ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 12 ᠰᠠᠷ᠎ᠠ ᠶᠢᠨ 26 ᠠᠴᠠ 27 ᠤ ᠡᠳᠦᠷ | ᠪᠤᠯᠲᠠᠯ᠎ᠠ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠬᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠬᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ᠂ ᠨᠠᠮ ᠤᠨ ᠭᠡᠰᠢᠭᠦᠨ ᠺᠠᠳ᠋ᠷᠴᠤᠳ ᠢ ᠪᠦᠯᠬᠦᠮᠳᠡᠭᠦᠯᠦᠨ ᠳᠠᠭᠠᠭᠤᠯᠵᠤ | ᠪᠠᠶᠢᠭᠠᠳ ᠬᠦᠴᠦᠯᠡᠨ ᠴᠢᠷᠮᠠᠶᠢᠵᠤ ᠭᠠᠪᠢᠶ᠎ᠠ ᠵᠢᠳᠬᠦᠯ ᠪᠠᠶᠢᠭᠤᠯᠬᠤ ᠵᠣᠷᠢᠭ ᠰᠠᠨᠠᠭ᠎ᠠ ᠪᠠᠷ ᠨᠠᠮ ᠤᠨ ᠬᠤᠷᠢᠳᠤᠭᠠᠷ ᠶᠡᠭᠡ | ᠬᠤᠷᠠᠯ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠪᠠᠷ ᠭᠤᠣᠯ ᠰᠡᠳᠦᠪ ᠢᠶᠠᠨ ᠪᠤᠯᠭᠠᠵᠥ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ ᠠᠵᠢᠯ ᠲᠠᠢ ᠤᠶᠠᠯᠳᠤᠭᠤᠯᠵᠤ᠂ ᠲᠦᠷᠦᠭᠦᠯᠡᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ᠂ | ᠲᠦᠷᠦᠭᠦᠯᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠵᠤ ᠰᠦᠭ ᠰᠦᠨᠡᠰᠦ ᠶᠢ ᠱᠤᠭᠤᠬᠤ᠂ ᠲᠦᠷᠦᠭᠦᠯᠡᠨ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ᠂ ᠲᠦᠷᠦᠭᠦᠯᠡᠨ ᠠᠷᠠᠳ ᠲᠦᠮᠡᠨ ᠢᠶᠠᠷ | ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠬᠤ᠂ ᠲᠦᠷᠦᠭᠦᠯᠡᠨ ᠲᠡᠮᠡᠴᠡᠯ ᠤᠨ ᠵᠣᠷᠢᠭ | ᠰᠠᠨᠠᠭ᠎ᠠ ᠶᠢ ᠪᠠᠳᠠᠷᠠᠭᠤᠯᠬᠤ᠂ ᠲᠦᠷᠦᠭᠦᠯᠡᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠠᠮᠵᠢᠯᠲᠠ | ᠪᠦᠳᠦᠮᠵᠢ ᠪᠠᠨ ᠳ᠋ᠦᠩᠨᠡᠵᠦ᠂ ᠳᠤᠲᠠᠭᠤᠳᠠᠯ ᠢᠶᠠᠨ ᠪᠠᠶᠢᠴᠠᠭᠠᠨ ᠳᠡᠯᠭᠡᠵᠦ᠂ ᠨᠠᠮᠴᠢ ᠴᠢᠨᠠᠷ ᠤᠨ ᠵᠠᠳᠠᠯᠤᠯᠲᠠ ᠬᠢᠵᠦ᠂ | ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ᠃ | | | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠭᠰᠡᠨ ᠪᠥᠭᠡᠳ ᠴᠢᠬᠤᠯᠠ | ᠶᠠᠷᠢᠶ᠎ᠠ ᠲᠠᠯᠪᠢᠵᠠᠢ᠃ | ᠬᠤᠷᠠᠯ ᠠᠴᠠ ᠡᠮᠦᠨ᠎ᠡ᠂ ᠬᠤᠯᠪᠣᠭᠳᠠᠯ ᠪᠦᠬᠦᠢ ᠲᠠᠯ᠎ᠠ ᠶᠢᠨ ᠬᠢᠨ ᠨᠠᠷᠢᠨ ᠬᠢᠨᠠᠮᠠᠭᠠᠢ ᠪᠡᠯᠡᠳᠬᠡᠯ ᠬᠢᠪᠡ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠬᠤᠯᠪᠣᠭᠳᠠᠯ ᠪᠦᠬᠦᠢ | ᠬᠠᠷᠢᠭᠤᠴᠠᠯᠭᠠᠲᠠᠨ ᠨᠥᠬᠦᠳ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠰᠠᠨᠠᠯ ᠰᠠᠨᠠᠭᠤᠯᠭ᠎ᠠ ᠶᠢ ᠨᠢ ᠰᠣᠨᠣᠰᠴᠤ᠂ | ᠶᠠᠷᠢᠶᠠᠨ ᠤ ᠬᠥᠲᠥᠯᠪᠦᠷᠢ ᠶᠢ ᠲᠤᠭᠤᠷᠪᠢᠪᠠ᠃ ᠬᠤᠷᠠᠯ ᠳᠡᠭᠡᠷ᠎ᠡ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠨᠥᠬᠦᠳ ᠨᠢᠭᠡᠳ ᠨᠢᠭᠡ ᠪᠠᠷ ᠦᠭᠡ ᠬᠡᠯᠡᠵᠦ᠂ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ᠂ | ︽ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠨ ᠬᠠᠮᠠᠭᠠᠯᠠᠬᠤ | ᠲᠤᠬᠠᠢ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠲᠣᠭᠲᠠᠭᠠᠯ ᠤᠳ︾᠂ ︽ᠨᠠᠮ ᠤᠨ | ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠲᠥᠪ ᠤᠨ ᠨᠠᠢᠮᠠᠨ ᠲᠣᠭᠲᠠᠭᠠᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠵᠢᠭᠦᠯᠦᠯᠲᠡ ᠶᠢᠨ ᠨᠠᠷᠢᠨ ᠳᠦᠷᠢᠮ︾ ᠲᠠᠢ ᠬᠠᠷᠭᠤᠭᠤᠯᠵᠤ᠂ ᠨᠠᠷᠢᠨ ᠬᠢᠨᠠᠮᠠᠭᠠᠢ | ᠪᠠᠶᠢᠴᠠᠭᠠᠨ ᠳᠡᠯᠭᠡᠵᠦ᠂ ᠭᠦᠨᠵᠡᠭᠡᠢ ᠵᠠᠳᠠᠯᠵᠤ᠂ ᠦᠨᠡᠨ ᠢᠶᠠᠨ ᠳᠡᠯᠭᠡᠨ ᠶᠠᠷᠢᠵᠤ᠂ ᠦᠨᠡᠨᠴᠢ ᠪᠠᠷ ᠬᠠᠨᠳᠤᠵᠤ᠂ ᠠᠭᠤᠷ | ᠠᠮᠢᠰᠬᠤᠯ ᠲᠥᠪ ᠴᠢᠩᠭ᠎ᠠ ᠬᠥᠭᠵᠢᠶᠡᠨᠲᠡᠢ ᠪᠠᠶᠢᠵᠤ᠂ ᠵᠢᠱᠢᠭᠰᠡᠨ ᠦᠷ᠎ᠡ ᠪᠦᠲᠦᠮᠵᠢ ᠣᠯᠪᠠ᠃ | | | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠤᠨ ᠶᠠᠷᠢᠶ᠎ᠠ ᠨᠢ 6 | ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠪᠡ᠃ ᠨᠢᠭᠡ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠤᠨ ᠲᠤᠬᠠᠢ ᠲᠠᠨᠢᠯᠲᠠ | ᠨᠡᠩ ᠭᠦᠨᠵᠡᠭᠡᠶᠢᠷᠡᠵᠦ᠂ ᠤᠬᠠᠮᠰᠠᠷ ᠠᠴᠠ ᠪᠠᠨ ᠪᠦᠭᠦ ᠲᠠᠯ᠎ᠠ ᠪᠠᠷ ᠰᠤᠷᠤᠯᠴᠠᠬᠤ᠂ ᠪᠦᠭᠦ ᠲᠠᠯ᠎ᠠ ᠪᠠᠷ ᠡᠵᠡᠮᠳᠡᠬᠦ᠂ | ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠳᠡᠭᠡᠷ᠎ᠡ ᠦᠨᠡᠨ ᠬᠦ ᠬᠦᠴᠦ ᠣᠷᠣᠭᠤᠯᠤᠨ ᠪᠣᠳᠠᠲᠤ ᠪᠦᠲᠦᠮᠵᠢ ᠭᠠᠷᠭᠠᠬᠤ | ᠬᠡᠷᠡᠭᠲᠡᠢ᠃ ᠬᠤᠶᠠᠷ ᠲᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠤᠨ ᠲᠤᠬᠠᠢ | ᠣᠶᠢᠯᠠᠭᠠᠯᠲᠠ ᠨᠠᠩ ᠭᠦᠨᠵᠡᠭᠡᠶᠢᠷᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠦᠵᠡᠯ ᠰᠠᠨᠠᠭᠠᠨ ᠤ ᠤᠬᠠᠮᠰᠠᠷ | ᠂ ᠤᠯᠤᠰ ᠲᠥᠷᠥ ᠶᠢᠨ ᠤᠬᠠᠮᠰᠠᠷ᠂ ᠦᠶᠯᠡ ᠠᠵᠢᠯᠯᠠᠭ᠎ᠠ ᠶᠢᠨ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠬᠤ | ᠬᠡᠷᠡᠭᠲᠡᠢ᠃ ᠭᠤᠷᠪᠠ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠯᠤᠰ ᠭᠡᠳᠦ ᠶᠢᠨ ᠵᠢᠯᠤᠭᠤᠳᠬᠤ ᠠᠴᠢ ᠬᠤᠯᠪᠣᠭᠳᠠᠯ ᠤᠨ ᠲᠤᠬᠠᠢ | ᠲᠠᠨᠢᠯᠲᠠ ᠨᠡᠩ ᠭᠦᠨᠵᠡᠭᠡᠶᠢᠷᠡᠵᠦ᠂ ᠦᠨᠡᠨ ᠬᠦ ᠡᠭᠦᠨ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ | ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠳᠥᠷᠪᠡ ᠳᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ | ᠱᠠᠭᠠᠷᠳᠠᠯᠭ᠎ᠠ᠂ ᠴᠢᠬᠤᠯᠠ ᠶᠡᠭᠡ ᠵᠠᠷᠴᠢᠮ ᠪᠣᠯᠣᠨ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠤᠬᠠᠢ ᠲᠠᠨᠢᠯᠲᠠ ᠨᠡᠩ ᠭᠦᠨᠵᠡᠭᠡᠶᠢᠷᠡᠵᠦ᠂ | ᠪᠡᠷᠬᠡ ᠬᠠᠲᠠᠭᠤᠵᠢᠯᠲᠠᠢ ᠬᠦᠨᠳᠦ ᠨᠦᠰᠡᠷ ᠡᠭᠦᠷᠭᠡ ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠳᠤ ᠬᠠᠨᠳᠤᠨ᠂ | ᠵᠣᠷᠢᠭᠲᠠᠢ ᠲᠡᠮᠡᠴᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠮ ᠤᠨ ᠲᠥᠯᠥᠭᠡ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠤᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠬᠦ | ᠬᠡᠷᠡᠭᠲᠡᠢ᠃ ᠲᠠᠪᠤ ᠳᠤ᠂ ᠤᠳᠤᠷᠢᠳᠬᠤ ᠺᠠᠳ᠋ᠷ ᠤᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠠᠯ᠎ᠠ ᠪᠠᠷ ᠬᠢ | ᠵᠦᠭᠯᠡᠭᠦᠷ ᠤᠨ ᠦᠢᠯᠡᠳᠦᠯ ᠤᠨ ᠲᠤᠬᠠᠢ ᠲᠠᠨᠢᠯᠲᠠ ᠨᠡᠩ ᠭᠦᠨᠵᠡᠭᠡᠶᠢᠷᠡᠵᠦ᠂ ᠥᠪᠡᠷ ᠤᠨ ᠪᠡᠶ᠎ᠡ ᠳᠡᠭᠡᠨ ᠬᠤᠪᠢᠰᠬᠠᠯ | ᠬᠢᠬᠦ ᠳᠤ ᠴᠢᠩᠭ᠎ᠠ ᠪᠠᠶᠢᠵᠤ᠂ ᠤᠬᠠᠮᠰᠠᠷ ᠠᠴᠠ ᠪᠠᠨ ᠳᠦᠷᠢᠮ ᠲᠣᠭᠲᠠᠭᠠᠯ ᠢ ᠵᠢᠷᠤᠮᠯᠠᠵᠤ ᠰᠠᠬᠢᠯᠭ᠎ᠠ ᠪᠠᠲᠤ ᠶᠢ | ᠰᠠᠬᠢᠬᠤ ᠲᠠᠯ᠎ᠠ ᠪᠠᠷ ᠪᠦᠭᠦ ᠨᠠᠮ ᠳᠤ ᠳᠠᠭᠤᠷᠢᠶᠠᠯ ᠪᠤᠯᠬᠤ ᠬᠡᠷᠡᠭᠲᠡᠢ᠃ ᠵᠢᠷᠭᠤᠭ᠎ᠠ ᠳᠤ᠂ ᠶᠡᠭᠡ ᠨᠠᠮ ᠳᠤ ᠯᠡ ᠪᠠᠶᠢᠭ᠎ᠠ | ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠴᠢᠨᠠᠷ ᠪᠣᠯᠣᠨ ᠡᠷᠡᠰ ᠪᠠᠲᠤ ᠴᠢᠨᠠᠷ ᠢ ᠪᠠᠷᠢᠮᠲᠠᠯᠠᠬᠤ ᠲᠤᠬᠠᠢ | ᠲᠠᠨᠢᠯᠲᠠ ᠨᠡᠩ ᠭᠦᠨᠵᠡᠭᠡᠶᠢᠷᠡᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠬᠡᠷᠡᠭᠲᠡᠢ᠃ | ᠬᠤᠷᠠᠯ ᠠᠴᠠ᠂ ᠡᠨᠡ ᠵᠢᠯ ᠪᠣᠯ ᠨᠠᠮ ᠪᠠ ᠤᠯᠤᠰ ᠤᠨ ᠲᠡᠦᠬᠡᠨ ᠳᠡᠭᠡᠷᠡᠬᠢ ᠲᠤᠶᠢᠯ ᠤᠨ ᠴᠢᠬᠤᠯᠠ ᠨᠢᠭᠡ ᠵᠢᠯ | ᠮᠥᠨ᠃ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠢ ᠢᠯᠠᠯᠲᠠ ᠲᠠᠢ ᠪᠠᠷ ᠬᠤᠷᠠᠯᠳᠤᠭᠤᠯᠵᠤ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠲᠥᠰᠥᠪ ᠢ ᠵᠢᠷᠤᠭᠯᠠᠪᠠ᠃ ᠰᠠᠯᠬᠢ | ᠶᠡᠭᠡ ᠳᠠᠪᠠᠯᠭᠠᠨ ᠰᠢᠷᠦᠭᠦᠨ ᠳᠡᠯᠡᠬᠡᠢ ᠶᠢᠨ ᠣᠷᠴᠢᠨ ᠲᠣᠭᠤᠷᠢᠨ ᠪᠣᠯᠣᠨ ᠪᠡᠷᠬᠡ ᠬᠠᠲᠠᠭᠤᠵᠢᠯᠲᠠᠢ ᠤᠯᠤᠰ ᠤᠨ | ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ | ᠤᠷᠤᠭᠰᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ | ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠬᠤᠷᠸ᠎ᠠ ᠲᠣᠬᠢᠷᠠᠭᠤᠯᠭ᠎ᠠ ᠡᠵᠡᠮᠰᠢᠯ ᠤᠨ | ᠡᠷᠴᠢᠮ ᠢᠶᠠᠨ ᠴᠢᠩᠭᠠᠷᠠᠭᠤᠯᠵᠤ᠂ ᠵᠢᠱᠢᠯᠲᠡ ᠠᠴᠠ ᠳᠠᠪᠠᠭᠰᠠᠨ ᠬᠦᠴᠦᠨ ᠵᠦᠢᠯ ᠤᠨ ᠳᠠᠭᠠᠷᠢᠯᠲᠠ ᠶᠢ ᠠᠷᠭᠠᠴᠠᠭᠠᠵᠤ᠂ | ᠠᠵᠤ ᠠᠬᠤᠢ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠪᠠ᠃ ᠪᠦᠭᠦ ᠵᠢᠯ ᠤᠨ ᠠᠵᠤ ᠠᠬᠤᠢ | ᠨᠡᠮᠡᠭᠳᠡᠯ ᠢᠶᠠᠨ ᠪᠠᠲᠤᠯᠠᠵᠤ᠂ ᠠᠵᠢᠯ ᠣᠯᠭᠤᠯᠲᠠ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠪᠠᠷᠠᠭᠠᠨ ᠤ ᠦᠨ᠎ᠡ | ᠲᠣᠭᠲᠠᠭᠤᠨ ᠪᠠᠶᠢᠵᠤ᠂ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠶᠢᠨ ᠪᠠᠶᠢᠳᠠᠯ ᠨᠡᠯᠢᠶᠡᠳ ᠰᠠᠶᠢᠨ | ᠪᠠᠶᠢᠨ᠎ᠠ᠃ ᠠᠮᠤ ᠪᠤᠳᠠᠭᠠᠨ ᠤ ᠤᠨᠠᠯᠲᠠ ᠨᠠᠢᠮᠠᠨ ᠵᠢᠯ ᠳᠠᠷᠠᠭᠠᠯᠠᠨ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ | ᠪᠠᠶᠢᠬᠤ ᠶᠢ ᠪᠠᠲᠤᠯᠠᠵᠤ᠂ ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ ᠪᠠ ᠠᠷᠠᠳ ᠤᠨ | ᠠᠮᠢᠳᠤᠷᠠᠯ ᠢ ᠪᠦᠲᠦᠮᠵᠢᠲᠡᠢ ᠪᠠᠲᠤᠯᠠᠪᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ | ᠴᠤᠭᠯᠠᠭᠠᠨ᠂ ᠵᠡᠮᠳᠡᠭᠴᠦᠳ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ | ᠡᠷᠭᠢᠯᠡᠪᠡ᠃ ᠡᠳᠡᠭᠡᠷ ᠠᠮᠵᠢᠯᠲᠠ ᠪᠦᠲᠦᠮᠵᠢ ᠨᠢ ᠮᠠᠰᠢ ᠭᠢᠯᠪᠠᠷ ᠪᠤᠰᠤ᠂ ᠬᠤᠪᠢ ᠳᠠᠭᠢᠨ ᠨᠠᠨᠳᠢᠩᠨᠠᠭᠤᠰᠢᠲᠠᠢ ᠶᠤᠮ | ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠳ᠂ ︽ᠬᠤᠶᠠᠷ ᠢ | ᠲᠣᠭᠲᠠᠭᠠᠭᠰᠠᠨ︾ ᠨᠢ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠲᠠᠢ ᠭᠡᠳᠡᠭ ᠢ ᠨᠢᠭᠡ ᠵᠢᠯ ᠤᠨ ᠲᠤᠷᠰᠢᠬᠢ | ᠦᠢᠯᠡᠳᠦᠯᠭᠡ ᠳᠠᠬᠢᠨᠲᠠ ᠭᠡᠷᠡᠴᠢᠯᠡᠪᠡ᠃ ᠰᠢᠨ᠎ᠡ ᠠᠶᠠᠨ ᠳᠤ᠂ ᠪᠦᠭᠦ ᠨᠠᠮ ᠢᠶᠠᠷ ᠢᠶᠠᠨ ᠡᠷᠬᠡᠪᠰᠢ ︽ᠬᠤᠶᠠᠷ ᠢ | ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠲᠦᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠣᠳᠣᠯᠭ᠎ᠠ ᠪᠣᠯᠣᠨ ᠠᠵᠢᠯ ᠤᠨ | ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠢᠷᠡᠬᠦ ᠵᠢᠯ | ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ | ᠡᠭᠢᠯᠡᠯᠲᠡ ᠶᠢᠨ ᠵᠢᠯ ᠮᠥᠨ᠂ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ | ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠭᠤᠷᠪᠠᠨ ᠡᠷᠬᠡᠪᠰᠢ︾ ᠶᠢ ᠪᠠᠲᠤ | ᠴᠡᠭᠡᠵᠢᠯᠡᠵᠦ᠂ ᠪᠦᠯᠬᠦᠮᠳᠡᠨ ᠲᠡᠮᠡᠴᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠰᠠᠶᠢᠨ ᠰᠠᠶᠢᠬᠠᠨ ᠡᠭᠢᠯᠡᠯᠲᠡ ᠶᠢ | ᠴᠢᠷᠮᠠᠶᠢᠨ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ | ᠠᠬᠢᠭᠤᠯᠬᠤ ᠳᠤ ᠰᠠᠶᠢᠲᠤᠷ ᠰᠠᠭᠤᠷᠢ ᠲᠠᠯᠪᠢᠬᠤ ᠬᠡᠷᠡᠭᠲᠡᠢ ᠭᠡᠵᠦ ᠰᠠᠨᠠᠯ ᠨᠢᠭᠡᠲᠡᠢ ᠦᠵᠡᠵᠡᠭᠡᠪᠡ᠃ | ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠤᠨ | ᠬᠠᠷᠢᠴᠠᠭᠤᠯᠤᠨ ᠪᠠᠶᠢᠴᠠᠭᠠᠵᠤ ᠶᠠᠷᠢᠭᠰᠠᠨ ᠶᠠᠷᠢᠶ᠎ᠠ ᠶᠢ ᠨᠢᠭᠡᠳ ᠨᠢᠭᠡ ᠪᠠᠷ ᠦᠨᠡᠯᠡᠵᠦ᠂ ᠨᠢᠭᠡᠳ ᠨᠢᠭᠡ ᠪᠠᠷ | ᠱᠠᠭᠠᠷᠳᠠᠯᠭ᠎ᠠ ᠳᠤᠷᠠᠳᠤᠭᠰᠠᠨ ᠪᠥᠭᠡᠳ ᠳ᠋ᠦᠩᠨᠡᠯᠲᠡ ᠬᠢᠪᠡ᠃ ᠲᠡᠷᠡ᠂ ᠡᠨᠡ ᠤᠳᠠᠭ᠎ᠠ ᠶᠢᠨ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠮᠠᠰᠢ ᠰᠠᠶᠢᠨ ᠬᠢᠵᠦ | ᠂ ᠮᠠᠰᠢ ᠶᠡᠭᠡ ᠠᠮᠵᠢᠯᠲᠠ ᠪᠦᠲᠦᠮᠵᠢ ᠣᠯᠵᠠᠢ᠂ ᠤᠯᠠᠨ ᠢᠶᠠᠷ ᠢᠶᠠᠨ ᠰᠡᠳᠬᠢᠯ ᠢᠶᠠᠨ ᠳᠡᠯᠭᠡᠵᠦ᠂ ᠦᠵᠡᠯ ᠰᠠᠨᠠᠭ᠎ᠠ ᠪᠠᠨ | ᠰᠣᠯᠢᠯᠴᠠᠵᠤ᠂ ᠠᠰᠠᠭᠤᠳᠠᠯ ᠢ ᠪᠠᠶᠢᠴᠠᠭᠠᠨ ᠦᠵᠡᠵᠦ᠂ ᠴᠢᠭᠯᠡᠯ ᠢ ᠲᠣᠳᠣᠷᠬᠠᠶᠢᠯᠠᠵᠤ᠂ ᠨᠠᠮ ᠤᠨ ᠲᠥᠪ ᠬᠤᠷᠢᠶᠠᠨ ᠤ | ᠤᠯᠤᠰ ᠲᠦᠷᠦ ᠶᠢᠨ ᠲᠣᠪᠴᠢᠶᠠᠨ ᠤ ᠪᠦᠯᠬᠦᠮᠳᠡᠯ ᠢ ᠴᠢᠩᠭᠠᠳᠬᠠᠬᠤ᠂ ᠠᠵᠢᠯ ᠢᠶᠠᠨ ᠰᠠᠶᠢᠵᠢᠷᠠᠭᠤᠯᠬᠤ᠂ ᠡᠭᠦᠷᠭᠡ | ᠬᠠᠷᠢᠭᠤᠴᠠᠯᠭ᠎ᠠ ᠡᠭᠦᠷᠭᠡᠯᠡᠬᠦ ᠳᠤ ᠮᠠᠰᠢ ᠶᠡᠭᠡ ᠬᠠᠪᠰᠤᠷᠤᠯᠭ᠎ᠠ ᠦᠵᠡᠭᠦᠯᠵᠦ᠂ ᠲᠥᠪ ᠤᠨ ᠤᠳᠤᠷᠢᠳᠬᠤ ᠬᠠᠮᠲᠤ ᠶᠢᠨ | ᠨᠢᠭᠲᠠᠷᠠᠯ ᠤᠨ ᠬᠦᠴᠦᠨ᠂ ᠲᠠᠶᠢᠴᠢᠨ ᠬᠦᠴᠦᠨ᠂ ᠲᠥᠪᠯᠡᠷᠡᠩᠭᠦᠢ ᠬᠦᠴᠦᠨ ᠢ ᠴᠢᠩᠭᠠᠳᠬᠠᠬᠤ ᠳᠤ ᠮᠠᠰᠢ ᠶᠡᠭᠡ | ᠬᠠᠪᠰᠤᠷᠤᠯᠭ᠎ᠠ ᠦᠵᠡᠭᠦᠯᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮᠲᠤ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ | ᠠᠬᠢᠭᠤᠯᠬᠤ ᠠᠤᠭ᠎ᠠ ᠲᠥᠰᠥᠪ ᠢ ᠵᠢᠷᠤᠭᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠪᠣᠯᠣᠨ ᠤᠯᠤᠰ ᠤᠨ | ᠠᠵᠢᠯ ᠦᠢᠯᠡᠰ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠣᠳᠣᠷᠬᠠᠶᠢᠯᠠᠪᠠ᠃ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠠᠪᠤᠳᠠᠯ ᠪᠣᠯ ᠣᠳᠣᠬᠠᠨ ᠤ ᠪᠠ | ᠬᠤᠶᠢᠰᠢᠳᠠ ᠶᠢᠨ ᠬᠡᠰᠡᠭ ᠬᠤᠭᠤᠴᠠᠭᠠᠨ ᠳᠠᠬᠢ ᠪᠦᠭᠦ ᠨᠠᠮ ᠤᠨ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ | ᠮᠥᠨ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠤᠷᠤᠯᠴᠠᠵᠤ᠂ ᠪᠦᠭᠦ ᠲᠠᠯ᠎ᠠ ᠪᠠᠷ ᠡᠵᠡᠮᠰᠢᠵᠦ᠂ ᠪᠦᠭᠦ ᠲᠠᠯ᠎ᠠ ᠪᠠᠷ | ᠨᠠᠶᠢᠳᠠᠪᠤᠷᠢᠵᠢᠭᠤᠯᠬᠤ ᠲᠠᠯ᠎ᠠ ᠪᠠᠷ ᠰᠠᠶᠢᠲᠤᠷ ᠲᠦᠷᠦᠭᠦᠯᠡᠨ᠂ ᠦᠯᠢᠭᠡᠷ ᠳᠠᠭᠤᠷᠢᠶᠠᠯ ᠪᠣᠯᠵᠤ᠂ ᠡᠭᠦᠷᠭᠡ | ᠬᠠᠷᠢᠭᠤᠴᠠᠯᠭ᠎ᠠ ᠪᠠᠨ ᠭᠤᠲᠤᠭᠠᠬᠤ ᠦᠭᠡᠢ᠂ ᠤᠯᠠᠨ ᠤ ᠬᠦᠰᠡᠯ ᠢ ᠬᠥᠰᠡᠷᠳᠡᠭᠦᠯᠬᠦ ᠦᠭᠡᠢ ᠪᠠᠶᠢᠵᠤ᠂ ᠦᠵᠡᠯ ᠰᠠᠨᠠᠭ᠎ᠠ | ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠭᠠᠷᠭᠠᠭᠰᠠᠨ ᠡᠯ᠎ᠡ ᠵᠦᠢᠯ ᠤᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠬᠠᠮᠠᠭᠠᠯᠠᠬᠤ ᠪᠣᠯ ᠪᠣᠯᠪᠠᠰᠤᠷᠠᠩᠭᠤᠢ ᠮᠠᠷᠺᠰ ᠤᠨ ᠦᠵᠡᠯ ᠤᠨ ᠲᠦᠷᠦ ᠪᠠᠷᠢᠭᠴᠢ ᠨᠠᠮ ᠤᠨ ᠴᠢᠬᠤᠯᠠ ᠶᠡᠭᠡ ᠨᠠᠮ | ᠪᠠᠶᠢᠭᠤᠯᠬᠤ ᠵᠠᠷᠴᠢᠮ ᠮᠥᠨ᠃ ᠮᠠᠨ ᠤ ᠡᠶᠢᠮᠦ ᠨᠢᠭᠡᠨ ᠶᠡᠭᠡ ᠨᠠᠮ᠂ ᠡᠶᠢᠮᠦ ᠨᠢᠭᠡᠨ ᠶᠡᠭᠡ ᠤᠯᠤᠰ ᠬᠡᠷᠪᠡ ᠨᠠᠮ ᠤᠨ | ᠲᠥᠪ ᠬᠤᠷᠢᠶ᠎ᠠ ᠴᠢᠩᠭ᠎ᠠ ᠬᠦᠴᠦᠲᠡᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠡᠷᠡᠭᠵᠢᠭᠦᠯᠬᠦ ᠦᠭᠡᠢ ᠪᠣᠯ | ᠳᠠᠷᠤᠢ ᠲᠤᠰ ᠲᠤᠰ ᠲᠠᠭᠠᠨ ᠲᠤᠭ ᠪᠣᠰᠬᠠᠵᠤ᠂ ᠪᠤᠳᠤᠬᠰᠠᠨ ᠢᠶᠠᠷ ᠢᠶᠠᠨ ᠬᠢᠬᠦ ᠪᠠᠶᠢᠳᠠᠯ ᠭᠠᠷᠴᠤ᠂ ᠶᠠᠮᠠᠷ ᠴᠤ | ᠶᠠᠪᠤᠳᠠᠯ ᠢ ᠪᠦᠲᠦᠭᠡᠵᠦ ᠴᠢᠳᠠᠬᠤ ᠦᠭᠡᠢ ᠪᠣᠯᠣᠨ᠎ᠠ᠃ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠬᠠᠮᠠᠭᠠᠯᠠᠬᠤ ᠪᠣᠯ ᠬᠡᠶᠢᠰᠪᠦᠷᠢ ᠪᠢᠰᠢ ᠬᠠᠷᠢᠨ ᠪᠣᠳᠠᠲᠠᠢ ᠪᠠᠶᠢᠳᠠᠭ᠂ ᠡᠩ ᠲᠡᠷᠢᠭᠦᠨ ᠳᠤ ᠨᠠᠮ ᠤᠨ | ᠲᠥᠪ ᠬᠤᠷᠢᠶᠠᠨ ᠤ ᠡᠷᠬᠡ ᠰᠦᠷ ᠢ ᠡᠷᠡᠰ ᠬᠠᠮᠠᠭᠠᠯᠠᠬᠤ ᠳᠡᠭᠡᠷ᠎ᠡ ᠨᠠᠶᠢᠳᠠᠪᠤᠷᠢᠵᠢᠭᠤᠯᠵᠤ᠂ ︽ᠲᠦᠷᠪᠡᠨ ᠤᠬᠠᠮᠰᠠᠷ︾ | ᠢᠶᠠᠨ ᠴᠢᠩᠭᠠᠳᠬᠠᠬᠤ᠂ ︽ᠲᠦᠷᠪᠡᠨ ᠢᠲᠡᠭᠡᠯ︾ ᠢᠶᠠᠨ ᠪᠠᠲᠤᠳᠬᠠᠬᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠪᠣᠳᠠᠲᠤ ᠠᠵᠢᠯᠯᠠᠭ᠎ᠠ ᠳᠡᠭᠡᠷ᠎ᠡ ᠨᠠᠶᠢᠳᠠᠪᠤᠷᠢᠵᠢᠭᠤᠯᠬᠤ ᠬᠡᠷᠡᠭᠲᠡᠢ᠃ | ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠣᠷ᠎ᠠ ᠴᠤ ᠭᠡᠳ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠨᠢᠭᠡᠳᠦᠯᠲᠡᠢ ᠵᠢᠯᠣᠭᠤᠳᠤᠯᠭ᠎ᠠ ᠶᠢᠨ ᠨᠠᠶᠢᠷᠠᠯ | ᠬᠥᠭᠵᠢᠮ ᠳᠤᠮᠳᠠ ᠬᠠᠮᠲᠤ ᠶᠢᠨ ᠭᠦᠭ ᠢ ᠪᠦᠷᠢᠯᠳᠦᠭᠦᠯᠵᠦ᠂ ᠶᠠᠭᠠᠬᠢᠭᠰᠠᠨ ᠴᠤ ᠬᠤᠭᠤᠯᠠᠢ ᠰᠣᠯᠣᠭᠠᠶᠢᠷᠠᠵᠤ᠂ ᠭᠦᠭ | ᠢᠶᠠᠨ ᠠᠯᠳᠠᠵᠤ ᠪᠤᠯᠬᠤ ᠦᠭᠡᠢ︔ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠣᠷ᠎ᠠ ᠴᠥᠮ ᠨᠠᠮ ᠤᠨ ᠲᠤᠭ ᠢᠶᠠᠷ | ᠲᠤᠭ ᠪᠤᠯᠭᠠᠬᠤ᠂ ᠨᠠᠮ ᠤᠨ ᠴᠢᠭᠯᠡᠯ ᠢᠶᠠᠷ ᠴᠢᠭᠯᠡᠯ ᠪᠤᠯᠭᠠᠬᠤ᠂ ᠨᠠᠮ ᠤᠨ ᠵᠣᠷᠢᠯᠲᠠ ᠪᠠᠷ ᠵᠣᠷᠢᠯᠲᠠ ᠪᠤᠯᠭᠠᠬᠤ ᠶᠢ | ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠠᠨᠠᠭᠠᠴᠢᠯᠠᠭᠰᠠᠨ ᠵᠦᠢᠯ ᠢ ᠡᠷᠡᠰ ᠴᠤᠤᠷᠢᠶᠠᠲᠤᠨ ᠲᠠᠭᠠᠵᠤ᠂ ᠨᠠᠮ ᠤᠨ | ᠲᠥᠪ ᠬᠤᠷᠢᠶᠠᠨ ᠤ ᠲᠣᠭᠲᠠᠭᠠᠭᠰᠠᠨ ᠵᠦᠢᠯ ᠢ ᠡᠷᠡᠰ ᠵᠢᠷᠤᠮᠯᠠᠨ ᠭᠦᠢᠴᠡᠳᠬᠡᠵᠦ᠂ ᠨᠠᠮ ᠤᠨ ᠲᠥᠪ ᠬᠤᠷᠢᠶᠠᠨ ᠤ | ᠴᠠᠭᠠᠵᠠᠯᠠᠭᠰᠠᠨ ᠵᠦᠢᠯ ᠢ ᠶᠠᠭᠠᠬᠢᠭᠰᠠᠨ ᠴᠤ ᠬᠢᠬᠦ ᠦᠭᠡᠢ ᠪᠠᠶᠢᠵᠤ᠂ ᠦᠷᠭᠦᠯᠵᠢ ᠪᠠᠷᠢᠮᠵᠢᠶᠠᠯᠠᠨ ᠬᠠᠷᠭᠤᠭᠤᠯᠵᠤ᠂ | ᠠᠯᠳᠠᠭ᠎ᠠ ᠪᠤᠷᠤᠭᠤ ᠪᠠᠨ ᠴᠠᠭ ᠲᠤᠬᠠᠢ ᠳᠤᠨᠢ ᠵᠠᠯᠠᠷᠠᠭᠤᠯᠬᠤ ᠭᠡᠷᠡᠭᠲᠡᠢ︔ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ | ᠳᠣᠣᠷ᠎ᠠ ᠴᠥᠮ ᠨᠠᠮ ᠳᠠᠭᠠᠨ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠶᠢ ᠪᠠᠷᠢᠮᠲᠠᠯᠠᠵᠤ᠂ ᠨᠠᠮ ᠤᠨ ᠲᠥᠪ | ᠬᠤᠷᠢᠶ᠎ᠠ ᠲᠠᠢ ᠰᠡᠳᠬᠢᠯ ᠵᠣᠷᠢᠭ ᠨᠢᠭᠡᠲᠡᠢ ᠪᠠᠶᠢᠵᠤ᠂ ᠨᠠᠮ ᠢᠶᠠᠨ ᠬᠠᠶᠢᠷᠠᠯᠠᠵᠤ᠂ ᠴᠠᠭ ᠢᠮᠠᠭᠲᠠ ᠨᠠᠮ ᠤᠨ ᠢᠶᠠᠨ | ᠲᠥᠯᠥᠭᠡ ᠰᠠᠨᠠᠭᠠᠰᠢᠷᠠᠵᠤ᠂ ᠨᠠᠮ ᠢᠶᠠᠨ ᠡᠷᠡᠰ ᠬᠠᠮᠠᠭᠠᠯᠠᠵᠤ᠂ ᠪᠦᠭᠦ ᠬᠦᠴᠦᠨ ᠢᠶᠠᠷ ᠢᠶᠠᠨ ᠨᠠᠮ ᠢᠶᠠᠨ ᠮᠠᠨᠳᠤᠭᠤᠯᠬᠤ | ᠬᠡᠷᠡᠭᠲᠡᠢ᠃ ᠠᠵᠢᠯ ᠤᠨ ᠳᠤᠮᠳᠠᠬᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠴᠢᠬᠤᠯᠠ ᠶᠡᠭᠡ ᠵᠦᠢᠯᠡᠰ᠂ | ᠴᠢᠬᠤᠯᠠ ᠪᠠᠶᠢᠳᠠᠯ ᠢ ᠴᠠᠭ ᠲᠤᠬᠠᠢ ᠳᠤᠨᠢ ᠨᠠᠮ ᠤᠨ ᠲᠥᠪ ᠬᠤᠷᠢᠶ᠎ᠠ ᠠᠴᠠ ᠵᠢᠭᠠᠪᠤᠷᠢ ᠠᠪᠴᠤ ᠨᠠᠮ ᠲᠥᠪ ᠬᠤᠷᠢᠶ᠎ᠠ | ᠳᠤ ᠮᠡᠳᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠵᠠᠢ᠃︔ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠤᠷᠢᠳ ᠡᠮᠦᠨ᠎ᠡ ᠪᠠᠶᠢᠭ᠎ᠠ | ᠦᠭᠡᠢ ᠪᠦᠲᠦᠭᠡᠯᠴᠢ ᠴᠢᠨᠠᠷᠲᠠᠢ ᠦᠢᠯᠡᠰ ᠮᠥᠨ᠂ ᠪᠢᠳᠡ ᠰᠦᠪᠡᠭᠴᠢᠯᠡᠯᠲᠡ ᠬᠢᠵᠦ ᠰᠢᠨ᠎ᠡ ᠶᠢ ᠡᠭᠦᠳᠭᠦ ᠴᠢᠬᠤᠯᠠᠲᠠᠢ | ᠶᠤᠮ᠃ ᠡᠨᠡ ᠨᠢ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠤᠳᠤᠷᠢᠳᠬᠤ ᠺᠠᠳ᠋ᠷᠴᠤᠳ ᠤᠨ ᠬᠡᠪ | ᠪᠣᠯᠪᠠᠰᠤᠷᠠᠯ ᠴᠢᠳᠠᠪᠤᠷᠢ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠴᠤ᠂ ᠮᠠᠨ ᠤ ᠤᠶᠤᠨ ᠰᠠᠨᠠᠭᠠᠨ ᠤ | ᠳᠦᠷᠰᠦ ᠪᠠᠶᠢᠳᠠᠯ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠤᠯᠤᠰ ᠲᠦᠷᠦ ᠶᠢᠨ | ᠲᠣᠪᠴᠢᠶᠠᠨ ᠤ ᠨᠥᠬᠦᠳ ᠲᠤ ᠠᠪᠴᠤ ᠬᠡᠯᠡᠪᠡᠯ᠂ ᠬᠠᠮᠤᠭ ᠤᠨ ᠴᠢᠬᠤᠯᠠ ᠡᠭᠦᠷᠭᠡ ᠲᠤᠰᠢᠶᠠᠯ ᠢᠶᠠᠨ ᠭᠦᠢᠴᠡᠳᠬᠡᠬᠦ | ᠴᠢᠳᠠᠪᠤᠷᠢ ᠪᠣᠯ ᠳᠠᠷᠤᠢ ᠤᠯᠤᠰ ᠲᠦᠷᠦ ᠶᠢᠨ ᠴᠢᠳᠠᠪᠤᠷᠢ ᠪᠣᠯᠣᠨ᠎ᠠ᠂ ᠮᠠᠷᠺᠰ ᠤᠨ ᠦᠵᠡᠯ ᠤᠨ ᠤᠯᠤᠰ | ᠲᠥᠷᠥᠴᠢᠨ ᠤ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ | ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠭᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ | ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ | ᠬᠥᠭᠵᠢᠯᠲᠡ ᠶᠢᠨ ᠶᠡᠭᠡ ᠬᠠᠨᠳᠤᠰᠢ ᠶᠡᠭᠡ ᠲᠠᠯ᠎ᠠ ᠶᠢ ᠰᠤᠳᠤᠯᠤᠨ ᠮᠠᠭᠠᠳᠯᠠᠬᠤ ᠳᠠᠭᠠᠨ ᠴᠢᠳᠠᠮᠠᠭᠠᠢ ᠪᠠᠶᠢᠵᠤ᠂ ︽ | ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ | ᠪᠣᠳᠣᠯᠭ᠎ᠠ ᠶᠢ ᠰᠦᠪᠡᠭᠴᠢᠯᠡᠬᠦ ᠳᠡᠭᠡᠨ ᠴᠢᠳᠠᠮᠠᠭᠠᠢ ᠪᠠᠶᠢᠵᠤ᠂ ᠠᠷᠠᠳ ᠲᠦᠮᠡᠨ ᠳᠤ ᠪᠤᠶᠠᠨ ᠦᠢᠯᠡᠳᠴᠦ᠂ ᠠᠷᠠᠳ ᠤᠨ | ᠰᠡᠳᠬᠢᠯ ᠢ ᠣᠯᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠱᠠᠭᠠᠷᠳᠠᠯᠭ᠎ᠠ ᠶᠣᠰᠣᠭᠠᠷ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ᠂ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠦ | ᠴᠢᠬᠤᠯᠠᠴᠢᠯᠠᠵᠠᠢ᠃ | ᠰᠢ ᠶᠢᠨ ᠫᠢᠩ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠷᠤᠭᠯᠠᠭᠰᠠᠨ ᠠᠤᠭ᠎ᠠ ᠵᠢᠷᠤᠭ ᠲᠥᠰᠥᠪ ᠢ | ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠳᠤ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠱᠠᠭᠠᠷᠳᠠᠨ᠎ᠠ᠃ ᠡᠯ᠎ᠡ ᠱᠠᠲᠤᠨ ᠤ ᠤᠳᠤᠷᠢᠳᠬᠤ | ᠺᠠᠳ᠋ᠷ ᠨᠠᠮ ᠤᠨ ᠲᠥᠯᠥᠭᠡ ᠪᠡᠶ᠎ᠡ ᠪᠠᠷ ᠢᠶᠠᠨ ᠣᠷᠣᠯᠴᠠᠵᠤ᠂ ᠥᠷᠯᠥᠭᠡ ᠦᠳᠡᠰᠢ ᠶᠢ ᠲᠡᠮᠡᠴᠡᠨ ᠠᠵᠢᠯᠯᠠᠵᠤ᠂ ᠴᠠᠭ | ᠢᠮᠠᠭᠲᠠ ᠰᠡᠳᠬᠢᠯ ᠠᠮᠤᠷ ᠪᠠᠶᠢᠵᠤ ᠦᠯᠦ ᠴᠢᠳᠠᠬᠤ ᠬᠠᠷᠢᠭᠤᠴᠠᠯᠭᠠᠲᠤ ᠰᠡᠳᠬᠢᠯᠭᠡ᠂ ᠢᠳᠡᠪᠬᠢᠲᠡᠢ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠵᠣᠷᠢᠭ ᠰᠠᠨᠠᠭ᠎ᠠ ᠪᠠᠷ ᠨᠠᠮ ᠪᠣᠯᠣᠨ ᠠᠷᠠᠳ ᠲᠦᠮᠡᠨ ᠤ ᠲᠥᠯᠥᠭᠡ | ᠲᠤᠰᠢᠶᠠᠯ ᠢᠶᠠᠨ ᠰᠠᠶᠢᠲᠤᠷ ᠭᠦᠢᠴᠡᠳᠬᠡᠵᠦ᠂ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠢ᠃ ᠠᠵᠢᠯ | ᠬᠢᠵᠦ ᠦᠢᠯᠡᠰ ᠪᠣᠰᠬᠠᠬᠤ ᠳᠤ ᠠᠰᠢᠭᠲᠠᠢ ᠰᠠᠶᠢᠨ ᠰᠠᠶᠢᠬᠠᠨ ᠣᠷᠴᠢᠨ ᠢ ᠢᠳᠡᠪᠬᠢᠲᠡᠢ ᠪᠤᠢ ᠪᠤᠯᠭᠠᠵᠤ᠂ | ᠵᠣᠷᠢᠭᠲᠠᠢ ᠪᠠᠷ ᠡᠭᠦᠷᠭᠡᠯᠡᠭᠴᠢ ᠳᠤ ᠬᠠᠷᠢᠭᠤᠴᠠᠯᠭ᠎ᠠ ᠲᠠᠢ ᠬᠠᠨᠳᠤᠵᠤ᠂ ᠬᠠᠷᠢᠭᠤᠴᠠᠯᠭ᠎ᠠ ᠡᠭᠦᠷᠭᠡᠯᠡᠭᠴᠢ ᠳᠤ | ᠬᠠᠷᠢᠭᠤᠴᠠᠵᠤ᠂ ᠠᠵᠢᠯ ᠬᠢᠭᠴᠢ ᠳᠤ ᠲᠦᠰᠢᠭ ᠪᠣᠯᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠴᠢᠳᠠᠮᠠᠭᠠᠢ | ᠪᠠᠷ ᠵᠢᠳᠬᠦᠯ ᠴᠢᠷᠮᠠᠶᠢᠯᠭ᠎ᠠ ᠭᠠᠷᠭᠠᠬᠤ ᠺᠠᠳ᠋ᠷ ᠢ ᠴᠢᠳᠠᠮᠠᠭᠠᠢ ᠪᠠᠷ ᠢᠯᠡᠷᠡᠭᠦᠯᠵᠦ᠂ ᠬᠥᠮᠥᠵᠢᠭᠦᠯᠵᠦ᠂ ᠬᠡᠷᠡᠭᠯᠡᠵᠦ᠂ | ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠬᠠᠷᠰᠢᠯᠠᠬᠤ ᠡᠯ᠎ᠡ ᠵᠦᠢᠯ ᠤᠨ ᠬᠦᠴᠦᠨ | ᠵᠦᠢᠯ ᠢ ᠬᠦᠴᠦᠯᠡᠨ ᠠᠷᠢᠯᠭᠠᠵᠤ᠂ ᠳᠤᠷᠠᠲᠠᠶ᠎ᠠ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠬᠦ᠂ ᠴᠢᠳᠠᠮᠠᠭᠠᠢ ᠪᠠᠷ ᠬᠠᠷᠢᠭᠤᠴᠠᠯᠭ᠎ᠠ ᠡᠭᠦᠷᠭᠡᠯᠡᠬᠦ ᠶᠢ ᠬᠡᠪ ᠵᠠᠩᠰᠢᠯ ᠪᠤᠯᠭᠠᠬᠤ ᠬᠡᠷᠡᠭᠲᠡᠢ᠃ ᠡᠷᠬᠡᠪᠰᠢ | ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ | ᠢᠳᠡᠪᠬᠢᠲᠡᠢ ᠠᠷᠭᠠᠴᠠᠭᠠᠵᠤ᠂ ᠰᠢᠷᠭᠠᠭᠤ ᠲᠡᠮᠡᠴᠡᠯ ᠳᠤ ᠲᠦᠰᠢᠭᠯᠡᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ | ᠣᠷᠣᠨ ᠵᠠᠢ ᠶᠢ ᠨᠡᠭᠡᠭᠡᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ | ᠲᠦᠷᠦᠭᠦᠯᠡᠨ ᠰᠢᠰᠲ᠋ᠧᠮᠳᠦ ᠦᠵᠡᠯᠲᠡ ᠪᠠᠨ ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ | ᠬᠦᠰᠡᠯ ᠵᠡᠭᠦᠳᠦ ᠶᠢ ᠡᠵᠡᠮᠳᠡᠬᠦ ᠳᠡᠭᠡᠨ ᠴᠢᠳᠠᠮᠠᠭᠠᠢ ᠪᠠᠶᠢᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ | ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠳᠠᠭᠠᠨ ᠴᠢᠳᠠᠮᠠᠭᠠᠢ ᠪᠠᠶᠢᠵᠤ᠂ ︽ᠲᠦᠷᠪᠡᠨ | ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠳᠠᠭᠠᠨ | ᠴᠢᠳᠠᠮᠠᠭᠠᠢ ᠪᠠᠶᠢᠬᠤ ᠬᠡᠷᠡᠭᠲᠡᠢ᠃ ᠪᠦᠭᠦ ᠤᠯᠤᠰ ᠢᠶᠠᠷ ᠢᠶᠠᠨ ᠨᠢᠭᠡ ᠬᠥᠯᠭᠡ ᠰᠢᠲᠠᠷ᠎ᠠ ᠮᠡᠲᠦ ᠪᠠᠶᠢᠬᠤ ᠦᠵᠡᠯ | ᠰᠠᠨᠠᠭ᠎ᠠ ᠶᠢ ᠪᠠᠲᠤ ᠪᠤᠢ ᠪᠤᠯᠭᠠᠵᠤ᠂ ᠤᠬᠠᠮᠰᠠᠷ ᠠᠴᠠ ᠪᠠᠨ ᠶᠡᠭᠡ ᠲᠠᠯ᠎ᠠ ᠶᠢ ᠪᠣᠳᠣᠯᠬᠢᠯᠠᠨ ᠠᠵᠢᠯᠯᠠᠵᠤ᠂ ᠪᠠᠭ᠎ᠠ ᠶᠣᠰᠣ | ᠨᠢ ᠶᠡᠭᠡ ᠶᠣᠰᠣ ᠪᠠᠨ ᠳᠠᠭᠠᠬᠤ᠂ ᠣᠷᠣᠨ ᠨᠤᠲᠤᠭ ᠤᠨ ᠠᠰᠢᠭ ᠲᠤᠰᠠ ᠨᠢ ᠤᠯᠤᠰ ᠤᠨ ᠪᠦᠬᠦᠯᠢ ᠴᠣᠭᠴᠠ ᠶᠢᠨ | ᠠᠰᠢᠭ ᠲᠤᠰᠠ ᠶᠢ ᠳᠠᠭᠠᠬᠤ ᠶᠢ ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ᠂ ᠲᠡᠦᠬᠡ ᠶᠢᠨ ᠰᠡᠳᠬᠢᠬᠦᠢ | ᠂ ᠬᠤᠪᠢᠰᠤᠩᠭᠤᠢ ᠰᠡᠳᠬᠢᠬᠦᠢ᠂ ᠰᠢᠰᠲ᠋ᠧᠮᠲᠦ ᠰᠡᠳᠬᠢᠬᠦᠢ᠂ ᠰᠢᠨ᠎ᠡ ᠶᠢ ᠡᠭᠦᠳᠭᠦ ᠰᠡᠳᠬᠢᠬᠦᠢ᠂ ᠬᠠᠤᠯᠢᠵᠢᠯ ᠤᠨ | ᠰᠡᠳᠬᠢᠬᠦᠢ᠂ ᠬᠤᠷᠢᠭ᠎ᠠ ᠱᠤᠭᠤᠮ ᠤᠨ ᠰᠡᠳᠬᠢᠬᠦᠢ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠤᠷᠢᠳᠠᠴᠢ ᠴᠢᠨᠠᠷᠲᠠᠢ ᠪᠠᠷ ᠰᠡᠳᠭᠢᠭᠦ᠂ ᠪᠦᠭᠦ ᠲᠠᠯ᠎ᠠ ᠶᠢᠨ ᠴᠢᠨᠠᠷᠲᠠᠢ ᠪᠠᠷ ᠲᠥᠯᠥᠪᠯᠡᠬᠦ᠂ ᠪᠦᠬᠦᠯᠢ ᠴᠣᠭᠴᠠ ᠶᠢᠨ | ᠴᠢᠨᠠᠷᠲᠠᠢ ᠪᠠᠷ ᠡᠯ᠎ᠡ ᠵᠦᠢᠯ ᠤᠨ ᠠᠵᠢᠯ ᠦᠢᠯᠡᠰ ᠢ ᠠᠬᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠶᠡᠭᠡ | ᠲᠠᠩᠰᠠ ᠪᠤᠳᠤᠬᠤ᠂ ᠠᠯᠤᠰ ᠭᠡᠳᠤ ᠶᠢᠨ ᠲᠠᠩᠰᠠ ᠪᠤᠳᠤᠬᠤ ᠶᠢ ᠪᠠᠷᠢᠮᠲᠠᠯᠠᠵᠤ᠂ ᠪᠠᠭ᠎ᠠ ᠠᠰᠢᠭ ᠢ ᠪᠣᠳᠣᠯᠬᠢᠯᠠᠬᠤ | ᠦᠭᠡᠢ᠂ ᠪᠠᠭ᠎ᠠ ᠤᠬᠠᠭᠠᠨ ᠭᠠᠷᠭᠠᠬᠤ ᠦᠭᠡᠢ ᠪᠠᠶᠢᠵᠤ᠂ ᠬᠤᠪᠢᠨᠴᠢᠷ ᠦᠵᠡᠯ᠂ ᠲᠠᠷᠠᠬᠠᠢ ᠦᠵᠡᠯ᠂ ᠳᠤᠷ᠎ᠠ | ᠵᠣᠷᠢᠭ ᠤᠨ ᠦᠵᠡᠯ᠂ ᠥᠪᠡᠷᠮᠡᠲᠡᠭᠡᠢ ᠦᠵᠡᠯ ᠢ ᠤᠬᠠᠮᠰᠠᠷ ᠠᠴᠠ ᠪᠠᠨ ᠰᠡᠷᠭᠡᠶᠢᠯᠡᠨ ᠡᠰᠡᠷᠭᠦᠴᠡᠵᠦ᠂ ᠨᠢᠭᠡ | ᠣᠷᠣᠨ ᠳᠤ ᠥᠩᠭᠡ ᠭᠡᠷᠡᠯ ᠨᠡᠮᠡᠷᠢᠯᠡᠬᠦ ᠮᠥᠷᠲᠡᠭᠡᠨ ᠪᠠᠰᠠ ᠪᠦᠭᠦ ᠲᠠᠯ᠎ᠠ ᠳᠤ ᠥᠩᠭᠡ ᠭᠡᠷᠡᠯ ᠨᠡᠮᠡᠷᠢᠯᠡᠬᠦ ᠶᠢ ᠪᠡᠶᠡᠯᠡᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠤᠳᠤᠷᠢᠳᠬᠤ ᠺᠠᠳ᠋ᠷ ᠢᠯᠠᠩᠭᠤᠶ᠎ᠠ ᠳᠡᠭᠡᠳᠦ ᠵᠡᠷᠭᠡ ᠶᠢᠨ ᠺᠠᠳ᠋ᠷ ᠤᠨ ᠰᠤᠷᠲᠠᠯ ᠪᠣᠯ | ᠶᠡᠷᠦ ᠠᠴᠠ ᠨᠠᠮ ᠤᠨ ᠰᠤᠷᠲᠠᠯ ᠪᠣᠯᠣᠨ ᠨᠡᠶᠢᠭᠡᠮ ᠤᠨ ᠬᠡᠪ ᠰᠤᠷᠲᠠᠯ ᠢ ᠬᠥᠲᠥᠯᠥᠨ ᠳᠠᠭᠠᠭᠤᠯᠬᠤ ᠴᠢᠬᠤᠯᠠ ᠵᠦᠭᠯᠡᠭᠦᠷ | ᠪᠣᠯᠣᠭᠰᠠᠭᠠᠷ ᠢᠷᠡᠵᠠᠢ᠂ ᠠᠷᠠᠳ ᠤᠯᠠᠨ ᠤ ᠨᠠᠮ ᠤᠨ ᠰᠤᠷᠲᠠᠯ ᠢ ᠠᠵᠢᠭᠯᠠᠬᠤ ᠴᠢᠬᠤᠯᠠ ᠴᠣᠩᠬᠤᠪᠴᠢ ᠮᠥᠨ᠃ | ᠲᠥᠪ ᠤᠨ ᠤᠯᠤᠰ ᠲᠦᠷᠦ ᠶᠢᠨ ᠲᠣᠪᠴᠢᠶᠠᠨ ᠤ ᠨᠥᠬᠦᠳ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠥᠪ ᠤᠨ | ᠨᠠᠢᠮᠠᠨ ᠲᠣᠭᠲᠠᠭᠠᠯ ᠤᠨ ᠬᠡᠷᠡᠭᠵᠢᠭᠦᠯᠬᠦ ᠨᠠᠷᠢᠨ ᠳᠦᠷᠢᠮ ᠲᠠᠢ ᠬᠠᠷᠭᠤᠭᠤᠯᠵᠤ᠂ ᠨᠢᠭᠡᠳ ᠨᠢᠭᠡ ᠵᠤᠷᠪᠤᠰ ᠢᠶᠠᠷ ᠴᠢᠩᠭ᠎ᠠ | ᠪᠠᠷᠢᠮᠵᠢᠶᠠᠯᠠᠨ ᠬᠠᠷᠭᠤᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ | ᠠᠳᠬᠤᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠷᠬᠠᠭ ᠭᠡᠮ ᠢ ᠭᠤᠣᠯᠳᠠᠯᠭ᠎ᠠ ᠲᠠᠢ ᠵᠠᠯᠠᠷᠠᠭᠤᠯᠵᠤ᠂ | ᠨᠠᠮ ᠤᠨ ᠰᠢᠯᠢᠳᠡᠭ ᠰᠤᠷᠲᠠᠯ ᠢ ᠲᠦᠷᠦᠭᠦᠯᠡᠨ ᠪᠠᠳᠠᠷᠠᠭᠤᠯᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ | ᠰᠤᠷᠲᠠᠯ ᠢ ᠶᠡᠭᠡ ᠪᠠᠷ ᠪᠠᠳᠠᠷᠠᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠦᠨᠳᠦᠰᠦᠨ ᠱᠠᠲᠤᠨ ᠤ | ᠡᠮᠦᠨ᠎ᠡ ᠹᠷᠣᠨᠲ ᠲᠤ ᠢᠯᠡᠭᠦᠬᠡᠨ ᠣᠴᠢᠵᠤ᠂ ᠬᠦᠴᠢᠷᠳᠡᠯ ᠤᠯᠠᠨ᠂ ᠤᠯᠠᠨ ᠲᠦᠮᠡᠨ ᠤ ᠰᠠᠨᠠᠯ ᠲᠥᠪᠯᠡᠷᠡᠭᠰᠡᠨ᠂ | ᠠᠵᠢᠯ ᠰᠠᠶᠢᠨ ᠶᠠᠪᠤᠭᠳᠠᠵᠤ ᠳᠡᠶᠢᠯᠭᠦ ᠦᠭᠡᠢ ᠭᠠᠵᠠᠷ ᠲᠤ ᠢᠯᠡᠭᠦᠬᠡᠨ ᠣᠴᠢᠵᠤ᠂ ᠪᠣᠳᠠᠲᠤ ᠪᠠᠶᠢᠳᠠᠯ ᠢ ᠪᠡᠶᠡᠴᠢᠯᠡᠨ | ᠪᠠᠶᠢᠴᠠᠭᠠᠵᠤ᠂ ᠪᠢᠯᠵᠤᠤᠬᠠᠢ ᠶᠢ ᠲᠤᠶᠠᠴᠢᠵᠤ᠂ ᠪᠠᠶᠢᠳᠠᠯ ᠢ ᠪᠦᠭᠦ ᠲᠠᠯ᠎ᠠ ᠪᠠᠷ ᠡᠵᠡᠮᠰᠢᠵᠦ᠂ ᠳᠣᠲᠣᠷ᠎ᠠ ᠪᠠᠨ | ᠲᠤᠭ᠎ᠠ ᠲᠠᠢ ᠪᠠᠶᠢᠬᠤ ᠬᠡᠷᠡᠭᠲᠡᠢ᠃ ᠣᠷᠴᠢᠨ ᠲᠣᠭᠤᠷᠢᠨ ᠢ ᠪᠤᠢ ᠪᠤᠯᠭᠠᠵᠤ᠂ ᠨᠥᠬᠦᠴᠡᠯ ᠪᠦᠷᠢᠯᠳᠦᠭᠦᠯᠵᠦ᠂ | ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ ᠦᠨᠡᠨ ᠦᠭᠡ ᠭᠡᠯᠡᠭᠦ᠂ ᠰᠡᠳᠬᠢᠯ ᠤᠨ ᠦᠭᠡ ᠪᠠᠨ ᠶᠠᠷᠢᠬᠤ ᠶᠢ | ᠵᠣᠷᠢᠭᠵᠢᠭᠤᠯᠬᠤ ᠬᠡᠷᠡᠭᠲᠡᠢ᠃ ᠢᠯᠡᠷᠡᠭᠦᠯᠦᠭᠰᠡᠨ ᠠᠰᠠᠭᠤᠳᠠᠯ ᠤᠨ ᠰᠢᠯᠲᠠᠭᠠᠨ ᠢ ᠵᠠᠳᠠᠯᠵᠤ᠂ ᠵᠠᠩᠭᠢᠯᠠᠭ᠎ᠠ ᠶᠢ ᠨᠢ | ᠣᠨᠣᠪᠴᠢᠲᠠᠢ ᠡᠷᠢᠵᠦ᠂ ᠬᠠᠨᠳᠤᠯᠭᠠᠲᠤ ᠴᠢᠨᠠᠷᠲᠠᠢ ᠪᠠᠷ ᠰᠤᠳᠤᠯᠤᠨ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠮᠠᠨ ᠤ ᠨᠠᠮ ᠢᠮᠠᠭᠲᠠ ᠳᠤᠮᠳᠠᠳᠤ ᠤᠯᠤᠰ ᠤᠨ ᠬᠠᠮᠤᠭ ᠤᠨ ᠥᠷᠭᠡᠨ ᠤᠯᠠᠨ ᠠᠷᠠᠳ | ᠲᠦᠮᠡᠨ ᠤ ᠦᠨᠳᠦᠰᠦᠨ ᠠᠰᠢᠭ ᠲᠤᠰᠠ ᠶᠢ ᠲᠥᠯᠥᠭᠡᠯᠡᠵᠦ᠂ ᠶᠡᠷᠦ ᠠᠴᠠ ᠶᠠᠮᠠᠷᠪᠠ ᠠᠰᠢᠭ ᠲᠤᠰᠠ ᠶᠢᠨ ᠪᠦᠯᠦᠭᠯᠡᠯ᠂ | ᠶᠠᠮᠠᠷᠪᠠ ᠡᠷᠬᠡ ᠰᠦᠷᠲᠦ ᠪᠦᠯᠭᠦᠮ᠂ ᠶᠠᠮᠠᠷᠪᠠ ᠣᠨᠴᠠ ᠡᠷᠬᠡᠲᠦ ᠳᠠᠪᠬᠤᠷᠭ᠎ᠠ ᠶᠢᠨ ᠠᠰᠢᠭ ᠲᠤᠰᠠ ᠶᠢ ᠲᠥᠯᠥᠭᠡᠯᠡᠳᠡᠭ | ᠦᠭᠡᠢ ᠶᠤᠮ᠃ ᠤᠳᠤᠷᠢᠳᠬᠤ ᠺᠠᠳ᠋ᠷ ᠥᠪᠡᠷ ᠢᠶᠠᠨ ᠣᠷᠣᠶᠢᠯᠠᠬᠤ ᠳᠤ ᠡᠩ ᠲᠡᠷᠢᠭᠦᠨ ᠳᠤ ᠥᠪᠡᠷ ᠢᠶᠠᠨ ᠠᠷᠢᠭᠤᠨ | ᠴᠢᠬᠡᠴᠢ ᠪᠠᠶᠢᠬᠤ ᠬᠡᠷᠡᠭᠲᠡᠢ᠃ ᠠᠷᠢᠭᠤᠨ ᠴᠢᠬᠡᠴᠢ ᠶᠢᠨ ᠭᠤᠣᠯᠳᠠᠯᠭ᠎ᠠ ᠨᠢ ᠤᠬᠠᠮᠰᠠᠷ ᠲᠤ ᠪᠤᠢ᠂ ᠡᠷᠬᠢᠮ ᠨᠢ | ᠤᠳᠠᠭᠠᠨ ᠳᠠᠭᠠᠭᠠᠮᠠᠭᠠᠢ ᠳᠤ ᠪᠤᠢ᠂ ᠬᠦᠴᠢᠷ ᠨᠢ ᠲᠤᠶᠢᠯᠪᠤᠷᠢᠲᠠᠢ ᠪᠠᠶᠢᠬᠤ ᠳᠤ ᠪᠤᠢ᠃ ᠨᠠᠮ ᠤᠨ ᠲᠥᠪ ᠬᠤᠷᠢᠶᠠᠨ ᠤ | ᠤᠯᠤᠰ ᠲᠦᠷᠦ ᠶᠢᠨ ᠲᠣᠪᠴᠢᠶᠠᠨ ᠤ ᠨᠥᠬᠦᠳ ᠲᠦᠷᠦᠭᠦᠯᠡᠨ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠵᠤ᠂ | ᠲᠦᠷᠦᠭᠦᠯᠡᠨ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠪᠤᠶᠤ ᠭᠤᠣᠯᠯᠠᠨ ᠬᠠᠮᠢᠶᠠᠷᠴᠤ ᠪᠠᠶᠢᠭ᠎ᠠ ᠣᠷᠣᠨ | ᠨᠤᠲᠤᠭ ᠤᠨ ᠢᠶᠠᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ | ᠵᠦᠢᠯ ᠤᠨ ᠲᠥᠪ ᠪᠤᠰᠤ ᠰᠤᠷᠲᠠᠯ ᠪᠣᠯᠣᠨ ᠢᠯᠵᠠᠷᠠᠮᠠᠯ ᠦᠵᠡᠭᠳᠡᠯ ᠲᠠᠢ ᠡᠷᠡᠰ ᠲᠡᠮᠡᠴᠡᠯ ᠬᠢᠵᠦ᠂ ᠠᠷᠢᠭᠤᠨ ᠴᠢᠬᠡᠴᠢ | ᠨᠥᠬᠦᠳ ᠤᠨ ᠬᠠᠷᠢᠴᠠᠭ᠎ᠠ᠂ ᠶᠣᠰᠣ ᠳᠦᠷᠢᠮ ᠲᠠᠢ ᠳᠡᠭᠡᠳᠦ ᠳᠣᠣᠷᠠᠳᠤ ᠱᠠᠲᠤᠨ ᠤ ᠬᠠᠷᠢᠴᠠᠭ᠎ᠠ᠂ ᠳᠣᠲᠣᠨᠣ ᠴᠢᠬᠡᠴᠢ | ᠨᠢᠭᠡᠳᠦᠯᠲᠡᠢ ᠰᠢᠨ᠎ᠡ ᠮᠠᠶ᠋ᠢᠭ ᠤᠨ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠠᠬᠢᠭᠤᠯᠤᠨ | ᠪᠦᠷᠢᠯᠳᠦᠭᠦᠯᠵᠦ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠪᠣᠯᠣᠨ ᠨᠡᠶᠢᠭᠡᠮ ᠤᠨ ᠬᠡᠪ ᠰᠤᠷᠲᠠᠯ ᠤᠨ | ᠳᠠᠭᠠᠭᠤᠯᠤᠭᠴᠢ᠂ ᠪᠠᠶᠢᠭᠤᠯᠤᠭᠴᠢ᠂ ᠬᠠᠮᠠᠭᠠᠯᠠᠭᠴᠢ ᠪᠤᠯᠬᠤ ᠬᠡᠷᠡᠭᠲᠡᠢ᠃ ᠡᠭᠦᠨ ᠤ ᠬᠠᠮᠲᠤ᠂ ᠭᠡᠷ ᠤᠨ ᠬᠥᠮᠥᠰ | ᠲᠦᠷᠦᠯ ᠰᠠᠳᠤᠨ ᠢᠶᠠᠨ ᠴᠢᠩᠭ᠎ᠠ ᠬᠠᠮᠢᠶᠠᠷᠴᠤ᠂ ᠳᠡᠷᠭᠡᠳᠡᠬᠢ ᠬᠥᠮᠥᠰ ᠳᠡᠷᠭᠡᠳᠡᠬᠢ ᠶᠠᠪᠤᠳᠠᠯ ᠢᠶᠠᠨ ᠰᠠᠶᠢᠲᠤᠷ | ᠬᠠᠮᠢᠶᠠᠷᠴᠤ᠂ ᠶᠠᠭᠠᠬᠢᠭᠰᠠᠨ ᠴᠤ ᠲᠡᠳᠡᠨ ᠤ ᠥᠪᠡᠷ ᠤᠨ ᠡᠷᠬᠡ ᠪᠠ ᠨᠥᠯᠥᠭᠡᠯᠡᠬᠦ ᠬᠦᠴᠦᠨ ᠢ ᠴᠢᠨᠢ ᠠᠰᠢᠭᠯᠠᠨ ᠵᠦᠢ | ᠪᠤᠰᠤ ᠠᠰᠢᠭ ᠣᠯᠵᠤ ᠪᠤᠯᠬᠤ ᠦᠭᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷ᠎ᠡ᠂ ᠲᠥᠪ ᠤᠨ | ᠤᠯᠤᠰ ᠲᠦᠷᠦ ᠶᠢᠨ ᠲᠣᠪᠴᠢᠶᠠᠨ ᠤ ᠨᠥᠬᠦᠳ ᠠᠵᠢᠯ ᠢᠶᠠᠨ ᠰᠠᠶᠢᠲᠤᠷ ᠬᠢᠬᠦ ᠲᠤᠬᠠᠢ ᠮᠠᠰᠢ ᠤᠯᠠᠨ ᠰᠠᠶᠢᠨ ᠰᠠᠨᠠᠯ | ᠰᠠᠨᠠᠭᠤᠯᠭ᠎ᠠ ᠳᠤᠷᠠᠳᠴᠠᠢ᠃ ᠬᠤᠷᠠᠯ ᠤᠨ ᠲᠠᠷᠠᠭ᠎ᠠ ᠱᠠᠯᠠᠪᠳᠠᠨ ᠰᠤᠳᠤᠯᠵᠤ᠂ ᠠᠷᠭ᠎ᠠ ᠬᠡᠮᠵᠢᠶ᠎ᠡ ᠠᠪᠴᠤ᠂ | ᠠᠵᠢᠯ ᠢᠶᠠᠨ ᠰᠠᠶᠢᠵᠢᠷᠠᠭᠤᠯᠤᠨ᠂ ᠡᠷᠬᠡᠪᠰᠢ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | |