯᠵᠤ ᠶᠠᠳᠠᠭᠤᠷᠠᠬᠤ ᠲᠦᠭᠰᠢᠭᠦᠷᠢ ᠲᠠᠢ ᠬᠥᠮᠥᠰ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ  ᠂ ᠰᠠᠨᠠᠭᠠᠴᠢᠯᠠᠭ᠎ᠠ  ᠠᠴᠠ ᠪᠠᠨ ᠢᠯᠡᠷᠡᠭᠦᠯᠵᠦ  ᠂ ᠴᠠᠭ ᠲᠤᠬᠠᠢ ᠳᠤᠨᠢ ᠳᠠᠭᠠᠵᠤ  ᠂ ᠠᠪᠤᠷᠠᠨ ᠡᠮᠨᠡᠬᠦ  ᠂ ᠡᠷᠡᠭᠦᠯᠵᠢᠭᠦᠯᠬᠦ ᠵᠡᠷᠭᠡ ᠡᠷᠡᠭᠦᠯ ᠮᠡᠨᠳᠦ ᠶᠢᠨ ᠦᠢᠯᠡᠴᠢᠯᠡᠭᠡ ᠶᠢ ᠰᠠᠶᠢᠲᠤᠷ ᠬᠢᠵᠦ  ᠂ ᠦᠨᠳᠦᠰᠦᠨ ᠡᠮᠴᠢᠯᠡᠭᠡᠨ ᠤ ᠳᠠᠭᠠᠳᠬᠠᠯ  ᠂ ᠬᠦᠨᠳᠦ ᠡᠪᠡᠳᠴᠢᠨ ᠤ ᠳᠠᠭᠠᠳᠬᠠᠯ  ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠪᠠ ᠨᠡᠶᠢᠭᠡᠮ ᠤᠨ ᠠᠪᠤᠷᠠᠨ ᠲᠤᠰᠠᠯᠠᠯᠲᠠ  ᠂ ᠨᠢᠭᠦᠯᠡᠰᠦᠩᠭᠦᠢ ᠶᠢᠨ ᠬᠠᠪᠰᠤᠷᠤᠨ ᠲᠡᠳᠬᠦᠬᠦ ᠵᠡᠷᠭᠡ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠤᠨ᠎ᠠ  ᠃      ︵ ᠨᠠᠢᠮᠠ  ︶ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢᠨ ᠡᠷᠡᠭᠦᠯ ᠮᠡᠨᠳᠦ ᠶᠢᠨ ᠪᠠᠶᠢᠩᠭᠤ ᠶᠢᠨ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ᠎ᠠ  ᠃ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢᠨ ᠡᠷᠡᠭᠦᠯ ᠮᠡᠨᠳᠦ ᠶᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠴᠢᠩᠭᠠᠳᠬᠠᠵᠤ  ᠂ ᠬᠦᠨᠳᠦ ᠡᠪᠡᠳᠴᠢᠨ ᠢ ᠲᠤᠰᠬᠠᠢ ᠵᠦᠢᠯ ᠢᠶᠠᠷ ᠠᠪᠤᠷᠠᠨ ᠵᠠᠰᠠᠬᠤ  ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠠᠷᠭ᠎ᠠ ᠬᠡᠮᠵᠢᠶ᠎ᠡ  ᠶᠢ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠳᠤ ᠭᠤᠣᠯᠳᠠᠯᠭ᠎ᠠ  ᠲᠠᠢ ᠨᠠᠶᠢᠳᠠᠪᠤᠷᠢᠵᠢᠭᠤᠯᠵᠤ  ᠂ ᠮᠠᠯᠵᠢᠬᠤ ᠲᠠᠷᠢᠶᠠᠯᠠᠬᠤ ᠣᠷᠣᠨ ᠤ ᠬᠦᠨᠳᠦ ᠨᠣᠴᠢᠲᠠᠢ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠳᠤ ᠦᠢᠯᠡᠴᠢᠯᠡᠬᠦ ᠬᠠᠮᠢᠶᠠᠷᠤᠯᠲᠠ ᠪᠠ ᠠᠪᠤᠷᠠᠨ ᠵᠠᠰᠠᠬᠤ ᠪᠠᠲᠤᠯᠠᠭ᠎ᠠ ᠶᠢ ᠴᠢᠩᠭᠠᠳᠬᠠᠵᠤ  ᠂ ᠴᠢᠳᠠᠪᠤᠷᠢ ᠪᠠᠨ ᠠᠯᠳᠠᠭᠰᠠᠨ ᠪᠤᠶᠤ ᠬᠠᠭᠠᠰ ᠠᠯᠳᠠᠭᠰᠠᠨ ᠨᠠᠰᠤᠲᠠᠶᠢᠴᠤᠳ ᠤᠨ ᠡᠮᠴᠢᠯᠡᠭᠡᠨ ᠤ ᠬᠠᠷᠠᠭᠠᠯᠵᠠᠨ ᠠᠰᠠᠷᠠᠬᠤ  ᠂ 0 ︱ 3 ᠨᠠᠰᠤᠨ ᠤ ᠨᠢᠯᠬ᠎ᠠ ᠬᠡᠤᠬᠡᠳ ᠢ ᠠᠰᠠᠷᠠᠨ ᠬᠥᠮᠥᠵᠢᠭᠦᠯᠬᠦ ᠶᠢ ᠵᠢᠯᠤᠭᠤᠳᠬᠤ ᠪᠠ ᠡᠮᠡᠭᠲᠡᠶᠢᠴᠦᠳ ᠬᠡᠤᠬᠡᠳ ᠤᠨ ᠡᠷᠡᠭᠦᠯᠵᠢᠯ ᠤᠨ ᠦᠢᠯᠡᠴᠢᠯᠡᠭᠡ ᠶᠢ ᠰᠠᠶᠢᠲᠤᠷ ᠬᠢᠵᠦ᠂ ᠬᠡᠤᠬᠡᠳ ᠪᠠᠭᠠᠴᠤᠳ ᠤᠨ ᠣᠶᠢᠷ᠎ᠠ ᠬᠠᠷᠠᠭ᠎ᠠ  ᠂ ᠮᠠᠷᠢᠶᠠᠯᠠᠬᠤ ᠶᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ  ᠂ ᠬᠠᠮᠢᠶ᠎ᠠ ᠪᠦᠬᠦᠢ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ  ᠃      ︵ ᠶᠢᠰᠦ  ︶ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠶᠢ ᠦᠷᠭᠦᠯᠵᠢᠯᠡᠨ ᠥᠷᠨᠢᠭᠦᠯᠦᠨ᠎ᠡ  ᠃ ᠰᠢᠨ᠎ᠡ ᠨᠢᠭᠡ ᠡᠭᠡᠯᠵᠢ ᠶᠢᠨ ᠵᠡᠭᠦᠨ ᠪᠠᠷᠠᠭᠤᠨ ᠣᠷᠣᠨ ᠤ ᠬᠠᠮᠵᠢᠯᠴᠠᠨ ᠬᠤᠣᠰᠯᠠᠬᠤ ᠬᠠᠷᠢᠴᠠᠭ᠎ᠠ ᠪᠠᠶᠢᠭᠤᠯᠬᠤ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠪᠡᠭᠡᠵᠢᠩ ᠬᠤᠲᠠ  ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠨᠢ ᠦᠷᠭᠦᠯᠵᠢᠯᠡᠨ ᠪᠥᠬᠦ ᠣᠷᠣᠨ ᠤ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢ ᠬᠠᠪᠰᠤᠷᠤᠨ ᠲᠡᠳᠬᠦᠵᠦ  ᠂ ᠵᠠᠷᠴᠢᠮ ᠳᠡᠭᠡᠷ᠎ᠡ ᠪᠠᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠬᠠᠷᠢᠴᠠᠭ᠎ᠠ ᠶᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠵᠤ  ᠂ ᠪᠥᠬᠦ ᠣᠷᠣᠨ ᠤ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠬᠥᠭᠵᠢᠯᠲᠡ ᠶᠢᠨ ᠣᠳᠣᠬᠢ ᠪᠠᠶᠢᠳᠠᠯ ᠪᠣᠯᠣᠨ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠲᠠᠷᠬᠠᠯᠲᠠ ᠶᠢᠨ ᠲᠣᠬᠢᠷᠠᠭᠤᠯᠤᠯᠲᠠ ᠶᠢᠨ ᠪᠠᠶᠢᠳᠠᠯ ᠲᠠᠢ ᠤᠶᠠᠯᠳᠤᠭᠤᠯᠤᠨ  ᠂ ᠪᠠᠶᠢᠳᠠᠯ ᠢ ᠨᠢ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠪᠣᠯᠣᠨ ᠶᠠᠳᠠᠭᠤ  ᠠᠴᠠ ᠠᠩᠭᠢᠵᠢᠷᠠᠭᠤᠯᠬᠤ ᠭᠠᠵᠠᠷ ᠣᠷᠣᠨ ᠤ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢ ᠵᠢᠯᠤᠭᠤᠳᠴᠤ ᠪᠠᠶᠢᠭᠠᠳ ᠦᠷᠭᠦᠯᠵᠢᠯᠡᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠵᠥᠪᠯᠡᠯᠴᠡᠭᠡᠷ ᠲᠣᠭᠲᠠᠵᠤ  ᠂ ︽ ᠠᠷᠪᠠᠨ ᠳᠥᠷᠪᠡᠳᠦᠭᠡᠷ ᠲᠠᠪᠤᠨ ᠵᠢᠯ  ︾ ᠤᠨ ᠬᠤᠭᠤᠴᠠᠭᠠᠨ ᠳᠠᠬᠢ ᠡᠮᠨᠡᠯᠭᠡ ᠶᠢᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠠᠵᠢᠯ ᠤᠨ ᠬᠠᠮᠢᠶᠠᠷᠤᠯᠲᠠ ᠶᠢᠨ ᠱᠠᠭᠠᠷᠳᠠᠯᠭ᠎ᠠ  ᠶᠢ ᠬᠤᠪᠢᠷᠠᠭᠤᠯᠬᠤ ᠦᠭᠡᠢ ᠪᠠᠶᠢᠬᠤ  ᠶᠢ ᠪᠠᠲᠤᠯᠠᠵᠤ  ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠨᠢ ᠦᠷᠭᠦᠯᠵᠢᠯᠡᠨ ︽ ᠪᠦᠯᠬᠦᠮ ᠪᠠᠶᠢᠭᠤᠯᠬᠤ ᠮᠠᠶ᠋ᠢᠭ  ︾ ᠤᠨ ᠬᠠᠪᠰᠤᠷᠤᠨ ᠲᠡᠳᠬᠦᠬᠦ ᠠᠷᠭ᠎ᠠ ᠮᠠᠶ᠋ᠢᠭ ᠢ ᠠᠪᠴᠤ  ᠂ ᠴᠡᠭ ᠲᠤ ᠰᠠᠭᠤᠵᠤ ᠬᠠᠪᠰᠤᠷᠤᠨ ᠲᠡᠳᠬᠦᠬᠦ ᠪᠠᠷ  ᠭᠤᠣᠯ ᠪᠣᠯᠭᠠᠵᠤ  ᠂ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠳᠤ ᠬᠠᠮᠢᠶᠠᠷᠤᠯᠲᠠ ᠶᠢᠨ ᠠᠵᠢᠯᠲᠠᠨ ᠪᠠ ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ  ᠂ ᠰᠤᠪᠢᠯᠠᠭᠴᠢ ᠶᠢ 5 ᠬᠥᠮᠥᠨ ᠠᠴᠠ ᠳᠤᠲᠠᠭᠤ ᠦᠭᠡᠢ ︵ ᠬᠢᠲᠠᠳ ᠡᠮᠨᠡᠯᠭᠡ ᠶᠢᠨ ᠮᠣᠩᠭᠤᠯ ᠡᠮᠨᠡᠯᠭᠡ ᠶᠢᠨ ᠬᠤᠷᠢᠶ᠎ᠠ  ᠨᠢ 3 ᠬᠥᠮᠥᠨ ᠠᠴᠠ ᠳᠤᠲᠠᠭᠤ ᠦᠭᠡᠢ  ︶ ᠲᠣᠮᠢᠯᠠᠨ ᠰᠠᠭᠤᠯᠭᠠᠵᠤ  ᠂ ᠪᠦᠯᠦᠭ ᠪᠦᠷᠢ ᠶᠢᠨ ᠦᠷᠭᠦᠯᠵᠢᠯᠡᠨ ᠠᠵᠢᠯᠯᠠᠬᠤ ᠴᠠᠭ ᠢ 6 ᠰᠠᠷ᠎ᠠ  ᠠᠴᠠ ᠳᠤᠲᠠᠭᠤ ᠦᠭᠡᠢ ᠪᠠᠶᠢᠯᠭᠠᠵᠤ  ᠂ ᠠᠯᠤᠰ  ᠠᠴᠠ ᠬᠠᠪᠰᠤᠷᠤᠨ ᠲᠡᠳᠬᠦᠬᠦ ᠪᠠᠷ ᠬᠠᠪᠰᠤᠷᠤᠮᠵᠢ ᠪᠣᠯᠭᠠᠨ  ᠂ ᠠᠯᠤᠰ  ᠠᠴᠠ ᠡᠮᠴᠢᠯᠡᠭᠡᠨ ᠤ ᠦᠢᠯᠡᠴᠢᠯᠡᠭᠡᠨ ᠤ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠨ᠎ᠠ  ᠃ ᠡᠮᠦᠨᠡᠬᠢ ᠬᠤᠭᠤᠴᠠᠭᠠᠨ ᠤ ᠬᠠᠪᠰᠤᠷᠤᠨ ᠲᠡᠳᠬᠦᠭᠰᠡᠨ ᠦᠷ᠎ᠡ ᠪᠦᠲᠦᠮᠵᠢ ᠶᠢᠨ ᠰᠠᠭᠤᠷᠢᠨ ᠳᠡᠭᠡᠷ᠎ᠡ  ᠂ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠪᠠ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ  ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠬᠦᠴᠢᠷᠲᠡᠢ  ᠂ ᠡᠪᠡᠳᠴᠢᠨ ᠦᠵᠡᠭᠦᠯᠬᠦ ᠳᠤ ᠦᠨᠡᠲᠡᠢ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ  ︔ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠬᠡᠷᠡᠭ ᠢ ᠠᠷᠭᠠᠴᠠᠬᠤ ᠴᠢᠳᠠᠪᠤᠷᠢ ᠶᠢ ᠬᠠᠨᠳᠤᠯᠭᠠᠲᠤ ᠴᠢᠨᠠᠷᠲᠠᠢ ᠪᠠᠷ ᠳᠡᠭᠡᠭᠰᠢᠯᠡᠭᠦᠯᠵᠦ  ᠂ ᠲᠤᠰᠠᠯᠠᠮᠵᠢ ᠭᠥᠷᠳᠡᠬᠦ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠡᠩ ᠤᠨ ᠦᠶ᠎ᠡ ᠪᠠ ᠪᠠᠴᠢᠮ ᠦᠶ᠎ᠡ ᠶᠢ ᠵᠣᠬᠢᠴᠠᠭᠤᠯᠬᠤ ᠴᠢᠳᠠᠪᠤᠷᠢ ᠶᠢ ᠲᠡᠭᠡᠭᠰᠢᠯᠡᠭᠦᠯᠦᠨ᠎ᠡ᠃      ᠭᠤᠷᠪᠠ  ᠂ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠶᠢ ᠴᠢᠩᠭᠠᠳᠬᠠᠨ ᠰᠢᠯᠢᠳᠡᠭᠵᠢᠭᠦᠯᠵᠦ  ᠂ ᠶᠠᠳᠠᠭᠤ  ᠠᠴᠠ ᠠᠩᠭᠢᠵᠢᠷᠠᠭᠤᠯᠬᠤ ᠭᠠᠵᠠᠷ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠡᠭᠡᠭᠰᠢᠯᠡᠭᠦᠯᠦᠨ᠎ᠡ      ( ᠠᠷᠪᠠ ) ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ  ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠦᠨ᠎ᠡ᠃ ᠰᠢᠶᠠᠨ ᠤ ᠪᠦᠰᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠤᠨ ᠲᠤᠷᠰᠢᠯᠭ᠎ᠠ ᠶᠢ ᠭᠦᠢᠴᠡᠳ ᠳ᠋ᠦᠩᠨᠡᠭᠰᠡᠨ ᠰᠠᠭᠤᠷᠢᠨ ᠳᠡᠭᠡᠷ᠎ᠡ  ᠂ ︽ ᠰᠢᠶᠠᠨ ᠨᠢ ᠬᠦᠴᠦᠷᠬᠡᠭ  ᠂ ᠰᠢᠶᠠᠩ ᠨᠢ ᠠᠮᠢᠳᠤᠯᠢᠭ  ᠂ ᠲᠣᠰᠬᠤᠨ ᠨᠢ ᠲᠣᠭᠲᠠᠭᠤᠨ  ᠂ ᠳᠡᠭᠡᠳᠦ ᠲᠤᠤᠷ᠎ᠠ ᠱᠠᠲᠤ ᠨᠢ ᠬᠤᠯᠪᠣᠭᠠᠯᠠᠬᠤ  ᠂ ᠮᠡᠳᠡᠭᠡ ᠵᠠᠩᠭᠢ ᠨᠢ ᠨᠡᠪᠲᠡᠷᠡᠯᠴᠡᠬᠦ  ︾ ᠱᠠᠭᠠᠷᠳᠠᠯᠭ᠎ᠠ ᠶᠣᠰᠣᠭᠠᠷ  ᠂ ᠬᠦᠷᠢᠶ᠎ᠡ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ  ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ  ᠂ ᠰᠢᠶᠠᠨ ᠤ ᠪᠦᠰᠡ ᠶᠢᠨ ᠬᠠᠮᠢᠶᠠᠷᠤᠯᠲᠠ ᠶᠢᠨ ᠪᠠᠶᠢᠭᠤᠯᠤᠯ ᠪᠠ ᠠᠵᠢᠯᠯᠠᠭᠠᠨ ᠤ ᠲᠣᠭᠲᠠᠴᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠦᠷᠭᠡᠳᠬᠡᠨ ᠠᠬᠢᠭᠤᠯᠤᠨ᠎ᠠ  ᠃ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ ᠢᠳᠡᠪᠬᠢᠲᠡᠢ ᠲᠦᠯᠬᠢᠨ ᠠᠬᠢᠭᠤᠯᠬᠤ ᠶᠢ ᠵᠣᠷᠢᠭᠵᠢᠭᠤᠯᠤᠨ ᠲᠡᠮᠵᠢᠨ᠎ᠠ᠃ ᠶᠠᠳᠠᠭᠤ  ᠠᠴᠠ ᠠᠩᠭᠢᠵᠢᠷᠠᠭᠤᠯᠬᠤ ᠭᠠᠵᠠᠷ ᠣᠷᠣᠨ ᠤ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ ᠳᠠᠭᠠᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠠᠬᠢᠭᠤᠯᠵᠤ  ᠂ ︽ ᠣᠶ ᠰᠢᠭᠤᠢ  ᠂ ᠮᠠᠯ ᠠᠵᠤ ᠠᠬᠤᠢ  ᠂ ᠬᠢᠯᠢ ᠬᠢᠵᠠᠭᠠᠷ ᠣᠷᠣᠨ  ᠂ ᠰᠡᠶᠢᠷᠡᠭ  ︾ ᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠭᠤᠣᠯᠳᠠᠯᠭ᠎ᠠ ᠲᠠᠢ ᠪᠠᠲᠤᠯᠠᠵᠤ  ᠂ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ  ᠃ ᠤᠯᠤᠰ ᠤᠨ 《 ᠡᠮᠴᠢᠯᠡᠭᠡᠨ ᠤ ᠬᠤᠯᠪᠣᠭᠠᠲᠤ ᠴᠣᠭᠴᠠ ᠶᠢᠨ ᠬᠠᠮᠢᠶᠠᠷᠤᠯᠲᠠ ᠶᠢᠨ ᠠᠷᠭ᠎ᠠ ( ᠲᠤᠷᠰᠢᠨ ᠬᠡᠷᠡᠭᠵᠢᠭᠦᠯᠬᠦ ) 》 ᠶᠢ ᠨᠠᠶᠢᠳᠠᠪᠤᠷᠢᠵᠢᠭᠤᠯᠵᠤ  ᠂ ᠰᠢᠶᠠᠨ ᠰᠢᠶᠠᠩ ᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢᠨ ᠲᠣᠭᠲᠠᠴᠠ ᠶᠢ ᠰᠢᠯᠤᠭᠤᠳᠬᠠᠵᠤ  ᠂ ᠡᠮᠴᠢᠯᠡᠭᠡᠨ ᠤ ᠬᠠᠮᠢᠶᠠᠷᠤᠯᠲᠠ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠤᠶᠠᠷ ᠵᠦᠢᠯ ᠤᠨ ᠴᠢᠳᠠᠪᠤᠷᠢ ᠶᠢ ᠭᠤᠣᠯᠳᠠᠯᠭ᠎ᠠ ᠲᠠᠢ ᠳᠡᠭᠡᠭᠰᠢᠯᠡᠭᠦᠯᠦᠨ  ᠂ ᠠᠯᠤᠰ ᠡᠵᠡᠮᠰᠢᠯᠲᠦ ᠡᠮᠴᠢᠯᠡᠭᠡᠨ ᠤ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ  ᠂ ᠣᠲᠣ ᠶᠢᠨ ᠪᠠᠶᠢᠭ᠎ᠠ ᠡᠬᠢ ᠪᠠᠶᠠᠯᠢᠭ ᠲᠠᠭᠠᠨ ᠲᠦᠰᠢᠭᠯᠡᠨ ᠰᠢᠶᠠᠨ ᠤ ᠬᠡᠪᠴᠢᠶᠡᠨ ᠤ ᠵᠢᠷᠤᠭ ᠳᠦᠷᠰᠦ  ᠂ ᠵᠢᠷᠦᠬᠡᠨ ᠤ ᠴᠠᠬᠢᠯᠭᠠᠨ  ᠂ ᠡᠪᠡᠳᠴᠢᠨ ᠤ ᠵᠦᠢ ᠶᠢᠨ ᠣᠨᠣᠰᠢᠯᠠᠯᠲᠠ ᠪᠠ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠯᠲᠠ ᠵᠡᠷᠭᠡ ᠲᠥᠪ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ  ᠂ ᠦᠨᠳᠦᠰᠦᠨ ᠱᠠᠲᠤᠨ ᠤ ᠪᠠᠶᠢᠴᠠᠭᠠᠯᠲᠠ  ᠂ ᠳᠡᠭᠡᠳᠦ ᠱᠠᠲᠤᠨ ᠤ ᠣᠨᠣᠰᠢᠯᠠᠯᠲᠠ ᠪᠠ ᠣᠷᠣᠨ ᠪᠦᠰᠡ ᠶᠢᠨ ᠳᠣᠲᠣᠷ᠎ᠠ ᠪᠠᠨ ᠬᠠᠷᠢᠯᠴᠠᠨ ᠮᠡᠳᠡᠷᠡᠬᠦ ᠶᠢ ᠪᠡᠶᠡᠯᠡᠭᠦᠯᠦᠨ᠎ᠡ  ᠃ ᠬᠥᠳᠡᠭᠡ ᠲᠣᠰᠬᠤᠨ ᠤ ᠨᠢᠭᠡ ᠴᠣᠭᠴᠠᠵᠢᠭᠰᠠᠨ ᠬᠠᠮᠢᠶᠠᠷᠤᠯᠲᠠ ᠶᠢ ᠠᠬᠢᠭᠤᠯᠵᠤ  ᠂ ︽ ᠬᠤᠶᠠᠷ ᠢ ᠵᠥᠪᠰᠢᠶᠡᠷᠡᠬᠦ  ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ  ᠂ ᠠᠵᠢᠯᠯᠠᠭᠠᠨ ᠤ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ  ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠬᠤ ᠢᠳᠡᠪᠬᠢᠵᠢᠯ ᠢ ᠳᠠᠶᠢᠴᠢᠯᠠᠨ᠎ᠠ  ᠃ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ  ᠂ ᠨᠢᠭᠲᠠ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠳᠤ ᠶᠡᠷᠦᠩᠬᠡᠢ ᠲᠤᠭ᠎ᠠ ᠪᠠᠷ ᠵᠠᠷᠤᠳᠠᠯ ᠲᠤᠰᠢᠶᠠᠬᠤ ᠶᠢ ᠬᠡᠷᠡᠭᠵᠢᠭᠦᠯᠬᠦ ᠶᠢ ᠰᠦᠪᠡᠭᠴᠢᠯᠡᠨ  ᠂ ᠬᠢᠨᠠᠯᠲᠠ ᠲᠠᠯᠪᠢᠵᠤ ᠰᠢᠯᠭᠠᠨ ᠬᠢᠨᠠᠬᠤ  ᠂ ᠦᠯᠡᠳᠡᠪᠦᠷᠢ ᠶᠢ ᠦᠯᠡᠳᠡᠭᠡᠨ ᠬᠡᠷᠡᠭᠯᠡᠬᠦ  ᠂ ᠵᠦᠢ ᠵᠣᠬᠢᠰᠲᠠᠢ ᠪᠠᠷ ᠬᠡᠲᠦᠷᠡᠭᠦᠯᠦᠨ ᠵᠠᠷᠤᠬᠤ ᠶᠢ ᠬᠤᠪᠢᠶᠠᠨ ᠡᠭᠦᠷᠭᠡᠯᠡᠬᠦ ᠶᠢ ᠴᠢᠩᠭᠠᠳᠬᠠᠨ᠎ᠠ  ᠃ ᠨᠥᠬᠦᠴᠡᠯ ᠲᠠᠢ ᠭᠠᠵᠠᠷ ᠣᠷᠣᠨ ᠨᠢ ᠬᠡᠯᠡᠯᠴᠡᠭᠡᠷ ᠲᠤ ᠪᠣᠯᠵᠣᠨ ᠲᠣᠭᠲᠠᠭᠰᠠᠨ ᠶᠣᠰᠣᠭᠠᠷ ᠡᠮᠴᠢᠯᠡᠭᠡᠨ ᠤ ᠪᠠᠶᠢᠭᠤᠯᠤᠮᠵᠢ ᠳᠤ ᠬᠡᠰᠡᠭ ᠡᠮᠴᠢᠯᠡᠭᠡᠨ ᠤ ᠳᠠᠭᠠᠳᠬᠠᠯ ᠤᠨ ᠪᠡᠯᠡ ᠮᠥᠩᠭᠦ ᠶᠢ ᠤᠷᠢᠳᠴᠢᠯᠠᠨ ᠥᠭᠴᠦ  ᠂ ᠲᠡᠳᠡᠨ ᠤ ᠪᠡᠯᠡ ᠮᠥᠩᠭᠦ ᠶᠢᠨ ᠠᠵᠢᠯᠯᠠᠭᠠᠨ ᠤ ᠳᠠᠷᠤᠯᠲᠠ ᠶᠢ ᠬᠥᠩᠭᠡᠷᠡᠭᠦᠯᠵᠦ ᠪᠣᠯᠣᠨ᠎ᠠ  ᠃ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠦᠢᠯᠡᠴᠢᠯᠡᠭᠡᠨ ᠤ ᠰᠦᠢᠳᠬᠡᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ  ᠂ ᠠᠶᠢᠮᠠᠭ ᠬᠤᠲᠠ ᠬᠤᠰᠢᠭᠤ ᠰᠢᠶᠠᠨ ᠨᠢ ᠭᠡᠷ᠎ᠡ ᠲᠣᠭᠲᠠᠭᠰᠠᠨ ᠦᠢᠯᠡᠴᠢᠯᠡᠭᠡᠨ ᠤ ᠰᠦᠢᠳᠬᠡᠯ ᠤᠨ ᠰᠦᠢᠳᠬᠡᠯ ᠬᠤᠷᠢᠶᠠᠬᠤ ᠪᠠ ᠬᠤᠪᠢᠶᠠᠷᠢᠯᠠᠬᠤ ᠪᠠᠷᠢᠮᠵᠢᠶ᠎ᠠ ᠶᠢ ᠲᠣᠳᠣᠷᠬᠠᠶᠢᠯᠠᠵᠤ  ᠂ ᠭᠡᠷ᠎ᠡ ᠲᠣᠭᠲᠠᠵᠤ ᠭᠡᠷ᠎ᠡ ᠭᠦᠢᠴᠡᠳᠬᠡᠬᠦ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ  ᠃ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠡᠮᠨᠡᠭᠦᠯᠬᠦ  ᠂ ᠰᠢᠯᠵᠢᠭᠦᠯᠦᠨ ᠡᠮᠨᠡᠭᠦᠯᠬᠦ  ᠂ ᠡᠮ ᠬᠡᠷᠡᠭᠯᠡᠬᠦ ᠵᠡᠷᠭᠡ ᠲᠠᠯ᠎ᠠ ᠪᠠᠷ ᠬᠢ ᠵᠦᠷᠢᠶᠡᠵᠢᠬᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ  ᠂ ᠭᠡᠷ ᠪᠦᠯᠢ ᠶᠢᠨ ᠡᠮᠴᠢ ᠶᠢᠨ ᠠᠩᠬ᠎ᠠ ᠡᠮᠨᠡᠭᠦᠯᠬᠦ  ᠂ ᠰᠢᠯᠵᠢᠭᠦᠯᠦᠨ ᠡᠮᠨᠡᠭᠦᠯᠬᠦ ᠪᠠ ᠳᠣᠷᠣᠭᠰᠢ ᠰᠢᠯᠵᠢᠭᠦᠯᠦᠨ ᠵᠠᠯᠭᠠᠵᠤ ᠡᠮᠨᠡᠭᠦᠯᠬᠦ ᠵᠠᠭᠪᠤᠷ ᠢ ᠠᠯᠬᠤᠮ ᠠᠯᠬᠤᠮ ᠢᠶᠠᠷ ᠪᠣᠶ ᠪᠣᠯᠭᠠᠨ᠎ᠠ  ᠃      ︵ ᠠᠷᠪᠠᠨ ᠨᠢᠭᠡ  ︶ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ  ᠃ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ  ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠶᠢ ᠲᠥᠪᠯᠡᠷᠡᠭᠦᠯᠦᠨ ᠲᠥᠪᠬᠢᠨᠡᠭᠦᠯᠬᠦ ᠣᠷᠣᠨ ᠵᠡᠷᠭᠡ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ  ᠂ ᠲᠥᠷᠥᠯ ᠵᠦᠢᠯ ᠤᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ  ᠂ ᠣᠷᠣᠨ ᠨᠤᠲᠤᠭ ᠤᠨ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ  ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠶᠢ ᠲᠥᠪᠯᠡᠷᠡᠭᠦᠯᠦᠨ ᠲᠥᠪᠬᠢᠨᠡᠭᠦᠯᠬᠦ ᠣᠷᠣᠨ ᠵᠡᠷᠭᠡ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ  ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠵᠤ  ᠂ ᠬᠥᠳᠡᠭᠡ ᠲᠣᠰᠬᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ  ᠂ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠨᠡᠶᠢᠯᠡᠭᠦᠯᠬᠦ ᠪᠠ ᠴᠤᠭᠯᠠᠭᠤᠯᠬᠤ ᠶᠢ ᠴᠢᠩᠭᠠᠳᠬᠠᠨ  ᠂ ᠶᠠᠳᠠᠭᠤ  ᠠᠴᠠ ᠠᠩᠭᠢᠵᠢᠷᠠᠭᠤᠯᠬᠤ ᠭᠠᠵᠠᠷ ᠣᠷᠣᠨ ᠪᠠ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠶᠢ ᠲᠥᠪᠯᠡᠷᠡᠭᠦᠯᠦᠨ ᠲᠥᠪᠬᠢᠨᠡᠭᠦᠯᠬᠦ ᠣᠷᠣᠨ ᠵᠡᠷᠭᠡ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠠᠭᠤᠷᠢ ᠪᠡᠯᠡᠳᠬᠡᠮᠵᠢ ᠶᠢᠨ ᠨᠥᠬᠦᠴᠡᠯ ᠪᠠ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ  ᠃ ᠡᠮᠴᠢᠯᠡᠭᠡᠨ ᠤ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ  ᠂ ᠴᠢᠨᠠᠷ ᠰᠠᠶᠢᠲᠠᠢ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠳᠣᠷᠣᠭᠰᠢ ᠪᠠᠭᠤᠯᠭᠠᠬᠤ ᠶᠢ ᠠᠬᠢᠭᠤᠯᠤᠨ  ᠂ ᠶᠠᠳᠠᠭᠤ  ᠠᠴᠠ ᠠᠩᠭᠢᠵᠢᠷᠠᠭᠰᠠᠨ ᠭᠠᠵᠠᠷ ᠣᠷᠣᠨ ᠤ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠶᠠᠳᠠᠭᠤ  ᠠᠴᠠ ᠠᠩᠭᠢᠵᠢᠷᠠᠭᠤᠯᠬᠤ ᠭᠠᠵᠠᠷ ᠣᠷᠣᠨ ᠤ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ ᠮᠣᠩᠭᠤᠯ ᠡᠮ ᠡᠮᠨᠡᠯᠭᠡ  ︶ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ  ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠴᠥᠮ ᠬᠢᠲᠠᠳ ᠡᠮᠨᠡᠯᠭᠡ ᠶᠢᠨ ᠣᠷᠳᠣᠨ ︵ ᠮᠣᠩᠭᠤᠯ ᠡᠮᠨᠡᠯᠭᠡ ᠶᠢᠨ ᠣᠷᠳᠣᠨ  ︶ ᠢ ᠪᠠᠶᠢᠭᠤᠯᠵᠤ  ᠂ ᠬᠢᠲᠠᠳ ᠡᠮᠨᠡᠯᠭᠡ ︵ ᠮᠣᠩᠭᠤᠯ ᠡᠮᠨᠡᠯᠭᠡ  ︶ ᠶᠢᠨ ᠡᠮᠴᠢ ᠶᠢ ᠲᠣᠬᠢᠷᠠᠭᠤᠯᠤᠨ᠎ᠠ  ︔ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠬᠢᠲᠠᠳ ᠡᠮ ᠡᠮᠨᠡᠯᠭᠡ ︵ ᠮᠣᠩᠭᠤᠯ ᠡᠮ ᠡᠮᠨᠡᠯᠭᠡ  ︶ ᠶᠢᠨ ᠣᠨᠴᠠᠯᠢᠭᠲᠤ ᠣᠨᠣᠰᠢᠯᠠᠨ ᠡᠮᠨᠡᠬᠦ ᠲᠥᠬᠦᠭᠡᠷᠦᠮᠵᠢ ᠲᠣᠬᠢᠷᠠᠭᠤᠯᠵᠤ  ᠂ 4 ︱ 6 ᠲᠥᠷᠥᠯ ᠤᠨ ᠬᠢᠲᠠᠳ ᠡᠮᠨᠡᠯᠭᠡ ︵ ᠮᠣᠩᠭᠤᠯ ᠡᠮ ᠡᠮᠨᠡᠯᠭᠡ  ︶ ᠶᠢᠨ ᠣᠨᠴᠠᠯᠢᠭᠲᠤ ᠡᠮᠨᠡᠬᠦ ᠠᠷᠭ᠎ᠠ ᠶᠢ ᠥᠷᠨᠢᠭᠦᠯᠦᠨ᠎ᠡ  ︔ ᠬᠥᠳᠡᠭᠡ ᠲᠣᠰᠬᠤᠨ ᠤ ᠡᠮᠴᠢ ᠶᠢᠨ ᠬᠢᠲᠠᠳ ᠡᠮ ᠡᠮᠨᠡᠯᠭᠡ ︵ ᠮᠣᠩᠭᠤᠯ ᠡᠮ ᠡᠮᠨᠡᠯᠭᠡ  ︶ ᠶᠢᠨ ᠮᠡᠳᠡᠯᠭᠡ ᠪᠠ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ  ᠂ ᠬᠢᠲᠠᠳ ᠡᠮ ᠡᠮᠨᠡᠯᠭᠡ ︵ ᠮᠣᠩᠭᠤᠯ ᠡᠮ ᠡᠮᠨᠡᠯᠭᠡ  ︶ ᠶᠢᠨ ᠲᠣᠬᠢᠷᠠᠬᠤ ᠮᠡᠷᠭᠡᠵᠢᠯ ᠢ ᠶᠡᠬᠡᠪᠡᠷ ᠳᠡᠯᠭᠡᠷᠡᠭᠦᠯᠦᠨ᠎ᠡ  ᠃ ᠶᠠᠳᠠᠭᠤ  ᠠᠴᠠ ᠠᠩᠭᠢᠵᠢᠷᠠᠭᠰᠠᠨ ᠭᠠᠵᠠᠷ ᠣᠷᠣᠨ ᠤ ᠬᠦᠨᠳᠦ ᠲᠦᠭᠰᠢᠭᠦᠷᠢᠲᠡᠢ ᠵᠢᠷᠮᠦᠰᠦᠨ ᠡᠮᠡᠭᠲᠡᠢ ᠶᠢ ᠠᠪᠤᠷᠠᠨ ᠵᠠᠰᠠᠬᠤ ᠲᠥᠪ ᠪᠠ ᠬᠦᠨᠳᠦ ᠲᠦᠭᠰᠢᠭᠦᠷᠢᠲᠡᠢ ᠨᠢᠷᠠᠢ ᠬᠡᠤᠬᠡᠳ ᠢ ᠠᠪᠤᠷᠠᠨ ᠵᠠᠰᠠᠬᠤ ᠲᠥᠪ  ᠂ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠯᠲᠠ ᠪᠠ ᠬᠥᠩᠭᠡᠵᠢᠬᠦ ᠠᠴᠠ ᠡᠮᠦᠨᠡᠬᠢ ᠣᠨᠣᠰᠢᠯᠠᠯᠲᠠ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ  ᠂ ᠭᠤᠣᠯᠳᠠᠯᠭ᠎ᠠ ᠲᠠᠢ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ  ᠭᠤᠣᠯᠯᠠᠭᠴᠢ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠨ᠎ᠠ  ᠃      ︵ ᠠᠷᠪᠠᠨ ᠬᠤᠶᠠᠷ  ︶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠳᠤᠲᠠᠭᠤᠳᠠᠯ ᠢ ᠨᠥᠬᠦᠪᠦᠷᠢᠯᠡᠨ᠎ᠡ  ᠃ ᠶᠠᠳᠠᠭᠤ  ᠠᠴᠠ ᠠᠩᠭᠢᠵᠢᠷᠠᠭᠰᠠᠨ ᠭᠠᠵᠠᠷ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮᠵᠢ  ᠂ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠠᠪᠤᠷᠠᠨ ᠵᠠᠰᠠᠬᠤ ᠴᠢᠳᠠᠪᠤᠷᠢ ᠵᠡᠷᠭᠡ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠎ᠠ  ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ  ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠰᠠᠭᠤᠷᠢ ᠪᠡᠯᠡᠳᠬᠡᠮᠵᠢ ᠶᠢᠨ ᠨᠥᠬᠦᠴᠡᠯ ᠢ ᠰᠠᠶᠢᠵᠢᠷᠠᠭᠤᠯᠤᠨ  ᠂ ᠨᠥᠬᠦᠴᠡᠯ ᠲᠠᠢ ᠠᠶᠢᠮᠠᠭ ᠬᠤᠲᠠ ᠶᠢᠨ ᠠᠶᠢᠮᠠᠭ ᠬᠤᠲᠠ  ᠂ ᠬᠤᠰᠢᠭᠤ ᠰᠢᠶᠠᠨ ᠬᠤᠶᠠᠷ ᠱᠠᠲᠤᠨ ᠤ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ  ᠂ ᠰᠢᠯᠵᠢᠮᠡᠯ ᠠᠮᠢᠳᠤ ᠪᠣᠳᠠᠰ ᠤᠨ ᠠᠮᠤᠷ ᠲᠦᠪᠰᠢᠨ ᠤ ᠬᠤᠶᠠᠳᠤᠭᠠᠷ ᠳᠡᠰ ᠤᠨ ᠲᠤᠷᠰᠢᠯᠲᠠ ᠶᠢᠨ ᠲᠠᠰᠤᠭ ᠢ ᠲᠣᠬᠢᠷᠠᠭᠤᠯᠤᠨ  ᠂ ᠣᠷᠣᠨ ᠪᠦᠰᠡ ᠶᠢᠨ ᠳᠣᠲᠣᠷᠠᠬᠢ ᠲᠦᠷᠭᠡᠨ ᠪᠠᠶᠢᠴᠠᠭᠠᠨ ᠰᠢᠨᠵᠢᠬᠦ ᠬᠡᠷᠡᠭᠴᠡᠭᠡ ᠶᠢ ᠨᠢᠭᠡᠳᠦᠯᠲᠡᠢ ᠲᠥᠯᠥᠪᠯᠡᠨ ᠬᠠᠩᠭᠠᠬᠤ ᠶᠢ ᠵᠣᠷᠢᠭᠵᠢᠭᠤᠯᠤᠨ᠎ᠠ  ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ  ᠂ ᠲᠤᠷᠰᠢᠯᠲᠠ ᠶᠢᠨ ᠲᠠᠰᠤᠭ ᠤᠨ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠷᠠᠭᠤᠯᠤᠨ  ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ  ᠂ ᠲᠤᠬᠠᠢ ᠶᠢᠨ ᠲᠠᠯᠠᠪᠤᠷ ᠤᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠴᠢᠳᠠᠪᠤᠷᠢ ᠪᠠ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠯ ᠤᠨ ᠡᠭᠦᠳᠡᠨ ᠡᠮᠨᠡᠯᠭᠡ ᠪᠠ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ ᠵᠢᠷᠤᠮᠵᠢᠭᠤᠯᠵᠤ  ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠷᠠᠭᠤᠯᠤᠨ  ᠂ ᠬᠢᠲᠠᠳ ︵ ᠮᠣᠩᠭᠤᠯ  ︶ ᠡᠸᠦ᠋ᠷᠦᠫᠡ ᠡᠮᠨᠡᠯᠭᠡ ᠶᠢ ᠤᠶᠠᠯᠳᠤᠭᠤᠯᠤᠭᠰᠠᠨ ᠡᠮᠴᠢᠯᠡᠭᠡᠨ ᠤ ᠠᠪᠤᠷᠠᠨ ᠵᠠᠰᠠᠬᠤ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠵᠠᠰᠠᠬᠤ ᠪᠠ ᠠᠷᠭᠠᠴᠠᠬᠤ ᠨᠥᠬᠦᠴᠡᠯ ᠢ ᠰᠠᠶᠢᠵᠢᠷᠠᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠰᠢᠭᠤ ᠰᠢᠶᠠᠨ ᠤ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ  ᠂ ᠰᠠᠭᠤᠷᠢ ᠪᠡᠯᠡᠳᠬᠡᠮᠵᠢ ᠶᠢᠨ ᠨᠥᠬᠦᠴᠡᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠡᠤᠬᠡᠳ ᠤᠨ ᠡᠷᠡᠭᠦᠯᠵᠢᠯ ᠤᠨ ᠠᠵᠢᠯᠲᠠᠨ ᠪᠠ ᠨᠢᠷᠠᠢ ᠬᠡᠤᠬᠡᠳ ᠤᠨ ᠰᠠᠯᠠᠭᠠᠨ ᠤ ᠶᠡᠭᠡ ᠡᠮᠴᠢ ᠶᠢᠨ ᠪᠣᠯᠪᠠᠰᠤᠷᠠᠭᠤᠯᠤᠯ ᠢ ᠦᠷᠭᠦᠯᠵᠢᠯᠡᠨ ᠴᠢᠩᠭᠠᠳᠬᠠᠵᠤ  ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠡᠭᠲᠡᠶᠢᠴᠦᠳ ᠪᠠ ᠬᠡᠤᠬᠡᠳ ᠤᠨ ᠡᠷᠡᠭᠦᠯᠵᠢᠯ ᠤᠨ ᠶᠡᠭᠡ ᠡᠮᠴᠢ ᠶᠢᠨ ᠲᠣᠬᠢᠷᠠᠭᠤᠯᠤᠯᠲᠠ ᠶᠢ ᠴᠢᠩᠭᠠᠳᠬᠠᠨ᠎ᠠ  ᠃ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠣᠶᠤᠨ ᠰᠠᠨᠠᠭᠠᠨ ᠤ ᠰᠡᠳᠬᠢᠴᠡ ᠶᠢᠨ ᠰᠠᠯᠠᠭ᠎ᠠ ᠨᠡᠭᠡᠭᠡᠬᠦ ᠶᠢ ᠵᠣᠷᠢᠭᠵᠢᠭᠤᠯᠵᠤ  ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠶᠤᠨ ᠰᠠᠨᠠᠭᠠᠨ ᠤ ᠡᠷᠡᠭᠦᠯ ᠬᠠᠮᠠᠭᠠᠯᠠᠯ ᠪᠠ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠠᠵᠢᠯᠲᠠᠨ ᠤ ᠲᠣᠬᠢᠷᠠᠭᠤᠯᠤᠯᠲᠠ ᠶᠢ ᠴᠢᠩᠭᠠᠳᠬᠠᠨ  ᠂ ᠦᠨᠳᠦᠰᠦᠨ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠬᠢᠨᠠᠯᠲᠠ ᠲᠠᠯᠪᠢᠬᠤ ᠪᠠᠶᠢᠭᠤᠯᠤᠮᠵᠢ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠲᠤᠷᠰᠢᠯᠲᠠ ᠶᠢᠨ ᠴᠡᠭ  ᠢ ᠥᠷᠨᠢᠭᠦᠯᠵᠦ᠂ ᠴᠢᠳᠠᠪᠤᠷᠢᠲᠠᠨ ᠬᠥᠮᠥᠵᠢᠭᠦᠯᠬᠦ ᠶᠢ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ  ᠤ ᠲᠦᠷᠦᠭᠦᠦ ᠬᠢᠨᠠᠯᠲᠠ ᠲᠠᠯᠪᠢᠭᠴᠢ ᠶᠢᠨ ᠳᠦᠷᠢᠮ  ᠢ ᠪᠠᠶᠢᠭᠤᠯᠵᠤ᠂ ᠠᠶᠢᠮᠠᠭ ᠬᠤᠳᠠ᠂ ᠬᠤᠰᠢᠭᠤ ᠰᠢᠶᠠᠨ  ᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠤᠯᠢ ᠬᠡᠷᠡᠭᠵᠢᠭᠦᠯᠬᠦ ᠲᠤᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠲᠡᠮᠵᠢᠵᠥ᠂ 《ᠣᠶᠤᠨᠲᠤ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ》 ᠶᠢᠨ ᠪᠠᠶᠢᠭᠤᠯᠤᠯᠲᠠ ᠶᠢ ᠥᠷᠨᠢᠭᠦᠯᠵᠦ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠮᠡᠳᠡᠭᠡ ᠵᠠᠩᠭᠢᠵᠢᠭᠤᠯᠬᠤ ᠠᠵᠢᠯ  ᠢ ᠲᠦᠯᠬᠢᠨ ᠠᠬᠢᠭᠤᠯᠤᠨ᠎ᠠ᠃      ︵ ᠠᠷᠪᠠᠨ ᠭᠤᠷᠪᠠ  ︶ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ  ᠃ ᠶᠠᠳᠠᠭᠤ  ᠠᠴᠠ ᠠᠩᠭᠢᠵᠢᠷᠠᠭᠰᠠᠨ ᠭᠠᠵᠠᠷ ᠣᠷᠣᠨ ᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠣᠷᠣᠨ ᠲᠤᠭ᠎ᠠ ᠶᠢ ᠬᠡᠷᠡᠭᠯᠡᠬᠦ  ᠂ ᠮᠡᠷᠭᠡᠵᠢᠯ ᠤᠨ ᠴᠣᠯᠠ ᠶᠢ ᠳᠡᠪᠰᠢᠭᠦᠯᠬᠦ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠦᠨ᠎ᠡ  ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠷᠣᠨ ᠨᠤᠲᠤᠭ ᠤᠨ ᠴᠢᠳᠠᠪᠤᠷᠢᠲᠠᠨ ᠢ ᠬᠥᠮᠥᠵᠢᠭᠦᠯᠬᠦ ᠡᠷᠴᠢᠮ ᠢᠶᠠᠨ ᠴᠢᠩᠭᠠᠷᠠᠭᠤᠯᠵᠤ  ᠂ ᠵᠢᠩᠬᠢᠨᠢ ᠠᠩᠭᠢ ᠶᠢᠨ ᠲᠠᠰ ᠳᠠᠪᠬᠤᠷᠭ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠵᠠᠬᠢᠶᠠᠯᠠᠭ᠎ᠠ ᠶᠢᠨ ᠬᠠᠨᠳᠤᠯᠭ᠎ᠠ ᠲᠠᠢ ᠪᠠᠷ ᠰᠦᠢᠳᠬᠡᠯ ᠬᠤᠷᠢᠶᠠᠬᠤ ᠦᠭᠡᠢ ᠠᠨᠠᠭᠠᠬᠤ ᠤᠬᠠᠭᠠᠨ ᠤ ᠰᠣᠷᠣᠭᠴᠢ ᠶᠢ ᠬᠥᠮᠥᠵᠢᠭᠦᠯᠬᠦ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ  ᠂ ᠠᠵᠢᠯ ᠣᠯᠭᠤᠵᠤ ᠲᠥᠪᠬᠢᠨᠡᠭᠦᠯᠬᠦ ᠪᠠ ᠭᠡᠷ᠎ᠡ ᠶᠢ ᠬᠡᠷᠡᠭᠵᠢᠭᠦᠯᠬᠦ ᠬᠠᠮᠢᠶᠠᠷᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ  ᠂ ᠬᠠᠷᠢᠶᠠᠲᠤ ᠣᠷᠣᠨ ᠤ ᠬᠠᠮᠢᠶᠠᠷᠤᠯᠲᠠ ᠶᠢ ᠴᠢᠩᠭᠠᠷᠠᠭᠤᠯᠬᠤ ᠶᠢᠨ ᠬᠠᠮᠲᠤ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠡᠷᠡᠭᠦᠯ ᠡᠩᠬᠡ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠣᠨ ᠤ ᠠᠵᠢᠯ ᠤᠨ ᠶᠡᠷᠦᠩᠬᠡᠶᠢᠯᠡᠭᠰᠡᠨ ᠰᠢᠯᠭᠠᠨ ᠬᠢᠨᠠᠬᠤ ᠳᠤ ᠣᠷᠣᠭᠤᠯᠵᠤ  ᠂ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠪᠠᠶᠢᠭᠤᠯᠤᠨ  ᠂ ᠬᠠᠮᠲᠤᠷᠠᠨ ᠭᠡᠷ᠎ᠡ ᠵᠥᠷᠢᠴᠡᠭᠰᠡᠨ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ᠎ᠠ  ᠃ ᠪᠣᠳᠠᠲᠤ ᠬᠡᠷᠡᠭᠴᠡᠭᠡ ᠱᠠᠭᠠᠷᠳᠠᠯᠭ᠎ᠠ ᠲᠠᠢ ᠪᠠᠨ ᠤᠶᠠᠯᠳᠤᠭᠤᠯᠤᠨ  ᠂ ᠲᠤᠰᠬᠠᠢ ᠮᠡᠷᠭᠡᠵᠢᠯ ᠤᠨ ᠲᠠᠰ ᠳᠠᠪᠬᠤᠷᠭ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠵᠠᠬᠢᠶᠠᠯᠠᠭ᠎ᠠ ᠶᠢᠨ ᠬᠠᠨᠳᠤᠯᠭ᠎ᠠ ᠲᠠᠢ ᠪᠠᠷ ᠰᠦᠢᠳᠬᠡᠯ ᠬᠤᠷᠢᠶᠠᠬᠤ ᠦᠭᠡᠢ ᠪᠠᠷ ᠠᠨᠠᠭᠠᠬᠤ ᠤᠬᠠᠭᠠᠨ ᠤ ᠰᠣᠷᠣᠭᠴᠢ ᠶᠢ ᠬᠥᠮᠥᠵᠢᠭᠦᠯᠬᠦ ᠲᠥᠷᠥᠯ ᠵᠦᠢᠯ ᠢ ᠥᠷᠨᠢᠭᠦᠯᠬᠦ ᠶᠢ ᠠᠬᠢᠭᠤᠯᠵᠤ  ᠂ ᠡᠷᠡᠭᠦᠯ ᠬᠠᠮᠠᠭᠠᠯᠠᠯ ᠤᠨ ᠲᠠᠰᠤᠭ ᠪᠠ ᠠᠯᠤᠰ ᠬᠢᠵᠠᠭᠠᠷ ᠭᠠᠵᠠᠷ ᠣᠷᠣᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠤ ᠪᠠᠶᠢᠭ᠎ᠠ ᠡᠮᠴᠢᠯᠡᠭᠡᠨ ᠤ ᠠᠵᠢᠯ ᠡᠷᠭᠢᠯᠡᠬᠦ ︵ ᠲᠤᠰᠠᠯᠠᠭᠴᠢ  ︶ ᠶᠡᠭᠡ ᠡᠮᠴᠢ ᠶᠢᠨ ᠶᠡᠷᠦᠩᠬᠡᠢ ᠰᠠᠯᠠᠭᠠᠨ ᠤ ᠡᠮᠴᠢ ᠶᠢᠨ ᠠᠵᠢᠯ ᠤᠨ ᠪᠠᠶᠢᠷᠢ ᠰᠣᠯᠢᠬᠤ ᠪᠣᠯᠪᠠᠰᠤᠷᠠᠭᠤᠯᠤᠯ ᠳᠤ ᠣᠷᠤᠯᠴᠠᠬᠤ ᠶᠢ ᠢᠳᠡᠪᠬᠢᠲᠡᠢ ᠥᠷᠨᠢᠭᠦᠯᠵᠦ  ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠲᠤᠰᠬᠠᠢ ᠰᠠᠯᠠᠭᠠᠨ ᠤ ᠶᠡᠭᠡ ᠡᠮᠴᠢ ᠪᠠᠷ ᠭᠤᠣᠯ ᠪᠣᠯᠭᠠᠬᠤ ᠶᠢᠨ ᠬᠠᠮᠲᠤ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠲᠤᠰᠬᠠᠢ ᠰᠠᠯᠠᠭᠠᠨ ᠤ ᠶᠡᠭᠡ ᠡᠮᠴᠢ ᠶᠢᠨ ᠶᠡᠷᠦᠩᠬᠡᠢ ᠰᠠᠯᠠᠭᠠᠨ ᠤ ᠡᠮᠴᠢ ᠶᠢᠨ ᠠᠵᠢᠯ ᠤᠨ ᠪᠠᠶᠢᠷᠢ ᠰᠣᠯᠢᠬᠤ ᠪᠣᠯᠪᠠᠰᠤᠷᠠᠭᠤᠯᠤᠯ ᠳᠤ ᠣᠷᠤᠯᠴᠠᠬᠤ ᠶᠢ ᠵᠣᠷᠢᠭᠵᠢᠭᠤᠯᠤᠨ᠎ᠠ  ᠃ ᠶᠡᠷᠦᠩᠬᠡᠢ ᠰᠠᠯᠠᠭᠠᠨ ᠤ ᠡᠮᠴᠢ ᠶᠢᠨ ᠣᠨᠴᠠᠭᠠᠶ ᠠᠵᠢᠯ ᠤᠨ ᠪᠠᠶᠢᠷᠢ ᠶᠢᠨ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠦᠨ᠎ᠡ᠃ ᠬᠤᠰᠢᠭᠤ ᠰᠢᠶᠠᠨ ᠰᠤᠮᠤ ᠰᠢᠶᠠᠩ ᠪᠠᠯᠭᠠᠰᠤ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠢᠯᠡ ᠪᠠᠷ ᠠᠵᠢᠯᠲᠠᠨ ᠡᠯᠰᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ  ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢ ᠶᠡᠭᠡ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠲᠡᠭᠦᠰᠦᠭᠰᠡᠳ ᠢ ᠢᠯᠡ ᠪᠠᠷ ᠤᠷᠢᠨ ᠬᠡᠷᠡᠭᠯᠡᠵᠦ  ᠂ ᠬᠤᠰᠢᠭᠤ ᠰᠢᠶᠠᠨ ᠤ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠲᠠᠢ ᠪᠤᠶᠤ ᠮᠠᠰᠲ᠋ᠧᠷ ᠴᠣᠯᠠ  ᠠᠴᠠ ᠳᠡᠭᠡᠭᠰᠢᠬᠢ ᠠᠵᠢᠯᠲᠠᠨ ᠪᠠ ᠬᠢᠲᠠᠳ ᠡᠮᠨᠡᠯᠭᠡ ︵ ᠮᠣᠩᠭᠤᠯ ᠡᠮᠨᠡᠯᠭᠡ  ︶  ᠂ ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ  ᠂ ᠬᠥᠩᠭᠡᠵᠢᠭᠦᠯᠬᠦ ᠰᠠᠯᠠᠭ᠎ᠠ  ᠂  ᠬᠡᠤᠬᠡᠳ ᠤᠨ ᠡᠷᠡᠭᠦᠯ ᠬᠠᠮᠠᠭᠠᠯᠠᠯ ᠤᠨ ᠰᠠᠯᠠᠭ᠎ᠠ  ᠂ ᠬᠡᠤᠬᠡᠳ ᠤᠨ ᠡᠮᠨᠡᠯᠭᠡ ᠶᠢᠨ ᠰᠠᠯᠠᠭ᠎ᠠ  ᠂ ᠣᠶᠤᠨ ᠮᠡᠳᠡᠷᠡᠯ ᠤᠨ ᠰᠡᠳᠬᠢᠴᠡ ᠶᠢᠨ ᠰᠠᠯᠠᠭ᠎ᠠ  ᠂ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠵᠡᠷᠭᠡ ᠪᠠᠴᠢᠮ ᠬᠡᠷᠡᠭᠴᠡᠭᠡ ᠲᠠᠢ ᠲᠤᠲᠠᠭᠳᠠᠵᠤ ᠪᠠᠶᠢᠭ᠎ᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠤᠷᠢᠨ ᠬᠡᠷᠡᠭᠯᠡᠨ᠎ᠡ  ᠃ ᠨᠢᠭᠤᠷᠲᠠᠨ ᠰᠢᠯᠭᠠᠬᠤ ︵ ᠦᠢᠯᠡᠳᠦᠯᠭᠡ ᠪᠠᠷ ᠠᠵᠢᠯᠯᠠᠭᠤᠯᠬᠤ  ︶  ᠂ ᠰᠢᠭᠤᠳ ᠰᠢᠯᠭᠠᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠢᠯᠡ ᠪᠠᠷ ᠤᠷᠢᠨ ᠬᠡᠷᠡᠭᠯᠡᠵᠦ ᠪᠣᠯᠣᠨ᠎ᠠ  ︔ ᠢᠯᠡ ᠪᠠᠷ ᠡᠯᠰᠡᠵᠦ ᠨᠡᠷ᠎ᠡ ᠮᠡᠳᠡᠭᠦᠯᠦᠭᠰᠡᠨ ᠤ ᠳᠠᠷᠠᠭ᠎ᠠ ᠰᠢᠯᠭᠠᠯᠲᠠ ᠡᠬᠢᠯᠡᠬᠦ ᠬᠠᠷᠢᠴᠠᠯ ᠳᠤ ᠬᠦᠷᠴᠦ ᠳᠡᠶᠢᠯᠬᠦ ᠦᠭᠡᠢ ᠪᠠᠶᠢᠪᠠᠯ  ᠂ ᠰᠢᠯᠭᠠᠯᠲᠠ ᠡᠬᠢᠯᠡᠬᠦ ᠬᠠᠷᠢᠴᠠᠯ  ᠢ ᠨᠢ ᠵᠣᠬᠢᠰᠲᠠᠢ ᠪᠠᠷ ᠪᠠᠭᠤᠷᠠᠭᠤᠯᠬᠤ ᠪᠤᠶᠤ ᠰᠢᠯᠭᠠᠯᠲᠠ ᠡᠬᠢᠯᠡᠬᠦ ᠬᠠᠷᠢᠴᠠᠯ  ᠢ ᠲᠣᠭᠲᠠᠭᠠᠬᠤ ᠦᠭᠡᠢ ᠪᠠᠷ ᠬᠢᠷᠢ ᠲᠡᠩᠴᠡᠭᠦ ᠬᠤᠪᠢ  ᠶᠢᠨ ᠱᠤᠭᠤᠮ ᠲᠣᠭᠲᠠᠭᠠᠵᠤ ᠪᠣᠯᠣᠨ᠎ᠠ  ᠃ ᠶᠠᠳᠠᠭᠤ  ᠠᠴᠠ ᠠᠩᠭᠢᠵᠢᠷᠠᠭᠰᠠᠨ ᠭᠠᠵᠠᠷ ᠣᠷᠣᠨ ᠤ ︽ ᠰᠢᠶᠠᠨ  ᠠᠴᠠ ᠡᠯᠰᠡᠵᠦ ᠰᠢᠶᠠᠩ  ᠠᠴᠠ ᠬᠡᠷᠡᠭᠯᠡᠬᠦ  ︾ ᠤᠷᠢᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠳᠡᠯᠭᠡᠷᠡᠭᠦᠯᠬᠦ ᠶᠢ ᠦᠨᠳᠦᠰᠦᠨ ᠱᠠᠲᠤᠨ  ᠤ ᠡᠷᠡᠭᠦᠯ ᠬᠠᠮᠠᠭᠠᠯᠠᠯ ᠤᠨ ᠮᠡᠷᠭᠡᠵᠢᠯ ᠤᠨ ᠴᠣᠯᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠠᠲᠠᠭᠤ ᠪᠡᠷᠬᠡᠰᠢᠶᠡᠯᠲᠡᠢ ᠠᠯᠤᠰ ᠬᠢᠵᠠᠭᠠᠷ ᠭᠠᠵᠠᠷ ᠣᠷᠣᠨ ᠪᠣᠯᠣᠨ ᠦᠨᠳᠦᠰᠦᠨ ᠱᠠᠲᠤᠨ  ᠤ ᠨᠢᠭᠡᠳᠦᠭᠡᠷ ᠹᠷᠣᠨᠲ ᠲᠤ ᠤᠷᠳᠤ ᠬᠤᠭᠤᠴᠠᠭ᠎ᠠ ᠪᠠᠷ ᠠᠵᠢᠯᠯᠠᠭᠰᠠᠨ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ  ᠤᠨ ᠠᠵᠢᠯᠲᠠᠨ  ᠤ ᠠᠵᠢᠯ ᠤᠨ ᠠᠮᠵᠢᠯᠲᠠ ᠨᠢ ᠲᠣᠪᠣᠶᠢᠮ᠎ᠠ᠂ ᠤᠯᠠᠨ ᠲᠦᠮᠡᠨ ᠨᠡᠶᠢᠲᠡ ᠪᠠᠷ ᠢᠶᠠᠨ ᠮᠡᠳᠡᠷᠡᠭᠰᠡᠨ᠂ ᠢᠯᠡᠷᠡᠯ ᠨᠢ ᠰᠢᠯᠢᠳᠡᠭ ᠪᠣᠯ ᠰᠤᠷᠤᠯᠭ᠎ᠠ ᠶᠢᠨ ᠨᠠᠮᠲᠠᠷ ᠢᠶᠠᠨ ᠠᠭᠤᠵᠢᠭᠤ ᠲᠠᠯᠪᠢᠵᠤ ᠪᠣᠯᠬᠤ ᠵᠡᠷᠭᠡ ᠱᠠᠭᠠᠷᠳᠠᠯᠭ᠎ᠠ ᠶᠢ ᠠᠳᠠᠯᠢ ᠨᠥᠬᠦᠴᠡᠯ ᠤᠨ ᠳᠣᠣᠷ᠎ᠠ ᠰᠢᠯᠭᠠᠷᠠᠭᠤᠯᠤᠯᠲᠠ ᠳᠤ ᠤᠷᠢᠳᠠᠪᠠᠷ ᠣᠷᠣᠯᠴᠠᠵᠤ ᠪᠣᠯᠣᠨ᠎ᠠ᠃ ᠠᠵᠢᠯ ᠤᠨ ᠪᠠᠶᠢᠷᠢ ᠶᠢᠨ ᠲᠤᠭ᠎ᠠ ᠬᠡᠮᠵᠢᠶ᠎ᠡ ᠶᠢ ᠵᠥᠪᠰᠢᠶᠡᠷᠡᠬᠦ ᠨᠥᠬᠦᠴᠡᠯ ᠳᠣᠣᠷ᠎ᠠ ᠤᠷᠢᠳᠠᠪᠠᠷ ᠠᠵᠢᠯ ᠤᠨ ᠪᠠᠶᠢᠷᠢ ᠶᠢ ᠤᠷᠢᠨ᠎ᠠ᠃ ᠡᠮᠴᠢ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠮᠡᠳᠡᠭᠦᠯᠬᠦ ᠳᠤ  ᠂ ᠨᠡᠶᠢᠲᠡ ᠨᠢᠭᠡ ᠵᠢᠯ ᠵᠢᠴᠢ ᠲᠡᠭᠦᠨ ᠠᠴᠠ ᠳᠡᠭᠡᠭᠰᠢ ᠬᠤᠰᠢᠭᠤ ᠰᠢᠶᠠᠨ ᠤ ᠱᠠᠲᠤᠨ  ᠠᠴᠠ ᠳᠣᠷᠣᠭᠰᠢᠬᠢ ᠪᠤᠶᠤ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠭᠰᠠᠨ ᠥᠩᠭᠡᠷᠡᠯᠲᠡ ᠲᠠᠢ ᠪᠠᠶᠢᠬᠤ ᠬᠡᠷᠡᠭᠲᠡᠢ ᠃ ᠡᠯ᠎ᠡ ᠲᠥᠷᠥᠯ ᠤᠨ ᠪᠣᠯᠪᠠᠰᠤᠷᠠᠭᠤᠯᠤᠯ ᠤᠨ ᠲᠥᠷᠥᠯ ᠵᠦᠢᠯ ᠨᠢ ᠡᠩ ᠲᠡᠷᠢᠭᠦᠨ ᠳᠤ ᠶᠠᠳᠠᠭᠤ  ᠠᠴᠠ ᠠᠩᠭᠢᠵᠢᠷᠠᠭᠤᠯᠬᠤ ᠭᠠᠵᠠᠷ ᠣᠷᠣᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ  ᠂ ᠪᠣᠯᠪᠠᠰᠤᠷᠠᠭᠤᠯᠤᠯ ᠤᠨ ᠲᠥᠯᠥᠪᠯᠡᠭᠡ ᠶᠢ ᠠᠰ ᠲᠤᠨᠢ ᠵᠢᠭᠰᠠᠭᠠᠨ ᠪᠠᠭᠤᠯᠭᠠᠵᠤ  ᠂ ᠪᠣᠯᠪᠠᠰᠤᠷᠠᠭᠤᠯᠤᠯ ᠤᠨ ᠡᠲᠡᠭᠡᠳ ᠨᠢ ᠠᠳᠠᠯᠢ ᠨᠥᠬᠦᠴᠡᠯ ᠤᠨ ᠲᠤᠤᠷ᠎ᠠ ᠤᠷᠢᠳᠠᠪᠠᠷ ᠡᠯᠰᠡᠨ᠎ᠡ  ᠃ ᠬᠥᠳᠡᠭᠡ ᠲᠣᠰᠬᠤᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ  ᠂ ᠬᠥᠳᠡᠭᠡ ᠲᠣᠰᠬᠤᠨ ᠤ ᠡᠮᠴᠢ ᠶᠢᠨ ᠤᠬᠤᠷᠢᠨ ᠭᠠᠷᠬᠤ ᠲᠣᠭᠲᠠᠴᠠ ᠶᠢ ᠠᠯᠬᠤᠮ ᠡᠯ᠎ᠡ ᠭᠠᠵᠠᠷ ᠤᠨ ᠬᠢᠨ ᠨᠥᠬᠦᠴᠡᠯ ᠳᠤ ᠨᠡᠶᠢᠴᠡᠬᠦ ᠬᠥᠳᠡᠭᠡ ᠲᠣᠰᠬᠤᠨ ᠤ ᠡᠮᠴᠢ ᠶᠢᠨ ᠲᠣᠭᠲᠠᠭᠠᠯ ᠶᠣᠰᠣᠭᠠᠷ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠤᠯᠴᠠᠬᠤ ᠶᠢ ᠳᠡᠮᠵᠢᠬᠦ ᠪᠠ ᠬᠥᠲᠥᠯᠥᠨ ᠵᠢᠯᠤᠭᠤᠳᠬᠤ ᠬᠡᠷᠡᠭᠲᠡᠢ  ᠃ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠬᠠᠮᠤᠷᠬᠤ ᠬᠡᠪᠴᠢᠶᠡᠨ ᠳᠤ ᠪᠠᠭᠲᠠᠬᠤ ᠦᠭᠡᠢ ᠬᠥᠳᠡᠭᠡ ᠲᠣᠰᠬᠤᠨ ᠤ ᠡᠮᠴᠢ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠲᠠᠭᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠵᠤ ᠪᠣᠯᠣᠨ᠎ᠠ  ᠃ ᠪᠦᠬᠦᠯᠢ 60 ᠨᠠᠰᠤ ᠬᠦᠷᠦᠭᠰᠡᠨ ᠬᠥᠳᠡᠭᠡ ᠲᠣᠰᠬᠤᠨ ᠤ ᠡᠮᠴᠢ ᠳᠤ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ  ᠂ ᠬᠥᠳᠡᠭᠡ ᠲᠣᠰᠬᠤᠨ ᠤ ᠡᠮᠴᠢ ᠶᠢ ᠭᠠᠷᠭᠠᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ  ᠂ ᠨᠥᠬᠦᠪᠦᠷᠢ ᠥᠭᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠬᠥᠳᠡᠭᠡ ᠲᠣᠰᠬᠤᠨ ᠤ ᠡᠮᠴᠢ ᠶᠢᠨ ᠨᠠᠰᠤᠵᠢᠯ ᠤᠨ ᠠᠰᠠᠷᠠᠮᠵᠢ ᠶᠢᠨ ᠣᠯᠭᠤᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ  ᠃      ︵ ᠠᠷᠪᠠᠨ ᠳᠥᠷᠪᠡ  ︶ ︽ ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ  ︾ ᠶᠢᠨ ᠬᠥᠭᠵᠢᠯᠲᠡ ᠶᠢ ᠳᠡᠮᠵᠢᠨ ᠠᠬᠢᠭᠤᠯᠤᠨ᠎ᠠ  ᠃ ᠬᠠᠪᠰᠤᠷᠤᠨ ᠲᠡᠳᠬᠦᠬᠦ ᠡᠮᠨᠡᠯᠭᠡ ᠶᠢᠨ ᠬᠤᠷᠢᠶ᠎ᠠ ᠪᠠ ᠳᠡᠭᠡᠳᠦ ᠱᠠᠲᠤᠨ ᠤ ᠡᠮᠨᠡᠯᠭᠡ ᠶᠢᠨ ᠬᠤᠷᠢᠶ᠎ᠠ ᠨᠢ ᠶᠠᠳᠠᠭᠤ  ᠠᠴᠠ ᠠᠩᠭᠢᠵᠢᠷᠠᠭᠤᠯᠬᠤ ᠭᠠᠵᠠᠷ ᠣᠷᠣᠨ ᠤ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ  ᠂ ᠨᠠᠩ ᠣᠯᠠᠨ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠶᠠᠳᠠᠭᠤ  ᠠᠴᠠ ᠠᠩᠭᠢᠵᠢᠷᠠᠭᠤᠯᠬᠤ ᠭᠠᠵᠠᠷ ᠠᠯᠤᠰ ᠡᠮᠴᠢᠯᠡᠭᠡ ᠶᠢ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠳᠠᠰᠢ ᠤᠷᠲᠤᠳᠬᠠᠬᠤ ᠶᠢ ᠲᠦᠷᠭᠡᠳᠬᠡᠨ ᠠᠬᠢᠭᠤᠯᠤᠨ᠎ᠠ  ᠃ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠪᠤᠶᠤ ᠡᠮᠨᠡᠯᠭᠡ ᠶᠢᠨ ᠬᠤᠯᠪᠣᠭᠠᠲᠤ ᠴᠣᠭᠴᠠ ᠨᠢ ᠢᠨᠲ᠋ᠧᠷ ᠰᠦᠯᠵᠢᠶᠡᠨ ᠤ ᠮᠡᠷᠭᠡᠵᠢᠯ ᠢ ᠢᠳᠡᠪᠬᠢᠲᠡᠢ ᠬᠡᠷᠡᠭᠯᠡᠨ  ᠂ ᠡᠮᠴᠢᠯᠡᠭᠡᠨ ᠤ ᠡᠬᠢ ᠪᠠᠶᠠᠯᠢᠭ ᠢ ᠳᠡᠭᠡᠭᠰᠢ ᠳᠣᠷᠣᠭᠰᠢ ᠨᠡᠪᠲᠡᠷᠡᠭᠦᠯᠬᠦ  ᠂ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠡᠳ᠋ᠯᠡᠬᠦ  ᠂ ᠲᠤᠬᠠᠶᠢᠯᠠᠭᠰᠠᠨ ᠠᠵᠢᠯ ᠢ ᠥᠨᠳᠥᠷ ᠪᠦᠲᠦᠮᠵᠢᠲᠡᠶ ᠪᠠᠷ ᠬᠠᠮᠵᠢᠯᠴᠠᠬᠤ ᠶᠢ ᠲᠦᠷᠭᠡᠳᠬᠡᠨ ᠪᠡᠶᠡᠯᠡᠭᠦᠯᠵᠦ  ᠂ ᠤᠷᠢᠳᠴᠢᠯᠠᠨ ᠪᠣᠯᠵᠣᠵᠤ ᠣᠨᠣᠰᠢᠯᠠᠨ ᠡᠮᠨᠡᠬᠦ  ᠂ ᠬᠤᠣᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ  ᠂ ᠠᠯᠤᠰ ᠵᠠᠢ ᠶᠢᠨ ᠡᠮᠴᠢᠯᠡᠭᠡ ᠵᠡᠷᠭᠡ ᠦᠢᠯᠡᠴᠢᠯᠡᠭᠡ ᠶᠢ ᠢᠳᠡᠪᠬᠢᠲᠡᠢ ᠥᠷᠨᠢᠭᠦᠯᠬᠦ ᠬᠡᠷᠡᠭᠲᠡᠢ  ᠃ ︽ ᠢᠨᠲ᠋ᠧᠷ ᠰᠦᠯᠵᠢᠶ᠎ᠡ +  ︾ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ  ᠂ ︽ ᠢᠨᠲ᠋ᠧᠷ ᠰᠦᠯᠵᠢᠶ᠎ᠡ +  ︾ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ  ᠂ ︽ ᠢᠨᠲ᠋ᠧᠷ ᠰᠦᠯᠵᠢᠶ᠎ᠡ +  ︾ ᠠᠨᠠᠭᠠᠬᠤ ᠤᠬᠠᠭᠠᠨ ᠤ ᠰᠤᠷᠭᠠᠨ ᠬᠥᠮᠦᠵᠢᠯ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠴᠢᠯᠡᠭᠡ ᠶᠢ ᠠᠬᠢᠭᠤᠯᠵᠤ  ᠂ ᠮᠡᠳᠡᠭᠡ ᠵᠠᠩᠭᠢᠵᠢᠯᠲᠠ ᠶᠢᠨ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ  ᠂ ᠴᠢᠨᠠᠷ ᠰᠠᠶᠢᠲᠠᠢ ᠡᠬᠢ ᠪᠠᠶᠠᠯᠢᠭ ᠢ ᠳᠣᠷᠣᠭᠰᠢ ᠪᠠᠭᠤᠯᠭᠠᠬᠤ ᠪᠠ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠠᠬᠢᠭᠤᠯᠵᠤ  ᠂ ᠮᠠᠯᠵᠢᠬᠤ ᠲᠠᠷᠢᠶᠠᠯᠠᠬᠤ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠠᠵᠢᠯᠲᠠᠨ ᠤ ᠬᠢᠷᠢ ᠬᠡᠮᠵᠢᠶ᠎ᠡ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ  ᠃      ᠳᠥᠷᠪᠡ  ᠂ ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ᠶᠢ ᠲᠦᠷᠭᠡᠳᠬᠡᠨ ᠠᠬᠢᠭᠤᠯᠵᠤ  ᠂ ᠡᠷᠡᠭᠦᠯ ᠮᠡᠨᠳᠦ ᠶᠢᠨ ᠠᠶᠤᠯ ᠲᠦᠭᠰᠢᠭᠦᠷᠢ ᠶᠢᠨ ᠬᠦᠴᠦᠨ ᠵᠦᠢᠯ ᠢ ᠡᠵᠡᠮᠳᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ      ︵ ᠠᠷᠪᠠᠨ ᠲᠠᠪᠤ  ︶ ᠭᠤᠣᠯᠳᠠᠯᠭ᠎ᠠ ᠲᠠᠢ ᠭᠠᠵᠠᠷ ᠣᠷᠣᠨ ᠤ ᠬᠦᠨᠳᠦ ᠶᠡᠭᠡ ᠡᠪᠡᠳᠴᠢᠨ ᠡᠮᠭᠡᠭ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠨ᠎ᠠ  ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠢ ᠵᠢᠯᠣᠭᠤᠳᠤᠨ ᠬᠠᠯᠳᠠᠪᠤᠷᠢᠲᠤ ᠡᠪᠡᠳᠴᠢᠨ ᠢ ᠬᠢᠨᠠᠨ ᠬᠡᠮᠵᠢᠵᠦ ᠮᠡᠳᠡᠭᠦᠯᠬᠦ᠂ ᠵᠠᠳᠠᠯᠤᠨ ᠰᠤᠳᠤᠯᠵᠤ ᠮᠠᠭᠠᠳᠯᠠᠬᠤ ᠪᠠ ᠬᠢᠵᠢᠭ ᠤᠨ ᠪᠠᠶᠢᠳᠠᠯ ᠢ ᠰᠢᠢᠳᠪᠦᠷᠢᠯᠡᠬᠦ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠠ ᠬᠠᠨᠳᠤᠯᠭᠠᠲᠤ ᠴᠢᠨᠠᠷᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃  ᠭᠤᠣᠯᠳᠠᠯᠭ᠎ᠠ ᠲᠠᠢ ᠣᠷᠣᠨ ᠨᠤᠲᠤᠭ ᠤᠨ ᠡᠪᠡᠳᠴᠢᠨ ᠢ ᠬᠢᠨᠠᠨ ᠬᠡᠮᠵᠢᠵᠦ ᠪᠠᠶᠢᠴᠠᠭᠠᠨ ᠬᠡᠮᠵᠢᠬᠦ ᠠᠵᠢᠯ ᠢ ᠰᠠᠶᠢᠲᠤᠷ ᠬᠢᠵᠦ  ᠂ ᠠᠶᠤᠯ ᠶᠡᠬᠡᠲᠡᠢ ᠭᠠᠵᠠᠷ ᠣᠷᠣᠨ ᠤ ᠭᠤᠣᠯᠳᠠᠯᠭ᠎ᠠ ᠲᠠᠢ ᠬᠥᠮᠥᠰ ᠢ ᠤᠷᠢᠳᠴᠢᠯᠠᠨ ᠰᠡᠷᠭᠡᠶᠢᠯᠡᠵᠦ ᠬᠠᠮᠢᠶᠠᠷᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ  ᠂ ᠣᠲᠣ ᠶᠢᠨ ᠡᠪᠡᠳᠴᠢᠲᠡᠨ ᠢ ᠲᠣᠭᠲᠠᠮᠠᠯ ᠬᠤᠭᠤᠴᠠᠭ᠎ᠠ ᠲᠠᠢ ᠪᠠᠷ ᠳᠠᠭᠠᠵᠤ ᠰᠤᠷᠪᠤᠯᠵᠢᠯᠠᠬᠤ ᠶᠢ ᠥᠷᠨᠢᠭᠦᠯᠵᠦ  ᠂ ᠣᠲᠣ ᠶᠢᠨ ᠡᠪᠡᠳᠴᠢᠲᠡᠨ ᠢ ᠠᠪᠤᠷᠠᠨ ᠵᠠᠰᠠᠬᠤ ᠠᠵᠢᠯ ᠢ ᠠᠬᠢᠭᠤᠯᠤᠨ᠎ᠠ  ᠃ ᠪᠠᠭᠯᠠᠭᠴᠢ ᠬᠤᠷᠣᠬᠠᠢ ᠶᠢᠨ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ  ᠂ ︽ ᠬᠠᠯᠳᠠᠪᠤᠷᠢᠯᠠᠯ ᠤᠨ ᠡᠬᠢ ᠰᠤᠷᠪᠤᠯᠵᠢ ᠶᠢ ᠡᠵᠡᠮᠳᠡᠬᠦ ᠪᠠᠷ ᠭᠤᠣᠯ ᠪᠣᠯᠭᠠᠵᠤ  ᠂ ᠳᠤᠮᠳᠠᠬᠢ ᠬᠤᠰᠲ ᠤᠨ ᠡᠵᠡᠨ ᠰᠡᠷᠭᠡᠶᠢᠯᠡᠨ ᠡᠵᠡᠮᠳᠡᠬᠦ ᠪᠠ ᠡᠪᠡᠳᠴᠢᠲᠡᠨ ᠢ ᠪᠠᠶᠢᠴᠠᠭᠠᠨ ᠵᠠᠰᠠᠬᠤ ᠶᠢ ᠬᠠᠷᠢᠯᠴᠠᠨ ᠤᠶᠠᠯᠳᠤᠭᠤᠯᠬᠤ  ︾ ᠠᠷᠭ᠎ᠠ ᠪᠣᠳᠣᠯᠭ᠎ᠠ ᠶᠢ ᠠᠪᠴᠤ  ᠂ ᠲᠥᠷᠥᠯ ᠬᠤᠪᠢᠶᠠᠨ ᠰᠡᠷᠭᠡᠶᠢᠯᠡᠨ ᠡᠵᠡᠮᠳᠡᠬᠦ ᠶᠢ ᠬᠡᠷᠡᠭᠵᠢᠭᠦᠯᠦᠨ᠎ᠡ  ᠃ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠽ ᠡᠪᠡᠳᠴᠢᠨ ᠬᠠᠯᠳᠠᠪᠤᠷᠢᠯᠠᠬᠤ ᠶᠢ ᠬᠤᠷᠢᠭᠯᠠᠬᠤ ᠶᠢᠨ ᠬᠡᠷᠡᠭᠵᠢᠭᠦᠯᠬᠦ ᠲᠥᠰᠥᠯ ︵ 2020 ︱ 2022 ᠣᠨ  ︶  ︾  ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠷᠢᠶ᠎ᠡ ᠡᠪᠡᠳᠴᠢᠨ ᠢ ᠬᠤᠷᠢᠭᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵ 2020 ︱ 2022 ᠣᠨ  ︶  ︾  ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠣᠷᠴᠢᠯᠠᠩ ᠤᠨ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠵᠢᠭᠦᠯᠬᠦ ᠲᠥᠰᠥᠯ ︵ 2021 ︱ 2023 ᠣᠨ  ︶  ︾ ᠪᠠ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠪᠢᠴᠢᠭ  ︾ ᠢ ᠨᠠᠶᠢᠳᠠᠪᠤᠷᠢᠵᠢᠭᠤᠯᠤᠨ᠎ᠠ  ᠃ ᠣᠯᠠᠨ ᠵᠦᠢᠯ ᠤᠨ ᠡᠮ ᠳᠤ ᠳᠠᠭᠠᠭᠠᠮᠠᠭᠠᠢ ᠰᠦᠷᠢᠶ᠎ᠡ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠢ ᠠᠵᠢᠯᠯᠠᠭ᠎ᠠ ᠶᠢ ᠦᠷᠭᠦᠯᠵᠢᠯᠡᠨ ᠠᠬᠢᠭᠤᠯᠤᠨ᠎ᠠ  ᠃ ᠠᠭᠤᠰᠬᠢ ᠲᠣᠭᠤᠰᠣᠲᠤ ᠡᠪᠡᠳᠴᠢᠨ ᠵᠡᠷᠭᠡ ᠠᠵᠢᠯ ᠤᠨ ᠨᠥᠯᠥᠭᠡᠨ ᠤ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢ ᠭᠦᠨᠵᠡᠭᠡᠢ ᠬᠡᠷᠡᠭᠵᠢᠭᠦᠯᠵᠦ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠪᠣᠯᠪᠠᠰᠤᠷᠠᠭᠤᠯᠤᠯ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠲᠠᠢ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ ᠬᠤᠣᠷ ᠬᠥᠨᠥᠭᠡᠯ ᠲᠠᠢ ᠬᠦᠴᠦᠨ ᠵᠦᠢᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠬᠡᠮᠵᠢᠬᠦ ᠪᠠ ᠬᠥᠳᠡᠯᠮᠦᠷᠢᠯᠡᠭᠴᠢᠳ  ᠤᠨ ᠡᠷᠬᠢᠯᠡᠭᠰᠡᠨ ᠠᠵᠢᠯ ᠤᠨ ᠡᠷᠡᠭᠦᠯ ᠮᠡᠨᠳᠤ ᠶᠢᠨ ᠪᠠᠶᠢᠴᠠᠭᠠᠯᠲᠠ ᠶᠢ ᠰᠠᠶᠢᠲᠤᠷ ᠬᠢᠬᠦ ᠬᠡᠷᠡᠭᠲᠡᠢ᠃ ᠲᠤᠬᠠᠶᠢᠯᠠᠭᠰᠠᠨ ᠠᠵᠢᠯ ᠤᠨ ᠴᠢᠨᠠᠷᠲᠠᠢ ᠪᠷᠦ᠋ᠼᠧᠯ ᠡᠪᠡᠳᠴᠢᠨ ᠢ ᠰᠡᠷᠭᠡᠶᠢᠯᠡᠨ ᠵᠠᠰᠠᠬᠤ ᠲᠤᠰᠬᠠᠢ ᠠᠵᠢᠯᠯᠠᠭ᠎ᠠ ᠶᠢ ᠥᠷᠨᠢᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ ᠳᠤ ᠲᠣᠭᠤᠰᠣᠲᠤ ᠠᠭᠤᠰᠬᠢ ᠶᠢᠨ ᠡᠪᠡᠳᠴᠢᠨ ᠤ ᠬᠠᠷᠠᠭᠤᠯ ᠤᠨ ᠴᠡᠭ ᠤᠨ ᠬᠢᠨᠠᠨ ᠬᠡᠮᠵᠢᠯᠲᠡ ᠶᠢ ᠥᠷᠨᠢᠭᠦᠯᠵᠦ  ᠂ ᠣᠲᠣ ᠶᠢᠨ ᠪᠠᠶᠢᠭ᠎ᠠ ᠲᠤᠬᠠᠶᠢᠯᠠᠭᠰᠠᠨ ᠠᠵᠢᠯ ᠤᠨ ᠴᠢᠨᠠᠷᠲᠠᠢ ᠲᠣᠭᠤᠰᠣᠲᠤ ᠠᠭᠤᠰᠬᠢ ᠶᠢᠨ ᠡᠪᠡᠳᠴᠢᠨ ᠲᠠᠢ ᠡᠪᠡᠳᠴᠢᠲᠡᠨ ᠲᠥᠪᠯᠡᠷᠡᠨ ᠰᠠᠭᠤᠵᠤ ᠪᠠᠶᠢᠭ᠎ᠠ ᠭᠠᠵᠠᠷ ᠣᠷᠣᠨ ᠳᠤ ᠲᠣᠭᠤᠰᠣᠲᠤ ᠠᠭᠤᠰᠬᠢ ᠶᠢᠨ ᠡᠪᠡᠳᠴᠢᠨ ᠢ ᠡᠷᠡᠭᠦᠯᠵᠢᠭᠦᠯᠬᠦ ᠥᠷᠲᠡᠭᠡ ᠪᠠᠶᠢᠭᠤᠯᠬᠤ ᠶᠢᠨ ᠬᠠᠮᠲᠤ ᠰᠦᠢᠳᠬᠡᠯ ᠬᠤᠷᠢᠶᠠᠬᠤ ᠦᠭᠡᠢ ᠪᠠᠷ ᠡᠷᠡᠭᠦᠯᠵᠢᠭᠦᠯᠬᠦ ᠪᠣᠯᠪᠠᠰᠤᠷᠠᠯ ᠬᠠᠩᠭᠠᠵᠤ  ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠤᠨ ᠨᠥᠯᠥᠭᠡᠨ ᠤ ᠡᠪᠡᠳᠴᠢᠨ ᠢ ᠡᠮᠨᠡᠨ ᠵᠠᠰᠠᠵᠤ ᠡᠷᠡᠭᠦᠯᠵᠢᠭᠦᠯᠬᠦ ᠴᠢᠳᠠᠪᠤᠷᠢ ᠪᠠ ᠲᠣᠭᠤᠰᠣᠲᠤ ᠠᠭᠤᠰᠬᠢ ᠶᠢᠨ ᠡᠪᠡᠳᠴᠢᠨ ᠲᠠᠢ ᠡᠪᠡᠳᠴᠢᠲᠡᠨ ᠤ ᠣᠷᠣᠰᠢᠨ ᠠᠮᠢᠳᠤᠷᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ  ᠃ ᠭᠤᠣᠯᠳᠠᠯᠭ᠎ᠠ ᠲᠠᠢ ᠠᠵᠢᠯ ᠤᠨ ᠨᠥᠯᠥᠭᠡᠨ ᠤ ᠡᠪᠡᠳᠴᠢᠨ ᠢ ᠬᠢᠨᠠᠨ ᠬᠡᠮᠵᠢᠬᠦ ᠶᠢ ᠥᠷᠨᠢᠭᠦᠯᠵᠦ  ᠂ ᠰᠢᠶᠠᠨ ᠲᠣᠭᠤᠷᠢᠭ ︵ ᠬᠤᠰᠢᠭᠤ  ︶ ᠤᠨ ᠬᠢᠨᠠᠨ ᠬᠡᠮᠵᠢᠯᠲᠡ ᠶᠢᠨ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠵᠦ  ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠤᠨ ᠨᠥᠯᠥᠭᠡᠨ ᠤ ᠡᠪᠡᠳᠴᠢᠨ ᠢ ᠡᠮᠨᠡᠨ ᠵᠠᠰᠠᠵᠤ ᠡᠷᠡᠭᠦᠯᠵᠢᠭᠦᠯᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ  ᠂ ᠠᠵᠢᠯ ᠤᠨ ᠨᠥᠯᠥᠭᠡᠨ ᠤ ᠡᠪᠡᠳᠴᠢᠨ ᠢ ᠭᠤᠣᠯᠳᠠᠯᠭ᠎ᠠ ᠲᠠᠢ ᠠᠵᠢᠯ ᠲᠥᠷᠥᠯ ᠤᠨ ᠲᠣᠭᠤᠰᠣ ᠲᠤᠰᠬᠤ ᠬᠥᠮᠥᠨ ᠤ ᠲᠤᠭ᠎ᠠ ᠨᠢ 100 ᠬᠥᠮᠥᠨ ᠠᠴᠠ ᠳᠤᠲᠠᠭᠤ ᠪᠠᠶᠢᠬᠤ ᠲᠠᠷᠢᠶᠠᠯᠠᠬᠤ ᠮᠠᠯᠵᠢᠬᠤ ᠬᠤᠰᠢᠭᠤ ᠰᠢᠶᠠᠨ ᠲᠣᠭᠤᠷᠢᠭ ᠢ ᠭᠠᠷᠭᠠᠪᠠᠯ  ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠪᠠᠶᠢᠭᠤᠯᠤᠮᠵᠢ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ  ᠃ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠮᠡᠨ ᠡᠪᠡᠳᠴᠢᠨ ᠢ ᠰᠡᠷᠭᠡᠶᠢᠯᠡᠨ ᠵᠠᠰᠠᠬᠤ ᠶᠢᠨ ᠬᠡᠷᠡᠭᠵᠢᠭᠦᠯᠬᠦ ᠲᠥᠰᠥᠯ ︵ 2020 ︱ 2022 ᠣᠨ  ︶  ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ  ᠂ ᠭᠤᠣᠯᠳᠠᠯᠭ᠎ᠠ ᠲᠠᠢ ᠥᠮᠡᠨ ᠡᠪᠡᠳᠴᠢᠨ ᠢ ᠰᠢᠭᠰᠢᠨ ᠪᠠᠶᠢᠴᠠᠭᠠᠬᠤ ᠪᠠ ᠡᠷᠲᠡ ᠣᠨᠣᠰᠢᠯᠠᠵᠤ ᠡᠷᠲᠡ ᠵᠠᠰᠠᠬᠤ ᠶᠢ ᠠᠬᠢᠭᠤᠯᠤᠨ᠎ᠠ  ᠃ ᠵᠢᠷᠦᠬᠡ ᠴᠢᠰᠤᠨ ᠰᠤᠳᠠᠯ ᠤᠨ ᠡᠪᠡᠳᠴᠢᠨ ᠵᠡᠷᠭᠡ ᠶᠢ ᠡᠷᠲᠡ ᠰᠢᠭᠰᠢᠨ ᠪᠠᠶᠢᠴᠠᠭᠠᠬᠤ ᠪᠠ ᠡᠷᠲᠡ ᠣᠨᠣᠰᠢᠯᠠᠵᠤ ᠡᠷᠲᠡ ᠵᠠᠰᠠᠬᠤ ᠶᠢ ᠴᠢᠩᠭᠠᠳᠬᠠᠵᠤ᠂ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠵᠡᠷᠭᠡ ᠪᠠᠶᠢᠩᠭᠤ ᠲᠣᠬᠢᠶᠠᠯᠳᠤᠬᠤ ᠤᠳᠠᠭᠠᠨ ᠴᠢᠨᠠᠷᠲᠠᠢ ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠨ᠎ᠠ᠃      ︵ ᠠᠷᠪᠠᠨ ᠵᠢᠷᠭᠤᠭ᠎ᠠ  ︶ ᠭᠤᠣᠯᠳᠠᠯᠭ᠎ᠠ ᠲᠠᠢ ᠬᠥᠮᠥᠰ ᠤᠨ ᠡᠷᠡᠭᠦᠯ ᠮᠡᠨᠳᠦ ᠶᠢ ᠰᠠᠶᠢᠵᠢᠷᠠᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ  ᠃ ᠦᠷᠡᠵᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠲᠠᠢ ᠨᠢᠭᠲᠠ ᠤᠶᠠᠯᠳᠤᠭᠤᠯᠵᠤ  ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ  ᠂ ᠦᠷᠡᠵᠢᠯ ᠤᠨ ᠲᠥᠷᠥ ᠶᠢᠨ ᠪᠣᠳᠣᠯᠭ᠎ᠠ ᠶᠢᠨ ᠪᠠᠭᠲᠠᠭᠠᠮᠵᠢᠲᠤ ᠴᠢᠨᠠᠷ ᠢ ᠴᠢᠩᠭᠠᠳᠬᠠᠵᠤ  ᠂ ᠰᠢᠨ᠎ᠡ ᠮᠠᠶ᠋ᠢᠭ ᠤᠨ ᠤᠷᠤᠭᠯᠠᠵᠤ ᠬᠥᠩᠭᠡᠵᠢᠬᠦ ᠦᠵᠡᠯᠲᠡ ᠶᠢᠨ ᠤᠬᠠᠭᠤᠯᠭ᠎ᠠ ᠰᠠᠨᠠᠭᠠᠴᠢᠯᠠᠭ᠎ᠠ ᠶᠢ ᠴᠢᠩᠭᠠᠳᠬᠠᠵᠤ  ᠂ ᠦᠢᠯᠡᠴᠢᠯᠡᠭᠡ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ  ᠃ ᠮᠠᠯᠵᠢᠬᠤ ᠲᠠᠷᠢᠶᠠᠯᠠᠬᠤ ᠣᠷᠣᠨ ᠤ ᠡᠮᠡᠭᠲᠡᠶᠢᠴᠦᠳ ᠤᠨ ᠰᠠᠪᠠ ᠶᠢᠨ ᠬᠦᠵᠦᠭᠦᠨ ᠤ ᠥᠮᠡᠨ  ᠂ ᠬᠥᠬᠦᠨ ᠪᠤᠯᠴᠢᠷᠬᠠᠢ ᠶᠢᠨ ᠥᠮᠡᠨ ᠪᠠ ᠵᠢᠷᠮᠦᠰᠦᠯᠡᠬᠦ ᠠᠴᠠ ᠡᠮᠦᠨᠡᠬᠢ ᠰᠦᠢᠳᠬᠡᠯ ᠬᠤᠷᠢᠶᠠᠬᠤ ᠦᠭᠡᠢ ᠪᠠᠷ ᠴᠢᠭᠢᠷᠠᠭ ᠲᠥᠷᠥᠭᠦᠯᠬᠦ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠲᠥᠷᠥᠯ ᠵᠦᠢᠯ ᠢ ᠭᠦᠨᠵᠡᠭᠡᠢ ᠶᠠᠳᠠᠭᠤ  ᠠᠴᠠ ᠠᠩᠭᠢᠵᠢᠷᠠᠭᠰᠠᠨ ᠭᠠᠵᠠᠷ ᠣᠷᠣᠨ ᠳᠤ ᠬᠡᠤᠬᠡᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠷᠥᠯ ᠵᠦᠢᠯ ᠪᠠ ᠨᠢᠷᠠᠢ  ᠬᠡᠤᠬᠡᠳ ᠤᠨ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ  ᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠪᠠ 0 ︱ 6 ᠨᠠᠰᠤᠨ ᠤ ᠬᠡᠤᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ  ᠂ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ  ᠃ ᠮᠠᠯᠵᠢᠬᠤ ᠲᠠᠷᠢᠶᠠᠯᠠᠬᠤ ᠣᠷᠣᠨ ᠤ ᠨᠡᠶᠢᠳᠡᠮ ᠬᠠᠷᠠᠭᠠᠯᠵᠠᠬᠤ ᠴᠢᠨᠠᠷᠲᠠᠢ ᠨᠢᠯᠬ᠎ᠠ ᠬᠡᠤᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠢ ᠴᠢᠩᠭᠠᠳᠬᠠᠵᠤ  ᠂ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠨᠢᠯᠬ᠎ᠠ ᠬᠡᠤᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠨ᠎ᠠ  ᠃ ᠮᠠᠯᠵᠢᠬᠤ ᠲᠠᠷᠢᠶᠠᠯᠠᠬᠤ ᠣᠷᠣᠨ ᠤ ᠭᠡᠷ ᠪᠦᠯᠢ ᠶᠢᠨ ᠰᠢᠨᠵᠢᠯᠡᠬᠦ ᠤᠬᠠᠭᠠᠨᠴᠢ ᠪᠠᠷ ᠬᠡᠤᠬᠡᠳ ᠪᠣᠶᠢᠵᠢᠭᠤᠯᠬᠤ ᠶᠢ ᠵᠢᠯᠤᠭᠤᠳᠬᠤ ᠡᠷᠴᠢᠮ ᠢᠶᠠᠨ ᠴᠢᠩᠭᠠᠷᠠᠭᠤᠯᠤᠨ᠎ᠠ  ᠃ ᠡᠮᠨᠡᠬᠦ ᠰᠤᠪᠢᠯᠠᠬᠤ ᠶᠢ ᠤᠶᠠᠯᠳᠤᠭᠤᠯᠤᠨ ᠬᠥᠭᠵᠢᠭᠦᠯᠬᠦ ᠶᠢ ᠭᠦᠨᠵᠡᠭᠡᠢ ᠠᠬᠢᠭᠤᠯᠵᠤ  ᠂ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠬᠢᠭᠡᠳ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠥᠷᠰᠢ ᠵᠡᠷᠭᠡᠯᠡᠳᠡᠭᠡ ᠪᠦᠲᠦᠭᠡᠨ ᠪᠠᠶᠢᠭᠤᠯᠤᠯᠲᠠ  ᠂ ᠨᠢᠭᠡ ᠴᠣᠭᠴᠠᠵᠢᠭᠤᠯᠤᠨ ᠦᠢᠯᠡᠴᠢᠯᠡᠬᠦ ᠶᠢ ᠠᠬᠢᠭᠤᠯᠤᠨ᠎ᠠ  ᠃ ᠥᠨᠳᠥᠷ ᠨᠠᠰᠤᠲᠠᠢ  ᠂ ᠴᠢᠳᠠᠪᠤᠷᠢ ᠪᠠᠨ ᠠᠯᠳᠠᠭᠰᠠᠨ  ᠂ ᠴᠢᠳᠠᠪᠤᠷᠢ ᠪᠠᠨ ᠬᠠᠭᠠᠰ ᠠᠯᠳᠠᠭᠰᠠᠨ ᠬᠥᠮᠥᠰ ᠤᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠤᠷᠢᠳᠠᠪᠠᠷ ᠪᠠᠲᠤᠯᠠᠨ᠎ᠠ  ᠃ ᠨᠡᠶᠢᠭᠡᠮ ᠤᠨ ᠵᠣᠬᠢᠶᠠᠨ ᠪᠠᠶᠢᠭᠤᠯᠤᠯᠲᠠ  ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ  ᠂ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠵᠡᠷᠭᠡ ᠨᠡᠶᠢᠭᠡᠮ ᠤᠨ ᠬᠦᠴᠦᠨ ᠤ ᠮᠠᠯᠵᠢᠬᠤ ᠲᠠᠷᠢᠶᠠᠯᠠᠬᠤ ᠣᠷᠣᠨ ᠤ ᠨᠢᠯᠬ᠎ᠠ ᠬᠡᠤᠬᠡᠳ ᠢ ᠬᠠᠷᠠᠭᠠᠯᠵᠠᠨ ᠠᠰᠠᠷᠠᠬᠤ ᠪᠠ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠥᠭᠵᠢᠯᠲᠡ ᠶᠢᠨ ᠲᠥᠷᠥᠯ ᠵᠦᠢᠯ ᠳᠤ ᠣᠷᠤᠯᠴᠠᠬᠤ ᠶᠢ ᠵᠣᠷᠢᠭᠵᠢᠭᠤᠯᠤᠨ᠎ᠠ  ᠃      ︵ ᠠᠷᠪᠠᠨ ᠳᠣᠯᠤᠭ᠎ᠠ  ︶ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠤᠨ᠎ᠠ  ᠃ ᠡᠷᠡᠭᠦᠯ ᠮᠡᠨᠳᠦ ᠶᠢ ᠨᠥᠯᠥᠭᠡᠯᠡᠬᠦ ᠦᠶᠯᠡ ᠠᠵᠢᠯᠯᠠᠭ᠎ᠠ ᠬᠢᠭᠡᠳ ᠠᠮᠢᠳᠤᠷᠠᠯ ᠤᠨ ᠠᠷᠭ᠎ᠠ ᠮᠠᠶ᠋ᠢᠭ  ᠂ ᠣᠷᠴᠢᠨ ᠲᠣᠭᠤᠷᠢᠨ ᠵᠡᠷᠭᠡ ᠬᠦᠴᠦᠨ ᠵᠦᠢᠯ ᠳᠤ ᠴᠢᠭᠯᠡᠭᠦᠯᠦᠨ  ᠂ ᠶᠠᠳᠠᠭᠤ  ᠠᠴᠠ ᠠᠩᠭᠢᠵᠢᠷᠠᠭᠰᠠᠨ ᠭᠠᠵᠠᠷ ᠣᠷᠣᠨ ᠳᠤ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ  ᠂ ᠢᠳᠡᠭᠡᠨ ᠤᠮᠳᠠᠭᠠᠨ ᠢᠶᠠᠨ ᠵᠦᠢ ᠵᠣᠬᠢᠰᠲᠠᠢ ᠪᠠᠶᠢᠯᠭᠠᠬᠤ  ᠂ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ  ᠂ ᠲᠠᠮᠠᠬᠢ ᠲᠠᠲᠠᠬᠤ ᠶᠢ ᠬᠢᠵᠠᠭᠠᠷᠯᠠᠬᠤ  ᠂ ᠰᠡᠳᠬᠢᠴᠡ  ᠂ ᠣᠷᠴᠢᠨ ᠲᠣᠭᠤᠷᠢᠨ ᠵᠡᠷᠭᠡ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ  ᠃ ᠶᠠᠳᠠᠭᠤ ᠬᠦᠴᠢᠷᠳᠡᠯᠲᠡᠢ ᠭᠠᠵᠠᠷ ᠣᠷᠣᠨ ᠤ ᠡᠷᠡᠭᠦᠯ ᠮᠡᠨᠳᠦ ᠶᠢ ᠠᠬᠢᠭᠤᠯᠬᠤ ᠪᠠ ᠰᠤᠷᠭᠠᠨ ᠬᠥᠮᠦᠵᠢᠯ ᠤᠨ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ  ᠂ ᠶᠠᠳᠠᠭᠤ  ᠠᠴᠠ ᠠᠩᠭᠢᠵᠢᠷᠠᠭᠤᠯᠵᠤ ᠶᠠᠳᠠᠭᠤ  ᠠᠴᠠ ᠠᠩᠭᠢᠵᠢᠷᠠᠭᠤᠯᠤᠭᠰᠠᠨ ᠬᠤᠰᠢᠭᠤ ᠰᠢᠶᠠᠨ ᠤ ᠡᠷᠡᠭᠦᠯ ᠮᠡᠨᠳᠦ ᠶᠢ ᠠᠬᠢᠭᠤᠯᠬᠤ ᠪᠠ ᠰᠤᠷᠭᠠᠨ ᠬᠥᠮᠥᠵᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ  ᠂ ᠪᠣᠭᠤᠮᠲᠠ ᠶᠢ ᠤᠷᠤᠭᠰᠢ ᠰᠢᠯᠵᠢᠭᠦᠯᠬᠦ ᠶᠢ ᠠᠬᠢᠭᠤᠯᠤᠨ᠎ᠠ  ᠃ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ  ᠂ ᠡᠷᠡᠭᠦᠯ ᠮᠡᠨᠳᠦ ᠪᠠᠷ ᠬᠤᠰᠢᠭᠤ ᠰᠢᠶᠠᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠᠷ ᠭᠠᠷᠳᠠᠴᠠ ᠪᠣᠯᠭᠠᠵᠤ  ᠂ ᠡᠷᠡᠭᠦᠯ ᠮᠡᠨᠳᠦ ᠶᠢ ᠠᠬᠢᠭᠤᠯᠬᠤ ᠬᠢᠭᠡᠳ ᠰᠤᠷᠭᠠᠨ ᠬᠥᠮᠦᠵᠢᠯ ᠢ ᠨᠡᠶᠢᠭᠡᠮ ᠲᠣᠭᠤᠷᠢᠭ ᠲᠤ ᠣᠷᠣᠭᠤᠯᠬᠤ  ᠂ ᠭᠡᠷ ᠪᠦᠯᠢ ᠳᠤ ᠣᠷᠣᠭᠤᠯᠬᠤ  ᠂ ᠰᠤᠷᠭᠠᠭᠤᠯᠢ ᠳᠤ ᠣᠷᠣᠭᠤᠯᠬᠤ  ᠂ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠣᠷᠣᠭᠤᠯᠬᠤ  ᠂ ᠭᠠᠴᠠᠭ᠎ᠠ ᠲᠣᠰᠬᠤᠨ ᠳᠤ ᠣᠷᠣᠭᠤᠯᠬᠤ ︽ ᠲᠠᠪᠤ ᠶᠢ ᠣᠷᠣᠭᠤᠯᠬᠤ  ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ  ᠃ ︽ᠡᠷᠡᠭᠦᠯ ᠮᠡᠨᠳᠤ ᠶᠢᠨ ᠮᠡᠳᠡᠯᠭᠡ ᠶᠢ ᠲᠦᠮᠡᠨ ᠡᠷᠦᠬᠡ ᠳᠤ ᠬᠦᠷᠭᠡᠬᠦ︾ ᠪᠠᠷ ᠭᠤᠣᠯ ᠰᠡᠳᠦᠪ ᠪᠣᠯᠭᠠᠵᠤ᠂ ᠡᠷᠡᠭᠦᠯ ᠮᠡᠨᠳᠤ ᠶᠢᠨ ᠳᠤᠮᠳᠠᠳᠤ ᠤᠯᠤᠰ ᠤᠨ ᠠᠶᠠᠯᠠᠯ᠂ ︽ᠨᠢᠭᠡ ᠭᠠᠷᠠᠭ ᠬᠤᠶᠠᠷ ᠰᠠᠷ᠎ᠠ︾ ᠶᠢᠨ ᠡᠷᠡᠭᠦᠯ ᠮᠡᠨᠳᠤ ᠶᠢᠨ ᠲᠣᠭᠤᠷᠢᠨ ᠲᠠᠶᠢᠯᠪᠤᠷᠢᠯᠠᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠪᠠᠶᠠᠷ ᠤᠨ ᠡᠳᠦᠷ ᠳᠤᠷᠠᠰᠬᠠᠯ ᠤᠨ ᠡᠳᠦᠷ᠂ ᠡᠯ᠎ᠡ ᠭᠠᠵᠠᠷ ᠤᠨ ᠦᠨᠳᠦᠰᠦᠲᠡᠨ ᠤ ᠵᠠᠩ ᠳᠠᠳᠬᠠᠯ᠂ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠡᠷᠡᠭᠦᠯ ᠮᠡᠨᠳᠤ ᠶᠢᠨ ᠣᠶᠢᠯᠠᠭᠠᠭᠳᠠᠬᠤᠨ᠂ ᠡᠷᠡᠭᠦᠯ ᠮᠡᠨᠳᠤ ᠶᠢᠨ ᠮᠡᠳᠡᠯᠭᠡ ᠪᠣᠯᠣᠨ ᠤᠷ᠎ᠠ ᠴᠢᠳᠠᠪᠤᠷᠢ ᠶᠢ ᠥᠷᠭᠡᠨ ᠢᠶᠠᠷ ᠤᠯᠠᠮᠵᠢᠯᠠᠪᠠ᠃ ᠷᠠᠳᠢᠣ᠋ ᠲᠧᠯᠸᠢᠰ  ᠂ ᠰᠣᠨᠢᠨ ᠰᠡᠳᠬᠦᠯ  ᠂ ᠰᠢᠨ᠎ᠡ ᠵᠠᠭᠤᠴᠢᠯᠠᠭᠤᠷ  ᠂ ᠡᠷᠡᠭᠦᠯ ᠡᠩᠬᠡ ᠥᠪᠥᠷ ᠮᠣᠩᠭᠤᠯ ᠤᠨ 12320 ᠨᠠᠷᠠᠲᠤ ᠡᠮᠴᠢ ᠶᠢᠨ ᠪᠢᠴᠢᠯ ᠬᠢᠴᠢᠶᠡᠯ ᠤᠨ ᠲᠠᠩᠬᠢᠮ  ᠂ ᠥᠪᠥᠷ ᠮᠣᠩᠭᠤᠯ ᠤᠨ ᠡᠷᠡᠭᠦᠯ ᠮᠡᠨᠳᠦ ᠶᠢᠨ ᠶᠡᠭᠡ ᠰᠤᠷᠭᠠᠭᠤᠯᠢ ᠵᠡᠷᠭᠡ ᠲᠠᠪᠴᠠᠩ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ  ᠂ ᠡᠷᠡᠭᠦᠯ ᠮᠡᠨᠳᠦ ᠶᠢᠨ ᠣᠨᠣᠯᠵᠢᠬᠤᠨ  ᠂ ᠡᠷᠡᠭᠦᠯ ᠮᠡᠨᠳᠦ ᠶᠢᠨ ᠮᠡᠳᠡᠯᠭᠡ ᠪᠠ ᠤᠷ᠎ᠠ ᠴᠢᠳᠠᠪᠤᠷᠢ ᠶᠢ ᠥᠷᠭᠡᠨ ᠢᠶᠠᠷ ᠤᠯᠠᠮᠵᠢᠯᠠᠨ ᠲᠠᠷᠬᠠᠭᠠᠵᠤ  ᠂ ᠣᠯᠠᠨ ᠲᠦᠮᠡᠨ ᠳᠤ ᠨᠠᠩ ᠨᠠᠷᠢᠯᠢᠭ ᠪᠥᠭᠡᠳ ᠵᠢᠷᠤᠮᠵᠢᠭᠰᠠᠨ ᠡᠷᠡᠭᠦᠯ ᠮᠡᠨᠳᠦ ᠶᠢᠨ ᠬᠥᠮᠦᠵᠢᠯ ᠤᠨ ᠦᠢᠯᠡᠴᠢᠯᠡᠭᠡ ᠬᠠᠩᠭᠠᠨ᠎ᠠ  ᠃ ᠡᠷᠡᠭᠦᠯ ᠡᠩᠬᠡ ᠥᠪᠥᠷ ᠮᠣᠩᠭᠤᠯ ᠤᠨ ᠵᠦᠢ ᠵᠣᠬᠢᠰᠲᠠᠢ ᠢᠳᠡᠭᠡᠨ ᠤᠮᠳᠠᠭᠠᠨ ᠤ ᠠᠵᠢᠯᠯᠠᠭ᠎ᠠ ᠶᠢ ᠨᠠᠶᠢᠳᠠᠪᠤᠷᠢᠵᠢᠭᠤᠯᠵᠤ  ᠂ ᠰᠠᠭᠤᠭᠠᠯᠢ ᠠᠷᠠᠳ ᠤᠨ ᠰᠢᠮ᠎ᠡ ᠲᠡᠵᠢᠭᠡᠯ ᠬᠦᠷᠦᠯᠴᠡᠬᠦ ᠦᠭᠡᠢ ᠪᠠ ᠦᠯᠡᠭᠦᠳᠡᠯ ᠵᠡᠷᠭᠡᠪᠡᠷ ᠣᠷᠣᠰᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ  ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠪᠠ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠭ᠎ᠠ ᠶᠢ ᠴᠢᠩᠭᠠᠳᠬᠠᠵᠤ  ᠂ ᠰᠡᠷᠭᠡᠶᠢᠯᠡᠬᠦ ᠪᠠᠷ  ᠭᠤᠣᠯ ᠪᠣᠯᠭᠠᠬᠤ ᠶᠢ ᠪᠠᠷᠢᠮᠲᠠᠯᠠᠨ  ᠂ ᠭᠤᠣᠯᠳᠠᠯᠭ᠎ᠠ ᠲᠠᠢ ᠬᠥᠮᠥᠰ ᠤᠨ ᠰᠢᠮ᠎ᠡ ᠲᠡᠵᠢᠭᠡᠯ ᠳᠤ ᠭᠠᠷ ᠲᠦᠷᠦᠭᠦ ᠶᠢ ᠬᠡᠷᠡᠭᠵᠢᠭᠦᠯᠵᠦ  ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠢᠳᠡᠭᠡᠨ ᠤᠮᠳᠠᠭᠠᠨ ᠤ ᠰᠢᠮ᠎ᠡ ᠲᠡᠵᠢᠭᠡᠯ ᠤᠨ ᠮᠡᠳᠡᠯᠭᠡ ᠶᠢ ᠪᠥᠬᠦ ᠲᠠᠯ᠎ᠠ ᠪᠠᠷ ᠰᠠᠭᠤᠭᠠᠯᠢ ᠠᠷᠠᠳ ᠪᠣᠯ ᠲᠣᠰ ᠪᠡᠶ᠎ᠡ ᠶᠢᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠤ ᠣᠨᠣᠯᠵᠢᠬᠤᠨ ᠦᠵᠡᠯ ᠤᠬᠠᠮᠰᠠᠷ ᠢ ᠰᠠᠨᠠᠭᠠᠴᠢᠯᠠᠬᠤ ᠶᠢᠨ ᠬᠠᠮᠲᠤ ᠠᠯᠬᠤᠮ ᠠᠯᠬᠤᠮ ᠢᠶᠠᠷ ᠪᠠᠲᠤ ᠪᠠᠬᠢ ᠪᠣᠶ ᠪᠣᠯᠭᠠᠵᠤ  ᠂ ᠨᠢᠭᠡᠴᠡ  ᠂ ᠨᠡᠶᠢᠭᠡᠮ ᠲᠣᠭᠤᠷᠢᠭ  ᠂ ᠭᠡᠷ ᠪᠦᠯᠢ  ᠂ ᠰᠠᠭᠤᠭᠠᠯᠢ ᠠᠷᠠᠳ  ᠂ ᠬᠤᠪᠢ ᠬᠥᠮᠥᠨ  ᠂ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠬᠥᠳᠡᠯᠦᠯᠴᠡᠵᠦ  ᠂ ᠵᠦᠢ ᠵᠣᠬᠢᠰᠲᠠᠢ ᠢᠳᠡᠰᠢ ᠶᠢᠨ ᠠᠵᠢᠯᠯᠠᠭ᠎ᠠ ᠳᠤ ᠢᠳᠡᠪᠬᠢᠲᠡᠢ ᠠᠭᠤᠰᠤᠯᠴᠠᠭᠤᠯᠤᠨ  ᠂ ᠪᠥᠬᠦ ᠨᠡᠶᠢᠭᠡᠮ ᠢᠶᠠᠷ ᠢᠶᠠᠨ ᠥᠷᠭᠡᠨ ᠢᠶᠠᠷ ᠣᠷᠤᠯᠴᠠᠬᠤ  ᠂ ᠬᠠᠮᠲᠤᠪᠠᠷ ᠪᠠᠶᠢᠭᠤᠯᠵᠤ ᠬᠠᠮᠲᠤᠪᠠᠷ ᠭᠥᠷᠳᠡᠬᠦ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠎ᠠ  ᠃ ᠮᠠᠯᠵᠢᠬᠤ ᠲᠠᠷᠢᠶᠠᠯᠠᠬᠤ ᠣᠷᠣᠨ ᠤ ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ  ᠂ ᠰᠠᠭᠤᠭᠠᠯᠢ ᠠᠷᠠᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠡᠪ ᠦᠨᠳᠦᠰᠦᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠪᠣᠯᠣᠨ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠡᠷᠭᠡ ᠳᠤ ᠲᠦᠰᠢᠭᠯᠡᠨ  ᠂ ᠰᠤᠮᠤ ᠰᠢᠶᠠᠩ ᠪᠠᠯᠭᠠᠰᠤ ︵ ᠵᠡᠭᠡᠯᠢ ᠭᠤᠳᠤᠮᠵᠢ  ︶ ᠪᠣᠯᠣᠨ ᠭᠠᠴᠠᠭ᠎ᠠ ᠲᠣᠰᠬᠤᠨ ︵ ᠨᠡᠶᠢᠭᠡᠮ ᠲᠣᠭᠤᠷᠢᠭ  ︶ ᠳᠤ ᠰᠡᠳᠬᠢᠴᠡ ᠶᠢᠨ ᠯᠠᠪᠯᠠᠯᠭ᠎ᠠ ᠶᠢᠨ ᠲᠠᠰᠤᠭ ᠪᠤᠶᠤ ᠨᠡᠶᠢᠭᠡᠮ ᠤᠨ ᠠᠵᠢᠯᠯᠠᠬᠤ ᠲᠠᠰᠤᠭ ᠪᠠᠶᠢᠭᠤᠯᠬᠤ ᠶᠢ ᠠᠬᠢᠭᠤᠯᠤᠨ᠎ᠠ  ᠃ ᠭᠠᠩᠰᠠᠷᠠᠯ ᠤᠨ ᠭᠡᠮ᠂ ᠥᠲᠡᠭᠦᠰ ᠤᠨ ᠵᠥᠨᠥᠭᠰᠢᠷᠡᠯ ᠢ ᠨᠡᠶᠢᠭᠡᠮ ᠲᠣᠭᠤᠷᠢᠭ ᠲᠤ ᠶᠡᠷᠦᠩᠬᠡᠶᠢᠯᠡᠨ ᠬᠠᠮᠢᠶᠠᠷᠬᠤ ᠵᠠᠭᠪᠤᠷ ᠢ ᠬᠠᠶᠢᠨ ᠰᠦᠪᠡᠭᠴᠢᠯᠡᠨ᠎ᠡ᠃      ︵ ᠠᠷᠪᠠᠨ ᠨᠠᠢᠮᠠ  ︶ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠦᠨ᠎ᠡ  ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢᠯᠡᠳᠦᠯ ᠢ ᠪᠠᠳᠠᠷᠠᠭᠤᠯᠵᠤ  ᠂ ᠶᠠᠳᠠᠭᠤ  ᠠᠴᠠ ᠠᠩᠭᠢᠵᠢᠷᠠᠭᠰᠠᠨ ᠭᠠᠵᠠᠷ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠤᠨ᠎ᠠ᠃ ᠭᠤᠣᠯᠳᠠᠯᠭ᠎ᠠ ᠲᠠᠢ ᠲᠠᠯᠠᠪᠤᠷ ᠭᠠᠵᠠᠷ  ᠂ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ  ᠂ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ  ᠂ ᠪᠣᠬᠢᠷ ᠤᠰᠤ  ᠂ ᠵᠣᠷᠯᠣᠩ ᠵᠡᠷᠭᠡ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ  ᠂ ᠠᠶᠢᠯ ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ  ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠤᠨ᠎ᠠ  ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠰᠣᠶᠣᠯ ᠤᠨ ᠳᠠᠪᠠᠭᠤᠯᠢᠭ ᠪᠣᠯᠣᠨ ᠣᠯᠠᠨ ᠲᠦᠮᠡᠨ ᠢ ᠳᠠᠶᠢᠴᠢᠯᠠᠬᠤ ᠳᠠᠪᠠᠭᠤᠯᠢᠭ ᠢ ᠪᠠᠳᠠᠷᠠᠭᠤᠯᠵᠤ  ᠂ ᠡᠷᠡᠭᠦᠯ ᠡᠩᠬᠡ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠢ ᠶᠡᠬᠡᠪᠡᠷ ᠥᠷᠨᠢᠭᠦᠯᠵᠦ  ᠂ ᠡᠷᠡᠭᠦᠯ ᠡᠩᠬᠡ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠲᠤᠰᠬᠠᠢ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ  ᠂ ᠡᠷᠡᠭᠦᠯ ᠡᠩᠬᠡ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠠᠮᠵᠢᠯᠴᠠᠬᠤ ᠲᠣᠭᠲᠠᠴᠠ  ᠂ ᠮᠡᠳᠡᠭᠡ ᠵᠠᠩᠭᠢ ᠨᠡᠶᠢᠲᠡᠯᠡᠬᠦ ᠳᠦᠷᠢᠮ ᠪᠠ ᠡᠷᠡᠭᠦᠯ ᠡᠩᠬᠡ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠲᠤᠰᠬᠠᠢ ᠮᠡᠷᠭᠡᠵᠢᠯᠲᠡᠨ ᠤ ᠬᠥᠮᠥᠷᠭᠡ  ᠂ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ  ᠂ ᠥᠪᠡᠷᠲᠡᠭᠡᠨ ᠵᠠᠰᠠᠬᠤ ᠣᠷᠣᠨ  ᠂ ᠠᠶᠢᠮᠠᠭ ᠬᠤᠲᠠ  ᠂ ᠬᠤᠰᠢᠭᠤ ᠰᠢᠶᠠᠨ ᠭᠤᠷᠪᠠᠨ ᠱᠠᠲᠤᠨ ᠤ ᠡᠷᠬᠡ ᠰᠦᠷᠲᠦ ᠡᠷᠡᠭᠦᠯ ᠡᠩᠬᠡ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠲᠠᠪᠴᠠᠩ ᠢ ᠪᠣᠶ ᠪᠣᠯᠭᠠᠵᠤ  ᠂ ᠡᠷᠡᠭᠦᠯ ᠡᠩᠬᠡ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠪᠦᠷᠢᠨ ᠲᠡᠭᠦᠯᠳᠡᠷ ᠤᠯᠠᠮᠵᠢᠯᠠᠬᠤ ᠰᠢᠰᠲ᠋ᠧᠮᠵᠢ ᠶᠢ ᠪᠠᠶᠢᠭᠤᠯᠤᠨ᠎ᠠ  ᠃ ᠡᠷᠡᠭᠦᠯ ᠮᠡᠨᠳᠦ ᠶᠢᠨ ᠴᠡᠴᠡᠷᠯᠢᠭ  ᠂ ᠡᠷᠡᠭᠦᠯ ᠮᠡᠨᠳᠦ ᠶᠢᠨ ᠶᠠᠪᠠᠭᠠᠨ ᠵᠠᠮ  ᠂ ᠭᠡᠷ ᠤᠨ ᠭᠠᠳᠠᠨᠠᠬᠢ ᠡᠷᠡᠭᠦᠯ ᠮᠡᠨᠳᠦ ᠶᠢᠨ ᠤᠬᠠᠭᠤᠯᠭ᠎ᠠ ᠶᠢᠨ ᠪᠤᠯᠤᠩ ︵ ᠫᠠᠶᠢᠰᠠ  ︶ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠢ ᠪᠠᠬᠢᠵᠢᠭᠦᠯᠦᠨ ᠲᠡᠭᠦᠯᠳᠡᠷᠵᠢᠭᠦᠯᠵᠦ  ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠷᠤᠯᠳᠤᠭᠠᠨ  ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠪᠦᠲᠦᠭᠡᠯ ᠢ ᠰᠢᠯᠭᠠᠷᠠᠭᠤᠯᠬᠤ ᠪᠠ ᠳᠡᠯᠭᠡᠷᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ  ᠃ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠤ ᠪᠣᠯᠪᠠᠰᠤᠨ ᠡᠷᠡᠭᠦᠯ ᠬᠠᠮᠠᠭᠠᠯᠠᠯ ᠤᠨ ᠦᠵᠡᠯ ᠤᠬᠠᠮᠰᠠᠷ ᠢ ᠴᠢᠩᠭᠠᠷᠠᠭᠤᠯᠵᠤ  ᠂ ᠮᠠᠭᠤ ᠳᠠᠳᠬᠠᠯ ᠢ ᠠᠷᠢᠯᠭᠠᠵᠤ  ᠂ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠪᠠ ᠪᠣᠯᠪᠠᠰᠤᠨ ᠡᠷᠡᠭᠦᠯ ᠴᠢᠭᠢᠷᠠᠭ  ᠂ ᠪᠣᠬᠢᠷᠳᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠵᠤ  ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠤ ᠠᠮᠢ ᠠᠬᠤᠢ ᠶᠢᠨ ᠣᠷᠴᠢᠨ ᠲᠣᠭᠤᠷᠢᠨ ᠬᠢᠭᠡᠳ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ  ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠰᠠᠨᠠᠭᠠᠴᠢᠯᠠᠭ᠎ᠠ  ᠠᠴᠠ ᠪᠠᠨ ᠣᠷᠣᠯᠴᠠᠭᠤᠯᠵᠤ  ᠂ ᠬᠠᠮᠲᠤᠪᠠᠷ ᠪᠠᠶᠢᠭᠤᠯᠵᠤ ᠬᠠᠮᠲᠤᠪᠠᠷ ᠭᠥᠷᠳᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ  ᠃      ᠲᠠᠪᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ      ︵ ᠠᠷᠪᠠ ᠶᠢᠰᠦ  ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ  ᠃ ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ  ᠂ ᠬᠤᠲᠠ ᠰᠢᠶᠠᠨ ᠰᠢᠶᠠᠩ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ  ᠂ ᠡᠷᠡᠭᠦᠯ ᠡᠩᠬᠡ ᠪᠠᠷ ᠶᠠᠳᠠᠭᠤ ᠶᠢ ᠲᠡᠳᠬᠦᠬᠦ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠬᠦ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠬᠦ ᠰᠢᠢᠳᠪᠦᠷᠢᠲᠦ ᠪᠣᠳᠣᠯᠭ᠎ᠠ ᠬᠡᠷᠡᠭ ᠵᠥᠪᠯᠡᠵᠦ ᠵᠣᠬᠢᠴᠠᠭᠤᠯᠬᠤ ᠠᠵᠢᠯ ᠤᠨ ᠲᠣᠭᠲᠠᠴᠠ ᠳᠤ ᠣᠷᠣᠭᠤᠯᠤᠨ ᠨᠢᠭᠡᠳᠦᠯᠲᠡᠢ ᠪᠠᠶᠢᠷᠢᠯᠠᠭᠤᠯᠤᠨ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠬᠤ ᠲᠥᠰᠥᠯ ᠢ ᠲᠣᠭᠲᠠᠭᠠᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠳᠣᠷᠬᠠᠢ ᠪᠣᠯᠭᠠᠵᠤ᠂ ᠲᠦᠷᠦ ᠶᠢᠨ ᠪᠣᠳᠣᠯᠭ᠎ᠠ ᠶᠢ ᠵᠣᠯᠭᠠᠭᠤᠯᠬᠤ᠂ ᠲᠣᠭᠲᠠᠴᠠ ᠶᠢᠨ ᠬᠡᠯᠪᠡᠷᠢ ᠶᠢ ᠬᠤᠪᠢᠷᠠᠭᠤᠯᠬᠤ᠂ ᠡᠭᠦᠷᠭᠡ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠲᠦᠷᠦ ᠶᠢᠨ ᠪᠣᠳᠣᠯᠭ᠎ᠠ ᠶᠢ ᠲᠣᠭᠲᠠᠭᠤᠨ ᠢᠶᠠᠷ ᠰᠢᠯᠵᠢᠭᠦᠯᠬᠦ᠂ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃      ︵ ᠬᠤᠷᠢ  ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠎ᠠ  ᠃ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ  ᠂ ᠲᠥᠷᠥ ᠶᠢᠨ ᠪᠣᠳᠣᠯᠭ᠎ᠠ ᠪᠠ ᠠᠵᠢᠯ ᠤᠨ ᠬᠠᠮᠵᠢᠯᠴᠠᠭ᠎ᠠ ᠶᠢ ᠴᠢᠩᠭᠠᠳᠬᠠᠨ᠎ᠠ  ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠡᠷᠡᠭᠦᠯ ᠮᠡᠨᠳᠦ ᠪᠠᠷ ᠶᠠᠳᠠᠭᠤ ᠶᠢ ᠲᠡᠳᠬᠦᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ  ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠬᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠶᠠᠳᠠᠭᠤ  ᠠᠴᠠ ᠠᠩᠭᠢᠵᠢᠷᠠᠭᠤᠯᠬᠤ ᠭᠠᠵᠠᠷ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠬᠠᠮᠢᠶ᠎ᠠ ᠪᠦᠬᠦᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶ᠎ᠡ ᠴᠠᠷᠠᠭ᠎ᠠ ᠶᠢᠨ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠷᠪᠠᠨ ᠪᠦᠷᠢᠨ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠲᠥᠰᠥᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ  ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠣᠲᠣ ᠶᠢᠨ ᠬᠡᠷᠡᠭᠵᠢᠭᠦᠯᠵᠦ ᠪᠠᠶᠢᠭ᠎ᠠ ᠠᠷᠭ᠎ᠠ ᠵᠠᠮ ᠢᠶᠠᠷ ᠳᠠᠮᠵᠢᠭᠤᠯᠤᠨ ᠪᠡᠯᠡ ᠮᠥᠩᠭᠦ ᠶᠢᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ  ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ  ᠂ ᠣᠨᠴᠠ ᠬᠦᠴᠢᠷᠳᠡᠯᠲᠡᠢ ᠬᠥᠮᠥᠰ ᠵᠡᠷᠭᠡ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠮᠠᠭᠠᠳᠯᠠᠨ ᠲᠣᠭᠲᠠᠭᠠᠬᠤ ᠶᠢ ᠬᠠᠷᠢᠭᠤᠴᠠᠵᠤ  ᠂ ᠬᠥᠳᠡᠭᠡ ᠲᠣᠰᠬᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ  ᠂ ᠣᠨᠴᠠ ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ  ᠂ ᠲᠦᠷ ᠴᠠᠭ ᠲᠡᠩᠬᠡᠷᠡᠭᠦᠯᠦᠨ ᠲᠤᠰᠠᠯᠠᠬᠤ ᠵᠡᠷᠭᠡ ᠠᠵᠢᠯ ᠢ ᠰᠠᠶᠢᠲᠤᠷ ᠬᠢᠨ᠎ᠡ  ᠃ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠡᠯ᠎ᠡ ᠵᠦᠢᠯ ᠤᠨ ᠡᠮᠴᠢᠯᠡᠭᠡᠨ ᠤ ᠪᠠᠲᠤᠯᠠᠭ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︵ ᠶᠠᠳᠠᠭᠤ ᠶᠢ ᠲᠡᠳᠬᠦᠬᠦ  ︶ ᠰᠠᠯᠠᠭ᠎ᠠ ᠮᠥᠴᠢᠷ ᠨᠢ ᠶᠠᠳᠠᠭᠤ  ᠠᠴᠠ ᠠᠩᠭᠢᠵᠢᠷᠠᠭᠰᠠᠨ ᠬᠥᠮᠥᠨ ᠠᠮᠠ  ᠂ ᠳᠠᠬᠢᠨ ᠶᠠᠳᠠᠭᠤᠷᠠᠬᠤ  ᠠᠴᠠ ᠪᠣᠯᠵᠤ ᠶᠠᠳᠠᠭᠤᠷᠠᠭᠰᠠᠨ ᠬᠥᠮᠥᠨ ᠠᠮᠠ ᠶᠢ ᠮᠠᠭᠠᠳᠯᠠᠨ ᠲᠣᠭᠲᠠᠭᠠᠬᠤ ᠶᠢ ᠬᠠᠷᠢᠭᠤᠴᠠᠵᠤ  ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠪᠠ ᠵᠣᠯᠭᠠᠭᠤᠯᠬᠤ ᠶᠢ ᠰᠠᠶᠢᠲᠤᠷ ᠬᠢᠨ᠎ᠡ  ᠃ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ  ᠂ ᠴᠠᠯᠢᠩ ᠣᠯᠭᠤᠮᠵᠢ  ᠂ ᠬᠥᠳᠡᠭᠡ ᠲᠣᠰᠬᠤᠨ ᠤ ᠡᠮᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠤᠯᠴᠠᠬᠤ ᠵᠡᠷᠭᠡ ᠲᠥᠷᠥ ᠶᠢᠨ ᠲᠠᠷᠢᠶᠠᠯᠠᠩ ᠮᠠᠯ ᠠᠵᠤ ᠠᠬᠤᠢ  ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ  ᠂ ᠠᠮᠢ ᠠᠬᠤᠢ ᠶᠢᠨ ᠣᠷᠴᠢᠨ ᠲᠣᠭᠤᠷᠢᠨ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︵ ᠶᠠᠳᠠᠭᠤ ᠶᠢ ᠲᠡᠳᠬᠦᠬᠦ  ︶ ᠵᠡᠷᠭᠡ ᠰᠠᠯᠠᠭ᠎ᠠ ᠮᠥᠴᠢᠷ ᠤᠳ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ  ᠃ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠯᠤᠰ ᠡᠵᠡᠮᠰᠢᠯᠲᠦ ᠡᠮᠴᠢᠯᠡᠭᠡᠨ ᠤ ᠲᠣᠣᠷ ᠰᠦᠯᠵᠢᠶ᠎ᠡ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠡᠷᠢᠭ ᠠᠩᠭᠢ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠴᠡᠷᠢᠭ ᠠᠩᠭᠢ ᠶᠢᠨ ᠰᠢᠰᠲ᠋ᠧᠮ ᠤᠨ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠠᠵᠢᠯ ᠲᠥᠷᠥᠯ ᠢᠶᠠᠷ ᠢᠶᠠᠨ ᠣᠷᠣᠨ ᠨᠤᠲᠤᠭ ᠢ ᠲᠡᠮᠵᠢᠬᠦ ᠠᠵᠢᠯ ᠢ ᠬᠠᠷᠢᠭᠤᠴᠠᠨ᠎ᠠ᠃      ︵ ᠬᠤᠷᠢᠨ ᠨᠢᠭᠡ  ︶ ᠬᠡᠯᠪᠡᠶᠢᠯᠭᠡᠵᠦ ᠳᠡᠮᠵᠢᠬᠦ ᠶᠢ ᠴᠢᠩᠭᠠᠳᠬᠠᠨ᠎ᠠ  ᠃ ᠣᠲᠣ ᠶᠢᠨ ᠪᠠᠶᠢᠭ᠎ᠠ ᠶᠠᠳᠠᠭᠤ  ᠠᠴᠠ ᠠᠩᠭᠢᠵᠢᠷᠠᠭᠤᠯᠬᠤ ᠭᠠᠵᠠᠷ ᠣᠷᠣᠨ ᠤ ᠡᠯ᠎ᠡ ᠲᠥᠷᠥᠯ ᠤᠨ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ  ᠂ ᠪᠡᠯᠡ ᠮᠥᠩᠭᠦ ᠪᠠ ᠲᠥᠷᠥᠯ ᠵᠦᠢᠯ ᠢ ᠰᠢᠯᠵᠢᠯᠲᠡ ᠶᠢᠨ ᠬᠤᠭᠤᠴᠠᠭᠠᠨ ᠳᠤ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠬᠤ ᠶᠢᠨ ᠬᠠᠮᠲᠤ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠳᠠᠰᠢ ᠬᠡᠯᠪᠡᠶᠢᠯᠭᠡᠨ᠎ᠡ᠃ ᠥᠪᠡᠷᠲᠡᠭᠡᠨ ᠵᠠᠰᠠᠬᠤ ᠣᠷᠣᠨ  ᠂ ᠠᠶᠢᠮᠠᠭ ᠬᠤᠲᠠ ᠬᠤᠶᠠᠷ ᠱᠠᠲᠤᠨ ᠤ ᠡᠳ᠋ ᠤᠨ ᠵᠠᠰᠠᠭ  ᠠᠴᠠ ᠲᠣᠬᠢᠷᠠᠭᠤᠯᠤᠭᠰᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥᠯ ᠵᠦᠢᠯ ᠤᠨ ᠪᠡᠯᠡ ᠮᠥᠩᠭᠦ ᠶᠢ ᠶᠠᠳᠠᠭᠤ  ᠠᠴᠠ ᠠᠩᠭᠢᠵᠢᠷᠠᠭᠤᠯᠬᠤ ᠭᠠᠵᠠᠷ ᠣᠷᠣᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠳᠠᠰᠢ ᠵᠣᠬᠢᠬᠤ ᠬᠡᠮᠵᠢᠶ᠎ᠡ ᠪᠠᠷ ᠬᠡᠯᠪᠡᠶᠢᠯᠭᠡᠬᠦ ᠬᠡᠷᠡᠭᠲᠡᠢ᠃ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠵᠢᠯᠴᠠᠭ᠎ᠠ᠂ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠳᠡᠮᠵᠢᠬᠦ ᠪᠠ ᠨᠡᠶᠢᠭᠡᠮ ᠤᠨ ᠬᠦᠴᠦᠨ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶ᠎ᠡ ᠲᠡᠰᠢ ᠤᠯᠠᠮ ᠨᠢᠭᠡ ᠠᠯᠬᠤᠮ ᠬᠡᠯᠪᠡᠶᠢᠯᠭᠡᠪᠡ᠃      ︵ ᠬᠤᠷᠢᠨ ᠬᠤᠶᠠᠷ  ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠬᠤ ᠬᠡᠷᠡᠭᠲᠡᠢ  ᠃ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠡᠷᠡᠭᠦᠯ ᠡᠩᠬᠡ ᠪᠠᠷ ᠶᠠᠳᠠᠭᠤ ᠶᠢ ᠲᠡᠳᠬᠦᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢᠨ ᠪᠣᠯᠪᠠᠰᠤᠷᠠᠯ ᠢ ᠴᠢᠩᠭᠠᠳᠬᠠᠵᠤ᠂ ᠤᠯᠠᠨ ᠠᠷᠭ᠎ᠠ ᠬᠡᠮᠵᠢᠶ᠎ᠡ ᠪᠠᠷ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠡᠷᠡᠭᠦᠯ ᠬᠠᠮᠠᠭᠠᠯᠠᠯ ᠡᠷᠡᠭᠦᠯ ᠡᠩᠬᠡ ᠶᠢᠨ ᠠᠵᠢᠯ ᠲᠦᠷᠦᠯ ᠪᠣᠯᠣᠨ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ ᠲᠦᠷᠦ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠨᠡᠶᠢᠭᠡᠮ ᠤᠨ ᠵᠢᠱᠢᠯᠲᠡ ᠶᠢ ᠬᠥᠲᠥᠯᠥᠨ ᠵᠢᠯᠣᠭᠤᠳᠤᠨ᠎ᠠ᠃ ᠡᠷᠡᠭᠦᠯ ᠡᠩᠬᠡ ᠪᠠᠷ ᠶᠠᠳᠠᠭᠤ ᠶᠢ ᠲᠡᠳᠬᠦᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠡᠳ ᠣᠯᠣᠭᠰᠠᠨ ᠠᠵᠢᠯ ᠤᠨ ᠠᠬᠢᠴᠠ ᠪᠠ ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠵᠤ  ᠂ ᠥᠷᠭᠡᠨ ᠣᠯᠠᠨ ᠡᠮᠨᠡᠯᠭᠡ ᠶᠢᠨ ᠠᠵᠢᠯᠲᠠᠳ ᠤᠨ ᠮᠠᠯᠵᠢᠬᠤ ᠲᠠᠷᠢᠶᠠᠯᠠᠬᠤ ᠣᠷᠣᠨ ᠳᠤ ᠭᠦᠨᠵᠡᠭᠡᠶᠢᠷᠡᠵᠦ  ᠂ ᠦᠨᠳᠦᠰᠦᠨ ᠱᠠᠲᠤᠨ ᠳᠤ ᠭᠦᠨᠵᠡᠭᠡᠶᠢᠷᠡᠵᠦ ᠣᠯᠠᠨ ᠲᠦᠮᠡᠨ ᠤ ᠡᠪᠡᠳᠴᠢᠨ ᠡᠮᠭᠡᠭ ᠢ ᠠᠷᠢᠯᠭᠠᠵᠤ ᠥᠭᠭᠦᠭᠰᠡᠨ ᠠᠮᠢᠳᠤᠯᠢᠭ ᠦᠶᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ  ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ  ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号