ᠡᠯ᠎ᠡ ᠠᠶᠢᠮᠠᠭ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠲᠣᠪᠴᠢᠶ᠎ᠠ ᠂ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ | ᠂ ᠮᠠᠨᠵᠤᠤᠷ ᠬᠤᠲᠠ ᠂ ᠡᠷᠢᠶᠡᠨ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ | ᠲᠣᠪᠴᠢᠶ᠎ᠠ ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠳᠤ ᠄ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢᠨ ᠲᠥᠯᠥᠭᠡ ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠂ ᠮᠠᠯᠵᠢᠬᠤ ᠲᠠᠷᠢᠶᠠᠯᠠᠬᠤ | ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠶᠢᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠠᠵᠢᠯ ᠢ | ᠦᠷᠭᠦᠯᠵᠢᠯᠡᠨ ᠰᠠᠶᠢᠲᠤᠷ ᠬᠢᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠬᠤ ᠶᠢ ᠳᠡᠮᠵᠢᠵᠦ ᠂ ︽ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠳ᠋ ᠤᠨ ᠵᠠᠰᠠᠭ ᠤᠨ ᠶᠠᠮᠤᠨ ᠤ ᠲᠠᠷᠢᠶᠠᠯᠠᠩ ᠬᠥᠳᠡᠭᠡ | ᠲᠣᠰᠬᠤᠨ ᠤ ᠶᠠᠮᠤᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠠᠵᠢᠯ | ᠣᠯᠭᠤᠯᠲᠠ ᠪᠠᠷ ᠬᠠᠪᠰᠤᠷᠤᠨ ᠲᠡᠳᠬᠦᠬᠦ ᠶᠢ ᠦᠨᠡᠨᠬᠦ ᠴᠢᠩᠭᠠᠳᠬᠠᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ ᠲᠤᠬᠠᠢ ᠵᠢᠯᠤᠭᠤᠳᠬᠤ ᠰᠠᠨᠠᠯ ︾ ︵ ᠬᠥᠮᠥᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ ﹇2021﹈ 26 ᠳ᠋ᠤᠭᠠᠷ ᠲᠣᠭᠠᠲᠤ ︶ ᠢ ᠦᠨᠳᠦᠰᠦᠯᠡᠨ ᠂ | ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠣᠳᠠᠲᠠᠢ ᠲᠠᠢ ᠤᠶᠠᠯᠳᠤᠭᠤᠯᠤᠨ ᠂ ᠡᠳᠦᠭᠡ ᠲᠤᠤᠷᠠᠬᠢ ᠮᠡᠲᠦ | ᠲᠤᠭᠤᠰᠢᠯᠠᠭᠤᠯᠤᠨ ᠬᠡᠷᠡᠭᠵᠢᠭᠦᠯᠬᠦ ᠰᠠᠨᠠᠯ ᠢ ᠳᠤᠷᠠᠳᠪᠠ ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ ᠭᠤᠷᠪᠠᠳᠤᠭᠠᠷ ᠂ ᠳᠥᠷᠪᠡᠳᠦᠭᠡᠷ ᠂ | ᠲᠠᠪᠤᠳᠤᠭᠠᠷ ᠪᠦᠭᠦᠳᠡ ᠬᠤᠷᠠᠯ ᠂ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠢ ᠳ᠋ᠦᠩᠨᠡᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ | ᠳᠥᠷᠪᠡ ᠶᠢ ᠥᠯᠥ ᠰᠠᠯᠭᠠᠬᠤ ︾ ᠶᠡᠷᠦᠩᠬᠡᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠂ ᠮᠠᠯᠵᠢᠬᠤ | ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠶᠢᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ | ᠤᠳᠤᠷᠢᠳᠬᠤ ᠪᠠᠶᠢᠭᠤᠯᠤᠯ ᠪᠠ ᠠᠵᠢᠯ ᠤᠨ ᠰᠢᠰᠲ᠋ᠧᠮᠵᠢ ᠶᠢ ᠪᠦᠷᠢᠨᠰᠢᠭᠦᠯᠵᠦ ᠂ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠦᠨ ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ ᠂ ᠶᠠᠳᠠᠭᠤ ᠠᠴᠠ ᠠᠩᠭᠢᠵᠢᠷᠠᠭᠰᠠᠨ | ᠬᠥᠮᠥᠨ ᠠᠮᠠ ᠶᠢᠨ ᠲᠣᠭᠲᠠᠭᠤᠨ ᠢᠶᠠᠷ ᠠᠵᠢᠯ ᠣᠯᠬᠤ ᠶᠢ ᠠᠬᠢᠭᠤᠯᠤᠨ ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠃ | ᠬᠤᠶᠠᠷ ᠂ ᠬᠠᠷᠠᠯᠲᠠ ᠶᠢᠨ ᠡᠭᠦᠷᠭᠡ | ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠪᠣᠯᠣᠨ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ | ᠪᠠᠭᠠᠲᠠᠢ ᠬᠥᠮᠥᠨ ᠠᠮᠠ ᠶᠢᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠶᠢ ᠴᠢᠩᠭᠠᠷᠠᠭᠤᠯᠵᠤ ᠂ ᠠᠵᠢᠯ ᠣᠯᠬᠤ | ᠬᠦᠰᠡᠯ ᠲᠠᠢ ᠠᠵᠢᠯ ᠣᠯᠣᠭᠠᠳᠤᠢ ᠬᠥᠮᠥᠰ ᠢ ᠬᠠᠪᠰᠤᠷᠤᠨ ᠠᠵᠢᠯ ᠣᠯᠭᠤᠬᠤ ᠶᠢ ᠪᠡᠶᠡᠯᠡᠭᠦᠯᠵᠦ ᠂ ᠨᠢᠭᠡᠨᠲᠡ ᠠᠵᠢᠯ | ᠣᠯᠣᠭᠰᠠᠳ ᠢ ᠬᠠᠪᠰᠤᠷᠤᠨ ᠲᠣᠭᠲᠠᠪᠤᠷᠢᠲᠠᠢ ᠠᠵᠢᠯ ᠣᠯᠭᠤᠵᠤ ᠂ ᠶᠠᠳᠠᠭᠤ ᠠᠴᠠ ᠠᠩᠭᠢᠵᠢᠷᠠᠭᠰᠠᠨ ᠬᠥᠮᠥᠨ | ᠠᠮᠠ ᠶᠢᠨ ᠠᠵᠢᠯ ᠣᠯᠬᠤ ᠬᠡᠪᠴᠢᠶ᠎ᠡ ᠶᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ ᠃ ᠣᠨᠳᠣᠣ | ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠵᠦ ᠠᠵᠢᠯ ᠣᠯᠭᠤᠬᠤ ᠶᠢ ᠬᠠᠪᠰᠤᠷᠤᠨ ᠲᠡᠳᠬᠦᠬᠦ ᠠᠵᠢᠯ ᠤᠨ ᠡᠷᠴᠢᠮ ᠢ | ᠴᠢᠩᠭᠠᠷᠠᠭᠤᠯᠵᠤ᠂ ᠬᠥᠳᠡᠯᠮᠦᠷᠢᠯᠡᠬᠦ ᠴᠢᠳᠠᠪᠤᠷᠢ ᠲᠠᠢ ᠮᠥᠷᠲᠡᠭᠡᠨ ᠠᠵᠢᠯ ᠣᠯᠬᠤ ᠬᠦᠰᠡᠯ ᠲᠠᠢ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠳᠤ ᠪᠦᠬᠦᠨ ᠢ ᠠᠵᠢᠯ ᠣᠯᠭᠤᠬᠤ ᠶᠢ ᠠᠬᠢᠭᠤᠯᠵᠤ᠂ ᠲᠥᠪᠯᠡᠷᠡᠭᠦᠯᠦᠨ ᠲᠥᠪᠬᠢᠨᠡᠭᠦᠯᠬᠦ | ᠴᠡᠭ ᠤᠨ ᠠᠵᠢᠯ ᠣᠯᠭᠤᠯᠲᠠ ᠶᠢᠨ ᠦᠢᠯᠡᠴᠢᠯᠡᠭᠡ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠯᠠᠪᠳᠠᠭᠤᠨ ᠪᠠᠲᠤᠲᠠᠢ ᠥᠷᠨᠢᠭᠦᠯᠵᠦ ᠂ | ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠲᠠᠢ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠪᠣᠯᠣᠨ | ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠨᠢᠭᠡᠪᠦᠷᠢ ᠳᠤ ᠴᠥᠮ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠭᠥᠷᠳᠡᠬᠦ ᠲᠣᠬᠢᠶᠠᠯ ᠣᠯᠭᠤᠨ᠎ᠠ ᠃ ᠮᠠᠯᠵᠢᠬᠤ ᠲᠠᠷᠢᠶᠠᠯᠠᠬᠤ ᠣᠷᠣᠨ ᠤ | ᠣᠷᠣᠯᠭ᠎ᠠ ᠪᠠᠭᠠᠲᠠᠢ ᠬᠥᠮᠥᠨ ᠠᠮᠠ ᠶᠢᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠨᠠᠩ ᠪᠦᠷᠢᠨᠰᠢᠭᠦᠯᠦᠨ᠎ᠡ ᠃ | ᠭᠤᠷᠪᠠ ᠂ ᠠᠵᠢᠯ ᠤᠨ ᠠᠷᠭ᠎ᠠ ᠬᠡᠮᠵᠢᠶ᠎ᠡ | ︵ ᠨᠢᠭᠡ ︶ ᠠᠵᠤ ᠠᠬᠤᠶᠢᠯᠠᠯ ᠤᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠰᠢᠩᠭᠡᠬᠡᠨ ᠠᠪᠬᠤ ᠪᠠ | ᠲᠣᠭᠲᠠᠪᠤᠷᠢᠵᠢᠭᠤᠯᠬᠤ ᠶᠢ ᠵᠣᠷᠢᠭᠵᠢᠭᠤᠯᠤᠨ᠎ᠠ ᠃ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢ ᠣᠷᠣᠭᠤᠯᠤᠨ | ᠠᠪᠴᠤ ᠠᠵᠢᠯ ᠣᠯᠭᠤᠬᠤ ᠶᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠂ | ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢ ᠣᠷᠣᠭᠤᠯᠤᠨ ᠠᠪᠴᠤ ᠠᠵᠢᠯ ᠣᠯᠭᠤᠬᠤ ᠬᠡᠪᠴᠢᠶ᠎ᠡ ᠪᠠᠷ ᠶᠡᠭᠡ | ᠠᠵᠤ ᠠᠬᠤᠶᠢᠯᠠᠯ ᠳᠤ ᠡᠳ᠋ ᠤᠨ ᠵᠠᠰᠠᠭ ᠤᠨ ᠵᠣᠯᠭᠠᠭᠤᠯᠬᠤ ᠪᠡᠯᠡ ᠮᠥᠩᠭᠦ ᠪᠠᠷ ᠳᠠᠮᠵᠢᠭᠤᠯᠤᠨ ᠨᠢᠭᠡ ᠤᠳᠠᠭ᠎ᠠ ᠶᠢᠨ | ᠴᠢᠨᠠᠷᠲᠠᠢ ᠱᠠᠩᠨᠠᠯ ᠨᠥᠬᠦᠪᠦᠷᠢ ᠣᠯᠭᠤᠵᠤ ᠪᠣᠯᠣᠨ᠎ᠠ ︔ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢ ᠡᠯᠰᠡᠨ | ᠬᠡᠷᠡᠭᠯᠡᠬᠦ ᠶᠢᠨ ᠬᠠᠮᠲᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠤᠰᠢᠶᠠᠭᠰᠠᠨ ᠠᠵᠤ ᠠᠬᠤᠶᠢᠯᠠᠯ ᠪᠠ | ᠨᠢᠭᠡᠴᠡ ᠳᠤ ᠠᠵᠢᠯ ᠣᠯᠬᠤ ᠳᠤ ᠬᠦᠴᠢᠷᠲᠡᠢ ᠬᠥᠮᠥᠰ ᠢ ᠡᠯᠰᠡᠨ ᠬᠡᠷᠡᠭᠯᠡᠬᠦ ᠳᠤ ᠨᠡᠶᠢᠭᠡᠮ ᠤᠨ ᠳᠠᠭᠠᠳᠬᠠᠯ ᠤᠨ | ᠨᠥᠬᠦᠪᠦᠷᠢ ᠶᠢᠨ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠵᠤ ᠂ ᠲᠣᠭᠲᠠᠭᠠᠯ ᠶᠣᠰᠣᠭᠠᠷ ᠨᠡᠶᠢᠭᠡᠮ ᠤᠨ | ᠳᠠᠭᠠᠳᠬᠠᠯ ᠤᠨ ᠨᠥᠬᠦᠪᠦᠷᠢ ᠣᠯᠭᠤᠨ᠎ᠠ ︔ ᠨᠥᠬᠦᠴᠡᠯ ᠳᠤ ᠨᠡᠶᠢᠴᠡᠬᠦ ᠶᠠᠳᠠᠭᠤ ᠠᠴᠠ ᠠᠩᠭᠢᠵᠢᠷᠠᠭᠰᠠᠨ ᠬᠥᠮᠥᠨ | ᠠᠮᠠ ᠶᠢ ᠣᠷᠣᠭᠤᠯᠤᠨ ᠠᠵᠢᠯ ᠣᠯᠭᠤᠭᠰᠠᠨ ᠠᠵᠤ ᠠᠬᠤᠶᠢᠯᠠᠯ ᠳᠤ ᠂ ᠠᠳᠠᠯ ᠦᠢᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠵᠢᠴᠢ ᠳᠠᠮ ᠬᠦᠦ ᠵᠡᠷᠭᠡ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ | ᠨᠠᠶᠢᠳᠠᠪᠤᠷᠢᠵᠢᠭᠤᠯᠤᠨ᠎ᠠ ᠃ ᠠᠵᠤ ᠠᠬᠤᠶᠢᠯᠠᠯ ᠤᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠶᠢ ᠲᠡᠮᠵᠢᠵᠤ᠂ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠪᠤᠴᠠᠭᠠᠬᠤ᠂ ᠪᠣᠯᠪᠠᠰᠤᠷᠠᠭᠤᠯᠤᠯ ᠤᠨ ᠨᠥᠬᠦᠪᠦᠷᠢ ᠥᠭᠬᠦ ᠵᠡᠷᠭᠡ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢ ᠤᠷᠢᠳᠠᠪᠠᠷ ᠦᠯᠡᠳᠡᠭᠡᠨ ᠬᠡᠷᠡᠭᠯᠡᠬᠦ ᠶᠢ | ᠬᠥᠲᠥᠯᠥᠨ ᠵᠢᠯᠤᠭᠤᠳᠴᠤ ᠴᠡᠭ ᠲᠣᠭᠲᠠᠭᠠᠨ ᠬᠠᠨᠳᠤᠯᠭ᠎ᠠ ᠲᠠᠢ ᠪᠠᠷ ᠦᠢᠯᠡᠴᠢᠯᠡᠬᠦ ᠶᠢ ᠴᠢᠩᠭᠠᠳᠬᠠᠵᠤ᠂ | ᠭᠤᠣᠯᠳᠠᠯᠭ᠎ᠠ ᠲᠠᠢ ᠠᠵᠤ ᠠᠬᠤᠶᠢᠯᠠᠯ ᠳᠤ ᠬᠡᠷᠡᠭᠯᠡᠬᠦ ᠠᠵᠢᠯᠴᠢᠨ ᠤ ᠬᠤᠷᠰᠢᠶ᠎ᠠ ᠶᠢᠨ ᠦᠢᠯᠡᠴᠢᠯᠡᠭᠡᠨ ᠤ ᠲᠤᠰᠬᠠᠢ | ᠲᠤᠰᠢᠶᠠᠯᠲᠠᠨ ᠭᠠᠷᠭᠠᠵᠤ᠂ ᠠᠵᠤ ᠠᠬᠤᠶᠢᠯᠠᠯ ᠢ ᠵᠢᠯᠣᠭᠤᠳᠤᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠯᠤᠭ᠎ᠠ | ᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ ᠲᠣᠭᠲᠠᠭᠠᠬᠤ ᠶᠢᠨ ᠬᠠᠮᠲᠤ ᠲᠡᠭᠦᠨ ᠢ ᠭᠦᠢᠴᠡᠳᠬᠡᠵᠦ᠂ ᠨᠡᠶᠢᠭᠡᠮ ᠤᠨ | ᠳᠠᠭᠠᠳᠬᠠᠯ ᠳᠤ ᠣᠷᠣᠯᠴᠠᠭᠤᠯᠤᠨ᠂ ᠬᠥᠳᠡᠯᠮᠦᠷᠢ ᠶᠢᠨ ᠬᠥᠯᠥᠰᠦ ᠣᠯᠭᠤᠮᠵᠢ ᠶᠢ ᠴᠠᠭ ᠲᠤᠬᠠᠢ ᠳᠤᠨᠢ ᠭᠦᠢᠴᠡᠳ | ᠲᠤᠭ᠎ᠠ ᠪᠠᠷ ᠣᠯᠭᠤᠵᠤ᠂ ᠬᠥᠳᠡᠯᠮᠦᠷᠢ ᠶᠢᠨ ᠨᠥᠬᠦᠴᠡᠯ ᠢ ᠢᠳᠡᠪᠬᠢᠲᠡᠢ ᠪᠠᠷ ᠰᠠᠶᠢᠵᠢᠷᠠᠭᠤᠯᠤᠨ᠎ᠠ᠃ | ︵ ᠬᠤᠶᠠᠷ ︶ ᠠᠵᠤ ᠦᠢᠯᠡᠰ ᠤᠨ ᠬᠥᠭᠵᠢᠯᠲᠡ ᠶᠢ ᠳᠡᠮᠵᠢᠵᠦ ᠠᠵᠢᠯ ᠣᠯᠭᠤᠬᠤ ᠠᠵᠢᠯ ᠤᠨ ᠪᠠᠶᠢᠷᠢ ᠶᠢ | ᠨᠡᠮᠡᠭᠳᠡᠭᠦᠯᠦᠨ᠎ᠡ ᠃ ᠣᠳᠣ ᠦᠶ᠎ᠡ ᠶᠢᠨ ᠲᠡᠵᠢᠭᠡᠨ ᠦᠷᠡᠵᠢᠭᠦᠯᠬᠦ ᠦᠢᠯᠡᠰ ᠂ ᠣᠷᠣᠨ ᠨᠤᠲᠤᠭ ᠤᠨ ᠣᠨᠴᠠᠯᠢᠭᠲᠤ | ᠠᠵᠤ ᠦᠢᠯᠡᠰ ᠂ ᠰᠡᠯᠡᠭᠦᠴᠡᠯ ᠵᠤᠭᠠᠴᠠᠯ ᠤᠨ ᠦᠢᠯᠡᠰ ᠂ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠰ ᠵᠡᠷᠭᠡ | ᠬᠥᠳᠡᠭᠡ ᠲᠣᠰᠬᠤᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ ᠂ ᠶᠠᠳᠠᠭᠤ ᠠᠴᠠ ᠠᠩᠭᠢᠵᠢᠷᠠᠭᠰᠠᠨ ᠬᠥᠮᠥᠨ | ᠠᠮᠠ ᠶᠢ 《ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ》 ᠠᠷᠭ᠎ᠠ ᠮᠠᠶ᠋ᠢᠭ ᠢᠶᠠᠷ ᠳᠠᠮᠵᠢᠭᠤᠯᠤᠨ | ᠲᠠᠷᠢᠶᠠᠯᠠᠩ ᠤᠨ ᠤᠰᠤᠨ ᠠᠰᠢᠭᠯᠠᠯᠲᠠ᠂ ᠠᠶᠢᠯ ᠲᠣᠰᠬᠤᠨ ᠤ ᠵᠠᠮ᠂ ᠬᠥᠮᠥᠰ ᠤᠨ ᠣᠷᠣᠰᠢᠨ ᠰᠠᠭᠤᠬᠤ ᠣᠷᠴᠢᠨ | ᠨᠥᠬᠦᠴᠡᠯ ᠢ ᠴᠡᠭᠴᠡᠯᠡᠨ ᠵᠠᠰᠠᠬᠤ᠂ ᠬᠥᠳᠡᠭᠡ ᠲᠣᠰᠬᠤᠨ ᠢ ᠨᠣᠭᠤᠭᠠᠷᠠᠭᠤᠯᠬᠤ ᠵᠡᠷᠭᠡ ᠪᠦᠲᠦᠭᠡᠨ ᠪᠠᠶᠢᠭᠤᠯᠤᠯᠲᠠ ᠳᠤ | ᠣᠷᠣᠯᠴᠠᠭᠤᠯᠬᠤ ᠶᠢ ᠤᠷᠢᠳ ᠢᠶᠠᠷ ᠲᠣᠬᠢᠷᠠᠭᠤᠯᠵᠤ᠂ ᠬᠥᠳᠡᠭᠡ ᠲᠣᠰᠬᠤᠨ ᠤ ᠤᠯᠠᠨ ᠨᠡᠶᠢᠲᠡ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠭᠠᠵᠠᠷ | ᠣᠷᠣᠨ ᠳᠤ ᠨᠢᠭᠡ ᠪᠦᠯᠦᠭ ᠣᠷᠣᠨ ᠪᠦᠰᠡ ᠶᠢᠨ ᠴᠢᠨᠠᠷᠲᠠᠢ ᠪᠠ ᠣᠷᠣᠨ ᠪᠦᠰᠡ ᠠᠯᠤᠰᠯᠠᠭᠰᠠᠨ ᠴᠢᠬᠤᠯᠠ ᠶᠡᠭᠡ | ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠤ᠂ ᠠᠵᠢᠯ ᠣᠯᠭᠤᠬᠤ | ᠠᠵᠢᠯ ᠤᠨ ᠪᠠᠶᠢᠷᠢ ᠶᠢ ᠨᠡᠮᠡᠭᠳᠡᠭᠦᠯᠦᠨ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢ ᠬᠠᠪᠰᠤᠷᠤᠨ ᠠᠵᠢᠯ | ᠣᠯᠭᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠪᠠ ᠮᠠᠯᠵᠢᠬᠤ ᠲᠠᠷᠢᠶᠠᠯᠠᠬᠤ ᠣᠷᠣᠨ ᠤ | ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠠᠪᠤᠴᠠ ᠳᠤ ᠂ ᠶᠠᠳᠠᠭᠤ | ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠭᠤᠯᠲᠠ ᠶᠢ ᠤᠷᠢᠳᠠᠪᠠᠷ ᠲᠣᠬᠢᠷᠠᠭᠤᠯᠤᠨ᠎ᠠ ᠃ ᠠᠵᠢᠯ | ᠣᠯᠭᠤᠯᠲᠠ ᠶᠢ ᠳᠠᠶᠢᠴᠢᠯᠠᠬᠤ ᠪᠠᠷ ᠢᠯᠡᠷᠬᠡᠢ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠠᠵᠤ ᠦᠶᠢᠯᠡᠰᠵᠢᠯᠲᠡ ᠶᠢᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ | ᠨᠥᠬᠦᠴᠡᠯ ᠳᠤ ᠨᠡᠶᠢᠴᠡᠬᠦ ᠲᠥᠷᠥᠯ ᠵᠦᠢᠯ ᠢ ᠤᠷᠢᠳᠠᠪᠠᠷ ᠮᠠᠭᠠᠳᠯᠠᠨ ᠲᠣᠭᠲᠠᠭᠠᠬᠤ ᠶᠢᠨ ᠬᠠᠮᠲᠤ ᠂ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠭᠤᠣᠯᠳᠠᠯᠭ᠎ᠠ ᠲᠠᠢ ᠬᠥᠲᠥᠴᠢ | ᠠᠵᠤ ᠠᠬᠤᠶᠢᠯᠠᠯ ᠳᠤ ᠬᠠᠮᠢᠶ᠎ᠠ ᠪᠦᠬᠦᠢ ᠲᠥᠷᠥ ᠶᠢᠨ | ︵ ᠭᠤᠷᠪᠠ ︶ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠠᠴᠢᠶᠠᠯᠠᠪᠤᠷᠢ ᠶᠢ ᠪᠠᠬᠢᠵᠢᠭᠦᠯᠵᠦ ᠠᠵᠢᠯ | ᠣᠯᠭᠤᠯᠲᠠ ᠶᠢ ᠠᠬᠢᠭᠤᠯᠤᠨ᠎ᠠ ᠃ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ | ᠵᠡᠷᠭᠡ ᠡᠯ᠎ᠡ ᠲᠦᠷᠦᠯ ᠤᠨ ᠠᠵᠢᠯ ᠣᠯᠭᠤᠯᠲᠠ ᠶᠢᠨ ᠠᠴᠢᠶᠠᠯᠠᠪᠤᠷᠢ ᠶᠢᠨ ᠵᠠᠷᠤᠳᠠᠯ ᠢ ᠬᠠᠰᠤᠵᠤ ᠬᠡᠯᠲᠦᠷᠢᠭᠦᠯᠬᠦ᠂ ᠨᠢᠭᠡ | ᠯᠡ ᠤᠳᠠᠭ᠎ᠠ ᠶᠢᠨ ᠴᠢᠨᠠᠷᠲᠠᠢ ᠱᠠᠩᠨᠠᠵᠤ ᠨᠥᠬᠦᠪᠦᠷᠢᠯᠡᠬᠦ ᠵᠢᠴᠢ ᠣᠷᠣᠨ ᠨᠤᠲᠤᠭ ᠤᠨ ᠬᠡᠷᠡᠭᠵᠢᠭᠦᠯᠦᠭᠰᠡᠨ ᠡᠯ᠎ᠡ | ᠵᠦᠢᠯ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠦᠷᠭᠦᠯᠵᠢᠯᠡᠭᠦᠯᠵᠦ᠂ ᠠᠵᠢᠯ ᠣᠯᠭᠤᠯᠲᠠ ᠶᠢᠨ | ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ᠂ ᠨᠡᠶᠢᠭᠡᠮ ᠲᠣᠭᠤᠷᠢᠭ ᠤᠨ ᠦᠢᠯᠡᠳᠪᠦᠷᠢ᠂ ᠳᠠᠭᠠᠭᠤᠯᠢ | ᠤᠳᠤᠨ ᠤ ᠦᠢᠯᠡᠳᠪᠦᠷᠢ ᠵᠡᠷᠭᠡ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠠᠴᠢᠶᠠᠯᠠᠪᠤᠷᠢ ᠶᠢᠨ ᠴᠢᠳᠠᠮᠵᠢ ᠶᠢ | ᠪᠠᠬᠢᠵᠢᠭᠦᠯᠦᠨ ᠥᠷᠭᠡᠳᠬᠡᠵᠦ᠂ ᠠᠵᠢᠯ ᠣᠯᠭᠤᠯᠲᠠ ᠶᠢ ᠰᠢᠩᠭᠡᠬᠡᠨ ᠠᠪᠬᠤ ᠴᠢᠳᠠᠪᠤᠷᠢ ᠪᠠ ᠠᠵᠢᠯ ᠣᠯᠭᠤᠯᠲᠠ ᠶᠢᠨ | ᠦᠢᠯᠡᠴᠢᠯᠡᠭᠡᠨ ᠤ ᠴᠢᠳᠠᠪᠤᠷᠢ ᠶᠢ ᠨᠡᠮᠡᠭᠳᠡᠭᠦᠯᠵᠦ᠂ ᠲᠤᠬᠠᠢ ᠶᠢᠨ ᠭᠠᠵᠠᠷ ᠪᠠ ᠣᠶᠢᠷ᠎ᠠ ᠬᠠᠪᠢ ᠶᠢᠨ ᠠᠵᠢᠯ | ᠣᠯᠭᠤᠯᠲᠠ ᠶᠢᠨ ᠨᠡᠩ ᠤᠯᠠᠨ ᠠᠵᠠ ᠲᠣᠬᠢᠶᠠᠯ ᠢ ᠡᠭᠦᠳᠦᠨ᠎ᠡ᠃ ᠠᠵᠤ ᠠᠬᠤᠶᠢᠯᠠᠯ ᠂ ᠮᠠᠯᠴᠢᠨ ᠲᠠᠷᠢᠶᠠᠴᠢᠨ ᠤ | ᠲᠤᠰᠬᠠᠢ ᠠᠵᠢᠯ ᠤᠨ ᠬᠤᠷᠰᠢᠶ᠎ᠠ ᠪᠠ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ | ᠵᠡᠷᠭᠡ ᠡᠯ᠎ᠡ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ︵ ᠨᠢᠭᠡᠨᠲᠡ ᠠᠵᠢᠯᠴᠢᠨ ᠢᠶᠠᠷ ᠪᠣᠯᠪᠠᠰᠤᠷᠠᠭᠤᠯᠤᠯ ᠢ ᠣᠷᠣᠯᠠᠭᠤᠯᠬᠤ ᠠᠵᠢᠯ | ᠮᠡᠷᠭᠡᠵᠢᠯ ᠤᠨ ᠪᠣᠯᠪᠠᠰᠤᠷᠠᠭᠤᠯᠤᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠦᠷᠲᠡᠵᠦ ᠥᠩᠭᠡᠷᠡᠭᠰᠡᠨ | ᠬᠥᠮᠥᠰ ᠠᠴᠠ ᠪᠤᠰᠤᠳ ︶ ᠶᠢ ᠣᠷᠣᠭᠤᠯᠤᠨ ᠠᠪᠴᠤ ᠠᠵᠢᠯ ᠣᠯᠭᠤᠬᠤ ᠶᠢᠨ ᠬᠠᠮᠲᠤ ᠠᠵᠢᠯᠴᠢᠨ ᠢᠶᠠᠷ | ᠪᠣᠯᠪᠠᠰᠤᠷᠠᠭᠤᠯᠤᠯ ᠢ ᠣᠷᠣᠯᠠᠭᠤᠯᠬᠤ ᠶᠢ ᠥᠷᠨᠢᠭᠦᠯᠦᠭᠰᠡᠨ ᠪᠠᠶᠢᠪᠠᠯ ᠂ ᠣᠷᠣᠭᠤᠯᠤᠨ ᠠᠪᠤᠭᠰᠠᠨ ᠬᠥᠮᠥᠨ ᠤ | ᠲᠤᠭ᠎ᠠ ᠶᠢ ᠦᠨᠳᠦᠰᠦᠯᠡᠨ ᠬᠠᠮᠤᠭ ᠣᠷᠳᠣ ᠳᠠᠭᠠᠨ 6 ᠰᠠᠷ᠎ᠠ ᠠᠴᠠ ᠥᠯᠥ ᠬᠡᠲᠦᠷᠡᠬᠦ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠤᠨ ᠨᠥᠬᠦᠪᠦᠷᠢ ᠣᠯᠭᠤᠵᠤ ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠴᠠᠭ ᠢ 2021 | ᠣᠨ ᠤ ᠡᠴᠦᠰ ᠪᠣᠯᠲᠠᠯ᠎ᠠ ᠬᠡᠷᠡᠭᠵᠢᠭᠦᠯᠦᠨ᠎ᠡ ᠃ | ︵ ᠳᠥᠷᠪᠡ ︶ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠶᠢ ᠲᠡᠳᠬᠦᠨ ᠳᠡᠮᠵᠢᠨ᠎ᠡ ᠃ | ᠨᠥᠬᠦᠴᠡᠯ ᠳᠤ ᠨᠡᠶᠢᠴᠡᠬᠦ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠶᠢᠨ ᠬᠠᠷᠢᠶ᠎ᠠ ᠲᠠᠢ ᠬᠥᠳᠡᠯᠮᠦᠷᠢ | ᠬᠦᠴᠦᠨ ᠢ ᠠᠮᠢᠳᠤᠯᠢᠭ ᠢᠶᠠᠷ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ ᠲᠡᠳᠬᠦᠬᠦ ᠬᠡᠪᠴᠢᠶᠡᠨ ᠳᠤ | ᠣᠷᠣᠭᠤᠯᠵᠤ ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ | ᠪᠠᠭᠠᠲᠠᠢ ᠬᠥᠮᠥᠨ ᠠᠮᠠ ᠶᠢᠨ ᠲᠦᠷ ᠴᠠᠭ ᠤᠨ ᠴᠢᠨᠠᠷᠲᠠᠢ ᠂ ᠪᠦᠬᠦᠯᠢ ᠡᠳᠦᠷ ᠤᠨ ᠪᠤᠰᠤ ᠳᠦᠷᠢᠮᠲᠦ ᠂ ᠤᠯᠠᠷᠢᠯ ᠤᠨ | ᠴᠢᠨᠠᠷᠲᠠᠢ ᠂ ᠬᠠᠷᠢᠮᠠᠬᠠᠢ ᠴᠢᠨᠠᠷᠲᠠᠢ ᠠᠵᠢᠯ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠠᠮᠢᠳᠤᠯᠢᠭ ᠢᠶᠠᠷ | ᠠᠵᠢᠯ ᠣᠯᠬᠤ ᠶᠢ ᠪᠡᠶᠡᠯᠡᠭᠦᠯᠬᠦ ᠶᠢ ᠳᠡᠮᠵᠢᠨ᠎ᠡ ᠃ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠂ ᠮᠠᠯᠵᠢᠬᠤ | ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠶᠢᠨ ᠬᠤᠪᠢ ᠶᠢᠨ ᠡᠵᠡᠩᠨᠡᠯᠲᠡ ᠡᠷᠭᠢᠯᠡᠬᠦ ᠂ | ᠣᠨᠴᠠᠯᠢᠭᠲᠤ ᠵᠢᠵᠢᠭ ᠳᠡᠯᠭᠡᠭᠦᠷ ᠨᠡᠭᠡᠭᠡᠨ ᠡᠷᠭᠢᠯᠡᠬᠦ ᠶᠢ ᠵᠣᠷᠢᠭᠵᠢᠭᠤᠯᠵᠤ ᠂ ᠨᠥᠬᠦᠴᠡᠯ ᠳᠤ ᠨᠡᠶᠢᠴᠡᠭᠰᠡᠨ ᠪᠠᠶᠢᠪᠠᠯ | ᠲᠣᠭᠲᠠᠭᠠᠯ ᠶᠣᠰᠣᠭᠠᠷ ᠭᠠᠶᠢᠯᠢ ᠲᠠᠲᠠᠪᠤᠷᠢ ᠶᠢᠨ ᠬᠠᠷᠠᠭᠠᠯᠵᠠᠯ ᠂ ᠲᠠᠯᠠᠪᠤᠷ ᠭᠠᠵᠠᠷ ᠤᠨ ᠳᠡᠮᠵᠢᠯᠭᠡ ᠂ ᠨᠡᠶᠢᠭᠡᠮ ᠤᠨ | ᠳᠠᠭᠠᠳᠬᠠᠯ ᠤᠨ ᠨᠥᠬᠦᠪᠦᠷᠢ ᠵᠡᠷᠭᠡ ᠲᠥᠷᠥ ᠶᠢᠨ ᠪᠣᠳᠣᠯᠭ᠎ᠠ ᠣᠯᠭᠤᠨ᠎ᠠ ᠃ ᠢᠨᠲ᠋ᠧᠷ ᠰᠦᠯᠵᠢᠶᠡᠨ ᠤ ᠲᠠᠪᠴᠠᠩ ᠤᠨ | ᠠᠵᠤ ᠠᠬᠤᠶᠢᠯᠠᠯ ᠤᠨ ᠲᠠᠪᠴᠠᠩ ᠤᠨ ᠦᠢᠯᠡᠴᠢᠯᠡᠭᠡᠨ ᠤ ᠵᠠᠷᠤᠳᠠᠯ ᠂ ᠮᠡᠳᠡᠭᠡ ᠵᠠᠩᠭᠢ ᠶᠢᠨ ᠵᠠᠭᠤᠴᠢᠯᠠᠬᠤ ᠵᠠᠷᠤᠳᠠᠯ ᠂ | ᠬᠤᠯᠪᠣᠭᠠᠨ ᠳᠤ ᠣᠷᠣᠬᠤ ᠬᠠᠮᠢᠶᠠᠷᠤᠯᠲᠠ ᠶᠢᠨ ᠵᠠᠷᠤᠳᠠᠯ ᠵᠡᠷᠭᠡ ᠵᠠᠷᠤᠳᠠᠯ ᠤᠨ ᠪᠠᠷᠢᠮᠵᠢᠶ᠎ᠠ ᠪᠠᠨ ᠪᠠᠭᠤᠷᠠᠭᠤᠯᠬᠤ ᠶᠢ | ᠵᠣᠷᠢᠭᠵᠢᠭᠤᠯᠵᠤ ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠂ ᠮᠠᠯᠵᠢᠬᠤ ᠲᠠᠷᠢᠶᠠᠯᠠᠬᠤ ᠣᠷᠣᠨ ᠤ | ᠣᠷᠣᠯᠭ᠎ᠠ ᠪᠠᠭᠠᠲᠠᠢ ᠬᠥᠮᠥᠨ ᠠᠮᠠ ᠶᠢᠨ ᠰᠢᠭᠤᠳ ᠨᠡᠪᠲᠡᠷᠡᠭᠦᠯᠬᠦ ᠂ ᠰᠦᠯᠵᠢᠶ᠎ᠡ ᠪᠠᠷ ᠪᠣᠯᠵᠣᠨ ᠲᠣᠬᠢᠷᠠᠭᠤᠯᠤᠨ | ᠬᠦᠷᠭᠡᠬᠦ ᠵᠡᠷᠭᠡ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠢ ᠳᠡᠮᠵᠢᠵᠦ ᠣᠷᠣᠯᠭ᠎ᠠ ᠪᠠᠨ ᠨᠡᠮᠡᠭᠳᠡᠭᠦᠯᠦᠨ᠎ᠡ ᠃ | ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠨᠢᠭᠡ ᠪᠦᠯᠦᠭ ᠣᠨᠴᠠᠯᠢᠭᠲᠤ ᠠᠵᠤ ᠦᠢᠯᠡᠰ ᠢ | ᠣᠷᠣᠭᠤᠯᠤᠨ ᠠᠪᠴᠢᠷᠠᠵᠤ ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠭᠡᠷ ᠲᠡᠭᠡᠨ ᠤᠯᠠᠮᠵᠢᠯᠠᠯᠲᠤ ᠭᠠᠷ | ᠤᠷᠠᠯᠠᠯ ᠦᠶᠯᠡᠳᠬᠦ ᠂ ᠮᠠᠲ᠋ᠧᠷᠢᠶᠠᠯ ᠠᠪᠴᠢᠷᠠᠨ ᠡᠳ᠋ᠰᠢᠭᠦᠯᠬᠦ ᠠᠵᠢᠯ ᠡᠷᠭᠢᠯᠡᠬᠦ ᠶᠢ ᠳᠡᠮᠵᠢᠨ᠎ᠡ ᠃ ᠲᠤᠬᠠᠢ ᠶᠢᠨ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠪᠤᠶᠤ ᠬᠥᠳᠡᠯᠮᠦᠷᠢ | ᠦᠢᠯᠡᠴᠢᠯᠡᠭᠡᠨ ᠤ ᠵᠠᠬ᠎ᠠ ᠳᠡᠯᠭᠡᠭᠦᠷ ᠢ ᠬᠥᠭᠵᠢᠭᠦᠯᠵᠦ᠂ ᠤᠯᠤᠰ ᠤᠨ ᠥᠮᠴᠢᠯᠡᠯ ᠤᠨ ᠬᠥᠳᠡᠯᠮᠦᠷᠢ ᠦᠢᠯᠡᠴᠢᠯᠡᠭᠡᠨ ᠤ | ᠺᠣᠮᠫᠠᠨᠢ ᠪᠠᠶᠢᠭᠤᠯᠬᠤ ᠶᠢ ᠬᠠᠶᠢᠨ ᠰᠦᠪᠡᠭᠴᠢᠯᠡᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢᠨ ᠢᠯᠡᠭᠦᠦ | ᠳᠤᠲᠠᠭᠤ ᠶᠢ ᠲᠣᠬᠢᠷᠠᠭᠤᠯᠬᠤ ᠲᠠᠪᠴᠠᠩ ᠢ ᠪᠠᠶᠢᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠳᠤ ᠨᠡᠩ | ᠤᠯᠠᠨ ᠡᠭᠦᠳᠡᠨ ᠳᠤ ᠠᠵᠢᠯ ᠣᠯᠬᠤ ᠲᠣᠬᠢᠶᠠᠯ ᠬᠠᠩᠭᠠᠨ᠎ᠠ᠃ | ︵ ᠲᠠᠪᠤ ︶ ᠬᠥᠳᠡᠯᠮᠦᠷᠢ ᠬᠦᠴᠦᠨ ᠤ ᠭᠠᠷᠭᠠᠯᠭ᠎ᠠ ᠶᠢ ᠵᠣᠯᠭᠠᠭᠤᠯᠬᠤ ᠡᠷᠴᠢᠮ ᠢ ᠴᠢᠩᠭᠠᠷᠠᠭᠤᠯᠤᠨ᠎ᠠ ᠃ ᠡᠯ᠎ᠡ | ᠲᠥᠷᠥᠯ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠬᠥᠳᠡᠯᠮᠦᠷᠢ ᠦᠢᠯᠡᠴᠢᠯᠡᠭᠡ ᠶᠢ ᠭᠠᠳᠠᠭᠰᠢ ᠭᠠᠷᠭᠠᠬᠤ ᠠᠵᠢᠯ ᠳᠤ ᠢᠳᠡᠪᠬᠢᠲᠡᠢ ᠣᠷᠤᠯᠴᠠᠬᠤ ᠶᠢ | ᠵᠣᠷᠢᠭᠵᠢᠭᠤᠯᠵᠤ ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠳᠤ ᠬᠠᠨᠳᠤᠭᠤᠯᠤᠨ ᠵᠣᠬᠢᠶᠠᠨ | ᠪᠠᠶᠢᠭᠤᠯᠤᠯᠲᠠ ᠲᠠᠢ ᠪᠠᠷ ᠭᠠᠳᠠᠭᠰᠢ ᠭᠠᠷᠭᠠᠬᠤ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ | ᠪᠠᠶᠢᠭᠤᠯᠤᠮᠵᠢ ᠂ ᠬᠥᠳᠡᠯᠮᠦᠷᠢ ᠦᠢᠯᠡᠴᠢᠯᠡᠭᠡᠨ ᠤ ᠵᠠᠭᠤᠴᠢᠯᠠᠭᠴᠢ ᠳᠤ ᠲᠣᠭᠲᠠᠭᠠᠯ ᠶᠣᠰᠣᠭᠠᠷ ᠠᠵᠢᠯ ᠣᠯᠭᠤᠬᠤ ᠪᠠ | ᠠᠳᠠᠯ ᠦᠢᠯᠡᠰ ᠴᠣᠭᠴᠠᠯᠠᠬᠤ ᠥᠪᠡᠷᠲᠡᠭᠡᠨ ᠵᠠᠰᠠᠬᠤ ᠣᠷᠣᠨ ᠠᠯᠤᠰᠯᠠᠨ ᠠᠵᠢᠯ ᠣᠯᠣᠭᠰᠠᠨ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠳᠤ ᠨᠢᠭᠡ ᠤᠳᠠᠭ᠎ᠠ ᠶᠢᠨ ᠴᠢᠨᠠᠷᠲᠠᠢ ᠵᠠᠮ ᠬᠠᠷᠢᠯᠴᠠᠭᠠᠨ ᠤ ᠨᠥᠬᠦᠪᠦᠷᠢ ᠣᠯᠭᠤᠨ᠎ᠠ ︔ | ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ | ᠠᠮᠠ ᠶᠢᠨ ᠭᠠᠳᠠᠭᠰᠢ ᠭᠠᠷᠴᠤ ᠠᠵᠢᠯ ᠬᠥᠳᠡᠯᠮᠦᠷᠢ ᠬᠢᠬᠦ ᠳᠤ ᠲᠥᠬᠦᠮ ᠦᠵᠡᠭᠦᠯᠬᠦ ᠦᠢᠯᠡᠴᠢᠯᠡᠭᠡᠨ ᠤ ᠠᠵᠤ | ᠠᠬᠤᠶᠢᠯᠠᠯ ᠪᠠ ᠬᠤᠪᠢ ᠬᠥᠮᠥᠨ ᠳᠤ ᠵᠠᠰᠠᠭ ᠤᠨ ᠣᠷᠳᠣᠨ ᠠᠴᠠ ᠦᠢᠯᠡᠴᠢᠯᠡᠭᠡᠨ ᠤ ᠦᠷ᠎ᠡ ᠪᠦᠲᠦᠭᠡᠯ ᠢ | ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠠᠵᠢᠯ ᠣᠯᠵᠤ ᠠᠳᠠᠯ ᠦᠢᠯᠡᠰ ᠴᠣᠭᠴᠠᠯᠠᠬᠤ | ᠨᠥᠬᠦᠪᠦᠷᠢ ᠣᠯᠭᠤᠨ᠎ᠠ ︔ ᠭᠡᠷ ᠠᠬᠤᠢ ᠶᠢᠨ ᠦᠢᠯᠡᠴᠢᠯᠡᠭᠡᠨ ᠤ ᠦᠢᠯᠡᠰ ᠤᠨ ᠪᠣᠯᠪᠠᠰᠤᠷᠠᠭᠤᠯᠤᠯ ᠤᠨ ᠰᠠᠭᠤᠷᠢᠨ | ᠭᠠᠵᠠᠷ ᠤᠨ ᠭᠡᠷ ᠠᠬᠤᠢ ᠶᠢᠨ ᠦᠢᠯᠡᠴᠢᠯᠡᠭᠡᠨ ᠢ ᠵᠣᠯᠭᠠᠭᠤᠯᠬᠤ ᠲᠠᠪᠴᠠᠩ ᠳᠤ ᠲᠦᠰᠢᠭᠯᠡᠨ ᠬᠥᠳᠡᠯᠮᠦᠷᠢ | ᠦᠢᠯᠡᠴᠢᠯᠡᠭᠡ ᠶᠢ ᠭᠠᠳᠠᠭᠰᠢ ᠭᠠᠷᠭᠠᠬᠤ ᠶᠢ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ | ᠨᠥᠬᠦᠪᠦᠷᠢ ᠶᠢ ᠠᠵᠢᠯ ᠣᠯᠭᠤᠬᠤ ᠨᠥᠬᠦᠪᠦᠷᠢ ᠶᠢᠨ ᠪᠡᠯᠡ ᠮᠥᠩᠭᠦ ᠠᠴᠠ ᠭᠠᠷᠭᠠᠵᠤ ᠂ ᠵᠠᠮ ᠬᠠᠷᠢᠯᠴᠠᠭᠠᠨ ᠤ | ᠨᠥᠬᠦᠪᠦᠷᠢ ᠶᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠶᠢᠨ | ᠪᠡᠯᠡ ᠮᠥᠩᠭᠦ ᠠᠴᠠ ᠭᠠᠷᠭᠠᠵᠤ ᠂ ᠡᠯ᠎ᠡ ᠵᠦᠢᠯ ᠤᠨ ᠨᠥᠬᠦᠪᠦᠷᠢ ᠶᠢᠨ ᠪᠠᠷᠢᠮᠵᠢᠶ᠎ᠠ ᠶᠢ ᠠᠶᠢᠮᠠᠭ ᠬᠤᠲᠠ ᠶᠢᠨ | ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ | ᠲᠣᠭᠲᠠᠭᠠᠨ᠎ᠠ ᠃ | ︵ ᠵᠢᠷᠭᠤᠭ᠎ᠠ ︶ ᠣᠷᠣᠨ ᠪᠦᠰᠡ ᠠᠯᠤᠰᠯᠠᠭᠰᠠᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠨᠠᠷᠢᠯᠢᠭ | ᠣᠨᠣᠴᠠᠲᠠᠢ ᠪᠠᠷ ᠵᠣᠯᠭᠠᠭᠤᠯᠬᠤ ᠶᠢ ᠴᠢᠩᠭᠠᠷᠠᠭᠤᠯᠤᠨ᠎ᠠ ᠃ ᠡᠷᠬᠢᠨ ᠲᠣᠭᠤᠷᠢᠨ ᠤ ᠮᠤᠵᠢ ᠬᠤᠲᠠ ᠣᠷᠣᠨ ᠂ ᠠᠶᠢᠮᠠᠭ | ᠬᠤᠲᠠ ᠶᠢᠨ ᠬᠤᠭᠤᠷᠣᠨᠳᠣᠬᠢ ᠂ ᠬᠤᠰᠢᠭᠤ ᠰᠢᠶᠠᠨ ᠤ ᠬᠤᠭᠤᠷᠣᠨᠳᠣᠬᠢ ᠬᠥᠳᠡᠯᠮᠦᠷᠢ ᠦᠢᠯᠡᠴᠢᠯᠡᠭᠡ ᠶᠢ | ᠵᠣᠯᠭᠠᠭᠤᠯᠬᠤ ᠶᠢ ᠴᠢᠩᠭᠠᠳᠬᠠᠵᠤ ᠂ ᠣᠷᠣᠨ ᠪᠦᠰᠡ ᠠᠯᠤᠰᠯᠠᠭᠰᠠᠨ ᠂ ᠪᠠᠶᠢᠩᠭᠤᠵᠢᠭᠰᠠᠨ ᠠᠵᠢᠯ ᠤᠨ ᠪᠠᠶᠢᠷᠢ ᠶᠢᠨ | ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠪᠠ ᠨᠡᠶᠢᠲᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ | ᠣᠷᠣᠭᠤᠯᠵᠤ ᠭᠠᠷᠭᠠᠬᠤ ᠭᠠᠵᠠᠷ ᠣᠷᠣᠨ ᠨᠢ ᠲᠣᠰ ᠭᠠᠵᠠᠷ ᠣᠷᠣᠨ ᠤ ᠠᠵᠢᠯ ᠣᠯᠭᠤᠯᠲᠠ ᠶᠢᠨ ᠬᠡᠷᠡᠭᠴᠡᠭᠡ | ᠱᠠᠭᠠᠷᠳᠠᠯᠭ᠎ᠠ ᠶᠢᠨ ᠨᠠᠷᠢᠨ ᠬᠠᠭᠤᠳᠠᠰᠤ ᠪᠠ ᠠᠵᠢᠯ ᠤᠨ ᠪᠠᠶᠢᠷᠢ ᠶᠢᠨ ᠬᠠᠩᠭᠠᠯᠭ᠎ᠠ ᠶᠢᠨ ᠨᠠᠷᠢᠨ ᠬᠠᠭᠤᠳᠠᠰᠤ ᠶᠢ ᠲᠣᠰ | ᠲᠣᠰ ᠪᠣᠶ ᠪᠣᠯᠭᠠᠵᠤ ᠂ ᠬᠥᠮᠥᠨ ᠪᠠ ᠠᠵᠢᠯ ᠤᠨ ᠪᠠᠶᠢᠷᠢ ᠶᠢᠨ ᠨᠠᠷᠢᠯᠢᠭ ᠣᠨᠣᠴᠠᠲᠠᠢ ᠪᠠᠷ ᠲᠣᠬᠢᠷᠠᠭᠤᠯᠬᠤ ᠶᠢ | ᠪᠡᠶᠡᠯᠡᠭᠦᠯᠬᠦ ᠬᠡᠷᠡᠭᠲᠡᠢ ᠃ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ | ᠪᠠᠶᠢᠩᠭᠤᠵᠢᠭᠤᠯᠤᠨ ᠬᠠᠷᠢᠯᠴᠠᠨ ᠰᠤᠷᠪᠤᠯᠵᠢᠯᠠᠵᠤ ᠰᠣᠯᠢᠯᠴᠠᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ | ᠲᠣᠭᠲᠠᠴᠠ ᠶᠢ ᠪᠦᠷᠢᠨᠰᠢᠭᠦᠯᠵᠦ ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠂ ᠮᠠᠯᠵᠢᠬᠤ ᠲᠠᠷᠢᠶᠠᠯᠠᠬᠤ | ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠲᠤᠰᠬᠠᠢ ᠲᠠᠯᠠᠪᠤᠷ ᠲᠤ ᠤᠷᠢᠬᠤ ᠪᠠ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠭᠡᠷ ᠠᠬᠤᠢ ᠶᠢᠨ | ᠦᠢᠯᠡᠴᠢᠯᠡᠭᠡᠨ ᠤ ᠪᠣᠯᠪᠠᠰᠤᠷᠠᠭᠤᠯᠤᠯ ᠢ ᠭᠠᠳᠠᠭᠰᠢ ᠭᠠᠷᠭᠠᠬᠤ ᠰᠠᠭᠤᠷᠢᠨ ᠭᠠᠵᠠᠷ ᠢ ᠢᠳᠡᠪᠬᠢᠲᠡᠢ ᠪᠣᠶᠢᠵᠢᠭᠤᠯᠤᠨ ᠂ | ᠪᠡᠭᠡᠵᠢᠩ ᠥᠪᠥᠷ ᠮᠣᠩᠭᠤᠯ ᠤᠨ ᠭᠡᠷ ᠠᠬᠤᠢ ᠶᠢᠨ ᠦᠢᠯᠡᠴᠢᠯᠡᠭᠡᠨ ᠤ ᠪᠦᠲᠦᠮᠵᠢᠲᠡᠶ ᠵᠣᠯᠭᠠᠭᠤᠯᠬᠤ ᠶᠢ ᠠᠬᠢᠭᠤᠯᠤᠨ᠎ᠠ | ᠃ ᠪᠡᠭᠡᠵᠢᠩ ᠥᠪᠥᠷ ᠮᠣᠩᠭᠤᠯ ᠬᠤᠶᠠᠷ ᠲᠠᠯ᠎ᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ ᠭᠡᠷ ᠤᠨ ᠶᠠᠪᠤᠳᠠᠯ ᠤᠨ ᠦᠢᠯᠡᠴᠢᠯᠡᠭᠡᠨ ᠤ | ᠪᠣᠯᠪᠠᠰᠤᠷᠠᠭᠤᠯᠤᠯ ᠢ ᠭᠠᠳᠠᠭᠰᠢ ᠭᠠᠷᠭᠠᠬᠤ ᠰᠠᠭᠤᠷᠢᠨ ᠭᠠᠵᠠᠷ ᠢ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ︽ | ᠱᠠᠩᠨᠠᠬᠤ ᠪᠠᠷ ᠨᠥᠬᠦᠪᠦᠷᠢ ᠶᠢ ᠣᠷᠣᠯᠠᠭᠤᠯᠬᠤ ︾ ᠲᠥᠷᠥᠯ ᠵᠦᠢᠯ ᠳᠤ ᠣᠷᠣᠭᠤᠯᠵᠤ ᠲᠣᠭᠲᠠᠭᠠᠯ ᠶᠣᠰᠣᠭᠠᠷ | ᠳᠡᠮᠵᠢᠯᠭᠡ ᠦᠵᠡᠭᠦᠯᠦᠨ᠎ᠡ ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ | ᠬᠠᠪᠰᠤᠷᠤᠨ ᠲᠡᠳᠬᠦᠬᠦ ᠬᠤᠰᠢᠭᠤ ᠰᠢᠶᠠᠨ ᠂ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠵᠦ ᠲᠥᠪᠬᠢᠨᠡᠭᠦᠯᠬᠦ | ᠣᠷᠣᠨ ᠢ ᠭᠤᠣᠯᠳᠠᠯᠭ᠎ᠠ ᠲᠠᠢ ᠳᠡᠮᠵᠢᠬᠦ ᠭᠠᠵᠠᠷ ᠣᠷᠣᠨ ᠪᠣᠯᠭᠠᠵᠤ ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ | ᠪᠦᠲᠦᠭᠡᠨ ᠪᠠᠶᠢᠭᠤᠯᠬᠤ ᠲᠥᠷᠥᠯ ᠵᠦᠢᠯ ᠤᠨ ᠭᠤᠣᠯᠳᠠᠯᠭ᠎ᠠ ᠲᠠᠢ ᠭᠠᠵᠠᠷ ᠣᠷᠣᠨ ᠳᠤ ᠡᠷᠦᠬᠡ ᠠᠮᠠ ᠣᠷᠣᠬᠤ ᠶᠢ | ᠤᠷᠢᠳᠠᠪᠠᠷ ᠲᠠᠨᠢᠯᠴᠠᠭᠤᠯᠬᠤ ᠶᠢᠨ ᠬᠠᠮᠲᠤ ᠶᠠᠳᠠᠭᠤ ᠶᠢ ᠲᠡᠳᠬᠦᠬᠦ ᠬᠠᠮᠵᠢᠯᠴᠠᠭᠠᠨ ᠤ ᠪᠡᠯᠡ ᠮᠥᠩᠭᠦ ᠶᠢᠨ ᠳᠡᠮᠵᠢᠯᠭᠡ | ᠣᠯᠭᠤᠨ᠎ᠠ ᠃ ᠨᠥᠬᠦᠴᠡᠯ ᠲᠠᠢ ᠭᠠᠵᠠᠷ ᠣᠷᠣᠨ ᠨᠢ ᠶᠠᠳᠠᠭᠤ ᠠᠴᠠ ᠠᠩᠭᠢᠵᠢᠷᠠᠭᠤᠯᠤᠭᠰᠠᠨ ᠬᠥᠮᠥᠨ ᠠᠮᠠ ᠶᠢᠨ | ᠠᠵᠢᠯ ᠣᠯᠭᠤᠯᠲᠠ ᠶᠢᠨ ᠲᠤᠭ᠎ᠠ ᠬᠡᠮᠵᠢᠶ᠎ᠡ ᠪᠠᠷ ᠣᠯᠠᠨ ᠂ ᠦᠷ᠎ᠡ ᠪᠦᠲᠦᠮᠵᠢ ᠪᠠᠷ ᠰᠠᠶᠢᠨ ᠠᠵᠢᠯ ᠣᠯᠭᠤᠯᠲᠠ ᠶᠢᠨ | ᠬᠠᠪᠰᠤᠷᠤᠨ ᠲᠡᠳᠬᠦᠬᠦ ᠰᠠᠭᠤᠷᠢᠨ ᠭᠠᠵᠠᠷ ᠲᠤ ᠲᠣᠭᠲᠠᠭᠠᠯ ᠶᠣᠰᠣᠭᠠᠷ ᠨᠢᠭᠡ ᠤᠳᠠᠭ᠎ᠠ ᠶᠢᠨ ᠴᠢᠨᠠᠷᠲᠠᠢ ᠱᠠᠩᠨᠠᠯ | ᠨᠥᠬᠦᠪᠦᠷᠢ ᠣᠯᠭᠤᠵᠤ ᠪᠣᠯᠣᠨ᠎ᠠ ᠃ ᠡᠯ᠎ᠡ ᠵᠦᠢᠯ ᠤᠨ ᠨᠥᠬᠦᠪᠦᠷᠢ ᠶᠢᠨ ᠪᠠᠷᠢᠮᠵᠢᠶ᠎ᠠ ᠶᠢ ᠠᠶᠢᠮᠠᠭ ᠬᠤᠲᠠ ᠶᠢᠨ | ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠪᠠ ᠡᠳ᠋ ᠤᠨ ᠵᠠᠰᠠᠭ ᠤᠨ ᠰᠠᠯᠠᠭ᠎ᠠ ᠲᠣᠭᠲᠠᠭᠠᠨ᠎ᠠ᠃ | ︵ ᠳᠣᠯᠤᠭ᠎ᠠ ︶ ᠨᠤᠲᠤᠭ ᠲᠠᠭᠠᠨ ᠪᠤᠴᠠᠵᠤ ᠬᠥᠳᠡᠭᠡ ᠲᠣᠰᠬᠤᠨ ᠳᠤ ᠦᠯᠡᠳᠡᠵᠦ ᠠᠳᠠᠯ ᠦᠢᠯᠡᠰ | ᠴᠣᠭᠴᠠᠯᠠᠨ ᠠᠵᠢᠯ ᠣᠯᠬᠤ ᠶᠢ ᠲᠡᠳᠬᠦᠨ ᠳᠡᠮᠵᠢᠨ᠎ᠡ ᠃ ᠨᠤᠲᠤᠭ ᠲᠠᠭᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ | ᠶᠠᠪᠤᠭᠰᠠᠳ ᠂ ᠬᠥᠳᠡᠭᠡ ᠲᠣᠰᠬᠤᠨ ᠳᠤ ᠦᠯᠡᠳᠡᠵᠦ ᠪᠠᠶᠢᠭ᠎ᠠ ᠬᠥᠮᠥᠰ ᠵᠡᠷᠭᠡ ᠠᠳᠠᠯ ᠦᠢᠯᠡᠰ ᠴᠣᠭᠴᠠᠯᠠᠭᠰᠠᠳ ᠤᠨ | ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠢ ᠡᠳ᠋ᠰᠢᠭᠦᠯᠬᠦ ᠪᠣᠳᠠᠲᠤ ᠴᠣᠭᠴᠠ ᠂ ᠮᠠᠯᠴᠢᠨ | ᠲᠠᠷᠢᠶᠠᠴᠢᠳ ᠤᠨ ᠬᠤᠷᠰᠢᠶ᠎ᠠ ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠂ ᠪᠦᠲᠦᠭᠡᠯᠴᠢ ᠲᠠᠷᠢᠶᠠᠯᠠᠩ | ᠮᠠᠯ ᠠᠵᠤ ᠠᠬᠤᠢ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ | ᠴᠣᠭᠴᠠ ᠶᠢ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠂ ᠨᠠᠩ ᠣᠯᠠᠨ ᠶᠠᠳᠠᠭᠤ | ᠠᠴᠠ ᠠᠩᠭᠢᠵᠢᠷᠠᠭᠰᠠᠨ ᠬᠥᠮᠥᠨ ᠠᠮᠠ ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ | ᠠᠮᠠ ᠶᠢᠨ ᠠᠵᠢᠯ ᠣᠯᠬᠤ ᠶᠢ ᠳᠠᠶᠢᠴᠢᠯᠠᠬᠤ ᠬᠡᠷᠡᠭᠲᠡᠢ ︔ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠂ | ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠶᠢᠨ ᠪᠡᠶ᠎ᠡ ᠪᠠᠨ ᠳᠠᠭᠠᠭᠠᠵᠤ ᠠᠳᠠᠯ ᠦᠢᠯᠡᠰ | ᠴᠣᠭᠴᠠᠯᠠᠬᠤ ᠶᠢ ᠳᠡᠭᠡᠷ᠎ᠡ ᠳᠤᠷᠠᠳᠤᠭᠰᠠᠨ ᠬᠥᠮᠥᠰ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠭᠰᠠᠨ ᠪᠠᠶᠢᠪᠠᠯ ᠂ | ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠂ ᠠᠳᠠᠯ ᠦᠢᠯᠡᠰ ᠴᠣᠭᠴᠠᠯᠠᠬᠤ ᠳᠤ ᠬᠡᠷᠡᠭᠯᠡᠬᠦ ᠭᠠᠵᠠᠷ ᠂ ᠪᠡᠯᠡ | ᠲᠣᠬᠢᠷᠠᠭᠤᠯᠭ᠎ᠠ ᠶᠢᠨ ᠦᠢᠯᠡᠴᠢᠯᠡᠭᠡ ᠂ ᠴᠢᠳᠠᠪᠤᠷᠢᠲᠠᠨ ᠤ ᠳᠡᠮᠵᠢᠯᠭᠡ ᠂ ᠠᠳᠠᠯ ᠦᠢᠯᠡᠰ ᠴᠣᠭᠴᠠᠯᠠᠬᠤ ᠦᠢᠯᠡᠴᠢᠯᠡᠭᠡ | ᠵᠡᠷᠭᠡ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ ᠰᠠᠶᠢᠲᠤᠷ ᠨᠠᠶᠢᠳᠠᠪᠤᠷᠢᠵᠢᠭᠤᠯᠤᠨ᠎ᠠ ᠃ | ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠢ ᠡᠭᠦᠳᠦᠨ ᠪᠠᠶᠢᠭᠤᠯᠤᠭᠰᠠᠨ ᠪᠤᠶᠤ ᠬᠤᠪᠢ ᠶᠢᠨ | ᠡᠵᠡᠩᠨᠡᠯᠲᠡ ᠶᠢ ᠡᠷᠭᠢᠯᠡᠭᠰᠡᠨ ᠮᠥᠷᠲᠡᠭᠡᠨ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠪᠤᠶᠤ ᠬᠤᠪᠢ ᠶᠢᠨ ᠠᠵᠤ | ᠦᠢᠯᠡᠳᠪᠦᠷᠢ ᠬᠤᠳᠠᠯᠳᠤᠭᠠᠨ ᠤ ᠡᠷᠦᠬᠡ ᠶᠢ ᠪᠦᠷᠢᠳᠬᠡᠨ ᠳᠠᠩᠰᠠᠯᠠᠭᠤᠯᠤᠭᠰᠠᠨ ᠡᠳᠦᠷ ᠠᠴᠠ ᠡᠬᠢᠯᠡᠨ 1 ᠵᠢᠯ ᠠᠴᠠ | ᠳᠡᠭᠡᠭᠰᠢ ᠬᠡᠪ ᠤᠨ ᠡᠵᠡᠩᠨᠡᠯᠲᠡ ᠲᠠᠢ ᠶᠠᠳᠠᠭᠤ ᠠᠴᠠ ᠠᠩᠭᠢᠵᠢᠷᠠᠭᠤᠯᠤᠭᠰᠠᠨ ᠬᠥᠳᠡᠯᠮᠦᠷᠢ ᠬᠦᠴᠦᠨ ᠳᠤ ᠨᠢᠭᠡ | ᠤᠳᠠᠭ᠎ᠠ ᠶᠢᠨ ᠴᠢᠨᠠᠷᠲᠠᠢ ᠠᠳᠠᠯ ᠦᠢᠯᠡᠰ ᠴᠣᠭᠴᠠᠯᠠᠬᠤ ᠨᠥᠬᠦᠪᠦᠷᠢ ᠣᠯᠭᠤᠨ᠎ᠠ ᠃ ᠨᠥᠬᠦᠪᠦᠷᠢ ᠶᠢᠨ ᠪᠠᠷᠢᠮᠵᠢᠶ᠎ᠠ ᠶᠢ | ᠠᠶᠢᠮᠠᠭ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠪᠠ ᠡᠳ᠋ ᠤᠨ ᠵᠠᠰᠠᠭ ᠤᠨ | ᠰᠠᠯᠠᠭ᠎ᠠ ᠲᠣᠭᠲᠠᠭᠠᠨ᠎ᠠ᠃ | ︵ ᠨᠠᠢᠮᠠ ︶ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ | ᠰᠢᠨᠵᠢᠯᠡᠬᠦ ᠤᠬᠠᠭᠠᠨᠴᠢ ᠪᠠᠷ ᠡᠮᠬᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ | ᠵᠡᠷᠭᠡ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠤᠶᠠᠯᠳᠤᠭᠤᠯᠵᠤ᠂ ᠬᠥᠳᠡᠭᠡ | ᠲᠣᠰᠬᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠦᠷᠦᠯ ᠤᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ | ᠠᠵᠢᠯ ᠤᠨ ᠪᠠᠶᠢᠷᠢ ᠶᠢᠨ ᠨᠥᠬᠦᠴᠡᠯ ᠳᠤ ᠨᠡᠶᠢᠴᠡᠬᠦ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠢᠯᠠᠩᠭᠤᠶ᠎ᠠ | ᠲᠡᠭᠦᠨ ᠤ ᠳᠣᠲᠣᠷᠠᠬᠢ ᠪᠠᠭᠤᠷᠠᠢ ᠬᠥᠳᠡᠯᠮᠦᠷᠢ ᠶᠢᠨ ᠬᠦᠴᠦᠨ᠂ ᠬᠠᠭᠠᠰ ᠬᠥᠳᠡᠯᠮᠦᠷᠢ ᠶᠢᠨ ᠬᠦᠴᠦᠨ ᠢ ᠤᠷᠢᠳᠠᠪᠠᠷ | ᠲᠥᠪᠬᠢᠨᠡᠭᠦᠯᠵᠦ᠂ ᠲᠤᠬᠠᠢ ᠶᠢᠨ ᠭᠠᠵᠠᠷ ᠤᠨ ᠪᠣᠳᠠᠲᠠᠢ ᠪᠠᠶᠢᠳᠠᠯ ᠳᠤ ᠨᠡᠶᠢᠴᠡᠬᠦ ᠠᠵᠢᠯ ᠤᠨ ᠪᠠᠶᠢᠷᠢ ᠶᠢᠨ ᠤᠷᠢᠨ | ᠲᠣᠮᠢᠯᠠᠬᠤ ᠲᠡᠰ ᠳᠠᠷᠠᠭᠠᠯᠠᠯ ᠢ ᠲᠣᠳᠣᠷᠬᠠᠶᠢᠯᠠᠵᠤ᠂ ᠳ᠋ᠦᠢᠰᠢᠶᠠᠩ ᠤᠨ ᠨᠥᠬᠦᠴᠡᠯ ᠢ ᠬᠥᠳᠡᠯᠦᠩᠭᠦᠢ ᠪᠠᠷ | ᠲᠣᠬᠢᠷᠠᠭᠤᠯᠤᠨ᠎ᠠ᠃ ︽ ᠬᠡᠷᠡᠭᠴᠡᠭᠡ ᠶᠣᠰᠣᠭᠠᠷ ᠠᠵᠢᠯ ᠤᠨ ᠪᠠᠶᠢᠷᠢ ᠲᠣᠬᠢᠷᠠᠭᠤᠯᠬᠤ ᠂ ᠠᠵᠢᠯ ᠤᠨ ᠪᠠᠶᠢᠷᠢ ᠪᠠᠷ | ᠤᠷᠢᠨ ᠲᠣᠮᠢᠯᠠᠬᠤ ᠂ ᠠᠵᠢᠯ ᠤᠨ ᠪᠠᠶᠢᠷᠢ ᠳᠤ ᠭᠠᠷᠭᠠᠨ ᠨᠥᠬᠦᠪᠦᠷᠢᠯᠡᠬᠦ ᠂ ᠡᠮᠬᠢ ᠵᠢᠷᠤᠮ ᠲᠠᠢ ᠪᠠᠷ ᠠᠵᠢᠯ ᠤᠨ | ᠪᠠᠶᠢᠷᠢ ᠠᠴᠠ ᠭᠠᠷᠭᠠᠬᠤ ︾ ᠬᠠᠮᠢᠶᠠᠷᠤᠯᠲᠠ ᠶᠢᠨ ᠲᠣᠭᠲᠠᠴᠠ ᠶᠣᠰᠣᠭᠠᠷ ᠂ ᠬᠥᠳᠡᠭᠡ ᠲᠣᠰᠬᠤᠨ ᠤ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠡᠭᠡᠭᠡᠨ ᠬᠥᠭᠵᠢᠭᠦᠯᠬᠦ ᠬᠠᠮᠢᠶᠠᠷᠤᠯᠲᠠ ᠶᠢ ᠤᠯᠠᠮ ᠨᠢᠭᠡ ᠠᠯᠬᠤᠮ | ᠵᠢᠷᠤᠮᠵᠢᠭᠤᠯᠵᠤ ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠡᠭᠡᠭᠡᠨ ᠬᠥᠭᠵᠢᠭᠦᠯᠬᠦ | ᠬᠡᠪᠴᠢᠶ᠎ᠡ ᠶᠢ ᠵᠣᠬᠢᠰᠲᠠᠢ ᠲᠣᠭᠲᠠᠭᠠᠵᠤ ᠂ ᠠᠰᠠᠷᠠᠮᠵᠢ ᠶᠢᠨ ᠬᠠᠨᠳᠤᠰᠢ ᠠᠴᠠ ᠵᠠᠶᠢᠯᠠᠰᠬᠢᠬᠦ ᠬᠡᠷᠡᠭᠲᠡᠢ ᠃ | ᠬᠥᠳᠡᠯᠮᠦᠷᠢᠯᠡᠬᠦ ᠴᠠᠭ᠂ ᠬᠥᠳᠡᠯᠮᠦᠷᠢ ᠶᠢᠨ ᠡᠷᠴᠢᠮ ᠵᠡᠷᠭᠡ ᠬᠦᠴᠦᠨ ᠵᠦᠢᠯ ᠢ ᠦᠨᠳᠦᠰᠦᠯᠡᠨ ᠠᠵᠢᠯ ᠤᠨᠪᠠᠶᠢᠷᠢ ᠶᠢᠨ | ᠨᠥᠬᠦᠪᠦᠷᠢ ᠶᠢᠨ ᠪᠠᠷᠢᠮᠵᠢᠶ᠎ᠠ ᠶᠢ ᠲᠣᠭᠲᠠᠭᠠᠵᠤ᠂ ᠵᠠᠷᠴᠢᠮ ᠳᠡᠭᠡᠷ᠎ᠡ ᠪᠠᠨ ᠲᠤᠬᠠᠢ ᠶᠢᠨ ᠭᠠᠵᠠᠷ ᠤᠨ ᠬᠤᠳᠠ ᠪᠠᠯᠭᠠᠰᠤᠨ | ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠥᠬᠦᠪᠦᠷᠢ ᠶᠢᠨ ᠬᠢᠷᠢ ᠬᠡᠮᠵᠢᠶ᠎ᠡ ᠠᠴᠠ ᠥᠨᠳᠥᠷ | ᠪᠠᠶᠢᠯᠭᠠᠵᠤ ᠪᠣᠯᠬᠤ ᠦᠭᠡᠢ᠃ ᠪᠤᠰᠤᠳ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ | ᠪᠠᠶᠢᠷᠢ ᠶᠢᠨ ᠨᠡᠭᠡᠭᠡᠨ ᠬᠥᠭᠵᠢᠭᠦᠯᠦᠯᠲᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠶᠢᠨ ᠬᠥᠨᠳᠡᠯᠡᠨ ᠤ | ᠵᠣᠬᠢᠴᠠᠭᠤᠯᠭ᠎ᠠ ᠶᠢ ᠴᠢᠩᠭᠠᠳᠬᠠᠵᠤ ᠂ ᠠᠳᠠᠯᠢ ᠨᠢᠭᠡᠨ ᠣᠷᠣᠨ ᠪᠦᠰᠡ ᠶᠢᠨ ᠳᠣᠲᠣᠷᠠᠬᠢ ᠠᠳᠠᠯᠢᠪᠲᠤᠷ ᠠᠵᠢᠯ ᠤᠨ | ᠪᠠᠶᠢᠷᠢ ᠶᠢᠨ ᠬᠤᠭᠤᠷᠣᠨᠳᠤ ᠤᠷᠢᠨ ᠲᠣᠮᠢᠯᠠᠬᠤ ᠪᠠᠷᠢᠮᠵᠢᠶ᠎ᠠ ᠂ ᠣᠯᠭᠤᠮᠵᠢ ᠪᠠᠲᠤᠯᠠᠭ᠎ᠠ ᠶᠢᠨ ᠬᠢᠷᠢ ᠬᠡᠮᠵᠢᠶ᠎ᠡ ᠵᠡᠷᠭᠡ ᠶᠢ | ᠦᠨᠳᠦᠰᠦᠨ ᠳᠡᠭᠡᠨ ᠨᠢᠭᠡᠳᠦᠯᠲᠡᠢ ᠪᠠᠶᠢᠯᠭᠠᠬᠤ ᠶᠢ ᠪᠠᠲᠤᠯᠠᠨ᠎ᠠ ᠃ ᠬᠥᠳᠡᠭᠡ ᠲᠣᠰᠬᠤᠨ ᠤ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠲᠥᠪᠬᠢᠨᠡᠭᠦᠯᠬᠦ ᠬᠥᠮᠥᠰ ᠲᠤ ᠰᠠᠨᠠᠭᠠᠨ ᠳᠤ ᠦᠭᠡᠢ | ᠰᠢᠷᠬᠠᠲᠤᠯ ᠤᠨ ᠬᠤᠳᠠᠯᠳᠤᠭᠠᠨ ᠤ ᠳᠠᠭᠠᠳᠬᠠᠯ ᠢ ᠬᠤᠳᠠᠯᠳᠤᠨ ᠠᠪᠴᠤ ᠂ ᠬᠠᠤᠯᠢ ᠶᠣᠰᠣᠭᠠᠷ ᠬᠥᠳᠡᠯᠮᠦᠷᠢ ᠶᠢᠨ | ᠭᠡᠷ᠎ᠡ ᠪᠤᠶᠤ ᠬᠥᠳᠡᠯᠮᠦᠷᠢ ᠦᠢᠯᠡᠴᠢᠯᠡᠭᠡᠨ ᠤ ᠬᠡᠯᠡᠯᠴᠡᠭᠡᠷ ᠲᠣᠭᠲᠠᠵᠤ ᠂ ᠤᠳᠠᠭ᠎ᠠ ᠪᠦᠷᠢ ᠶᠢᠨ ᠭᠠᠷ ᠤᠨ ᠥᠰᠥᠭ | ᠵᠢᠷᠤᠬᠤ ᠬᠤᠭᠤᠴᠠᠭ᠎ᠠ ᠶᠢ 1 ᠵᠢᠯ ᠠᠴᠠ ᠬᠡᠲᠦᠷᠡᠭᠦᠯᠵᠦ ᠪᠣᠯᠬᠤ ᠦᠭᠡᠢ ᠃ ᠬᠢᠨᠠᠨ ᠰᠢᠯᠭᠠᠭᠠᠳ ᠬᠢᠷᠢ ᠲᠡᠩᠴᠡᠭᠰᠡᠨ ᠂ | ᠠᠵᠢᠯ ᠤᠨ ᠪᠠᠶᠢᠷᠢ ᠶᠢᠨ ᠠᠵᠢᠯ ᠢ ᠡᠭᠦᠷᠭᠡᠯᠡᠵᠦ ᠳᠡᠶᠢᠯᠬᠦ ᠴᠢᠳᠠᠪᠤᠷᠢ ᠲᠠᠢ ᠶᠠᠳᠠᠭᠤ ᠠᠴᠠ ᠠᠩᠭᠢᠵᠢᠷᠠᠭᠰᠠᠨ ᠬᠥᠮᠥᠨ | ᠠᠮᠠ ᠶᠢ ᠲᠠᠰ ᠳᠠᠷᠠᠭᠠᠯᠠᠯ ᠶᠣᠰᠣᠭᠠᠷ ᠦᠷᠭᠦᠯᠵᠢᠯᠡᠨ ᠤᠷᠢᠨ ᠲᠣᠮᠢᠯᠠᠵᠤ ᠪᠣᠯᠣᠨ᠎ᠠ ᠂ ᠪᠣᠳᠠᠲᠠᠢ ᠪᠠᠷ ᠪᠠᠶᠢᠭ᠎ᠠ ᠰᠤᠮᠤ | ᠰᠢᠶᠠᠩ ᠪᠠᠯᠭᠠᠰᠤ ᠪᠣᠯᠣᠨ ᠭᠠᠴᠠᠭ᠎ᠠ ᠲᠣᠰᠬᠤᠨ ᠤ ︽ ᠬᠤᠶᠠᠷ ᠵᠥᠪᠯᠡᠯ ︾ ᠠᠴᠠ ᠬᠠᠷᠢᠭᠤᠴᠠᠨ ᠲᠣᠭᠲᠠᠭᠠᠨ᠎ᠠ ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ | ᠬᠡᠷᠡᠭᠴᠡᠭᠡ ᠶᠢ ᠦᠨᠳᠦᠰᠦᠯᠡᠨ᠂ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ | ᠪᠠᠶᠢᠷᠢ ᠶᠢ ᠨᠡᠭᠡᠭᠡᠨ ᠬᠥᠭᠵᠢᠭᠦᠯᠬᠦ ᠬᠡᠪᠴᠢᠶ᠎ᠡ ᠶᠢ ᠵᠣᠬᠢᠰᠲᠠᠢ ᠥᠷᠭᠡᠳᠬᠡᠬᠦ ᠶᠢ ᠳᠡᠮᠵᠢᠨ᠎ᠡ᠃ | ︵ ᠶᠢᠰᠦ ︶ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ ᠠᠵᠢᠯ ᠣᠯᠭᠤᠯᠲᠠ ᠶᠢᠨ | ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ ᠃ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠂ ᠮᠠᠯᠵᠢᠬᠤ | ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠨᠠᠰᠤᠨ ᠲᠤᠷᠰᠢᠲᠠ ᠶᠢᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠤᠨ ᠰᠢᠰᠲ᠋ᠧᠮᠵᠢ ᠳᠤ ᠣᠷᠣᠭᠤᠯᠵᠤ ᠂ ᠣᠷᠣᠨ ᠪᠦᠰᠡ ᠳᠤ ᠬᠢᠵᠠᠭᠠᠷᠯᠠᠭᠳᠠᠬᠤ | ᠦᠭᠡᠢ ᠂ ᠠᠵᠢᠯ ᠣᠯᠣᠭᠰᠠᠨ ᠭᠠᠵᠠᠷ ᠲᠠᠭᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠠ | ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ ᠣᠷᠣᠯᠴᠠᠵᠤ ᠂ ᠪᠣᠯᠪᠠᠰᠤᠷᠠᠭᠤᠯᠤᠯ ᠤᠨ ᠴᠠᠭ ᠢ ᠨᠡᠶᠢᠯᠡᠭᠦᠯᠦᠨ | ᠪᠤᠳᠤᠵᠤ ᠂ ᠨᠥᠬᠦᠴᠡᠯ ᠳᠤ ᠨᠡᠶᠢᠴᠡᠭᠰᠡᠨ ᠪᠠᠶᠢᠪᠠᠯ ᠲᠣᠭᠲᠠᠭᠠᠯ ᠶᠣᠰᠣᠭᠠᠷ ᠪᠣᠯᠪᠠᠰᠤᠷᠠᠭᠤᠯᠤᠯ ᠤᠨ ᠨᠥᠬᠦᠪᠦᠷᠢ ᠪᠠ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠨᠠᠨ ᠲᠣᠭᠲᠠᠭᠠᠯᠲᠠ ᠶᠢᠨ ᠨᠥᠬᠦᠪᠦᠷᠢ ᠣᠯᠭᠤᠬᠤ ᠶᠢᠨ ᠬᠠᠮᠲᠤ | ᠲᠣᠭᠲᠠᠭᠠᠯ ᠶᠣᠰᠣᠭᠠᠷ ᠠᠮᠢᠳᠤᠷᠠᠯ ᠤᠨ ᠵᠠᠷᠤᠳᠠᠯ ︵ ᠵᠠᠮ ᠬᠠᠷᠢᠯᠴᠠᠭᠠᠨ ᠤ ᠵᠠᠷᠤᠳᠠᠯ ᠪᠠᠭᠲᠠᠨ᠎ᠠ ︶ ᠤᠨ ᠨᠥᠬᠦᠪᠦᠷᠢ | ᠣᠯᠭᠤᠨ᠎ᠠ ᠃ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠠᠵᠢᠯ ᠲᠥᠷᠥᠯ ᠤᠨ | ᠰᠢᠰᠲ᠋ᠧᠮ ᠢᠶᠠᠷ ᠢᠶᠠᠨ ᠳᠡᠮᠵᠢᠬᠦ ᠂ ᠬᠠᠮᠲᠤᠷᠠᠨ ᠰᠤᠷᠭᠠᠭᠤᠯᠢ ᠡᠷᠭᠢᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ ᠂ ᠨᠢᠭᠡ | ᠪᠦᠯᠦᠭ ᠶᠡᠷᠦᠩᠬᠡᠶᠢᠯᠡᠭᠰᠡᠨ ᠬᠡᠯᠪᠡᠷᠢ ᠶᠢᠨ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠳᠠᠳᠤᠯᠭ᠎ᠠ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠠ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢ ᠪᠦᠲᠦᠭᠡᠨ | ᠪᠠᠶᠢᠭᠤᠯᠬᠤ ᠶᠢ ᠳᠡᠮᠵᠢᠵᠦ ᠂ ᠴᠢᠭᠯᠡᠭᠦᠯᠬᠦ ᠴᠢᠨᠠᠷᠲᠠᠢ ᠪᠠᠷ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ ᠬᠠᠩᠭᠠᠨ᠎ᠠ ᠃ ᠶᠠᠳᠠᠭᠤ ᠠᠴᠠ ᠠᠩᠭᠢᠵᠢᠷᠠᠭᠰᠠᠨ ᠡᠷᠦᠬᠡ ᠂ ᠮᠠᠯᠵᠢᠬᠤ ᠲᠠᠷᠢᠶᠠᠯᠠᠬᠤ ᠣᠷᠣᠨ ᠤ | ᠣᠷᠣᠯᠭ᠎ᠠ ᠪᠠᠭᠠᠲᠠᠢ ᠭᠡᠷ ᠪᠦᠯᠢ ᠶᠢᠨ ︽ ᠬᠤᠶᠠᠷ ᠠᠴᠠ ᠰᠡᠭᠦᠯᠡᠷᠬᠢ ᠰᠣᠷᠣᠭᠴᠢ ︾ ᠶᠢᠨ ᠮᠡᠷᠭᠡᠵᠢᠯ ᠤᠨ | ᠠᠵᠢᠯᠴᠢᠨ ᠤ ᠳᠡᠭᠡᠳᠦ ᠰᠤᠷᠭᠠᠭᠤᠯᠢ ᠳᠤ ᠰᠤᠷᠤᠯᠴᠠᠬᠤ ᠶᠢ ᠵᠣᠷᠢᠭᠵᠢᠭᠤᠯᠵᠤ ᠂ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠪᠠ ᠰᠤᠷᠤᠯᠭ᠎ᠠ ᠶᠢᠨ | ᠰᠦᠢᠳᠬᠡᠯ ᠢ ᠬᠡᠯᠲᠦᠷᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ 《ᠬᠤᠷ᠎ᠠ ᠶᠢᠨ | ᠰᠢᠭᠦᠳᠡᠷᠢ ᠶᠢᠨ ᠲᠥᠯᠥᠪᠯᠡᠭᠡ》 ᠶᠢ ᠦᠷᠭᠦᠯᠵᠢᠯᠡᠨ ᠬᠡᠷᠡᠭᠵᠢᠭᠦᠯᠵᠦ᠂ ᠲᠣᠭᠲᠠᠭᠠᠯ ᠶᠣᠰᠣᠭᠠᠷ ᠵᠣᠬᠢᠴᠠᠩᠭᠤᠢ | ᠨᠥᠬᠦᠪᠦᠷᠢ ᠣᠯᠭᠤᠨ᠎ᠠ᠃ ᠪᠥᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ | ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠢ ᠲᠣᠭᠲᠠᠮᠠᠯ ᠬᠤᠭᠤᠴᠠᠭ᠎ᠠ ᠲᠠᠢ ᠪᠠᠷ ᠡᠷᠭᠢᠯᠡᠵᠦ ᠂ ᠨᠢᠭᠡ | ᠪᠦᠯᠦᠭ ᠮᠡᠷᠭᠡᠵᠢᠯ ᠴᠢᠳᠠᠪᠤᠷᠢ ᠳᠤ ᠲᠦᠰᠢᠭᠯᠡᠨ ᠠᠵᠢᠯ ᠣᠯᠣᠭᠰᠠᠨ ᠂ ᠠᠵᠢᠯ ᠣᠯᠭᠤᠯᠲᠠ ᠳᠤ ᠲᠦᠰᠢᠭᠯᠡᠨ | ᠪᠠᠶᠠᠵᠢᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠥᠮᠥᠵᠢᠭᠦᠯᠦᠨ᠎ᠡ᠃ | ︵ ᠠᠷᠪᠠ ︶ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ ᠠᠵᠢᠯ | ᠣᠯᠭᠤᠯᠲᠠ ᠶᠢ ᠠᠬᠢᠭᠤᠯᠤᠨ᠎ᠠ ᠃ ᠲᠤᠰ ᠭᠠᠵᠠᠷ ᠣᠷᠣᠨ ᠤ ᠡᠬᠢ ᠪᠠᠶᠠᠯᠢᠭ ᠤᠨ ᠳᠠᠪᠠᠭᠤᠯᠢᠭ ᠂ ᠰᠣᠶᠣᠯ ᠤᠨ | ᠣᠨᠴᠠᠯᠢᠭ ᠂ ᠠᠵᠤ ᠦᠢᠯᠡᠰ ᠤᠨ ᠰᠠᠭᠤᠷᠢ ᠵᠡᠷᠭᠡ ᠳᠠᠪᠠᠭᠤᠯᠢᠭ ᠲᠠᠭᠠᠨ ᠲᠦᠰᠢᠭᠯᠡᠨ ᠂ ᠤᠯᠤᠰ ᠂ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠠ ᠵᠠᠬ᠎ᠠ ᠳᠡᠯᠭᠡᠭᠦᠷ ᠤᠨ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠂ ︽ ᠨᠢᠭᠡ ᠰᠢᠶᠠᠨ ᠨᠢᠭᠡ ᠨᠠᠷᠠᠲᠤ ᠲᠥᠷᠥᠯ | ᠲᠡᠮᠳᠡᠭᠲᠦ ︾ ᠶᠢᠨ ᠱᠠᠭᠠᠷᠳᠠᠯᠭ᠎ᠠ ᠶᠣᠰᠣᠭᠠᠷ ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠢᠶᠠᠷ ᠭᠤᠣᠯᠯᠠᠭᠤᠯᠬᠤ ᠂ | ᠵᠠᠬ᠎ᠠ ᠳᠡᠯᠭᠡᠭᠦᠷ ᠤᠨ ᠭᠤᠣᠯ ᠴᠣᠭᠴᠠ ᠣᠷᠤᠯᠴᠠᠬᠤ ᠂ ᠮᠡᠷᠭᠡᠵᠢᠯ ᠤᠨ ᠴᠢᠳᠠᠪᠤᠷᠢ ᠶᠢᠨ ᠨᠠᠷᠠᠲᠤ ᠲᠥᠷᠥᠯ | ᠲᠡᠮᠳᠡᠭᠲᠦ ᠬᠢᠭᠡᠳ ᠭᠠᠳᠠᠭᠰᠢ ᠭᠠᠷᠭᠠᠬᠤ ᠨᠠᠷᠠᠲᠤ ᠲᠥᠷᠥᠯ ᠲᠡᠮᠳᠡᠭᠲᠦ ᠶᠢ ᠬᠠᠷᠢᠯᠴᠠᠨ ᠤᠶᠠᠯᠳᠤᠭᠤᠯᠬᠤ ᠂ | ᠣᠨᠴᠠᠯᠢᠭᠲᠤ ᠨᠠᠷᠠᠲᠤ ᠲᠥᠷᠥᠯ ᠲᠡᠮᠳᠡᠭᠲᠦ ᠬᠢᠭᠡᠳ ᠭᠠᠵᠠᠷ ᠣᠷᠣᠨ ᠤ ᠨᠠᠷᠠᠲᠤ ᠲᠥᠷᠥᠯ ᠲᠡᠮᠳᠡᠭᠲᠦ ᠶᠢ | ᠤᠶᠠᠯᠳᠤᠭᠤᠯᠬᠤ ᠶᠢ ᠪᠠᠷᠢᠮᠲᠠᠯᠠᠵᠤ ᠂ ᠨᠢᠭᠡ ᠪᠦᠯᠦᠭ ᠣᠨᠴᠠᠯᠢᠭ ᠲᠠᠢ ᠂ ᠮᠠᠭᠲᠠᠭᠠᠯ ᠲᠠᠢ ᠂ ᠬᠡᠪᠴᠢᠶ᠎ᠡ ᠲᠠᠢ ᠰᠢᠨ᠎ᠡ | ᠮᠠᠶ᠋ᠢᠭ ᠤᠨ ᠣᠨᠴᠠᠯᠢᠭᠲᠤ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠢᠳᠡᠪᠬᠢᠲᠡᠢ ᠪᠠᠷ | ᠪᠣᠶᠢᠵᠢᠭᠤᠯᠬᠤ ᠂ ᠡᠭᠦᠳᠦᠨ ᠪᠠᠶᠢᠭᠤᠯᠬᠤ ᠪᠠ ᠬᠥᠭᠵᠢᠭᠦᠯᠬᠦ ᠬᠡᠷᠡᠭᠲᠡᠢ ᠃ ᠤᠷ᠎ᠠ ᠮᠡᠷᠭᠡᠰᠢᠯ ᠢᠶᠠᠷ ᠨᠡᠭᠡᠭᠡᠨ | ᠬᠥᠭᠵᠢᠭᠦᠯᠬᠦ ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠂ ᠵᠣᠬᠢᠶᠠᠨ ᠪᠠᠶᠢᠭᠤᠯᠤᠯᠴᠠᠨ ᠭᠠᠳᠠᠭᠰᠢ ᠭᠠᠷᠭᠠᠬᠤ ᠂ | ᠠᠵᠤ ᠦᠶᠢᠯᠡᠰᠵᠢᠭᠦᠯᠦᠨ ᠴᠣᠭᠴᠠᠯᠠᠬᠤ ᠶᠢ ᠪᠠᠷᠢᠮᠲᠠᠯᠠᠵᠤ ᠂ ᠲᠤᠰᠬᠠᠢ ᠠᠵᠢᠯ ᠤᠨ ᠲᠥᠯᠥᠪᠯᠡᠭᠡ ᠲᠣᠭᠲᠠᠭᠠᠨ ᠂ | ᠭᠠᠳᠠᠭᠰᠢ ᠭᠠᠷᠭᠠᠬᠤ ᠬᠡᠪᠴᠢᠶ᠎ᠡ ᠪᠠ ᠭᠠᠳᠠᠭᠰᠢ ᠭᠠᠷᠭᠠᠬᠤ ᠶᠠᠰᠤ ᠴᠢᠨᠠᠷ ᠤᠨ ᠬᠠᠷᠠᠯᠲᠠ ᠶᠢ ᠲᠣᠭᠲᠠᠭᠠᠵᠤ ᠂ ᠶᠠᠳᠠᠭᠤ | ᠠᠴᠠ ᠠᠩᠭᠢᠵᠢᠷᠠᠭᠰᠠᠨ ᠬᠥᠮᠥᠨ ᠠᠮᠠ ᠶᠢ ᠭᠤᠣᠯᠳᠠᠯᠭ᠎ᠠ ᠲᠠᠢ ᠭᠠᠳᠠᠭᠰᠢ ᠭᠠᠷᠭᠠᠨ᠎ᠠ ᠃ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠪᠠᠶᠢᠷᠢᠯᠠᠭᠤᠯᠤᠯᠲᠠ ᠶᠣᠰᠣᠭᠠᠷ ᠨᠢᠭᠡ ᠪᠦᠯᠦᠭ ᠮᠠᠯᠵᠢᠬᠤ | ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠠᠵᠢᠯ ᠤᠨ ᠵᠢᠱᠢᠶ᠎ᠡ ᠦᠵᠡᠭᠦᠯᠬᠦ | ᠬᠤᠰᠢᠭᠤ ᠰᠢᠶᠠᠨ ᠢ ᠵᠣᠬᠢᠶᠠᠨ ᠪᠠᠶᠢᠭᠤᠯᠤᠨ ᠲᠠᠨᠢᠯᠴᠠᠭᠤᠯᠵᠤ ᠦᠨᠡᠮᠰᠢᠨ ᠲᠣᠭᠲᠠᠭᠠᠵᠤ ᠂ ᠵᠢᠱᠢᠶ᠎ᠡ ᠦᠵᠡᠭᠦᠯᠦᠨ | ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ ᠃ | ︵ ᠠᠷᠪᠠᠨ ᠨᠢᠭᠡ ︶ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠢ ᠰᠢᠯᠢᠳᠡᠭᠵᠢᠭᠦᠯᠦᠨ | ᠳᠡᠭᠡᠭᠰᠢᠯᠡᠭᠦᠯᠦᠨ᠎ᠡ ᠃ ᠪᠦᠬᠦ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢᠨ | ᠰᠢᠰᠲ᠋ᠧᠮ ᠳᠤ ᠲᠦᠰᠢᠭᠯᠡᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ ᠬᠥᠳᠡᠭᠡ ᠲᠣᠰᠬᠤᠨ ᠤ ᠣᠷᠣᠯᠭ᠎ᠠ | ᠪᠠᠭᠠᠲᠠᠢ ᠬᠥᠮᠥᠨ ᠠᠮᠠ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠭᠰᠡᠨ ᠤᠯᠠᠨ ᠲᠦᠮᠡᠨ ᠵᠡᠷᠭᠡ | ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢᠨ ᠪᠠᠶᠢᠳᠠᠯ ᠳᠤ ᠬᠥᠳᠡᠯᠦᠩᠭᠦᠢ ᠬᠢᠨᠠᠨ ᠬᠡᠮᠵᠢᠯᠲᠡ ᠶᠢ ᠳᠦᠷᠦᠯ | ᠬᠤᠪᠢᠶᠠᠨ ᠬᠡᠷᠡᠭᠵᠢᠭᠦᠯᠵᠦ᠂ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠠᠮᠲᠤ ᠪᠠᠷ | ᠡᠳ᠋ᠯᠡᠬᠦ ᠶᠢ ᠴᠢᠩᠭᠠᠳᠬᠠᠵᠤ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠡᠲᠡᠭᠡᠳ ᠢ ᠨᠠᠷᠢᠯᠢᠭ ᠣᠨᠣᠴᠠᠲᠠᠢ ᠪᠠᠷ | ᠢᠯᠭᠠᠨ ᠲᠠᠨᠢᠬᠤ᠂ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ᠂ ᠨᠠᠷᠢᠯᠢᠭ ᠣᠨᠣᠴᠠᠲᠠᠢ ᠪᠠᠷ ᠬᠠᠮᠢᠶᠠᠷᠬᠤ ᠶᠢ | ᠪᠡᠶᠡᠯᠡᠭᠦᠯᠦᠨ᠎ᠡ᠃ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠢ ᠬᠥᠳᠡᠭᠡ ᠲᠣᠰᠬᠤᠨ ᠭᠠᠵᠠᠷ ᠣᠷᠣᠨ | ᠳᠠᠰᠢ ᠤᠷᠲᠤᠳᠬᠠᠬᠤ ᠶᠢ ᠠᠬᠢᠭᠤᠯᠵᠤ ᠂ ᠠᠵᠢᠯ ᠣᠯᠭᠤᠬᠤ ᠦᠢᠯᠡᠴᠢᠯᠡᠭᠡᠨ ᠤ ᠴᠢᠳᠠᠮᠵᠢ ᠶᠢ ᠭᠠᠴᠠᠭ᠎ᠠ ︵ | ᠲᠣᠰᠬᠤᠨ ︶ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠤᠨ ᠴᠢᠬᠤᠯᠠ ᠠᠭᠤᠯᠭ᠎ᠠ ᠪᠣᠯᠭᠠᠵᠤ ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠢ | ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠶᠢᠨ ᠵᠢᠯᠤᠭᠤᠳᠬᠤ ᠴᠢᠨᠠᠷᠲᠠᠢ ᠭᠠᠷᠴᠠᠭ ᠲᠤ | ᠣᠷᠣᠭᠤᠯᠵᠤ ᠂ ᠡᠵᠡᠩᠨᠡᠯᠲᠡ ᠶᠢᠨ ᠴᠢᠨᠠᠷᠲᠠᠢ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ | ᠪᠠᠶᠢᠭᠤᠯᠤᠮᠵᠢ ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠤᠰᠬᠠᠶᠢᠵᠢᠭᠰᠠᠨ ᠦᠢᠯᠡᠴᠢᠯᠡᠭᠡᠨ ᠬᠠᠩᠭᠠᠬᠤ ᠶᠢ | ᠳᠡᠮᠵᠢᠨ᠎ᠡ ᠃ ︽ ᠬᠠᠪᠤᠷ ᠤᠨ ᠰᠠᠯᠬᠢᠨ ᠤ ᠠᠵᠢᠯᠯᠠᠭ᠎ᠠ ︾ ᠂ ︽ ᠠᠵᠢᠯ ᠣᠯᠭᠤᠯᠲᠠ ᠶᠢ ᠲᠤᠰᠠᠯᠠᠬᠤ ᠰᠠᠷ᠎ᠠ ︾ | ᠵᠡᠷᠭᠡ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠠᠵᠢᠯᠴᠢᠨ ᠬᠡᠷᠡᠭᠯᠡᠬᠦ ᠶᠢ ᠵᠣᠯᠭᠠᠭᠤᠯᠬᠤ | ᠲᠠᠪᠴᠠᠩ ᠢ ᠪᠠᠶᠢᠭᠤᠯᠤᠨ ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠪᠠ | ᠨᠡᠶᠢᠭᠡᠮ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠳᠤ ᠴᠢᠭᠯᠡᠭᠦᠯᠦᠨ ᠲᠤᠰᠬᠠᠢ ᠲᠠᠯᠠᠪᠤᠷ ᠲᠤ ᠤᠷᠢᠬᠤ ᠵᠡᠷᠭᠡ ᠠᠵᠢᠯ ᠣᠯᠭᠤᠯᠲᠠ ᠶᠢᠨ | ᠦᠢᠯᠡᠴᠢᠯᠡᠭᠡᠨ ᠤ ᠠᠵᠢᠯᠯᠠᠭ᠎ᠠ ᠥᠷᠨᠢᠭᠦᠯᠦᠭᠰᠡᠨ ᠪᠠᠶᠢᠪᠠᠯ ᠂ ᠲᠣᠭᠲᠠᠭᠠᠯ ᠶᠣᠰᠣᠭᠠᠷ ᠨᠢᠭᠡ ᠤᠳᠠᠭ᠎ᠠ ᠶᠢᠨ | ᠴᠢᠨᠠᠷᠲᠠᠢ ᠪᠠᠷ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠨᠥᠬᠦᠪᠦᠷᠢ ᠣᠯᠭᠤᠨ᠎ᠠ ᠃ | ︵ ᠠᠷᠪᠠᠨ ᠬᠤᠶᠠᠷ ︶ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠵᠦ ᠠᠵᠢᠯ ᠣᠯᠭᠤᠬᠤ ᠶᠢ | ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠤᠨ᠎ᠠ ᠃ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠵᠦ | ᠲᠥᠪᠬᠢᠨᠡᠭᠦᠯᠬᠦ ᠣᠷᠣᠨ ᠨᠢ ᠲᠤᠬᠠᠢ ᠶᠢᠨ ᠭᠠᠵᠠᠷ ᠤᠨ ᠤᠯᠠᠨ ᠲᠦᠮᠡᠨ ᠤ ᠠᠵᠢᠯ ᠣᠯᠭᠤᠯᠲᠠ ᠶᠢᠨ ᠬᠡᠷᠡᠭᠴᠡᠭᠡ ᠳᠤ | ᠲᠣᠬᠢᠷᠠᠬᠤ ᠬᠥᠳᠡᠯᠮᠦᠷᠢ ᠬᠤᠷᠠᠭᠰᠠᠨ ᠬᠡᠯᠪᠡᠷᠢ ᠶᠢᠨ᠂ ᠠᠮᠢ ᠠᠬᠤᠢ ᠨᠥᠬᠦᠷᠰᠡᠭ ᠬᠡᠯᠪᠡᠷᠢ ᠶᠢᠨ ᠲᠦᠷᠦᠯ ᠵᠦᠢᠯ ᠪᠤᠶᠤ | ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠠᠵᠢᠯ ᠣᠯᠭᠤᠯᠲᠠ ᠶᠢᠨ ᠠᠷᠭ᠎ᠠ ᠵᠠᠮ ᠢ | ᠥᠷᠭᠡᠳᠬᠡᠨ᠎ᠡ᠃ ᠡᠯ᠎ᠡ ᠭᠠᠵᠠᠷ ᠤᠨ ᠬᠢᠨ ᠲᠤᠬᠠᠢ ᠶᠢᠨ ᠭᠠᠵᠠᠷ ᠤᠨ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ | ᠲᠡᠳᠬᠦᠬᠦ ᠲᠥᠷᠥᠯ ᠵᠦᠢᠯ ᠪᠠ ᠲᠥᠪᠬᠢᠨᠡᠭᠦᠯᠬᠦ ᠠᠵᠢᠯᠲᠠᠨ ᠤ ᠬᠡᠪᠴᠢᠶ᠎ᠡ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ | ᠂ ᠬᠠᠷᠢᠴᠠᠯ ᠶᠣᠰᠣᠭᠠᠷ ᠠᠵᠢᠯ ᠣᠯᠭᠤᠬᠤ ᠳᠦᠷᠢᠮ ᠢ ᠰᠠᠶᠢᠲᠤᠷ ᠨᠠᠶᠢᠳᠠᠪᠤᠷᠢᠵᠢᠭᠤᠯᠤᠨ ᠂ ᠵᠠᠰᠠᠭ ᠤᠨ ᠣᠷᠳᠣᠨ ᠤ | ᠪᠡᠯᠡ ᠣᠷᠣᠭᠤᠯᠵᠤ ᠪᠦᠲᠦᠭᠡᠨ ᠪᠠᠶᠢᠭᠤᠯᠬᠤ ᠲᠥᠷᠥᠯ ᠵᠦᠢᠯ ᠂ ᠠᠵᠢᠯ ᠣᠯᠭᠤᠬᠤ ᠪᠠᠷ ᠲᠡᠳᠬᠦᠮᠵᠢ ᠶᠢ | ᠣᠷᠣᠯᠠᠭᠤᠯᠬᠤ ᠲᠥᠷᠥᠯ ᠵᠦᠢᠯ ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠥᠷᠥᠯ ᠵᠦᠢᠯ ᠳᠤ | 10% ᠠᠴᠠ ᠳᠤᠲᠠᠭᠤ ᠦᠭᠡᠢ ᠠᠵᠢᠯ ᠤᠨ ᠪᠠᠶᠢᠷᠢ ᠲᠣᠬᠢᠷᠠᠭᠤᠯᠵᠤ ᠂ ᠣᠨᠳᠣᠣ ᠭᠠᠵᠠᠷ ᠲᠤ ᠨᠡᠭᠦᠯᠭᠡᠨ | ᠶᠠᠳᠠᠭᠤ ᠶᠢ ᠲᠡᠳᠬᠦᠬᠦ ᠪᠠᠷ ᠨᠡᠭᠦᠯᠭᠡᠭᠰᠡᠨ ᠣᠯᠠᠨ ᠲᠦᠮᠡᠨ ᠤ ᠠᠵᠢᠯ ᠣᠯᠭᠤᠯᠲᠠ ᠳᠤ ᠬᠡᠷᠡᠭᠯᠡᠬᠦ ᠬᠡᠷᠡᠭᠲᠡᠢ ᠃ | ᠲᠥᠪᠬᠢᠨᠡᠭᠦᠯᠬᠦ ᠣᠷᠣᠨ ᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠪᠠᠶᠢᠩᠭᠤᠵᠢᠭᠤᠯᠤᠨ ᠬᠦᠷᠭᠡᠬᠦ ᠲᠣᠭᠲᠠᠴᠠ ᠶᠢ | ᠪᠠᠶᠢᠭᠤᠯᠵᠤ ᠂ ᠪᠢᠴᠢᠯ ᠪᠦᠷᠭᠡ ᠸᠢᠴᠠᠲ ᠤᠨ ᠬᠡᠷᠡᠭᠯᠡᠭᠴᠢ ᠶᠢᠨ ᠦᠵᠦᠭᠦᠷ ᠂ ᠠᠵᠢᠯ ᠣᠯᠭᠤᠯᠲᠠ ᠶᠢᠨ ᠬᠠᠮ ᠲᠡᠷᠭᠡ | ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠲᠥᠷᠥ ᠶᠢᠨ ᠪᠣᠳᠣᠯᠭ᠎ᠠ ᠂ ᠠᠵᠢᠯ ᠤᠨ ᠪᠠᠶᠢᠷᠢ ᠂ | ᠦᠢᠯᠡᠴᠢᠯᠡᠭᠡ ᠬᠦᠷᠭᠡᠵᠦ ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠪᠠ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠤᠨ ᠮᠡᠳᠡᠭᠡ ᠵᠠᠩᠭᠢ ᠶᠢ ᠨᠠᠷᠢᠯᠢᠭ ᠣᠨᠣᠴᠠᠲᠠᠢ ᠪᠠᠷ ᠲᠠᠨᠢᠯᠴᠠᠭᠤᠯᠬᠤ ᠬᠡᠷᠡᠭᠲᠡᠢ ᠃ | ᠳᠥᠷᠪᠡ ᠂ ᠠᠵᠢᠯ ᠤᠨ ᠱᠠᠭᠠᠷᠳᠠᠯᠭ᠎ᠠ | ︵ ᠨᠢᠭᠡ ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ ᠃ ᠡᠯ᠎ᠡ ᠠᠶᠢᠮᠠᠭ | ᠬᠤᠳᠠ ᠨᠤᠭᠤᠳ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠬᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠳᠦᠷ ᠳᠤᠳᠤᠮ ᠤᠨ | ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠢ ᠬᠠᠷᠢᠭᠤᠴᠠᠯᠭ᠎ᠠ ᠶᠢ | ᠡᠭᠦᠷᠭᠡᠯᠡᠬᠦ᠂ ᠠᠶᠢᠮᠠᠭ ᠬᠤᠳᠠ ᠪᠣᠯᠣᠨ ᠬᠤᠰᠢᠭᠤ ᠰᠢᠶᠠᠨ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ | ᠲᠣᠭᠲᠠᠴᠠ ᠶᠢ ᠴᠢᠩᠭᠠᠳᠬᠠᠵᠤ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠭᠤᠣᠯ ᠴᠣᠭᠴᠠ ᠶᠢᠨ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ | ᠣᠯᠭᠤᠯᠲᠠ ᠶᠢᠨ ᠬᠦᠷᠢᠶᠡᠨ ᠳᠠᠬᠢ ᠲᠡᠳᠬᠦᠬᠦ ᠲᠦᠷᠦ ᠶᠢᠨ ᠪᠣᠳᠣᠯᠭ᠎ᠠ᠂ ᠪᠡᠯᠡ ᠮᠥᠩᠭᠦ ᠶᠢᠨ ᠳᠡᠮᠵᠢᠯᠭᠡ ᠶᠢ ᠪᠠᠲᠤᠯᠠᠵᠤ | ᠂ ᠬᠠᠪᠰᠤᠷᠤᠨ ᠲᠡᠳᠬᠦᠬᠦ ᠬᠦᠴᠦᠨ ᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ ᠬᠡᠷᠡᠭᠲᠡᠢ᠃ | ︵ ᠬᠤᠶᠠᠷ ︶ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ ᠃ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠠᠮᠲᠤᠷᠠᠯ ᠤᠨ | ᠬᠦᠴᠦᠨ ᠢᠶᠠᠨ ᠨᠢᠭᠲᠠᠷᠠᠭᠤᠯᠵᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠬᠠᠮᠲᠤᠪᠠᠷ ᠬᠦᠴᠦᠯᠡᠬᠦ ᠬᠡᠷᠡᠭᠲᠡᠢ᠃ | ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠲᠦᠷᠦᠭᠦᠯᠡᠨ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠠᠵᠢᠯ ᠢ ᠰᠠᠶᠢᠲᠤᠷ ᠬᠢᠵᠦ ᠂ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠂ ᠠᠵᠢᠯ ᠣᠯᠭᠤᠬᠤ ᠦᠢᠯᠡᠴᠢᠯᠡᠭᠡ ᠪᠠ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠢ ᠰᠠᠶᠢᠲᠤᠷ ᠠᠳᠬᠤᠵᠤ ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠭᠦᠨᠵᠡᠭᠡᠢ | ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠣᠨᠳᠣᠣ ᠭᠠᠵᠠᠷ ᠨᠡᠭᠦᠯᠭᠡᠵᠦ ᠶᠠᠳᠠᠭᠤ ᠶᠢ | ᠲᠡᠳᠬᠦᠭᠰᠡᠨ ᠤ ᠳᠠᠷᠠᠭᠠᠬᠢ ᠲᠡᠳᠬᠦᠮᠵᠢ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠂ ᠲᠣᠮᠣ ᠳᠤᠮᠳᠠ | ᠬᠡᠯᠪᠡᠷᠢ ᠶᠢᠨ ᠲᠥᠪᠬᠢᠨᠡᠭᠦᠯᠬᠦ ᠣᠷᠣᠨ ᠪᠠ ᠣᠨᠳᠣᠣ ᠭᠠᠵᠠᠷ ᠨᠡᠭᠦᠯᠭᠡᠭᠰᠡᠨ ᠣᠯᠠᠨ ᠲᠦᠮᠡᠨ ᠳᠤ ᠠᠵᠢᠯ | ᠣᠯᠭᠤᠬᠤ ᠶᠢᠨ ᠲᠣᠭᠤᠷᠢᠨ ᠳᠤ ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠢᠯ ᠢ | ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ | ᠬᠥᠮᠥᠰ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠬᠡᠷᠡᠭᠲᠡᠢ ᠃ ᠲᠠᠷᠢᠶᠠᠯᠠᠩ | ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ | ᠲᠦᠯᠬᠢᠨ ᠠᠬᠢᠭᠤᠯᠵᠤ ᠂ ᠲᠤᠬᠠᠢ ᠶᠢᠨ ᠭᠠᠵᠠᠷ ᠪᠤᠶᠤ ᠣᠶᠢᠷ᠎ᠠ ᠬᠠᠪᠢ ᠳᠠᠭᠠᠨ ᠠᠵᠢᠯ ᠣᠯᠬᠤ ᠨᠠᠩ ᠣᠯᠠᠨ ᠠᠵᠠ | ᠲᠣᠬᠢᠶᠠᠯ ᠢ ᠡᠭᠦᠳᠬᠦ ᠬᠡᠷᠡᠭᠲᠡᠢ ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠳ | ᠠᠵᠢᠯ ᠣᠯᠭᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠶᠡᠷᠦᠩᠬᠡᠢ | ᠪᠠᠶᠢᠷᠢᠯᠠᠭᠤᠯᠤᠯᠲᠠ ᠳᠤ ᠣᠷᠣᠭᠤᠯᠵᠤ ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠂ ᠬᠥᠳᠡᠭᠡ ᠲᠣᠰᠬᠤᠨ ᠤ | ᠣᠷᠣᠯᠭ᠎ᠠ ᠪᠠᠭᠠᠲᠠᠢ ᠬᠥᠮᠥᠨ ᠠᠮᠠ ᠶᠢᠨ ᠳᠡᠩᠰᠡᠯᠡᠨ ᠺᠠᠷᠲᠯᠠᠭᠰᠠᠨ ᠪᠠ ᠠᠵᠢᠯ ᠣᠯᠵᠤ ᠠᠵᠢᠯ ᠠᠯᠳᠠᠭᠰᠠᠨ ᠢ | ᠬᠥᠳᠡᠯᠦᠩᠭᠦᠢ ᠪᠠᠷ ᠬᠢᠨᠠᠨ ᠬᠡᠮᠵᠢᠬᠦ ᠶᠢ ᠴᠢᠩᠭᠠᠳᠬᠠᠵᠤ ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠂ | ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢᠨ ᠠᠵᠢᠯ ᠣᠯᠭᠤᠯᠲᠠ ᠶᠢ ᠬᠠᠪᠰᠤᠷᠤᠨ ᠲᠡᠳᠬᠦᠭᠰᠡᠨ | ᠪᠠᠶᠢᠳᠠᠯ ᠢ ᠠᠶᠢᠮᠠᠭ ᠬᠤᠲᠠ ᠂ ᠬᠤᠰᠢᠭᠤ ᠰᠢᠶᠠᠨ ︵ ᠬᠤᠲᠠ ᠂ ᠲᠣᠭᠤᠷᠢᠭ ︶ ᠤ ᠨᠠᠮ ᠵᠠᠰᠠᠭ ᠤᠨ ᠤᠳᠤᠷᠢᠳᠬᠤ | ᠪᠠᠭ ᠪᠠ ᠤᠳᠤᠷᠢᠳᠬᠤ ᠺᠠᠳ᠋ᠷᠴᠤᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠳᠠᠲᠤ | ᠠᠮᠵᠢᠯᠲᠠ ᠶᠢ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠬᠤ ᠬᠡᠷᠡᠭᠲᠡᠢ ᠃ ᠡᠯ᠎ᠡ ᠱᠠᠲᠤᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠤᠳ ᠲᠥᠰᠥᠪ ᠤᠨ ᠬᠠᠤᠯᠢ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠢᠯ | ᠣᠯᠭᠤᠯᠲᠠ ᠶᠢᠨ ᠬᠠᠪᠰᠤᠷᠤᠨ ᠲᠡᠳᠬᠦᠬᠦ ᠶᠢ ᠳᠡᠮᠵᠢᠬᠦ ᠬᠡᠷᠡᠭᠲᠡᠢ ᠃ | ︵ ᠭᠤᠷᠪᠠ ︶ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ ᠃ ᠡᠯ᠎ᠡ | ᠠᠶᠢᠮᠠᠭ ᠬᠤᠲᠠ ᠨᠤᠭᠤᠳ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠡᠯ᠎ᠡ | ᠵᠦᠢᠯ ᠤᠨ ᠡᠭᠦᠷᠭᠡ ᠲᠠᠢ ᠬᠠᠷᠢᠴᠠᠭᠤᠯᠤᠨ ᠂ ᠪᠣᠳᠠᠲᠠᠢ ᠣᠨ ᠤ ᠡᠭᠦᠷᠭᠡ ᠪᠠᠨ ᠲᠣᠳᠣᠷᠬᠠᠶᠢᠯᠠᠵᠤ ᠂ ᠴᠠᠭ ᠤᠨ | ᠬᠦᠰᠦᠨᠦᠭᠲᠦ ᠂ ᠵᠠᠮ ᠱᠤᠭᠤᠮ ᠤᠨ ᠵᠢᠷᠤᠭ ᠢᠶᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ ᠂ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠴᠢᠩᠭ᠎ᠠ ᠠᠳᠬᠤᠨ ᠂ ᠠᠵᠢᠯ ᠣᠯᠭᠤᠯᠲᠠ ᠶᠢᠨ | ᠬᠠᠪᠰᠤᠷᠤᠨ ᠲᠡᠳᠬᠦᠬᠦ ᠠᠵᠢᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ ᠃ | ᠡᠯ᠎ᠡ ᠭᠠᠵᠠᠷ ᠤᠨ ᠬᠢᠨ ᠬᠠᠮᠢᠶ᠎ᠠ ᠪᠦᠬᠦᠢ ᠰᠢᠯᠵᠢᠭᠦᠯᠦᠨ ᠥᠭᠬᠦ ᠪᠡᠯᠡ ᠮᠥᠩᠭᠦ ᠶᠢ ᠬᠤᠪᠢᠶᠠᠷᠢᠯᠠᠬᠤ ᠳᠠᠭᠠᠨ ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ | ᠵᠢᠴᠢ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ | ᠬᠥᠮᠥᠨ ᠠᠮᠠ ᠨᠡᠯᠢᠶᠡᠳ ᠣᠯᠠᠨ ᠭᠠᠵᠠᠷ ᠣᠷᠣᠨ ᠳᠠᠰᠢ ᠬᠡᠯᠪᠡᠶᠢᠯᠭᠡᠬᠦ ᠬᠡᠷᠡᠭᠲᠡᠢ ᠃ | ︵ ᠳᠥᠷᠪᠡ ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ ᠃ ᠡᠯ᠎ᠡ ᠭᠠᠵᠠᠷ ᠤᠨ ᠬᠢᠨ | ᠰᠣᠨᠢᠨ ᠮᠡᠳᠡᠭᠡᠨ ᠤ ᠵᠠᠭᠤᠴᠢᠯᠠᠭᠤᠷ ᠪᠣᠯᠣᠨ ᠡᠯ᠎ᠡ ᠲᠥᠷᠥᠯ ᠤᠨ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ ᠂ | ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠴᠢᠭᠯᠡᠯᠲᠡ ᠲᠥᠷᠥ ᠶᠢᠨ ᠪᠣᠳᠣᠯᠭ᠎ᠠ ᠶᠢ ᠶᠡᠬᠡᠪᠡᠷ ᠤᠬᠠᠭᠤᠯᠵᠤ ᠂ | ᠠᠭᠤᠯᠭ᠎ᠠ ᠪᠠᠷ ᠪᠠᠶᠠᠯᠢᠭ ᠂ ᠬᠡᠯᠪᠡᠷᠢ ᠮᠠᠶ᠋ᠢᠭ ᠢᠶᠠᠷ ᠣᠯᠠᠨ ᠶᠠᠩᠵᠤ ᠶᠢᠨ ᠭᠤᠣᠯ ᠰᠡᠳᠦᠪᠲᠦ ᠤᠬᠠᠭᠤᠯᠭ᠎ᠠ ᠶᠢᠨ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ ᠂ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠲᠥᠷᠥ ᠶᠢᠨ | ᠪᠣᠳᠣᠯᠭ᠎ᠠ ᠶᠢᠨ ᠣᠶᠢᠯᠠᠭᠠᠬᠤ ᠬᠡᠮᠵᠢᠶ᠎ᠡ ᠪᠣᠯᠣᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ ᠂ | ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ | ᠠᠮᠠ ᠶᠢᠨ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠵᠦ ᠂ | ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠃ | ᠲᠣᠰ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ ᠂ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠶᠢ 2025 ᠣᠨ ᠤ 12 ᠰᠠᠷ᠎ᠠ ᠶᠢᠨ 31 ᠤ ᠡᠳᠦᠷ | ᠳᠠᠭᠤᠰᠤᠨ᠎ᠠ ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠄ ᠥᠪᠡᠷᠲᠡᠭᠡᠨ ᠵᠠᠰᠠᠬᠤ ᠣᠷᠣᠨ ᠤ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠪᠦᠬᠦᠯᠢ 16 ᠨᠠᠰᠤᠨ ᠠᠴᠠ ᠳᠡᠭᠡᠭᠰᠢᠬᠢ ᠬᠥᠳᠡᠯᠮᠦᠷᠢᠯᠡᠬᠦ ᠴᠢᠳᠠᠪᠤᠷᠢ ᠲᠠᠢ ᠪᠠ | ᠠᠵᠢᠯ ᠣᠯᠬᠤ ᠬᠦᠰᠡᠯ ᠲᠠᠢ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠂ ᠮᠠᠯᠵᠢᠬᠤ ᠲᠠᠷᠢᠶᠠᠯᠠᠬᠤ ᠣᠷᠣᠨ ᠤ | ᠣᠷᠣᠯᠭ᠎ᠠ ᠪᠠᠭᠠᠲᠠᠢ ᠬᠥᠮᠥᠨ ᠠᠮᠠ ᠃ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠭᠡᠳᠡᠭ | ᠨᠢ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ ᠶᠢ ᠵᠢᠭᠠᠵᠤ ᠪᠠᠶᠢᠨ᠎ᠠ ᠂ ᠵᠠᠬ᠎ᠠ ᠬᠢᠵᠠᠭᠠᠷ ᠤᠨ | ᠠᠮᠠᠷᠬᠠᠨ ᠡᠭᠦᠰᠬᠦ ᠶᠠᠳᠠᠭᠤ ᠬᠦᠴᠢᠷᠳᠡᠯᠲᠡᠢ ᠡᠷᠦᠬᠡ ᠵᠢᠴᠢ ᠡᠪᠡᠳᠴᠢᠨ ᠤ ᠰᠢᠯᠲᠠᠭᠠᠨ ᠪᠠ ᠭᠠᠮᠰᠢᠭ ᠤᠨ ᠰᠢᠯᠲᠠᠭᠠᠨ | ᠠᠴᠠ ᠪᠣᠯᠵᠤ ᠰᠠᠨᠠᠭᠠᠨ ᠳᠤ ᠦᠭᠡᠢ ᠠᠳᠡᠯ ᠵᠡᠷᠭᠡ ᠵᠠᠶᠢᠯᠠᠰᠢ ᠦᠭᠡᠢ ᠵᠠᠷᠤᠯᠭ᠎ᠠ ᠨᠡᠯᠢᠶᠡᠳ ᠶᠡᠭᠡ ᠪᠤᠶᠤ ᠣᠷᠣᠯᠭ᠎ᠠ ᠨᠢ | ᠶᠡᠭᠡ ᠬᠡᠮᠵᠢᠶ᠎ᠡ ᠪᠠᠷ ᠬᠠᠰᠤᠭᠳᠠᠭᠰᠠᠨ ᠠᠴᠠ ᠪᠣᠯᠵᠤ ᠦᠨᠳᠦᠰᠦᠨ ᠠᠮᠢᠳᠤᠷᠠᠯ ᠳᠤᠨᠢ ᠬᠦᠨᠳᠦ ᠨᠣᠴᠢᠲᠠᠢ | ᠬᠦᠴᠢᠷᠳᠡᠯ ᠲᠠᠢ ᠡᠷᠦᠬᠡ ᠶᠢᠨ ᠣᠷᠣᠯᠭ᠎ᠠ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠬᠤᠭᠤᠴᠠᠭᠠᠨ ᠤ ᠤᠯᠤᠰ ᠤᠨ ᠶᠠᠳᠠᠭᠤ ᠶᠢ ᠲᠡᠳᠬᠦᠬᠦ ᠪᠠᠷᠢᠮᠵᠢᠶ᠎ᠠ ᠶᠢᠨ 1.5 ᠳᠠᠬᠢᠨ ᠠᠴᠠ ᠲᠤᠤᠷ᠎ᠠ ᠪᠠᠶᠢᠬᠤ | ᠲᠤᠤᠷ᠎ᠠ ᠣᠷᠣᠯᠭ᠎ᠠ ᠲᠠᠢ ᠬᠥᠮᠥᠨ ᠠᠮᠠ ︵ᠲᠤᠤᠷ᠎ᠠ ᠣᠷᠣᠯᠭ᠎ᠠ ᠲᠠᠢ ᠬᠥᠮᠥᠨ ᠠᠮᠠ ᠶᠢᠨ ᠪᠠᠷᠢᠮᠵᠢᠶ᠎ᠠ ᠪᠠ ᠬᠡᠪᠴᠢᠶ᠎ᠡ ᠶᠢ | ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠬᠥᠳᠡᠯᠦᠩᠭᠦᠢ ᠪᠠᠷ | ᠲᠣᠬᠢᠷᠠᠭᠤᠯᠤᠨ᠎ᠠ ︶ ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ | 2021 ᠣᠨ ᠤ 7 ᠰᠠᠷ᠎ᠠ ᠶᠢᠨ 16 ᠤ ᠡᠳᠦᠷ | |