ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ | ᠣᠯᠣᠭᠰᠠᠨ ᠤ ᠳᠠᠷᠠᠭ᠎ᠠ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠨᠢ ︽ᠴᠢᠰᠤ ᠶᠡᠭᠦᠯᠡᠬᠦ ᠮᠠᠶ᠋ᠢᠭ ᠤᠨ ᠬᠠᠪᠰᠤᠷᠤᠨ | ᠲᠡᠳᠬᠦᠬᠦ︾ ᠠᠴᠠ ︽ᠴᠢᠰᠤ ᠪᠦᠲᠦᠭᠡᠬᠦ ᠮᠠᠶ᠋ᠢᠭ ᠤᠨ ᠬᠠᠮᠵᠢᠯᠴᠠᠭ᠎ᠠ︾ ᠶᠢᠨ ᠴᠠᠭ ᠦᠶ᠎ᠡ ᠳᠤ ᠣᠷᠣᠵᠤ᠂ ᠠᠵᠤ | ᠦᠢᠯᠡᠰ ᠤᠨ ᠬᠠᠮᠵᠢᠯᠴᠠᠭ᠎ᠠ ᠬᠠᠮᠲᠤᠪᠠᠷ ᠠᠰᠢᠭ ᠬᠦᠷᠳᠡᠬᠦ ᠨᠢ ᠰᠢᠨ᠎ᠡ ᠭᠤᠣᠯ ᠰᠡᠳᠦᠪ ᠪᠣᠯᠪᠠ᠃ | 2022 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠡᠭᠡᠵᠢᠩ ᠬᠤᠳᠠ ᠯᠤᠭ᠎ᠠ ᠠᠵᠤ | ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠠᠵᠤ | ᠦᠢᠯᠡᠰ ᠤᠨ ᠪᠤᠶᠢᠵᠢᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠵᠣᠯᠭᠠᠭᠤᠯᠬᠤ ᠶᠢ ᠬᠡᠷᠡᠭᠵᠢᠭᠦᠯᠵᠦ᠂ | ᠲᠤᠰ ᠭᠠᠵᠠᠷ ᠣᠷᠣᠨ ᠤ ᠣᠨᠴᠠᠯᠢᠭᠲᠤ ᠠᠵᠤ ᠦᠢᠯᠡᠰ ᠢ ᠲᠡᠳᠬᠦᠵᠦ᠂ ᠪᠡᠭᠡᠵᠢᠩ ᠬᠤᠳᠠ ᠶᠢᠨ ᠠᠵᠤ ᠦᠢᠯᠡᠰ ᠤᠨ | ᠱᠠᠲᠤᠯᠢᠭ ᠰᠢᠯᠵᠢᠯᠲᠡ ᠪᠣᠯᠣᠨ ᠥᠪᠥᠷ ᠮᠣᠩᠭᠤᠯ ᠤᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ | ᠳᠡᠪᠰᠢᠭᠦᠯᠬᠦ ᠶᠢ ᠠᠬᠢᠭᠤᠯᠵᠤ᠂ ᠥᠷᠭᠡᠨ ᠤᠯᠠᠨ ᠬᠥᠳᠡᠭᠡ ᠲᠣᠰᠬᠤᠨ ᠤ ᠤᠯᠠᠨ ᠲᠦᠮᠡᠨ ᠢ ᠪᠡᠭᠡᠵᠢᠩ ᠥᠪᠥᠷ ᠮᠣᠩᠭᠤᠯ ᠢ | ᠬᠠᠪᠰᠤᠷᠤᠨ ᠲᠡᠳᠬᠦᠬᠦ︽ᠲᠣᠳᠣᠷᠠᠭᠤᠯᠤᠯᠲᠠ ᠬᠥᠭᠵᠢᠮ︾ ᠳᠤᠮᠳᠠ ︽ᠬᠠᠮᠲᠤᠪᠠᠷ ᠴᠢᠨᠡᠭᠡᠯᠢᠭᠵᠢᠬᠦ︾ ᠶᠢ ᠪᠡᠶᠡᠯᠡᠭᠦᠯᠵᠡᠢ᠃ | 2022 ᠣᠨ ᠳᠤ᠂ ᠪᠡᠭᠡᠵᠢᠩ ᠥᠪᠥᠷ ᠮᠣᠩᠭᠤᠯ ᠬᠤᠶᠠᠷ ᠲᠠᠯ᠎ᠠ ᠪᠠᠷ ᠢᠶᠠᠨ 56 ᠠᠵᠤ ᠦᠢᠯᠡᠰ ᠤᠨ ᠬᠦᠷᠢᠶᠡᠯᠡᠩ | ᠲᠣᠭᠤᠷᠢᠭ ᠢ ᠬᠠᠮᠲᠤ ᠪᠠᠷ ᠪᠠᠶᠢᠭᠤᠯᠵᠤ ᠂ ᠡᠭᠦᠨ ᠳᠤ 2 ᠨᠢ ᠤᠯᠤᠰ ᠤᠨ ᠲᠠᠰ ᠤᠨ ᠠᠵᠤ ᠦᠢᠯᠡᠰ ᠤᠨ ᠬᠦᠷᠢᠶᠡᠯᠡᠩ | ᠲᠣᠭᠤᠷᠢᠭ ᠢᠶᠠᠷ ᠦᠨᠡᠯᠡᠭᠳᠡᠪᠡ ᠃ ᠰᠢᠨ᠎ᠡ ᠪᠠᠷ ᠬᠥᠲᠥᠯᠥᠨ ᠵᠢᠯᠤᠭᠤᠳᠴᠤ ᠪᠠᠶᠢᠭᠠᠳ ᠬᠦᠷᠢᠶᠡᠯᠡᠩ ᠲᠣᠭᠤᠷᠢᠭ ᠲᠤ ᠣᠷᠣᠵᠤ | ᠰᠠᠭᠤᠭᠰᠠᠨ ᠠᠵᠤ ᠠᠬᠤᠶᠢᠯᠠᠯ 52 ᠪᠣᠯᠵᠤ᠂ 9.87 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ 1412 ᠬᠥᠳᠡᠯᠮᠦᠷᠢ ᠶᠢᠨ ᠬᠦᠴᠦᠨ ᠳᠤ ᠠᠵᠢᠯ ᠣᠯᠭᠤᠪᠠ᠃ | ᠬᠠᠮᠵᠢᠯᠴᠠᠨ ᠬᠥᠭᠵᠢᠭᠦᠯᠵᠦ᠂ ᠬᠥᠳᠡᠭᠡ ᠲᠣᠰᠬᠤᠨ ᠤ ᠰᠢᠨ᠎ᠡ ᠣᠷᠣᠨ ᠵᠠᠢ ᠶᠢ ᠨᠡᠭᠡᠭᠡᠶ᠎ᠡ | ᠥᠪᠥᠷ ᠮᠣᠩᠭᠤᠯ ᠲᠠᠷᠢᠶᠠᠯᠠᠩ ᠮᠠᠯ ᠠᠵᠤ ᠠᠬᠤᠢ ᠶᠢᠨ ᠳᠠᠭᠠᠭᠤᠯᠤᠭᠴᠢ ᠠᠵᠤ ᠠᠬᠤᠶᠢᠯᠠᠯ ᠳᠤ ᠲᠦᠰᠢᠭᠯᠡᠨ᠂ ᠠᠵᠤ | ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠪᠠᠶᠠᠯᠢᠭᠵᠢᠭᠤᠯᠬᠤ ᠪᠠ ᠤᠷᠲᠤᠳᠬᠠᠵᠤ᠂ ᠲᠠᠷᠢᠶᠠᠯᠠᠩ ᠠᠵᠤ ᠠᠬᠤᠶᠢᠯᠠᠯ ᠤᠨ | ᠠᠰᠢᠭ ᠲᠤᠰᠠ ᠶᠢ ᠬᠤᠯᠪᠣᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ ᠂ ᠪᠡᠯᠡᠳᠭᠡᠮᠵᠢᠳᠤ ᠲᠠᠷᠢᠶᠠᠯᠠᠩ ᠮᠠᠯ ᠠᠵᠤ | ᠠᠬᠤᠢ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ᠂ ᠬᠥᠮᠥᠷᠭᠡᠯᠡᠨ ᠬᠠᠳᠠᠭᠠᠯᠠᠵᠤ | ᠰᠢᠨ᠎ᠡ ᠰᠣᠷᠭᠤᠭ ᠪᠠᠶᠢᠯᠭᠠᠬᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠵᠢᠴᠢ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠵᠡᠷᠭᠡ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠬᠠᠮᠲᠤᠪᠠᠷ ᠪᠠᠶᠢᠭᠤᠯᠬᠤ ᠶᠢ ᠠᠬᠢᠭᠤᠯᠵᠤ ᠂ ᠨᠢᠭᠡᠳᠦᠭᠡᠷ | ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠦᠨ ᠂ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠵᠤ ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠬᠦ ᠂ ᠠᠵᠤ | ᠦᠢᠯᠡᠰ ᠤᠨ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ ᠃ | ᠤᠯᠠᠭᠠᠨᠴᠠᠪ ᠤᠨ ᠬᠤᠩ ᠹᠦ᠋ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ 30 | ᠲᠦᠮᠡᠨ ᠲᠡᠭᠰᠢ ᠳᠥᠷᠪᠡᠯᠵᠢᠨ ᠮᠧᠲᠷ ᠤᠨ ᠣᠶᠤᠨᠲᠤ ᠬᠦᠯᠡᠮᠵᠢ ᠳᠤ᠂ ᠤᠯᠠᠭᠠᠨ ᠢᠩᠲᠣᠣᠷ ᠲᠥᠪᠡᠳ ᠬᠠᠰᠢ᠂ ᠰᠢᠷ᠎ᠠ | ᠢᠩᠲᠣᠣᠷ ᠲᠥᠪᠡᠳ ᠬᠠᠰᠢ᠂ ᠬᠤᠪᠠ ᠲᠥᠪᠡᠳ ᠬᠠᠰᠢ᠂ ᠨᠤᠨᠳᠠᠭ ᠬᠠᠰᠢ ᠶᠠᠭ ᠰᠠᠶᠢᠬᠠᠨ ᠬᠤᠷᠢᠶᠠᠯᠲᠠ ᠶᠢᠨ | ᠬᠤᠭᠤᠴᠠᠭᠠᠨ ᠳᠠᠭᠠᠨ ᠪᠤᠢ᠃ | 2020 ᠣᠨ ᠳᠤ᠂ ᠥᠪᠥᠷ ᠮᠣᠩᠭᠤᠯ ᠤᠨ ᠤᠯᠠᠭᠠᠨᠴᠠᠪ ᠬᠤᠳᠠ ᠶᠢᠨ ᠴᠠᠬᠠᠷ ᠪᠠᠷᠠᠭᠤᠨ ᠭᠠᠷᠤᠨ ᠡᠮᠦᠨᠡᠲᠦ | ᠬᠤᠰᠢᠭᠤ ᠪᠣᠯᠣᠨ ᠪᠡᠭᠡᠵᠢᠩ ᠬᠤᠳᠠ ᠶᠢᠨ ᠳ᠋ᠠᠰᠢᠩ ᠲᠣᠭᠤᠷᠢᠭ ᠤᠨ ᠬᠤᠶᠠᠷ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠭᠠᠷ ᠬᠤᠯᠪᠣᠯᠴᠠᠨ᠂ ︽ᠵᠢᠵᠢᠭ ᠲᠥᠪᠡᠳ ᠬᠠᠰᠢ︾ ᠶᠢᠨ ᠲᠣᠭᠤᠷᠢᠨ ᠳᠤ ︽ᠲᠣᠮᠣ ᠦᠢᠯᠡᠰ︾ ᠢ ᠰᠠᠶᠢᠲᠤᠷ | ᠪᠦᠲᠦᠭᠡᠵᠦ᠂ ᠢᠳᠡᠪᠬᠢᠲᠡᠢ ᠪᠠᠷ ᠣᠯᠣᠯᠴᠠᠨ ᠵᠣᠯᠭᠠᠭᠤᠯᠵᠤ᠂ ᠤᠳᠤ ᠦᠶ᠎ᠡ ᠶᠢᠨ ᠠᠵᠤ ᠦᠢᠯᠡᠳᠪᠦᠷᠢ ᠶᠢᠨ ᠮᠡᠷᠭᠡᠵᠢᠯ ᠪᠣᠯᠣᠨ | ᠲᠠᠷᠢᠶᠠᠯᠠᠩ ᠤᠨ ᠠᠵᠤ ᠦᠢᠯᠡᠰᠵᠢᠯᠲᠡ ᠶᠢ ᠤᠶᠠᠯᠳᠤᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠲᠡᠷᠢᠭᠦᠨ ᠤ ᠲᠦᠷᠦᠯ | ᠵᠦᠢᠯ ︱ ᠬᠤᠩ ᠹᠦ᠋ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠣᠷᠣᠭᠤᠯᠤᠨ ᠠᠪᠴᠢᠷᠠᠵᠠᠢ᠃ | | ᠥᠨᠥᠳᠥᠷ ᠂ ᠥᠪᠥᠷ ᠮᠣᠩᠭᠤᠯ ᠤᠨ ᠤᠯᠠᠭᠠᠨᠴᠠᠪ ᠤᠨ ᠬᠤᠩ ᠹᠦ᠋ ᠣᠲᠣ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ ᠨᠢ ᠤᠯᠤᠰ ᠤᠨ ᠳᠣᠲᠣᠭᠠᠳᠤ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠠᠵᠤ | ᠦᠢᠯᠡᠳᠪᠦᠷᠢ ᠶᠢᠨ ᠲᠣᠨᠤᠭ ᠲᠥᠬᠦᠭᠡᠷᠦᠮᠵᠢ ᠂ ᠬᠠᠮᠢᠶᠠᠷᠤᠯᠲᠠ ᠡᠵᠡᠩᠨᠡᠯᠲᠡ᠂ ᠲᠠᠷᠢᠮᠠᠯ ᠤᠨ ᠮᠡᠷᠭᠡᠵᠢᠯ ᠤᠨ ᠲᠡᠷᠢᠭᠦᠨ ᠤ᠂ | ᠬᠡᠪᠴᠢᠶ᠎ᠡ ᠪᠠᠷ ᠨᠡᠯᠢᠶᠡᠳ ᠶᠡᠭᠡ᠂ ᠨᠥᠯᠥᠭᠡᠯᠡᠬᠦ ᠬᠦᠴᠦᠨ ᠢᠶᠠᠷ ᠴᠢᠩᠭ᠎ᠠ ᠂ ᠬᠠᠩᠭᠠᠯᠭ᠎ᠠ ᠶᠢᠨ ᠬᠡᠯᠬᠢᠶ᠎ᠡ ᠪᠠᠷ ᠪᠦᠷᠢᠨ | ᠲᠡᠭᠦᠯᠳᠡᠷ ᠣᠲᠣ ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠬᠠᠩᠭᠠᠯᠭ᠎ᠠ ᠪᠣᠷᠤᠯᠠᠭᠤᠯᠭ᠎ᠠ ᠶᠢᠨ ᠶᠡᠷᠦᠩᠬᠡᠶᠢᠯᠡᠭᠰᠡᠨ | ᠴᠣᠭᠴᠠ ᠪᠣᠯᠤᠭᠰᠠᠨ ᠪᠠᠶᠢᠨ᠎ᠠ᠃ ᠵᠢᠮᠢᠰ ᠢᠳᠡᠰᠢᠨ ᠨᠣᠭᠤᠭ᠎ᠠ ᠶᠢᠨ ᠵᠢᠯ ᠤᠨ ᠭᠠᠷᠤᠯᠲᠠ 1.2 ᠲᠦᠮᠡᠨ ᠲᠣᠨ ᠳᠤ ᠬᠦᠷᠴᠦ᠂ | ᠵᠠᠬ᠎ᠠ ᠳᠡᠯᠭᠡᠭᠦᠷ ᠤᠨ ᠭᠥᠯᠢᠶᠡᠨ ᠠᠪᠬᠤ ᠬᠡᠮᠵᠢᠶ᠎ᠡ ᠥᠨᠳᠥᠷ᠂ ᠬᠡᠷᠡᠭᠴᠡᠭᠡ ᠱᠠᠭᠠᠷᠳᠠᠯᠭ᠎ᠠ ᠶᠡᠭᠡ ᠪᠠᠶᠢᠵᠤ ᠂ ᠪᠡᠭᠡᠵᠢᠩ | ᠲᠢᠶᠠᠨᠵᠢᠨ ᠾᠧᠪᠧᠢ ᠣᠷᠣᠨ ᠤ ᠢᠳᠡᠰᠢᠨ ᠨᠣᠭᠤᠭ᠎ᠠ ᠶᠢᠨ ᠪᠠᠲᠤᠯᠠᠭ᠎ᠠ ᠶᠢᠨ ᠰᠠᠭᠤᠷᠢᠨ ᠭᠠᠵᠠᠷ ᠤᠨ ᠨᠢᠭᠡ ᠪᠣᠯᠣᠨ᠎ᠠ ᠃ | ︽ ᠤᠯᠠᠭᠠᠨᠴᠠᠪ ᠤᠨ ᠬᠤᠩ ᠹᠦ᠋ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠨᠢ ᠤᠯᠤᠰ ᠤᠨ | ᠳᠣᠲᠣᠭᠠᠳᠤ ᠶᠢᠨ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠢᠨᠵᠧᠨᠧᠷᠢᠩ ᠪᠣᠯᠤᠭᠰᠠᠨ ᠤ ᠬᠤᠪᠢ ᠳᠤ᠂ | ᠥᠪᠥᠷ ᠮᠣᠩᠭᠤᠯ ᠣᠷᠣᠨ ᠢ ᠬᠥᠲᠥᠯᠥᠨ ᠳᠠᠭᠠᠭᠤᠯᠵᠤ ᠪᠠᠶᠢᠭᠠᠳ ᠲᠠᠷᠢᠶᠠᠯᠠᠩ ᠤᠨ ᠪᠦᠲᠦᠴᠡ ᠶᠢᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠭᠦᠯᠬᠦ ᠶᠢ ᠪᠡᠶᠡᠯᠡᠭᠦᠯᠬᠦ ᠪᠣᠯᠣᠨ᠎ᠠ᠂ ᠢᠷᠡᠭᠡᠳᠦᠢ ᠳᠤ ᠬᠤᠩ ᠹᠦ᠋ ᠲᠠᠷᠢᠶᠠᠯᠠᠩ ᠨᠢ | ᠨᠡᠭᠦᠷᠡᠰᠦᠲᠥ᠋ᠷᠥᠭᠴᠢ ᠪᠠᠭ᠎ᠠ᠂ ᠪᠣᠬᠢᠷᠳᠤᠯ ᠦᠭᠡᠢ᠂ ᠡᠷᠡᠭᠦᠯ ᠴᠢᠭᠢᠷᠠᠭ᠂ ᠠᠵᠤ ᠠᠬᠤᠢ ᠶᠢᠨ ᠦᠷ᠎ᠡ ᠠᠰᠢᠭ ᠢᠶᠠᠷ ᠰᠠᠶᠢᠨ | ᠣᠲᠣ ᠦᠶ᠎ᠡ ᠶᠢᠨ ᠲᠠᠷᠢᠶᠠᠯᠠᠩ ᠤᠨ ᠪᠦᠯᠦᠭᠯᠡᠯ ᠬᠢᠭᠡᠳ ᠪᠣᠬᠢᠷᠳᠤᠯ ᠦᠭᠡᠢ ᠪᠠᠷ ᠲᠠᠷᠢᠶᠠᠯᠠᠩ ᠢ ᠲᠤᠰᠠᠯᠠᠬᠤ ᠰᠢᠨ᠎ᠡ | ᠲᠡᠮᠳᠡᠭᠯᠡᠯ ᠢ ᠲᠠᠰᠤᠷᠠᠯᠲᠠ ᠦᠭᠡᠢ ᠡᠭᠦᠳᠬᠦ ᠪᠣᠯᠣᠨ᠎ᠠ ︾ ᠭᠡᠵᠡᠢ᠃ ᠭᠡᠵᠦ ᠬᠤᠩ ᠹᠦ᠋ ᠪᠦᠯᠦᠭᠯᠡᠯ ᠤᠨ ᠬᠡᠷᠡᠭ | ᠮᠡᠳᠡᠭᠴᠢᠳ ᠤᠨ ᠲᠣᠪᠴᠢᠶᠠᠨ ᠤ ᠲᠡᠷᠢᠭᠦᠯᠡᠭᠴᠢ ᠬᠤᠸᠠᠩ ᠹᠦ᠋ ᠱᠦᠢ ᠬᠤᠸᠠᠩ ᠹᠦ᠋ ᠱᠦᠢ ᠬᠡᠯᠡᠪᠡ᠃ | ᠣᠳᠣᠬᠠᠨ ᠳᠤ᠂ ᠤᠯᠠᠭᠠᠨᠴᠠᠪ ᠤᠨ ᠬᠤᠩ ᠹᠦ᠋ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠨᠢᠭᠡᠨᠲᠡ | 500 ᠭᠠᠷᠤᠢ ᠲᠣᠰᠬᠤᠨ ᠤ ᠠᠷᠠᠳ ᠲᠤ ᠲᠣᠭᠲᠠᠪᠤᠷᠢᠲᠠᠢ ᠠᠵᠢᠯ ᠣᠯᠭᠤᠬᠤ ᠶᠢ ᠪᠡᠶᠡᠯᠡᠭᠦᠯᠵᠡᠢ᠂ ᠡᠭᠦᠨ ᠳᠤ ᠶᠠᠳᠠᠭᠤ | ᠠᠴᠠ ᠠᠩᠭᠢᠵᠢᠷᠠᠭᠰᠠᠨ ᠬᠥᠳᠡᠯᠮᠦᠷᠢ ᠶᠢᠨ ᠬᠦᠴᠦᠨ 200 ᠭᠠᠷᠤᠢ ᠪᠠᠶᠢᠵᠤ᠂ ᠬᠥᠮᠥᠨ ᠳᠤᠮᠳᠠᠴᠢ ᠶᠢᠨ ᠰᠠᠷ᠎ᠠ ᠶᠢᠨ ᠴᠠᠯᠢᠩ | ᠨᠢ 3500 ᠲᠥᠭᠦᠷᠢᠭ ᠠᠴᠠ ᠳᠡᠭᠡᠭᠰᠢ ᠪᠠᠶᠢᠵᠤ᠂ ᠣᠷᠳᠣ ᠬᠤᠭᠤᠴᠠᠭᠠᠨ ᠳᠤ 6800 ᠣᠷᠴᠢᠮ ᠲᠠᠷᠢᠶᠠᠴᠢᠳ ᠢ | ᠳᠠᠶᠢᠴᠢᠯᠠᠨ ᠲᠣᠭᠲᠠᠪᠤᠷᠢᠲᠠᠢ ᠠᠵᠢᠯ ᠣᠯᠭᠤᠬᠤ ᠪᠣᠯᠣᠨ᠎ᠠ ᠃ | ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢᠨ ᠭᠦᠨᠵᠡᠭᠡᠶᠢᠷᠡᠨ ᠠᠬᠢᠬᠤ ᠶᠢ ᠳᠠᠭᠠᠯᠳᠤᠨ᠂ ᠥᠪᠥᠷ ᠮᠣᠩᠭᠤᠯ | ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭ᠎ᠠ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢᠨ | ᠠᠵᠠ ᠲᠣᠬᠢᠶᠠᠯ ᠢ ᠴᠢᠩᠭ᠎ᠠ ᠠᠳᠬᠤᠵᠤ᠂ ᠨᠡᠩ ᠤᠯᠠᠨ ᠲᠠᠷᠢᠶᠠᠴᠢᠳ ᠢ ᠭᠤᠣᠯᠯᠠᠬᠤ ᠠᠵᠤ ᠦᠢᠯᠡᠰ ᠤᠨ ᠬᠡᠯᠬᠢᠶ᠎ᠡ ᠳᠤ | ᠣᠷᠣᠭᠤᠯᠵᠤ᠂ ᠨᠡᠩ ᠤᠯᠠᠨ ᠠᠵᠤ ᠠᠬᠤᠶᠢᠯᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠱᠤᠭᠤᠮ ᠳᠡᠭᠡᠷ᠎ᠡ | ᠬᠤᠯᠪᠣᠵᠤ᠂ ᠴᠢᠬᠤᠯᠠ ᠡᠯᠧᠮᠧᠨ᠋ᠲ ᠤᠨ ᠬᠠᠷᠢᠯᠴᠠᠨ ᠨᠡᠪᠲᠡᠷᠡᠯᠴᠡᠬᠦ᠂ ᠤᠷᠳᠤ ᠬᠤᠭᠤᠴᠠᠭ᠎ᠠ ᠪᠠᠷ ᠬᠠᠮᠲᠤᠷᠠᠯᠴᠠᠬᠤ᠂ ᠭᠠᠷ | ᠬᠤᠯᠪᠣᠨ ᠬᠠᠮᠲᠤᠪᠠᠷ ᠠᠰᠢᠭ ᠬᠦᠷᠳᠡᠬᠦ ᠰᠠᠶᠢᠨ ᠰᠠᠶᠢᠬᠠᠨ ᠪᠠᠶᠢᠳᠠᠯ ᠢ ᠡᠭᠦᠳᠴᠦ᠂ ᠪᠡᠭᠡᠵᠢᠩ ᠥᠪᠥᠷ ᠮᠣᠩᠭᠤᠯ ᠤᠨ ︽ | ᠬᠠᠮᠵᠢᠯᠴᠠᠨ ᠬᠥᠭᠵᠢᠬᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ︾ ᠰᠢᠨ᠎ᠡ ᠪᠠᠶᠢᠷᠢᠰᠢᠯ ᠢ ᠲᠠᠰᠤᠷᠠᠯᠳᠡ | ᠦᠭᠡᠢ ᠴᠣᠭᠴᠠᠯᠠᠨ ᠪᠠᠶᠢᠭᠤᠯᠵᠠᠢ᠃ | ᠡᠭᠦᠷ ᠢᠶᠠᠨ ᠴᠣᠭᠴᠠᠯᠠᠨ ᠭᠠᠷᠤᠳᠢ ᠭᠠᠯᠪᠢᠩᠭ᠎ᠠ ᠶᠢ ᠲᠠᠲᠠᠵᠤ ᠂ ᠭᠠᠷ ᠬᠤᠯᠪᠣᠨ ᠪᠥᠬᠦ ᠠᠵᠤ ᠦᠢᠯᠡᠰ ᠤᠨ | ᠬᠡᠯᠬᠢᠶ᠎ᠡ ᠶᠢ ᠴᠣᠭᠴᠠᠯᠠᠨ᠎ᠠ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠤᠭᠤᠴᠠᠭᠠᠨ ᠤ ᠪᠡᠭᠡᠵᠢᠩ ᠥᠪᠥᠷ ᠮᠣᠩᠭᠤᠯ ᠢ | ᠬᠠᠪᠰᠤᠷᠤᠨ ᠲᠡᠳᠬᠦᠬᠦ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠡᠭᠡᠷᠡᠬᠢ ᠪᠡᠭᠡᠵᠢᠩ ᠥᠪᠥᠷ | ᠮᠣᠩᠭᠤᠯ ᠤᠨ ᠬᠠᠮᠵᠢᠯᠴᠠᠭ᠎ᠠ ᠬᠦᠷᠲᠡᠯ᠎ᠡ᠂ ᠪᠡᠭᠡᠵᠢᠩ ᠬᠤᠳᠠ ᠪᠣᠯᠣᠨ ᠥᠪᠥᠷ ᠮᠣᠩᠭᠤᠯ ᠮᠥᠷᠥ ᠵᠡᠷᠭᠡᠴᠡᠨ ᠭᠠᠷ ᠭᠠᠷ ᠢᠶᠠᠨ | ᠬᠤᠯᠪᠣᠵᠤ᠂ ᠠᠵᠤ ᠦᠢᠯᠡᠰ ᠤᠨ ᠲᠦᠷᠦᠯ ᠵᠦᠢᠯ ᠤᠨ ᠲᠠᠶᠢᠴᠢᠯᠠᠨ ᠳᠠᠭᠠᠭᠤᠯᠬᠤ ᠦᠢᠯᠡᠳᠦᠯ ᠢ ᠴᠢᠩᠭᠠᠳᠬᠠᠵᠤ᠂ ︽ | ᠦᠢᠯᠡᠳᠪᠦᠷᠢᠯᠡᠬᠦ᠂ ᠪᠣᠷᠣᠯᠠᠭᠤᠯᠬᠤ︾ ᠬᠤᠶᠠᠷ ᠭᠤᠣᠯ ᠱᠤᠭᠤᠮ ᠤᠨ ᠲᠣᠭᠤᠷᠢᠨ ᠳᠤ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠶᠠᠰᠤ ᠴᠢᠨᠠᠷ ᠢ ᠪᠠᠲᠤᠳᠬᠠᠪᠠ᠃ | 2020 ᠣᠨ ᠤ 3 ᠰᠠᠷ᠎ᠠ ᠳᠤ ᠂ ᠪᠡᠭᠡᠵᠢᠩ ᠬᠤᠲᠠ ᠶᠢᠨ ᠲᠦᠩᠵᠸᠦ ᠲᠣᠭᠤᠷᠢᠭ ᠤᠨ ᠬᠠᠪᠰᠤᠷᠤᠯᠭ᠎ᠠ ᠳᠡᠮᠵᠢᠯᠭᠡ | ᠲᠤᠤᠷ᠎ᠠ᠂ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤ ᠤᠯᠤᠰ ᠤᠨ ᠲᠠᠰ ᠤᠨ ᠶᠠᠳᠠᠭᠤ | ᠬᠦᠴᠢᠷᠳᠡᠯᠲᠡᠢ ᠬᠤᠰᠢᠭᠤ ᠰᠢᠶᠠᠨ ᠤ ᠳᠠᠷᠠᠭᠠᠯᠠᠯ ᠠᠴᠠ ᠤᠬᠤᠷᠢᠨ ᠭᠠᠷᠪᠠ ᠃ | ᠣᠩᠨᠢᠭᠤᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢᠨ | ᠲᠣᠬᠢᠷᠠᠭᠤᠯᠤᠯᠲᠠ ᠪᠠ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠲᠦᠩᠵᠸᠦ ᠲᠣᠭᠤᠷᠢᠭ ᠤᠨ | ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠲᠠᠢ ᠭᠠᠷ ᠬᠤᠯᠪᠣᠨ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠭᠦᠨᠵᠡᠭᠡᠢ ᠥᠷᠨᠢᠭᠦᠯᠵᠦ ᠂ ᠠᠵᠤ ᠦᠢᠯᠡᠰ ᠤᠨ ᠰᠣᠩᠭᠤᠯᠲᠠ ᠠᠴᠠ ᠠᠵᠤ | ᠦᠢᠯᠡᠰ ᠢᠶᠠᠷ ᠲᠡᠳᠬᠦᠬᠦ ᠬᠦᠷᠲᠡᠯ᠎ᠡ ᠂ ᠳᠠᠬᠢᠭᠠᠳ ᠵᠠᠬ᠎ᠠ ᠳᠡᠯᠭᠡᠭᠦᠷ ᠢᠶᠠᠷ ᠪᠣᠶᠢᠵᠢᠭᠤᠯᠬᠤ ᠬᠦᠷᠲᠡᠯ᠎ᠡ᠂ ᠠᠵᠤ ᠦᠢᠯᠡᠰ ᠢᠶᠠᠷ | ᠶᠠᠳᠠᠭᠤ ᠶᠢ ᠲᠡᠳᠬᠦᠬᠦ ᠦᠢ ᠣᠯᠠᠨ ᠲᠥᠷᠥᠯ ᠵᠦᠢᠯ ᠢ ᠤᠷᠤᠭᠰᠢᠲᠠᠢ ᠨᠠᠶᠢᠳᠠᠪᠤᠷᠢᠵᠢᠭᠤᠯᠵᠠᠢ᠃ | ᠣᠩᠨᠢᠭᠤᠳ ᠬᠤᠰᠢᠭᠤᠨ ᠤ ᠶᠠᠩ ᠵᠢᠶᠠ ᠶᠢᠩᠽᠢ ᠶᠢᠨ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ | ᠬᠦᠷᠢᠶᠡᠯᠡᠩ ᠲᠣᠭᠤᠷᠢᠭ ᠪᠣᠯ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠠᠵᠤ ᠦᠢᠯᠡᠰ ᠤᠨ | ᠬᠦᠷᠢᠶᠡᠯᠡᠩ ᠲᠣᠭᠤᠷᠢᠭ ᠪᠣᠯᠬᠤ ᠪᠥᠭᠡᠳ ᠣᠨᠳᠣᠣ ᠭᠠᠵᠠᠷ ᠲᠤ ᠨᠡᠭᠦᠯᠭᠡᠵᠦ ᠶᠠᠳᠠᠭᠤ ᠶᠢ ᠲᠡᠳᠬᠦᠬᠦ ᠤᠯᠠᠨ ᠲᠦᠮᠡᠨ ᠤ | ᠵᠠᠯᠭᠠᠮᠵᠢ ᠠᠵᠤ ᠦᠢᠯᠡᠰ ᠤᠨ ᠬᠥᠭᠵᠢᠯᠲᠡ ᠶᠢᠨ ᠰᠠᠭᠤᠷᠢᠨ ᠭᠠᠵᠠᠷ ᠪᠣᠯᠣᠨ᠎ᠠ᠂ ᠡᠭᠦᠨ ᠤ ᠬᠠᠮᠲᠤ ᠣᠩᠨᠢᠭᠤᠳ | ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ | ᠭᠤᠣᠯᠳᠠᠯᠭ᠎ᠠ ᠲᠠᠢ ᠪᠠᠶᠢᠭᠤᠯᠤᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠰᠢᠭᠤᠴᠢ ᠣᠷᠣᠨ ᠪᠣᠯᠣᠨ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠣᠷᠣᠨ ᠪᠣᠯᠣᠨ᠎ᠠ᠃ | ᠶᠠᠩ ᠵᠢᠶᠠ ᠶᠢᠩᠽᠢ ᠶᠢᠨ ᠠᠵᠤ ᠦᠢᠯᠡᠰ ᠤᠨ ᠬᠦᠷᠢᠶᠡᠯᠡᠩ ᠤᠨ ᠬᠠᠷᠢᠭᠤᠴᠠᠯᠭᠠᠲᠠᠨ ᠭᠦᠸᠧ ᠰᠢ ᠹᠧᠩ᠄ ︽ᠤᠳᠤ | ᠪᠣᠯᠲᠠᠯ᠎ᠠ᠂ ᠶᠠᠩ ᠵᠢᠶᠠ ᠶᠢᠩᠽᠢ ᠠᠴᠠ ᠪᠡᠭᠡᠵᠢᠩ ᠥᠪᠥᠷ ᠮᠣᠩᠭᠤᠯ ᠢ ᠬᠠᠪᠰᠤᠷᠤᠨ ᠲᠡᠳᠬᠦᠬᠦ ᠪᠡᠯᠡ ᠮᠥᠩᠭᠦ ᠶᠢ 1.1 | ᠳ᠋ᠦᠩᠰᠢᠭᠤᠷ ᠲᠥᠭᠦᠷᠢᠭ ᠣᠷᠣᠭᠤᠯᠵᠤ᠂ 607 ᠰᠠᠭᠤᠷᠢ ᠨᠡᠷᠡᠨ ᠬᠦᠯᠡᠮᠵᠢ ᠵᠢᠴᠢ ᠢᠵᠢ ᠪᠦᠷᠢᠳᠦᠭᠰᠡᠨ ᠲᠥᠬᠦᠭᠡᠷᠦᠮᠵᠢ ᠶᠢ | ᠪᠠᠶᠢᠭᠤᠯᠵᠤ᠂ 6 ᠲᠦᠮᠡᠨ ᠲᠡᠭᠰᠢ ᠳᠥᠷᠪᠡᠯᠵᠢᠨ ᠮᠧᠲᠷ ᠥᠨᠳᠥᠷ ᠪᠠᠷᠢᠮᠵᠢᠶᠠᠲᠤ ᠣᠶᠤᠨᠲᠤ ᠬᠦᠯᠡᠮᠵᠢ ᠶᠢ ᠰᠢᠨ᠎ᠡ ᠪᠠᠷ | ᠪᠠᠶᠢᠭᠤᠯᠵᠤ᠂ ᠪᠦᠬᠦᠨ ᠢ ᠠᠰᠢᠭᠯᠠᠯᠲᠠ ᠳᠤ ᠣᠷᠣᠭᠤᠯᠪᠠ᠃ ᠬᠦᠷᠢᠶᠡᠯᠡᠩ ᠲᠣᠭᠤᠷᠢᠭ ᠲᠤ ᠨᠡᠶᠢᠲᠡ ᠶᠢᠨ ᠠᠰᠠᠷᠠᠮᠵᠢ ᠶᠢᠨ | ᠠᠵᠢᠯ ᠤᠨ ᠪᠠᠶᠢᠷᠢ ᠭᠠᠷᠭᠠᠬᠤ ᠵᠢᠴᠢ ᠪᠤᠰᠤᠳ ᠠᠷᠭ᠎ᠠ ᠬᠡᠯᠪᠡᠷᠢ ᠪᠠᠷ ᠳᠠᠮᠵᠢᠭᠤᠯᠤᠨ ᠲᠤᠬᠠᠢ ᠶᠢᠨ ᠭᠠᠵᠠᠷ ᠤᠨ ᠣᠨᠳᠣᠣ | ᠭᠠᠵᠠᠷ ᠲᠤ ᠨᠡᠭᠦᠭᠰᠡᠨ 200 ᠭᠠᠷᠤᠢ ᠣᠯᠠᠨ ᠲᠦᠮᠡᠨ ᠪᠠ ᠬᠤᠲᠠ ᠶᠢᠨ ᠲᠣᠭᠤᠷᠢᠭ ᠤᠨ ᠡᠷᠭᠢᠨ ᠲᠣᠭᠤᠷᠢᠨ ᠤ ᠣᠯᠠᠨ | ᠲᠦᠮᠡᠨ ᠢ ᠪᠦᠲᠦᠮᠵᠢᠲᠡᠶ ᠪᠠᠷ ᠳᠠᠶᠢᠴᠢᠯᠠᠨ ᠡᠵᠡᠩᠨᠡᠯᠲᠡ ᠳᠤ ᠰᠢᠭᠤᠳ ᠣᠷᠣᠯᠴᠠᠭᠤᠯᠬᠤ ᠪᠤᠶᠤ ᠣᠶᠢᠷ᠎ᠠ ᠬᠠᠪᠢ ᠳᠠᠭᠠᠨ | ᠠᠵᠢᠯ ᠬᠢᠯᠭᠡᠵᠦ᠂ ᠡᠷᠦᠬᠡ ᠪᠦᠷᠢ ᠶᠢᠨ ᠣᠷᠣᠯᠭ᠎ᠠ ᠨᠢ ᠳᠤᠮᠳᠠᠴᠢ ᠪᠠᠷ 3000 ᠲᠥᠭᠦᠷᠢᠭ ᠠᠴᠠ ᠳᠡᠭᠡᠭᠰᠢ ᠨᠡᠮᠡᠭᠳᠡᠭᠰᠡᠨ | ᠪᠠᠶᠢᠨ᠎ᠠ 》 ᠭᠡᠵᠡᠢ ᠃ | ᠶᠠᠩ ᠵᠢᠶᠠ ᠶᠢᠩᠽᠢ ᠶᠢᠨ ᠲᠦᠷᠭᠡᠨ ᠬᠥᠭᠵᠢᠯᠲᠡ ᠨᠢ ᠪᠡᠭᠡᠵᠢᠩ ᠥᠪᠥᠷ ᠮᠣᠩᠭᠤᠯ ᠤᠨ ᠤᠯᠠᠨ ᠠᠵᠤ ᠦᠢᠯᠡᠰ ᠤᠨ | ᠳᠡᠮᠵᠢᠯᠭᠡ ᠶᠢᠨ ᠬᠡᠯᠬᠢᠶ᠎ᠡ ᠶᠢᠨ ᠨᠢᠭᠡ ᠵᠢᠵᠢᠭᠬᠡᠨ ᠬᠤᠷᠢᠶᠠᠩᠭᠤᠢ ᠳᠦᠷᠰᠦ ᠲᠡᠳᠦᠢ ᠶᠤᠮ᠃ ᠬᠡᠳᠦᠨ ᠵᠢᠯ ᠤᠨ ᠲᠤᠷᠰᠢ᠂ | ᠪᠡᠭᠡᠵᠢᠩ ᠬᠤᠲᠠ ᠪᠣᠯᠣᠨ ᠥᠪᠥᠷ ᠮᠣᠩᠭᠤᠯ ᠣᠷᠣᠨ ᠦᠨᠡᠨ ᠬᠦ ᠬᠠᠪᠰᠤᠷᠤᠨ ᠲᠡᠳᠬᠦᠬᠦ ᠬᠠᠮᠵᠢᠯᠴᠠᠭ᠎ᠠ ᠳᠤᠮᠳᠠ ᠡᠯᠪᠡᠭ | ᠳᠡᠯᠪᠡᠭ ᠦᠷ᠎ᠡ ᠪᠦᠲᠦᠭᠡᠯ ᠣᠯᠵᠠᠢ ᠃ | ᠵᠠᠰᠠᠭ ᠠᠵᠤ ᠠᠬᠤᠶᠢᠯᠠᠯ ᠬᠦᠴᠦ ᠪᠠᠨ ᠬᠠᠮᠲᠤᠳᠬᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠬᠥᠲᠥᠯᠥᠨ ᠵᠢᠯᠤᠭᠤᠳᠴᠤ ᠲᠦᠷᠭᠡᠪᠴᠢᠯᠡᠨ ᠤᠷᠤᠭᠰᠢᠯᠠᠨ᠎ᠠ | ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭ᠎ᠠ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠤᠨ ᠴᠢᠬᠤᠯᠠ ᠬᠡᠰᠡᠭ ᠮᠥᠨ᠂ ᠥᠪᠥᠷ ᠮᠣᠩᠭᠤᠯ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭᠠᠨ ᠤ ᠰᠢᠨ᠎ᠡ | ᠵᠠᠭᠪᠤᠷ ᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ ᠂ ᠠᠵᠤ ᠠᠬᠤᠶᠢᠯᠠᠯ ᠤᠨ ᠬᠥᠭᠵᠢᠯᠲᠡ ᠳᠤ ᠪᠥᠬᠦ | ᠬᠦᠴᠦᠨ ᠢᠶᠠᠷ ᠢᠶᠠᠨ ᠦᠢᠯᠡᠴᠢᠯᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠪᠡᠯᠡ ᠮᠥᠩᠭᠦ᠂ ᠲᠣᠭᠲᠠᠴᠠ | ᠂ ᠴᠢᠳᠠᠪᠤᠷᠢᠲᠠᠨ ᠪᠠ ᠨᠡᠶᠢᠭᠡᠮ ᠤᠨ ᠡᠬᠢ ᠪᠠᠶᠠᠯᠢᠭ ᠵᠡᠷᠭᠡ ᠲᠠᠯ᠎ᠠ ᠪᠠᠷ ᠬᠢ ᠬᠥᠭᠵᠢᠯᠲᠡ ᠶᠢᠨ ᠬᠦᠴᠢᠷ ᠠᠰᠠᠭᠤᠳᠠᠯ ᠢ | ᠰᠢᠢᠳᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠲᠠᠷᠢᠶᠠᠯᠠᠩ ᠤᠨ ᠠᠵᠤ | ᠠᠬᠤᠶᠢᠯᠠᠯ ᠤᠨ ᠦᠷᠭᠦᠯᠵᠢᠯᠡᠨ ᠴᠢᠬᠤᠯᠠ ᠦᠢᠯᠡᠳᠦᠯ ᠪᠠᠳᠠᠷᠠᠭᠤᠯᠬᠤ ᠶᠢ ᠦᠨᠡᠨ ᠬᠦ ᠪᠠᠲᠤᠯᠠᠵᠤ ᠪᠠᠶᠢᠨ᠎ᠠ᠃ | ᠬᠠᠪᠤᠷ ᠴᠡᠴᠡᠭ ᠰᠣᠨᠢᠷᠬᠠᠵᠤ᠂ ᠵᠤᠨ ᠰᠡᠷᠢᠭᠦᠴᠡᠵᠦ᠂ ᠨᠠᠮᠤᠷ ᠲᠡᠭᠦᠵᠦ᠂ ᠡᠪᠦᠯ ᠮᠥᠰᠥ ᠴᠠᠰᠤᠨ ᠳᠤ ᠬᠤᠴᠢᠭᠳᠠᠨᠠ ᠁ | ᠠᠷᠪᠠᠨ ᠵᠢᠯ ᠤᠨ ᠲᠤᠷᠰᠢ᠂ ᠲᠦᠴᠢᠦᠸᠠᠨ ᠰᠢᠶᠠᠨ ᠤ ᠬᠢᠨ ᠪᠠᠶᠢᠭᠠᠯᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠪᠠᠶᠢᠭᠠᠯᠢ᠂ | ᠠᠭᠤᠷ ᠠᠮᠢᠰᠬᠤᠯ ᠵᠡᠷᠭᠡ ᠣᠨᠴᠠᠯᠢᠭ ᠢᠶᠠᠨ ᠠᠰᠢᠭᠯᠠᠵᠤ᠂ ᠲᠦᠴᠢᠦᠸᠠᠨ ᠤ ᠲᠠᠷᠢᠶᠠᠴᠢᠨ ᠵᠤᠭᠠᠴᠠᠭᠰᠠᠳ ᠢ | ᠠᠭᠤᠰᠤᠯᠴᠠᠭᠤᠯᠤᠨ ᠵᠤᠭᠠᠴᠠᠭᠤᠯᠬᠤ ︽ᠲᠦᠷᠪᠡᠨ ᠤᠯᠠᠷᠢᠯ ᠤᠨ ᠳᠠᠭᠤᠤ︾ ᠶᠢ ᠳᠠᠭᠤᠯᠠᠵᠤ᠂ ᠬᠥᠳᠡᠭᠡ ᠲᠣᠰᠬᠤᠨ ᠢ | ᠴᠡᠴᠡᠷᠯᠢᠭ᠂ ᠪᠦᠲᠦᠭᠡᠭᠳᠡᠬᠦᠨ ᠢ ᠲᠠᠸᠠᠷ᠂ ᠭᠠᠷᠤᠯᠲᠠ ᠶᠢᠨ ᠣᠷᠣᠨ ᠢ ᠦᠵᠡᠮᠵᠢ ᠶᠢᠨ ᠣᠷᠣᠨ ᠪᠣᠯᠭᠠᠨ ᠬᠤᠪᠢᠷᠠᠭᠤᠯᠵᠤ᠂ | ᠲᠠᠷᠢᠶᠠᠴᠢᠨ ᠵᠤᠭᠠᠴᠠᠭᠰᠠᠳ ᠢ ᠠᠭᠤᠰᠤᠯᠴᠠᠭᠤᠯᠤᠨ ᠬᠥᠭᠵᠢᠭᠦᠯᠦᠭᠰᠡᠨ ᠰᠢᠨ᠎ᠡ ᠬᠠᠭᠤᠳᠠᠰᠤ ᠶᠢ ᠵᠢᠷᠤᠭᠯᠠᠵᠠᠢ᠃ | ᠲᠦᠴᠢᠦᠸᠠᠨ ᠰᠢᠶᠠᠨ ᠤ ᠱᠤ᠋ ᠭᠤᠸᠠᠩ ᠤᠳᠤ ᠦᠶ᠎ᠡ ᠶᠢᠨ ᠲᠠᠷᠢᠶᠠᠯᠠᠩ ᠤᠨ ᠣᠷᠴᠢᠯ ᠠᠵᠤ ᠠᠬᠤᠢ ᠶᠢᠨ | ᠬᠦᠷᠢᠶᠡᠯᠡᠩ ᠪᠣᠯ ᠪᠡᠭᠡᠵᠢᠩ ᠬᠤᠳᠠ ᠶᠢᠨ ᠹᠠᠩᠱᠠᠨ ᠲᠣᠭᠤᠷᠢᠭ ᠪᠣᠯᠣᠨ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ | ᠬᠠᠮᠲᠤ ᠪᠠᠷ ᠪᠠᠶᠢᠭᠤᠯᠤᠭᠰᠠᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠥᠯᠥᠭᠡᠯᠡᠭᠴᠢ ᠶᠢᠨ ᠨᠢᠭᠡ ᠪᠣᠯᠣᠨ᠎ᠠ᠂ | ᠪᠠᠶᠢᠭᠤᠯᠤᠭᠰᠠᠨ ᠲᠠᠯᠠᠪᠠᠢ ᠨᠢ 1.5 ᠲᠦᠮᠡᠨ ᠮᠦ ᠳᠤ ᠬᠦᠷᠴᠦ᠂ ᠡᠮᠦᠨᠡᠲᠦ ᠬᠡᠰᠡᠭ ᠤᠨ ᠲᠠᠷᠢᠮᠠᠯ ᠤᠨ ᠲᠣᠭᠤᠷᠢᠭ᠂ ᠳᠤᠮᠳᠠ | ᠬᠡᠰᠡᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ ᠪᠣᠯᠣᠨ ᠬᠤᠶᠢᠲᠤ ᠬᠡᠰᠡᠭ ᠤᠨ ᠲᠡᠵᠢᠭᠡᠨ ᠦᠷᠡᠵᠢᠭᠦᠯᠬᠦ | ᠲᠣᠭᠤᠷᠢᠭ ᠢ ᠪᠦᠷᠢᠯᠳᠦᠭᠦᠯᠵᠦ᠂ 32 ᠠᠵᠤ ᠠᠬᠤᠶᠢᠯᠠᠯ ᠵᠢᠴᠢ ᠬᠤᠷᠰᠢᠶ᠎ᠠ ᠳᠤ ᠰᠠᠭᠤᠷᠢᠰᠢᠪᠠ᠃ ᠲᠦᠴᠢᠦᠸᠠᠨ ᠰᠢᠶᠠᠨ ︽ | ᠵᠠᠰᠠᠭ ᠤᠨ ᠣᠷᠳᠣᠨ ᠠᠴᠠ ᠭᠤᠣᠯᠯᠠᠨ ᠤᠳᠤᠷᠢᠳᠬᠤ + ᠠᠵᠤ ᠠᠬᠤᠶᠢᠯᠠᠯ ᠤᠨ ᠡᠵᠡᠩᠨᠡᠯᠲᠡ + ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ︾ ᠶᠢᠨ ᠵᠠᠭᠪᠤᠷ ᠢ ᠬᠡᠷᠡᠭᠯᠡᠵᠦ᠂ ᠵᠠᠰᠠᠭ ᠤᠨ ᠣᠷᠳᠣᠨ ᠠᠴᠠ ᠠᠵᠤ ᠠᠬᠤᠶᠢᠯᠠᠯ ᠳᠤ ᠭᠠᠵᠠᠷ | ᠰᠢᠷᠣᠢ ᠬᠤᠳᠠᠯᠳᠤᠨ ᠠᠪᠴᠤ ᠨᠥᠭᠡᠴᠡᠯᠡᠬᠦ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠵᠠᠮ ᠵᠡᠷᠭᠡ ᠰᠠᠭᠤᠷᠢ | ᠲᠥᠬᠦᠭᠡᠷᠦᠮᠵᠢ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠬᠠᠮᠵᠢᠯᠴᠠᠬᠤ ᠪᠡᠯᠡ ᠮᠥᠩᠭᠦ ᠶᠢ ᠠᠰᠢᠭᠯᠠᠨ ᠠᠵᠤ ᠠᠬᠤᠶᠢᠯᠠᠯ ᠲᠠᠢ | ᠬᠠᠮᠵᠢᠯᠴᠠᠬᠤ ᠲᠦᠷᠦᠯ ᠵᠦᠢᠯ ᠢ ᠬᠠᠮᠲᠤᠪᠠᠷ ᠬᠡᠷᠡᠭᠵᠢᠭᠦᠯᠪᠡ᠃ | ᠣᠲᠣ ᠪᠣᠯᠲᠠᠯ᠎ᠠ᠂ ᠨᠡᠶᠢᠲᠡ 28 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ ᠂ | ᠡᠭᠦᠨ ᠳᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ 7627 ᠲᠦᠮᠡᠨ ᠲᠥᠭᠦᠷᠢᠭ ᠪᠠᠶᠢᠨ᠎ᠠ᠃ | 20000 ᠭᠠᠷᠤᠢ ᠲᠠᠷᠢᠶᠠᠴᠢᠨ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ ᠂ ᠬᠦᠷᠢᠶᠡᠯᠡᠩ ᠲᠣᠭᠤᠷᠢᠭ ᠲᠤ | ᠨᠡᠶᠢᠲᠡ 800 ᠭᠠᠷᠤᠢ ᠬᠥᠯᠥᠰᠦᠨ ᠠᠵᠢᠯᠴᠢᠨ ᠣᠷᠳᠣ ᠬᠤᠭᠤᠴᠠᠭ᠎ᠠ ᠪᠠᠷ ᠠᠵᠢᠯᠯᠠᠵᠤ ᠂ ᠬᠥᠮᠥᠨ ᠳᠤᠮᠳᠠᠴᠢ ᠶᠢᠨ | ᠵᠢᠯ ᠤᠨ ᠣᠷᠣᠯᠭ᠎ᠠ ᠨᠢ 3.6 ᠲᠦᠮᠡᠨ ᠲᠥᠭᠦᠷᠢᠭ ᠲᠤ ᠬᠦᠷᠴᠡᠢ ᠃ | ᠣᠶᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠤ ᠬᠢᠨ ᠲᠦᠷᠦ ᠶᠢᠨ ᠪᠣᠳᠣᠯᠭ᠎ᠠ ᠶᠢᠨ ᠲᠣᠭᠲᠠᠴᠠ ᠶᠢᠨ | ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠤᠳᠤ ᠦᠶ᠎ᠡ ᠶᠢᠨ ᠲᠠᠷᠢᠶᠠᠯᠠᠩ ᠢᠶᠠᠷ ᠰᠠᠭᠤᠷᠢ ᠪᠣᠯᠭᠠᠭᠰᠠᠨ᠂ ᠠᠵᠤ | ᠦᠢᠯᠡᠳᠪᠦᠷᠢ ᠶᠢᠨ ᠬᠥᠭᠵᠢᠯᠲᠡ ᠪᠠᠷ ᠲᠤᠯᠭᠠᠭᠤᠷᠢᠯᠠᠯ ᠪᠣᠯᠭᠠᠭᠰᠠᠨ᠂ ᠣᠨᠴᠠᠯᠢᠭᠲᠤ ᠵᠤᠭᠠᠴᠠᠯ ᠤᠨ ᠦᠢᠯᠡᠰ ᠢᠶᠠᠷ ᠵᠢᠭᠦᠷ | ᠪᠣᠯᠭᠠᠭᠰᠠᠨ ᠭᠤᠷᠪᠠᠨ ᠠᠵᠤ ᠦᠢᠯᠡᠰ ᠤᠨ ᠠᠭᠤᠰᠤᠯᠴᠠᠨ ᠬᠥᠭᠵᠢᠬᠦ ᠰᠢᠨ᠎ᠡ ᠬᠠᠭᠤᠳᠠᠰᠤ ᠶᠢ ᠪᠦᠬᠦ ᠬᠦᠴᠦᠨ ᠢᠶᠠᠷ ᠢᠶᠠᠨ | ᠴᠣᠭᠴᠠᠯᠠᠪᠠ᠃ | |