ᠡᠯᠡᠰᠦᠷᠬᠡᠭ ᠭᠠᠵᠠᠷ ᠢ ᠨᠣᠭᠤᠭᠠᠨ ᠪᠦᠷᠢᠳᠦ ᠪᠣᠯᠭᠠᠵᠤ ᠲᠥᠮᠥᠰᠥ ᠶᠢ ︽  ᠠᠯᠲᠠᠨ ᠮᠥᠩᠭᠦ ︾ ᠪᠣᠯᠭᠠᠪᠠ
ᠨᠡᠶᠢᠲᠡᠯᠡᠭᠰᠡᠨ ᠴᠠᠭ᠄
2022/11/7
      ᠨᠠᠮᠤᠷ ᠤᠨ ᠰᠡᠭᠦᠯᠴᠢ ᠪᠣᠯᠬᠤ ᠳᠤ᠂ ᠮᠠᠨ ᠤ ᠤᠯᠤᠰ ᠤᠨ ᠨᠠᠢᠮᠠᠳᠤᠭᠠᠷ ᠶᠡᠭᠡ ᠡᠯᠡᠰᠦᠨ ᠴᠦᠯ ᠪᠣᠯᠤᠭᠰᠠᠨ ᠥᠪᠥᠷ ᠮᠣᠩᠭᠤᠯ ᠤᠨ ᠤᠯᠠᠭᠠᠨᠪᠤᠬ᠎ᠠ ᠶᠢᠨ ᠡᠯᠡᠰᠦᠨ ᠴᠦᠯ ᠳᠤ ᠳᠠᠷᠢᠭᠰᠠᠨ 5.6 ᠲᠦᠮᠡᠨ ᠮᠦ ᠲᠥᠮᠥᠰᠥ ᠶᠢᠨ ᠬᠤᠷᠢᠶᠠᠯᠲᠠ ᠶᠢᠨ ᠠᠬᠢᠴᠠ ᠶᠢᠰᠦᠨ ᠬᠤᠪᠢ ᠳᠤ ᠬᠦᠷᠴᠦ᠂ ᠮᠦ ᠪᠦᠷᠢ ᠶᠢᠨ ᠳᠤᠮᠳᠠᠴᠢ ᠤᠨᠠᠯᠲᠠ 5 ᠲᠣᠨ ᠢ ᠳᠠᠪᠠᠵᠤ᠂ ᠡᠯᠪᠡᠭ ᠬᠤᠷᠢᠶᠠᠯᠲᠠ ᠨᠢᠭᠡᠨᠲᠡ ᠲᠣᠭᠲᠠᠵᠠᠢ᠃      ᠤᠯᠠᠭᠠᠨᠪᠤᠬ᠎ᠠ ᠡᠯᠡᠰᠦᠨ ᠴᠦᠯ ᠤᠨ ᠶᠡᠷᠦᠩᠬᠡᠢ ᠲᠠᠯᠠᠪᠠᠢ 1500 ᠲᠦᠮᠡᠨ ᠮᠦ᠂ ᠡᠭᠦᠨ ᠳᠤ ᠵᠡᠭᠦᠨ ᠪᠡᠶ᠎ᠡ ᠶᠢᠨ 430 ᠲᠦᠮᠡᠨ ᠮᠦ ᠰᠢᠬᠠᠮ ᠨᠢ ᠪᠠᠶᠠᠨᠨᠠᠭᠤᠷ ᠬᠤᠳᠠ ᠶᠢᠨ ᠳ᠋ᠧᠩᠺᠸᠤ ᠰᠢᠶᠠᠨ ᠤ ᠬᠢᠯᠢ ᠳᠤ ᠲᠠᠷᠬᠠᠵᠤ ᠪᠤᠢ ᠃ ᠳ᠋ᠧᠩᠺᠸᠤ ᠰᠢᠶᠠᠨ ᠤ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠲᠣᠪᠴᠢᠶᠠᠨ ᠤ ᠳᠡᠳ᠋ ᠳᠠᠷᠤᠭ᠎ᠠ ᠬᠠᠨ ᠶᠢᠩ ᠯᠢᠶᠠᠨ ᠤ ᠲᠠᠨᠢᠯᠴᠠᠭᠤᠯᠤᠭᠰᠠᠨ ᠢᠶᠠᠷ᠂ ᠤᠯᠠᠨ ᠵᠢᠯ ᠤᠨ ᠲᠤᠷᠰᠢ᠂ ᠳ᠋ᠧᠩᠺᠸᠤ ᠰᠢᠶᠠᠨ ᠤᠯᠠᠭᠠᠨᠪᠤᠬ᠎ᠠ ᠶᠢᠨ ᠡᠯᠡᠰᠦᠨ ᠴᠦᠯ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦᠨ ᠤ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠷᠰᠢᠯᠲᠠ ᠶᠢᠨ ᠴᠢᠭ᠋ ᠵᠡᠷᠭᠡ ᠤᠯᠤᠰ ᠤᠨ ᠭᠤᠣᠯᠳᠠᠯᠭ᠎ᠠ ᠲᠠᠢ ᠢᠨᠵᠧᠨᠧᠷᠢᠩ ᠢ ᠵᠠᠯᠭᠠᠪᠡᠷ ᠬᠡᠷᠡᠭᠵᠢᠭᠦᠯᠵᠦ᠂ ᠨᠡᠶᠢᠳᠡ 210 ᠲᠦᠮᠡᠨ ᠮᠦ ᠡᠯᠡᠰᠦᠨ ᠴᠦᠯ ᠳᠤ ᠨᠣᠭᠤᠭᠠᠨ ᠬᠤᠪᠴᠠᠰᠤ ᠡᠮᠦᠰᠴᠦ᠂ ᠠᠮᠢ ᠠᠬᠤᠢ ᠶᠢᠨ ᠬᠠᠯᠬᠠᠪᠴᠢ ᠶᠢ ᠪᠠᠶᠢᠭᠤᠯᠤᠭᠰᠠᠨ ᠢᠶᠠᠷ ᠪᠠᠷᠠᠬᠤ ᠦᠭᠡᠢ ᠪᠠᠰᠠ ᠠᠮᠢ ᠠᠬᠤᠢ ᠶᠢᠨ ᠲᠠᠷᠢᠶᠠᠯᠠᠩ᠂ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠠᠵᠤ ᠦᠢᠯᠡᠰ ᠢ ᠬᠥᠭᠵᠢᠭᠦᠯᠵᠡᠢ᠃ ᠠᠳᠡᠬᠢ ᠨᠡᠷᠡᠨ ᠤ ᠲᠤᠰᠤᠯᠲᠠ ᠭᠦᠢᠴᠡᠳ  ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ  ᠂ ᠠᠮᠢ ᠠᠬᠤᠢ ᠶᠢᠨ ᠣᠷᠴᠢᠨ ᠲᠣᠭᠤᠷᠢᠨ ᠠᠭᠠᠵᠢᠮ ᠢᠶᠠᠷ ᠰᠠᠶᠢᠵᠢᠷᠠᠵᠤ  ᠂ ᠲᠥᠮᠥᠰᠥ ᠳᠠᠷᠢᠬᠤ ᠳᠤ ᠠᠰᠢᠭᠲᠠᠢ ᠨᠥᠬᠦᠴᠡᠯ ᠢ ᠬᠠᠩᠭᠠᠭᠰᠠᠨ ᠪᠠᠶᠢᠨ᠎ᠠ  ᠃      ᠣᠶᠢᠷ᠎ᠠ ᠶᠢᠨ ᠡᠳᠦᠷ ᠤᠳ ᠲᠤ᠂ ᠳ᠋ᠧᠩᠺᠸᠤ ᠰᠢᠶᠠᠨ ᠤ ᠡᠯᠡᠰᠦᠨ ᠴᠦᠯ ᠤᠨ ᠲᠥᠮᠥᠰᠥ ᠲᠠᠷᠢᠬᠤ ᠰᠠᠭᠤᠷᠢᠨ ᠳᠤ᠂ ᠬᠤᠷᠢᠶᠠᠯᠲᠠ ᠶᠢᠨ ᠮᠠᠰᠢᠨ ᠶᠠᠭ ᠰᠠᠶᠢᠬᠠᠨ ᠳᠠᠯᠠᠩ ᠢ ᠤᠷᠪᠠᠭᠤᠯᠬᠤ ᠠᠵᠢᠯ ᠬᠢᠵᠦ᠂ ᠨᠢᠭᠡ ᠨᠢᠭᠡ ᠵᠢᠭᠳᠡ ᠲᠥᠮᠥᠰᠥ ᠨᠢ ᠳᠠᠯᠠᠩ ᠤᠨ ᠵᠠᠮ ᠳᠡᠭᠡᠷ᠎ᠡ ᠤᠨᠠᠵᠤ᠂ ᠠᠵᠢᠯᠴᠢᠳ ᠤᠭᠤᠲᠠᠯᠠᠭᠰᠠᠨ ᠲᠥᠮᠥᠰᠥ ᠪᠠᠨ ᠲᠣᠮᠣ ᠠᠴᠢᠶᠠᠨ ᠤ ᠮᠠᠰᠢᠨ ᠲᠡᠷᠭᠡᠨ ᠳᠡᠭᠡᠷ᠎ᠡ ᠵᠥᠭᠡᠭᠡᠪᠦᠷᠢᠯᠡᠵᠦ ᠪᠤᠢ᠃ ᠲᠠᠷᠢᠮᠠᠯ ᠤᠨ ᠲᠣᠮᠣ ᠡᠷᠦᠬᠡ ᠰᠢᠦᠢ ᠶᠡᠭᠡ ᠰᠠᠶᠢᠳ  ᠄ ︽ ᠡᠨᠡ ᠵᠢᠯ ᠪᠢᠳᠡ ᠬᠠᠮᠲᠤ ᠪᠠᠷ 8000 ᠮᠦ ᠡᠯᠡᠰᠦᠨ ᠴᠥᠯ ᠤᠨ ᠲᠥᠮᠥᠰᠥ ᠳᠠᠷᠢᠵᠤ  ᠂ ᠮᠦ ᠪᠦᠷᠢ ᠶᠢᠨ ᠳᠤᠮᠳᠠᠴᠢ ᠤᠨᠠᠯᠲᠠ ᠨᠢ 5 ᠲᠣᠨ  ᠠᠴᠠ ᠳᠡᠭᠡᠭᠰᠢ ᠪᠠᠶᠢᠵᠤ  ᠂ ᠲᠠᠷᠢᠮᠠᠯ ᠤᠨ ᠦᠷ᠎ᠡ ᠠᠰᠢᠭ ᠨᠢ ᠨᠡᠯᠢᠶᠡᠳ ᠰᠠᠶᠢᠨ ᠪᠠᠶᠢᠨ᠎ᠠ  ︾ ᠭᠡᠵᠡᠢ  ᠃      ᠰᠢᠦᠢ ᠰᠠᠶᠢᠳ ᠰᠤᠷᠪᠤᠯᠵᠢᠯᠠᠭᠴᠢ ᠳᠤ ᠬᠡᠯᠡᠬᠦ ᠳᠡᠭᠡᠨ  ᠂ ᠲᠠᠳᠠ ᠤᠯᠠᠭᠠᠨᠪᠤᠬ᠎ᠠ ᠶᠢᠨ ᠡᠯᠡᠰᠦᠨ ᠴᠥᠯ ᠤᠨ ᠥᠪᠡᠷᠮᠢᠴᠡ ᠭᠠᠵᠠᠷ ᠰᠢᠷᠣᠢ  ᠂ ᠬᠡᠷᠡᠯ ᠤᠨ ᠲᠤᠰᠤᠯᠲᠠ ᠵᠡᠷᠭᠡ ᠪᠠᠶᠢᠭᠠᠯᠢ ᠶᠢᠨ ᠳᠠᠪᠠᠭᠤᠯᠢᠭ ᠢ ᠠᠰᠢᠭᠯᠠᠨ  ᠂ ᠤᠯᠤᠰ ᠤᠨ ᠳᠣᠲᠣᠭᠠᠳᠤ ᠶᠢᠨ ᠴᠢᠨᠠᠷ ᠰᠠᠶᠢᠲᠠᠢ ᠲᠥᠮᠥᠰᠥ ᠶᠢ ᠣᠷᠣᠭᠤᠯᠤᠨ ᠠᠪᠴᠢᠷᠠᠵᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢᠶᠠᠷ ᠳᠠᠷᠢᠵᠤ  ᠂ ᠳᠠᠷᠢᠬᠤ  ᠂ ᠬᠠᠮᠢᠶᠠᠷᠬᠤ  ᠂ ᠬᠤᠷᠢᠶᠠᠬᠤ ᠶᠢ ᠴᠥᠮ ᠮᠠᠰᠢᠨᠴᠢᠯᠠᠬᠤ  ᠂ ᠡᠷᠴᠢᠮᠵᠢᠭᠦᠯᠬᠦ ᠠᠵᠢᠯ ᠬᠢᠵᠦ  ᠂ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠡᠢ  ᠃《 ᠪᠢᠳᠡ ᠲᠥᠮᠥᠰᠥ  ᠶᠢ ᠪᠣᠬᠢᠷᠳᠤᠯ ᠦᠭᠡᠢ ᠪᠠᠷ ᠤᠨᠠᠯᠲᠠ  ᠶᠢ ᠨᠡᠮᠡᠭᠳᠡᠭᠦᠯᠵᠦ ᠦᠷ᠎ᠡ ᠠᠰᠢᠭ  ᠢ ᠨᠡᠮᠡᠭᠳᠡᠭᠦᠯᠦᠨ ᠳᠠᠷᠢᠵᠤ ᠪᠣᠶᠢᠵᠢᠭᠤᠯᠬᠤ ᠮᠡᠷᠭᠡᠵᠢᠯ  ᠢ ᠬᠡᠷᠡᠭᠯᠡᠵᠦ᠂ ᠲᠠᠷᠢᠶᠠᠨ ᠭᠠᠵᠠᠷ ᠤᠨ ᠬᠢᠮᠢ  ᠶᠢᠨ ᠪᠣᠷᠳᠣᠭᠤᠷ  ᠂ ᠤᠰᠤᠨ ᠤ ᠬᠡᠷᠡᠭᠯᠡᠭᠡᠨ ᠤ ᠬᠡᠮᠵᠢᠶ᠎ᠡ  ᠶᠢ ᠤᠯᠠᠮᠵᠢᠯᠠᠯᠲᠤ ᠲᠠᠷᠢᠮᠠᠯ ᠤᠨ ᠬᠡᠮᠵᠢᠶ᠎ᠡ ᠠᠴᠠ 20% ᠣᠷᠴᠢᠮ ᠢᠶᠠᠷ ᠪᠠᠭᠠᠰᠬᠠᠵᠤ  ᠂ ᠭᠠᠷᠤᠯᠲᠠ ᠨᠢ ᠥᠨᠳᠥᠷ  ᠂ ᠶᠠᠰᠤ ᠴᠢᠨᠠᠷ ᠨᠢ ᠰᠠᠶᠢᠨ ᠪᠣᠯᠭᠠᠬᠤ  ᠶᠢ ᠦᠨᠡᠨᠬᠦ ᠪᠡᠶᠡᠯᠡᠭᠦᠯᠵᠦ ᠪᠠᠶᠢᠨ᠎ᠠ  ᠃ ᠣᠳᠣ ᠲᠥᠮᠥᠰᠥ  ᠶᠢᠨ ᠬᠤᠳᠠᠯᠳᠤᠨ ᠠᠪᠬᠤ ᠦᠨ᠎ᠡ  ᠶᠢ ᠺᠢᠯᠣᠭ᠍ᠷᠠᠮ ᠪᠦᠷᠢ ᠳᠡᠭᠡᠨ 2.3 ᠲᠥᠭᠦᠷᠢᠭ ᠣᠷᠴᠢᠮ ᠳᠤ ᠲᠣᠭᠲᠠᠪᠤᠷᠢᠵᠢᠭᠤᠯᠵᠤ  ᠂ ᠮᠠᠨ ᠤ ᠲᠠᠷᠢᠮᠠᠯ ᠤᠨ ᠠᠰᠢᠭ ᠣᠷᠣᠯᠭ᠎ᠠ  ᠶᠢ ᠪᠠᠲᠤᠯᠠᠵᠤ ᠴᠢᠳᠠᠬᠤ ᠪᠣᠯᠵᠠᠢ 》ᠭᠡᠵᠦ ᠰᠢᠦᠢ ᠰᠠᠶᠢᠳ ᠬᠡᠯᠡᠪᠡ᠃      ᠰᠤᠷᠪᠤᠯᠵᠢᠯᠠᠭᠴᠢ ᠲᠤᠬᠠᠢ ᠶᠢᠨ ᠲᠠᠯᠠᠪᠤᠷ ᠲᠤ ᠬᠦᠷᠴᠦ ᠣᠶᠢᠯᠠᠭᠠᠭᠰᠠᠨ ᠢᠶᠠᠷ  ᠂ ᠠᠳᠡᠬᠢ ᠲᠥᠮᠥᠰᠥ ᠳᠠᠷᠢᠬᠤ ᠡᠷᠦᠬᠡ ᠨᠢ ᠴᠥᠮ ᠵᠠᠭᠤᠴᠢᠯᠠᠭᠴᠢ  ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠲᠠᠢ ᠬᠠᠩᠭᠠᠨ ᠪᠣᠷᠣᠯᠠᠭᠤᠯᠬᠤ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠤᠭᠰᠠᠨ ᠪᠠᠶᠢᠨ᠎ᠠ  ᠃ ᠲᠥᠮᠥᠰᠥ ᠬᠤᠷᠢᠶᠠᠬᠤ ᠤᠯᠠᠷᠢᠯ ᠳᠤ ᠣᠷᠣᠭᠰᠠᠨ ᠤ ᠳᠠᠷᠠᠭ᠎ᠠ  ᠂ ᠵᠠᠭᠤᠴᠢᠯᠠᠭᠴᠢ  ᠠᠴᠠ ᠬᠤᠯᠪᠣᠭᠳᠠᠯ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠩᠭᠠᠵᠤ  ᠂ ᠪᠥᠬᠦ ᠤᠯᠤᠰ ᠤᠨ ᠡᠯ᠎ᠡ ᠭᠠᠵᠠᠷ  ᠠᠴᠠ ᠢᠷᠡᠭᠰᠡᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠮᠠᠰᠢᠨ ᠲᠡᠷᠭᠡ ᠪᠠᠨ ᠵᠠᠯᠭᠠᠭ᠎ᠠ ᠪᠠᠷ ᠵᠣᠬᠢᠶᠠᠨ ᠪᠠᠶᠢᠭᠤᠯᠵᠤ ᠲᠤᠬᠠᠢ ᠶᠢᠨ ᠲᠠᠯᠠᠪᠤᠷ ᠲᠤ ᠣᠴᠢᠭᠤᠯᠤᠨ ᠬᠤᠳᠠᠯᠳᠤᠨ ᠠᠪᠤᠭᠤᠯᠵᠤ  ᠂ ᠳᠠᠷᠢᠬᠤ ᠡᠷᠦᠬᠡ ᠲᠠᠷᠢᠶᠠᠨ ᠭᠠᠵᠠᠷ ᠲᠤ ᠲᠥᠮᠥᠰᠥ ᠪᠣᠷᠣᠯᠠᠭᠤᠯᠵᠤ ᠪᠣᠯᠣᠨ᠎ᠠ  ᠃      ᠣᠳᠣᠬᠠᠨ ᠳᠤ  ᠂ ᠳ᠋ᠧᠩᠺᠸᠤ ᠰᠢᠶᠠᠨ ᠳᠤ ᠨᠡᠶᠢᠲᠡ 50 ᠭᠠᠷᠤᠢ ᠲᠥᠮᠥᠰᠥ ᠳᠠᠷᠢᠬᠤ ᠲᠣᠮᠣ ᠡᠷᠦᠬᠡ ᠪᠤᠶᠤ ᠳᠠᠷᠢᠬᠤ ᠬᠤᠷᠰᠢᠶ᠎ᠠ ᠲᠠᠢ ᠪᠠᠶᠢᠵᠤ  ᠂ ᠡᠷᠦᠬᠡ ᠪᠦᠷᠢ ᠶᠢᠨ ᠳᠠᠷᠢᠬᠤ ᠲᠠᠯᠠᠪᠠᠶ ᠨᠢ ᠪᠠᠭ᠎ᠠ ᠳᠠᠭᠠᠨ 200 ᠮᠦ  ᠂ ᠠᠷᠪᠢᠨ ᠳᠠᠭᠠᠨ 8000 ᠮᠦ ᠪᠠᠶᠢᠳᠠᠭ  ᠃ ᠲᠠᠷᠢᠮᠠᠯ ᠤᠨ ᠡᠷᠦᠬᠡ 1 ᠲᠣᠨ ᠲᠥᠮᠥᠰᠥ ᠭᠠᠷᠭᠠᠬᠤ ᠪᠦᠷᠢ ᠳᠤ 300 ︱ 500 ᠲᠥᠭᠦᠷᠢᠭ ᠤᠨ ᠠᠵᠢᠯᠴᠢᠨ ᠬᠡᠷᠡᠭᠯᠡᠬᠦ ᠵᠠᠷᠤᠳᠠᠯ ᠣᠷᠣᠭᠤᠯᠵᠤ  ᠂ ᠲᠤᠬᠠᠢ ᠶᠢᠨ ᠭᠠᠵᠠᠷ ᠤᠨ ᠮᠠᠰᠢ ᠣᠯᠠᠨ ᠦᠯᠡᠭᠦᠦ ᠬᠥᠳᠡᠯᠮᠦᠷᠢ ᠬᠦᠴᠦᠨ ᠳᠤ ᠠᠵᠢᠯ ᠬᠥᠳᠡᠯᠮᠦᠷᠢ ᠬᠢᠵᠦ ᠣᠷᠣᠯᠭ᠎ᠠ ᠪᠠᠨ ᠨᠡᠮᠡᠭᠳᠡᠭᠦᠯᠬᠦ ᠲᠣᠬᠢᠶᠠᠯ ᠣᠯᠭᠤᠵᠤ᠂ ᠠᠵᠤ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠳᠠᠶᠢᠴᠢᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ  ᠃      ᠣᠶᠢᠯᠠᠭᠠᠭᠰᠠᠨ ᠢᠶᠠᠷ  ᠂ ᠣᠯᠠᠨ ᠵᠢᠯ ᠤᠨ ᠴᠥᠬᠦᠷᠡᠰᠢ ᠦᠭᠡᠢ ᠵᠠᠰᠠᠯᠲᠠ ᠪᠠᠷ ᠳᠡᠮᠵᠢᠨ  ᠂ ᠳ᠋ᠧᠩᠺᠸᠤ ᠰᠢᠶᠠᠨ ᠤ ᠬᠢᠵᠠᠭᠠᠷ ᠲᠠᠬᠢ ᠤᠯᠠᠭᠠᠨᠪᠤᠬ᠎ᠠ ᠶᠢᠨ ᠡᠯᠡᠰᠦᠨ ᠴᠥᠯ ᠳᠤ ︽ ᠡᠯᠡᠰᠦ ᠨᠢ ᠤᠷᠤᠭᠰᠢᠯᠠᠵᠤ ᠬᠥᠮᠥᠨ ᠨᠢ ᠤᠬᠤᠷᠢᠬᠤ  ︾ ᠪᠠᠶᠢᠭᠰᠠᠨ  ᠠᠴᠠ ᠪᠠᠨ ︽ ᠨᠣᠭᠤᠭᠠᠨ ᠨᠢ ᠤᠷᠤᠭᠰᠢᠯᠠᠵᠤ ᠡᠯᠡᠰᠦ ᠨᠢ ᠪᠠᠭᠤᠷᠠᠬᠤ  ︾  ᠲᠡᠤᠬᠡᠳᠦ ᠴᠢᠨᠠᠷᠲᠠᠢ ᠬᠤᠪᠢᠷᠠᠯᠲᠠ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠬᠡᠷᠡᠯ ᠢᠯᠴᠢ ᠶᠢ ᠢᠯᠡᠭᠦᠦ ᠬᠡᠷᠡᠭᠯᠡᠬᠦ  ᠂ ᠤᠰᠤ ᠨᠢ ᠪᠠᠭ᠎ᠠ ᠬᠡᠷᠡᠭᠯᠡᠬᠦ ᠠᠮᠢ ᠠᠬᠤᠢ ᠶᠢᠨ ᠲᠠᠷᠢᠶᠠᠯᠠᠩ  ᠂ ᠡᠬᠢ ᠪᠠᠶᠠᠯᠢᠭ ᠤᠨ ᠬᠠᠮᠠᠭᠠᠯᠠᠯᠲᠠ ᠶᠢᠨ ᠬᠡᠯᠪᠡᠷᠢ ᠶᠢᠨ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ  ᠂ ᠠᠮᠢ ᠠᠬᠤᠢ  ᠂ ᠠᠵᠤ ᠠᠬᠤᠢ ᠪᠠ ᠨᠡᠶᠢᠭᠡᠮ ᠤᠨ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠦᠭᠰᠡᠨ ᠪᠠᠶᠢᠨ᠎ᠠ  ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号