ᠪᠡᠭᠡᠵᠢᠩ ᠥᠪᠥᠷ ᠮᠣᠩᠭᠤᠯ ᠭᠠᠷ ᠬᠤᠯᠪᠣᠯᠴᠠᠨ ︽ᠬᠤᠶᠠᠷ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠵᠦ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠰᠣᠩᠭᠤᠭᠳᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠨᠢᠯᠴᠠᠭᠤᠯᠪᠠ
ᠨᠡᠶᠢᠲᠡᠯᠡᠭᠰᠡᠨ ᠴᠠᠭ᠄
2022/11/28
      10 ᠰᠠᠷ᠎ᠠ ᠶᠢᠨ 24 ᠤ ᠡᠳᠦᠷ  ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︽ ᠨᠡᠶᠢᠭᠡᠮ ᠤᠨ ᠬᠠᠪᠰᠤᠷᠤᠨ ᠲᠡᠳᠬᠦᠬᠦ ᠬᠦᠴᠦᠨ ᠢ ᠲᠠᠨᠢᠯᠴᠠᠭᠤᠯᠵᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠯᠳᠤᠭᠤᠯᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ︵ ᠨᠢᠭᠡᠳᠦᠭᠡᠷ ᠪᠦᠯᠦᠭ  ︶ ᠶᠢ ᠪᠠᠬᠢᠵᠢᠭᠦᠯᠦᠨ ᠥᠷᠭᠡᠳᠬᠡᠬᠦ ᠲᠤᠬᠠᠢ ᠮᠡᠳᠡᠭᠳᠡᠯ  ︾ ᠢ ᠨᠡᠶᠢᠲᠡᠯᠡᠪᠡ  ᠃      ᠮᠡᠳᠡᠭᠳᠡᠯ ᠳᠤ ᠬᠡᠯᠡᠭᠰᠡᠨ ᠨᠢ  ᠂ ᠰᠢ ᠶᠢᠨ ᠫᠢᠩ ᠶᠡᠷᠦᠩᠬᠡᠢ ᠱᠦᠵᠢ ᠶᠢᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠪᠦᠬᠦ ᠨᠡᠶᠢᠭᠡᠮ ᠤᠨ ᠬᠦᠴᠦᠨ ᠢ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤ ᠣᠷᠣᠯᠴᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠬᠠᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠨᠡᠶᠢᠭᠡᠮ ᠤᠨ ᠬᠦᠴᠦᠨ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤ ᠣᠷᠣᠯᠴᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠤᠭᠯᠠᠭᠤᠯᠬᠤ ᠠᠵᠢᠯ ᠢ ᠥᠷᠨᠢᠭᠦᠯᠪᠡ᠃ ᠥᠪᠡᠷ ᠢ ᠪᠠᠨ ᠲᠠᠨᠢᠯᠴᠠᠭᠤᠯᠬᠤ ᠪᠠᠷ ᠮᠡᠳᠡᠭᠦᠯᠬᠦ ᠂ ᠬᠡᠷᠡᠭ ᠤᠨ ᠵᠢᠱᠢᠶ᠎ᠡ ᠶᠢ ᠠᠩᠬ᠎ᠠ ᠰᠣᠩᠭᠤᠬᠤ᠂ ᠲᠤᠰᠬᠠᠢ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠵᠡᠷᠭᠡ ᠪᠠᠷ ᠳᠠᠮᠵᠢᠭᠤᠯᠤᠨ᠂ ᠰᠢᠨ᠎ᠡ ᠶᠢ ᠡᠭᠦᠳᠬᠦ ᠴᠢᠨᠠᠷᠲᠠᠢ᠂ ᠲᠥᠯᠥᠭᠡᠯᠡᠬᠦ ᠴᠢᠨᠠᠷᠲᠠᠢ ᠪᠠ ᠳᠡᠯᠭᠡᠷᠡᠭᠦᠯᠬᠦ ᠴᠢᠨᠠᠷᠲᠠᠢ ᠨᠡᠶᠢᠳᠡ 36 ᠨᠡᠶᠢᠲᠡᠯᠢᠭ ᠬᠡᠷᠡᠭ ᠤᠨ ᠵᠢᠱᠢᠶ᠎ᠡ ᠶᠢ ᠰᠢᠯᠢᠨ ᠰᠣᠩᠭᠤᠪᠠ᠃ 36 ᠨᠡᠶᠢᠲᠡᠯᠢᠭ ᠬᠡᠷᠡᠭ ᠤᠨ ᠵᠢᠱᠢᠶ᠎ᠡ ᠳᠤ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ᠂ ᠲᠥᠪ ᠤᠨ ᠪᠠᠶᠢᠭᠤᠯᠤᠯᠭ᠎ᠠ ᠨᠢᠭᠡᠴᠡ ᠴᠡᠭ ᠲᠣᠭᠲᠠᠭᠠᠨ ᠬᠠᠪᠰᠤᠷᠤᠨ ᠲᠡᠳᠬᠦᠭᠰᠡᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠵᠡᠷᠭᠡ ᠠᠵᠢᠯ ᠢ ᠬᠠᠮᠤᠷᠴᠤ᠂ ᠰᠢᠨ᠎ᠡ ᠱᠠᠲᠤᠨ ᠳᠠᠬᠢ ᠮᠠᠨ ᠤ ᠤᠯᠤᠰ ᠤᠨ ᠨᠡᠶᠢᠭᠡᠮ ᠤᠨ ᠬᠠᠪᠰᠤᠷᠤᠨ ᠲᠡᠳᠬᠦᠬᠦ ᠠᠵᠢᠯ ᠤᠨ ᠦᠢᠯᠡᠳᠦᠯᠭᠡ ᠶᠢᠨ ᠦᠷ᠎ᠡ ᠪᠦᠲᠦᠭᠡᠯ ᠪᠣᠯᠣᠨ ᠨᠡᠶᠢᠲᠡᠯᠢᠭ ᠠᠷᠭ᠎ᠠ ᠬᠢᠳᠡᠯ ᠢ ᠢᠯᠡᠷᠡᠭᠦᠯᠪᠡ᠃      ᠡᠭᠦᠨ ᠳᠤ  ᠂ ︽ ᠪᠡᠭᠡᠵᠢᠩ ᠥᠪᠥᠷ ᠮᠣᠩᠭᠤᠯ ᠭᠠᠷ ᠬᠤᠯᠪᠣᠯᠴᠠᠨ ︿ ᠬᠤᠶᠠᠷ ᠰᠠᠭᠤᠷᠢᠨ ᠭᠠᠵᠠᠷ  ﹀ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ  ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠬᠦ  ︾ ᠨᠢ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠬᠡᠷᠡᠭ ᠤᠨ ᠵᠢᠱᠢᠶ᠎ᠡ ᠳᠤ ᠰᠣᠩᠭᠤᠭᠳᠠᠪᠠ  ᠃ ᠰᠢ ᠶᠢᠨ ᠫᠢᠩ ᠬᠤᠲᠠ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠡᠭᠡᠵᠢᠩ ᠤᠨ ᠶᠡᠷᠦᠩᠬᠡᠢ ᠱᠦᠵᠢ ᠶᠢᠨ ᠥᠪᠥᠷ ᠮᠣᠩᠭᠤᠯ ᠤᠨ 《 ᠬᠤᠶᠠᠷ ᠬᠠᠯᠬᠠᠪᠴᠢ  ᠂ ᠬᠤᠶᠠᠷ ᠰᠠᠭᠤᠷᠢᠨ  ᠂ ᠨᠢᠭᠡ ᠪᠠᠬᠢᠯᠡᠯᠲᠡ 》 ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠣᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠭᠦᠨᠵᠡᠭᠡᠶᠢᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ  ᠂ ︽ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ  ︾ ᠪᠠ ︽ ᠴᠡᠪᠡᠷ ᠡᠨᠧᠷᠭᠢ ᠶᠢᠨ ᠰᠠᠭᠤᠷᠢᠨ ᠭᠠᠵᠠᠷ  ︾ ᠢ ᠬᠠᠮᠲᠤᠷᠠᠨ ᠬᠠᠮᠲᠤ ᠪᠠᠷ ᠪᠠᠶᠢᠭᠤᠯᠵᠤ  ᠂ ᠥᠪᠥᠷ ᠮᠣᠩᠭᠤᠯ ᠤᠨ ᠦᠬᠡᠷ ᠬᠤᠨᠢᠨ ᠮᠢᠬ᠎ᠠ  ᠂ ᠴᠠᠬᠢᠯᠭᠠᠨ ᠬᠦᠴᠦ ᠵᠡᠷᠭᠡ ᠶᠢ ᠬᠠᠪᠰᠤᠷᠤᠨ ᠪᠡᠭᠡᠵᠢᠩ ᠤᠨ ᠵᠠᠬ᠎ᠠ ᠳᠡᠯᠭᠡᠭᠦᠷ ᠲᠤ ᠣᠷᠣᠭᠤᠯᠤᠨ᠎ᠠ  ᠃ ᠨᠡᠶᠢᠲᠡ 89 ᠵᠢᠮᠢᠰ ᠢᠳᠡᠰᠢᠨ ᠨᠣᠭᠤᠭ᠎ᠠ ᠠᠮᠤ ᠲᠣᠰᠣ ᠳᠠᠷᠢᠬᠤ ᠰᠠᠭᠤᠷᠢᠨ ᠭᠠᠵᠠᠷ  ᠂ 44 ᠭᠡᠷ ᠤᠨ ᠵᠢᠭᠦᠷᠲᠡᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠠ 25 ᠮᠢᠬ᠎ᠠ ᠰᠦ ᠠᠮᠤ ᠪᠣᠯᠪᠠᠰᠤᠷᠠᠭᠤᠯᠬᠤ ᠰᠠᠭᠤᠷᠢᠨ ᠭᠠᠵᠠᠷ ᠢ ᠪᠠᠶᠢᠭᠤᠯᠵᠤ  ᠂ ᠰᠢᠯᠢ ᠶᠢᠨ ᠭᠤᠣᠯ ᠤᠨ ᠬᠤᠨᠢᠨ ᠮᠢᠬ᠎ᠠ  ᠂ ᠤᠯᠠᠭᠠᠨᠬᠠᠳᠠ ᠶᠢᠨ ᠪᠦᠳᠦᠭᠦᠯᠢᠭ ᠠᠮᠤ  ᠂ ᠬᠢᠩᠭᠠᠨ ᠠᠶᠢᠮᠠᠭ ᠤᠨ ᠲᠤᠲᠤᠷᠭ᠎ᠠ ᠵᠡᠷᠭᠡ ᠣᠯᠠᠨ ᠨᠠᠷᠠᠲᠤ ᠰᠢᠯᠢᠳᠡᠭ ᠨᠠᠷᠠᠲᠤ ᠲᠥᠷᠥᠯ ᠲᠡᠮᠳᠡᠭᠲᠦ ᠶᠢ ᠬᠠᠪᠰᠤᠷᠤᠨ ᠪᠣᠶ ᠪᠣᠯᠭᠠᠵᠤ  ᠂ 2021 ᠣᠨ ᠳᠤ ᠪᠥᠬᠦ ᠬᠤᠲᠠ ᠶᠢᠨ ᠬᠤᠳᠠᠯᠳᠤᠨ ᠠᠪᠤᠭᠰᠠᠨ ᠪᠠ ᠪᠣᠷᠣᠯᠠᠭᠤᠯᠤᠭᠰᠠᠨ ᠥᠪᠥᠷ ᠮᠣᠩᠭᠤᠯ ᠤᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ 101 ᠳ᠋ᠦᠩᠰᠢᠭᠤᠷ ᠲᠥᠭᠦᠷᠢᠭ ᠢ ᠳᠠᠪᠠᠵᠠᠢ  ᠃ ᠤᠯᠤᠰ ᠤᠨ ᠴᠠᠬᠢᠯᠭᠠᠨ ᠬᠦᠴᠦᠨ  ᠂ ᠪᠡᠭᠡᠵᠢᠩ ᠤᠨ ᠡᠨᠧᠷᠭᠢ ᠶᠢᠨ ᠰᠤᠷᠪᠤᠯᠵᠢ  ᠂ ᠹᠦ᠋ ᠱᠧᠩ  ᠂ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ  ᠂ ᠪᠡᠭᠡᠵᠢᠩ ᠤᠨ ᠳ᠋ᠦᠩ ᠹᠠᠩ ᠡᠨᠧᠷᠭᠢ ᠶᠢᠨ ᠰᠤᠷᠪᠤᠯᠵᠢ ᠵᠡᠷᠭᠡ ᠨᠢᠭᠡ ᠪᠦᠯᠦᠭ ᠪᠡᠭᠡᠵᠢᠩ ᠨᠤᠲᠤᠭ ᠲᠠᠢ ᠲᠣᠮᠣ ᠬᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ ᠠᠵᠤ ᠠᠬᠤᠶᠢᠯᠠᠯ ᠥᠪᠥᠷ ᠮᠣᠩᠭᠤᠯ ᠳᠤ ᠰᠠᠭᠤᠷᠢᠰᠢᠵᠤ ᠂ ᠶᠡᠷᠦᠩᠬᠡᠢ ᠪᠡᠯᠡ ᠣᠷᠣᠭᠤᠯᠤᠯᠲᠠ ᠨᠢ 1500 ᠳ᠋ᠦᠩᠰᠢᠭᠤᠷ ᠲᠥᠭᠦᠷᠢᠭ ᠢ ᠳᠠᠪᠠᠵᠤ  ᠂ ᠵᠢᠯ ᠤᠨ ᠴᠠᠬᠢᠯᠭᠠᠨ ᠭᠠᠷᠭᠠᠬᠤ ᠶᠡᠷᠦᠩᠬᠡᠢ ᠬᠡᠮᠵᠢᠶ᠎ᠡ ᠨᠢ ᠪᠠᠷᠤᠭ 7600 ᠲᠦᠮᠡᠨ ᠺᠢᠯᠣᠸᠠᠲ ᠲᠤ ᠬᠦᠷᠴᠦ  ᠂ ᠪᠡᠭᠡᠵᠢᠩ ᠬᠤᠲᠠ ᠶᠢᠨ 40% ᠠᠴᠠ ᠳᠡᠭᠡᠭᠰᠢᠬᠢ ᠴᠠᠬᠢᠯᠭᠠᠨ ᠬᠦᠴᠦᠨ ᠤ ᠬᠡᠷᠡᠭᠴᠡᠭᠡ ᠶᠢ ᠪᠠᠲᠤᠯᠠᠵᠤ  ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠭᠰᠡᠨ ᠪᠠᠶᠢᠨ᠎ᠠ ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号