ᠲᠦᠩᠯᠢᠶᠣᠣ ᠬᠤᠲᠠ ᠶᠢᠨ ᠬᠦᠷᠢᠶ᠎ᠡ ᠬᠤᠰᠢᠭᠤ ᠄ ︽1357︾ ᠠᠵᠢᠯ ᠤᠨ ᠠᠷᠭ᠎ᠠ ᠶᠢ ᠬᠡᠷᠡᠭᠵᠢᠭᠦᠯᠵᠦ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠡᠯᠡ ᠮᠥᠩᠭᠦ ᠡᠳ᠋ ᠬᠥᠷᠥᠩᠭᠡ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2022/11/30
      ᠵᠢᠯ ᠤᠨ ᠡᠬᠢᠨ ᠠᠴᠠ ᠨᠠᠰᠢ᠂ ᠲᠦᠩᠯᠢᠶᠣᠣ ᠬᠤᠲᠠ ᠶᠢᠨ ᠬᠦᠷᠢᠶ᠎ᠡ ᠬᠤᠰᠢᠭᠤ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠪᠣᠯᠤᠭᠰᠠᠨ ᠤ ᠬᠤᠪᠢ ᠳᠤ᠂ ᠪᠡᠯᠡ ᠮᠥᠩᠭᠦ ᠶᠢ ᠵᠣᠯᠭᠠᠭᠤᠯᠬᠤ  ᠂ ᠪᠡᠭᠡᠵᠢᠩ ᠥᠪᠥᠷ ᠮᠣᠩᠭᠤᠯ ᠤᠨ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠬᠡᠯᠪᠠᠶᠢᠯᠲᠡ ᠶᠢᠨ ᠳᠠᠪᠠᠭᠤᠯᠢᠭ ᠢ ᠭᠦᠢᠴᠡᠳ ᠠᠰᠢᠭᠯᠠᠨ᠂ ︽1357︾ ᠪᠡᠯᠡ ᠮᠥᠩᠭᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠤᠨ ᠠᠷᠭ᠎ᠠ ᠶᠢ ᠰᠢᠨ᠎ᠡ ᠪᠠᠷ ᠡᠭᠦᠳᠦᠨ ᠬᠡᠷᠡᠭᠵᠢᠭᠦᠯᠵᠦ  ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠡᠯᠡ ᠮᠥᠩᠭᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠪᠡᠯᠡ ᠮᠥᠩᠭᠦ ᠡᠳ᠋ ᠬᠥᠷᠥᠩᠭᠡ ᠶᠢᠨ ᠲᠣᠭᠲᠠᠭᠤᠨ ᠪᠥᠭᠡᠳ ᠰᠠᠶᠢᠨ ᠠᠵᠢᠯᠯᠠᠭᠠᠨ ᠢ ᠬᠦᠴᠦᠯᠡᠨ ᠠᠬᠢᠭᠤᠯᠪᠠ  ᠃      ︽1︾ ᠨᠢ ᠳᠠᠷᠤᠢ ᠨᠢᠭᠡ ᠲᠥᠷᠥᠯ ᠵᠦᠢᠯ ᠤᠨ ᠬᠥᠮᠥᠷᠭᠡ ᠶᠢ ᠰᠠᠶᠢᠲᠤᠷ ᠪᠠᠶᠢᠭᠤᠯᠬᠤ ᠶᠠᠪᠤᠳᠠᠯ ᠪᠣᠯᠣᠨ᠎ᠠ᠃ ᠪᠦᠬᠦ ᠬᠤᠰᠢᠭᠤᠨ ᠤ 2022 ︱ 2025 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠥᠰᠥᠯ ᠢ ᠨᠠᠶᠢᠷᠠᠭᠤᠯᠤᠨ ᠵᠣᠬᠢᠶᠠᠬᠤ ᠠᠵᠢᠯ ᠲᠠᠢ ᠤᠶᠠᠯᠳᠤᠭᠤᠯᠵᠤ᠂ 2022 ︱ 2025 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ᠂ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠨᠢᠭᠡᠴᠡ ᠶᠢ ᠵᠣᠬᠢᠶᠠᠨ ᠪᠠᠶᠢᠭᠤᠯᠤᠨ ︽ᠲᠣᠰᠬᠤᠨ ᠢᠶᠠᠷ ᠭᠤᠶᠤᠴᠢᠯᠠᠨ ᠮᠡᠳᠡᠭᠦᠯᠬᠦ  ᠂ ᠪᠠᠯᠭᠠᠰᠤ ᠪᠠᠷ ᠬᠢᠨᠠᠨ ᠬᠠᠷᠭᠤᠭᠤᠯᠬᠤ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠨᠤᠲᠠᠯᠠᠭᠤᠯᠬᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠬᠤ᠂ ᠬᠤᠰᠢᠭᠤᠨ ᠱᠠᠲᠤᠨ ᠤ ᠤᠳᠤᠷᠢᠳᠬᠤ ᠳᠤᠭᠤᠶᠢᠯᠠᠩ ᠢᠶᠠᠷ ᠬᠢᠨᠠᠨ ᠲᠣᠭᠲᠠᠭᠠᠬᠤ︾ ᠬᠥᠮᠥᠷᠭᠡ ᠳᠤ ᠣᠷᠣᠭᠤᠯᠬᠤ ᠲᠠᠰ ᠳᠠᠷᠠᠭᠠᠯᠠᠯ ᠶᠣᠰᠣᠭᠠᠷ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠥᠷᠥᠯ ᠵᠦᠢᠯ ᠳᠤ 374 ᠵᠢᠭᠰᠠᠭᠠᠨ ᠣᠷᠣᠭᠤᠯᠵᠤ᠂ 63.5 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠳᠤ ᠬᠤᠯᠪᠣᠭᠳᠠᠨ᠎ᠠ  ᠃      【3】 ᠭᠤᠷᠪᠠᠨ ᠱᠠᠲᠤᠨ ᠤ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃《 ᠬᠦᠷᠢᠶ᠎ᠡ ᠬᠤᠰᠢᠭᠤᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠡᠯᠡ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ 》 ᠢ ᠲᠣᠭᠲᠠᠭᠠᠵᠤ᠂ ᠵᠢᠯ ᠬᠤᠪᠢᠶᠠᠨ ᠬᠤᠰᠢᠭᠤ  ᠂ ᠰᠢᠶᠠᠩ  ᠂ ᠲᠣᠰᠬᠤᠨ ᠤ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠡᠬᠡ ᠲᠠᠩᠰᠠ ᠶᠢ ᠪᠠᠶᠢᠭᠤᠯᠵᠤ᠂ ᠬᠤᠰᠢᠭᠤᠨ ᠱᠠᠲᠤᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠪᠠᠯᠭᠠᠰᠤᠨ ᠤ ᠱᠠᠲᠤᠨ ᠤ ᠡᠳ᠋ ᠬᠥᠷᠥᠩᠭᠡ ᠶᠢᠨ ᠦᠷᠭᠦᠯᠵᠢᠯᠡᠨ ᠬᠠᠮᠢᠶᠠᠷᠴᠤ ᠬᠠᠮᠠᠭᠠᠯᠠᠨ ᠡᠵᠡᠩᠨᠡᠬᠦ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠲᠣᠰᠬᠤᠨ ᠤ ᠱᠠᠲᠤᠨ ᠤ ᠡᠳ᠋ ᠬᠥᠷᠥᠩᠭᠡ ᠶᠢᠨ ᠰᠢᠭᠤᠳ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠭᠤᠷᠪᠠᠨ ᠱᠠᠲᠤᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ  ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ  ᠃      《5》 ᠭᠡᠳᠡᠭ ᠨᠢ ᠳᠠᠷᠤᠢ ᠲᠠᠪᠤᠨ ᠵᠦᠢᠯ ᠤᠨ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠬᠡᠯᠡᠵᠦ ᠪᠠᠶᠢᠨ᠎ᠠ᠃ ᠪᠡᠯᠡ ᠮᠥᠩᠭᠦ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠬᠤ ᠶᠢ ᠪᠣᠳᠣᠯᠬᠢᠯᠠᠵᠤ᠂ ︽ ᠭᠠᠷᠠᠭ ᠢᠶᠠᠷ ᠲᠣᠬᠢᠷᠠᠭᠤᠯᠬᠤ᠂ ᠰᠠᠷ᠎ᠠ ᠪᠠᠷ ᠬᠠᠷᠢᠭᠤ ᠮᠡᠳᠡᠭᠦᠯᠬᠦ᠂ ᠤᠯᠠᠷᠢᠯ ᠢᠶᠠᠷ ᠳᠠᠪᠲᠠᠨ ᠪᠣᠯᠪᠠᠰᠤᠷᠠᠭᠤᠯᠬᠤ᠂ ᠬᠠᠭᠠᠰ ᠵᠢᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ  ᠂ ᠣᠨ ᠤ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ  ︾ ᠲᠠᠪᠤᠨ ᠵᠦᠢᠯ ᠤᠨ ᠲᠣᠬᠢᠷᠠᠭᠤᠯᠬᠤ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ  ᠂ ︽ ᠴᠠᠭ ᠢᠶᠠᠷ ᠲᠡᠩᠭᠡᠯᠢᠭ ᠪᠣᠯᠭᠠᠬᠤ  ︾ ᠨᠢᠭᠡ ᠢᠵᠢ ᠲᠥᠷᠥᠯ ᠵᠦᠢᠯ ᠢ ᠲᠦᠯᠬᠢᠨ ᠠᠬᠢᠭᠤᠯᠬᠤ ᠲᠣᠭᠲᠠᠴᠠ ᠶᠢ ᠪᠠᠶᠢᠭᠤᠯᠵᠤ  ᠂ ᠪᠡᠯᠡ ᠮᠥᠩᠭᠦ ᠶᠢ ᠥᠨᠳᠥᠷ ᠪᠦᠲᠦᠮᠵᠢᠲᠡᠶ ᠵᠠᠷᠤᠵᠤ  ᠂ ᠠᠮᠤᠷ ᠲᠦᠪᠰᠢᠨ ᠬᠡᠷᠡᠭᠯᠡᠬᠦ ᠶᠢ ᠦᠨᠡᠨ ᠬᠦ ᠪᠠᠲᠤᠯᠠᠨ᠎ᠠ  ᠃ ᠵᠢᠯ ᠤᠨ ᠳᠣᠲᠣᠷ᠎ᠠ ᠭᠠᠷᠠᠭ ᠲᠤ ᠨᠡᠶᠢᠲᠡ 30 ᠭᠠᠷᠤᠢ ᠲᠠᠯᠠᠪᠤᠷ ᠤᠳᠠᠭ᠎ᠠ ᠲᠣᠬᠢᠷᠠᠭᠤᠯᠵᠤ᠂ ᠰᠠᠷ᠎ᠠ ᠳᠤ 6 ᠤᠳᠠᠭ᠎ᠠ ᠬᠠᠷᠢᠭᠤ ᠮᠡᠳᠡᠭᠦᠯᠵᠦ  ᠂ ᠤᠯᠠᠷᠢᠯ ᠤᠨ ᠪᠣᠯᠪᠠᠰᠤᠷᠠᠯ  ᠢ 3 ᠤᠳᠠᠭ᠎ᠠ ᠬᠢᠵᠦ᠂ 32ᠭᠤᠣᠯᠳᠠᠯᠭ᠎ᠠ ᠲᠠᠢ ᠲᠥᠷᠥᠯ ᠵᠦᠢᠯ  ᠢ ᠲᠤᠬᠠᠢ  ᠶᠢᠨ ᠲᠠᠯᠠᠪᠠᠶ ᠳᠤ ᠲᠣᠭᠤᠷᠢᠨ ᠦᠵᠡᠵᠦ ᠂ 5 ᠠᠶᠤᠯ ᠲᠦᠭᠰᠢᠭᠦᠷᠢ  ᠶᠢᠨ ᠪᠠᠶᠢᠴᠠᠭᠠᠯᠲᠠ ᠳᠤ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ  ᠢ ᠢᠯᠡᠷᠡᠭᠦᠯᠪᠡ  ᠃      ︽7︾  ᠨᠢ ᠳᠠᠷᠤᠢ ᠲᠤᠯᠤᠭᠠᠨ ᠲᠦᠷᠦᠯ ᠤᠨ ᠱᠠᠯᠠᠪᠳᠠᠭᠤᠯᠤᠨ ᠪᠠᠶᠢᠴᠠᠭᠠᠬᠤ ᠪᠠᠷ ᠭᠠᠷᠳᠠᠴᠠ ᠪᠣᠯᠭᠠᠨ᠎ᠠ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠷᠢᠶ᠎ᠡ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠢ ᠠᠩᠭᠢ ᠶᠢᠨ ᠬᠢᠨᠠᠨ ᠵᠢᠯᠤᠭᠤᠳᠬᠤ  ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ  ᠂ ᠬᠤᠶᠠᠷ ᠠᠯᠪᠠᠨ ᠭᠡᠷ ᠤᠨ ᠬᠢᠨᠠᠨ ᠪᠠᠶᠢᠴᠠᠭᠠᠬᠤ᠂ ︽ᠪᠠᠶᠢᠳᠠᠯ ᠢ ᠳᠡᠭᠡᠭᠰᠢᠯᠡᠭᠦᠯᠦᠨ ᠪᠣᠳᠠᠲᠠᠢ ᠠᠵᠢᠯᠯᠠᠵᠤ ᠡᠷᠡᠯᠬᠡᠭᠯᠡᠨ ᠤᠷᠤᠭᠰᠢᠯᠠᠬᠤ ︾ ᠲᠤᠰᠬᠠᠢ ᠠᠵᠢᠯᠯᠠᠭ᠎ᠠ ᠶᠢᠨ ᠬᠢᠨᠠᠨ ᠪᠠᠶᠢᠴᠠᠭᠠᠬᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠬᠢᠨᠠᠨ ᠵᠢᠯᠤᠭᠤᠳᠬᠤ ᠵᠢᠴᠢ ᠲᠦᠩᠯᠢᠶᠣᠣ ᠬᠤᠲᠠ  ᠂ ᠥᠪᠡᠷᠲᠡᠭᠡᠨ ᠵᠠᠰᠠᠬᠤ ᠣᠷᠣᠨ ᠤ ᠬᠢᠨᠠᠨ ᠵᠢᠯᠤᠭᠤᠳᠬᠤ ᠵᠡᠷᠭᠡ 7 ᠲᠥᠷᠥᠯ ᠤᠨ ᠬᠢᠨᠠᠨ ᠪᠠᠶᠢᠴᠠᠭᠠᠬᠤ ᠬᠢᠨᠠᠨ ᠵᠢᠯᠤᠭᠤᠳᠬᠤ ᠪᠠᠷ ᠭᠠᠷᠳᠠᠴᠠ ᠪᠣᠯᠭᠠᠵᠤ᠂ ᠶᠠᠳᠠᠭᠤ ᠶᠢ ᠲᠡᠳᠬᠦᠬᠦ ︵ᠵᠣᠯᠭᠠᠭᠤᠯᠬᠤ︶ ᠡᠳ᠋ ᠬᠥᠷᠥᠩᠭᠡ ᠶᠢᠨ ᠬᠠᠮᠢᠶᠠᠷᠤᠯᠲᠠ  ᠂ ᠵᠣᠯᠭᠠᠭᠤᠯᠬᠤ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠠᠶᠢᠳᠠᠯ ᠳᠤ ᠤᠷᠢᠳ ᠬᠤᠵᠢᠳ 10 ᠭᠠᠷᠤᠢ ᠤᠳᠠᠭ᠎ᠠ ᠰᠢᠪᠠᠳᠠᠨ ᠪᠠᠶᠢᠴᠠᠭᠠᠯᠲᠠ ᠬᠢᠵᠦ  ᠂ ᠢᠯᠡᠷᠡᠭᠦᠯᠦᠭᠰᠡᠨ ᠠᠰᠠᠭᠤᠳᠠᠯ ᠤᠨ ᠰᠢᠯᠲᠠᠭᠠᠨ ᠢ ᠨᠠᠷᠢᠨ ᠬᠢᠨᠠᠮᠠᠭᠠᠢ ᠵᠠᠳᠠᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ  ᠂ ᠪᠡᠯᠡ ᠮᠥᠩᠭᠦ ᠡᠳ᠋ ᠬᠥᠷᠥᠩᠭᠡ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠤ ᠦᠢᠯᠡᠰ ᠤᠨ ᠬᠥᠭᠵᠢᠯᠲᠡ ᠳᠤ ᠦᠨᠡᠨ ᠬᠦ ︽ᠲᠦᠯᠬᠢᠭᠴᠢ︾ ᠤᠭᠰᠠᠷᠠᠵᠤ᠂ ᠲᠣᠰᠬᠤᠨ ᠤ ᠬᠠᠮᠲᠤ ᠶᠢᠨ ᠣᠷᠣᠯᠭ᠎ᠠ ᠶᠢᠨ ᠨᠡᠮᠡᠭᠳᠡᠯ ᠳᠤ ︽ᠡᠷᠳᠡᠨᠢ ᠶᠢᠨ ᠰᠠᠪᠠ  ︾ ᠪᠠᠶᠢᠭᠤᠯᠤᠨ ᠥᠭᠴᠦ  ᠂ ᠥᠷᠭᠡᠨ ᠣᠯᠠᠨ ᠲᠦᠮᠡᠨ ᠳᠤ ︽ᠵᠣᠭᠤᠰ ᠤᠨ ᠮᠣᠳᠣ︾ ᠶᠢ ᠠᠮᠢᠯᠠᠭᠤᠯᠤᠭᠰᠠᠨ ᠪᠠᠶᠢᠨ᠎ᠠ  ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号