︽ᠬᠥᠬᠡᠭᠴᠢᠨ ᠲᠥᠷᠥᠯ ᠳᠤ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠤ ᠳᠠᠷᠠᠭᠠᠬᠢ ᠰᠡᠷᠭᠡᠶᠢᠯᠡᠨ ᠡᠵᠡᠮᠳᠡᠬᠦ ᠠᠵᠢᠯ ᠤᠨ ᠭᠤᠣᠯᠳᠠᠯᠭ᠎ᠠ ᠨᠢ ᠶᠠᠮᠠᠷ ᠠᠳᠠᠯᠢ ᠦᠭᠡᠢ ᠪᠣᠯᠤᠭᠰᠠᠨ ᠪᠣᠶ︖ ᠬᠦᠨᠳᠦ ᠡᠪᠡᠳᠴᠢᠲᠡᠨ ᠤ ᠣᠷᠣ ᠭᠦᠢᠴᠡᠳ ᠪᠠᠶᠢᠨ᠎ᠠ ᠦᠦ ᠁ ᠬᠠᠮᠤᠭ ᠤᠨ ᠰᠢᠨ᠎ᠡ ᠬᠠᠷᠢᠭᠤᠯᠲᠠ︕
ᠨᠡᠶᠢᠲᠡᠯᠡᠭᠰᠡᠨ ᠴᠠᠭ᠄
2022/12/30
      ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ 12 ᠳ᠋ᠤᠭᠠᠷ ᠰᠠᠷ᠎ᠠ ᠶᠢᠨ 27 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠳᠤ ︽ᠬᠥᠬᠡᠭᠴᠢᠨ ᠲᠥᠷᠥᠯ ᠳᠤ ᠬᠥᠬᠡᠭᠴᠢᠨ ᠬᠠᠮᠢᠶᠠᠷᠤᠯᠲᠠ︾ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠣᠳᠣᠬᠠᠨ ᠳᠤ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠪᠠᠶᠢᠳᠠᠯ ᠨᠢ ᠶᠠᠮᠠᠷ ᠪᠤᠢ︖ ︽ᠬᠥᠬᠡᠭᠴᠢᠨ ᠲᠥᠷᠥᠯ ᠳᠤ ᠬᠥᠬᠡᠭᠴᠢᠨ ᠬᠠᠮᠢᠶᠠᠷᠤᠯᠲᠠ︾ ᠬᠡᠷᠡᠭᠵᠢᠭᠦᠯᠦᠭᠰᠡᠨ ᠤ ᠳᠠᠷᠠᠭ᠎ᠠ ᠶᠠᠮᠠᠷ ᠶᠠᠮᠠᠷ ᠠᠳᠠᠯᠢ ᠪᠤᠰᠤ ᠲᠠᠯ᠎ᠠ ᠲᠠᠢ ᠪᠣᠶ︖ ᠬᠠᠮᠲᠤ ᠪᠠᠷ ᠠᠩᠬᠠᠷᠴᠠᠭᠠᠶ᠎ᠠ︕      ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠭᠤᠣᠯᠳᠠᠯᠭ᠎ᠠ ᠨᠢ ︽ᠬᠠᠯᠳᠠᠪᠤᠷᠢᠯᠠᠯ ᠢ ᠰᠡᠷᠭᠡᠶᠢᠯᠡᠬᠦ︾ ᠠᠴᠠ ︽ᠡᠷᠡᠭᠦᠯ ᠮᠡᠨᠳᠦ ᠶᠢ ᠪᠠᠲᠤᠯᠠᠬᠤ᠂ ᠬᠦᠨᠳᠦ ᠡᠪᠡᠳᠴᠢᠨ ᠢ ᠰᠡᠷᠭᠡᠶᠢᠯᠡᠬᠦ︾ ᠲᠡᠶᠢᠰᠢ ᠰᠢᠯᠵᠢᠪᠡ     ᠣᠳᠣᠬᠠᠨ ᠳᠤ᠂ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠢ ᠰᠢᠨ᠎ᠡ ᠱᠠᠲᠤᠨ ᠳᠤ ᠣᠷᠣᠵᠤ᠂ ᠰᠢᠨ᠎ᠡ ᠪᠠᠶᠢᠳᠠᠯ᠂ ᠰᠢᠨ᠎ᠡ ᠡᠭᠦᠷᠭᠡ ᠳᠤ ᠲᠤᠯᠭᠠᠷᠠᠵᠤ᠂ ᠠᠵᠢᠯ ᠤᠨ ᠭᠤᠣᠯᠳᠠᠯᠭ᠎ᠠ ᠪᠠᠨ ︽ᠬᠠᠯᠳᠠᠪᠤᠷᠢᠯᠠᠯ ᠢ ᠰᠡᠷᠭᠡᠶᠢᠯᠡᠬᠦ︾ ᠠᠴᠠ ︽ᠡᠷᠡᠭᠦᠯ ᠮᠡᠨᠳᠦ ᠶᠢ ᠪᠠᠲᠤᠯᠠᠬᠤ᠂ ᠬᠦᠨᠳᠦ ᠡᠪᠡᠳᠴᠢᠨ ᠢ ᠰᠡᠷᠭᠡᠶᠢᠯᠡᠬᠦ︾ ᠲᠡᠶᠢᠰᠢ ᠰᠢᠯᠵᠢᠭᠦᠯᠪᠡ᠃     1. ︽ᠬᠥᠬᠡᠭᠴᠢᠨ ᠲᠦᠷᠦᠯ ᠳᠤ ᠬᠥᠬᠡᠭᠴᠢᠨ ᠬᠠᠮᠢᠶᠠᠷᠤᠯᠲᠠ︾ ᠬᠡᠷᠡᠭᠵᠢᠭᠦᠯᠬᠦ ᠪᠣᠯ ᠸᠢᠷᠦ᠋ᠰ ᠤᠨ ᠣᠨᠳᠣᠣᠰᠢᠯ᠂ ᠬᠢᠵᠢᠭ ᠤᠨ ᠪᠠᠶᠢᠳᠠᠯ ᠪᠠ ᠮᠠᠨ ᠤ ᠤᠯᠤᠰ ᠤᠨ ᠰᠡᠷᠭᠡᠶᠢᠯᠡᠨ ᠡᠵᠡᠮᠳᠡᠬᠦ ᠠᠵᠢᠯ ᠵᠡᠷᠭᠡ ᠶᠢ ᠶᠡᠷᠦᠩᠬᠡᠶᠢᠯᠡᠨ ᠦᠨᠡᠯᠡᠨ ᠵᠢᠱᠢᠭᠰᠡᠨ ᠰᠠᠭᠤᠷᠢᠨ ᠳᠡᠭᠡᠷ᠎ᠡ ᠲᠣᠭᠲᠠᠭᠠᠭᠰᠠᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢᠨ ᠲᠣᠬᠢᠷᠠᠭᠤᠯᠤᠯᠲᠠ ᠪᠣᠯᠣᠨ᠎ᠠ᠂ ᠦᠨᠡᠨ ᠠᠴᠠ ᠵᠥᠪ ᠢ ᠡᠷᠢᠵᠦ᠂ ᠴᠠᠭ ᠤᠨ ᠪᠠᠶᠢᠳᠠᠯ ᠢ ᠦᠨᠳᠦᠰᠦᠯᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ ᠪᠠᠶᠢᠭ᠎ᠠ ᠰᠠᠨᠠᠭᠠᠴᠢᠯᠠᠭᠠᠲᠤ ᠠᠵᠢᠯᠯᠠᠭ᠎ᠠ ᠮᠥᠨ᠂ ᠡᠨᠡ ᠨᠢ ᠰᠡᠷᠭᠡᠶᠢᠯᠡᠨ ᠡᠵᠡᠮᠳᠡᠬᠦ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠨᠠᠷᠢᠯᠢᠭ ᠣᠨᠣᠪᠴᠢᠲᠤ ᠴᠢᠨᠠᠷ᠂ ᠪᠦᠲᠦᠮᠵᠢᠲᠦ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠶᠢᠨ ᠲᠥᠯᠥᠭᠡ ᠶᠤᠮ᠃     2. ︽ᠬᠥᠬᠡᠭᠴᠢᠨ ᠲᠥᠷᠥᠯ ᠳᠤ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠵᠦ᠂ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠳ ᠢ ᠳᠠᠭᠢᠵᠤ ᠲᠤᠰᠠᠭᠠᠷᠯᠠᠬᠤ ᠠᠷᠭ᠎ᠠ ᠬᠡᠮᠵᠢᠶ᠎ᠡ ᠠᠪᠬᠤ ᠦᠭᠡᠢ᠂ ᠨᠢᠭᠲᠠ ᠣᠶᠢᠷᠠᠲᠤᠭᠰᠠᠳ ᠢ ᠳᠠᠭᠢᠵᠤ ᠮᠠᠭᠠᠳᠯᠠᠨ ᠲᠣᠭᠲᠠᠭᠠᠬᠤ ᠦᠭᠡᠢ︔ ᠥᠨᠳᠥᠷ ᠳᠣᠣᠷ᠎ᠠ ᠳᠡᠰ ᠤᠨ ᠲᠦᠭᠰᠢᠭᠦᠷᠢᠲᠦ ᠣᠷᠣᠨ ᠢ ᠳᠠᠭᠢᠵᠤ ᠵᠠᠭᠠᠭᠯᠠᠨ ᠲᠣᠭᠲᠠᠭᠠᠬᠤ ᠦᠭᠡᠢ︔ ᠬᠢᠯᠢ ᠪᠠᠷ ᠣᠷᠣᠵᠤ ᠢᠷᠡᠭᠰᠡᠳ ᠪᠠ ᠡᠳ᠋ ᠪᠠᠷᠠᠭ᠎ᠠ ᠵᠡᠷᠭᠡ ᠳᠤ ᠳᠠᠬᠢᠵᠤ ᠬᠢᠵᠢᠭ ᠢ ᠪᠠᠶᠢᠴᠠᠭᠠᠬᠤ ᠬᠠᠯᠳᠠᠪᠤᠷᠢᠲᠤ ᠡᠪᠡᠳᠴᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠬᠤ ᠦᠭᠡᠢ ᠃ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠳ ᠢ ᠱᠠᠲᠤ ᠲᠥᠷᠥᠯ ᠬᠤᠪᠢᠶᠠᠨ ᠭᠥᠯᠢᠶᠡᠨ ᠠᠪᠴᠤ ᠡᠮᠨᠡᠨ ᠵᠠᠰᠠᠬᠤ ᠶᠢᠨ ᠬᠠᠮᠲᠤ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠳᠤ ᠴᠠᠭ ᠲᠤᠬᠠᠢ ᠳᠤ ᠨᠢ ᠲᠣᠬᠢᠷᠠᠭᠤᠯᠤᠯᠲᠠ ᠬᠢᠨ᠎ᠡ᠃ ᠪᠠᠶᠢᠴᠠᠭᠠᠯᠲᠠ ᠶᠢᠨ ᠠᠷᠭ᠎ᠠ ᠪᠣᠳᠣᠯᠭ᠎ᠠ ᠶᠢ ᠴᠤ ᠰᠠᠶᠢᠨ ᠳᠤᠷ᠎ᠠ ᠠᠴᠠ ᠪᠠᠨ ᠪᠠᠶᠢᠴᠠᠭᠠᠬᠤ ᠪᠣᠯᠭᠠᠨ ᠲᠣᠬᠢᠷᠠᠭᠤᠯᠪᠠ᠃ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠬᠦ ᠤᠳᠠᠭ᠎ᠠ ᠪᠠ ᠠᠭᠤᠯᠭ᠎ᠠ ᠳᠤ ᠲᠣᠬᠢᠷᠠᠭᠤᠯᠤᠯᠲᠠ ᠬᠢᠪᠡ᠃     3. ︽ᠬᠥᠬᠡᠭᠴᠢᠨ ᠲᠦᠷᠦᠯ ᠳᠤ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠬᠦ ᠨᠢ ᠬᠠᠮᠢᠶᠠᠷᠬᠤ ᠦᠭᠡᠢ ᠴᠢᠯᠦᠭᠡᠲᠡᠢ ᠲᠠᠯᠪᠢᠬᠤ ᠭᠡᠰᠡᠨ ᠶᠠᠪᠤᠳᠠᠯ ᠤᠭᠳᠤ ᠪᠢᠰᠢ᠂ ᠦᠢᠯᠡᠴᠢᠯᠡᠭᠡ ᠪᠠ ᠪᠠᠲᠤᠯᠠᠭ᠎ᠠ ᠶᠢ ᠴᠢᠩᠭᠠᠳᠬᠠᠬᠤ ᠪᠠᠷ ᠭᠤᠣᠯᠳᠠᠯᠭ᠎ᠠ ᠪᠣᠯᠭᠠᠨ᠎ᠠ᠃ ᠡᠮᠴᠢᠯᠡᠭᠡᠨ ᠤ ᠠᠪᠤᠷᠠᠨ ᠵᠠᠰᠠᠬᠤ ᠡᠬᠢ ᠪᠠᠶᠠᠯᠢᠭ ᠤᠨ ᠪᠡᠯᠡᠳᠬᠡᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠤᠯᠠᠨ ᠲᠦᠮᠡᠨ ᠤ ᠡᠮ ᠬᠡᠷᠡᠭᠯᠡᠬᠦ ᠬᠡᠷᠡᠭᠴᠡᠭᠡ ᠶᠢ ᠬᠦᠴᠦᠯᠡᠨ ᠰᠠᠶᠢᠲᠤᠷ ᠬᠢᠵᠦ᠂ ᠨᠠᠰᠤᠲᠠᠶᠢᠴᠤᠳ᠂ ᠬᠡᠦᠬᠡᠳ ᠵᠡᠷᠭᠡ ᠭᠤᠣᠯᠳᠠᠯᠭ᠎ᠠ ᠲᠠᠢ ᠬᠥᠮᠥᠰ ᠢ ᠰᠡᠷᠭᠡᠶᠢᠯᠡᠨ ᠬᠠᠮᠠᠭᠠᠯᠠᠬᠤ ᠪᠠ ᠠᠪᠤᠷᠠᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠨᠴᠠᠭᠠᠶᠢᠯᠠᠨ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠪᠠ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠴᠢᠩᠭᠠᠳᠬᠠᠬᠤ ᠬᠡᠷᠡᠭᠲᠡᠢ᠃     4. ︽ᠬᠥᠬᠡᠭᠴᠢᠨ ᠲᠦᠷᠦᠯ ᠳᠤ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠬᠦ ᠳᠤ ᠮᠥᠨ ᠯᠡ ᠥᠷᠭᠡᠨ ᠤᠯᠠᠨ ᠲᠦᠮᠡᠨ ᠤ ᠳᠡᠮᠵᠢᠯᠭᠡ ᠪᠠ ᠬᠠᠮᠵᠢᠯᠴᠠᠭ᠎ᠠ ᠳᠤ ᠲᠦᠰᠢᠭᠯᠡᠨ᠎ᠡ᠃ ᠣᠶᠢᠷ᠎ᠠ ᠶᠢᠨ ᠭᠤᠷᠪᠠᠨ ᠵᠢᠯ ᠤᠨ ᠲᠤᠷᠰᠢ ᠪᠤᠢ ᠪᠣᠯᠭᠠᠭᠰᠠᠨ ᠰᠠᠶᠢᠨ ᠰᠠᠶᠢᠬᠠᠨ ᠬᠤᠪᠢ ᠬᠥᠮᠥᠨ ᠤ ᠡᠷᠡᠭᠦᠯ ᠬᠠᠮᠠᠭᠠᠯᠠᠯ ᠤᠨ ᠳᠠᠳᠬᠠᠯ ᠪᠣᠯᠣᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠦᠷᠭᠦᠯᠵᠢᠯᠡᠨ ᠪᠠᠷᠢᠮᠲᠠᠯᠠᠵᠤ᠂ ᠬᠤᠪᠢ ᠬᠥᠮᠥᠨ ᠤ ᠬᠠᠮᠠᠭᠠᠯᠠᠯᠲᠠ ᠶᠢ ᠢᠮᠠᠭᠲᠠ ᠰᠠᠶᠢᠲᠤᠷ ᠬᠢᠬᠦ ᠬᠡᠷᠡᠭᠲᠡᠢ᠃     ︽ᠬᠥᠬᠡᠭᠴᠢᠨ ᠲᠦᠷᠦᠯ ᠳᠤ ᠬᠥᠬᠡ ᠬᠠᠮᠢᠶᠠᠷᠤᠯᠲᠠ ᠶᠢ ᠬᠡᠷᠡᠭᠵᠢᠭᠦᠯᠬᠦ︾ ᠶᠢ ︽ᠬᠥᠬᠡᠭᠴᠢᠨ ᠲᠦᠷᠦᠯ ᠳᠤ ᠬᠥᠬᠡᠭᠴᠢᠨ ᠬᠠᠮᠢᠶᠠᠷᠤᠯᠲᠠ ᠶᠢ ᠬᠡᠷᠡᠭᠵᠢᠭᠦᠯᠬᠦ︾ ᠪᠣᠯᠭᠠᠨ ᠲᠣᠬᠢᠷᠠᠭᠤᠯᠬᠤ ᠳᠤ ᠶᠠᠮᠠᠷ ᠶᠠᠮᠠᠷ ᠨᠥᠬᠦᠴᠡᠯ ᠢ ᠪᠦᠷᠢᠯᠳᠦᠭᠦᠯᠦᠭᠰᠡᠨ ᠪᠤᠢ︖     1. ᠬᠢᠵᠢᠭ ᠤᠨ ᠪᠠᠶᠢᠳᠠᠯ ᠪᠠ ᠸᠢᠷᠦ᠋ᠰ ᠤᠨ ᠣᠨᠳᠣᠣᠰᠢᠯ ᠤᠨ ᠪᠠᠶᠢᠳᠠᠯ ᠠᠴᠠ ᠦᠵᠡᠪᠡᠯ᠂ ᠣᠮᠢᠺᠷᠦᠨ ᠣᠨᠳᠣᠣᠰᠢᠭᠰᠠᠨ ᠸᠢᠷᠦ᠋ᠰ ᠨᠢ ᠨᠢᠭᠡᠨᠲᠡ ᠪᠦᠬᠦ ᠳᠡᠯᠡᠬᠡᠢ ᠳᠤ ᠳᠡᠯᠭᠡᠷᠡᠵᠦ ᠪᠠᠶᠢᠭ᠎ᠠ ᠳᠠᠪᠠᠭᠤᠯᠢᠭ ᠬᠤᠣᠷᠲᠤ ᠸᠢᠷᠦ᠋ᠰ ᠪᠣᠯᠵᠤ᠂ ᠬᠡᠳᠦᠶᠢᠪᠡᠷ ᠬᠠᠯᠳᠠᠪᠤᠷᠢᠯᠠᠭᠰᠠᠨ ᠬᠥᠮᠥᠨ ᠤ ᠲᠤᠭ᠎ᠠ ᠨᠢ ᠣᠯᠠᠨ ᠪᠣᠯᠪᠠᠴᠤ ᠬᠦᠨᠳᠦ ᠡᠪᠡᠳᠴᠢᠨ ᠤ ᠨᠣᠷᠮ᠎ᠠ ᠪᠠ ᠦᠬᠦᠯ ᠤᠨ ᠨᠣᠷᠮ᠎ᠠ ᠨᠢ ᠳᠣᠣᠷ᠎ᠠ ᠪᠣᠯᠵᠠᠢ᠃ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠰᠢᠯᠭᠠᠨ ᠪᠠᠶᠢᠴᠠᠭᠠᠭᠰᠠᠨ ᠲᠤᠭ᠎ᠠ ᠪᠠᠷᠢᠮᠲᠠ ᠶᠢᠨ ᠢᠯᠡᠷᠡᠭᠦᠯᠦᠭᠰᠡᠨ ᠢᠶᠠᠷ᠂ ᠣᠮᠢᠺᠷᠦᠨ ᠣᠨᠳᠣᠣᠰᠢᠭᠰᠠᠨ ᠸᠢᠷᠦ᠋ᠰ ᠤᠨ ᠡᠪᠡᠳᠴᠢᠯᠡᠭᠦᠯᠬᠦ ᠬᠦᠴᠦ ᠨᠢ ᠠᠩᠬᠠᠨ ᠤ ᠸᠢᠷᠦ᠋ᠰ ᠪᠠ ᠪᠤᠰᠤᠳ ᠠᠩᠬᠠᠷᠴᠤ ᠪᠠᠶᠢᠭᠰᠠᠨ ᠣᠨᠳᠣᠣᠰᠢᠭᠰᠠᠨ ᠸᠢᠷᠦ᠋ᠰ ᠤᠨ ᠬᠢ ᠠᠴᠠ ᠪᠠᠭᠤᠷᠠᠵᠤ᠂ ᠡᠭᠦᠨ ᠠᠴᠠ ᠪᠣᠯᠤᠭᠰᠠᠨ ᠡᠪᠡᠳᠴᠢᠨ ᠤ ᠢᠯᠡᠷᠡᠯ ᠨᠢ ᠬᠠᠯᠠᠭᠤᠷᠠᠬᠤ ᠪᠠ ᠠᠮᠢᠰᠬᠤᠯ ᠤᠨ ᠵᠠᠮ ᠤᠨ ᠳᠡᠭᠡᠳᠦ ᠬᠡᠰᠡᠭ ᠤᠨ ᠡᠪᠡᠳᠴᠢᠨ ᠤ ᠢᠯᠡᠷᠡᠯ ᠢᠶᠠᠷ ᠭᠤᠣᠯ ᠪᠣᠯᠭᠠᠳᠠᠭ᠃     2. ᠬᠥᠮᠥᠰ ᠤᠨ ᠡᠭᠡᠯᠢᠯᠡᠭᠡ ᠶᠢᠨ ᠬᠢᠷᠢ ᠲᠦᠪᠰᠢᠨ ᠠᠴᠠ ᠦᠵᠡᠪᠡᠯ᠂ ᠮᠠᠨ ᠤ ᠤᠯᠤᠰ ᠤᠨ ᠰᠢᠨ᠎ᠡ ᠸᠠᠺᠼᠢᠨ ᠤ ᠲᠠᠷᠢᠯᠭ᠎ᠠ ᠲᠦᠭᠡᠮᠡᠯᠵᠢᠭᠰᠡᠨ ᠪᠠᠶᠢᠨ᠎ᠠ᠃ ᠣᠳᠣᠬᠠᠨ ᠳᠤ ᠪᠥᠬᠦ ᠤᠯᠤᠰ ᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠨᠡᠶᠢᠲᠡ 34 ᠳ᠋ᠦᠩᠰᠢᠭᠤᠷ ᠭᠠᠷᠤᠢ ᠤᠳᠠᠭ᠎ᠠ ᠳᠠᠷᠢᠵᠤ᠂ ᠸᠠᠺᠼᠢᠨ ᠤ ᠲᠠᠷᠢᠯᠭ᠎ᠠ ᠶᠢᠨ ᠬᠠᠮᠤᠷᠤᠭᠰᠠᠨ ᠬᠥᠮᠥᠨ ᠤ ᠲᠤᠭ᠎ᠠ ᠪᠠ ᠪᠥᠬᠦ ᠶᠠᠪᠤᠴᠠ ᠶᠢᠨ ᠲᠠᠷᠢᠯᠭ᠎ᠠ ᠬᠢᠭᠰᠡᠨ ᠬᠥᠮᠥᠨ ᠤ ᠲᠤᠭ᠎ᠠ ᠲᠣᠰ ᠲᠣᠰ ᠪᠥᠬᠦ ᠤᠯᠤᠰ ᠤᠨ ᠶᠡᠷᠦᠩᠬᠡᠢ ᠬᠥᠮᠥᠨ ᠠᠮᠠ ᠶᠢᠨ 92% ᠪᠠ 90% ᠠᠴᠠ ᠳᠡᠭᠡᠭᠰᠢᠬᠢ ᠶᠢ ᠡᠵᠡᠯᠡᠪᠡ᠃ ᠠᠷᠠᠳ ᠣᠯᠠᠨ ᠤ ᠡᠷᠡᠭᠦᠯ ᠮᠡᠨᠳᠦ ᠶᠢᠨ ᠤᠬᠠᠮᠰᠠᠷ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠯᠠᠮ ᠨᠢᠭᠡ ᠠᠯᠬᠤᠮ ᠳᠡᠭᠡᠭᠰᠢᠯᠡᠵᠦ᠂ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠬᠤ ᠴᠢᠳᠠᠪᠤᠷᠢ ᠢᠳᠡᠭ ᠢᠳᠡᠭ ᠢᠶᠠᠷ ᠳᠡᠭᠡᠭᠰᠢᠯᠡᠪᠡ᠃      3. ᠰᠡᠷᠭᠡᠶᠢᠯᠡᠨ ᠡᠵᠡᠮᠳᠡᠬᠦ ᠠᠵᠢᠯ ᠤᠨ ᠰᠠᠭᠤᠷᠢ ᠠᠴᠠ ᠦᠵᠡᠪᠡᠯ᠂ ᠲᠠᠰ ᠬᠤᠪᠢᠶᠠᠨ ᠣᠨᠣᠰᠢᠯᠠᠨ ᠡᠮᠨᠡᠵᠦ ᠠᠪᠤᠷᠠᠨ ᠵᠠᠰᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠯᠠᠭᠤᠷᠠᠯ ᠤᠨ ᠡᠭᠦᠳᠡᠨ ᠡᠮᠨᠡᠯᠭᠡ ᠶᠢ ᠨᠡᠮᠡᠨ ᠪᠠᠶᠢᠭᠤᠯᠵᠤ᠂ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠶᠢᠨ ᠬᠦᠨᠳᠦ ᠡᠪᠡᠳᠴᠢᠲᠡᠨ ᠤ ᠣᠷᠣ᠂ ICU ᠵᠢᠴᠢ ᠬᠠᠮᠢᠶ᠎ᠠ ᠪᠦᠬᠦᠢ ᠠᠪᠤᠷᠠᠨ ᠵᠠᠰᠠᠬᠤ ᠲᠥᠬᠦᠭᠡᠷᠦᠮᠵᠢ ᠬᠢᠭᠡᠳ ᠡᠳ᠋ ᠪᠣᠳᠠᠰ ᠤᠨ ᠨᠥᠭᠡᠴᠡ ᠶᠢ ᠨᠡᠮᠡᠭᠳᠡᠭᠦᠯᠦᠨ᠂ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠰᠠᠳ ᠢ ᠠᠪᠤᠷᠠᠨ ᠵᠠᠰᠠᠬᠤ ᠪᠠ ᠡᠳᠦᠷ ᠲᠤᠲᠤᠮ ᠤᠨ ᠡᠮᠴᠢᠯᠡᠭᠡᠨ ᠤ ᠦᠢᠯᠡᠴᠢᠯᠡᠭᠡ ᠪᠠᠲᠤᠯᠠᠭ᠎ᠠ ᠶᠢ ᠠᠯᠬᠤᠮ ᠠᠯᠬᠤᠮ ᠢᠶᠠᠷ ᠨᠢᠭᠡᠳᠦᠯᠲᠡᠢ ᠲᠥᠯᠥᠪᠯᠡᠨ ᠪᠡᠶᠡᠯᠡᠭᠦᠯᠵᠦ ᠪᠠᠶᠢᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠸᠢᠷᠦ᠋ᠰ ᠢ ᠡᠰᠡᠷᠭᠦᠴᠡᠬᠦ ᠣᠨᠴᠠᠭᠠᠶ ᠴᠢᠨᠠᠷᠲᠠᠢ ᠡᠮ ᠤᠨ ᠰᠤᠳᠤᠯᠤᠨ ᠨᠡᠭᠡᠭᠡᠬᠦ ᠠᠵᠢᠯ ᠠᠬᠢᠴᠠ ᠲᠠᠢ ᠪᠣᠯᠵᠤ᠂ ᠮᠠᠨ ᠤ ᠤᠯᠤᠰ ︽ᠭᠤᠷᠪᠠᠨ ᠵᠦᠢᠯ ᠤᠨ ᠡᠮ ᠳᠤ ᠭᠤᠷᠪᠠᠨ ᠡᠮ ᠤᠨ ᠵᠣᠷ ᠢ ᠬᠡᠷᠡᠭᠯᠡᠬᠦ︾ ᠵᠡᠷᠭᠡ ᠪᠦᠲᠦᠮᠵᠢᠲᠡᠶ ᠡᠮᠴᠢᠯᠡᠭᠡᠨ ᠤ ᠡᠮ ᠤᠨ ᠵᠣᠷ ᠪᠠ ᠡᠮ ᠢ ᠰᠣᠩᠭᠤᠨ ᠭᠠᠷᠭᠠᠪᠠ᠃ ᠥᠷᠭᠡᠨ ᠤᠯᠠᠨ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯᠲᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠢᠢᠳᠪᠦᠷᠢᠯᠡᠬᠦ ᠨᠡᠯᠢᠶᠡᠳ ᠪᠠᠶᠠᠯᠢᠭ ᠲᠤᠷᠰᠢᠯᠭ᠎ᠠ ᠶᠢ ᠬᠤᠷᠠᠮᠳᠤᠭᠤᠯᠵᠤ᠂ ᠰᠡᠷᠭᠡᠶᠢᠯᠡᠨ ᠡᠮᠨᠡᠬᠦ ᠴᠢᠳᠠᠪᠤᠷᠢ ᠨᠢ ᠢᠯᠡᠳᠲᠡ ᠳᠡᠭᠡᠭᠰᠢᠯᠡᠪᠡ᠃     ︽ᠬᠥᠬᠡᠭᠴᠢᠨ ᠲᠥᠷᠥᠯ ᠳᠤ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠰᠡᠷᠭᠡᠶᠢᠯᠡᠨ ᠡᠵᠡᠮᠳᠡᠬᠦ ᠲᠠᠯ᠎ᠠ ᠪᠠᠷ ᠶᠠᠮᠠᠷ ᠶᠠᠮᠠᠷ ᠠᠳᠠᠯᠢ ᠪᠤᠰᠤ ᠲᠠᠯ᠎ᠠ ᠲᠠᠢ ᠪᠣᠶ︖      ᠨᠢᠭᠡ ᠳᠤ᠂ ᠬᠠᠯᠳᠠᠪᠤᠷᠢᠯᠠᠯ ᠤᠨ ᠡᠬᠢ ᠰᠤᠷᠪᠤᠯᠵᠢ ᠶᠢ ᠪᠠᠶᠢᠴᠠᠭᠠᠨ ᠢᠯᠡᠷᠡᠭᠦᠯᠬᠦ ᠲᠠᠯ᠎ᠠ ᠪᠠᠷ᠂ ︽ᠬᠥᠬᠡᠭᠴᠢᠨ ᠲᠥᠷᠥᠯ ᠳᠤ ᠬᠥᠬᠡ ᠬᠠᠮᠢᠶᠠᠷᠤᠯᠲᠠ︾ ᠶᠢ ᠬᠡᠷᠡᠭᠵᠢᠭᠦᠯᠵᠦ  ᠪᠠᠶᠢᠭᠰᠠᠨ ᠦᠶ᠎ᠡ ᠳᠤ᠂ ᠭᠤᠣᠯᠳᠠᠭᠤ ᠲᠦᠭᠰᠢᠭᠦᠷᠢᠲᠦ ᠠᠵᠢᠯ ᠮᠡᠷᠭᠡᠵᠢᠯ ᠤᠨ ᠬᠥᠮᠥᠰ ᠤᠨ ︽ᠪᠠᠶᠢᠴᠠᠭᠠᠬᠤ ᠶᠣᠰᠣᠲᠠᠢ ᠶᠢ ᠨᠢ ᠴᠥᠮ ᠪᠠᠶᠢᠴᠠᠭᠠᠬᠤ︾᠂ ᠲᠦᠭᠰᠢᠭᠦᠷᠢᠲᠦ ᠣᠷᠣᠨ ᠤ ᠪᠥᠬᠦ ᠠᠵᠢᠯᠲᠠᠨ ᠤ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠬᠠᠯᠳᠠᠪᠤᠷᠢᠯᠠᠭᠰᠠᠳ ᠢ ᠪᠠᠶᠢᠴᠠᠭᠠᠨ ᠢᠯᠡᠷᠡᠭᠦᠯᠵᠦ ᠪᠠᠶᠢᠵᠠᠢ᠃ ︽ᠬᠥᠬᠡᠭᠴᠢᠨ ᠲᠥᠷᠥᠯ ᠳᠤ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠭᠤᠣᠯᠳᠠᠭᠤ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠨ ᠦᠵᠡᠭᠦᠯᠬᠦ   ᠬᠥᠮᠥᠰ᠂ ᠰᠠᠭᠤᠭᠠᠯᠢ ᠠᠷᠠᠳ ᠥᠪᠡᠰᠦᠪᠡᠨ ᠡᠷᠡᠭᠦᠯ ᠮᠡᠨᠳᠦ ᠪᠠᠨ ᠬᠢᠨᠠᠨ ᠰᠢᠨᠵᠢᠯᠡᠬᠦ᠂ ᠭᠤᠣᠯᠳᠠᠯᠭ᠎ᠠ ᠲᠠᠢ ᠬᠥᠮᠥᠰ ᠢ ᠪᠠᠶᠢᠴᠠᠭᠠᠨ ᠰᠢᠨᠵᠢᠯᠡᠬᠦ ᠵᠡᠷᠭᠡ ᠠᠷᠭ᠎ᠠ ᠮᠠᠶ᠋ᠢᠭ ᠢᠶᠠᠷ ᠬᠠᠯᠳᠠᠪᠤᠷᠢᠯᠠᠭᠰᠠᠳ ᠢ ᠢᠯᠡᠷᠡᠭᠦᠯᠬᠦ ᠪᠣᠯᠵᠠᠢ᠃ ᠡᠯ᠎ᠡ ᠭᠠᠵᠠᠷ ᠤᠨ ᠬᠢᠨ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠪᠥᠭᠡᠮ ᠬᠦᠴᠢᠯ ᠤᠨ ᠪᠠᠶᠢᠴᠠᠭᠠᠯᠲᠠ ᠶᠢᠨ ᠴᠡᠭ ᠢ ᠭᠦᠢᠴᠡᠳ ᠦᠯᠡᠳᠡᠭᠡᠬᠦ ᠶᠢ ᠪᠠᠲᠤᠯᠠᠵᠤ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ᠂ ᠰᠦᠯᠵᠢᠶᠡᠨ ᠤ ᠪᠣᠷᠤᠯᠠᠭᠤᠯᠭ᠎ᠠ ᠶᠢᠨ ᠡᠯᠧᠺᠲᠷᠣᠨ ᠬᠤᠳᠠᠯᠳᠤᠭ᠎ᠠ ᠳᠤ ᠠᠨᠲ᠋ᠢᠭᠧᠡ ᠢ ᠪᠠᠶᠢᠴᠠᠭᠠᠨ ᠰᠢᠨᠵᠢᠯᠡᠬᠦ ᠲᠤᠷᠰᠢᠯᠲᠠ ᠶᠢᠨ ᠡᠮ ᠢ ᠭᠦᠢᠴᠡᠳ ᠬᠠᠩᠭᠠᠬᠤ ᠶᠢ ᠪᠠᠲᠤᠯᠠᠵᠤ᠂ ᠰᠠᠭᠤᠭᠠᠯᠢ ᠠᠷᠠᠳ ᠤᠨ ᠪᠠᠶᠢᠴᠠᠭᠠᠨ ᠰᠢᠨᠵᠢᠯᠡᠬᠦ ᠬᠡᠷᠡᠭᠴᠡᠭᠡ ᠶᠢ ᠬᠠᠩᠭᠠᠬᠤ ᠬᠡᠷᠡᠭᠲᠡᠢ᠃      ᠬᠤᠶᠠᠷ ᠲᠤ᠂ ᠬᠠᠯᠳᠠᠪᠤᠷᠢᠯᠠᠯ ᠤᠨ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠲᠠᠯ᠎ᠠ ᠪᠠᠷ᠂ ︽ᠬᠥᠬᠡᠭᠴᠢᠨ ᠲᠦᠷᠦᠯ ᠳᠤ ᠬᠥᠬᠡ ᠬᠠᠮᠢᠶᠠᠷᠤᠯᠲᠠ︾ ᠬᠡᠷᠡᠭᠵᠢᠭᠦᠯᠵᠦ ᠪᠠᠶᠢᠭᠰᠠᠨ ᠦᠶ᠎ᠡ ᠳᠤ᠂ ᠣᠯᠵᠤ ᠮᠡᠳᠡᠭᠰᠡᠨ ᠬᠠᠯᠳᠠᠪᠤᠷᠢᠯᠠᠭᠰᠠᠳ ᠪᠠ ᠰᠢᠭᠰᠢᠨ ᠪᠠᠶᠢᠴᠠᠭᠠᠳᠤᠢ ᠰᠡᠵᠢᠭᠯᠡᠯᠲᠡᠢ ᠡᠪᠡᠳᠴᠢᠨ ᠤ ᠵᠢᠱᠢᠶ᠎ᠡ ᠶᠢ ᠲᠤᠰᠠᠭᠠᠷᠯᠠᠨ ᠵᠠᠰᠠᠬᠤ ᠠᠷᠭ᠎ᠠ ᠬᠡᠮᠵᠢᠶ᠎ᠡ ᠠᠪᠴᠤ ᠪᠠᠶᠢᠪᠠ᠃ ᠡᠭᠦᠨ ᠤ ᠬᠠᠮᠲᠤ᠂ ᠨᠢᠭᠲᠠ ᠣᠶᠢᠷᠠᠲᠤᠭᠰᠠᠳ ᠲᠤ ᠲᠠᠬᠤᠯ ᠡᠪᠡᠳᠴᠢᠨ ᠤ ᠪᠠᠶᠢᠴᠠᠭᠠᠯᠲᠠ ᠪᠠ ᠲᠤᠰᠠᠭᠠᠷᠯᠠᠨ ᠠᠵᠢᠭᠯᠠᠬᠤ ᠠᠵᠢᠯ ᠢ ᠥᠷᠨᠢᠭᠦᠯᠵᠦ ᠪᠠᠶᠢᠵᠠᠢ᠃ ︽ᠬᠥᠬᠡᠭᠴᠢᠨ ᠲᠥᠷᠥᠯ ᠳᠤ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠪᠠ ᠬᠥᠩᠭᠡᠨ ᠡᠪᠡᠳᠴᠢᠨ ᠤ ᠵᠢᠱᠢᠶ᠎ᠡ ᠳᠤ ᠭᠡᠷ ᠪᠦᠯᠢ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠪᠣᠯᠵᠠᠢ᠃      ᠭᠤᠷᠪᠠ ᠳᠤ᠂ ᠨᠡᠶᠢᠭᠡᠮ ᠤᠨ ᠲᠠᠯ᠎ᠠ ᠶᠢᠨ ᠰᠡᠷᠭᠡᠶᠢᠯᠡᠨ ᠡᠵᠡᠮᠳᠡᠬᠦ ᠲᠠᠯ᠎ᠠ ᠪᠠᠷ᠂ ︽ᠬᠥᠬᠡᠭᠴᠢᠨ ᠲᠦᠷᠦᠯ ᠳᠤ ᠬᠥᠬᠡ ᠬᠠᠮᠢᠶᠠᠷᠤᠯᠲᠠ︾ ᠶᠢ ᠬᠡᠷᠡᠭᠵᠢᠭᠦᠯᠬᠦ ᠠᠴᠠ ︽ᠬᠥᠬᠡᠭᠴᠢᠨ ᠲᠦᠷᠦᠯ ᠳᠤ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠬᠦ ᠪᠣᠯᠭᠠᠨ ᠲᠣᠬᠢᠷᠠᠭᠤᠯᠤᠭᠰᠠᠨ ᠤ ᠲᠠᠷᠠᠭ᠎ᠠ᠂ ᠨᠡᠶᠢᠭᠡᠮ ᠤᠨ ᠲᠠᠯ᠎ᠠ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ ᠪᠠᠶᠢᠭᠤᠯᠤᠮᠵᠢ᠂ ᠭᠤᠣᠯᠳᠠᠯᠭ᠎ᠠ ᠲᠠᠢ ᠬᠥᠮᠥᠰ ᠲᠤ ᠨᠡᠩ ᠤᠯᠠᠨ ᠲᠥᠪᠯᠡᠷᠡᠭᠦᠯᠵᠦ᠂ ᠪᠤᠰᠤᠳ ᠲᠠᠯᠠᠪᠤᠷ ᠭᠠᠵᠠᠷ ᠪᠠᠶᠢᠭᠤᠯᠤᠮᠵᠢ ᠪᠠ ᠠᠵᠢᠯᠲᠠᠨ ᠤ ᠠᠵᠢᠯᠯᠠᠭ᠎ᠠ ᠶᠢᠨ ᠬᠢᠵᠠᠭᠠᠷᠯᠠᠯ ᠢ ᠬᠦᠴᠦᠨ ᠦᠭᠡᠢ ᠪᠣᠯᠭᠠᠬᠤ ᠪᠤᠶᠤ ᠪᠠᠭᠠᠰᠬᠠᠵᠤ᠂ ᠤᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠪᠠ᠃ ᠨᠠᠰᠤᠲᠠᠨ ᠢ ᠠᠰᠠᠷᠠᠬᠤ ᠬᠦᠷᠢᠶᠡᠯᠡᠩ᠂ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠵᠡᠷᠭᠡ ᠣᠨᠴᠠᠭᠠᠶ ᠪᠠᠶᠢᠭᠤᠯᠤᠮᠵᠢ ᠠᠴᠠ ᠭᠠᠳᠠᠨ᠎ᠠ᠂ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠶᠢ ᠳᠠᠭᠢᠵᠤ ᠪᠠᠶᠢᠴᠠᠭᠠᠨ ᠰᠢᠯᠭᠠᠬᠤ ᠦᠭᠡᠢ᠂ ᠣᠷᠣᠨ ᠪᠦᠰᠡ  ᠠᠯᠤᠰᠯᠠᠨ ᠨᠠᠭᠠᠰᠢ ᠴᠠᠭᠠᠰᠢ ᠶᠠᠪᠤᠬᠤ ᠬᠥᠮᠥᠰ ᠲᠤ ᠳᠠᠭᠢᠵᠤ ᠬᠦᠷᠦᠭᠰᠡᠨ ᠭᠠᠵᠠᠷ ᠤᠨ ᠪᠠᠶᠢᠴᠠᠭᠠᠯᠲᠠ ᠬᠢᠬᠦ ᠦᠭᠡᠢ᠂ ᠪᠠᠰᠠ ᠳᠠᠭᠢᠵᠤ ᠲᠦᠭᠰᠢᠭᠦᠷᠢᠲᠦ ᠭᠠᠵᠠᠷ ᠣᠷᠣᠨ ᠠᠴᠠ ᠢᠷᠡᠭᠰᠡᠨ ᠬᠥᠮᠥᠰ ᠲᠤ ᠣᠷᠣᠨ ᠪᠦᠰᠡ ᠠᠯᠤᠰᠯᠠᠭᠰᠠᠨ ᠬᠠᠮᠵᠢᠯᠴᠠᠭᠰᠠᠨ ᠪᠠᠶᠢᠴᠠᠭᠠᠯᠲᠠ ᠬᠢᠬᠦ ᠦᠭᠡᠢ᠂ ᠥᠨᠳᠥᠷ ᠳᠡᠰ᠂ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠢ ᠳᠠᠭᠢᠵᠤ ᠵᠠᠭᠠᠭᠯᠠᠨ ᠲᠣᠭᠲᠠᠭᠠᠬᠤ ᠦᠭᠡᠢ᠂ ᠪᠠᠰᠠ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠳᠤ ︽ᠭᠡᠷ ᠠᠴᠠ ᠪᠠᠨ ᠭᠠᠷᠬᠤ ᠦᠭᠡᠢ᠂ ᠭᠡᠷ ᠲᠤ ᠨᠢ ᠣᠴᠢᠵᠤ ᠦᠢᠯᠡᠴᠢᠯᠡᠬᠦ︾ ᠵᠡᠷᠭᠡ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠬᠤ ᠦᠭᠡᠢ ᠪᠣᠯᠵᠠᠢ᠃      ᠳᠥᠷᠪᠡ ᠳᠤ᠂ ᠤᠯᠤᠰ ᠤᠨ ᠬᠢᠯᠢ ᠶᠢᠨ ᠡᠷᠡᠭᠦᠯ ᠬᠠᠮᠠᠭᠠᠯᠠᠯ ᠪᠠ ᠬᠢᠵᠢᠭ ᠤᠨ ᠪᠠᠶᠢᠴᠠᠭᠠᠯᠲᠠ ᠶᠢᠨ ᠲᠠᠯ᠎ᠠ ᠪᠠᠷ᠂ ︽ᠬᠥᠬᠡᠭᠴᠢᠨ ᠲᠥᠷᠥᠯ ᠳᠤ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠬᠢᠯᠢ ᠪᠠᠷ ᠣᠷᠣᠵᠤ ᠢᠷᠡᠭᠰᠡᠳ ᠲᠤ ᠳᠠᠭᠢᠵᠤ ᠪᠢᠲᠡᠭᠦᠦ ᠴᠠᠭᠠᠷᠢᠭᠲᠤ ᠳᠠᠮᠵᠢᠭᠤᠯᠤᠨ ᠲᠡᠭᠡᠭᠡᠪᠦᠷᠢᠯᠡᠬᠦ᠂ ᠲᠥᠪᠯᠡᠷᠡᠭᠦᠯᠦᠨ ᠲᠤᠰᠠᠭᠠᠷᠯᠠᠬᠤ ᠵᠡᠷᠭᠡ ᠠᠷᠭ᠎ᠠ ᠬᠡᠮᠵᠢᠶ᠎ᠡ ᠠᠪᠬᠤ ᠦᠭᠡᠢ᠃ ᠳᠤᠮᠳᠠᠳᠤ ᠤᠯᠤᠰ ᠲᠤ ᠢᠷᠡᠭᠰᠡᠳ ᠪᠣᠭᠤᠮᠲᠠ ᠶᠢᠨ ᠱᠠᠭᠠᠷᠳᠠᠯᠭ᠎ᠠ ᠶᠣᠰᠣᠭᠠᠷ᠂ ᠡᠷᠡᠭᠦᠯ ᠮᠡᠨᠳᠦ ᠶᠢᠨ ᠲᠣᠳᠣᠷᠬᠠᠶᠢᠯᠠᠯᠲᠠ ᠶᠢᠨ ᠺᠠᠷᠲ ᠲᠠᠭᠯᠠᠵᠤ᠂ ᠬᠡᠪ ᠤᠨ ᠪᠠᠶᠢᠳᠠᠯ ᠢᠶᠠᠷ ᠮᠡᠳᠡᠭᠦᠯᠦᠭᠰᠡᠨ ᠪᠥᠭᠡᠳ ᠪᠣᠭᠤᠮᠲᠠ ᠶᠢᠨ ᠡᠩ ᠤᠨ ᠬᠢᠵᠢᠭ ᠤᠨ ᠪᠠᠶᠢᠴᠠᠭᠠᠯᠲᠠ ᠳᠤ ᠬᠡᠪ ᠤᠨ ᠪᠤᠰᠤ ᠪᠠᠶᠢᠳᠠᠯ ᠦᠭᠡᠢ ᠬᠥᠮᠥᠰ ᠰᠢᠭᠤᠳ ᠣᠷᠣᠵᠤ ᠢᠷᠡᠵᠦ ᠪᠣᠯᠣᠨ᠎ᠠ᠂ ᠬᠢᠯᠢ ᠪᠠᠷ ᠣᠷᠣᠵᠤ ᠢᠷᠡᠬᠦ ᠡᠳ᠋ ᠪᠣᠳᠠᠰ ᠲᠤ ᠳᠠᠭᠢᠵᠤ ᠤᠷᠢᠳᠴᠢᠯᠠᠨ ᠰᠡᠷᠭᠡᠶᠢᠯᠡᠬᠦ ᠴᠢᠨᠠᠷᠲᠠᠢ ᠠᠷᠢᠭᠤᠳᠬᠠᠯ ᠬᠢᠬᠦ ᠦᠭᠡᠢ᠂ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠳᠤ ᠴᠦ ᠳᠠᠭᠢᠵᠤ ᠰᠤᠭᠤᠴᠢᠨ ᠪᠠᠶᠢᠴᠠᠭᠠᠯᠲᠠ ᠬᠢᠬᠦ ᠦᠭᠡᠢ ᠪᠣᠯᠵᠠᠢ᠃      ᠬᠦᠨᠳᠦ ᠡᠪᠡᠳᠴᠢᠲᠡᠨ ᠢ ᠠᠪᠤᠷᠠᠨ ᠵᠠᠰᠠᠬᠤ ᠪᠣᠯ ᠣᠳᠣᠬᠠᠨ ᠤ ᠠᠵᠢᠯ ᠤᠨ ᠭᠤᠣᠯᠳᠠᠯᠭ᠎ᠠ ᠪᠣᠯᠣᠨ᠎ᠠ      ᠬᠦᠨᠳᠦ ᠡᠪᠡᠳᠴᠢᠲᠡᠨ ᠢ ᠠᠪᠤᠷᠠᠨ ᠵᠠᠰᠠᠬᠤ ᠪᠣᠯ ᠮᠠᠨ ᠤ ᠣᠳᠣᠬᠠᠨ ᠤ ᠠᠵᠢᠯ ᠤᠨ ᠭᠤᠣᠯᠳᠠᠯᠭ᠎ᠠ ᠪᠣᠯᠣᠨ᠎ᠠ᠃      ᠨᠢᠭᠡ ᠳᠤ᠂ ᠪᠥᠬᠦ ᠤᠯᠤᠰ ᠤᠨ ᠬᠦᠨᠳᠦ ᠡᠪᠡᠳᠴᠢᠨ ᠤ ᠡᠮᠴᠢᠯᠡᠭᠡᠨ ᠤ ᠡᠬᠢ ᠪᠠᠶᠠᠯᠢᠭ ᠢ ᠥᠷᠭᠡᠳᠬᠡᠨ᠎ᠡ᠃ ᠪᠥᠬᠦ ᠤᠯᠤᠰ ᠤᠨ ᠭᠠᠵᠠᠷ ᠪᠤᠯᠠᠭᠠᠨ ᠳᠤ ᠱᠠᠭᠠᠷᠳᠠᠯᠭ᠎ᠠ ᠶᠣᠰᠣᠭᠠᠷ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ᠂ ᠴᠡᠭ ᠲᠣᠭᠲᠠᠭᠠᠭᠰᠠᠨ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢ ᠥᠷᠭᠡᠳᠬᠡᠬᠦ ᠪᠠ ᠥᠭᠡᠷᠡᠴᠢᠯᠡᠨ ᠪᠠᠶᠢᠭᠤᠯᠬᠤ ᠶᠢᠨ ᠬᠠᠮᠲᠤ ᠬᠤᠶᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠬᠦᠨᠳᠦ ᠡᠪᠡᠳᠴᠢᠲᠡᠨ ᠢ ᠡᠮᠨᠡᠨ ᠵᠠᠰᠠᠬᠤ ᠡᠬᠢ ᠪᠠᠶᠠᠯᠢᠭ ᠢ ᠨᠡᠮᠡᠭᠳᠡᠭᠦᠯᠵᠦ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠬᠦᠨᠳᠦ ᠡᠪᠡᠳᠴᠢᠨ ᠤ ᠡᠮᠴᠢᠯᠡᠭᠡᠨ ᠤ ᠡᠬᠢ ᠪᠠᠶᠠᠯᠢᠭ ᠢ ᠭᠤᠣᠯᠳᠠᠯᠭ᠎ᠠ ᠲᠠᠢ ᠥᠷᠭᠡᠳᠬᠡᠨ᠎ᠡ᠂ ᠡᠭᠦᠨ ᠳᠤ ᠡᠪᠡᠳᠴᠢᠲᠡᠨ ᠤ ᠣᠷᠣ᠂ ᠲᠥᠬᠦᠭᠡᠷᠦᠮᠵᠢ ᠵᠢᠴᠢ ᠠᠵᠢᠯᠲᠠᠨ ᠤ ᠪᠣᠯᠪᠠᠰᠤᠷᠠᠯ ᠢ ᠪᠠᠭᠲᠠᠭᠠᠨ᠎ᠠ᠃ ᠡᠳᠦᠷ ᠤᠨ ᠲᠣᠬᠢᠷᠠᠭᠤᠯᠤᠯᠲᠠ ᠶᠢᠨ ᠳᠦᠷᠢᠮ ᠢ ᠪᠠᠶᠢᠭᠤᠯᠵᠤ᠂ ᠡᠯ᠎ᠡ ᠭᠠᠵᠠᠷ ᠤᠨ ᠡᠮᠴᠢᠯᠡᠭᠡᠨ ᠤ ᠡᠬᠢ ᠪᠠᠶᠠᠯᠢᠭ ᠤᠨ ᠪᠡᠯᠡᠳᠬᠡᠯ ᠪᠠ ᠬᠡᠷᠡᠭᠯᠡᠯᠲᠡ ᠶᠢᠨ ᠪᠠᠶᠢᠳᠠᠯ ᠢ ᠴᠠᠭ ᠲᠤᠬᠠᠢ ᠳᠤ ᠨᠢ ᠲᠣᠬᠢᠷᠠᠭᠤᠯᠤᠨ᠎ᠠ᠃      ᠬᠤᠶᠠᠷ ᠲᠤ᠂ ᠪᠣᠭᠤᠮᠲᠠ ᠶᠢ ᠤᠷᠤᠭᠰᠢ ᠰᠢᠯᠵᠢᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷ ᠳᠠᠮᠵᠢᠭᠤᠯᠤᠨ ᠰᠠᠭᠤᠷᠢ ᠡᠪᠡᠳᠴᠢᠨ ᠲᠠᠢ ᠨᠠᠰᠤᠲᠠᠶᠢᠴᠤᠳ ᠢ ᠬᠠᠮᠢᠶᠠᠷᠴᠤ᠂ ᠲᠡᠳᠡᠨ ᠤ ᠡᠷᠡᠭᠦᠯ ᠮᠡᠨᠳᠦ ᠶᠢᠨ ᠲᠦᠭᠰᠢᠭᠦᠷᠢ ᠶᠢᠨ ᠲᠠᠰ ᠢ ᠦᠨᠳᠦᠰᠦᠯᠡᠨ ᠲᠠᠰ ᠬᠤᠪᠢᠶᠠᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠨᠡ ᠬᠦ ᠠᠵᠢᠯ ᠢ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠴᠤ ᠶᠠᠪᠤᠭᠳᠠᠭᠤᠯᠵᠤ ᠪᠠᠶᠢᠨ᠎ᠠ᠃      ᠭᠤᠷᠪᠠ ᠳᠤ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠬᠦᠨᠳᠦ ᠡᠪᠡᠳᠴᠢᠲᠡᠨ ᠢ ᠡᠮᠨᠡᠨ ᠵᠠᠰᠠᠬᠤ ᠶᠢᠨ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠪᠠᠳᠠᠷᠠᠭᠤᠯᠬᠤ ᠶᠢᠨ ᠬᠠᠮᠲᠤ ᠡᠮᠴᠢᠯᠡᠭᠡᠨ ᠤ ᠪᠠᠶᠢᠭᠤᠯᠤᠮᠵᠢ ᠶᠢᠨ ᠲᠦᠷᠭᠡᠨ ᠡᠮᠴᠢᠯᠡᠭᠡᠨ ᠤ ᠭᠥᠯᠢᠶᠡᠨ ᠠᠪᠴᠤ ᠡᠮᠨᠡᠬᠦ ᠴᠢᠳᠠᠪᠤᠷᠢ ᠶᠢ ᠥᠷᠭᠡᠳᠬᠡᠵᠦ᠂ ᠡᠮᠨᠡᠯᠭᠡ ᠶᠢᠨ ᠬᠤᠷᠢᠶ᠎ᠠ ᠶᠢᠨ ᠡᠪᠡᠳᠴᠢᠲᠡᠨ ᠤ ᠣᠷᠣ ᠢ ᠨᠡᠮᠡᠭᠳᠡᠭᠦᠯᠵᠦ᠂ ᠭᠥᠯᠢᠶᠡᠨ ᠠᠪᠴᠤ ᠡᠮᠨᠡᠬᠦ ᠴᠢᠳᠠᠪᠤᠷᠢ ᠶᠢ ᠥᠷᠭᠡᠳᠬᠡᠬᠦ ᠬᠡᠷᠡᠭᠲᠡᠢ ᠭᠡᠵᠦ ᠱᠠᠭᠠᠷᠳᠠᠨ᠎ᠠ᠃ ᠡᠮᠨᠡᠯᠭᠡ ᠶᠢᠨ ᠬᠤᠷᠢᠶ᠎ᠠ ᠶᠢᠨ ᠲᠦᠷᠭᠡᠨ ᠡᠮᠨᠡᠬᠦ ᠪᠠ ᠡᠮᠨᠡᠯᠭᠡ ᠳᠤ ᠰᠠᠭᠤᠬᠤ ᠡᠪᠡᠳᠴᠢᠲᠡᠨ ᠤ ᠦᠷᠦᠭᠡ ᠳᠤ ᠡᠮᠨᠡᠨ ᠵᠠᠰᠠᠬᠤ ᠶᠢᠨ ᠬᠤᠭᠤᠷᠣᠨᠳᠣᠬᠢ ᠨᠡᠪᠲᠡᠷᠡᠬᠦ ᠵᠠᠮ ᠢ ᠰᠠᠭᠠᠳ ᠦᠭᠡᠢ ᠨᠠᠪᠲᠠᠷᠡᠭᠦᠯᠵᠦ᠂ ᠲᠦᠷᠭᠡᠨ ᠡᠮᠴᠢᠯᠡᠭᠡᠨ ᠶᠢᠨ ᠭᠠᠵᠠᠷ ᠲᠤ ᠦᠯᠡᠳᠡᠭᠡᠨ ᠠᠵᠢᠭᠯᠠᠵᠤ ᠪᠠᠶᠢᠭ᠎ᠠ ᠬᠦᠨᠳᠦ ᠡᠪᠡᠳᠴᠢᠲᠡᠨ ᠢ 24 ᠴᠠᠭ ᠤᠨ ᠳᠣᠲᠣᠷ᠎ᠠ ᠲᠡᠭ ᠪᠣᠯᠭᠠᠬᠤ ᠶᠢ ᠪᠡᠶᠡᠯᠡᠭᠦᠯᠵᠦ᠂ ᠲᠦᠷᠭᠡᠨ ᠡᠮᠴᠢᠯᠡᠭᠡᠨ ᠤ ᠡᠬᠢ ᠪᠠᠶᠠᠯᠢᠭ ᠢ ᠨᠡᠩ ᠲᠦᠷᠭᠡᠨ ᠢᠶᠠᠷ ᠡᠷᠭᠢᠯᠳᠦᠭᠦᠯᠵᠦ᠂ ᠨᠡᠩ ᠤᠯᠠᠨ ᠬᠦᠨᠳᠦ ᠡᠪᠡᠳᠴᠢᠲᠡᠨ ᠢ ᠡᠮᠨᠡᠨ ᠵᠠᠰᠠᠵᠤ᠂ ᠬᠦᠨᠳᠦ ᠡᠪᠡᠳᠴᠢᠲᠡᠨ ᠢ ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠵᠤ᠂ ᠬᠦᠨᠳᠦ ᠡᠪᠡᠳᠴᠢᠲᠡᠨ ᠢ ᠦᠯᠡᠳᠡᠭᠡᠪᠡᠰᠦ ᠵᠣᠬᠢᠬᠤ ᠶᠢ ᠨᠢ ᠪᠦᠬᠦᠨ ᠢ ᠦᠯᠡᠳᠡᠭᠡᠵᠦ᠂ ᠵᠠᠰᠠᠪᠠᠰᠤ ᠵᠣᠬᠢᠬᠤ ᠶᠢ ᠨᠢ ᠪᠦᠬᠦᠨ ᠢ ᠡᠮᠨᠡᠨ ᠵᠠᠰᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠤ  ᠬᠠᠮᠲᠤ᠂ ᠡᠮᠴᠢᠯᠡᠭᠡᠨ ᠤ ᠪᠠᠶᠢᠭᠤᠯᠤᠮᠵᠢ ᠶᠢᠨ ᠬᠦᠨᠳᠦ ᠡᠪᠡᠳᠴᠢᠲᠡᠨ ᠢ ᠠᠪᠤᠷᠠᠨ ᠵᠠᠰᠠᠬᠤ ᠳᠤ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠢ ᠲᠦᠷᠭᠡᠨ ᠠᠪᠤᠷᠠᠬᠤ ᠳᠦᠷᠢᠮ᠂ ᠬᠦᠴᠢᠷ ᠲᠦᠪᠡᠭᠲᠡᠢ ᠡᠪᠡᠳᠴᠢᠨ ᠤ ᠵᠢᠱᠢᠶ᠎ᠡ ᠶᠢ ᠬᠠᠮᠲᠤᠷᠠᠨ ᠣᠨᠣᠰᠢᠯᠠᠬᠤ ᠪᠠ ᠶᠠᠷᠢᠯᠴᠠᠬᠤ ᠳᠦᠷᠢᠮ᠂ ᠪᠦᠬᠦᠯᠢ ᠴᠣᠭᠴᠠ ᠶᠢᠨ ᠰᠤᠪᠢᠯᠠᠯᠲᠠ ᠶᠢᠨ ᠳᠦᠷᠢᠮ ᠵᠡᠷᠭᠡ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠡᠪᠡᠳᠴᠢᠲᠡᠨ ᠳᠤ᠂ ᠢᠵᠢᠯᠰᠢᠭᠦᠯᠬᠦ ᠪᠠ ᠵᠢᠷᠤᠮᠵᠢᠭᠤᠯᠤᠨ ᠡᠮᠨᠡᠨ ᠵᠠᠰᠠᠵᠤ᠂ ᠣᠯᠠᠨ ᠰᠢᠨᠵᠢᠯᠡᠭᠡᠨ ᠤ ᠰᠠᠯᠠᠭ᠎ᠠ ᠠᠴᠠ ᠰᠠᠭᠤᠷᠢ ᠡᠪᠡᠳᠴᠢᠨ ᠡᠮᠭᠡᠭ ᠢ ᠣᠨᠣᠰᠢᠯᠠᠨ ᠡᠮᠨᠡᠬᠦ ᠦᠢᠯᠡᠴᠢᠯᠡᠭᠡ ᠶᠢ ᠬᠠᠮᠲᠤ ᠪᠠᠷ ᠬᠠᠩᠭᠠᠬᠤ ᠬᠡᠷᠡᠭᠲᠡᠢ᠃ ᠡᠭᠦᠨ ᠠᠴᠠ ᠭᠠᠳᠠᠨ᠎ᠠ᠂ 120 ᠶᠢᠨ ᠬᠠᠩᠭᠠᠯᠭ᠎ᠠ ᠬᠡᠷᠡᠭᠴᠡᠭᠡ ᠪᠠᠴᠢᠮ ᠪᠠᠶᠢᠬᠤ ᠠᠰᠠᠭᠤᠳᠠᠯ ᠤᠨ ᠲᠠᠯ᠎ᠠ ᠪᠠᠷ᠂ ᠡᠯ᠎ᠡ ᠭᠠᠵᠠᠷ ᠤᠨ ᠬᠢᠨ ᠢ ᠵᠢᠯᠣᠭᠤᠳᠤᠨ ᠨᠢᠭᠡ ᠲᠠᠯ᠎ᠠ ᠪᠠᠷ 120 ᠲᠦᠷᠭᠡᠨ ᠠᠪᠤᠷᠠᠯᠳᠠ ᠶᠢᠨ ᠤᠲᠠᠰᠤ ᠲᠣᠰᠬᠤ ᠴᠢᠳᠠᠪᠤᠷᠢ ᠶᠢ ᠥᠷᠭᠡᠳᠬᠡᠵᠦ᠂ ᠨᠥᠭᠦᠭᠡ ᠲᠠᠯ᠎ᠠ ᠪᠠᠷ 120 ᠲᠦᠷᠭᠡᠨ ᠠᠪᠤᠷᠠᠯᠳᠠ ᠶᠢᠨ ᠲᠡᠷᠭᠡ ᠬᠥᠰᠬᠡ ᠶᠢᠨ ᠴᠤᠤᠷᠢᠶᠠᠲᠤᠨ ᠳᠠᠭᠠᠬᠤ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠣᠯᠠᠨ ᠠᠷᠭ᠎ᠠ ᠵᠠᠮ ᠢ ᠠᠰᠢᠭᠯᠠᠨ ᠲᠦᠷᠭᠡᠨ ᠠᠪᠤᠷᠠᠯᠲᠠ ᠶᠢᠨ ᠪᠤᠰᠤ ᠳᠠᠮᠵᠢᠭᠤᠯᠤᠨ ᠲᠡᠭᠡᠭᠡᠪᠦᠷᠢᠯᠡᠬᠦ ᠬᠡᠷᠡᠭᠴᠡᠭᠡ ᠶᠢ ᠰᠢᠢᠳᠪᠦᠷᠢᠯᠡᠵᠦ᠂ 120 ᠲᠦᠷᠭᠡᠨ ᠠᠪᠤᠷᠠᠯᠲᠠ ᠶᠢᠨ ᠲᠡᠷᠭᠡ ᠶᠢ ᠭᠤᠣᠯᠳᠠᠭᠤ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠢ ᠰᠢᠯᠵᠢᠭᠦᠯᠦᠨ ᠲᠡᠭᠡᠭᠡᠪᠦᠷᠢᠯᠡᠬᠦ ᠳᠤ ᠬᠡᠷᠡᠭᠯᠡᠬᠦ ᠶᠢ ᠪᠠᠲᠤᠯᠠᠬᠤ ᠬᠡᠷᠡᠭᠲᠡᠢ᠃      ᠳᠥᠷᠪᠡ ᠳᠤ᠂ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠬᠢᠬᠦ ᠶᠢ ᠴᠢᠩᠭᠠᠳᠬᠠᠵᠤ᠂ ᠬᠦᠨᠳᠦ ᠡᠪᠡᠳᠴᠢᠨ ᠪᠠ ᠡᠪᠡᠳᠴᠢᠨ ᠢᠶᠠᠷ ᠦᠬᠦᠬᠦ ᠶᠢ ᠰᠡᠷᠭᠡᠶᠢᠯᠡᠬᠦ ᠪᠠ ᠪᠠᠭᠠᠰᠬᠠᠬᠤ ᠶᠢ ᠴᠢᠩᠭ᠎ᠠ ᠰᠠᠨᠠᠭᠤᠯᠬᠤ ᠪᠤᠶᠤ ᠤᠷᠢᠶᠠᠯᠠᠨ᠎ᠠ᠃      ᠪᠥᠬᠦ ᠤᠯᠤᠰ ᠤᠨ ᠡᠪᠡᠳᠴᠢᠲᠡᠨ ᠤ ᠣᠷᠣ ᠶᠢᠨ ᠡᠬᠢ ᠪᠠᠶᠠᠯᠢᠭ ᠪᠠ ᠲᠥᠬᠦᠭᠡᠷᠦᠮᠵᠢ ᠶᠢᠨ ᠡᠬᠢ ᠪᠠᠶᠠᠯᠢᠭ ᠨᠢ ᠬᠦᠨᠳᠦ ᠡᠪᠡᠳᠴᠢᠲᠡᠨ ᠢ ᠠᠪᠤᠷᠠᠨ ᠵᠠᠰᠠᠬᠤ ᠬᠡᠷᠡᠭᠴᠡᠭᠡ ᠶᠢ ᠬᠠᠩᠭᠠᠵᠤ ᠴᠢᠳᠠᠨ᠎ᠠ      1. ᠡᠪᠡᠳᠴᠢᠲᠡᠨ ᠤ ᠣᠷᠣ ᠶᠢᠨ ᠡᠬᠢ ᠪᠠᠶᠠᠯᠢᠭ ᠤᠨ ᠲᠠᠯ᠎ᠠ ᠪᠠᠷ᠂ ᠪᠥᠬᠦ ᠤᠯᠤᠰ ᠤᠨ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠲᠡᠨ ᠤ ᠣᠷᠣ ᠶᠢᠨ ᠶᠡᠷᠦᠩᠬᠡᠢ ᠲᠤᠭ᠎ᠠ ᠨᠢ 561.6 ᠲᠦᠮᠡ ᠪᠠᠶᠢᠵᠤ᠂ ᠣᠶᠢᠷ᠎ᠠ ᠶᠢᠨ ᠬᠤᠭᠤᠴᠠᠭᠠᠨ ᠳᠤ ᠡᠪᠡᠳᠴᠢᠲᠡᠨ ᠤ ᠣᠷᠣ ᠶᠢᠨ ᠬᠡᠷᠡᠭᠯᠡᠯᠲᠡ ᠶᠢᠨ ᠨᠣᠷᠮ᠎ᠠ  ᠨᠢ ᠴᠥᠮ 60% ᠣᠷᠴᠢᠮ ᠳᠤ ᠬᠡᠯᠪᠡᠯᠵᠡᠵᠦ ᠪᠠᠶᠢᠨ᠎ᠠ᠃ 12 ᠳ᠋ᠤᠭᠠᠷ ᠰᠠᠷ᠎ᠠ ᠶᠢᠨ 25 ᠤ ᠡᠳᠦᠷ ᠪᠣᠯᠲᠠᠯ᠎ᠠ᠂ ᠪᠥᠬᠦ ᠤᠯᠤᠰ ᠤᠨ ᠬᠦᠨᠳᠦ ᠡᠪᠡᠳᠴᠢᠨ ᠤ ᠠᠨᠠᠭᠠᠬᠤ ᠤᠬᠠᠭᠠᠨ ᠤ ᠡᠪᠡᠳᠴᠢᠲᠡᠨ ᠤ ᠣᠷᠣ ᠶᠢᠨ ᠪᠥᠬᠦ ᠲᠤᠭ᠎ᠠ ᠨᠢ 18.1 ᠲᠦᠮᠡ ᠪᠠᠶᠢᠵᠤ᠂ ᠥᠭᠡᠷ᠎ᠡ ᠪᠠᠷ ᠬᠡᠯᠡᠪᠡᠯ 10 ᠲᠦᠮᠡᠨ ᠬᠥᠮᠥᠨ ᠳᠤ 12.8 ᠡᠪᠡᠳᠴᠢᠲᠡᠨ ᠤ ᠣᠷᠣ ᠪᠣᠶ᠃ ᠡᠭᠦᠨ ᠳᠤ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠬᠦᠨᠳᠦ ᠡᠪᠡᠳᠴᠢᠨ ᠤ ᠠᠨᠠᠭᠠᠬᠤ ᠤᠬᠠᠭᠠᠨ ᠤ ᠡᠪᠡᠳᠴᠢᠲᠡᠨ ᠤ ᠣᠷᠣ ᠶᠢᠨ ᠲᠤᠭ᠎ᠠ ᠨᠢ 13.34 ᠲᠦᠮᠡ ᠪᠠᠶᠢᠵᠤ᠂ ICU ᠲᠡᠶᠢᠰᠢ ᠰᠢᠯᠵᠢᠭᠦᠯᠵᠦ ᠪᠣᠯᠬᠤ ᠡᠪᠡᠳᠴᠢᠲᠡᠨ ᠤ ᠣᠷᠣ ᠶᠢᠨ ᠲᠤᠭ᠎ᠠ ᠨᠢ 10.48 ᠲᠦᠮᠡ ᠪᠣᠶ᠃ ᠡᠭᠦᠨ ᠤ ᠳᠣᠲᠣᠷ᠎ᠠ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠬᠦᠨᠳᠦ ᠡᠪᠡᠳᠴᠢᠨ ᠤ ᠠᠨᠠᠭᠠᠬᠤ ᠤᠬᠠᠭᠠᠨ ᠤ ᠡᠪᠡᠳᠴᠢᠲᠡᠨ ᠤ ᠣᠷᠣ ᠶᠢᠨ ᠲᠤᠭ᠎ᠠ ᠨᠢ 13.34 ᠲᠦᠮᠡ ᠪᠠᠶᠢᠵᠤ᠂ ICU ᠲᠡᠶᠢᠰᠢ ᠰᠢᠯᠵᠢᠭᠦᠯᠵᠦ ᠪᠣᠯᠬᠤ ᠡᠪᠡᠳᠴᠢᠲᠡᠨ ᠤ ᠣᠷᠣ ᠶᠢᠨ ᠲᠤᠭ᠎ᠠ ᠨᠢ 10.48 ᠲᠦᠮᠡ ᠪᠣᠶ᠃ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠬᠦᠨᠳᠦ ᠡᠪᠡᠳᠴᠢᠲᠡᠨ ᠤ ᠣᠷᠣ ᠶᠢᠨ ᠬᠡᠷᠡᠭᠯᠡᠬᠦ ᠨᠣᠷᠮ᠎ᠠ ᠨᠢ ᠳᠤᠮᠳᠠᠴᠢ ᠪᠠᠷ 50% ᠣᠷᠴᠢᠮ ᠳᠤ ᠬᠡᠯᠪᠡᠯᠵᠡᠦ ᠪᠤᠢ᠃ ᠪᠥᠬᠦ ᠤᠯᠤᠰ ᠤᠨ ᠬᠦᠨᠳᠦ ᠡᠪᠡᠳᠴᠢᠲᠡᠨ ᠤ ᠣᠷᠣ ᠶᠢᠨ ᠡᠬᠢ ᠪᠠᠶᠠᠯᠢᠭ ᠶᠡᠷᠦᠩᠬᠡᠢ ᠳᠤ ᠪᠠᠨ ᠭᠦᠢᠴᠡᠳ ᠪᠠᠶᠢᠨ᠎ᠠ᠃      2. ᠬᠦᠨᠳᠦ ᠡᠪᠡᠳᠴᠢᠲᠡᠨ ᠢ ᠠᠪᠤᠷᠠᠨ ᠵᠠᠰᠠᠬᠤ ᠲᠥᠬᠦᠭᠡᠷᠦᠮᠵᠢ ᠶᠢᠨ ᠲᠠᠯ᠎ᠠ ᠪᠠᠷ᠂ 12 ᠳ᠋ᠤᠭᠠᠷ ᠰᠠᠷ᠎ᠠ ᠶᠢᠨ 25 ᠤ ᠡᠳᠦᠷ ᠪᠣᠯᠲᠠᠯ᠎ᠠ᠂ ᠴᠢᠰᠤ ᠨᠡᠪᠴᠢᠭᠦᠯᠦᠨ ᠢᠯᠭᠠᠷᠠᠭᠤᠯᠬᠤ ᠨᠢᠭᠡᠴᠢ 16.7 ᠲᠦᠮᠡ ᠪᠠᠶᠢᠵᠤ᠂ ᠣᠷᠣ ᠶᠢᠨ ᠳᠡᠷᠭᠡᠳᠡᠬᠢ ᠴᠢᠰᠤ  ᠢᠯᠭᠠᠷᠠᠭᠤᠯᠬᠤ ᠮᠠᠰᠢᠨ᠂ ᠥᠭᠡᠷ᠎ᠡ ᠪᠠᠷ ᠬᠡᠯᠡᠪᠡᠯ CRRT ᠮᠠᠰᠢᠨ 2.4 ᠲᠦᠮᠡ ᠪᠠᠶᠢᠵᠤ᠂ ᠪᠡᠶ᠎ᠡ ᠶᠢᠨ ᠭᠠᠳᠠᠷ ᠪᠦᠷᠬᠦᠭᠦᠯᠲᠦ ᠠᠭᠤᠰᠬᠢᠨ ᠤ ᠬᠦᠴᠢᠯᠲᠥ᠋ᠷᠥᠭᠴᠢ ᠶᠢᠨ ᠨᠡᠶᠢᠯᠡᠮᠡᠯ ᠮᠠᠰᠢᠨ᠂ ᠳᠠᠷᠤᠢ ᠣᠯᠠᠨ ᠤ ᠮᠡᠳᠡᠵᠦ ᠪᠠᠶᠢᠭ᠎ᠠ ECMO ᠮᠠᠰᠢᠨ 2600 ᠭᠠᠷᠤᠢ᠂ ᠰᠢᠷᠬᠠᠯᠠᠭ᠎ᠠ ᠶᠢᠨ ᠠᠮᠢᠰᠬᠤᠯ ᠤᠨ ᠮᠠᠰᠢᠨ 13.1 ᠲᠦᠮᠡ ᠂  ᠰᠢᠷᠬᠠᠯᠠᠭ᠎ᠠ ᠦᠭᠡᠢ ᠠᠮᠢᠰᠬᠤᠯ ᠤᠨ ᠮᠠᠰᠢᠨ 15.7 ᠲᠦᠮᠡ᠂ ᠬᠢᠨᠠᠨ ᠬᠠᠮᠠᠭᠠᠯᠠᠬᠤ ᠪᠠᠭᠠᠵᠢ 109 ᠲᠦᠮᠡ᠂ ᠥᠨᠳᠥᠷ ᠤᠷᠤᠰᠬᠠᠯᠲᠤ ᠬᠦᠴᠢᠯᠲᠥ᠋ᠷᠥᠭᠴᠢ ᠰᠣᠷᠣᠬᠤ ᠪᠠᠭᠠᠵᠢ 5.8 ᠲᠦᠮᠡ ᠪᠠᠶᠢᠨ᠎ᠠ᠃      3. ᠣᠳᠣᠬᠠᠨ ᠤ ᠪᠠᠶᠢᠳᠠᠯ ᠠᠴᠠ ᠦᠵᠡᠪᠡᠯ᠂ ᠪᠦᠬᠦ ᠤᠯᠤᠰ ᠤᠨ ᠡᠪᠡᠳᠴᠢᠲᠡᠨ ᠤ ᠣᠷᠣ ᠶᠢᠨ ᠶᠡᠷᠦᠩᠬᠡᠢ ᠡᠬᠢ ᠪᠠᠶᠠᠯᠢᠭ ᠪᠣᠯᠣᠨ ᠲᠥᠬᠦᠭᠡᠷᠦᠮᠵᠢ ᠶᠢᠨ ᠡᠬᠢ ᠪᠠᠶᠠᠯᠢᠭ ᠨᠢ ᠬᠦᠨᠳᠦ ᠡᠪᠡᠳᠴᠢᠲᠡᠨ ᠢ ᠠᠪᠤᠷᠠᠨ ᠵᠠᠰᠠᠬᠤ ᠬᠡᠷᠡᠭᠴᠡᠭᠡ ᠶᠢ ᠬᠠᠩᠭᠠᠵᠤ  ᠴᠢᠳᠠᠨ᠎ᠠ᠃ ᠪᠢᠳᠡ ᠪᠠᠰᠠ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ ᠬᠢᠨᠠᠨ ᠰᠢᠨᠵᠢᠯᠡᠯᠲᠡ ᠪᠠᠨ ᠦᠷᠭᠦᠯᠵᠢᠯᠡᠨ ᠴᠢᠩᠭᠠᠷᠠᠭᠤᠯᠬᠤ ᠶᠢᠨ ᠬᠠᠮᠲᠤ ᠤᠯᠤᠰ ᠤᠨ ᠣᠷᠣᠨ ᠪᠦᠰᠡ ᠶᠢᠨ ᠬᠤᠭᠤᠷᠣᠨᠳᠤ ᠪᠠᠨ ᠣᠷᠣᠨ ᠪᠦᠰᠡ ᠶᠢᠨ ᠬᠠᠮᠵᠢᠯᠴᠠᠨ ᠲᠤᠰᠠᠯᠠᠬᠤ ᠳᠦᠷᠢᠮ ᠢ ᠪᠠᠶᠢᠭᠤᠯᠵᠤ᠂ ᠣᠷᠣᠨ ᠨᠤᠲᠤᠭ ᠨᠢᠭᠡᠪᠦᠷᠢ ᠶᠢᠨ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠠᠳᠠᠯᠢ ᠪᠤᠰᠤ ᠱᠠᠲᠤᠨ ᠤ ᠬᠡᠷᠡᠭᠴᠡᠭᠡ ᠶᠢ ᠦᠨᠳᠦᠰᠦᠯᠡᠨ᠂ ᠪᠦᠬᠦ ᠤᠯᠤᠰ ᠤᠨ ᠬᠦᠨᠳᠦ ᠡᠪᠡᠳᠴᠢᠲᠡᠨ ᠤ ᠡᠬᠢ ᠪᠠᠶᠠᠯᠢᠭ ᠢ ᠴᠠᠭ ᠲᠤᠬᠠᠢ ᠳᠤ ᠨᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠬᠦᠨᠳᠦ ᠡᠪᠡᠳᠴᠢᠲᠡᠨ ᠢ ᠡᠮᠨᠡᠨ ᠵᠠᠰᠠᠬᠤ ᠠᠵᠢᠯ ᠢ ᠴᠢᠩᠭᠠᠳᠬᠠᠬᠤ ᠶᠢ ᠱᠠᠭᠠᠷᠳᠠᠵᠤ ᠪᠠᠶᠢᠨ᠎ᠠ᠃      ︽ᠬᠥᠬᠡᠭᠴᠢᠨ ᠲᠥᠷᠥᠯ ᠳᠤ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠬᠢᠨᠠᠨ ᠰᠢᠨᠵᠢᠯᠡᠬᠦ᠂ ᠮᠡᠳᠡᠭᠦᠯᠬᠦ ᠵᠢᠴᠢ ᠭᠠᠳᠠᠭᠰᠢ ᠨᠡᠶᠢᠲᠡᠯᠡᠬᠦ ᠳᠤ ᠬᠡᠷᠬᠢᠨ ᠲᠣᠬᠢᠷᠠᠭᠤᠯᠤᠯᠲᠠ ᠬᠢᠬᠦ ᠪᠣᠶ︖      ᠨᠢᠭᠡ ᠳᠤ᠂ ᠨᠡᠶᠢᠲᠡᠯᠡᠬᠦ ᠠᠭᠤᠯᠭ᠎ᠠ ᠳᠤ ᠲᠣᠬᠢᠷᠠᠭᠤᠯᠤᠯᠲᠠ ᠬᠢᠨ᠎ᠡ᠂ ᠣᠲᠣ ᠪᠠᠶᠢᠭ᠎ᠠ ᠡᠮᠨᠡᠯᠭᠡ ᠳᠤ ᠰᠠᠭᠤᠭᠰᠠᠨ ᠡᠪᠡᠳᠴᠢᠨ ᠤ ᠵᠢᠱᠢᠶ᠎ᠡ ᠶᠢᠨ ᠲᠤᠭ᠎ᠠ᠂ ᠣᠲᠣ ᠪᠠᠶᠢᠭ᠎ᠠ ᠬᠦᠨᠳᠦ ᠡᠪᠡᠳᠴᠢᠲᠡᠨ ᠢ ᠨᠡᠶᠢᠲᠡᠯᠡᠨ᠎ᠡ᠂ ᠡᠭᠦᠨ ᠳᠤ ᠲᠦᠭᠰᠢᠭᠦᠷᠢᠲᠡᠢ ᠬᠦᠨᠳᠦ ᠡᠪᠡᠳᠴᠢᠲᠡᠨ ᠵᠢᠴᠢ ᠦᠬᠦᠭᠰᠡᠨ ᠨᠡᠶᠢᠲᠡ ᠡᠪᠡᠳᠴᠢᠨ ᠤ ᠵᠢᠱᠢᠶ᠎ᠡ ᠶᠢᠨ ᠲᠤᠭ᠎ᠠ ᠪᠠᠭᠲᠠᠨ᠎ᠠ᠃ ᠥᠩᠭᠡᠷᠡᠭᠰᠡᠨ ᠤ ᠨᠢᠭᠲᠠ ᠣᠶᠢᠷᠠᠲᠤᠭᠰᠠᠳ ᠤᠨ ᠮᠡᠳᠡᠭᠦᠯᠦᠯᠲᠡ ᠶᠢᠨ ᠪᠠᠶᠢᠳᠠᠯ ᠢ ᠬᠠᠰᠤᠨ᠎ᠠ᠃ ᠲᠤᠬᠠᠢ ᠶᠢᠨ ᠭᠠᠵᠠᠷ ᠤᠨ ᠡᠪᠡᠳᠴᠢᠨ ᠤ ᠵᠢᠱᠢᠶ᠎ᠡ ᠪᠠ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠵᠢᠱᠢᠶ᠎ᠡ ᠭᠡᠵᠦ ᠢᠯᠭᠠᠬᠤ ᠦᠭᠡᠢ᠃      ᠬᠤᠶᠠᠷ ᠲᠤ᠂ ᠨᠡᠶᠢᠲᠡᠯᠡᠬᠦ ᠤᠳᠠᠭ᠎ᠠ ᠳᠤ ᠲᠣᠬᠢᠷᠠᠭᠤᠯᠤᠯᠲᠠ ᠬᠢᠨ᠎ᠡ᠂ ᠪᠢᠳᠡ ᠬᠢᠵᠢᠭ ᠤᠨ ᠪᠠᠶᠢᠳᠠᠯ ᠢ ᠦᠨᠳᠦᠰᠦᠯᠡᠨ ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ᠂ ᠡᠴᠦᠰ ᠲᠤ ᠪᠠᠨ ᠬᠥᠬᠡᠭᠴᠢᠨ ᠲᠥᠷᠥᠯ ᠤᠨ ᠬᠠᠯᠳᠠᠪᠤᠷᠢᠲᠤ ᠡᠪᠡᠳᠴᠢᠨ ᠢ ᠰᠠᠷ᠎ᠠ ᠪᠦᠷᠢ ᠨᠢᠭᠡ ᠤᠳᠠᠭ᠎ᠠ ᠨᠡᠶᠢᠲᠡᠯᠡᠬᠦ ᠪᠠᠶᠢᠳᠠᠯ ᠳᠤ ᠪᠤᠴᠠᠨ᠎ᠠ᠃ᠭᠤᠷᠪᠠ ᠳᠤ᠂ ᠨᠡᠶᠢᠲᠡᠯᠡᠬᠦ ᠲᠠᠪᠴᠠᠩ ᠢ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠲᠥᠪ ᠤᠨ ᠰᠦᠯᠵᠢᠶᠡᠨ ᠳᠡᠭᠡᠷ᠎ᠡ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ ᠬᠢᠨᠠᠨ ᠰᠢᠨᠵᠢᠯᠡᠬᠦ ᠠᠭᠤᠯᠭ᠎ᠠ ᠶᠢᠨ ᠲᠠᠯ᠎ᠠ ᠪᠠᠷ᠂ ᠬᠠᠯᠳᠠᠪᠤᠷᠢᠲᠤ ᠡᠪᠡᠳᠴᠢᠨ ᠤ ᠰᠦᠯᠵᠢᠶ᠎ᠡ ᠪᠠᠷ ᠡᠪᠡᠳᠴᠢᠨ ᠤ ᠵᠢᠱᠢᠶ᠎ᠡ ᠶᠢᠨ ᠮᠡᠳᠡᠭᠦᠯᠦᠯᠲᠡ ᠶᠢ ᠰᠢᠭᠤᠳ ᠮᠡᠳᠡᠭᠦᠯᠬᠦ ᠪᠠᠷ ᠭᠤᠣᠯ ᠪᠣᠯᠭᠠᠵᠤ᠂ ᠡᠪᠡᠳᠴᠢᠨ ᠤ ᠵᠢᠱᠢᠶ᠎ᠡ ᠶᠢᠨ ᠮᠡᠳᠡᠭᠦᠯᠦᠯᠲᠡ᠂ ᠪᠥᠭᠡᠮ ᠬᠦᠴᠢᠯ ᠪᠠ ᠠᠨᠲ᠋ᠢᠭ᠍ᠸᠡ ᠤ ᠪᠠᠶᠢᠴᠠᠭᠠᠨ ᠰᠢᠨᠵᠢᠯᠡᠯᠲᠡ᠂ ᠠᠵᠢᠭᠯᠠᠬᠤ ᠴᠡᠭ ᠤᠨ ᠡᠮᠨᠡᠯᠭᠡ ᠶᠢᠨ ᠬᠤᠷᠢᠶᠠᠨ ᠤ ᠬᠢᠨᠠᠨ ᠰᠢᠨᠵᠢᠯᠡᠯᠲᠡ ᠵᠢᠴᠢ ᠭᠤᠣᠯᠳᠠᠯᠭ᠎ᠠ ᠲᠠᠢ ᠬᠥᠮᠥᠰ᠂ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠬᠢᠨᠠᠨ  ᠰᠢᠨᠵᠢᠯᠡᠯᠲᠡ᠂ ᠣᠨᠴᠠᠭᠠᠶᠢᠯᠠᠨ ᠸᠢᠷᠦ᠋ᠰ ᠤᠨ ᠣᠨᠳᠣᠣᠰᠢᠯ ᠤᠨ ᠪᠠᠶᠢᠳᠠᠯ ᠵᠡᠷᠭᠡ ᠳᠤ ᠶᠡᠷᠦᠩᠬᠡᠶᠢᠯᠡᠭᠰᠡᠨ ᠬᠢᠨᠠᠨ ᠰᠢᠨᠵᠢᠯᠡᠯᠲᠡ ᠬᠢᠬᠦ ᠪᠣᠯᠭᠠᠨ ᠲᠣᠬᠢᠷᠠᠭᠤᠯᠪᠠ᠃     ︽ᠬᠥᠬᠡᠭᠴᠢᠨ ᠲᠥᠷᠥᠯ ᠳᠤ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠨᠢ ︽ᠭᠤᠷᠪᠠᠨ  ᠭᠤᠣᠯᠳᠠᠯᠭ᠎ᠠ ᠶᠢ ᠴᠢᠩᠭᠠᠳᠬᠠᠵᠤ ᠨᠢᠭᠡ ᠶᠡᠭᠡ ᠲᠠᠯᠠᠪᠤᠷ ᠢ ᠡᠵᠡᠮᠳᠡᠬᠦ︾ ᠪᠣᠯᠵᠠᠢ      ᠨᠢᠭᠡ ᠳᠤ᠂ ᠭᠤᠣᠯᠳᠠᠯᠭ᠎ᠠ ᠲᠠᠢ ᠬᠥᠮᠥᠰ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠮ ᠤᠨ ᠵᠦᠢᠯ ᠤᠨ ᠭᠦᠢᠴᠡᠳ ᠬᠠᠩᠭᠠᠯᠭ᠎ᠠ ᠶᠢ ᠪᠠᠲᠤᠯᠠᠨ᠂ 65 ᠨᠠᠰᠤ ᠵᠢᠴᠢ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠵᠡᠷᠭᠡ ᠲᠦᠭᠰᠢᠭᠦᠷᠢ ᠶᠡᠬᠡᠲᠡᠢ ᠬᠥᠮᠥᠰ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢ ᠥᠷᠨᠢᠭᠦᠯᠵᠦ᠂ ᠲᠠᠰ ᠲᠥᠷᠥᠯ ᠬᠤᠪᠢᠶᠠᠵᠤ ᠣᠨᠣᠰᠢᠯᠠᠨ ᠡᠮᠨᠡᠬᠦ ᠠᠵᠢᠯ ᠢ ᠰᠠᠶᠢᠲᠤᠷ ᠬᠢᠨ᠎ᠡ᠃      ᠬᠤᠶᠠᠷ ᠲᠤ᠂ ᠭᠤᠣᠯᠳᠠᠯᠭ᠎ᠠ ᠲᠠᠢ ᠪᠠᠶᠢᠭᠤᠯᠤᠮᠵᠢ ᠶᠢᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠨᠠᠰᠤᠲᠠᠨ ᠢ ᠠᠰᠠᠷᠠᠬᠤ ᠬᠦᠷᠢᠶᠡᠯᠡᠩ᠂ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ᠂ ᠡᠮᠴᠢᠯᠡᠭᠡᠨ ᠤ ᠪᠠᠶᠢᠭᠤᠯᠤᠮᠵᠢ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠶᠢᠭᠤᠯᠤᠮᠵᠢ ᠵᠡᠷᠭᠡ ᠬᠥᠮᠥᠰ ᠲᠥᠪᠯᠡᠷᠡᠭᠰᠡᠨ ᠭᠤᠣᠯᠳᠠᠯᠭ᠎ᠠ ᠲᠠᠢ ᠪᠠᠶᠢᠭᠤᠯᠤᠮᠵᠢ ᠶᠢᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠳᠡᠯᠭᠡᠷᠡᠭᠰᠡᠨ ᠬᠤᠭᠤᠴᠠᠭᠠᠨ ᠳᠤ ᠠᠵᠢᠯᠲᠠᠨ ᠤ ᠡᠷᠡᠭᠦᠯ ᠮᠡᠨᠳᠦ ᠶᠢᠨ ᠬᠢᠨᠠᠨ  ᠰᠢᠨᠵᠢᠯᠡᠯᠲᠡ ᠶᠢ ᠴᠢᠩᠭᠠᠳᠬᠠᠵᠤ᠂ ᠨᠠᠰᠤᠲᠠᠨ ᠢ ᠠᠰᠠᠷᠠᠬᠤ ᠬᠦᠷᠢᠶᠡᠯᠡᠩ ᠪᠠ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠵᠡᠷᠭᠡ ᠪᠠᠶᠢᠭᠤᠯᠤᠮᠵᠢ ᠳᠤ ᠴᠠᠭ ᠲᠤᠬᠠᠢ ᠳᠤ ᠨᠢ  ᠪᠢᠲᠡᠭᠦᠮᠵᠢᠯᠡᠭᠰᠡᠨ ᠬᠠᠮᠢᠶᠠᠷᠤᠯᠲᠠ ᠶᠠᠪᠤᠭᠤᠯᠵᠤ᠂ ᠪᠠᠶᠢᠭᠤᠯᠤᠮᠵᠢ ᠶᠢᠨ ᠳᠣᠲᠣᠭᠠᠳᠤ ᠳᠤ ᠲᠥᠪᠯᠡᠷᠡᠭᠰᠡᠨ ᠴᠢᠨᠠᠷᠲᠠᠢ ᠬᠢᠵᠢᠭ ᠤᠨ ᠪᠠᠶᠢᠳᠠᠯ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃     ᠭᠤᠷᠪᠠ ᠳᠤ᠂ ᠭᠤᠣᠯᠳᠠᠯᠭ᠎ᠠ ᠲᠠᠢ ᠠᠵᠢᠯ ᠲᠥᠷᠥᠯ ᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠨ᠎ᠡ᠃ ᠨᠡᠶᠢᠭᠡᠮ ᠤᠨ ᠦᠨᠳᠦᠰᠦᠨ ᠠᠵᠢᠯᠯᠠᠭᠠᠨ ᠢ ᠪᠠᠲᠤᠯᠠᠬᠤ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠡᠳ᠋ ᠪᠠᠷᠠᠭᠠᠨ ᠤ ᠭᠦᠢᠯᠭᠡᠭᠡ ᠵᠢᠴᠢ ᠤᠰᠤ ᠴᠠᠬᠢᠯᠭᠠᠨ ᠬᠡᠢ ᠳᠤᠯᠠᠭᠠᠯᠭ᠎ᠠ ᠶᠢ ᠪᠠᠲᠤᠯᠠᠬᠤ ᠵᠡᠷᠭᠡ ᠠᠵᠢᠯ ᠲᠦᠷᠦᠯ ᠳᠤ ᠠᠵᠢᠯᠲᠠᠨ ᠤ ᠬᠤᠪᠢ ᠬᠥᠮᠥᠨ ᠤ ᠬᠠᠮᠠᠭᠠᠯᠠᠯᠲᠠ ᠪᠠ ᠠᠵᠢᠯ ᠤᠨ ᠣᠷᠴᠢᠨ ᠲᠣᠭᠤᠷᠢᠨ ᠤ ᠰᠠᠯᠬᠢ ᠨᠡᠪᠲᠡᠷᠡᠭᠦᠯᠦᠨ ᠠᠷᠢᠭᠤᠳᠬᠠᠬᠤ ᠶᠢ ᠴᠢᠩᠭᠠᠳᠬᠠᠵᠤ᠂ ᠠᠵᠢᠯᠲᠠᠨ ᠢ ᠠᠵᠢᠯ ᠤᠨ ᠪᠠᠶᠢᠷᠢ ᠡᠭᠡᠯᠵᠢᠯᠡᠭᠦᠯᠦᠨ ᠠᠵᠢᠯ ᠤᠨ ᠪᠠᠶᠢᠷᠢ ᠪᠡᠯᠡᠳᠬᠡᠬᠦ ᠳᠦᠷᠢᠮ ᠢ ᠪᠠᠶᠢᠭᠤᠯᠬᠤ ᠬᠡᠷᠡᠭᠲᠡᠢ᠃      ᠳᠥᠷᠪᠡ ᠳᠤ᠂ ᠲᠣᠮᠣ ᠬᠡᠯᠪᠡᠷᠢ ᠶᠢᠨ ᠪᠢᠲᠡᠭᠦᠮᠵᠢᠯᠡᠭᠰᠡᠨ ᠲᠠᠯᠠᠪᠤᠷ ᠢ ᠰᠡᠷᠭᠡᠶᠢᠯᠡᠨ ᠡᠵᠡᠮᠳᠡᠬᠦ ᠪᠠ ᠲᠣᠮᠣ ᠬᠡᠯᠪᠡᠷᠢ ᠶᠢᠨ ᠠᠵᠢᠯᠯᠠᠭ᠎ᠠ ᠶᠢᠨ ᠬᠠᠮᠢᠶᠠᠷᠤᠯᠲᠠ ᠶᠢ ᠬᠥᠳᠡᠯᠦᠩᠭᠦᠢ ᠪᠠᠷ ᠥᠷᠨᠢᠭᠦᠯᠦᠨ᠎ᠡ᠃ ᠬᠢᠵᠢᠭ ᠤᠨ ᠪᠠᠶᠢᠳᠠᠯ ᠢ ᠬᠥᠳᠡᠯᠦᠩᠭᠦᠢ ᠪᠠᠷ ᠬᠢᠨᠠᠨ ᠰᠢᠨᠵᠢᠯᠡᠬᠦ ᠪᠠ ᠠᠷᠭᠠᠴᠠᠭᠠᠬᠤ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠬᠦᠨᠳᠦ ᠨᠣᠴᠢᠲᠠᠢ ᠦᠶ᠎ᠡ ᠳᠤ᠂ ᠬᠥᠮᠥᠨ ᠤ ᠪᠠᠭᠲᠠᠭᠠᠮᠵᠢ ᠪᠠᠷ ᠶᠡᠭᠡ᠂ ᠣᠷᠣᠨ ᠵᠠᠢ ᠨᠢ ᠨᠢᠭᠲᠠ ᠪᠢᠲᠡᠭᠦᠮᠵᠢᠯᠡᠭᠰᠡᠨ ᠲᠠᠯᠠᠪᠤᠷ ᠭᠠᠵᠠᠷ᠂ ᠵᠢᠱᠢᠶᠡᠯᠡᠪᠡᠯ ᠲᠠᠯᠠᠪᠤᠷ ᠦᠷᠳᠡᠭᠡ ᠭᠠᠷᠠᠮ᠂ ᠲᠣᠮᠣ ᠬᠡᠯᠪᠡᠷᠢ ᠶᠢᠨ ᠬᠡᠳᠦ ᠳᠡᠯᠭᠡᠭᠦᠷ᠂ ᠲᠣᠮᠣ ᠬᠡᠯᠪᠡᠷᠢ ᠶᠢᠨ ᠵᠤᠭ᠎ᠠ ᠴᠡᠩᠭᠡᠯ ᠤᠨ ᠲᠠᠯᠠᠪᠤᠷ ᠭᠠᠵᠠᠷ ᠵᠢᠴᠢ ᠵᠠᠮ ᠲᠡᠭᠡᠭᠡᠪᠦᠷᠢ ᠶᠢᠨ ᠪᠠᠭᠠᠵᠢ ᠵᠡᠷᠭᠡ ᠳᠤ ᠣᠬᠤᠷᠬᠠᠨ ᠬᠤᠭᠤᠴᠠᠭᠠᠨ ᠤ ᠳᠣᠲᠣᠷ᠎ᠠ ᠬᠥᠮᠥᠨ ᠬᠠᠷ᠎ᠠ ᠴᠤᠭᠯᠠᠷᠠᠬᠤ ᠪᠠ ᠬᠥᠮᠥᠨ ᠬᠠᠷ᠎ᠠ ᠶᠢᠨ ᠰᠢᠯᠵᠢᠯᠲᠡ ᠶᠢ ᠪᠠᠭᠠᠰᠬᠠᠬᠤ ᠵᠡᠷᠭᠡ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ᠂ ᠲᠣᠮᠣ ᠬᠡᠯᠪᠡᠷᠢ ᠶᠢᠨ ᠠᠵᠢᠯᠯᠠᠭ᠎ᠠ ᠡᠷᠬᠢᠯᠡᠬᠦ ᠶᠢ ᠲᠦᠷ ᠬᠤᠶᠢᠰᠢᠯᠠᠭᠤᠯᠵᠤ᠂ ᠬᠢᠵᠢᠭ ᠤᠨ ᠪᠠᠶᠢᠳᠠᠯ ᠤᠨ ᠤᠷᠬᠢᠯ ᠦᠶ᠎ᠡ ᠶᠢ  ᠰᠡᠷᠭᠡᠶᠢᠯᠡᠨ ᠬᠤᠷᠢᠭᠯᠠᠵᠤ ᠪᠣᠯᠣᠨ᠎ᠠ᠃ ᠡᠭᠦᠨ ᠠᠴᠠ ᠭᠠᠳᠠᠨ᠎ᠠ᠂ ᠬᠤᠪᠢ ᠬᠥᠮᠥᠨ ᠤ  ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠪᠠᠷᠢᠮᠲᠠᠯᠠᠬᠤ ᠶᠢ ᠰᠠᠨᠠᠭᠠᠴᠢᠯᠠᠨ᠎ᠠ᠃ ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠳᠤ ︽ᠬᠥᠮᠥᠨ ᠪᠦᠬᠦᠨ ᠥᠪᠡᠷ ᠤᠨ ᠢᠶᠠᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠮᠥᠨ︾ ᠭᠡᠬᠦ ᠣᠨᠣᠯᠵᠢᠬᠤᠨ ᠢ ᠰᠠᠨᠠᠭᠠᠴᠢᠯᠠᠭᠰᠠᠨ ᠶᠤᠮ᠂ ᠡᠶᠢᠮᠦ ᠠᠴᠠ ︽ᠬᠥᠬᠡᠭᠴᠢᠨ ᠲᠥᠷᠥᠯ ᠳᠤ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠤ ᠳᠠᠷᠠᠭ᠎ᠠ ᠮᠥᠨ ᠬᠦ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠰᠠᠯᠬᠢ ᠢᠯᠡᠭᠦᠬᠡᠨ ᠨᠡᠪᠲᠡᠷᠡᠭᠦᠯᠬᠦ ᠵᠡᠷᠭᠡ ᠰᠠᠶᠢᠨ ᠰᠠᠶᠢᠬᠠᠨ ᠠᠮᠢᠳᠤᠷᠠᠯ ᠤᠨ ᠠᠷᠭ᠎ᠠ ᠮᠠᠶ᠋ᠢᠭ ᠢ ᠪᠠᠷᠢᠮᠲᠠᠯᠠᠵᠤ᠂ ᠸᠠᠺᠼᠢᠨ ᠤ ᠪᠥᠬᠦ ᠶᠠᠪᠤᠴᠠ ᠶᠢᠨ ᠲᠠᠷᠢᠯᠭ᠎ᠠ ᠪᠠ ᠴᠢᠩᠭᠠᠳᠬᠠᠬᠤ ᠲᠠᠷᠢᠯᠭ᠎ᠠ ᠬᠢᠬᠦ ᠠᠵᠢᠯ ᠢ ᠴᠠᠭ ᠲᠤᠬᠠᠢ ᠳᠤ ᠨᠢ ᠪᠡᠶᠡᠯᠡᠭᠦᠯᠬᠦ ᠬᠡᠷᠡᠭᠲᠡᠢ᠃      ᠣᠳᠣᠬᠠᠨ ᠳᠤ ᠢᠯᠡᠷᠡᠵᠦ ᠪᠠᠶᠢᠭ᠎ᠠ ︽ᠴᠠᠭᠠᠨ ᠠᠭᠤᠰᠬᠢ︾ ᠨᠢ ᠠᠩᠬᠠᠨ ᠤ ᠬᠤᠣᠷᠲᠤ ᠸᠢᠷᠦ᠋ᠰ ᠪᠠ ᠸᠠᠺᠼᠢᠨ ᠤ ᠲᠠᠷᠢᠯᠭ᠎ᠠ ᠲᠠᠢ ᠬᠠᠮᠢᠶ᠎ᠠ ᠦᠭᠡᠢ      1. ᠣᠳᠣᠬᠠᠨ ᠳᠤ ᠢᠯᠡᠷᠡᠵᠦ ᠪᠠᠶᠢᠭ᠎ᠠ ︽ᠴᠠᠭᠠᠨ ᠠᠭᠤᠰᠬᠢ︾ ᠭᠡᠳᠡᠭ ᠨᠢ ᠠᠩᠬᠠᠨ ᠤ ᠬᠤᠣᠷᠲᠤ ᠸᠢᠷᠦ᠋ᠰ ᠪᠠ ᠸᠠᠺᠼᠢᠨ ᠤ ᠲᠠᠷᠢᠯᠭ᠎ᠠ ᠲᠠᠢ ᠬᠤᠯᠪᠣᠭ᠎ᠠ ᠦᠭᠡᠢ ᠮᠥᠷᠲᠡᠭᠡᠨ ᠣᠳᠣᠬᠠᠨ ᠳᠤ ᠳᠡᠯᠭᠡᠷᠡᠵᠦ ᠪᠠᠶᠢᠭ᠎ᠠ ᠳᠠᠪᠠᠭᠤᠯᠢᠭ ᠬᠤᠣᠷᠲᠤ ᠸᠢᠷᠦ᠋ᠰ ᠨᠢ ᠮᠥᠨ ᠬᠦ ᠣᠮᠢᠺᠷᠦᠨ ᠬᠤᠣᠷᠲᠤ ᠸᠢᠷᠦ᠋ᠰ ᠪᠣᠯᠣᠨ᠎ᠠ᠃      2. ᠴᠠᠭᠠᠨ ᠠᠭᠤᠰᠬᠢ ᠪᠣᠯ ᠠᠭᠤᠰᠬᠢᠨ ᠤ ᠵᠢᠷᠤᠭ ᠳᠦᠷᠰᠦ ᠶᠢᠨ ᠤᠬᠠᠭᠠᠨ ᠳᠤ ᠢᠯᠡᠷᠡᠭᠦᠯᠦᠭᠰᠡᠨ ᠨᠢᠭᠡᠨ ᠶᠠᠷᠢᠶᠠᠴᠢᠯᠠᠭᠰᠠᠨ ᠳᠦᠷᠰᠦᠯᠡᠯ ᠮᠥᠨ᠃ ᠡᠩ ᠤᠨ ᠪᠠᠶᠢᠳᠠᠯ ᠳᠤ ᠠᠭᠤᠰᠬᠢᠨ ᠤ ᠬᠡᠰᠡᠭ ᠤᠨ ᠦᠷᠪᠢᠰᠦᠯ ᠨᠢ ᠨᠡᠯᠢᠶᠡᠳ ᠬᠦᠨᠳᠦ᠂ ᠨᠡᠪᠴᠢᠷᠡᠬᠦ ᠨᠢ ᠨᠡᠯᠢᠶᠡᠳ ᠠᠷᠪᠢᠨ ᠦᠶ᠎ᠡ ᠳᠤ᠂ ᠥᠭᠡᠷ᠎ᠡ ᠪᠠᠷ ᠬᠡᠯᠡᠪᠡᠯ ᠴᠠᠭᠠᠨ ᠥᠩᠭᠡᠲᠦ ᠳᠦᠷᠰᠦ ᠰᠢᠩᠭᠡᠭᠡᠯᠲᠡ ᠶᠢᠨ ᠬᠡᠰᠡᠭ ᠤᠨ ᠲᠠᠯᠠᠪᠠᠢ ᠨᠢ 70% ᠠᠴᠠ 80% ᠳᠤ ᠬᠦᠷᠬᠦ ᠦᠶᠡᠰ᠂ ᠡᠮᠴᠢᠯᠡᠭᠡᠨ ᠳᠡᠭᠡᠷ᠎ᠡ ᠣᠯᠠᠨ ᠢᠶᠠᠷ ᠢᠶᠠᠨ ᠴᠠᠭᠠᠨ ᠠᠭᠤᠰᠬᠢ ᠭᠡᠳᠡᠭ᠃ ᠡᠶᠢᠮᠦ ᠠᠴᠠ ᠦᠷᠪᠢᠰᠦᠯ ᠡᠭᠦᠰᠦᠭᠰᠡᠭᠡᠷ ᠳᠠᠷᠤᠢ ᠴᠠᠭᠠᠨ ᠠᠭᠤᠰᠬᠢ ᠪᠣᠯᠬᠤ ᠪᠢᠰᠢ᠃ ᠡᠨᠡ ᠱᠠᠲᠤᠨ ᠳᠤ ᠡᠪᠡᠳᠴᠢᠲᠡᠨ ᠳᠤ ᠴᠢᠰᠤᠨ ᠤ ᠬᠦᠴᠢᠯᠲᠥ᠋ᠷᠥᠭᠴᠢ ᠳᠣᠣᠷ᠎ᠠ ᠭᠡᠮ ᠪᠤᠶᠤ ᠠᠮᠢᠰᠬᠤᠯ ᠴᠢᠬᠤᠯᠳᠠᠬᠤ ᠪᠠᠶᠢᠳᠠᠯ ᠢᠯᠡᠷᠡᠨ᠎ᠡ᠃ ᠡᠶᠢᠮᠦ ᠲᠥᠷᠥᠯ ᠤᠨ ᠡᠪᠡᠳᠴᠢᠲᠡᠨ ᠡᠮᠴᠢᠯᠡᠭᠡᠨ ᠳᠡᠭᠡᠷ᠎ᠡ᠂ ᠢᠯᠠᠩᠭᠤᠶ᠎ᠠ ᠥᠨᠳᠥᠷ ᠨᠠᠰᠤᠲᠠᠢ ᠨᠠᠰᠤᠲᠠᠨ ᠳᠤ ᠬᠦᠨᠳᠦ ᠨᠣᠴᠢᠲᠠᠢ ᠰᠠᠭᠤᠷᠢ ᠡᠪᠡᠳᠴᠢᠨ ᠳᠠᠪᠬᠤᠴᠠᠭᠰᠠᠨ ᠡᠪᠡᠳᠴᠢᠲᠡᠨ ᠳᠤ ᠢᠯᠡᠷᠡᠬᠦ ᠪᠣᠯᠣᠯᠴᠠᠭ᠎ᠠ ᠲᠠᠢ᠂ ᠭᠡᠪᠡᠴᠦ ᠡᠶᠢᠮᠦ ᠲᠥᠷᠥᠯ ᠤᠨ ᠡᠪᠡᠳᠴᠢᠲᠡᠨ ᠤ ᠡᠵᠡᠯᠡᠬᠦ ᠬᠠᠷᠢᠴᠠᠯ  ᠨᠢ ᠲᠤᠶᠢᠯ ᠤᠨ ᠳᠣᠣᠷ᠎ᠠ ᠪᠠᠶᠢᠳᠠᠭ᠃ ᠣᠳᠣᠬᠠᠨ ᠳᠤ ᠰᠦᠯᠵᠢᠶᠡᠨ ᠳᠡᠭᠡᠷ᠎ᠡ ᠣᠯᠠᠨ ᠤ ᠬᠡᠯᠡᠳᠡᠭ ᠴᠠᠭᠠᠨ ᠠᠭᠤᠰᠬᠢ ᠶᠢᠨ ᠵᠠᠷᠢᠮ ᠨᠢ ᠵᠢᠩᠬᠢᠨᠢ ᠴᠠᠭᠠᠨ ᠠᠭᠤᠰᠬᠢ ᠪᠢᠰᠢ᠂ ᠵᠠᠷᠢᠮ ᠨᠢ ᠪᠠᠰᠠ ᠲᠡᠶᠢᠮᠦ ᠬᠦᠨᠳᠦ ᠨᠣᠴᠢᠲᠠᠢ ᠬᠡᠮᠵᠢᠶᠡᠨ ᠳᠤ ᠬᠦᠷᠦᠭᠰᠡᠨ ᠦᠭᠡᠢ᠂ ᠭᠡᠪᠡᠴᠦ ᠲᠡᠭᠦᠨ ᠢ ᠴᠠᠭᠠᠨ ᠠᠭᠤᠰᠬᠢ ᠭᠡᠵᠦ ᠠᠳᠡᠭᠦᠷᠡᠭᠰᠡᠨ ᠵᠦᠢᠯ ᠪᠣᠢ᠃      3. ᠵᠥᠪᠬᠡᠨ ᠰᠢᠨ᠎ᠡ ᠲᠢᠲᠢᠮᠯᠢᠭ ᠸᠢᠷᠦ᠋ᠰ ᠪᠢᠰᠢ᠂ ᠣᠯᠠᠨ ᠡᠪᠡᠳᠴᠢᠨ ᠡᠭᠦᠰᠬᠡᠭᠴᠢ ᠨᠢ ᠪᠦᠷ ᠠᠭᠤᠰᠬᠢᠨ ᠤ ᠦᠷᠪᠢᠰᠦᠯ ᠢ ᠡᠭᠦᠰᠬᠡᠵᠦ ᠮᠡᠳᠡᠨ᠎ᠡ᠂ ᠵᠢᠱᠢᠶᠡᠯᠡᠪᠡᠯ ᠠᠮᠢᠰᠬᠤᠯ ᠤᠨ ᠵᠠᠮ ᠤᠨ ᠨᠡᠶᠢᠯᠡᠮᠡᠯ ᠡᠰ ᠤᠨ ᠸᠢᠷᠦ᠋ᠰ᠂ ᠲᠠᠬᠤᠯ ᠲᠠᠭᠰᠢᠭᠤᠷ ᠤᠨ ᠸᠢᠷᠦ᠋ᠰ᠂ ᠵᠠᠷᠢᠮ ᠪᠠᠺᠲ᠋ᠧᠷᠢ ᠶᠢ ᠪᠠᠭᠲᠠᠭᠠᠭᠰᠠᠨ ᠨᠡᠶᠢᠯᠡᠮᠡᠯ ᠪᠥᠭᠡᠮ ᠪᠠᠺᠲ᠋ᠧᠷᠢ ᠵᠡᠷᠭᠡ ᠨᠢ ᠪᠦᠷ ᠠᠭᠤᠰᠬᠢᠨ ᠤ ᠦᠷᠪᠢᠰᠦᠯ ᠢ ᠡᠭᠦᠰᠬᠡᠵᠦ᠂ ᠬᠦᠨᠳᠦ ᠨᠣᠴᠢᠲᠠᠢ ᠦᠶ᠎ᠡ ᠳᠤ ᠪᠦᠷ ᠦᠷᠪᠢᠰᠦᠯ ᠤᠨ ᠢᠯᠡᠷᠡᠯ ᠭᠠᠷᠳᠠᠭ᠃ ᠡᠮᠴᠢᠯᠡᠭᠡᠨ ᠤ ᠲᠠᠯ᠎ᠠ ᠪᠠᠷ ᠠᠪᠴᠤ ᠬᠡᠯᠡᠪᠡᠯ᠂ ᠣᠳᠣᠬᠠᠨ ᠳᠤ ᠨᠡᠯᠢᠶᠡᠳ ᠪᠣᠯᠪᠠᠰᠤᠷᠠᠩᠭᠤᠢ ᠪᠣᠯᠤᠭᠰᠠᠨ ᠲᠤᠰᠬᠠᠢ ᠮᠡᠷᠭᠡᠵᠢᠯᠲᠡᠨ ᠤ ᠬᠠᠮᠲᠤ ᠶᠢᠨ ᠲᠠᠨᠢᠯᠲᠠ ᠪᠠ ᠡᠮᠴᠢᠯᠡᠭᠡᠨ ᠤ ᠲᠥᠰᠥᠯ ᠲᠠᠢ ᠪᠣᠯᠵᠠᠢ᠂ ᠡᠭᠦᠨ ᠳᠤ ᠭᠤᠣᠯᠳᠠᠭᠤ ᠡᠯᠢᠭᠡᠲᠡᠨ ᠬᠡᠪᠲᠡᠭᠦᠯᠵᠦ ᠠᠭᠠᠷ ᠨᠡᠪᠲᠡᠷᠡᠭᠦᠯᠬᠦ᠂ ᠡᠭᠦᠨ ᠠᠴᠠ ᠭᠠᠳᠠᠨ᠎ᠠ ᠬᠦᠴᠢᠯᠲᠥ᠋ᠷᠥᠭᠴᠢ ᠪᠠᠷ ᠡᠮᠨᠡᠨ ᠵᠠᠰᠠᠨ᠎ᠠ᠂ ᠡᠭᠦᠨ ᠳᠤ ᠰᠢᠷᠬᠠᠯᠠᠭ᠎ᠠ ᠦᠭᠡᠢ ᠠᠮᠢᠰᠬᠤᠯ ᠤᠨ ᠮᠠᠰᠢᠨ᠂ ᠰᠢᠷᠬᠠᠯᠠᠭ᠎ᠠ ᠲᠠᠢ ᠠᠮᠢᠰᠬᠤᠯ ᠤᠨ ᠮᠠᠰᠢᠨ ᠵᠡᠷᠭᠡ ᠪᠣᠶ᠂ ᠰᠦᠯᠵᠢᠶᠡᠨ ᠤ ᠨᠠᠶᠢᠵᠠ ᠨᠠᠷ ᠲᠤ ᠠᠮᠢ ᠠᠪᠤᠷᠠᠬᠤ ᠰᠢᠳᠢᠲᠦ ᠪᠠᠭᠠᠵᠢ ᠭᠡᠭᠳᠡᠭᠰᠡᠨ ECMO ᠪᠠᠰᠠ ᠪᠠᠭᠲᠠᠨ᠎ᠠ᠃ ᠠᠩᠬᠠᠨ ᠤ ᠡᠪᠡᠳᠴᠢᠨ ᠡᠭᠦᠰᠬᠡᠬᠦ ᠴᠢᠨᠠᠷᠲᠠᠢ ᠡᠪᠡᠳᠴᠢᠨ ᠤ ᠰᠢᠯᠲᠠᠭᠠᠨ ᠤ ᠡᠮᠴᠢᠯᠡᠭᠡ ᠶᠢ ᠴᠢᠩᠭᠠᠳᠬᠠᠪᠠᠯ᠂ ᠴᠠᠭᠠᠨ ᠠᠭᠤᠰᠬᠢ ᠢᠯᠡᠷᠡᠭᠰᠡᠨ ᠡᠪᠡᠳᠴᠢᠲᠡᠨ ᠤ ᠳᠣᠲᠣᠷᠠᠬᠢ ᠨᠡᠯᠢᠶᠡᠳ ᠬᠡᠰᠡᠭ ᠨᠢ ᠰᠠᠶᠢᠵᠢᠷᠠᠵᠤ ᠴᠢᠳᠠᠨ᠎ᠠ᠃      4. ᠨᠠᠰᠤᠲᠠᠶᠢᠴᠤᠳ ᠤᠨ ᠡᠷᠡᠭᠦᠯ ᠮᠡᠨᠳᠦ ᠶᠢᠨ ᠪᠠᠶᠢᠳᠠᠯ ᠤᠨ ᠬᠢᠨᠠᠨ  ᠰᠢᠨᠵᠢᠯᠡᠯᠲᠡ ᠶᠢ ᠡᠷᠬᠡᠪᠰᠢ ᠴᠢᠩᠭᠠᠳᠬᠠᠵᠤ᠂ ᠪᠣᠭᠤᠮᠲᠠ ᠶᠢ ᠡᠮᠦᠨᠡᠰᠢ ᠪᠠᠨ ᠰᠢᠯᠵᠢᠭᠦᠯᠬᠦ ᠬᠡᠷᠡᠭᠲᠡᠢ᠃ ᠨᠠᠰᠤᠲᠠᠶᠢᠴᠤᠳ ᠤᠨ ᠬᠠᠯᠳᠠᠪᠤᠷᠢᠯᠠᠯ ᠡᠭᠦᠰᠬᠦ᠂ ᠢᠯᠠᠩᠭᠤᠶ᠎ᠠ ᠠᠮᠢᠰᠬᠤᠯ ᠴᠢᠬᠤᠯᠳᠠᠬᠤ ᠵᠡᠷᠭᠡ ᠬᠦᠨᠳᠦᠷᠡᠬᠦ ᠪᠠᠶᠢᠳᠠᠯ ᠭᠠᠷᠪᠠᠯ ᠡᠷᠬᠡᠪᠰᠢ ᠴᠠᠭ ᠲᠤᠬᠠᠢ ᠳᠤ  ᠨᠢ ᠡᠮᠨᠡᠭᠦᠯᠬᠦ ᠬᠡᠷᠡᠭᠲᠡᠢ᠃ ᠪᠢᠳᠡ ᠪᠠᠰᠠ ᠨᠠᠰᠤᠲᠠᠶᠢᠴᠤᠳ ᠤᠨ ᠬᠦᠨᠳᠦ ᠡᠪᠡᠳᠴᠢᠨ ᠳᠤ ᠨᠡᠷᠪᠡᠭᠳᠡᠭᠰᠡᠳ ᠢ ᠱᠠᠲᠤ ᠬᠤᠪᠢᠶᠠᠨ ᠡᠮᠨᠡᠭᠦᠯᠵᠦ ᠱᠠᠲᠤ ᠳᠠᠷᠠᠭᠠᠯᠠᠨ ᠰᠢᠯᠵᠢᠭᠦᠯᠦᠨ ᠡᠮᠨᠡᠭᠦᠯᠬᠦ ᠴᠢᠬᠤᠯᠠ ᠦᠭᠡᠢ᠂ ᠰᠢᠭᠤᠳ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠳᠤ ᠰᠢᠯᠵᠢᠭᠦᠯᠦᠨ ᠡᠮᠨᠡᠭᠦᠯᠦᠨ ᠵᠠᠰᠠᠭᠤᠯᠬᠤ ᠬᠡᠷᠡᠭᠲᠡᠢ ᠭᠡᠵᠦ ᠱᠠᠭᠠᠷᠳᠠᠵᠤ ᠪᠠᠶᠢᠨ᠎ᠠ       ᠬᠥᠳᠡᠭᠡ ᠲᠣᠰᠬᠤᠨ ᠤ ᠡᠮᠴᠢᠯᠡᠭᠡᠨ ᠤ ᠠᠪᠤᠷᠠᠨ ᠵᠠᠰᠠᠯᠲᠠ ᠵᠢᠴᠢ ᠡᠮ ᠤᠨ ᠵᠦᠢᠯ ᠤᠨ ᠪᠠᠲᠤᠯᠠᠭ᠎ᠠ ᠶᠢᠨ ᠠᠵᠢᠯ ᠢ ᠬᠡᠷᠬᠢᠨ ᠥᠷᠨᠢᠭᠦᠯᠬᠦ ᠪᠣᠶ︖      ᠨᠢᠭᠡ ᠳᠤ᠂ ᠬᠥᠳᠡᠭᠡ ᠲᠣᠰᠬᠤᠨ ᠳᠤ ᠰᠢᠶᠠᠨ ᠢᠶᠠᠷ ᠨᠢᠭᠡᠴᠢ ᠪᠣᠯᠭᠠᠨ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢ ᠲᠣᠣᠷᠵᠢᠭᠤᠯᠤᠨ ᠪᠠᠶᠢᠷᠢᠰᠢᠭᠤᠯᠵᠤ᠂ ᠰᠢᠶᠠᠨ᠂ ᠰᠢᠶᠠᠩ᠂  ᠲᠣᠰᠬᠤᠨ ᠤ ᠬᠢᠨ ᠥᠪᠡᠷ ᠥᠪᠡᠷ ᠤᠨ ᠡᠭᠦᠷᠭᠡᠯᠡᠭᠰᠡᠨ  ᠴᠢᠳᠠᠮᠵᠢ ᠡᠭᠦᠷᠭᠡ ᠪᠠᠨ ᠪᠠᠳᠠᠷᠠᠭᠤᠯᠵᠤ᠂ ᠳᠠᠪᠬᠤᠴᠠᠭᠰᠠᠨ ᠡᠪᠡᠳᠴᠢᠨ ᠲᠠᠢ ᠨᠠᠰᠤᠲᠠᠶᠢᠴᠤᠳ ᠵᠢᠴᠢ ᠬᠡᠦᠬᠡᠳ ᠵᠡᠷᠭᠡ ᠲᠦᠭᠰᠢᠭᠦᠷᠢ ᠶᠡᠬᠡᠲᠡᠢ ᠬᠥᠮᠥᠰ ᠢ ᠴᠥᠮ ᠡᠮᠨᠡᠯᠭᠡ ᠶᠢᠨ ᠬᠤᠯᠪᠣᠭᠠᠲᠤ ᠴᠣᠭᠴᠠ ᠶᠢᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠢ᠃      ᠬᠤᠶᠠᠷ ᠲᠤ᠂ ᠮᠠᠨ ᠤ ᠤᠯᠤᠰ ᠤᠨ ᠨᠢᠭᠡᠨᠲᠡ ᠪᠠᠶᠢᠭᠤᠯᠤᠭᠰᠠᠨ ᠬᠤᠲᠠ ᠬᠥᠳᠡᠭᠡ ᠶᠢᠨ ᠠᠵᠢᠯ ᠲᠥᠷᠥᠯ ᠤᠨ ᠰᠢᠰᠲ᠋ᠧᠮᠵᠢᠭᠦᠯᠦᠨ ᠳᠡᠮᠵᠢᠬᠦ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠤᠵᠢ ᠶᠢᠨ ᠳᠣᠲᠣᠷ᠎ᠠ ᠪᠠᠨ ᠬᠤᠲᠠ ᠶᠢᠨ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠠᠴᠠ ᠰᠢᠶᠠᠨ ᠤ ᠡᠮᠨᠡᠯᠭᠡ ᠶᠢᠨ ᠬᠤᠷᠢᠶ᠎ᠠ ᠲᠠᠢ ᠬᠤᠯᠪᠣᠭᠠᠰᠤ ᠶᠢᠨ ᠬᠠᠷᠢᠴᠠᠭ᠎ᠠ ᠪᠠᠶᠢᠭᠤᠯᠤᠨ ᠬᠡᠰᠡᠭ ᠬᠤᠪᠢᠶᠠᠨ ᠳᠠᠭᠠᠭᠠᠴᠢᠯᠠᠵᠤ᠂ ᠬᠤᠲᠠ ᠶᠢᠨ ᠰᠢᠯᠢᠳᠡᠭ ᠡᠮᠴᠢᠯᠡᠭᠡᠨ ᠤ ᠡᠬᠢ ᠪᠠᠶᠠᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠦᠨᠳᠦ ᠡᠪᠡᠳᠴᠢᠲᠡᠨ ᠢ ᠡᠮᠨᠡᠨ ᠵᠠᠰᠠᠬᠤ ᠴᠢᠬᠤᠯᠠᠲᠠᠢ ᠪᠠᠶᠢᠳᠠᠯ ᠢᠯᠡᠷᠡᠭᠰᠡᠭᠡᠷ ᠳᠠᠷᠤᠢ ᠬᠤᠲᠠ ᠪᠠ ᠰᠢᠶᠠᠨ ᠤ ᠬᠤᠭᠤᠷᠣᠨᠳᠣᠬᠢ ᠬᠤᠶᠠᠷ ᠱᠠᠲᠤᠨ ᠤ ᠰᠢᠯᠵᠢᠭᠦᠯᠦᠨ ᠡᠮᠨᠡᠬᠦ ᠲᠣᠭᠲᠠᠴᠠ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃      ᠭᠤᠷᠪᠠ ᠳᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠠᠴᠠ ᠲᠦᠭᠰᠢᠭᠦᠷᠢ ᠶᠡᠬᠡᠲᠡᠢ ᠬᠥᠮᠥᠰ ᠢ ᠬᠠᠮᠢᠶᠠᠷᠴᠤ᠂ ᠲᠡᠳᠡᠨ ᠤ ᠡᠷᠡᠭᠦᠯ ᠮᠡᠨᠳᠦ ᠶᠢᠨ ᠪᠠᠶᠢᠳᠠᠯ ᠢ ᠣᠶᠢᠯᠠᠭᠠᠵᠤ᠂ ᠠᠳᠠᠯᠢ ᠪᠤᠰᠤ ᠡᠷᠡᠭᠦᠯ ᠮᠡᠨᠳᠦ ᠶᠢᠨ ᠠᠶᠤᠯ ᠲᠦᠭᠰᠢᠭᠦᠷᠢ ᠶᠢᠨ ᠳᠡᠰ ᠢ ᠦᠨᠳᠦᠰᠦᠯᠡᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠪᠡᠳᠴᠢᠨ ᠤ ᠪᠠᠶᠢᠳᠠᠯ ᠳᠤ ᠬᠤᠪᠢᠷᠠᠯᠲᠠ ᠭᠠᠷᠤᠮᠠᠭᠴᠠ ᠴᠠᠭ ᠲᠤᠬᠠᠢ ᠳᠤ ᠨᠢ ᠰᠢᠯᠵᠢᠭᠦᠯᠦᠨ ᠣᠨᠣᠰᠢᠯᠠᠭᠤᠯᠬᠤ ᠬᠡᠷᠡᠭᠲᠡᠢ᠃      ᠳᠥᠷᠪᠡ ᠳᠤ᠂ ᠱᠠᠲᠤ ᠬᠤᠪᠢᠶᠠᠨ ᠣᠨᠣᠰᠢᠯᠠᠨ ᠡᠮᠨᠡᠬᠦ ᠪᠠ ᠲᠥᠷᠥᠯ ᠬᠤᠪᠢᠶᠠᠨ ᠡᠮᠨᠡᠨ ᠵᠠᠰᠠᠬᠤ ᠬᠡᠷᠡᠭᠲᠡᠢ᠂ ᠢᠯᠠᠩᠭᠤᠶ᠎ᠠ ᠬᠦᠨᠳᠦ ᠡᠪᠡᠳᠴᠢᠲᠡᠨ ᠢ ᠵᠣᠬᠢᠬᠤ ᠡᠮᠨᠡᠨ ᠵᠠᠰᠠᠬᠤ ᠴᠢᠳᠠᠪᠤᠷᠢ ᠲᠠᠢ ᠡᠮᠴᠢᠯᠡᠭᠡᠨ ᠤ ᠪᠠᠶᠢᠭᠤᠯᠤᠮᠵᠢ ᠳᠤ ᠳᠠᠷᠤᠢ ᠲᠦᠷᠭᠡᠨ ᠰᠢᠯᠵᠢᠭᠦᠯᠦᠨ ᠡᠮᠨᠡᠭᠦᠯᠬᠦ ᠬᠡᠷᠡᠭᠲᠡᠢ᠃ ᠬᠡᠷᠪᠡ ᠡᠪᠡᠳᠴᠢᠲᠡᠨ ᠢ ᠰᠢᠯᠵᠢᠭᠦᠯᠦᠨ ᠡᠮᠨᠡᠭᠦᠯᠬᠦ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠠᠶᠢᠪᠠᠯ᠂ ᠪᠢᠳᠡ ᠬᠤᠳᠠ ᠶᠢᠨ ᠲᠤᠰᠠᠯᠠᠬᠤ ᠡᠮᠨᠡᠯᠭᠡ ᠶᠢᠨ ᠬᠤᠷᠢᠶ᠎ᠠ ᠪᠠᠷ ᠠᠯᠤᠰ ᠵᠠᠢ ᠠᠴᠠ ᠡᠮᠨᠡᠭᠦᠯᠬᠦ ᠪᠤᠶᠤ ᠲᠤᠰᠬᠠᠢ ᠮᠡᠷᠭᠡᠵᠢᠯᠲᠡᠨ ᠲᠣᠮᠢᠯᠠᠵᠤ ᠵᠢᠯᠣᠭᠤᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠡᠮᠴᠢᠯᠡᠭᠡᠨ ᠤ ᠠᠪᠤᠷᠠᠨ ᠵᠠᠰᠠᠯᠲᠠ ᠶᠢ ᠵᠢᠯᠣᠭᠤᠳᠤᠨ ᠥᠷᠨᠢᠭᠦᠯᠬᠦ ᠶᠢ ᠱᠠᠭᠠᠷᠳᠠᠪᠠ᠃ ᠡᠭᠦᠨ ᠤ ᠵᠡᠷᠭᠡ ᠳᠤ ᠡᠯ᠎ᠡ ᠭᠠᠵᠠᠷ ᠤᠨ ᠬᠢᠨ ᠬᠤᠶᠠᠷ ᠪᠠᠶᠠᠷ ᠤᠨ ᠬᠤᠭᠤᠴᠠᠭᠠᠨ ᠳᠤ ᠲᠤᠰᠠᠯᠠᠬᠤ ᠡᠮᠨᠡᠯᠭᠡ ᠶᠢᠨ ᠬᠤᠷᠢᠶ᠎ᠠ ᠠᠴᠠ ᠡᠮᠨᠡᠯᠭᠡ ᠶᠢᠨ ᠠᠵᠢᠯᠲᠠᠨ ᠲᠣᠮᠢᠯᠠᠨ ᠰᠢᠶᠠᠨ ᠤ ᠡᠮᠨᠡᠯᠭᠡ ᠶᠢᠨ ᠬᠤᠷᠢᠶᠠᠨ ᠳᠤ ᠰᠠᠭᠤᠯᠭᠠᠵᠤ ᠵᠢᠭᠠᠨ ᠵᠢᠯᠣᠭᠤᠳᠤᠭᠤᠯᠬᠤ ᠬᠡᠷᠡᠭᠲᠡᠢ᠃ ᠡᠭᠦᠨ ᠠᠴᠠ ᠭᠠᠳᠠᠨ᠎ᠠ ᠡᠯ᠎ᠡ ᠭᠠᠵᠠᠷ ᠤᠨ ᠬᠢᠨ ᠲᠣᠭᠤᠷᠢᠨ ᠡᠮᠴᠢᠯᠡᠬᠦ ᠠᠩᠭᠢ ᠲᠣᠮᠢᠯᠠᠵᠤ᠂ ᠬᠤᠶᠠᠷ ᠪᠠᠶᠠᠷ ᠤᠨ ᠬᠤᠭᠤᠴᠠᠭᠠᠨ ᠳᠤ ᠬᠥᠳᠡᠭᠡ ᠲᠣᠰᠬᠤᠨ ᠤ ᠲᠣᠭᠤᠷᠢᠨ ᠡᠮᠴᠢᠯᠡᠭᠡ ᠶᠢ ᠨᠡᠮᠡᠭᠳᠡᠭᠦᠯᠵᠦ᠂ ᠲᠦᠭᠰᠢᠭᠦᠷᠢ ᠶᠡᠬᠡᠲᠡᠢ ᠬᠥᠮᠥᠰ ᠢ ᠴᠠᠭ ᠲᠤᠬᠠᠢ ᠳᠤ ᠨᠢ ᠢᠯᠡᠷᠡᠭᠦᠯᠵᠦ᠂ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠡᠷᠲᠡᠬᠡᠨ ᠠᠪᠬᠤ ᠬᠡᠷᠡᠭᠲᠡᠢ ᠭᠡᠵᠦ ᠱᠠᠭᠠᠷᠳᠠᠪᠠ᠃      ︽ᠬᠥᠬᠡᠭᠴᠢᠨ ᠲᠦᠷᠦᠯ ᠳᠤ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠤ ᠲᠠᠷᠠᠭ᠎ᠠ᠂ ᠲᠦᠷᠪᠡᠨ ᠲᠠᠯ᠎ᠠ ᠶᠢᠨ ᠬᠠᠷᠢᠭᠤᠴᠠᠯᠭ᠎ᠠ ᠳᠤ ᠶᠠᠮᠠᠷ ᠬᠤᠪᠢᠷᠠᠯᠲᠠ ᠭᠠᠷᠬᠤ ᠪᠤᠢ︖     1. ᠬᠠᠷᠢᠶ᠎ᠠ ᠭᠠᠵᠠᠷ ᠤᠨ ᠵᠠᠰᠠᠭ ᠤᠨ ᠣᠷᠳᠣᠨ ᠭᠤᠣᠯᠳᠠᠭᠤ ᠦᠢᠯᠡᠴᠢᠯᠡᠬᠦ ᠪᠠᠷ ᠭᠤᠣᠯᠳᠠᠭᠤᠯᠵᠤ᠂ ᠭᠤᠣᠯᠳᠠᠭᠤ ᠬᠢᠨᠠᠨ ᠰᠢᠨᠵᠢᠯᠡᠬᠦ᠂ ᠤᠷᠢᠳᠴᠢᠯᠠᠨ ᠰᠡᠷᠡᠮᠵᠢᠯᠡᠭᠦᠯᠬᠦ ᠵᠢᠴᠢ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠰᠠᠶᠢᠲᠤᠷ ᠬᠢᠵᠦ᠂ ᠡᠮᠴᠢᠯᠡᠭᠡᠨ ᠤ ᠠᠪᠤᠷᠠᠨ ᠵᠠᠰᠠᠬᠤ ᠲᠠᠯ᠎ᠠ ᠶᠢᠨ ᠦᠢᠯᠡᠴᠢᠯᠡᠭᠡᠨ ᠤ ᠠᠵᠢᠯ ᠢ ᠴᠢᠩᠭᠠᠳᠬᠠᠨ ᠲᠡᠭᠦᠯᠳᠡᠷᠵᠢᠭᠦᠯᠬᠦ ᠬᠡᠷᠡᠭᠲᠡᠢ᠃ ᠡᠭᠦᠨ ᠤ ᠵᠡᠷᠭᠡ ᠳᠤ ᠡᠷᠡᠭᠦᠯ ᠮᠡᠨᠳᠦ ᠶᠢᠨ ᠲᠤᠬᠠᠢ ᠤᠬᠠᠭᠤᠯᠭ᠎ᠠ ᠬᠥᠮᠦᠵᠢᠯ ᠢ ᠢᠳᠡᠪᠬᠢᠲᠡᠢ ᠬᠢᠵᠦ᠂ ᠣᠯᠠᠨ ᠤ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠰᠠᠯᠬᠢ ᠢᠯᠡᠭᠦᠬᠡᠨ ᠨᠡᠪᠲᠡᠷᠡᠭᠦᠯᠬᠦ ᠶᠢ ᠬᠥᠲᠥᠯᠥᠨ ᠵᠢᠯᠤᠭᠤᠳᠬᠤ ᠬᠡᠷᠡᠭᠲᠡᠢ᠂ ᠡᠨᠡ ᠬᠦ ᠰᠠᠶᠢᠨ ᠳᠠᠳᠬᠠᠯ ᠢ ᠪᠠᠰᠠ ᠦᠷᠭᠦᠯᠵᠢᠯᠡᠨ ᠪᠠᠷᠢᠮᠲᠠᠯᠠᠬᠤ ᠬᠡᠷᠡᠭᠲᠡᠢ᠃      2. ᠰᠠᠯᠠᠭ᠎ᠠ ᠮᠥᠴᠢᠷ ᠪᠠ ᠠᠵᠢᠯ ᠲᠥᠷᠥᠯ ᠤᠨ ᠬᠢᠨ ᠠᠵᠢᠯᠲᠠᠨ ᠳᠤ ᠪᠠᠨ ᠥᠪᠡᠷ ᠤᠨ ᠬᠠᠮᠠᠭᠠᠯᠠᠯᠲᠠ ᠪᠠᠨ ᠴᠢᠩᠭᠠᠳᠬᠠᠬᠤ᠂ ᠸᠠᠺᠼᠢᠨ ᠤ ᠪᠥᠬᠦ ᠶᠠᠪᠤᠴᠠ ᠶᠢᠨ ᠲᠠᠷᠢᠯᠭ᠎ᠠ ᠬᠢᠬᠦ ᠵᠢᠴᠢ ᠠᠷᠭ᠎ᠠ ᠴᠢᠨᠠᠷ ᠢ ᠣᠯᠵᠤ ᠮᠡᠳᠡᠭᠰᠡᠨ ᠤ ᠳᠠᠷᠠᠭ᠎ᠠ ᠭᠡᠷ ᠲᠤ ᠪᠠᠨ ᠰᠠᠭᠤᠵᠤ ᠥᠪᠡᠷ ᠢ ᠪᠠᠨ ᠠᠰᠠᠷᠠᠨ ᠬᠠᠷᠠᠭᠠᠯᠵᠠᠬᠤ ᠵᠡᠷᠭᠡ ᠦᠢᠯᠡᠴᠢᠯᠡᠭᠡᠨ ᠤ ᠠᠵᠢᠯ ᠢ ᠰᠠᠨᠠᠭᠠᠴᠢᠯᠠᠬᠤ ᠬᠡᠷᠡᠭᠲᠡᠢ᠃ ᠭᠡᠪᠡᠴᠦ ᠨᠠᠰᠤᠲᠠᠨ ᠢ ᠠᠰᠠᠷᠠᠬᠤ ᠬᠦᠷᠢᠶᠡᠯᠡᠩ᠂ ᠬᠡᠦᠬᠡᠳ ᠤᠨ ᠠᠰᠠᠷᠠᠮᠵᠢ ᠶᠢᠨ ᠬᠦᠷᠢᠶᠡᠯᠡᠩ᠂ ᠬᠡᠦᠬᠡᠳ ᠰᠠᠭᠠᠲᠠᠭᠤᠯᠬᠤ ᠪᠠᠶᠢᠭᠤᠯᠤᠮᠵᠢ᠂ ᠰᠤᠷᠭᠠᠭᠤᠯᠢ ᠵᠡᠷᠭᠡ ᠭᠤᠣᠯᠳᠠᠯᠭ᠎ᠠ ᠲᠠᠢ ᠪᠠᠶᠢᠭᠤᠯᠤᠮᠵᠢ ᠨᠤᠭᠤᠳ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠢᠵᠢᠭ ᠳᠡᠯᠭᠡᠷᠡᠭᠰᠡᠨ ᠬᠤᠭᠤᠴᠠᠭᠠᠨ ᠳᠤ ᠪᠠᠰᠠ ᠠᠵᠢᠯ ᠲᠦᠷᠦᠯ ᠤᠨ ᠴᠢᠬᠤᠯᠠ ᠵᠢᠯᠤᠭᠤᠳᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠬᠤ ᠬᠡᠷᠡᠭᠲᠡᠢ᠃      3. ᠪᠠᠶᠢᠭᠤᠯᠭ᠎ᠠ ᠨᠢᠭᠡᠴᠢ ᠠᠴᠠ ᠠᠵᠢᠯᠲᠠᠨ ᠳᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠦᠢᠯᠡᠴᠢᠯᠡᠭᠡᠨ ᠤ ᠠᠵᠢᠯ ᠢ ᠬᠠᠩᠭᠠᠬᠤ ᠲᠡᠶᠢᠰᠢ ᠰᠢᠯᠵᠢᠵᠦ᠂ ᠬᠢᠵᠢᠭ ᠳᠡᠯᠭᠡᠷᠡᠵᠦ ᠪᠠᠶᠢᠭ᠎ᠠ ᠬᠤᠭᠤᠴᠠᠭᠠᠨ ᠳᠤ ᠪᠠᠶᠢᠭᠤᠯᠭ᠎ᠠ ᠨᠢᠭᠡᠴᠢ ᠠᠴᠠ ᠠᠵᠢᠯᠲᠠᠨ ᠳᠤ ᠪᠠᠨ ᠡᠷᠡᠭᠦᠯ ᠮᠡᠨᠳᠦ ᠶᠢᠨ ᠵᠠᠷᠢᠮ ᠲᠠᠯ᠎ᠠ ᠶᠢᠨ ᠬᠢᠨᠠᠨ ᠪᠠᠶᠢᠴᠠᠭᠠᠯᠲᠠ ᠬᠢᠬᠦ ᠬᠡᠷᠡᠭᠲᠡᠢ᠃ ᠡᠭᠦᠨ ᠠᠴᠠ ᠭᠠᠳᠠᠨ᠎ᠠ᠂ ᠸᠠᠺᠼᠢᠨ ᠤ ᠲᠠᠷᠢᠯᠭ᠎ᠠ ᠬᠢᠬᠦ ᠶᠢ ᠰᠢᠮᠳᠠᠭᠤᠯᠬᠤ ᠬᠡᠷᠡᠭᠲᠡᠢ᠃ ᠰᠤᠷᠭᠠᠭᠤᠯᠢ ᠪᠣᠯᠣᠨ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠭᠤᠣᠯᠳᠠᠯᠭ᠎ᠠ ᠲᠠᠢ ᠪᠠᠶᠢᠭᠤᠯᠤᠮᠵᠢ ᠨᠤᠭᠤᠳ ᠬᠢᠵᠢᠭ ᠤᠨ ᠪᠠᠶᠢᠳᠠᠯ ᠳᠡᠯᠭᠡᠷᠡᠵᠦ ᠪᠠᠶᠢᠭ᠎ᠠ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠴᠠᠭ ᠲᠤᠬᠠᠢ ᠳᠤ ᠨᠢ ᠴᠢᠩᠭ᠎ᠠ ᠨᠢᠮᠪᠠᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠲᠥᠪᠯᠡᠷᠡᠯ ᠤᠨ ᠴᠢᠨᠠᠷᠲᠠᠢ ᠬᠢᠵᠢᠭ ᠤᠨ ᠪᠠᠶᠢᠳᠠᠯ ᠡᠭᠦᠰᠬᠦ ᠶᠢ ᠰᠡᠷᠭᠡᠶᠢᠯᠡᠬᠦ ᠬᠡᠷᠡᠭᠲᠡᠢ᠃      4. ᠬᠤᠪᠢ ᠬᠥᠮᠥᠨ ᠤ ᠬᠠᠮᠠᠭᠠᠯᠠᠯᠲᠠ ᠶᠢᠨ ᠲᠠᠯ᠎ᠠ ᠪᠠᠷ ᠰᠤᠯᠠᠷᠠᠭᠤᠯᠵᠤ ᠪᠣᠯᠬᠤ ᠦᠭᠡᠢ᠂ ᠢᠯᠠᠩᠭᠤᠶ᠎ᠠ ᠴᠢᠬᠤᠯᠠ ᠪᠠᠶᠢᠳᠠᠯ ᠳᠤ ᠠᠮᠠᠪᠴᠢ ᠵᠡᠭᠦᠵᠦ᠂ ᠭᠠᠷ ᠢᠶᠠᠨ ᠰᠠᠶᠢᠲᠤᠷ ᠤᠬᠢᠶᠠᠵᠤ᠂ ᠵᠠᠷᠢᠮ ᠭᠠᠵᠠᠷ ᠲᠤ ᠰᠠᠯᠬᠢ ᠢᠯᠡᠭᠦᠬᠡᠨ ᠨᠠᠪᠲᠠᠷᠡᠭᠦᠯᠵᠦ᠂ ᠬᠠᠮᠤᠭ ᠰᠠᠶᠢᠨ ᠳᠤ ᠪᠠᠨ ᠨᠡᠶᠢᠲᠡ ᠶᠢᠨ ᠰᠠᠪᠬ᠎ᠠ ᠬᠡᠷᠡᠭᠯᠡᠬᠦ ᠵᠡᠷᠭᠡ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠪᠠᠷᠢᠮᠲᠠᠯᠠᠬᠤ ᠬᠡᠷᠡᠭᠲᠡᠢ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号