ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ 20 ᠰᠠᠯᠠᠭ᠎ᠠ ᠮᠥᠴᠢᠷ ᠬᠠᠮᠲᠤᠷᠠᠨ ︽ | ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠭᠰᠡᠨ ᠤ ᠳᠠᠷᠠᠭᠠᠬᠢ ᠲᠡᠳᠬᠦᠨ ᠳᠡᠮᠵᠢᠬᠦ ᠠᠵᠢᠯ ᠢ ᠦᠨᠡᠨ ᠬᠦ | ᠰᠠᠶᠢᠲᠤᠷ ᠬᠢᠵᠦ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ ︾ ︵ ᠳᠣᠷᠣᠭᠰᠢ ︽ ᠬᠡᠷᠡᠭᠵᠢᠭᠦᠯᠬᠦ ᠰᠠᠨᠠᠯ ︾ ᠭᠡᠵᠦ | ᠲᠣᠪᠴᠢᠯᠠᠨ᠎ᠠ ︶ ᠢ ᠲᠣᠭᠲᠠᠭᠠᠨ ᠳᠠᠷᠤᠮᠠᠯᠯᠠᠨ ᠲᠠᠷᠬᠠᠭᠠᠵᠤ ᠂ ︽ ᠠᠷᠪᠠᠨ ᠳᠥᠷᠪᠡᠳᠦᠭᠡᠷ ᠲᠠᠪᠤᠨ ᠵᠢᠯ ︾ ᠤᠨ | ᠲᠥᠯᠦᠪᠵᠢᠭᠦᠯᠭᠡ ᠶᠢᠨ ᠬᠤᠭᠤᠴᠠᠭᠠᠨ ᠳᠤ ᠣᠨᠳᠣᠣ ᠭᠠᠵᠠᠷ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠠᠵᠢᠯ ᠢ | ᠪᠠᠶᠢᠷᠢᠯᠠᠭᠤᠯᠤᠨ ᠂ ᠨᠡᠭᠦᠯᠭᠡᠵᠦ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠪᠡ ᠃ | 《 ᠬᠡᠷᠡᠭᠵᠢᠭᠦᠯᠬᠦ ᠰᠠᠨᠠᠯ 》 ᠳᠤ ᠲᠣᠳᠣᠷᠬᠠᠢ ᠲᠣᠭᠲᠠᠭᠠᠭᠰᠠᠨ ᠨᠢ ᠂ 《 ᠲᠥᠪ ᠠᠴᠠ ᠨᠢᠭᠡᠳᠦᠯᠲᠡᠢ | ᠲᠥᠯᠥᠪᠯᠡᠵᠦ ᠂ ᠮᠤᠵᠢ ᠠᠴᠠ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ ᠂ ᠬᠤᠲᠠ ᠰᠢᠶᠠᠨ ᠠᠴᠠ | ᠨᠠᠶᠢᠳᠠᠪᠤᠷᠢᠵᠢᠭᠤᠯᠤᠯᠲᠠ ᠶᠢ ᠠᠳᠬᠤᠬᠤ 》 ᠠᠵᠢᠯ ᠤᠨ ᠲᠣᠭᠲᠠᠴᠠ ᠶᠢ ᠪᠠᠷᠢᠮᠲᠠᠯᠠᠵᠤ ᠂ ᠣᠷᠣᠨ ᠬᠤᠪᠢᠶᠠᠨ | ᠲᠥᠷᠥᠯ ᠬᠤᠪᠢᠶᠠᠬᠤ ᠂ ᠨᠠᠷᠢᠯᠢᠭ ᠣᠨᠣᠴᠠᠲᠠᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠬᠦ ᠵᠠᠷᠴᠢᠮ ᠶᠣᠰᠣᠭᠠᠷ ᠂ | ᠥᠪᠥᠷ ᠮᠣᠩᠭᠤᠯ ᠤᠨ ᠪᠣᠳᠠᠲᠠᠢ ᠲᠠᠢ ᠤᠶᠠᠯᠳᠤᠭᠤᠯᠤᠨ ᠂ ᠣᠯᠠᠨ ᠠᠷᠭ᠎ᠠ ᠵᠠᠮ ᠢᠶᠠᠷ ᠠᠵᠢᠯ ᠣᠯᠭᠤᠯᠲᠠ ᠶᠢᠨ | ᠬᠠᠪᠰᠤᠷᠤᠨ ᠲᠡᠳᠬᠦᠬᠦ ᠶᠢ ᠠᠬᠢᠭᠤᠯᠬᠤ ᠂ ᠠᠵᠤ ᠦᠢᠯᠡᠰ ᠤᠨ ᠪᠤᠶᠢᠵᠢᠯᠲᠠ ᠶᠢ ᠨᠢᠭᠡᠳᠦᠯᠲᠡᠢ ᠲᠥᠯᠥᠪᠯᠡᠨ | ᠠᠬᠢᠭᠤᠯᠬᠤ ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢ ᠴᠢᠩᠭᠠᠳᠬᠠᠬᠤ ᠂ ᠨᠡᠶᠢᠭᠡᠮ ᠤᠨ ᠠᠭᠤᠰᠤᠯᠴᠠᠯ ᠢ | ᠠᠬᠢᠭᠤᠯᠬᠤ ᠵᠡᠷᠭᠡ ᠲᠤᠰᠬᠠᠢ ᠲᠥᠷᠥᠯ ᠤᠨ ᠲᠥᠷᠥ ᠶᠢᠨ ᠪᠣᠳᠣᠯᠭ᠎ᠠ ᠶᠢ ᠢᠵᠢ ᠪᠦᠷᠢᠳᠦᠭᠦᠯᠦᠨ ᠲᠣᠭᠲᠠᠭᠠᠵᠤ ᠂ ︽ | ᠳᠥᠷᠪᠡᠨ ᠨᠢᠷᠤᠭᠤ ᠨᠠᠢᠮᠠᠨ ᠲᠤᠯᠭᠠᠭᠤᠷᠢ ︾ ᠶᠢᠨ ᠲᠥᠷᠥ ᠶᠢᠨ ᠪᠣᠳᠣᠯᠭ᠎ᠠ ᠶᠢᠨ ᠳᠦᠷᠢᠮ ᠤᠨ ᠰᠢᠰᠲ᠋ᠧᠮᠵᠢ ᠶᠢ | ᠪᠠᠶᠢᠭᠤᠯᠤᠨ ᠂ ᠣᠷᠣᠨ ᠨᠤᠲᠤᠭ ᠢ ᠦᠨᠳᠦᠰᠦᠯᠡᠬᠦ ᠦᠨᠳᠦᠰᠦ ᠪᠠᠷᠢᠮᠲᠠ ᠲᠠᠢ ᠂ ᠵᠢᠷᠤᠮᠯᠠᠬᠤ ᠳᠦᠷᠢᠮ ᠲᠠᠢ ᠪᠣᠯᠭᠠᠪᠠ | ᠃ | ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠪᠣᠯ ᠬᠤᠶᠢᠰᠢᠳᠠ ᠶᠢᠨ ᠲᠡᠳᠬᠦᠨ ᠳᠡᠮᠵᠢᠬᠦ ᠶᠢᠨ ᠵᠠᠩᠭᠢᠯᠠᠭ᠎ᠠ | ᠮᠥᠨ᠃ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠲᠠᠯ᠎ᠠ ᠪᠠᠷ ᠂ ︽ ᠬᠡᠷᠡᠭᠵᠢᠭᠦᠯᠬᠦ ᠰᠠᠨᠠᠯ ︾ ᠳᠤ ᠂ | ᠠᠵᠢᠯ ᠣᠯᠭᠤᠯᠲᠠ ᠶᠢᠨ ᠦᠢᠯᠡᠴᠢᠯᠡᠭᠡ ᠶᠢ ᠳᠡᠭᠡᠭᠰᠢᠯᠡᠭᠦᠯᠵᠦ ᠂ ᠲᠣᠮᠣ ᠳᠤᠮᠳᠠ ᠬᠡᠯᠪᠡᠷᠢ ᠶᠢᠨ ᠲᠥᠪᠬᠢᠨᠡᠭᠦᠯᠬᠦ | ᠲᠣᠭᠤᠷᠢᠭ ᠲᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠴᠣᠩᠬᠤ ᠭᠠᠷᠭᠠᠬᠤ ᠪᠤᠶᠤ ᠣᠶᠢᠷ᠎ᠠ | ᠬᠠᠪᠢ ᠶᠢᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠂ | ᠨᠡᠭᠦᠭᠰᠡᠨ ᠣᠯᠠᠨ ᠲᠦᠮᠡᠨ ᠤ ᠠᠵᠢᠯ ᠣᠯᠵᠤ ᠠᠵᠢᠯ ᠠᠯᠳᠠᠭᠰᠠᠨ ᠪᠠᠶᠢᠳᠠᠯ ᠢ ᠲᠣᠳᠣᠷᠬᠠᠢ ᠣᠶᠢᠯᠠᠭᠠᠵᠤ ᠂ ᠠᠵᠢᠯ | ᠣᠯᠭᠤᠯᠲᠠ ᠶᠢᠨ ᠡᠬᠡ ᠲᠠᠩᠰᠠ ᠪᠠᠶᠢᠭᠤᠯᠤᠨ ᠂ ᠨᠡᠭᠦᠭᠰᠡᠨ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢᠨ | ᠵᠥᠪᠯᠡᠯᠭᠡ ᠥᠭᠬᠦ ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠵᠡᠷᠭᠡ ᠣᠯᠠᠨ ᠨᠡᠶᠢᠲᠡ ᠶᠢᠨ ᠠᠵᠢᠯ ᠣᠯᠭᠤᠯᠲᠠ ᠶᠢᠨ | ᠦᠢᠯᠡᠴᠢᠯᠡᠭᠡ ᠬᠠᠩᠭᠠᠨ᠎ᠠ ᠭᠡᠵᠦ ᠳᠤᠷᠠᠳᠤᠨ ᠭᠠᠷᠭᠠᠵᠠᠢ ᠃ ᠭᠠᠳᠠᠭᠰᠢ ᠭᠠᠷᠴᠤ ᠠᠵᠢᠯ ᠣᠯᠭᠤᠬᠤ ᠶᠢ ᠥᠷᠭᠡᠳᠬᠡᠨ᠂ | ᠪᠡᠭᠡᠵᠢᠩ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠣᠷᠣᠨ ᠢ ᠢᠳᠡᠪᠬᠢᠲᠡᠢ ᠪᠠᠷ | ᠵᠣᠯᠭᠠᠭᠤᠯᠵᠤ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠵᠣᠯᠭᠠᠭᠤᠯᠬᠤ ᠲᠠᠪᠴᠠᠩ ᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠂ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠲᠣᠭᠲᠠᠴᠠ ᠶᠢᠨ | ᠦᠢᠯᠡᠳᠦᠯ ᠢ ᠢᠳᠡᠪᠬᠢᠲᠡᠢ ᠪᠠᠷ ᠪᠠᠳᠠᠷᠠᠭᠤᠯᠤᠨ᠂ ᠤᠯᠠᠨ ᠨᠡᠶᠢᠳᠡ ᠶᠢᠨ ᠠᠵᠢᠯ ᠣᠯᠭᠤᠬᠤ ᠦᠢᠯᠡᠴᠢᠯᠡᠭᠡᠨ ᠤ | ᠪᠠᠶᠢᠭᠤᠯᠤᠮᠵᠢ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ᠂ ᠬᠥᠳᠡᠯᠮᠦᠷᠢ | ᠦᠢᠯᠡᠴᠢᠯᠡᠭᠡᠨ ᠤ ᠵᠠᠭᠤᠴᠢᠯᠠᠭᠴᠢ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠥᠷᠭᠡᠨ ᠢᠶᠠᠷ ᠲᠠᠶᠢᠴᠢᠯᠠᠨ᠂ | ᠨᠡᠭᠦᠯᠭᠡᠭᠰᠡᠨ ᠤᠯᠠᠨ ᠲᠦᠮᠡᠨ ᠢ ᠬᠠᠪᠰᠤᠷᠤᠨ ᠲᠣᠭᠲᠠᠭᠤᠨ ᠢᠶᠠᠷ ᠰᠢᠯᠵᠢᠵᠦ ᠠᠵᠢᠯ ᠣᠯᠭᠤᠬᠤ ᠶᠢ ᠪᠡᠶᠡᠯᠡᠭᠦᠯᠦᠨ᠎ᠡ᠃ | ᠣᠶᠢᠷ᠎ᠠ ᠬᠠᠪᠢ ᠳᠤᠨᠢ ᠠᠵᠢᠯ ᠣᠯᠭᠤᠬᠤ ᠶᠢ ᠠᠬᠢᠭᠤᠯᠵᠤ ᠂ ᠪᠡᠭᠡᠵᠢᠩ ᠥᠪᠥᠷ ᠮᠣᠩᠭᠤᠯ ᠤᠨ ᠠᠵᠢᠯ | ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠬᠤᠰᠢᠭᠤ ᠰᠢᠶᠠᠨ ︵ ᠲᠣᠭᠤᠷᠢᠭ ︶ ᠤ ᠲᠥᠪᠬᠢᠨᠡᠭᠦᠯᠬᠦ ᠣᠷᠣᠨ ᠳᠤ | ᠲᠤᠬᠠᠢ ᠶᠢᠨ ᠭᠠᠵᠠᠷ ᠤᠨ ᠣᠯᠠᠨ ᠲᠦᠮᠡᠨ ᠤ ᠠᠵᠢᠯ ᠣᠯᠭᠤᠬᠤ ᠬᠡᠷᠡᠭᠴᠡᠭᠡ ᠱᠠᠭᠠᠷᠳᠠᠯᠭ᠎ᠠ ᠳᠤ ᠲᠣᠬᠢᠷᠠᠬᠤ | ᠬᠥᠳᠡᠯᠮᠦᠷᠢ ᠨᠢᠭᠲᠠᠷᠠᠭᠰᠠᠨ ᠂ ᠠᠮᠢ ᠠᠬᠤᠢ ᠳᠤ ᠨᠥᠬᠦᠷᠰᠡᠭ ᠬᠡᠯᠪᠡᠷᠢ ᠶᠢᠨ ᠲᠥᠷᠥᠯ ᠵᠦᠢᠯ ᠪᠤᠶᠤ ᠠᠵᠤ | ᠠᠬᠤᠶᠢᠯᠠᠯ ᠢ ᠣᠷᠣᠭᠤᠯᠤᠨ ᠠᠪᠴᠢᠷᠠᠬᠤ ᠲᠠᠢ ᠢᠳᠡᠪᠬᠢᠲᠡᠢ ᠪᠠᠷ ᠵᠣᠯᠭᠠᠭᠤᠯᠵᠤ ᠂ ᠨᠢᠭᠡ ᠪᠦᠯᠦᠭ ᠲᠤᠰᠠᠯᠠᠨ | ᠪᠠᠶᠢᠭᠤᠯᠬᠤ ᠠᠵᠤ ᠦᠢᠯᠡᠰ ᠤᠨ ᠲᠥᠷᠥᠯ ᠵᠦᠢᠯ ᠂ ᠠᠵᠤ ᠠᠬᠤᠶᠢᠯᠠᠯ ᠤᠨ ᠪᠣᠳᠠᠲᠤ ᠴᠣᠭᠴᠠ ᠶᠢ | ᠨᠠᠶᠢᠳᠠᠪᠤᠷᠢᠵᠢᠭᠤᠯᠤᠨ ᠂ ᠳᠡᠭᠡᠳᠦ ᠲᠤᠤᠷᠠᠳᠤ ᠤᠷᠤᠰᠬᠠᠯ ᠤᠨ ᠠᠵᠤ ᠠᠬᠤᠶᠢᠯᠠᠯ ᠂ ᠠᠵᠢᠯ ᠣᠯᠭᠤᠯᠲᠠ ᠪᠠᠷ | ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠨᠥᠯᠥᠭᠡᠯᠡᠨ ᠳᠠᠶᠢᠴᠢᠯᠠᠵᠤ ᠂ | ᠣᠶᠢᠷ᠎ᠠ ᠬᠠᠪᠢ ᠳᠤᠨᠢ ᠠᠵᠢᠯ ᠣᠯᠭᠤᠬᠤ ᠠᠷᠭ᠎ᠠ ᠵᠠᠮ ᠢ ᠥᠷᠭᠡᠳᠬᠡᠨ᠎ᠡ ᠃ ᠪᠡᠶ᠎ᠡ ᠪᠠᠨ ᠳᠠᠭᠠᠭᠠᠵᠤ ᠠᠳᠠᠯ ᠦᠢᠯᠡᠰ | ᠴᠣᠭᠴᠠᠯᠠᠬᠤ ᠶᠢ ᠳᠡᠮᠵᠢᠵᠦ ᠂ ᠨᠡᠭᠦᠯᠭᠡᠭᠰᠡᠨ ᠣᠯᠠᠨ ᠲᠦᠮᠡᠨ ᠤ ᠨᠤᠲᠤᠭ ᠲᠠᠭᠠᠨ ᠪᠤᠴᠠᠵᠤ ᠠᠳᠠᠯ ᠦᠢᠯᠡᠰ | ᠴᠣᠭᠴᠠᠯᠠᠬᠤ ᠂ ᠲᠤᠬᠠᠢ ᠶᠢᠨ ᠭᠠᠵᠠᠷ ᠲᠤᠨᠢ ᠠᠳᠠᠯ ᠦᠢᠯᠡᠰ ᠴᠣᠭᠴᠠᠯᠠᠬᠤ ᠶᠢ ᠳᠡᠮᠵᠢᠵᠦ ᠂ ᠮᠡᠳᠡᠭᠡ ᠵᠠᠩᠭᠢ | ᠨᠡᠶᠢᠲᠡᠯᠡᠬᠦ ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠢ | ᠴᠢᠩᠭᠠᠷᠠᠭᠤᠯᠤᠨ ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠂ ᠠᠳᠠᠯ ᠦᠢᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠂ ᠨᠢᠭᠡ ᠤᠳᠠᠭ᠎ᠠ ᠶᠢᠨ ᠴᠢᠨᠠᠷᠲᠠᠢ ᠠᠳᠠᠯ ᠦᠢᠯᠡᠰ ᠴᠣᠭᠴᠠᠯᠠᠬᠤ ᠨᠥᠬᠦᠪᠦᠷᠢ ᠪᠠ ᠠᠳᠠᠯ | ᠦᠢᠯᠡᠰ ᠴᠣᠭᠴᠠᠯᠠᠬᠤ ᠪᠣᠯᠪᠠᠰᠤᠷᠠᠭᠤᠯᠤᠯ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠲᠣᠭᠲᠠᠭᠠᠯ ᠶᠣᠰᠣᠭᠠᠷ | ᠨᠠᠶᠢᠳᠠᠪᠤᠷᠢᠵᠢᠭᠤᠯᠤᠨ᠎ᠠ ᠃ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ ᠂ ᠣᠯᠠᠨ ᠲᠦᠮᠡᠨ ᠢ | ᠨᠡᠭᠦᠯᠭᠡᠨ ᠠᠵᠢᠯ ᠣᠯᠭᠤᠬᠤ ᠳᠤ ᠲᠣᠬᠢᠷᠠᠬᠤ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠪᠠ | ᠰᠢᠨ᠎ᠡ ᠠᠵᠢᠯ ᠮᠡᠷᠭᠡᠵᠢᠯ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠣᠯᠪᠠᠰᠤᠷᠠᠭᠤᠯᠤᠯ ᠢ ᠥᠷᠨᠢᠭᠦᠯᠵᠦ ᠂ | ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠮᠵᠢᠯᠴᠠᠬᠤ ᠲᠣᠭᠲᠠᠴᠠ ᠪᠠᠷ | ᠳᠠᠮᠵᠢᠭᠤᠯᠤᠨ ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠂ ︿ ᠵᠠᠯᠠᠵᠤ ᠠᠪᠴᠢᠷᠠᠬᠤ ﹀ ︿ | ᠭᠠᠳᠠᠭᠰᠢ ᠭᠠᠷᠬᠤ ﹀ ᠠᠷᠭ᠎ᠠ ᠮᠠᠶ᠋ᠢᠭ ᠢ ᠠᠪᠴᠤ ᠂ ᠴᠡᠭ ᠪᠠ ᠴᠡᠭ ᠢᠶᠠᠷ ᠲᠥᠪᠬᠢᠨᠡᠭᠦᠯᠬᠦ ᠲᠣᠭᠤᠷᠢᠭ ᠲᠤ | ᠪᠣᠯᠪᠠᠰᠤᠷᠠᠭᠤᠯᠤᠯ ᠤᠨ ᠦᠢᠯᠡᠴᠢᠯᠡᠭᠡ ᠬᠠᠩᠭᠠᠨ᠎ᠠ ᠃ | ᠠᠵᠤ ᠦᠢᠯᠡᠰ ᠢ ᠬᠥᠭᠵᠢᠭᠦᠯᠬᠦ ᠪᠣᠯ ᠦᠷᠭᠦᠯᠵᠢᠯᠡᠨ ᠲᠡᠳᠬᠦᠨ ᠳᠡᠮᠵᠢᠬᠦ ᠶᠢᠨ ᠦᠨᠳᠦᠰᠦ ᠮᠥᠨ᠃ ᠠᠵᠤ | ᠦᠢᠯᠡᠰ ᠢ ᠪᠣᠶᠢᠵᠢᠭᠤᠯᠬᠤ ᠲᠠᠯ᠎ᠠ ᠪᠠᠷ ᠂ 《 ᠬᠡᠷᠡᠭᠵᠢᠭᠦᠯᠬᠦ ᠰᠠᠨᠠᠯ 》 ᠳᠤ ᠴᠢᠬᠤᠯᠠᠴᠢᠯᠠᠭᠰᠠᠨ ᠨᠢ ᠂ | ᠲᠥᠪᠬᠢᠨᠡᠭᠦᠯᠬᠦ ᠣᠷᠣᠨ ᠤ ᠡᠷᠭᠢᠨ ᠲᠣᠭᠤᠷᠢᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠦᠴᠦᠷᠬᠡᠭᠵᠢᠭᠦᠯᠵᠦ ᠂ | ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠢ ᠵᠢᠯᠣᠭᠤᠳᠤᠨ ᠡᠬᠢ ᠪᠠᠶᠠᠯᠢᠭ ᠤᠨ ᠳᠠᠪᠠᠭᠤᠯᠢᠭ ᠪᠠ ᠠᠵᠤ | ᠦᠢᠯᠡᠰ ᠤᠨ ᠰᠠᠭᠤᠷᠢ ᠳᠤ ᠲᠦᠰᠢᠭᠯᠡᠵᠦ ᠂ ᠨᠥᠬᠦᠴᠡᠯ ᠲᠠᠢ ᠬᠤᠲᠠ ᠪᠠᠯᠭᠠᠰᠤ ᠶᠢᠨ ᠲᠥᠪᠬᠢᠨᠡᠭᠦᠯᠬᠦ ᠲᠣᠭᠤᠷᠢᠭ ᠤᠨ | ᠳᠡᠭᠡᠭᠰᠢᠯᠡᠯᠲᠡ ᠶᠢ ᠳᠡᠮᠵᠢᠵᠦ ᠂ ᠨᠢᠭᠡ ᠪᠦᠯᠦᠭ ᠢᠵᠢ ᠪᠦᠷᠢᠳᠦᠭᠰᠡᠨ ᠭᠠᠷᠤᠯᠲᠠ ᠶᠢᠨ ᠣᠷᠣᠨ ᠤ ᠬᠦᠷᠢᠶᠡᠯᠡᠩ | ᠲᠣᠭᠤᠷᠢᠭ ᠂ ᠲᠠᠷᠢᠶᠠᠯᠠᠩ ᠤᠨ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ | ᠬᠦᠢᠲᠡᠨ ᠬᠡᠯᠬᠢᠶᠡᠨ ᠤ ᠰᠠᠭᠤᠷᠢᠨ ᠭᠠᠵᠠᠷ ᠢ ᠰᠢᠨ᠎ᠡ ᠪᠠᠷ ᠮᠠᠯᠵᠢᠬᠤ ᠲᠠᠷᠢᠶᠠᠯᠠᠬᠤ ᠣᠷᠣᠨ ᠤ ᠲᠥᠪᠬᠢᠨᠡᠭᠦᠯᠬᠦ ᠣᠷᠣᠨ ᠤ | ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠂ | ᠬᠡᠷᠡᠯ ᠸᠣᠯᠲ ᠂ ᠵᠢᠭᠤᠯᠴᠢᠯᠠᠯ ᠂ ᠡᠯᠧᠺᠲᠷᠣᠨ ᠬᠤᠳᠠᠯᠳᠤᠭ᠎ᠠ ᠂ ᠠᠮᠢ ᠠᠬᠤᠢ ᠂ ᠬᠦᠷᠢᠶ᠎ᠡ ᠬᠠᠰᠢᠶ᠎ᠠ ᠶᠢᠨ ᠠᠵᠤ | ᠠᠬᠤᠢ ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠠᠵᠤ ᠦᠢᠯᠡᠰ ᠢ ᠬᠥᠭᠵᠢᠭᠦᠯᠬᠦ ᠶᠢ | ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ ᠂ ᠨᠥᠬᠦᠴᠡᠯ ᠲᠠᠢ ᠲᠥᠪᠬᠢᠨᠡᠭᠦᠯᠬᠦ ᠣᠷᠣᠨ ᠤ ᠦᠵᠡᠮᠵᠢ ᠶᠢᠨ | ᠲᠠᠷᠢᠶᠠᠯᠠᠩ ᠂ ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ ᠂ ᠰᠣᠶᠣᠯ ᠤᠨ ᠰᠡᠯᠡᠭᠦᠴᠡᠯ ᠂ ᠡᠷᠡᠭᠦᠯ ᠢᠶᠠᠷ ᠪᠡᠶ᠎ᠡ | ᠰᠤᠪᠢᠯᠠᠬᠤ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠬᠦ ᠶᠢ ᠳᠡᠮᠵᠢᠨ᠎ᠡ ᠃ | ᠠᠵᠢᠯ ᠲᠦᠷᠦᠯ ᠤᠨ ᠰᠢᠰᠲ᠋ᠧᠮ ᠢᠶᠠᠷ ᠢᠶᠠᠨ ᠲᠤᠰᠠᠯᠠᠬᠤ ᠠᠵᠤ ᠦᠢᠯᠡᠰ ᠤᠨ ᠬᠠᠮᠵᠢᠯᠴᠠᠭ᠎ᠠ ᠶᠢ ᠲᠡᠭᠦᠯᠳᠡᠷᠵᠢᠭᠦᠯᠵᠦ᠂ | ᠪᠡᠭᠡᠵᠢᠩ ᠬᠤᠳᠠ ᠯᠤᠭ᠎ᠠ ᠪᠦᠬᠦ ᠲᠠᠯ᠎ᠠ ᠪᠠᠷ ᠵᠣᠯᠭᠠᠭᠤᠯᠬᠤ ᠶᠢ ᠴᠢᠩᠭᠠᠳᠬᠠᠵᠤ᠂ ᠠᠵᠤ ᠦᠢᠯᠡᠰ ᠤᠨ ᠬᠠᠮᠲᠤᠷᠠᠯᠴᠠᠭ᠎ᠠ | ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ᠂ ᠴᠢᠳᠠᠪᠤᠷᠢᠲᠠᠨ ᠤ ᠰᠣᠯᠢᠯᠴᠠᠭ᠎ᠠ ᠵᠡᠷᠭᠡ ᠡᠷᠴᠢᠮ ᠢᠶᠠᠨ | ᠴᠢᠩᠭᠠᠷᠠᠭᠤᠯᠵᠤ᠂ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠪᠠᠷ ᠭᠥᠯᠢᠶᠡᠨ ᠠᠪᠴᠤ᠂ ᠠᠵᠤ ᠦᠢᠯᠡᠰ ᠤᠨ | ᠬᠦᠷᠢᠶᠡᠯᠡᠩ ᠲᠣᠭᠤᠷᠢᠭ ᠢ ᠬᠠᠮᠲᠤ ᠪᠠᠷ ᠪᠠᠶᠢᠭᠤᠯᠬᠤ ᠶᠢ ᠲᠦᠯᠬᠢᠨ ᠠᠬᠢᠭᠤᠯᠵᠤ᠂ ᠪᠦᠬᠦ ᠲᠠᠯ᠎ᠠ ᠶᠢᠨ᠂ ᠤᠯᠠᠨ ᠲᠡᠰ | ᠳᠠᠪᠬᠤᠷᠭ᠎ᠠ ᠶᠢᠨ᠂ ᠥᠷᠭᠡᠨ ᠬᠦᠷᠢᠶᠡᠨ ᠤ ᠬᠠᠮᠵᠢᠯᠴᠠᠬᠤ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ | ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠥᠷᠨᠢᠭᠦᠯᠵᠦ ᠂ ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ | ᠵᠢᠭᠤᠯᠴᠢᠯᠠᠯ ᠤᠨ ᠠᠵᠤ ᠠᠬᠤᠶᠢᠯᠠᠯ ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠠᠵᠤ ᠠᠬᠤᠶᠢᠯᠠᠯ ᠬᠢᠭᠡᠳ | ᠲᠥᠪᠬᠢᠨᠡᠭᠦᠯᠬᠦ ᠣᠷᠣᠨ ᠤ ᠪᠠᠶᠢᠭ᠎ᠠ ᠭᠠᠵᠠᠷ ᠤᠨ ᠣᠷᠳᠣ ᠬᠤᠭᠤᠴᠠᠭᠠᠨ ᠤ ᠲᠣᠭᠲᠠᠪᠤᠷᠢᠲᠠᠢ ᠦᠢᠯᠡᠳᠪᠦᠷᠢᠯᠡᠯ | ᠪᠣᠷᠤᠯᠠᠭᠤᠯᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠬᠤ ᠶᠢ ᠳᠡᠮᠵᠢᠵᠦ ᠂ ᠲᠥᠪᠬᠢᠨᠡᠭᠦᠯᠬᠦ ᠣᠷᠣᠨ ᠤ | ᠣᠨᠴᠠᠯᠢᠭᠲᠤ ᠪᠦᠲᠦᠭᠡᠭᠳᠡᠬᠦᠨ ᠤ ᠬᠠᠩᠭᠠᠯᠭ᠎ᠠ ᠶᠢᠨ ᠬᠡᠯᠬᠢᠶ᠎ᠡ ᠶᠢ ᠨᠡᠪᠲᠡᠷᠡᠭᠦᠯᠦᠨ᠎ᠡ ᠃ | ᠤᠯᠠᠨ ᠨᠡᠶᠢᠲᠡ ᠶᠢᠨ ᠦᠢᠯᠡᠴᠢᠯᠡᠭᠡ ᠪᠣᠯ ᠦᠷᠭᠦᠯᠵᠢᠯᠡᠨ ᠲᠡᠳᠬᠦᠨ ᠳᠡᠮᠵᠢᠬᠦ ᠶᠢᠨ ᠲᠦᠰᠢᠭ ᠲᠤᠯᠭᠠᠭᠤᠷᠢ | ᠮᠥᠨ᠃ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠵᠦ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ ᠲᠠᠯ᠎ᠠ ᠪᠠᠷ ᠂ ᠨᠡᠭᠦᠯᠭᠡᠭᠰᠡᠨ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ | ᠡᠷᠡᠮᠡᠯᠵᠡᠯ ᠢ ᠬᠠᠩᠭᠠᠬᠤ ᠶᠢᠨ ᠲᠥᠯᠥᠭᠡ ᠂ ︽ ᠬᠡᠷᠡᠭᠵᠢᠭᠦᠯᠬᠦ ᠰᠠᠨᠠᠯ ︾ ᠳᠤ ᠂ ᠲᠥᠪᠬᠢᠨᠡᠭᠦᠯᠬᠦ ᠣᠷᠣᠨ ᠤ ᠢᠵᠢ | ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ ᠂ ᠬᠤᠲᠠ ᠪᠠᠯᠭᠠᠰᠤᠨ ᠤ ᠲᠥᠪᠬᠢᠨᠡᠭᠦᠯᠬᠦ ᠣᠷᠣᠨ ᠤ | ᠰᠠᠭᠤᠷᠢ ᠲᠥᠬᠦᠭᠡᠷᠦᠮᠵᠢ ᠬᠢᠭᠡᠳ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠨᠢᠭᠡ | ᠴᠣᠭᠴᠠᠵᠢᠭᠤᠯᠤᠨ ᠲᠥᠯᠥᠪᠵᠢᠭᠦᠯᠵᠦ ᠂ ᠲᠥᠪᠬᠢᠨᠡᠭᠦᠯᠬᠦ ᠣᠷᠣᠨ ᠤ ᠡᠷᠬᠢᠨ ᠲᠣᠭᠤᠷᠢᠨ ᠤ ᠣᠷᠴᠢᠨ ᠠᠬᠤᠢ ᠶᠢᠨ | ᠡᠷᠡᠭᠦᠯ ᠬᠠᠮᠠᠭᠠᠯᠠᠯ ᠤᠨ ᠲᠥᠬᠦᠭᠡᠷᠦᠮᠵᠢ ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠂ | ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠂ ᠠᠵᠤ ᠦᠢᠯᠡᠰ ᠤᠨ ᠲᠠᠪᠴᠠᠩ ᠤᠨ ᠢᠵᠢ | ᠪᠦᠷᠢᠳᠦᠭᠦᠯᠬᠦ ᠲᠥᠬᠦᠭᠡᠷᠦᠮᠵᠢ ᠶᠢᠨ ᠲᠠᠰ ᠳᠡᠪᠰᠢᠬᠦ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ ︔ ᠬᠥᠳᠡᠭᠡ | ᠲᠣᠰᠬᠤᠨ ᠤ ᠲᠥᠪᠬᠢᠨᠡᠭᠦᠯᠬᠦ ᠣᠷᠣᠨ ᠤ ᠢᠵᠢ ᠪᠦᠷᠢᠳᠦᠭᠦᠯᠬᠦ ᠪᠡᠯᠡᠳᠬᠡᠮᠵᠢ ᠶᠢ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠠᠵᠢᠯᠯᠠᠭ᠎ᠠ ᠳᠤ ᠣᠷᠣᠭᠤᠯᠤᠨ ᠨᠢᠭᠡᠳᠦᠯᠲᠡᠢ ᠲᠥᠯᠥᠪᠵᠢᠭᠦᠯᠵᠦ ᠂ ᠨᠢᠭᠡᠳᠦᠯᠲᠡᠢ ᠪᠦᠲᠦᠭᠡᠨ | ᠪᠠᠶᠢᠭᠤᠯᠵᠤ ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ ᠂ ᠵᠣᠷᠯᠣᠩ ᠤᠨ ᠬᠤᠪᠢᠰᠬᠠᠯ ᠂ | ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠵᠠᠰᠠᠬᠤ ᠂ ᠲᠣᠰᠬᠤᠨ ᠤ ᠳᠦᠷᠰᠦ ᠪᠠᠶᠢᠳᠠᠯ ᠢ | ᠳᠡᠭᠡᠭᠰᠢᠯᠡᠭᠦᠯᠬᠦ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠬᠢᠭᠤᠯᠤᠨ᠎ᠠ ᠃ | ᠲᠥᠪᠬᠢᠨᠡᠭᠦᠯᠬᠦ ᠣᠷᠣᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠳᠡᠭᠡᠭᠰᠢᠯᠡᠭᠦᠯᠦᠨ᠂ | ᠲᠥᠪᠬᠢᠨᠡᠭᠦᠯᠬᠦ ᠣᠷᠣᠨ ᠤ ᠬᠥᠮᠥᠨ ᠠᠮᠠ ᠶᠢᠨ ᠬᠡᠪᠴᠢᠶ᠎ᠡ ᠬᠢᠭᠡᠳ ᠨᠡᠭᠦᠵᠦ ᠣᠷᠣᠬᠤ ᠣᠷᠣᠨ ᠤ ᠤᠯᠠᠨ | ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠨᠡᠭᠦᠯᠭᠡᠭᠰᠡᠨ ᠤᠯᠠᠨ | ᠲᠦᠮᠡᠨ ᠤ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ | ᠲᠠᠯ᠎ᠠ ᠪᠠᠷ ᠬᠢ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠬᠠᠩᠭᠠᠵᠤ᠂ ᠨᠥᠬᠦᠴᠡᠯ ᠲᠠᠢ ᠭᠠᠵᠠᠷ ᠣᠷᠣᠨ ᠤ ᠲᠣᠭᠲᠠᠭᠠᠯ | ᠶᠣᠰᠣᠭᠠᠷ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠪᠠᠶᠢᠭᠤᠯᠬᠤ ᠶᠢ ᠲᠡᠮᠵᠢᠵᠤ᠂ | ᠨᠡᠭᠦᠯᠭᠡᠭᠰᠡᠨ ᠤᠯᠠᠨ ᠲᠦᠮᠡᠨ ᠬᠢᠭᠡᠳ ᠲᠤᠬᠠᠢ ᠶᠢᠨ ᠭᠠᠵᠠᠷ ᠤᠨ ᠤᠯᠠᠨ ᠲᠦᠮᠡᠨ ᠤ ᠤᠯᠠᠨ ᠲᠦᠮᠡᠨ ᠯᠦᠭᠡ ᠤᠯᠠᠨ | ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠢ ᠡᠷᠬᠡ ᠲᠡᠭᠰᠢ ᠪᠠᠷ ᠬᠠᠮᠲᠤᠪᠠᠷ ᠡᠳ᠋ᠯᠡᠬᠦ ᠶᠢ ᠦᠨᠡᠨᠬᠦ ᠪᠠᠲᠤᠯᠠᠨ᠎ᠠ᠃ | ᠨᠡᠭᠦᠯᠭᠡᠬᠦ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠨᠡᠭᠦᠯᠭᠡᠭᠰᠡᠨ ᠣᠯᠠᠨ ᠲᠦᠮᠡᠨ ᠤ ᠡᠳ᠋ᠯᠡᠬᠦ ᠨᠡᠭᠦᠵᠦ | ᠭᠠᠷᠤᠭᠰᠠᠨ ᠣᠷᠣᠨ ᠤ ᠳᠠᠭᠠᠭᠠᠴᠢᠯᠠᠭᠰᠠᠨ ᠭᠠᠵᠠᠷ ᠤᠨ ᠠᠭᠤᠯᠠ ᠰᠢᠭᠤᠶᠢᠲᠤ ᠭᠠᠵᠠᠷ ᠤᠨ ᠲᠠᠷᠢᠶᠠᠯᠠᠬᠤ ᠶᠢ | ᠵᠣᠭᠰᠣᠭᠠᠵᠤ ᠣᠶ ᠰᠢᠭᠤᠢ ᠶᠢ ᠰᠡᠷᠭᠦᠭᠡᠬᠦ ᠂ ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠂ | ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ | ᠬᠠᠮᠠᠭᠠᠯᠠᠯᠲᠠ ᠵᠡᠷᠭᠡ ᠡᠯ᠎ᠡ ᠵᠦᠢᠯ ᠤᠨ ᠲᠠᠷᠢᠶᠠᠯᠠᠩ ᠤᠨ ᠨᠥᠬᠦᠪᠦᠷᠢ ᠪᠠ ᠠᠮᠢ ᠠᠬᠤᠢ ᠶᠢᠨ ᠨᠥᠬᠦᠪᠦᠷᠢ ᠵᠡᠷᠭᠡ ᠶᠢ | ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ ᠃ ᠡᠭᠦᠨ ᠤ ᠬᠠᠮᠲᠤ | ᠨᠥᠬᠦᠴᠡᠯ ᠳᠤ ᠨᠡᠶᠢᠴᠡᠬᠦ ᠬᠦᠴᠢᠷᠳᠡᠯᠲᠡᠢ ᠣᠯᠠᠨ ᠲᠦᠮᠡᠨ ᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠂ | ᠣᠨᠴᠠ ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠵᠤ ᠂ | ᠣᠷᠣᠯᠭ᠎ᠠ ᠪᠠᠭᠠᠲᠠᠢ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠬᠡᠮᠵᠢᠬᠦ ᠲᠣᠭᠲᠠᠴᠠ ᠶᠢ ᠪᠦᠷᠢᠨᠰᠢᠭᠦᠯᠵᠦ ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ | ᠵᠣᠯᠭᠠᠭᠤᠯᠬᠤ ᠠᠵᠢᠯ ᠢ ᠰᠠᠶᠢᠲᠤᠷ ᠬᠢᠨ᠎ᠡ ᠃ | ᠨᠡᠶᠢᠭᠡᠮ ᠳᠤ ᠠᠭᠤᠰᠤᠯᠴᠠᠬᠤ ᠪᠣᠯ ᠦᠷᠭᠦᠯᠵᠢᠯᠡᠨ ᠲᠡᠳᠬᠦᠬᠦ ᠶᠢᠨ ᠬᠠᠷᠢᠶᠠᠯᠠᠯ ᠮᠥᠨ᠃ ᠨᠡᠶᠢᠭᠡᠮ | ᠲᠣᠭᠤᠷᠢᠭ ᠤᠨ ᠬᠠᠮᠢᠶᠠᠷᠤᠯᠲᠠ ᠶᠢᠨ ᠲᠠᠯ᠎ᠠ ᠪᠠᠷ ᠂ ᠨᠡᠭᠦᠯᠭᠡᠭᠰᠡᠨ ᠣᠯᠠᠨ ᠲᠦᠮᠡᠨ ᠢ ᠠᠮᠤᠷ ᠲᠠᠶᠢᠪᠤᠩ ᠠᠵᠤ | ᠲᠥᠷᠥᠭᠦᠯᠬᠦ ᠶᠢᠨ ᠲᠥᠯᠥᠭᠡ ᠂ ︽ ᠬᠡᠷᠡᠭᠵᠢᠭᠦᠯᠬᠦ ᠰᠠᠨᠠᠯ ︾ ᠳᠤ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ | ᠠᠵᠢᠯ ᠳᠤ ᠨᠠᠩ ᠥᠨᠳᠥᠷ ᠱᠠᠭᠠᠷᠳᠠᠯᠭ᠎ᠠ ᠳᠤᠷᠠᠳᠪᠠ ᠃ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠵᠤ | ᠲᠥᠪᠬᠢᠨᠡᠭᠦᠯᠬᠦ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠨᠠᠮ ᠤᠨ ᠵᠣᠬᠢᠶᠠᠨ | ᠪᠠᠶᠢᠭᠤᠯᠤᠯᠲᠠ ᠠᠴᠠ ᠤᠳᠤᠷᠢᠳᠤᠭᠰᠠᠨ᠂ ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠢ ᠥᠪᠡᠷᠲᠡᠭᠡᠨ | ᠵᠠᠰᠠᠬᠤ ᠵᠣᠬᠢᠶᠠᠨ ᠪᠠᠶᠢᠭᠤᠯᠤᠯᠲᠠ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠪᠠ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠡᠷᠭᠡ ᠲᠤᠰ ᠲᠤᠰ ᠤᠨ ᠡᠭᠦᠷᠭᠡ | ᠲᠤᠰᠢᠶᠠᠯ ᠢᠶᠠᠨ ᠭᠦᠢᠴᠡᠳᠬᠡᠭᠰᠡᠨ᠂ ᠴᠢᠳᠠᠮᠵᠢ ᠨᠢ ᠪᠦᠷᠢᠨ ᠲᠡᠭᠦᠯᠳᠡᠷ᠂ ᠠᠵᠢᠯᠯᠠᠭᠠᠨ ᠨᠢ ᠡᠮᠬᠢ ᠵᠢᠷᠤᠮ ᠲᠠᠢ ᠨᠡᠶᠢᠭᠡᠮ | ᠲᠣᠭᠤᠷᠢᠭ ᠤᠨ ᠵᠣᠬᠢᠶᠠᠨ ᠪᠠᠶᠢᠭᠤᠯᠵᠤ ᠲᠥᠪᠬᠢᠨᠡᠭᠦᠯᠬᠦ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠤᠨ | ᠲᠡᠭᠦᠯᠳᠡᠷᠵᠢᠭᠦᠯᠵᠦ᠂ ᠨᠡᠭᠦᠯᠭᠡᠭᠰᠡᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ | ᠲᠣᠭᠤᠷᠢᠭ ᠤᠨ ᠬᠡᠷᠡᠭ ᠵᠥᠪᠯᠡᠵᠦ ᠵᠥᠪᠳᠡᠯᠴᠡᠬᠦ ᠳᠤ ᠥᠷᠭᠡᠨ ᠢᠶᠠᠷ ᠣᠷᠣᠯᠴᠠᠭᠤᠯᠤᠨ᠎ᠠ᠃ ᠲᠥᠪᠬᠢᠨᠡᠭᠦᠯᠬᠦ ᠨᠡᠶᠢᠭᠡᠮ | ᠲᠣᠭᠤᠷᠢᠭ ᠤᠨ ᠪᠦᠬᠦᠯᠢ ᠴᠣᠭᠴᠠ ᠶᠢᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ ᠂ ᠨᠡᠶᠢᠭᠡᠮ ᠤᠨ | ᠵᠥᠷᠢᠴᠡᠯ ᠤᠨ ᠲᠦᠭᠰᠢᠭᠦᠷᠢ ᠶᠢᠨ ᠬᠡᠮ ᠰᠣᠭᠤᠭ ᠢ ᠵᠠᠳᠠᠯᠤᠨ ᠰᠤᠳᠤᠯᠵᠤ ᠮᠠᠭᠠᠳᠯᠠᠬᠤ ᠪᠠ ᠰᠡᠷᠭᠡᠶᠢᠯᠡᠨ ᠠᠷᠢᠯᠭᠠᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠭᠠᠯᠢ ᠶᠢᠨ | ᠭᠠᠮᠰᠢᠭ ᠤᠨ ᠭᠡᠨᠡᠳᠲᠡ ᠶᠢᠨ ᠬᠡᠷᠡᠭ ᠵᠡᠷᠭᠡ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ | ᠲᠡᠭᠦᠯᠳᠡᠷᠵᠢᠭᠦᠯᠦᠨ ᠂ ᠨᠡᠭᠦᠯᠭᠡᠭᠰᠡᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠠᠳᠠᠯ ᠠᠬᠤᠢ ᠶᠢᠨ | ᠬᠠᠮᠢᠶᠠᠷᠤᠯᠲᠠ ᠶᠢᠨ ᠲᠣᠬᠢᠷᠠᠮᠵᠢᠲᠠᠢ ᠠᠷᠭ᠎ᠠ ᠮᠠᠶ᠋ᠢᠭ ᠢ ᠰᠣᠩᠭᠤᠭᠤᠯᠵᠤ ᠂ ᠡᠯ᠎ᠡ ᠲᠥᠷᠥᠯ ᠤᠨ ᠣᠯᠠᠨ ᠲᠦᠮᠡᠨ ᠤ | ᠪᠦᠯᠬᠦᠮ ᠤᠨ ᠵᠣᠬᠢᠶᠠᠨ ᠪᠠᠶᠢᠭᠤᠯᠤᠯᠲᠠ ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠥᠲᠥᠯᠥᠨ ᠵᠢᠯᠤᠭᠤᠳᠴᠤ | ᠪᠠᠶᠢᠭᠠᠳ ᠨᠡᠶᠢᠭᠡᠮ ᠲᠣᠭᠤᠷᠢᠭ ᠤᠨ ᠦᠢᠯᠡᠴᠢᠯᠡᠭᠡ ᠬᠠᠩᠭᠠᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠢ ᠨᠢ | ᠪᠠᠳᠠᠷᠠᠭᠤᠯᠤᠨ᠎ᠠ ᠃ ᠨᠡᠭᠦᠭᠰᠡᠨ ᠣᠯᠠᠨ ᠲᠦᠮᠡᠨ ᠤ ᠨᠡᠶᠢᠭᠡᠮ ᠲᠣᠭᠤᠷᠢᠭ ᠲᠤ ᠠᠭᠤᠰᠤᠯᠴᠠᠬᠤ ᠶᠢ ᠠᠬᠢᠭᠤᠯᠵᠤ | ᠨᠡᠭᠦᠯᠭᠡᠬᠦ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠤᠯᠠᠮᠵᠢᠯᠠᠯᠲᠤ ᠰᠠᠶᠢᠬᠠᠨ ᠰᠤᠷᠲᠠᠯ ᠂ ᠨᠡᠶᠢᠭᠡᠮ | ᠨᠡᠶᠢᠲᠡ ᠶᠢᠨ ᠶᠣᠰᠣ ᠮᠣᠷᠠᠯ ᠤᠨ ᠤᠬᠠᠭᠤᠯᠭ᠎ᠠ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠵᠣᠬᠢᠶᠠᠨ | ᠪᠠᠶᠢᠭᠤᠯᠤᠨ ᠥᠷᠨᠢᠭᠦᠯᠵᠦ ᠂ ᠳᠤᠮᠳᠠᠳᠤ ᠶᠢᠨ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ᠂ ᠴᠢᠬᠤᠯᠠ ᠪᠠᠶᠠᠷ | ᠳᠤᠷᠠᠰᠬᠠᠯ ᠤᠨ ᠡᠳᠦᠷ᠂ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠪᠠᠶᠠᠷ ᠳᠤᠷᠠᠰᠬᠠᠯ ᠤᠨ ᠡᠳᠦᠷ ᠵᠡᠷᠭᠡ | ᠪᠠᠶᠠᠷ ᠳᠤᠷᠠᠰᠬᠠᠯ ᠤᠨ ᠠᠵᠢᠯᠯᠠᠭ᠎ᠠ ᠲᠠᠢ ᠤᠶᠠᠯᠳᠤᠭᠤᠯᠤᠨ᠂ ᠴᠥᠭᠡᠨ ᠲᠣᠭᠠᠲᠤ ᠦᠨᠳᠦᠰᠦᠲᠡᠨ ᠨᠡᠯᠢᠶᠡᠳ ᠤᠯᠠᠨ | ᠪᠠᠶᠢᠭ᠎ᠠ ᠲᠥᠪᠬᠢᠨᠡᠭᠦᠯᠬᠦ ᠣᠷᠣᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠶᠡᠭᠡ ᠪᠠᠷ | ᠳᠡᠯᠭᠡᠷᠡᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠲᠦᠯᠬᠢᠨ | ᠠᠬᠢᠭᠤᠯᠵᠤ᠂ ᠰᠣᠯᠢᠯᠴᠠᠨ ᠠᠭᠤᠰᠤᠯᠴᠠᠭᠰᠠᠨ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠳᠤᠷᠠᠳᠤᠨ | ᠣᠶᠢᠯᠠᠭᠠᠵᠤ᠂ ᠦᠨᠳᠦᠰᠦᠲᠡᠨ ᠨᠦᠭᠦᠳ ᠤᠨ ᠡᠶ᠎ᠡ ᠨᠠᠶᠢᠷᠲᠠᠢ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠬᠤ ᠶᠢ | ᠠᠬᠢᠭᠤᠯᠤᠨ᠎ᠠ᠃ | ︽ ᠰᠠᠨᠠᠯ ︾ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠂ ᠡᠳ᠋ ᠤᠨ | ᠵᠠᠰᠠᠭ ᠤᠨ ᠣᠷᠣᠭᠤᠯᠤᠯᠲᠠ ᠶᠢ ᠨᠡᠮᠡᠭᠳᠡᠭᠦᠯᠬᠦ ᠂ ᠮᠥᠩᠭᠦᠨ ᠭᠦᠢᠯᠭᠡᠭᠡᠨ ᠤ ᠳᠡᠮᠵᠢᠯᠭᠡ ᠶᠢ ᠰᠠᠶᠢᠲᠤᠷ ᠬᠢᠬᠦ ᠂ | ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠬᠤ ᠵᠡᠷᠭᠡ 4 ᠲᠠᠯ᠎ᠠ ᠪᠠᠷ ᠲᠣᠳᠣᠷᠬᠠᠢ ᠱᠠᠭᠠᠷᠳᠠᠯᠭ᠎ᠠ | ᠳᠤᠷᠠᠳᠴᠤ ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢ ᠪᠠᠲᠤᠯᠠᠪᠠ ᠃ | |