ᠥᠪᠥᠷ ᠮᠣᠩᠭᠤᠯ ᠤᠨ ᠠᠷᠤ ᠬᠤᠷᠴᠢᠨ ᠬᠤᠰᠢᠭᠤ᠄ ᠪᠡᠭᠡᠵᠢᠩ ᠥᠪᠥᠷ ᠮᠣᠩᠭᠤᠯ ᠬᠠᠮᠵᠢᠯᠴᠠᠨ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2022/12/30
      ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠭᠦᠨᠵᠡᠭᠡᠢ ᠡᠵᠡᠮᠳᠡᠵᠦ᠂ ᠣᠶᠤᠨ ᠢᠶᠠᠷ ᠬᠠᠪᠰᠤᠷᠤᠨ ᠲᠡᠳᠬᠦᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠠᠪᠰᠤᠷᠤᠨ ᠲᠡᠳᠬᠦᠬᠦ᠂ ᠪᠡᠯᠡ ᠮᠥᠩᠭᠦ ᠪᠠᠷ ᠳᠡᠮᠵᠢᠬᠦ ᠵᠡᠷᠭᠡ ᠣᠯᠠᠨ ᠵᠦᠢᠯ ᠤᠨ ᠬᠠᠮᠵᠢᠯᠴᠠᠨ ᠬᠠᠪᠰᠤᠷᠤᠨ ᠲᠡᠳᠬᠦᠬᠦ ᠬᠡᠯᠪᠡᠷᠢ ᠪᠠᠷ ᠳᠠᠮᠵᠢᠭᠤᠯᠤᠨ ᠴᠢᠳᠠᠪᠤᠷᠢᠲᠠᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢ 1181.5 ᠲᠦᠮᠡᠨ ᠲᠥᠭᠦᠷᠢᠭ ᠲᠡᠮᠡᠴᠡᠨ ᠣᠯᠵᠤ᠂ ᠴᠢᠳᠠᠪᠤᠷᠢᠲᠠᠨ ᠤ ᠰᠣᠯᠢᠯᠴᠠᠭ᠎ᠠ ᠶᠢ 1637 ᠬᠥᠮᠥᠨ ᠤᠳᠠᠭ᠎ᠠ ᠥᠷᠨᠢᠭᠦᠯᠵᠦ᠂ ᠠᠷᠤ ᠬᠤᠷᠴᠢᠨ ᠬᠤᠰᠢᠭᠤᠨ ᠤ ᠡᠯ᠎ᠡ ᠬᠦᠷᠢᠶ᠎ᠡ ᠡᠯ᠎ᠡ ᠠᠵᠢᠯ ᠲᠥᠷᠥᠯ ᠤᠨ ᠴᠢᠳᠠᠪᠤᠷᠢᠲᠠᠨ ᠤ ᠶᠡᠷᠦᠩᠬᠡᠢ ᠬᠡᠪ ᠴᠢᠨᠠᠷ ᠪᠠ ᠴᠢᠳᠠᠪᠤᠷᠢ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠴᠢᠳᠠᠪᠤᠷᠢᠲᠠᠨ ᠤ ᠰᠠᠭᠤᠷᠢ ᠶᠢ ᠲᠠᠯᠪᠢᠭᠰᠠᠨ ᠪᠠᠶᠢᠨ᠎ᠠ᠃      ᠳᠡᠭᠡᠳᠦ ᠪᠠᠶᠢᠷᠢᠨ ᠳᠤ ᠨᠢᠭᠡᠳᠦᠯᠲᠡᠢ ᠲᠥᠯᠥᠪᠵᠢᠭᠦᠯᠵᠦ᠂ ᠺᠠᠳ᠋ᠷ ᠢ ᠰᠣᠯᠢᠯᠴᠠᠭᠤᠯᠤᠨ ᠬᠥᠮᠥᠵᠢᠭᠦᠯᠬᠦ ᠶᠢ ᠴᠢᠩᠭᠠᠳᠬᠠᠨ᠎ᠠ      ᠰᠣᠯᠢᠯᠴᠠᠨ ᠬᠠᠷᠢᠯᠴᠠᠨ ᠰᠤᠷᠪᠤᠯᠵᠢᠯᠠᠬᠤ ᠶᠢ ᠡᠮᠬᠢ ᠵᠢᠷᠤᠮ ᠲᠠᠢ ᠥᠷᠨᠢᠭᠦᠯᠵᠦ᠂ ᠬᠤᠶᠠᠷ ᠭᠠᠵᠠᠷ ᠤᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠣᠯᠠᠨ ᠤᠳᠠᠭ᠎ᠠ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠤᠲᠠᠰᠤ ᠪᠠᠷ ᠨᠡᠪᠲᠡᠷᠡᠯᠴᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠷᠰᠢᠯᠭ᠎ᠠ ᠠᠷᠭ᠎ᠠ ᠪᠠᠷᠢᠯ᠂ ᠠᠵᠢᠯ ᠤᠨ ᠰᠡᠳᠬᠢᠮᠵᠢ ᠪᠠᠨ ᠰᠣᠯᠢᠯᠴᠠᠵᠤ᠂ ᠠᠷᠤ ᠬᠤᠷᠴᠢᠨ ᠬᠤᠰᠢᠭᠤᠨ ᠤ ᠭᠤᠣᠯ ᠬᠠᠷᠢᠭᠤᠴᠠᠯᠭᠠᠲᠠᠨ ᠣᠯᠠᠨ ᠤᠳᠠᠭ᠎ᠠ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠰᠢᠭᠤᠳ ᠨᠡᠪᠲᠡᠷᠡᠭᠦᠯᠦᠨ ᠪᠠᠷᠠᠭ᠎ᠠ ᠠᠪᠴᠤ ᠶᠠᠪᠤᠬᠤ᠂ ᠪᠡᠭᠡᠵᠢᠩ ᠮᠣᠩᠭᠤᠯ ᠲᠠᠢ ᠵᠣᠯᠭᠠᠭᠤᠯᠬᠤ ᠬᠠᠮᠵᠢᠯᠴᠠᠭᠠᠨ ᠤ ᠠᠵᠢᠯ ᠢ ᠥᠷᠨᠢᠭᠦᠯᠪᠡ᠃ ᠬᠤᠶᠠᠷ ᠲᠠᠯ᠎ᠠ ᠪᠠᠷ ᠢᠶᠠᠨ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ ᠶᠢ ᠪᠠᠷᠢᠮᠲᠠᠯᠠᠵᠤ᠂ ᠲᠠᠪᠤᠨ ᠵᠢᠯ ᠤᠨ ᠲᠤᠷᠰᠢ ᠪᠡᠭᠡᠵᠢᠩ ᠬᠤᠲᠠ ᠶᠢᠨ ᠴᠠᠩᠫᠢᠩ ᠲᠣᠭᠤᠷᠢᠭ ᠤᠨ ᠬᠢᠨ ᠤᠷᠢᠳ ᠬᠤᠵᠢᠳ 9 ᠨᠠᠮ ᠵᠠᠰᠠᠭ ᠤᠨ ᠺᠠᠳ᠋ᠷ ᠢ ᠠᠷᠤ ᠬᠤᠷᠴᠢᠨ ᠬᠤᠰᠢᠭᠤᠨ ᠳᠤ ᠲᠣᠮᠢᠯᠠᠨ ᠲᠤᠰᠢᠶᠠᠯ ᠡᠭᠦᠷᠭᠡᠯᠡᠭᠦᠯᠵᠦ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠪᠡ︔ ᠠᠷᠤ ᠬᠤᠷᠴᠢᠨ ᠬᠤᠰᠢᠭᠤᠨ ᠤ 8 ᠺᠠᠳ᠋ᠷ  ᠢ ᠴᠠᠩᠫᠢᠩ ᠲᠣᠭᠤᠷᠢᠭ ᠤᠨ ᠰᠠᠯᠠᠭ᠎ᠠ ᠮᠥᠴᠢᠷ ᠨᠢᠭᠡᠴᠡ ᠳᠤ ᠲᠣᠮᠢᠯᠠᠨ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠵᠤ᠂ ᠬᠠᠷᠠᠭ᠎ᠠ ᠪᠠᠨ ᠥᠷᠭᠡᠳᠬᠡᠨ ᠴᠢᠳᠠᠪᠤᠷᠢ ᠪᠠᠨ ᠳᠡᠭᠡᠭᠰᠢᠯᠡᠭᠦᠯᠪᠡ᠃ ᠺᠠᠳ᠋ᠷ ᠤᠨ ᠪᠣᠯᠪᠠᠰᠤᠷᠠᠯ ᠢ ᠦᠷᠭᠦᠯᠵᠢᠯᠡᠨ ᠴᠢᠩᠭᠠᠳᠬᠠᠵᠤ᠂ ᠴᠠᠩᠫᠢᠩ ᠲᠣᠭᠤᠷᠢᠭ ᠤᠨ ᠬᠢᠨ ᠲᠦᠷᠦᠯ ᠵᠦᠢᠯ ᠤᠨ ᠪᠡᠯᠡ ᠮᠥᠩᠭᠦ ᠶᠢ 154 ᠲᠦᠮᠡᠨ ᠲᠥᠭᠦᠷᠢᠭ ᠵᠣᠬᠢᠴᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠢᠵᠦ ᠪᠠᠶᠢᠭ᠎ᠠ ᠺᠠᠳ᠋ᠷ᠂ ᠲᠣᠰᠬᠤᠨ ᠳᠤ ᠰᠠᠭᠤᠭ᠎ᠠ ᠺᠠᠳ᠋ᠷ ᠤᠨ ᠬᠥᠮᠦᠵᠢᠯ ᠪᠣᠯᠪᠠᠰᠤᠷᠠᠯ ᠳᠤ ᠲᠤᠰᠬᠠᠢ ᠬᠡᠷᠡᠭᠯᠡᠵᠦ᠂ ᠤᠷᠢᠳ ᠬᠤᠵᠢᠳ 7 ᠬᠤᠭᠤᠴᠠᠭᠠᠨ ᠤ ᠪᠣᠯᠪᠠᠰᠤᠷᠠᠯ ᠤᠨ ᠠᠩᠬᠢ ᠶᠢ ᠵᠣᠬᠢᠶᠠᠨ ᠪᠠᠶᠢᠭᠤᠯᠵᠤ᠂ 350 ᠬᠥᠮᠥᠨ ᠢ ᠲᠡᠷᠢᠭᠦᠨ ᠤ ᠭᠠᠵᠠᠷ ᠣᠷᠣᠨ ᠳᠤ ᠰᠤᠷᠤᠯᠴᠠᠭᠤᠯᠤᠨ ᠲᠣᠭᠤᠷᠢᠨ ᠦᠵᠡᠵᠦ᠂ ᠨᠠᠮ ᠵᠠᠰᠠᠭ ᠤᠨ ᠺᠠᠳ᠋ᠷ ᠤᠨ ᠬᠥᠳᠡᠭᠡ ᠲᠣᠰᠬᠤᠨ ᠢ ᠵᠠᠰᠠᠬᠤ ᠴᠢᠳᠠᠪᠤᠷᠢ ᠪᠣᠯᠣᠨ ᠠᠷᠠᠳ ᠲᠦᠮᠡᠨ ᠳᠤ ᠦᠢᠯᠡᠴᠢᠯᠡᠬᠦ ᠲᠦᠪᠰᠢᠨ ᠢ ᠴᠢᠨᠠᠭᠰᠢᠳᠠ ᠳᠡᠭᠡᠭᠰᠢᠯᠡᠭᠦᠯᠪᠡ᠃      ᠵᠢᠭᠠᠰᠤ ᠠᠩᠨᠠᠨ ᠤᠶᠤᠨ ᠤᠬᠠᠭᠠᠨ ᠢ ᠲᠡᠳᠬᠦᠵᠦ᠂ ᠬᠦᠴᠦᠨ ᠢᠶᠠᠨ ᠲᠥᠪᠯᠡᠷᠡᠭᠦᠯᠦᠨ ᠰᠠᠭᠤᠷᠢ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠤᠨ᠎ᠠ      ᠲᠠᠪᠤᠨ ᠵᠢᠯ ᠤᠨ ᠲᠤᠷᠰᠢ᠂ ᠪᠡᠭᠡᠵᠢᠩ ᠬᠤᠲᠠ ᠶᠢᠨ ᠴᠠᠩᠫᠢᠩ ᠲᠣᠭᠤᠷᠢᠭ ᠤᠨ ᠬᠢᠨ ᠨᠡᠶᠢᠲᠡ 170 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠠᠷᠤ ᠬᠤᠷᠴᠢᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠂ ᠬᠠᠮᠢᠶᠠᠷᠤᠯᠲᠠ ᠶᠢᠨ ᠺᠠᠳ᠋ᠷ᠂  ᠭᠤᠣᠯᠯᠠᠭᠴᠢ ᠪᠠᠭᠰᠢ ᠶᠢᠨ ᠲᠠᠪᠤᠨ ᠪᠦᠯᠦᠭ ᠤᠳᠠᠭ᠎ᠠ ᠶᠢᠨ 382 ᠬᠥᠮᠥᠨ ᠢ ᠴᠠᠩᠫᠢᠩ ᠲᠣᠭᠤᠷᠢᠭ ᠲᠤ ᠣᠴᠢᠭᠤᠯᠤᠨ ᠠᠵᠢᠯ ᠤᠨ ᠪᠠᠶᠢᠷᠢ ᠳᠠᠭᠠᠵᠤ ᠰᠤᠷᠤᠯᠴᠠᠭᠤᠯᠵᠤ᠂ ᠠᠷᠤ ᠬᠤᠷᠴᠢᠨ ᠬᠤᠰᠢᠭᠤᠨ ᠤ ᠪᠠᠭᠰᠢ ᠠᠵᠢᠯᠲᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠪᠠ ᠠᠩᠭᠢ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠴᠠᠩᠫᠢᠩ ᠲᠣᠭᠤᠷᠢᠭ ᠤᠨ ᠬᠢᠨ 146 ᠲᠤᠰᠬᠠᠢ ᠮᠡᠷᠭᠡᠵᠢᠯᠲᠡᠨ ᠪᠠᠭᠰᠢ᠂ 35 ᠰᠢᠯᠢᠳᠡᠭ ᠪᠠᠭᠰᠢ ᠶᠢ ᠠᠷᠤ ᠬᠤᠷᠴᠢᠨ ᠬᠤᠰᠢᠭᠤᠨ ᠳᠤ ᠲᠣᠮᠢᠯᠠᠨ ᠣᠴᠢᠭᠤᠯᠵᠤ ᠰᠤᠷᠭᠠᠨ ᠬᠥᠮᠦᠵᠢᠯ ᠢ ᠳᠡᠮᠵᠢᠭᠦᠯᠵᠦ᠂ ᠲᠡᠷᠢᠭᠦᠨ ᠤ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠂ ᠰᠢᠨ᠎ᠡ ᠰᠡᠪᠡᠭᠦᠨ ᠵᠢᠭᠠᠨ ᠰᠤᠷᠭᠠᠯᠲᠠ ᠶᠢᠨ ᠠᠷᠭ᠎ᠠ ᠪᠠ ᠣᠲᠣ ᠦᠶ᠎ᠡ ᠶᠢᠨ ᠵᠢᠭᠠᠨ ᠰᠤᠷᠭᠠᠯᠲᠠ ᠶᠢᠨ ᠠᠷᠭ᠎ᠠ ᠪᠠᠷᠢᠯ ᠢ ᠠᠷᠤ ᠬᠤᠷᠴᠢᠨ ᠬᠤᠰᠢᠭᠤᠨ ᠤ ᠬᠢᠴᠢᠶᠡᠯ ᠤᠨ ᠲᠠᠩᠬᠢᠮ ᠳᠤ ᠣᠷᠣᠭᠤᠯᠵᠤ᠂ ᠠᠷᠤ ᠬᠤᠷᠴᠢᠨ ᠬᠤᠰᠢᠭᠤᠨ ᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠪᠦᠲᠦᠮᠵᠢᠲᠡᠶ ᠪᠠᠷ ᠳᠡᠭᠡᠭᠰᠢᠯᠡᠭᠦᠯᠪᠡ᠃ ᠠᠷᠤ ᠬᠤᠷᠴᠢᠨ ᠬᠤᠰᠢᠭᠤᠨ ᠳᠤ ᠨᠡᠶᠢᠲᠡ 18 ᠰᠤᠷᠭᠠᠭᠤᠯᠢ ᠴᠠᠩᠫᠢᠩ ᠲᠣᠭᠤᠷᠢᠭ ᠤᠨ ᠰᠤᠷᠭᠠᠭᠤᠯᠢ ᠲᠠᠢ ᠬᠤᠣᠰᠯᠠᠯ ᠪᠠᠶᠢᠭᠤᠯᠵᠤ ᠬᠠᠮᠲᠤ ᠪᠠᠷ ᠪᠠᠶᠢᠭᠤᠯᠬᠤ ᠠᠵᠢᠯᠯᠠᠭ᠎ᠠ ᠥᠷᠨᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠰᠢᠨ᠎ᠡ ᠬᠡᠪ ᠵᠠᠭᠪᠤᠷ᠂ ᠰᠢᠨ᠎ᠡ ᠰᠡᠳᠬᠢᠮᠵᠢ ᠶᠢ ᠰᠦᠪᠡᠭᠴᠢᠯᠡᠨ᠂ ᠬᠥᠳᠡᠭᠡ ᠲᠣᠰᠬᠤᠨ ᠤ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠪᠠ ᠬᠥᠳᠡᠭᠡ ᠲᠣᠰᠬᠤᠨ ᠤ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠠᠵᠢᠯ ᠤᠨ ︽ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ︾ ᠶᠢ ᠲᠦᠯᠬᠢᠨ ᠠᠬᠢᠭᠤᠯᠪᠠ᠃      ᠣᠷᠣᠨ ᠪᠠᠶᠢᠷᠢ ᠪᠠᠨ ᠣᠨᠣᠪᠴᠢᠲᠠᠶ ᠲᠣᠭᠲᠠᠭᠠᠵᠤ᠂ ᠡᠮᠴᠢᠯᠡᠭᠡᠨ ᠤ ᠰᠢᠯᠢᠳᠡᠭ ᠴᠢᠳᠠᠪᠤᠷᠢᠲᠠᠨ ᠢ ᠬᠥᠮᠥᠵᠢᠭᠦᠯᠦᠨ᠎ᠡ      ︽ᠭᠠᠳᠠᠭᠰᠢ ᠭᠠᠷᠴᠤ︾ ᠪᠡᠭᠡᠵᠢᠩ ᠳᠤ ᠬᠦᠷᠴᠦ ᠪᠣᠯᠪᠠᠰᠤᠷᠠᠭᠤᠯᠤᠯ ᠳᠤ ᠣᠷᠣᠯᠴᠠᠵᠤ  ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠪᠣᠯᠣᠨ ᠡᠮᠨᠡᠯᠭᠡ ᠶᠢᠨ ᠬᠤᠷᠢᠶ᠎ᠠ ᠬᠠᠪᠰᠤᠷᠤᠨ ᠲᠡᠳᠬᠦᠬᠦ ᠪᠣᠷᠣ ᠲᠥᠯᠥᠪ ᠤᠨ ᠵᠥᠪᠯᠡᠯᠴᠡᠭᠡᠷ ᠲᠣᠭᠲᠠᠵᠤ᠂ ᠡᠮᠴᠢ ᠶᠢᠨ ︽ᠨᠢᠭᠡ ᠳᠤ ᠨᠢᠭᠡ ᠲᠠᠢ ︾ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠨᠢᠭᠦᠯᠪᠡ᠃ 140.4 ᠲᠦᠮᠡᠨ ᠲᠥᠭᠦᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠠᠯ᠎ᠠ ᠶᠢᠨ ᠪᠣᠯᠪᠠᠰᠤᠷᠠᠭᠤᠯᠤᠯ ᠤᠨ ᠨᠥᠬᠦᠪᠦᠷᠢ ᠮᠥᠩᠭᠦ ᠶᠢ ᠵᠣᠬᠢᠴᠠᠭᠤᠯᠵᠤ᠂ 76 ᠨᠡᠷᠡᠰ ᠬᠢᠲᠠᠳ ᠡᠸᠦ᠋ᠷᠦᠫᠡ ᠡᠮᠨᠡᠯᠭᠡ  ᠂ ᠰᠤᠪᠢᠯᠠᠭᠴᠢ ᠶᠢ ᠵᠣᠬᠢᠶᠠᠨ ᠪᠠᠶᠢᠭᠤᠯᠤᠨ ᠪᠡᠭᠡᠵᠢᠩ ᠳᠤ ᠢᠷᠡᠭᠦᠯᠵᠦ ᠳᠠᠪᠲᠠᠨ ᠰᠤᠷᠤᠯᠴᠠᠭᠤᠯᠵᠤ᠂ ᠳᠠᠮ ᠢᠶᠠᠷ ᠠᠰᠢᠭ ᠭᠥᠷᠳᠡᠭᠰᠡᠨ ᠬᠥᠮᠥᠨ ᠤᠳᠠᠭ᠎ᠠ 2.5 ᠲᠦᠮᠡᠨ ᠬᠥᠮᠥᠨ ᠤᠳᠠᠭ᠎ᠠ ᠳᠤ ᠬᠥᠷᠪᠡ᠃ ︽ᠭᠡᠷ ᠲᠤᠨᠢ ᠬᠦᠷᠭᠡᠵᠦ︾ ᠠᠹᠭᠠᠨᠢᠰᠲ᠋ᠠᠨ ᠳᠤ ᠬᠦᠷᠴᠦ ᠵᠢᠭᠠᠨ ᠵᠢᠯᠣᠭᠤᠳᠪᠠ᠂ ᠴᠠᠩᠫᠢᠩ ᠲᠣᠭᠤᠷᠢᠭ ᠤᠨ ᠬᠢᠨ ᠪᠡᠭᠡᠵᠢᠩ ᠤᠨ ᠠᠨ ᠵᠧᠨ ᠡᠮᠨᠡᠯᠭᠡ ᠶᠢᠨ ᠬᠤᠷᠢᠶ᠎ᠠ ᠪᠣᠯᠣᠨ ᠠᠷᠤ ᠬᠤᠷᠴᠢᠨ ᠬᠤᠰᠢᠭᠤᠨ ᠤ ᠡᠮᠨᠡᠯᠭᠡ ᠶᠢᠨ ᠬᠤᠷᠢᠶ᠎ᠠ ᠲᠠᠢ ᠢᠳᠡᠪᠬᠢᠲᠡᠢ ᠪᠠᠷ ᠵᠣᠬᠢᠴᠠᠭᠤᠯᠤᠨ ᠡᠮᠨᠡᠯᠭᠡ ᠶᠢᠨ ᠬᠠᠮᠲᠤ ᠶᠢᠨ ᠴᠣᠭᠴᠠ ᠪᠠᠶᠢᠭᠤᠯᠵᠤ᠂ ᠪᠡᠭᠡᠵᠢᠩ ᠤᠨ ᠲᠤᠰᠬᠠᠢ ᠮᠡᠷᠭᠡᠵᠢᠯᠲᠡᠨ ᠡᠮᠴᠢ ᠶᠢ ᠠᠷᠤ ᠬᠤᠷᠴᠢᠨ ᠬᠤᠰᠢᠭᠤᠨ ᠳᠤ ᠣᠴᠢᠭᠤᠯᠤᠨ ᠠᠵᠢᠯᠯᠠᠬᠤ ᠲᠠᠪᠴᠠᠩ ᠪᠠᠶᠢᠭᠤᠯᠵᠤ᠂ ᠤᠷᠢᠳ ᠬᠤᠵᠢᠳ 29 ᠲᠤᠰᠬᠠᠢ ᠮᠡᠷᠭᠡᠵᠢᠯᠲᠡᠨ ᠢ ᠰᠣᠩᠭᠤᠨ ᠲᠣᠮᠢᠯᠠᠵᠤ ᠠᠹᠭᠠᠨᠢᠰᠲ᠋ᠠᠨ ᠳᠤ ᠣᠴᠢᠭᠤᠯᠤᠨ ᠵᠢᠭᠠᠨ ᠵᠢᠯᠤᠭᠤᠳᠬᠤ᠂ ᠡᠷᠳᠡᠮ ᠰᠢᠨᠵᠢᠯᠡᠭᠡᠨ ᠤ ᠲᠠᠶᠢᠯᠤᠮᠵᠢ ᠬᠢᠯᠭᠡᠬᠦ᠂ ᠠᠯᠪᠠᠨ ᠵᠢᠷᠤᠮ ᠤᠨ ᠡᠮᠴᠢᠯᠡᠭᠡ ᠬᠢᠯᠭᠡᠬᠦ᠂ ᠡᠯ᠎ᠡ ᠱᠠᠲᠤᠨ ᠤ ᠡᠮᠨᠡᠯᠭᠡ ᠶᠢᠨ ᠠᠵᠢᠯᠲᠠᠨ ᠢ 1220 ᠬᠥᠮᠥᠨ ᠤᠳᠠᠭ᠎ᠠ ᠪᠣᠯᠪᠠᠰᠤᠷᠠᠭᠤᠯᠵᠤ ᠂ 16 ᠲᠠᠯᠠᠪᠤᠷ ᠲᠠᠶᠢᠯᠤᠮᠵᠢ ᠥᠷᠨᠢᠭᠦᠯᠵᠦ᠂ 3500 ᠬᠥᠮᠥᠨ ᠳᠤ ᠪᠣᠯᠪᠠᠰᠤᠷᠠᠯ ᠬᠦᠷᠲᠡᠭᠡᠪᠡ᠃ ︽ᠪᠡᠯᠡ ᠮᠥᠩᠭᠦ ᠥᠭᠬᠦ︾ ᠪᠠᠷ ᠲᠣᠨᠤᠭ ᠲᠥᠬᠦᠭᠡᠷᠦᠮᠵᠢ ᠶᠢ ᠲᠠᠰ ᠳᠡᠪᠰᠢᠭᠦᠯᠵᠦ ᠂ ᠨᠡᠶᠢᠲᠡ 310 ᠲᠦᠮᠡᠨ ᠲᠥᠭᠦᠷᠢᠭ ᠣᠷᠣᠭᠤᠯᠤᠨ᠂ ᠰᠠᠶᠢᠬᠠᠨ ᠲᠠᠯ᠎ᠠ ᠡᠷᠡᠭᠦᠯ ᠬᠠᠮᠠᠭᠠᠯᠠᠯ ᠤᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠮ ᠨᠠᠶᠢᠷᠠᠭᠤᠯᠬᠤ ᠲᠠᠰᠤᠭ᠂ ᠡᠷᠡᠭᠦᠯᠵᠢᠯ ᠤᠨ ᠭᠠᠵᠠᠷ ᠤᠨ ᠶᠡᠷᠦᠩᠬᠡᠶᠢᠯᠡᠭᠰᠡᠨ ᠠᠰᠠᠷ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠬᠤᠳᠠᠯᠳᠤᠨ ᠠᠪᠬᠤ ᠶᠢ ᠳᠡᠮᠵᠢᠵᠦ᠂ ᠡᠮ ᠡᠮᠨᠡᠯᠭᠡ ᠶᠢᠨ ᠰᠠᠭᠤᠷᠢ ᠲᠥᠬᠦᠭᠡᠷᠦᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠡᠮ ᠡᠮᠨᠡᠯᠭᠡ ᠶᠢᠨ ᠴᠢᠳᠠᠪᠤᠷᠢᠲᠠᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠬᠤ ᠳᠤ ᠬᠦᠴᠦ ᠨᠡᠮᠡᠷᠢᠯᠡᠵᠦ  ᠂ ᠪᠥᠬᠦ ᠬᠤᠰᠢᠭᠤᠨ ᠤ ᠡᠮ ᠡᠮᠨᠡᠯᠭᠡ ᠶᠢᠨ ᠣᠨᠣᠰᠢᠯᠠᠨ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃      ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠣᠷᠣᠨ ᠨᠤᠲᠤᠭ ᠤᠨ ᠴᠢᠳᠠᠪᠤᠷᠢᠲᠠᠨ ᠢ ᠬᠥᠮᠥᠵᠢᠭᠦᠯᠦᠨ᠎ᠡ      ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠳᠬᠤᠵᠤ᠂ ᠴᠢᠳᠠᠪᠤᠷᠢᠲᠠᠨ ᠢ ᠨᠡᠪᠴᠢᠭᠦᠯᠬᠦ ᠲᠠᠪᠴᠠᠩ ᠢ ᠪᠠᠶᠢᠭᠤᠯᠵᠤ᠂ ᠴᠠᠩ ᠫᠢᠩ ᠲᠣᠭᠤᠷᠢᠭ ᠤᠨ ᠬᠢᠨ ᠨᠡᠶᠢᠲᠡ 2.332 ᠳ᠋ᠦᠩᠰᠢᠭᠤᠷ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠣᠷᠣᠭᠤᠯᠵᠤ ᠂ ᠪᠡᠭᠡᠵᠢᠩ ᠬᠤᠲᠠ ᠶᠢᠨ ᠲᠠᠰ ᠤᠨ ᠪᠠ ᠴᠠᠩᠫᠢᠩ ᠲᠣᠭᠤᠷᠢᠭ ᠤᠨ ᠲᠠᠰ ᠤᠨ ᠪᠡᠯᠡ ᠮᠥᠩᠭᠦ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ 153 ᠲᠥᠷᠥᠯ ᠵᠦᠢᠯ ᠢ ᠬᠡᠷᠡᠭᠵᠢᠭᠦᠯᠵᠦ᠂ ᠭᠦᠵᠡᠯᠵᠡᠭᠡᠨ᠎ᠡ ᠶᠢᠨ ᠴᠢᠬᠢ ᠪᠣᠶᠢᠵᠢᠭᠤᠯᠬᠤ᠂ ᠠᠯᠠᠰᠢᠨ ᠦᠬᠡᠷ᠂ ᠲᠠᠷᠢᠶᠠᠯᠠᠩ ᠤᠨ ᠪᠦᠲᠦᠭᠡᠭᠳᠡᠬᠦᠨ᠂ ᠡᠷᠳᠡᠨᠢ ᠰᠢᠰᠢ ᠵᠡᠷᠭᠡ 4 ᠰᠢᠯᠢᠳᠡᠭ ᠬᠠᠩᠭᠠᠯᠭ᠎ᠠ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠠᠷᠤ ᠬᠤᠷᠴᠢᠨ ᠬᠤᠰᠢᠭᠤᠨ ᠤ ᠲᠠᠷᠢᠶᠠᠯᠠᠩ ᠂ ᠮᠠᠯ ᠠᠵᠤ ᠠᠬᠤᠢ᠂ ᠡᠯᠳᠡᠪ ᠠᠮᠤ᠂ ᠣᠨᠴᠠᠯᠢᠭᠲᠤ ᠵᠢᠮᠢᠰ ᠢᠳᠡᠰᠢᠨ ᠨᠣᠭᠤᠭᠠᠨ ᠤ ᠠᠵᠤ ᠦᠢᠯᠡᠰ ᠤᠨ ᠣᠯᠠᠨ ᠴᠡᠭ ᠲᠤ ᠴᠡᠴᠡᠭᠯᠡᠬᠦ ᠶᠢ ᠪᠡᠶᠡᠯᠡᠭᠦᠯᠵᠦ᠂ ᠨᠤᠲᠤᠭ ᠤᠨ ᠴᠢᠳᠠᠪᠤᠷᠢᠲᠠᠨ ᠢ ᠨᠡᠪᠴᠢᠭᠦᠯᠬᠦ ᠳᠤ ᠦᠢᠯᠡᠳᠦᠯᠭᠡ ᠶᠢᠨ ᠳᠠᠳᠤᠯᠭ᠎ᠠ ᠪᠣᠯᠪᠠᠰᠤᠷᠠᠭᠤᠯᠤᠯ ᠤᠨ ᠲᠠᠪᠴᠠᠩ ᠪᠠᠶᠢᠭᠤᠯᠤᠨ ᠂ ᠲᠥᠷᠥᠯ ᠵᠦᠢᠯ ᠤᠨ ︽ᠪᠠᠶᠢᠭᠠᠯᠢ ᠶᠢᠨ ᠬᠢᠴᠢᠶᠡᠯ ᠤᠨ ᠲᠠᠩᠬᠢᠮ︾ ᠢᠶᠠᠷ ᠳᠠᠮᠵᠢᠭᠤᠯᠤᠨ ︽ᠨᠤᠲᠤᠭ ᠤᠨ ᠮᠡᠷᠭᠡᠵᠢᠯᠲᠡᠨ︾ ︽ᠲᠠᠷᠢᠶᠠᠨ ᠪᠢᠴᠢᠭ ᠤᠨ ᠴᠢᠳᠠᠪᠤᠷᠢᠲᠠᠨ︾ ᠢ 1820 ᠬᠥᠮᠥᠵᠢᠭᠦᠯᠦᠨ᠎ᠡ᠃ ᠲᠤᠰᠬᠠᠢ ᠮᠡᠷᠭᠡᠵᠢᠯ ᠤᠨ ᠪᠣᠯᠪᠠᠰᠤᠷᠠᠯ ᠢ ᠠᠳᠬᠤᠵᠤ᠂ ᠴᠢᠳᠠᠪᠤᠷᠢᠲᠠᠨ ᠤ ᠤᠷ᠎ᠠ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠵᠦ᠂ ᠴᠠᠩᠫᠢᠩ ᠲᠣᠭᠤᠷᠢᠭ ᠤᠨ ᠬᠢᠨ ᠵᠢᠯ ᠳᠤᠮᠳᠠᠴᠢ ᠪᠠᠷ 150 ᠲᠦᠮᠡᠨ ᠲᠥᠭᠦᠷᠢᠭ ᠤᠨ ᠪᠡᠯᠡ ᠮᠥᠩᠭᠦ ᠶᠢ ᠵᠣᠬᠢᠴᠠᠭᠤᠯᠵᠤ᠂ ᠠᠷᠤ ᠬᠤᠷᠴᠢᠨ ᠬᠤᠰᠢᠭᠤᠨ ᠤ ᠨᠤᠲᠤᠭ ᠤᠨ ᠴᠢᠳᠠᠪᠤᠷᠢᠲᠠᠨ ᠢ ᠬᠥᠮᠥᠵᠢᠭᠦᠯᠬᠦ ᠨᠡᠪᠴᠢᠭᠦᠯᠬᠦ ᠲᠥᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠳᠤ ᠬᠡᠷᠡᠭᠯᠡᠵᠦ᠂ ᠮᠠᠯ ᠠᠵᠤ ᠠᠬᠤᠢ ᠮᠠᠯ ᠡᠮᠨᠡᠯᠭᠡ᠂ ᠦᠨᠳᠦᠰᠦᠲᠡᠨ ᠤ ᠬᠠᠳᠬᠤᠮᠠᠯ᠂ ᠡᠯᠧᠺᠲᠷᠣᠨ ᠬᠤᠳᠠᠯᠳᠤᠭ᠎ᠠ ᠪᠠᠷ ᠦᠢᠯᠡᠰ ᠪᠣᠰᠬᠠᠬᠤ᠂ ᠡᠸᠦ᠋ᠷᠦᠫᠡ ᠮᠠᠶ᠋ᠢᠭ ᠤᠨ ᠮᠢᠶᠠᠨᠲ᠋ᠢᠶᠣᠤᠷ᠂ ᠭᠡᠷ ᠤᠨ ᠶᠠᠪᠤᠳᠠᠯ ᠤᠨ ᠰᠠᠷ᠎ᠠ ᠶᠢᠨ ᠪᠡᠷᠭᠡᠨ ᠵᠡᠷᠭᠡ ᠡᠯ᠎ᠡ ᠲᠦᠷᠦᠯ ᠤᠨ ᠪᠣᠯᠪᠠᠰᠤᠷᠠᠯ ᠤᠨ ᠠᠩᠬᠢ ᠶᠢ ᠪᠠᠶᠢᠭᠤᠯᠵᠤ᠂ ᠵᠢᠯ ᠳᠤᠮᠳᠠᠴᠢ ᠪᠠᠷ 5100 ᠭᠠᠷᠤᠢ ᠡᠯ᠎ᠡ ᠲᠦᠷᠦᠯ ᠤᠨ ᠴᠢᠳᠠᠪᠤᠷᠢᠲᠠᠨ ᠢ ᠪᠣᠯᠪᠠᠰᠤᠷᠠᠭᠤᠯᠵᠤ᠂ ᠡᠯ᠎ᠡ ᠲᠦᠷᠦᠯ ᠤᠨ ᠤᠷ᠎ᠠ ᠮᠡᠷᠭᠡᠵᠢᠯ ᠤᠨ ᠴᠢᠳᠠᠪᠤᠷᠢᠲᠠᠨ ᠤ ᠠᠵᠢᠯ ᠡᠷᠬᠢᠯᠡᠬᠦ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠠᠳᠬᠤᠵᠤ  ᠂ ᠴᠢᠳᠠᠪᠤᠷᠢᠲᠠᠨ ᠤ ᠦᠷ᠎ᠡ ᠠᠰᠢᠭ ᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠵᠦ᠂ ᠴᠠᠩᠫᠢᠩ ᠲᠣᠭᠤᠷᠢᠭ ᠤᠨ ᠬᠢᠨ ᠵᠠᠬ᠎ᠠ ᠳᠡᠯᠭᠡᠭᠦᠷ ᠤᠨ ᠳᠠᠪᠠᠭᠤᠯᠢᠭ ᠢᠶᠠᠨ ᠠᠰᠢᠭᠯᠠᠨ᠂ ᠡᠯ᠎ᠡ ᠲᠥᠷᠥᠯ ᠤᠨ ᠬᠡᠷᠡᠭᠯᠡᠭᠡ ᠶᠢ ᠬᠠᠪᠰᠤᠷᠤᠨ ᠲᠡᠳᠬᠦᠬᠦ ᠠᠵᠢᠯᠯᠠᠭ᠎ᠠ ᠶᠢ ᠠᠰᠢᠭᠯᠠᠨ᠂ ᠪᠡᠭᠡᠵᠢᠩ ᠪᠣᠯᠣᠨ ᠠᠷᠤ ᠬᠤᠷᠴᠢᠨ ᠬᠤᠰᠢᠭᠤᠨ ᠤ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠠᠷᠤ ᠬᠤᠷᠴᠢᠨ ᠬᠤᠰᠢᠭᠤᠨ ᠤ ᠰᠢᠯᠢᠳᠡᠭ ᠲᠠᠷᠢᠶᠠᠯᠠᠩ ᠤᠨ ᠣᠨᠴᠠ ᠭᠠᠷᠤᠯᠲᠠ ᠶᠢ ᠪᠡᠭᠡᠵᠢᠩ ᠬᠤᠲᠠ ᠶᠢᠨ ᠠᠷᠠᠳ ᠤᠨ ᠠᠮᠢᠳᠤᠷᠠᠯ ᠳᠤ ᠣᠷᠣᠭᠤᠯᠵᠤ᠂ ᠠᠵᠤ ᠦᠢᠯᠡᠰ ᠤᠨ ᠲᠥᠷᠥᠯ ᠵᠦᠢᠯ ᠤᠨ ᠠᠰᠢᠭ ᠣᠷᠣᠯᠭ᠎ᠠ ᠶᠢ ᠨᠠᠩ ᠰᠠᠶᠢᠨ ᠪᠣᠯᠭᠠᠵᠤ᠂ ᠣᠷᠣᠨ ᠨᠤᠲᠤᠭ ᠤᠨ ᠴᠢᠳᠠᠪᠤᠷᠢᠲᠠᠨ ᠤ ᠬᠥᠳᠡᠯᠮᠦᠷᠢ ᠶᠢ ᠨᠠᠩ ᠦᠨ᠎ᠡ ᠥᠷᠲᠡᠭ ᠲᠠᠢ ᠪᠣᠯᠭᠠᠵᠤ᠂ ᠣᠷᠣᠨ ᠨᠤᠲᠤᠭ ᠤᠨ ᠴᠢᠳᠠᠪᠤᠷᠢᠲᠠᠨ ᠤ ᠠᠵᠢᠯ ᠬᠢᠵᠦ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠪᠠ ᠬᠠᠯᠠᠭᠤᠨ ᠰᠡᠳᠬᠢᠯᠭᠡ ᠶᠢ ᠪᠦᠲᠦᠮᠵᠢᠲᠡᠶ ᠬᠥᠭᠵᠢᠭᠡᠨ᠎ᠡ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号