︽ᠪᠡᠭᠡᠵᠢᠩ︾ ᠴᠢᠩ ᠰᠡᠳᠬᠢᠯ ᠠᠴᠠ ᠪᠠᠨ ︽ᠤᠯᠠᠭᠠᠨᠬᠠᠳᠠ︾ ᠶᠢ ᠦᠷᠭᠦᠯᠵᠢᠯᠡᠨ ᠳᠡᠮᠵᠢᠵᠦ ︽ᠬᠤᠶᠠᠷ ᠲᠠᠪᠴᠠᠩ ︾ ᠢ ᠬᠠᠮᠲᠤᠪᠠᠷ ᠪᠠᠶᠢᠭᠤᠯᠵᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠡᠭᠡᠵᠢᠩ ᠳᠤ ᠣᠷᠣᠭᠤᠯᠵᠤ ᠣᠷᠣᠯᠭ᠎ᠠ ᠶᠢ ᠨᠢ ᠨᠡᠮᠡᠭᠳᠡᠭᠦᠯᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2022/11/30
      ᠪᠡᠭᠡᠵᠢᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠢᠳᠡᠪᠬᠢᠲᠡᠢ ᠠᠬᠢᠭᠤᠯᠤᠯ ᠳᠣᠣᠷ᠎ᠠ᠂ ᠡᠭᠦᠷᠭᠡ ᠴᠢᠳᠠᠪᠬᠢᠲᠤ ᠰᠠᠯᠠᠭ᠎ᠠ ᠮᠥᠴᠢᠷ ᠢᠳᠡᠪᠬᠢᠲᠡᠢ ᠠᠵᠢᠯᠯᠠᠵᠤ᠂ ᠬᠠᠮᠢᠶ᠎ᠠ ᠪᠦᠬᠦᠢ ᠪᠠᠶᠢᠭᠤᠯᠤᠯᠭ᠎ᠠ ᠰᠠᠨᠠᠭᠠᠴᠢᠯᠠᠭ᠎ᠠ ᠠᠴᠠ ᠪᠠᠨ ᠵᠣᠯᠭᠠᠯᠴᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠬᠠᠷᠢᠭᠤᠴᠠᠯᠭ᠎ᠠ ᠪᠠᠨ ᠭᠦᠢᠴᠡᠳ ᠡᠭᠦᠷᠭᠡᠯᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠦᠷᠭᠡᠨ ᠲᠡᠷᠭᠡᠨ ᠳᠤ ᠰᠠᠭᠤᠵᠤ ᠰᠠᠶᠢᠨ ᠴᠢᠮᠡᠭᠡ ᠳᠠᠮᠵᠢᠭᠤᠯᠵᠤ᠂ ᠪᠡᠭᠡᠵᠢᠩ ᠤᠯᠠᠭᠠᠨᠬᠠᠳᠠ ᠬᠤᠶᠠᠷ ᠭᠠᠵᠠᠷ ᠤᠨ ᠬᠠᠮᠲᠤᠪᠠᠷ ᠪᠠᠶᠢᠭᠤᠯᠤᠭᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠣᠭᠤᠭᠠᠨ ᠥᠩᠭᠡ ᠶᠢ ᠨᠡᠪᠲᠡᠷᠡᠭᠦᠯᠬᠦ ᠲᠠᠪᠴᠠᠩ ᠪᠣᠯᠣᠨ ᠬᠢᠵᠢᠭ ᠪᠠᠶᠢᠴᠠᠭᠠᠵᠤ ᠪᠠᠶᠢᠴᠠᠭᠠᠨ ᠬᠡᠮᠵᠢᠬᠦ ᠲᠠᠪᠴᠠᠩ ︵ᠳᠣᠷᠣᠭᠰᠢ ︽ᠬᠤᠶᠠᠷ ᠲᠠᠪᠴᠠᠩ︾ ᠭᠡᠵᠦ ᠳᠥᠭᠦᠮᠴᠢᠯᠡᠨ᠎ᠡ︶  ᠱᠠᠲᠤᠴᠢ ᠴᠢᠨᠠᠷᠲᠠᠢ ᠦᠷ᠎ᠡ ᠪᠦᠲᠦᠭᠡᠯ ᠣᠯᠪᠠ᠃ ᠡᠨᠡ ᠪᠣᠯ ᠪᠡᠭᠡᠵᠢᠩ ᠬᠤᠲᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠳᠠᠪᠬᠤᠷᠭ᠎ᠠ ᠶᠢᠨ ᠬᠠᠷᠢᠯᠴᠠᠨ ᠠᠶᠢᠯᠴᠢᠯᠠᠬᠤ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠠᠮᠢᠳᠤᠯᠢᠭ ᠦᠢᠯᠡᠳᠦᠯᠭᠡ ᠪᠠᠶᠢᠵᠤ  ᠂ ᠤᠯᠠᠭᠠᠨᠬᠠᠳᠠ ᠶᠢᠨ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠵᠤ ᠪᠣᠷᠣᠯᠠᠭᠤᠯᠬᠤ ᠠᠷᠭ᠎ᠠ ᠵᠠᠮ ᠢ ᠥᠷᠭᠡᠳᠬᠡᠬᠦ ᠳᠤ ᠪᠠᠲᠤ ᠪᠠᠬᠢ ᠰᠠᠭᠤᠷᠢ ᠲᠠᠯᠪᠢᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ ᠶᠢ ᠠᠬᠢᠭᠤᠯᠵᠤ  ᠂ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠵᠤ ᠪᠠᠶᠢᠭ᠎ᠠ ᠶᠠᠪᠤᠳᠠᠯ ᠪᠣᠯᠣᠨ᠎ᠠ  ᠃ ᠡᠭᠦᠨ ᠤ ᠬᠠᠮᠲᠤ᠂ ᠪᠡᠭᠡᠵᠢᠩ ᠤᠯᠠᠭᠠᠨᠬᠠᠳᠠ ᠬᠤᠶᠠᠷ ᠲᠠᠯ᠎ᠠ ᠪᠠᠷ ᠢᠶᠠᠨ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠶᠢ ᠬᠠᠮᠲᠤᠷᠠᠨ ᠪᠠᠶᠢᠭᠤᠯᠬᠤ᠂ ᠢᠳᠡᠰᠢᠨ ᠨᠣᠭᠤᠭ᠎ᠠ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢ ᠪᠠᠶᠢᠭᠤᠯᠬᠤ ᠵᠡᠷᠭᠡ ᠤᠯᠠᠨ ᠬᠦᠷᠢᠶᠡᠨ ᠳᠤ ᠬᠠᠮ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠵᠤ᠂ ᠬᠤᠶᠠᠷ ᠭᠠᠵᠠᠷ ᠤᠨ ᠬᠠᠮᠲᠤᠷᠠᠯᠴᠠᠭ᠎ᠠ ᠶᠢᠨ ᠨᠡᠩ ᠭᠦᠨ ᠳᠠᠪᠬᠤᠷᠭ᠎ᠠ᠂ ᠨᠡᠩ ᠥᠷᠭᠡᠨ ᠬᠦᠷᠢᠶ᠎ᠡ ᠲᠡᠰᠢ ᠬᠥᠭᠵᠢᠬᠦ ᠶᠢ ᠠᠬᠢᠭᠤᠯᠪᠠ᠃      ᠥᠨᠳᠥᠷ ᠪᠠᠶᠢᠷᠢᠨ ᠳᠤ ᠠᠬᠢᠭᠤᠯᠵᠤ  ᠂ ᠬᠠᠮᠲᠤ ᠪᠠᠷ ᠠᠰᠢᠭ ᠭᠥᠷᠳᠡᠬᠦ ᠰᠢᠨ᠎ᠡ ᠲᠠᠪᠴᠠᠩ ᠢ ᠪᠠᠶᠢᠭᠤᠯᠤᠨ᠎ᠠ      ᠨᠢᠭᠡ ᠨᠢ ᠠᠵᠤ ᠠᠬᠤᠢ ᠴᠡᠴᠡᠭᠯᠡᠨ ᠬᠥᠭᠵᠢᠭᠰᠡᠨ ᠨᠡᠶᠢᠰᠯᠡᠯ ᠪᠡᠭᠡᠵᠢᠩ ᠪᠣᠯᠣᠨ᠎ᠠ᠂ ᠮᠤᠨᠳᠠᠭ ᠶᠡᠭᠡ ᠬᠡᠷᠡᠭᠯᠡᠭᠡᠨ ᠤ ᠵᠠᠬ᠎ᠠ ᠳᠡᠯᠭᠡᠭᠦᠷ ᠲᠠᠢ; ᠨᠢᠭᠡ ᠨᠢ ᠡᠳ᠋ ᠭᠠᠷᠤᠯᠲᠠ ᠪᠠᠷ ᠡᠯᠪᠡᠭ ᠤᠯᠠᠭᠠᠨᠬᠠᠳᠠ ᠳᠤ  ᠂ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠬᠢ ᠪᠠᠶᠠᠯᠢᠭ ᠡᠯᠪᠡᠭ ᠳᠡᠯᠪᠡᠭ ᠪᠠᠶᠢᠳᠠᠭ᠃ ᠦᠢᠯᠡᠳᠪᠦᠷᠢᠯᠡᠯ ᠪᠣᠷᠤᠯᠠᠭᠤᠯᠭ᠎ᠠ ᠶᠢ ᠤᠨᠢᠨ ᠳᠡᠭᠡᠷ᠎ᠡ ᠨᠢ ᠵᠣᠯᠭᠠᠭᠤᠯᠬᠤ ᠶᠢ ᠪᠡᠶᠡᠯᠡᠭᠦᠯᠵᠦ᠂ ᠳᠤᠮᠳᠠᠬᠢ ᠭᠦᠢᠯᠭᠡᠭᠡᠨ ᠤ ᠭᠤᠭᠴᠤᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ ︽ᠬᠠᠮᠤᠭ ᠤᠨ ᠰᠡᠭᠦᠯᠴᠢ ᠶᠢᠨ ᠨᠢᠭᠡ ᠺᠢᠯᠣᠮᠧᠲᠷ ︾  ᠢ ᠨᠡᠪᠲᠡᠷᠡᠭᠦᠯᠬᠦ ᠶᠢᠨ ᠲᠥᠯᠥᠭᠡ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠣᠭᠲᠠᠴᠠ ᠶᠢᠨ ᠳᠣᠣᠷ᠎ᠠ᠂︽ᠬᠤᠶᠠᠷ ᠲᠠᠪᠴᠠᠩ︾  ᠤᠨ ᠪᠠᠶᠢᠭᠤᠯᠤᠯᠲᠠ ᠪᠠᠶᠢᠳᠠᠯ ᠢ ᠦᠨᠳᠦᠰᠦᠯᠡᠨ ᠪᠤᠢ ᠪᠣᠯᠪᠠ᠃      ᠪᠡᠭᠡᠵᠢᠩ ᠬᠤᠳᠠ ᠶᠢᠨ ᠭᠤᠣᠯ ᠤᠳᠤᠷᠢᠳᠤᠯᠭ᠎ᠠ ︽ᠬᠤᠶᠠᠷ ᠲᠠᠪᠴᠠᠩ︾  ᠤᠨ ᠪᠠᠶᠢᠭᠤᠯᠤᠯᠲᠠ ᠳᠤ ᠴᠢᠬᠤᠯᠠ ᠴᠣᠬᠤᠯᠠᠪᠤᠷᠢ ᠥᠭᠴᠦ᠂ ᠪᠡᠭᠡᠵᠢᠩ ᠬᠤᠳᠠ ᠶᠢᠨ ᠳᠡᠮᠵᠢᠯᠭᠡ ᠦᠵᠡᠭᠦᠯᠬᠦ ᠬᠠᠮᠲᠤᠷᠠᠯᠴᠠᠭᠠᠨ ᠤ ᠠᠯᠪᠠᠨ ᠭᠡᠷ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠣᠪᠴᠢᠶ᠎ᠠ ᠵᠡᠷᠭᠡ ᠭᠤᠣᠯᠯᠠᠨ ᠬᠠᠮᠢᠶᠠᠷᠬᠤ ᠡᠭᠦᠷᠭᠡ ᠴᠢᠳᠠᠪᠬᠢᠲᠤ ᠰᠠᠯᠠᠭ᠎ᠠ ᠮᠥᠴᠢᠷ ᠢᠳᠡᠪᠬᠢᠲᠡᠢ ᠠᠵᠢᠯᠯᠠᠵᠤ᠂ ᠪᠧᠢ ᠼᠠᠢ ᠪᠦᠯᠦᠭᠯᠡᠯ ᠵᠡᠷᠭᠡ ᠠᠵᠤ ᠠᠬᠤᠶᠢᠯᠠᠯ ᠨᠡᠶᠢᠭᠡᠮ ᠤᠨ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ︽ᠬᠤᠶᠠᠷ ᠲᠠᠪᠴᠠᠩ︾  ᠤᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠪᠠ᠃ ᠡᠨᠡ ᠨᠢ ᠤᠯᠠᠭᠠᠨᠬᠠᠳᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠰᠢᠨ᠎ᠡ ᠬᠥᠳᠡᠯᠭᠡᠭᠦ ᠬᠦᠴᠦᠨ ᠨᠡᠮᠡᠷᠢᠯᠡᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ  ᠂ ᠪᠡᠭᠡᠵᠢᠩ ᠬᠤᠲᠠ  ᠂ ᠤᠯᠠᠭᠠᠨᠬᠠᠳᠠ ᠬᠤᠲᠠ ᠶᠢᠨ ᠤᠳᠤᠷᠢᠳᠤᠯᠭ᠎ᠠ ᠶᠢᠨ 《 ᠬᠤᠶᠠᠷ ᠲᠠᠪᠴᠠᠩ 》 ᠢ ᠬᠠᠮᠲᠤ ᠪᠠᠷ ᠪᠠᠶᠢᠭᠤᠯᠬᠤ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠱᠠᠭᠠᠷᠳᠠᠯᠭ᠎ᠠ ᠶᠣᠰᠣᠭᠠᠷ  ᠂ ᠤᠯᠠᠭᠠᠨᠬᠠᠳᠠ ᠬᠤᠲᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠡᠶ᠎ᠡ ᠪᠠᠷ ᠢᠶᠠᠨ ᠪᠠᠶᠢᠷᠢᠯᠠᠭᠤᠯᠵᠤ  ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ  ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ  ᠂ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ  ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠮᠲᠤ ᠶᠢᠨ ᠲᠣᠭᠲᠠᠮᠠᠯ ᠬᠤᠷᠠᠯ ᠳᠤ ᠬᠤᠶᠠᠷ ᠲᠠᠪᠴᠠᠩ ᠤᠨ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠵᠤ  ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ ᠶᠢᠨ ᠪᠦᠲᠦᠮᠵᠢᠲᠡᠶ ᠵᠣᠯᠭᠠᠯᠳᠤᠯ ᠢ ᠰᠢᠢᠳᠪᠦᠷᠢᠯᠡᠵᠦ  ᠂ ᠰᠢᠢᠳᠪᠦᠷᠢᠯᠡᠬᠦ ᠠᠭᠤᠯᠭ᠎ᠠ ᠶᠢ ᠲᠣᠭᠲᠠᠭᠠᠪᠠ  ᠃      《 ᠬᠤᠶᠠᠷ ᠲᠠᠪᠴᠠᠩ 》 ᠨᠢ 《 ᠨᠢᠭᠡ ᠨᠢᠰᠢᠩᠭᠦ  ᠶᠢᠨ ᠬᠤᠶᠠᠷ ᠦᠵᠦᠭᠦᠷ ᠲᠤ ᠰᠢᠬᠢᠷᠯᠢᠭ 》 ᠪᠣᠯᠬᠤ ᠦᠷ᠎ᠡ ᠳ᠋ᠦᠩ  ᠢ ᠠᠪᠴᠢᠷᠠᠵᠤ  ᠂ ᠦᠢᠯᠡᠳᠬᠦᠨ ᠤ ᠦᠢᠯᠡᠳᠪᠦᠷᠢᠯᠡᠭᠴᠢ ᠪᠣᠯᠣᠨ ᠬᠡᠷᠡᠭᠯᠡᠭᠴᠢᠳ ᠲᠤ ᠴᠥᠮ ᠠᠰᠢᠭ ᠬᠦᠷᠲᠡᠭᠡᠬᠦ ᠪᠣᠯᠣᠨ᠎ᠠ  ᠃ ᠨᠢᠭᠡ ᠲᠠᠯ᠎ᠠ ᠪᠠᠷ ᠤᠯᠠᠭᠠᠨᠬᠠᠳᠠ ᠶᠢᠨ ᠨᠡᠩ ᠤᠯᠠᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠤᠨ ᠲᠣᠮᠣ ᠵᠠᠬ᠎ᠠ ᠳᠡᠯᠭᠡᠭᠦᠷ ᠲᠤ ᠰᠢᠭᠤᠳ ᠬᠦᠷᠭᠡᠵᠦ᠂ ᠨᠡᠶᠢᠰᠯᠡᠯ ᠤᠨ ᠬᠤᠳᠠ ᠶᠢᠨ ᠠᠷᠠᠳ ᠡᠳ᠋ ᠨᠢ ᠰᠠᠶᠢᠨ ᠦᠨ᠎ᠡ ᠨᠢ ᠬᠢᠮᠳᠠ ᠲᠠᠯ᠎ᠠ ᠨᠤᠲᠤᠭ ᠤᠨ ᠣᠨᠴᠠ ᠭᠠᠷᠤᠯᠲᠠ ᠶᠢ ᠢᠳᠡᠵᠦ᠂ ᠨᠦᠬᠦᠬᠡ ᠲᠠᠯ᠎ᠠ ᠪᠠᠷ ᠵᠠᠪᠰᠠᠷ ᠤᠨ ᠬᠤᠳᠠᠯᠳᠤᠭᠠᠴᠢᠨ ᠤ ᠣᠯᠬᠤ ᠠᠰᠢᠭ ᠬᠤᠨᠵᠢᠪᠤᠷᠢ ᠶᠢ ᠪᠠᠭᠠᠰᠬᠠᠵᠤ᠂ ᠥᠷᠭᠡᠨ ᠤᠯᠠᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠵᠡᠢ᠃      ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠭᠠᠷ ᠬᠤᠯᠪᠣᠯᠴᠠᠨ ᠰᠢᠨ᠎ᠡ ᠵᠢᠷᠤᠭ ᠲᠥᠰᠥᠪ ᠢ ᠬᠠᠮᠲᠤᠪᠠᠷ ᠵᠢᠷᠤᠭᠯᠠᠰᠤᠭᠠᠢ      ᠨᠡᠶᠢᠰᠯᠡᠯ ᠲᠠᠢ ᠬᠥᠷᠰᠢᠯᠡᠵᠦ᠂ ᠤᠯᠠᠭᠠᠨᠬᠠᠳᠠ ᠨᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠳᠤᠮᠳᠠ ᠤᠰᠤᠨ ᠠᠴᠠ ᠣᠶᠢᠷᠠᠯᠴᠠᠭ᠎ᠠ ᠠᠰᠠᠷ ᠲᠠᠭᠲᠤ ᠶᠢᠨ ᠭᠠᠵᠠᠷ ᠤᠨ ᠠᠰᠢᠭ ᠤᠨ ᠳᠠᠪᠠᠭᠤᠯᠢᠭ ᠲᠠᠢ᠃ ᠣᠳᠣᠬᠠᠨ ᠳᠤ᠂ ᠪᠡᠭᠡᠵᠢᠩ ᠤᠨ ᠪᠦᠬᠦ ᠬᠦᠴᠦᠨ ᠤ ᠳᠡᠮᠵᠢᠯᠭᠡ ᠳᠣᠣᠷ᠎ᠠ᠂ ᠤᠯᠠᠭᠠᠨᠬᠠᠳᠠ ᠶᠢᠨ ᠣᠷᠣᠨ ᠪᠠᠶᠢᠷᠢ ᠶᠢᠨ ᠳᠠᠪᠠᠭᠤᠯᠢᠭ ᠨᠢ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠳᠠᠪᠤᠷᠢ ᠣᠯᠭᠤᠵᠤ ᠪᠠᠶᠢᠨ᠎ᠠ᠃      ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠥᠷᠨᠢᠬᠦ ᠶᠢ ᠳᠠᠭᠠᠯᠳᠤᠨ᠂ ᠤᠯᠠᠭᠠᠨᠬᠠᠳᠠ ᠶᠢᠨ ᠨᠡᠶᠢᠭᠡᠮ ᠤᠨ ᠦᠢᠯᠡᠰ ᠬᠥᠭᠵᠢᠯᠲᠡ ᠶᠢᠨ ᠠᠵᠠ ᠲᠣᠬᠢᠶᠠᠯ ᠢ ᠤᠭᠲᠤᠨ ᠠᠪᠴᠢᠷᠠᠪᠠ᠃ ᠪᠡᠭᠡᠵᠢᠩ ᠤᠯᠠᠭᠠᠨᠬᠠᠳᠠ ᠬᠤᠶᠠᠷ ᠭᠠᠵᠠᠷ ︽ᠬᠤᠶᠠᠷ ᠲᠠᠪᠴᠠᠩ︾  ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠬᠠᠮᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠶᠢ ᠬᠠᠮᠲᠤᠷᠠᠨ ᠪᠠᠶᠢᠭᠤᠯᠬᠤ᠂ FUDI ᠬᠥᠮᠥᠷᠭᠡ ᠶᠢᠨ ᠭᠡᠰᠢᠭᠦᠨ ᠤ ᠳᠡᠯᠭᠡᠭᠦᠷ ᠤᠨ ᠤᠯᠠᠭᠠᠨᠬᠠᠳᠠ ᠶᠢᠨ ᠬᠤᠪᠢᠶᠠᠷᠢ ᠳᠡᠯᠭᠡᠭᠦᠷ ᠢ ᠬᠥᠭᠵᠢᠭᠦᠯᠬᠦ᠂ ᠤᠮᠠᠷᠠᠲᠤ ᠶᠢᠨ ᠢᠳᠡᠰᠢᠨ ᠨᠣᠭᠤᠭ᠎ᠠ ᠶᠢᠨ ᠨᠢᠭᠡᠳᠦᠭᠡᠷ ᠳᠡᠰ ᠤᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢ ᠭᠥᠯᠢᠶᠡᠨ ᠠᠪᠴᠤ ᠪᠦᠲᠦᠭᠡᠨ ᠪᠠᠶᠢᠭᠤᠯᠬᠤ ᠵᠡᠷᠭᠡ ᠬᠦᠷᠢᠶᠡᠨ ᠳᠤ ᠤᠯᠠᠨ ᠵᠦᠢᠯ ᠤᠨ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠵᠠᠢ᠃ ᠪᠡᠭᠡᠵᠢᠩ ᠬᠤᠳᠠ ᠶᠢᠨ ᠳᠡᠮᠵᠢᠯᠭᠡ ᠦᠵᠡᠭᠦᠯᠬᠦ ᠬᠠᠮᠲᠤᠷᠠᠯᠴᠠᠭᠠᠨ ᠤ ᠠᠯᠪᠠᠨ ᠭᠡᠷ ᠬᠤᠶᠠᠷ ᠭᠠᠵᠠᠷ ᠤᠨ ᠰᠠᠯᠠᠭ᠎ᠠ ᠮᠥᠴᠢᠷ ᠤᠨ ᠬᠤᠭᠤᠷᠣᠨᠳᠤ ᠪᠠᠨ ᠵᠣᠯᠭᠠᠭᠤᠯᠬᠤ ᠳᠤ ᠢᠳᠡᠪᠬᠢᠲᠡᠢ ᠪᠠᠷ ᠨᠥᠬᠦᠴᠡᠯ ᠪᠦᠷᠢᠯᠳᠦᠭᠦᠯᠵᠦ ᠥᠭᠬᠦ ᠶᠢᠨ ᠬᠠᠮᠲᠤ ᠰᠢᠨ᠎ᠡ ᠶᠢ ᠡᠭᠦᠳᠬᠦ ᠪᠦᠯᠦᠭᠯᠡᠯ ᠤᠨ ᠬᠠᠷᠢᠶᠠᠨ ᠳᠠᠬᠢ ᠯᠢᠦ ᠾᠧ ᠰᠠᠭᠤᠷᠢ ᠮᠥᠩᠭᠦᠨ ᠤ ᠺᠣᠮᠫᠠᠨᠢ ᠪᠣᠯᠣᠨ ᠤᠯᠠᠭᠠᠨᠬᠠᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠶᠢ ᠬᠠᠮᠲᠤᠷᠠᠨ ᠪᠠᠶᠢᠭᠤᠯᠬᠤ ᠶᠠᠪᠤᠳᠠᠯ ᠢ ᠠᠬᠢᠭᠤᠯᠪᠠ︔ ᠪᠡᠭᠡᠵᠢᠩ ᠬᠤᠳᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠢᠳᠡᠪᠬᠢᠲᠡᠢ ᠬᠥᠳᠡᠯᠦᠯᠴᠡᠵᠦ᠂ ᠣᠶᠢᠷ᠎ᠠ ᠶᠢᠨ ᠬᠤᠭᠤᠴᠠᠭᠠᠨ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠯᠠᠭᠠᠨᠬᠠᠳᠠ ᠳᠤ ᠢᠷᠡᠵᠤ ᠵᠣᠯᠭᠠᠭᠤᠯᠬᠤ᠂ ᠡᠮ ᠡᠮᠨᠡᠯᠭᠡ ᠶᠢᠨ ᠡᠳ᠋ ᠪᠣᠳᠠᠰ ᠬᠠᠨᠳᠢᠪᠯᠡᠬᠤ᠂ ᠶᠠᠳᠠᠭᠤ ᠬᠦᠴᠢᠷᠳᠡᠯᠲᠡᠢ ᠰᠤᠷᠤᠭᠴᠢᠳ ᠲᠤ ᠪᠡᠯᠡ ᠮᠥᠩᠭᠦ ᠬᠠᠨᠳᠢᠪᠯᠡᠬᠤ᠂ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠳᠤ ᠪᠡᠯᠡ ᠮᠥᠩᠭᠦ ᠬᠠᠨᠳᠢᠪᠯᠡᠬᠤ ᠶᠢ ᠵᠣᠬᠢᠶᠠᠨ ᠪᠠᠶᠢᠭᠤᠯᠵᠤ᠂ ᠨᠢᠭᠡ ᠪᠦᠯᠦᠭ ᠲᠦᠷᠦᠯ ᠵᠦᠢᠯ ᠤᠨ ᠭᠡᠷ᠎ᠡ ᠤᠯᠠᠭᠠᠨᠬᠠᠳᠠ᠂ ᠪᠡᠭᠡᠵᠢᠩ ᠬᠤᠳᠠ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠲᠤᠰᠠᠯᠠᠨ ᠡᠭᠦᠷᠭᠡ ᠬᠠᠷᠢᠭᠤᠴᠠᠯᠭ᠎ᠠ ᠶᠢ ᠨᠢ ᠱᠧᠦ ᠨᠦᠩ ᠪᠦᠯᠦᠭᠯᠡᠯ ᠤᠨ ᠬᠢᠨ ᠬᠤᠰᠢᠭᠤᠨ ᠳᠣᠣᠷᠠᠬᠢ ᠠᠵᠤ ᠠᠬᠤᠶᠢᠯᠠᠯ ᠢᠶᠠᠨ ᠲᠠᠶᠢᠴᠢᠯᠠᠨ ᠪᠦᠯᠬᠦᠮ ᠵᠣᠬᠢᠶᠠᠨ ᠪᠠᠶᠢᠭᠤᠯᠵᠤ ᠤᠯᠠᠭᠠᠨᠬᠠᠳᠠ ᠳᠤ ᠢᠷᠡᠵᠤ ᠲᠠᠷᠢᠶᠠᠯᠠᠩ ᠤᠨ ᠪᠦᠲᠦᠭᠡᠭᠳᠡᠬᠦᠨ ᠤ ᠪᠡᠭᠡᠵᠢᠩ ᠳᠤ ᠣᠷᠣᠬᠤ ᠶᠠᠪᠤᠳᠠᠯ ᠢ ᠵᠣᠯᠭᠠᠭᠤᠯᠵᠠᠢ᠃ ᠤᠮᠠᠷᠠᠲᠤ ᠶᠢᠨ ᠢᠳᠡᠰᠢᠨ ᠨᠣᠭᠤᠭᠠᠨ ᠤ ᠪᠦᠯᠦᠭᠯᠡᠯ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠵᠦ᠂ ᠤᠯᠠᠭᠠᠨᠬᠠᠳᠠ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠠᠢ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ ᠶᠠᠪᠤᠳᠠᠯ ᠤᠨ ᠲᠣᠭᠤᠷᠢᠨ ᠳᠤ ᠤᠯᠠᠨ ᠵᠦᠢᠯ ᠤᠨ ᠬᠠᠮᠲᠤᠷᠠᠯᠴᠠᠭᠠᠨ ᠤ ᠦᠷ᠎ᠡ ᠪᠦᠲᠦᠭᠡᠯ ᠣᠯᠪᠠ ᠄ ᠤᠮᠠᠷᠠᠲᠤ ᠶᠢᠨ ᠢᠳᠡᠰᠢᠨ ᠨᠣᠭᠤᠭᠠᠨ ᠤ ᠪᠦᠯᠦᠭᠯᠡᠯ ᠤᠨ ᠲᠣᠮᠣ ᠳ᠋ᠠᠶᠢᠲ᠋ᠠ ᠶᠢᠨ ᠰᠢᠰᠲ᠋ᠧᠮ ᠢ ᠠᠰᠢᠭᠯᠠᠨ ᠤᠯᠠᠭᠠᠨᠬᠠᠳᠠ ᠶᠢᠨ ᠲᠠᠷᠢᠶᠠᠯᠠᠩ ᠤᠨ ᠪᠦᠲᠦᠭᠡᠭᠳᠡᠬᠦᠨ ᠳᠤ ᠡᠨᠧᠷᠭᠢ ᠣᠯᠭᠤᠵᠤ᠂ ᠤᠯᠠᠭᠠᠨᠬᠠᠳᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠲᠣᠭᠠᠴᠢᠯᠠᠭᠰᠠᠨ ᠠᠷᠠᠯᠵᠢᠶᠠᠨ ᠤ ᠲᠠᠪᠴᠠᠩ ᠢ ᠬᠠᠮᠲᠤᠷᠠᠯᠴᠠᠨ ᠪᠠᠶᠢᠭᠤᠯᠵᠤ᠂ ᠳᠠᠪᠠᠭᠤᠯᠢᠭ ᠲᠠᠩ ᠪᠦᠲᠦᠭᠡᠭᠳᠡᠬᠦᠨ ᠢᠶᠠᠷ ᠵᠠᠬᠢᠶᠠᠯᠠᠭ᠎ᠠ ᠪᠠᠷ ᠬᠥᠳᠡᠯᠭᠡᠭᠦᠷ ᠪᠣᠯᠭᠠᠬᠤ᠂ ᠣᠬᠤᠷ ᠬᠡᠯᠬᠢᠶ᠎ᠡ ᠪᠠᠷ ᠰᠢᠭᠤᠳ ᠬᠠᠩᠭᠠᠬᠤ᠂ ᠪᠦᠬᠦ ᠶᠠᠪᠤᠴᠠ ᠪᠠᠷ ᠡᠬᠢ ᠡᠭᠦᠰᠦᠯ ᠢ ᠨᠢ ᠡᠷᠢᠬᠦ ᠶᠢ ᠪᠡᠶᠡᠯᠡᠭᠦᠯᠪᠡ︔ ᠲᠥᠪᠡᠳ ᠬᠠᠰᠢ᠂ ᠯᠠᠵᠤᠤ᠂ ᠬᠠᠰᠢ᠂ ᠥᠷᠭᠡᠰᠦᠲᠦ ᠬᠡᠮᠬᠡ ᠵᠡᠷᠭᠡ 4 ᠳᠠᠪᠠᠭᠤᠯᠢᠭ ᠲᠦᠷᠦᠯ ᠵᠦᠢᠯ ᠤᠨ ᠲᠣᠭᠤᠷᠢᠨ ᠳᠤ᠂ 30 ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠡᠭᠡᠵᠢᠩ ᠤᠨ ᠢᠳᠡᠰᠢᠨ ᠨᠣᠭᠤᠭ᠎ᠠ ᠶᠢᠨ ᠰᠢᠨ᠎ᠡ ᠰᠣᠷᠭᠤᠭ ᠢᠳᠡᠭᠡᠨ ᠤ ᠪᠥᠭᠡᠮ ᠤᠨ ᠵᠠᠬ᠎ᠠ ᠳᠡᠯᠭᠡᠭᠦᠷ ᠲᠤ ᠦᠨ᠎ᠡ ᠲᠥᠯᠥᠪᠦᠷᠢ ᠦᠭᠡᠢ ᠪᠠᠷ ᠣᠷᠣᠭᠤᠯᠬᠤ ᠶᠢᠨ ᠬᠠᠮᠲᠤ᠂ ᠪᠡᠭᠡᠵᠢᠩ ᠤᠨ ᠢᠳᠡᠰᠢᠨ ᠨᠣᠭᠤᠭ᠎ᠠ ᠶᠢᠨ ᠰᠢᠨ᠎ᠡ ᠰᠣᠷᠭᠤᠭ ᠢᠳᠡᠭᠡᠨ ᠤ ᠪᠥᠭᠡᠮ ᠤᠨ ᠵᠠᠬ᠎ᠠ ᠳᠡᠯᠭᠡᠭᠦᠷ ᠲᠤ ᡂᠢ ᠴᠧᠩ ᠹᠧᠩ ᠤᠨ ᠢᠳᠡᠭᠡᠨ ᠤ ᠲᠤᠰᠬᠠᠢ ᠡᠵᠡᠩᠨᠡᠯᠲᠡ ᠶᠢᠨ ᠳᠡᠯᠭᠡᠭᠦᠷ ᠪᠠᠶᠢᠭᠤᠯᠵᠤ᠂ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠰᠢᠭᠤᠳ ᠬᠠᠩᠭᠠᠯᠭ᠎ᠠ ᠶᠢ ᠪᠡᠶᠡᠯᠡᠭᠦᠯᠦᠨ᠎ᠡ︔ ᠨᠢᠩᠴᠧᠩ ᠰᠢᠶᠠᠨ  ᠂ ᠰᠦᠩᠱᠠᠨ ᠲᠣᠭᠤᠷᠢᠭ  ᠂ ᠬᠠᠷᠠᠴᠢᠨ ᠬᠤᠰᠢᠭᠤᠨ ᠳᠤ ᠢᠳᠡᠰᠢᠨ ᠨᠣᠭᠤᠭ᠎ᠠ ᠢᠯᠭᠠᠬᠤ  ᠂ ᠴᠡᠪᠡᠷ ᠨᠣᠭᠤᠭ᠎ᠠ ᠡᠳ᠋ᠰᠢᠭᠦᠯᠬᠦ  ᠂ ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ  ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠨᠢᠭᠡ ᠴᠣᠭᠴᠠᠵᠢᠭᠤᠯᠤᠭᠰᠠᠨ ᠭᠠᠷᠤᠯᠲᠠ ᠶᠢᠨ ᠣᠷᠣᠨ ᠤ ᠬᠥᠮᠥᠷᠭᠡ ᠶᠢ 3 ᠪᠠᠶᠢᠭᠤᠯᠵᠤ  ᠂ ᠤᠮᠠᠷᠠᠲᠤ ᠶᠢᠨ ᠢᠳᠡᠰᠢᠨ ᠨᠣᠭᠤᠭ᠎ᠠ ᠶᠢᠨ ᠰᠢᠨ᠎ᠡ ᠰᠣᠷᠭᠤᠭ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠪᠠ ᠰᠢᠨ᠎ᠡ ᠪᠠᠷ ᠲᠠᠷᠬᠠᠭᠠᠬᠤ ᠭᠠᠵᠠᠷ ᠤᠨ ᠵᠠᠬ᠎ᠠ ᠳᠡᠯᠭᠡᠭᠦᠷ ᠲᠤ ᠰᠢᠭᠤᠳ ᠬᠠᠩᠭᠠᠨ᠎ᠠ  ︔ ᠤᠯᠠᠭᠠᠨᠬᠠᠳᠠ ᠶᠢᠨ ᠢᠦᠢ ᠷᠦᠨ ᠵᠠᠬ᠎ᠠ ᠳᠡᠯᠭᠡᠭᠦᠷ ᠲᠤ ᠪᠡᠭᠡᠵᠢᠩ ᠤᠨ ᠲᠠᠷᠢᠶᠠᠯᠠᠩ ᠤᠨ ᠪᠦᠲᠦᠭᠡᠭᠳᠡᠬᠦᠨ ᠵᠢᠴᠢ ᠠᠵᠤ ᠦᠢᠯᠡᠳᠪᠦᠷᠢ ᠶᠢᠨ ᠦᠢᠯᠡᠳᠬᠦᠨ ᠤ ᠪᠠᠭᠤᠷᠠᠯᠲᠠ ᠶᠢᠨ ᠪᠣᠷᠣᠯᠠᠭᠤᠯᠬᠤ ᠭᠠᠵᠠᠷ ᠤᠨ ᠬᠥᠮᠥᠷᠭᠡ ᠶᠢ ᠪᠠᠶᠢᠭᠤᠯᠵᠤ  ᠂ ᠤᠯᠠᠭᠠᠨᠬᠠᠳᠠ ᠳᠤ ᠤᠮᠠᠷᠠᠲᠤ ᠶᠢᠨ ᠢᠳᠡᠰᠢᠨ ᠨᠣᠭᠤᠭ᠎ᠠ ᠶᠢᠨ ᠪᠦᠯᠦᠭᠯᠡᠯ ᠤᠨ ᠭᠠᠳᠠᠷ ᠹᠦ᠋ ᠶᠢᠨ ᠬᠥᠯᠳᠡᠭᠡᠭᠰᠡᠨ ᠲᠡᠯᠡᠶ ᠶᠢᠨ ᠢᠳᠡᠭᠡᠨ  ᠂ ᠮᠢᠬᠠᠨ ᠤ ᠵᠦᠢᠯ ᠤᠨ ᠢᠳᠡᠭᠡᠨ ᠤ ᠨᠢᠭᠡᠳᠦᠭᠡᠷ ᠳᠡᠰ ᠤᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢ ᠵᠡᠷᠭᠡ ᠳᠤᠨᠢ ᠪᠣᠶᠢᠵᠢᠭᠤᠯᠤᠨ ᠪᠠᠶᠢᠭᠤᠯᠤᠨ᠎ᠠ  ᠃      ᠣᠯᠠᠨ ᠲᠠᠯ᠎ᠠ ᠶᠢᠨ ᠬᠢᠨ ᠬᠤᠯᠪᠤᠭᠠᠯᠠᠨ ᠬᠥᠳᠡᠯᠦᠯᠴᠡᠵᠦ  ᠂ ᠬᠠᠮᠲᠤᠷᠠᠯᠴᠠᠭᠠᠨ ᠤ ᠰᠢᠨ᠎ᠡ ᠪᠠᠶᠢᠷᠢᠰᠢᠯ ᠢ ᠪᠦᠲᠦᠭᠡᠨ᠎ᠡ      ᠪᠡᠭᠡᠵᠢᠩ ᠬᠤᠳᠠ ᠶᠢᠨ ᠬᠠᠮᠢᠶ᠎ᠠ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠬᠢᠨ ᠤᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠵᠦ᠂ ᠬᠠᠮᠲᠤᠪᠠᠷ ᠬᠦᠴᠦᠯᠡᠵᠦ᠂ ᠤᠯᠠᠭᠠᠨᠬᠠᠳᠠ ᠶᠢᠨ ᠬᠥᠭᠵᠢᠯᠲᠡ ᠶᠢ ᠳᠡᠮᠵᠢᠬᠦ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠵᠠᠢ᠃ ᠪᠡᠭᠡᠵᠢᠩ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠤᠯᠠᠭᠠᠨᠬᠠᠳᠠ ᠶᠢᠨ ᠵᠠᠬ᠎ᠠ ᠳᠡᠯᠭᠡᠭᠦᠷ ᠤᠨ  ᠭᠤᠣᠯ ᠴᠣᠭᠴᠠ ᠶᠢᠨ ᠪᠡᠭᠡᠵᠢᠩ ᠤᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠵᠦᠢᠯᠡᠰ ᠪᠠ ᠭᠡᠷᠡᠴᠢ ᠦᠨᠡᠮᠯᠡᠯ ᠢ ᠭᠦᠢᠴᠡᠳᠬᠡᠬᠦ ᠲᠠᠯ᠎ᠠ ᠪᠠᠷ ᠲᠠᠰ ᠳᠠᠷᠠᠭᠠᠯᠠᠯ ᠢ ᠳᠥᠭᠦᠮᠴᠢᠯᠡᠵᠦ  ᠂ ᠲᠥᠬᠦᠮ ᠦᠵᠡᠭᠦᠯᠪᠡ  ᠃ ᠪᠡᠭᠡᠵᠢᠩ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢᠭᠡᠳᠦᠯᠲᠡᠢ ᠲᠥᠯᠥᠪᠯᠡᠨ ᠵᠣᠬᠢᠴᠠᠭᠤᠯᠵᠤ  ᠂ ᠤᠯᠠᠭᠠᠨᠬᠠᠳᠠ ᠶᠢᠨ ᠭᠠᠭ᠋ᠠᠢ ᠨᠢᠲᠤᠯᠵᠤ ᠡᠳ᠋ᠰᠢᠭᠦᠯᠬᠦ ᠭᠤᠣᠯ ᠠᠵᠤ ᠠᠬᠤᠶᠢᠯᠠᠯ ᠳᠤ ᠪᠠᠶᠢᠴᠠᠭᠠᠨ ᠭᠡᠷᠡᠴᠢᠯᠡᠯ ᠬᠢᠵᠦ  ᠂ ᠤᠯᠠᠭᠠᠨᠬᠠᠳᠠ ᠶᠢᠨ ᠲᠦᠭᠦᠬᠡᠢ ᠭᠠᠭ᠋ᠠᠢ ᠶᠢᠨ ᠮᠢᠬ᠎ᠠ ᠶᠢᠨ ᠪᠡᠭᠡᠵᠢᠩ ᠳᠤ ᠭᠦᠢᠯᠭᠡᠭᠡᠨ ᠳᠤ ᠣᠷᠣᠬᠤ ᠶᠢ ᠲᠦᠯᠬᠢᠨ ᠠᠬᠢᠭᠤᠯᠤᠨ᠎ᠠ  ᠃ ᠪᠡᠭᠡᠵᠢᠩ ᠬᠤᠳᠠ ᠶᠢᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠣᠪᠴᠢᠶ᠎ᠠ ᠪᠡᠭᠡᠵᠢᠩ ᠬᠤᠳᠠ ᠶᠢᠨ ᠡᠷᠬᠢᠨ ᠲᠣᠭᠤᠷᠢᠨ ᠤ ᠴᠢᠨᠠᠷ ᠰᠠᠶᠢᠲᠠᠢ ᠭᠠᠭ᠋ᠠᠢ ᠨᠢᠲᠤᠯᠬᠤ ᠠᠵᠤ ᠠᠬᠤᠶᠢᠯᠠᠯ ᠲᠠᠢ ᠵᠣᠬᠢᠴᠠᠭᠤᠯᠤᠨ ᠬᠠᠷᠢᠯᠴᠠᠵᠤ᠂ ᠤᠯᠠᠭᠠᠨᠬᠠᠳᠠ ᠬᠤᠳᠠ ᠶᠢᠨ ᠬᠢᠯᠢ ᠳᠣᠲᠣᠷᠠᠬᠢ ᠭᠠᠭ᠋ᠠᠢ ᠨᠢᠲᠤᠯᠬᠤ ᠠᠵᠤ ᠠᠬᠤᠶᠢᠯᠠᠯ ᠯᠤᠭ᠎ᠠ ᠨᠢᠲᠤᠯᠬᠤ᠂ ᠬᠢᠵᠢᠭ ᠪᠠᠶᠢᠴᠠᠭᠠᠬᠤ᠂ ᠬᠡᠰᠡᠭᠯᠡᠨ ᠬᠤᠪᠢᠶᠠᠬᠤ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠪᠡ︔ ᠤᠯᠠᠭᠠᠨᠬᠠᠳᠠ ᠶᠢᠨ ᠬᠤᠣᠰᠯᠠᠯ ᠪᠠᠶᠢᠭᠤᠯᠤᠭᠰᠠᠨ 8 ᠬᠤᠰᠢᠭᠤ ᠰᠢᠶᠠᠨ ᠳᠤ ᠪᠡᠭᠡᠵᠢᠩ ᠬᠤᠳᠠ ᠶᠢᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠣᠪᠴᠢᠶ᠎ᠠ ᠠᠴᠠ ᠦᠨᠡᠮᠰᠢᠵᠦ ᠫᠠᠶᠢᠰᠠ ᠡᠯᠭᠦᠭᠰᠡᠨ ᠨᠢᠭᠡ ᠪᠦᠯᠦᠭ ᠲᠠᠷᠢᠶᠠᠯᠠᠩ ᠤᠨ ᠪᠦᠲᠦᠭᠡᠭᠳᠡᠬᠦᠨ ᠤ ᠰᠢᠭᠤᠳ ᠬᠠᠩᠭᠠᠯᠭ᠎ᠠ ᠶᠢᠨ ᠰᠠᠭᠤᠷᠢᠨ ᠢ ᠪᠠᠶᠢᠭᠤᠯᠬᠤ ᠶᠢ ᠠᠬᠢᠭᠤᠯᠤᠨ᠎ᠠ︔ ᠤᠯᠠᠭᠠᠨᠬᠠᠳᠠ ᠬᠤᠲᠠ ᠶᠢᠨ ᠪᠡᠭᠡᠵᠢᠩ ᠳᠠᠬᠢ ᠵᠣᠬᠢᠶᠠᠨ ᠪᠠᠶᠢᠭᠤᠯᠤᠯᠲᠠ ᠶᠢᠨ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠲᠠᠨᠢᠯᠴᠠᠭᠤᠯᠭ᠎ᠠ ᠶᠢᠨ ᠰᠢᠷᠢᠰ ᠠᠵᠢᠯᠯᠠᠭ᠎ᠠ ᠳᠤ ᠬᠠᠮᠵᠢᠯᠴᠠᠨ᠎ᠠ ︔ ᠪᠡᠭᠡᠵᠢᠩ ᠤᠨ 8 ᠲᠣᠮᠣ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ  ᠂ 18ᠭᠤᠣᠯᠳᠠᠯᠭ᠎ᠠ ᠲᠠᠢ ᠬᠡᠲᠦ ᠳᠡᠯᠭᠡᠭᠦᠷ ᠢ ᠢᠳᠡᠪᠬᠢᠲᠡᠢ ᠪᠠᠷ ᠲᠠᠨᠢᠯᠴᠠᠭᠤᠯᠵᠤ  ᠂ ᠤᠯᠠᠭᠠᠨᠬᠠᠳᠠ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠢ ᠵᠠᠬ᠎ᠠ ᠳᠡᠯᠭᠡᠭᠦᠷ ᠲᠤ ᠣᠷᠣᠭᠤᠯᠬᠤ  ᠂ ᠬᠤᠳᠠᠯᠳᠤᠭᠠᠨ ᠤ ᠬᠡᠲᠦ ᠳᠡᠯᠭᠡᠭᠦᠷ ᠲᠤ ᠣᠷᠣᠭᠤᠯᠬᠤ ᠶᠠᠪᠤᠳᠠᠯ ᠢ ᠬᠠᠪᠰᠤᠷᠤᠨ ᠠᠬᠢᠭᠤᠯᠤᠨ᠎ᠠ  ᠃ ᠡᠭᠦᠨ ᠠᠴᠠ ᠭᠠᠳᠠᠨ᠎ᠠ  ᠂ ᠪᠡᠭᠡᠵᠢᠩ ᠬᠤᠲᠠ ᠶᠢᠨ ᠰᠢᠨ᠎ᠡ ᠪᠠᠷ ᠲᠠᠷᠬᠠᠭᠠᠭᠰᠠᠨ ᠭᠠᠵᠠᠷ ᠤᠨ ᠵᠠᠬ᠎ᠠ ᠳᠡᠯᠭᠡᠭᠦᠷ ᠨᠢ ᠢᠳᠡᠰᠢᠨ ᠨᠣᠭᠤᠭ᠎ᠠ  ᠂ ᠵᠢᠮᠢᠰ ᠵᠡᠷᠭᠡ ᠬᠤᠶᠠᠷ ᠲᠠᠯ᠎ᠠ ᠪᠠᠷ ᠤᠯᠠᠭᠠᠨᠬᠠᠳᠠ ᠬᠤᠲᠠ ᠳᠤ 4 ᠲᠠᠩ ᠪᠦᠲᠦᠭᠡᠭᠳᠡᠬᠦᠨ ᠤ ᠲᠤᠰᠬᠠᠢ ᠣᠷᠣᠨ ᠭᠠᠷᠭᠠᠵᠤ  ᠂ ᠤᠯᠠᠭᠠᠨᠬᠠᠳᠠ ᠶᠢᠨ ᠲᠠᠷᠢᠶᠠᠯᠠᠩ ᠤᠨ ᠪᠦᠲᠦᠭᠡᠭᠳᠡᠬᠦᠨ ᠢ ᠰᠢᠨ᠎ᠡ ᠪᠠᠷ ᠲᠠᠷᠬᠠᠭᠠᠭᠰᠠᠨ ᠭᠠᠵᠠᠷ ᠤᠨ ᠵᠠᠬ᠎ᠠ ᠳᠡᠯᠭᠡᠭᠦᠷ ᠲᠤ ᠰᠢᠭᠤᠳ ᠬᠠᠩᠭᠠᠬᠤ ᠶᠢ ᠲᠦᠯᠬᠢᠨ ᠠᠬᠢᠭᠤᠯᠤᠨ᠎ᠠ  ᠃ ᠡᠭᠦᠨ ᠤ ᠬᠠᠮᠲᠤ᠂ ᠤᠯᠠᠭᠠᠨᠬᠠᠳᠠ ᠳᠤ ᠲᠠᠯᠠᠪᠤᠷ ᠬᠠᠩᠭᠠᠬᠤ ᠶᠢᠨ ᠬᠠᠮᠲᠤ ᠬᠤᠳᠠᠯᠳᠤᠨ ᠠᠪᠬᠤ ᠲᠠᠯ᠎ᠠ ᠶᠢ ᠵᠣᠬᠢᠶᠠᠨ ᠪᠠᠶᠢᠭᠤᠯᠵᠤ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ ᠬᠤᠷᠠᠯ ᠢ ᠥᠷᠨᠢᠭᠦᠯᠦᠨ᠎ᠡ᠃      ᠢᠳᠡᠪᠬᠢᠲᠡᠢ ᠪᠠᠷ ᠮᠥᠷᠳᠡᠨ ᠳᠠᠭᠠᠵᠤ  ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠨᠢᠭᠲᠠᠷᠠᠭᠤᠯᠤᠨ᠎ᠠ      ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠰᠦᠷ ᠳᠠᠯᠠᠶᠢᠴᠠᠲᠠᠢ ᠲᠤᠷᠤᠨ᠎ᠠ ᠶᠢᠨ ᠰᠠᠯᠬᠢᠨ ᠤ ᠡᠷᠴᠢᠨ ᠳᠡᠭᠡᠷ᠎ᠡ᠂ ᠤᠯᠠᠭᠠᠨᠬᠠᠳᠠ ᠰᠠᠨᠠᠭᠠᠴᠢᠯᠠᠭ᠎ᠠ ᠠᠴᠠ ᠪᠠᠨ ᠪᠡᠭᠡᠵᠢᠩ ᠲᠠᠢ ᠵᠣᠯᠭᠠᠯᠴᠠᠵᠤ᠂ ᠪᠦᠬᠦ ᠬᠤᠳᠠ ᠶᠢᠨ ᠠᠵᠤ ᠠᠬᠤᠢ ᠶᠢᠨ ᠬᠥᠭᠵᠢᠯᠲᠡ ᠳᠤ ᠰᠢᠨ᠎ᠡ ᠬᠥᠳᠡᠯᠭᠡᠭᠦ ᠬᠦᠴᠦᠨ ᠢ ᠬᠤᠷᠠᠮᠳᠤᠭᠤᠯᠵᠠᠢ᠃ ᠤᠯᠠᠭᠠᠨᠬᠠᠳᠠ ᠬᠤᠳᠠ ᠶᠢᠨ ᠵᠠᠰᠠᠭ ᠤᠨ ᠣᠷᠳᠣᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠠᠬᠢᠭᠤᠯᠬᠤ ᠲᠤᠰᠬᠠᠢ ᠠᠩᠬᠢ ᠪᠠᠶᠢᠭᠤᠯᠵᠤ᠂ ︽ᠬᠤᠶᠠᠷ ᠲᠠᠪᠴᠠᠩ︾  ᠢ ᠡᠷᠲᠡᠬᠡᠨ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠪᠠ᠃ ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠢᠳᠡᠪᠬᠢᠲᠡᠢ ᠪᠠᠷ ᠳᠠᠭᠠᠵᠤ  ᠂ ᠰᠠᠨᠠᠭᠠᠴᠢᠯᠠᠭ᠎ᠠ ᠲᠠᠢ ᠪᠠᠷ ᠳᠠᠭᠠᠷᠢᠬᠤ ᠪᠡᠭᠡᠵᠢᠩ ᠤᠨ ᠪᠧᠢ ᠼᠠᠢ ᠪᠦᠯᠦᠭᠯᠡᠯ  ᠂ ᠰᠢᠨ ᠹᠠ ᠳ᠋ᠢ ᠵᠠᠬ᠎ᠠ ᠳᠡᠯᠭᠡᠭᠦᠷ  ᠂ FUDI ᠬᠥᠮᠥᠷᠭᠡ ᠶᠢᠨ ᠭᠡᠰᠢᠭᠦᠳ ᠤᠨ ᠳᠡᠯᠭᠡᠭᠦᠷ ᠲᠤ ᠣᠯᠠᠨᠲᠠ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ  ᠂ ᠪᠡᠭᠡᠵᠢᠩ ᠪᠣᠯᠣᠨ ᠤᠯᠠᠭᠠᠨᠬᠠᠳᠠ ᠬᠤᠶᠠᠷ ᠭᠠᠵᠠᠷ ᠤᠨ ᠢᠳᠡᠰᠢᠨ ᠨᠣᠭᠤᠭ᠎ᠠ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ᠂ ᠤᠯᠠᠭᠠᠨᠬᠠᠳᠠ ᠶᠢᠨ ᠬᠡᠷᠡᠭᠯᠡᠭᠡᠨ ᠤ ᠬᠠᠪᠰᠤᠷᠤᠨ ᠲᠡᠳᠬᠦᠬᠦ ᠨᠡᠶᠢᠭᠡᠮᠯᠢᠭ ᠤᠨ ᠭᠡᠰᠢᠭᠦᠨ᠂ ᠤᠯᠠᠭᠠᠨᠬᠠᠳᠠ ᠶᠢᠨ ᠭᠠᠭ᠋ᠠᠢ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠲᠠᠢ ᠶᠠᠷᠢᠯᠴᠠᠨ ᠪᠠᠶᠢᠴᠠᠭᠠᠨ ᠰᠤᠳᠤᠯᠤᠯᠲᠠ ᠬᠢᠭᠰᠡᠨ ᠵᠢᠴᠢ ᠬᠤᠶᠠᠷ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠵᠥᠪᠳᠡᠯᠴᠡᠨ ᠰᠠᠨᠠᠯ ᠢᠶᠠᠨ ᠰᠣᠯᠢᠯᠴᠠᠵᠤ᠂ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠵᠤ ᠪᠣᠷᠣᠯᠠᠭᠤᠯᠤᠭᠰᠠᠨ ᠣᠳᠣᠬᠢ ᠪᠠᠶᠢᠳᠠᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠦᠭᠰᠡᠨ ᠪᠥᠭᠡᠳ ᠪᠡᠭᠡᠵᠢᠩ ᠬᠤᠳᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠵᠦ ᠰᠣᠯᠢᠯᠴᠠᠪᠠ᠃ ᠤᠯᠠᠭᠠᠨᠬᠠᠳᠠ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠᠰᠠ ᠪᠡᠭᠡᠵᠢᠩ ᠤᠯᠠᠭᠠᠨ ᠴᠡᠷᠢᠭ ᠤᠨ ᠬᠠᠮᠵᠢᠯᠴᠠᠨ ᠬᠥᠭᠵᠢᠬᠦ ᠲᠠᠪᠴᠠᠩ ᠢ ᠪᠠᠶᠢᠭᠤᠯᠵᠤ᠂ ᠪᠠᠶᠢᠩᠭᠤᠵᠢᠭᠰᠠᠨ ᠣᠯᠣᠯᠴᠠᠬᠤ ᠲᠣᠭᠲᠠᠴᠠ ᠶᠢ ᠪᠦᠷᠢᠯᠳᠦᠭᠦᠯᠵᠦ᠂ ︽ᠬᠤᠶᠠᠷ ᠲᠠᠪᠴᠠᠩ︾  ᠤᠨ ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠢ ᠠᠬᠢᠭᠤᠯᠬᠤ ᠶᠢᠨ ᠬᠠᠮᠲᠤ᠂ ᠪᠡᠭᠡᠵᠢᠩ ᠤᠯᠠᠭᠠᠨ ᠴᠡᠷᠢᠭ ᠤᠨ ᠬᠤᠶᠠᠷ ᠭᠠᠵᠠᠷ ᠤᠨ ᠬᠠᠮᠵᠢᠯᠴᠠᠭ᠎ᠠ ᠶᠢᠨ ᠤᠯᠠᠨ ᠴᠡᠭ ᠲᠤ ᠴᠡᠴᠡᠭᠯᠡᠬᠦ᠂ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠤᠭᠰᠠᠨ ᠪᠠᠶᠢᠨ᠎ᠠ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号