ᠠᠷᠠᠳ ᠤᠨ ᠰᠡᠳᠬᠢᠯ ᠳᠤ ᠲᠡᠩᠨᠡᠭᠦᠷ ᠲᠠᠢ ︵ᠨᠢᠭᠡᠳᠦᠭᠡᠷ ᠹᠷᠣᠨᠲ ᠢᠶᠠᠷ ᠶᠠᠪᠤᠬᠤ︶
ᠨᠡᠶᠢᠲᠡᠯᠡᠭᠰᠡᠨ ᠴᠠᠭ᠄
2022/2/10
 ︽ᠣᠯᠠᠨ ᠵᠦᠢᠯ ᠤᠨ ᠤᠴᠢᠷ ᠶᠠᠪᠤᠳᠠᠯ ᠪᠣᠯ ᠦᠨᠡᠨ ᠳᠡᠭᠡᠨ ᠲᠦᠭ ᠲᠦᠮᠡᠨ ᠠᠶᠢᠯ ᠡᠷᠦᠬᠡ  ᠶᠢᠨ ᠤᠴᠢᠷ ᠶᠠᠪᠤᠳᠠᠯ ᠮᠥᠨ︾᠃ ᠺᠠᠳ᠋ᠷ ᠰᠠᠶᠢᠨ ᠠᠵᠢᠯᠯᠠᠭᠰᠠᠨ ᠡᠰᠡᠬᠦ ᠨᠢ ᠣᠯᠠᠨ ᠲᠦᠮᠡᠨ ᠲᠠᠢ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠬᠤ ᠡᠰᠡᠬᠦ ᠶᠢᠨ ᠬᠠᠷᠢᠭᠤᠯᠲᠠ ᠨᠢ ᠨᠤᠲᠤᠭ ᠤᠨ ᠠᠬ᠎ᠠ ᠳᠡᠭᠦᠦ ᠨᠠᠷ ᠤᠨ ᠰᠡᠳᠬᠢᠯ ᠳᠤ ᠪᠠᠶᠢᠨ᠎ᠠ᠃     ᠬᠤᠶᠠᠷ ᠰᠠᠷ᠎ᠠ ᠭᠠᠷᠤᠢ ᠶᠢᠨ ᠡᠮᠦᠨ᠎ᠡ᠂ ᠨᠢᠭᠡ ᠤᠳᠠᠭ᠎ᠠ ᠶᠢᠨ ᠶᠡᠭᠡ ᠴᠠᠰᠤ ᠣᠷᠣᠵᠤ ᠢᠷᠡᠬᠦ ᠦᠶ᠎ᠡ ᠳᠤ᠂ ᠥᠪᠥᠷ ᠮᠣᠩᠭᠤᠯ ᠤᠨ ᠨᠠᠢᠮᠠᠨ ᠬᠤᠰᠢᠭᠤᠨ ᠳᠤ ᠮᠥᠩᠭᠦᠨ ᠴᠠᠭᠠᠨ ᠥᠩᠭᠡ ᠪᠠᠷ ᠬᠤᠴᠢᠭᠳᠠᠵᠤ᠂ ᠵᠢᠷᠤᠭ ᠮᠡᠲᠦ ᠭᠤᠶᠤ ᠦᠵᠡᠮᠵᠢ ᠲᠠᠢ᠃ ᠭᠡᠲᠡᠯ᠎ᠡ ᠬᠠᠱᠠᠳᠤ ᠲᠣᠰᠬᠤᠨ ᠤ ᠠᠬ᠎ᠠ ᠳᠡᠭᠦᠦ ᠨᠠᠷ ᠨᠢᠭᠡ ᠨᠢᠭᠡ ᠪᠠᠷ ᠢᠶᠠᠨ ᠬᠥᠮᠥᠰᠬᠡ ᠪᠠᠨ ᠵᠠᠩᠭᠢᠳᠤᠨ ᠪᠠᠭ᠋ᠠᠷᠬᠠᠬᠤ ᠵᠠᠪ ᠦᠭᠡᠢ ᠪᠠᠶᠢᠯ᠎ᠠ᠃     ᠤᠤᠯ ᠨᠢ᠂ ᠶᠡᠭᠡ ᠴᠠᠰᠤ 5 ᠡᠳᠦᠷ ᠦᠷᠭᠦᠯᠵᠢᠯᠡᠨ ᠣᠷᠣᠵᠤ᠂ ᠲᠣᠰᠬᠤᠨ ᠤ ᠲᠥᠬᠦᠭᠡᠷᠦᠮᠵᠢᠲᠦ ᠲᠠᠷᠢᠶᠠᠯᠠᠩ ᠤᠨ ᠬᠦᠯᠡᠮᠵᠢ ᠪᠣᠯᠣᠨ ᠮᠠᠯ ᠤᠨ ᠰᠠᠷᠠᠪᠴᠢ ᠠᠳᠠᠯᠢ ᠪᠤᠰᠤ ᠬᠡᠮᠵᠢᠶ᠎ᠡ ᠪᠠᠷ ᠡᠪᠳᠡᠭᠳᠡᠪᠡ᠃ ᠬᠥᠮᠥᠰ ᠤᠨ ᠰᠡᠳᠬᠢᠯ ᠢ ᠬᠠᠮᠤᠭ ᠠᠴᠠ ᠰᠢᠨᠠᠯᠭᠠᠵᠤ ᠪᠠᠶᠢᠭ᠎ᠠ ᠶᠠᠪᠤᠳᠠᠯ ᠭᠡᠪᠡᠯ᠂ ᠶᠡᠭᠡ ᠴᠠᠰᠤ ᠲᠣᠰᠬᠤᠨ ᠢ ᠪᠢᠲᠡᠭᠦᠮᠵᠢᠯᠡᠵᠦ᠂ ᠵᠠᠮ ᠨᠡᠪᠲᠡᠷᠡᠬᠦ ᠦᠭᠡᠢ᠂ ᠳᠤᠯᠠᠭᠠᠨ ᠰᠠᠷᠠᠪᠴᠢᠨ ᠳᠠᠬᠢ ᠢᠳᠡᠰᠢᠨ ᠨᠣᠭᠤᠭ᠎ᠠ ᠶᠢ ᠭᠠᠳᠠᠭᠰᠢ ᠵᠥᠭᠡᠭᠡᠪᠦᠷᠢᠯᠡᠵᠦ ᠳᠡᠶᠢᠯᠬᠦ ᠦᠭᠡᠢ᠂ ᠨᠢᠭᠡ ᠵᠢᠯ ᠤᠨ ᠵᠣᠪᠠᠭᠤᠷᠢ ᠵᠦᠳᠡᠭᠦᠷᠢ ᠶᠢ ᠦᠵᠡᠲᠡᠯ᠎ᠡ ᠲᠠᠯᠠᠭᠠᠷ ᠥᠩᠭᠡᠷᠡᠭᠦᠯᠬᠦ ᠳᠤ᠂ ᠨᠤᠲᠤᠭ ᠤᠨ ᠠᠬ᠎ᠠ ᠳᠡᠭᠦᠦ ᠨᠠᠷ ᠶᠡᠬᠡᠳᠡ ᠪᠠᠴᠢᠮᠳᠠᠨ ᠰᠠᠨᠳᠤᠷᠴᠤ ᠪᠠᠶᠢᠯ᠎ᠠ᠃ ᠢᠳᠡᠭᠡᠨ ᠤ ᠲᠠᠯ᠎ᠠ ᠪᠠᠷ ᠬᠢ ᠢᠳᠡᠰᠢᠨ ᠨᠣᠭᠤᠭ᠎ᠠ ᠶᠢ ᠭᠠᠳᠠᠭᠰᠢ ᠵᠥᠭᠡᠭᠡᠪᠦᠷᠢᠯᠡᠵᠦ ᠳᠡᠶᠢᠯᠬᠦ ᠦᠭᠡᠢ᠂ ᠨᠢᠭᠡ ᠵᠢᠯ ᠤᠨ ᠵᠣᠪᠠᠭᠤᠷᠢ ᠵᠦᠳᠡᠭᠦᠷᠢ ᠶᠢ ᠦᠵᠡᠲᠡᠯ᠎ᠡ ᠲᠠᠯᠠᠭᠠᠷ ᠥᠩᠭᠡᠷᠡᠭᠦᠯᠬᠦ ᠶᠢ ᠦᠵᠡᠭᠡᠳ ᠰᠡᠳᠬᠢᠯ ᠵᠢᠷᠦᠬᠡ ᠶᠢ ᠰᠢᠮᠰᠢᠷᠡᠭᠦᠯᠦᠨ᠎ᠡ᠃     ᠡᠳᠡᠭᠡᠷ ᠵᠢᠯ ᠤᠳ ᠲᠤ᠂ ᠬᠠᠱᠠᠳᠤ ᠲᠣᠰᠬᠤᠨ ᠲᠥᠬᠦᠭᠡᠷᠦᠮᠵᠢᠲᠦ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠤᠷᠢᠳ ᠬᠤᠵᠢᠳ 300 ᠭᠠᠷᠤᠢ ᠢᠳᠡᠰᠢᠨ ᠨᠣᠭᠤᠭᠠᠨ ᠤ ᠬᠦᠯᠡᠮᠵᠢ ᠪᠠᠶᠢᠭᠤᠯᠵᠤ᠂ ᠢᠳᠡᠰᠢᠨ ᠨᠣᠭᠤᠭᠠᠨ ᠤ ᠠᠵᠤ ᠦᠢᠯᠡᠰ ᠨᠢ ᠲᠤᠬᠠᠢ ᠶᠢᠨ ᠭᠠᠵᠠᠷ ᠲᠠᠭᠠᠨ ᠨᠡᠷ᠎ᠡ ᠠᠯᠳᠠᠷᠰᠢᠵᠤ᠂ ᠴᠥᠭᠡᠨ ᠪᠤᠰᠤ ᠲᠣᠰᠬᠤᠨ ᠤ ᠠᠷᠠᠳ ᠡᠭᠦᠨ ᠢᠶᠠᠷ ᠠᠮᠢᠳᠤᠷᠠᠯ ᠢᠶᠠᠨ ᠪᠣᠯᠭᠠᠭᠰᠠᠨ ᠪᠠᠶᠢᠨ᠎ᠠ᠃ ᠨᠤᠲᠤᠭ ᠤᠨ ᠠᠬ᠎ᠠ ᠳᠡᠭᠦᠦ ᠨᠠᠷ ᠲᠤᠶᠢᠯ ᠢᠶᠠᠷ ᠪᠠᠴᠢᠮᠳᠠᠨ ᠰᠠᠨᠳᠤᠷᠴᠤ᠂ ᠪᠢ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠳ᠂ ᠲᠣᠰᠬᠤᠨ ᠤ ᠨᠠᠮ ᠤᠨ ᠬᠤᠷᠢᠶᠠᠨ ᠤ ᠺᠠᠳ᠋ᠷᠴᠤᠳ ᠲᠠᠢ ᠬᠠᠮᠲᠤ ᠪᠠᠷ ᠠᠷᠭ᠎ᠠ ᠪᠤᠳᠤᠬᠤ ᠪᠠᠷ ᠶᠠᠭᠠᠷᠠᠯᠳᠤᠪᠠ᠃ ᠵᠠᠮ ᠨᠡᠪᠲᠡᠷᠡᠬᠦ ᠦᠭᠡᠢ ᠪᠣᠯ ᠪᠢᠳᠡ ᠲᠣᠰᠬᠤᠨ ᠤ ᠺᠠᠳ᠋ᠷ ᠪᠣᠯᠣᠨ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠴᠠᠰᠤ ᠶᠢ ᠴᠡᠪᠡᠷᠯᠡᠵᠦ ᠵᠠᠮ ᠢ ᠴᠡᠪᠡᠷᠯᠡᠨ᠎ᠡ︔ ᠬᠦᠯᠡᠮᠵᠢ ᠨᠢ ᠡᠪᠳᠡᠭᠳᠡᠪᠡᠯ᠂ ᠪᠢᠳᠡ ᠣᠯᠠᠨ ᠲᠦᠮᠡᠨ ᠢ ᠬᠠᠪᠰᠤᠷᠤᠨ ᠬᠦᠯᠡᠮᠵᠢ ᠶᠢ ᠨᠢ ᠰᠡᠯᠪᠢᠨ ᠵᠠᠰᠠᠵᠤ ᠥᠭᠭᠦᠨ᠎ᠡ᠃     ᠬᠤᠷᠠᠭᠰᠠᠨ ᠴᠠᠰᠤ ᠶᠢ ᠠᠷᠢᠯᠭᠠᠭᠰᠠᠨ ᠤ ᠲᠠᠷᠠᠭ᠎ᠠ ᠨᠤᠲᠤᠭ ᠤᠨ ᠠᠬ᠎ᠠ ᠳᠡᠭᠦᠦ ᠨᠠᠷ ᠢᠶᠠᠨ ᠬᠠᠪᠰᠤᠷᠤᠨ ᠢᠳᠡᠰᠢᠨ ᠨᠣᠭᠤᠭ᠎ᠠ ᠶᠢ ᠨᠢ ᠬᠤᠳᠠᠯᠳᠤᠵᠤ ᠥᠭᠬᠦ ᠨᠢ ᠬᠠᠮᠤᠭ ᠤᠨ ᠴᠢᠬᠤᠯᠠ ᠶᠠᠪᠤᠳᠠᠯ ᠪᠣᠯᠣᠨ᠎ᠠ᠃ ᠪᠢᠳᠡ ᠨᠠᠢᠮᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠠᠢ ᠬᠠᠷᠢᠯᠴᠠᠵᠤ᠂ ᠰᠦᠯᠵᠢᠶᠡᠨ ᠤ ᠲᠠᠪᠴᠠᠩ ᠢ ᠠᠰᠢᠭᠯᠠᠨ ᠲᠣᠰᠬᠤᠨ ᠤ ᠲᠠᠷᠢᠶᠠᠯᠠᠩ ᠤᠨ ᠪᠦᠲᠦᠭᠡᠭᠳᠡᠬᠦᠨ ᠳᠤ ᠵᠠᠷ ᠮᠡᠳᠡᠭᠡ ᠬᠢᠬᠦ ᠶᠢᠨ ᠬᠠᠮᠲᠤ ᠪᠥᠬᠦ ᠬᠤᠰᠢᠭᠤᠨ ᠤ ᠡᠯ᠎ᠡ ᠪᠠᠶᠢᠭᠤᠯᠤᠯᠭ᠎ᠠ ᠶᠢᠨ ᠬᠢᠨ ᠢ ᠲᠣᠰᠬᠤᠨ ᠤ ᠢᠳᠡᠰᠢᠨ ᠨᠣᠭᠤᠭ᠎ᠠ ᠶᠢ ᠬᠤᠳᠠᠯᠳᠤᠨ ᠠᠪᠬᠤ ᠳᠤ ᠬᠠᠪᠰᠤᠷᠤᠯᠭ᠎ᠠ ᠦᠵᠡᠭᠦᠯᠬᠦ ᠶᠢ ᠤᠷᠢᠶᠠᠯᠠᠪᠠ᠃ ᠨᠢᠭᠡ ᠡᠳᠦᠷ ᠤᠨ ᠬᠤᠭᠤᠴᠠᠭᠠᠨ ᠳᠤ᠂ ᠪᠢᠳᠡ ᠮᠠᠰᠢ ᠤᠯᠠᠨ ᠪᠠᠶᠢᠭᠤᠯᠭ᠎ᠠ ᠶᠢᠨ ᠠᠵᠢᠯᠲᠠᠨ᠂ ᠰᠠᠭᠤᠭᠠᠯᠢ ᠠᠷᠠᠳ ᠤᠨ ᠲᠣᠭᠤᠷᠢᠭ ᠤᠨ ᠪᠠᠷᠠᠭ᠎ᠠ ᠵᠠᠬᠢᠶᠠᠯᠠᠬᠤ ᠤᠲᠠᠰᠤ ᠶᠢ ᠳᠤᠰᠤᠭᠰᠠᠨ ᠪᠠᠶᠢᠨ᠎ᠠ᠂ ᠡᠨᠡ  ᠨᠢ ᠪᠢᠳᠡᠨ ᠢ ᠭᠠᠶᠢᠬᠠᠰᠢ ᠠᠯᠳᠠᠭᠤᠯᠤᠭᠰᠠᠨ ᠢᠶᠠᠷ ᠦᠯᠦ ᠪᠠᠷᠠᠮ᠂ ᠰᠡᠳᠬᠢᠯ ᠳᠣᠭᠳᠣᠯᠤᠭᠤᠯᠤᠭᠰᠠᠨ ᠢᠶᠠᠷ ᠦᠯᠦ ᠪᠠᠷᠠᠮ᠃     ᠪᠣᠷᠤᠯᠠᠭᠤᠯᠭ᠎ᠠ ᠶᠢᠨ ᠵᠠᠮ ᠪᠠᠲᠤᠯᠠᠭ᠎ᠠ ᠲᠠᠢ ᠪᠣᠯᠤᠭᠰᠠᠨ ᠤ ᠲᠠᠷᠠᠭ᠎ᠠ᠂ ᠪᠢᠳᠡ ᠵᠠᠬᠢᠶᠠᠯᠠᠭ᠎ᠠ ᠶᠢᠨ ᠴᠢᠭᠯᠡᠯ ᠤᠨ ᠴᠢᠭᠯᠡᠯ ᠵᠢᠴᠢ ᠬᠤᠯᠠ ᠣᠶᠢᠷ᠎ᠠ ᠶᠢᠨ ᠵᠠᠢ ᠶᠢ ᠦᠨᠳᠦᠰᠦᠯᠡᠨ᠂ ᠬᠡᠰᠡᠭ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠢ ᠲᠣᠬᠢᠷᠠᠭᠤᠯᠤᠨ ᠬᠦᠷᠭᠡᠬᠦ ᠠᠵᠢᠯ ᠢ ᠳᠠᠭᠠᠭᠠᠴᠢᠯᠠᠪᠠ᠃ ᠨᠢᠭᠡ ᠭᠠᠷᠠᠭ ᠰᠢᠬᠠᠮ ᠦᠷᠭᠦᠯᠵᠢᠯᠡᠭᠰᠡᠨ ᠰᠠᠯᠬᠢ ᠰᠢᠭᠤᠷᠭᠠᠨ ᠤ ᠳᠤᠮᠳᠠᠭᠤᠷ ᠴᠢᠷᠮᠠᠶᠢᠯᠭ᠎ᠠ ᠪᠠᠷ ᠳᠠᠮᠵᠢᠭᠠᠳ᠂ ᠵᠠᠮ ᠨᠡᠪᠲᠡᠷᠡᠵᠦ᠂ ᠡᠪᠳᠡᠭᠳᠡᠭᠰᠡᠨ ᠬᠦᠯᠡᠮᠵᠢ ᠶᠢ ᠰᠡᠯᠪᠢᠨ ᠵᠠᠰᠠᠵᠤ᠂ ᠬᠠᠰᠢᠭᠳᠠᠭᠰᠠᠨ ᠦᠬᠡᠷ ᠬᠤᠨᠢ ᠠᠮᠤᠷ ᠲᠦᠪᠰᠢᠨ ᠪᠠᠶᠢᠵᠤ᠂ ᠲᠣᠰᠬᠤᠨ ᠤ ᠭᠤᠣᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠤ ᠥᠪᠡᠷ ᠤᠨ ᠦᠷᠳᠡᠭ ᠢ ᠦᠨᠳᠦᠰᠦᠨ ᠳᠡᠭᠡᠨ ᠬᠤᠷᠢᠶᠠᠨ ᠠᠪᠴᠤ᠂ ᠡᠯ᠎ᠡ ᠵᠦᠢᠯ ᠤᠨ ᠦᠢᠯᠡᠳᠪᠦᠷᠢᠯᠡᠯ ᠠᠮᠢᠳᠤᠷᠠᠯ ᠢ ᠬᠡᠪ ᠤᠨ ᠪᠠᠶᠢᠳᠠᠯ ᠢᠶᠠᠷ ᠰᠡᠷᠭᠦᠭᠡᠪᠡ᠃     ᠲᠠᠯᠠᠷᠬᠠᠯ ᠤᠨ ᠰᠡᠳᠬᠢᠯᠭᠡ ᠪᠠᠨ ᠢᠯᠡᠳᠬᠡᠬᠦ ᠶᠢᠨ ᠲᠥᠯᠥᠭᠡ᠂ ᠴᠥᠭᠡᠨ ᠪᠤᠰᠤ ᠨᠤᠲᠤᠭ ᠤᠨ ᠠᠬ᠎ᠠ ᠳᠡᠭᠦᠦ ᠨᠠᠷ ᠪᠢᠳᠡᠨ ᠢ ᠭᠡᠷ ᠲᠡᠭᠡᠨ ᠵᠠᠯᠠᠵᠤ ᠰᠠᠭᠤᠯᠭᠠᠵᠤ᠂ ᠡᠩ ᠤᠨ ᠬᠤᠭᠤᠯᠠ ᠪᠠᠨ ᠠᠮᠰᠠᠭᠤᠯᠤᠨ᠎ᠠ᠃ ᠨᠢᠭᠡᠨ ᠬᠥᠭᠰᠢᠨ ᠮᠢᠨᠤ ᠲᠣᠰᠬᠤᠨ ᠳᠤ ᠰᠠᠭᠤᠬᠤ ᠠᠵᠢᠯ ᠢᠶᠠᠨ ᠳᠠᠭᠤᠰᠬᠠᠭᠠᠳ ᠤᠤᠯ ᠤᠨ ᠪᠠᠶᠢᠭᠤᠯᠭ᠎ᠠ ᠳᠠᠭᠠᠨ ᠪᠤᠴᠠᠬᠤ ᠭᠡᠵᠦ ᠪᠠᠶᠢᠭ᠎ᠠ ᠶᠢ ᠣᠯᠵᠤ ᠮᠡᠳᠡᠭᠡᠳ᠂ ᠲᠤᠰᠬᠠᠶᠢᠯᠠᠨ ᠲᠠᠬᠢᠶᠠᠨ ᠥᠨᠳᠡᠭᠡ ᠴᠢᠨᠠᠵᠤ ᠲᠣᠰᠬᠤᠨ ᠤ ᠵᠠᠬᠢᠷᠭ᠎ᠠ ᠶᠢᠨ ᠰᠠᠭᠤᠭ᠎ᠠ ᠭᠠᠵᠠᠷ ᠲᠤ ᠬᠦᠷᠭᠡᠭᠰᠡᠨ ᠳᠤ ᠪᠢ ᠲᠤᠶᠢᠯ ᠢᠶᠠᠷ ᠰᠡᠳᠬᠢᠯ ᠳᠣᠭᠳᠣᠯᠤᠨ ᠨᠢᠯᠪᠤᠰᠤ ᠠᠰᠬᠠᠷᠠᠭᠤᠯᠪᠠ᠃     ᠬᠤᠶᠠᠷ ᠵᠢᠯ ᠲᠣᠰᠬᠤᠨ ᠳᠤ ᠰᠠᠭᠤᠵᠤ ᠬᠠᠪᠰᠤᠷᠤᠨ ᠲᠡᠳᠬᠦᠭᠡᠳ ᠭᠡᠨᠡᠳᠲᠡ ᠥᠩᠭᠡᠷᠡᠪᠡ᠂ ᠨᠤᠲᠤᠭ ᠤᠨ ᠠᠬ᠎ᠠ ᠳᠡᠭᠦᠦ ᠨᠠᠷ ᠲᠠᠢ ᠪᠠᠨ ᠬᠠᠮᠲᠤ ᠲᠡᠮᠡᠴᠡᠭᠰᠡᠨ ᠪᠠᠭ᠎ᠠ ᠰᠠᠭ᠎ᠠ ᠶᠠᠪᠤᠳᠠᠯ ᠢᠶᠠᠨ ᠡᠷᠭᠢᠴᠡᠭᠦᠯᠬᠦ ᠳᠤ ᠪᠢ ᠲᠤᠶᠢᠯ ᠢᠶᠠᠷ ᠰᠡᠳᠬᠢᠯ ᠳᠣᠭᠳᠣᠯᠤᠨ᠎ᠠ᠃ ᠲᠣᠰᠬᠤᠨ ᠤ ᠤᠴᠢᠷ ᠶᠠᠪᠤᠳᠠᠯ ᠮᠢᠩᠭ᠎ᠠ ᠲᠦᠮᠡᠨ ᠵᠦᠢᠯ ᠪᠠᠶᠢᠵᠤ᠂ ᠵᠠᠷᠢᠮ ᠳᠠᠭᠠᠨ ᠪᠠᠰᠠ ᠨᠠᠮᠠᠶᠢ ᠲᠤᠶᠢᠯ ᠳᠤᠨᠢ ᠲᠤᠯᠲᠠᠯ᠎ᠠ ᠪᠠᠴᠢᠮᠳᠠᠭᠤᠯᠳᠠᠭ᠃ ᠤᠳᠤ ᠪᠤᠳᠤᠬᠤ ᠳᠤ ︽ᠮᠢᠩᠭ᠎ᠠ ᠲᠦᠮᠡᠨ ᠤᠴᠢᠷ ᠶᠠᠪᠤᠳᠠᠯ ᠪᠣᠯ ᠡᠴᠦᠰ ᠤᠨ ᠡᠴᠦᠰ ᠲᠡᠭᠡᠨ ᠮᠢᠩᠭ᠎ᠠ ᠲᠦᠮᠡᠨ ᠠᠶᠢᠯ ᠡᠷᠤᠭᠡ ᠶᠢᠨ ᠶᠠᠪᠤᠳᠠᠯ ᠮᠥᠨ︾ ᠭᠡᠵᠦ ᠠᠷᠠᠳ ᠲᠦᠮᠡᠨ ᠠᠴᠠ ᠠᠷᠭ᠎ᠠ ᠪᠣᠳᠣᠯᠭ᠎ᠠ ᠠᠰᠠᠭᠤᠬᠤ᠂ ᠠᠷᠠᠳ ᠲᠦᠮᠡᠨ ᠤ ᠬᠡᠷᠡᠭᠴᠡᠭᠡ ᠶᠢ ᠠᠰᠠᠭᠤᠬᠤ ᠠᠴᠠ ᠭᠠᠷᠳᠠᠨ᠂ ᠬᠠᠶᠢᠷ᠎ᠠ ᠰᠡᠳᠬᠢᠯᠭᠡ ᠲᠠᠢ ᠪᠠᠷ ᠬᠢᠪᠡᠯ᠂ ᠪᠤᠷᠤᠭᠤ ᠵᠠᠮ ᠢᠶᠠᠷ ᠶᠠᠪᠤᠬᠤ ᠦᠭᠡᠢ ᠪᠣᠯᠵᠤ᠂ ᠤᠯᠠᠨ ᠲᠦᠮᠡᠨ ᠤ ᠣᠶᠢᠯᠠᠭᠠᠯᠲᠠ ᠪᠠ ᠳᠡᠮᠵᠢᠯᠭᠡ ᠶᠢ ᠣᠯᠬᠤ ᠪᠣᠯᠣᠨ᠎ᠠ᠃ ᠤᠳᠤ ᠶᠢᠨ ᠪᠠᠶᠢᠳᠠᠯ ᠠᠴᠠ ᠦᠵᠡᠬᠦ ᠳᠤ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠠᠷᠠᠳ ᠲᠦᠮᠡᠨ ᠠᠴᠠ ᠠᠰᠠᠭᠤᠬᠤ ᠠᠴᠠ ᠭᠠᠷᠳᠠᠨ᠂ ᠬᠠᠶᠢᠷ᠎ᠠ ᠰᠡᠳᠬᠢᠯᠭᠡ ᠲᠠᠢ ᠪᠠᠷ ᠬᠢᠬᠦ ᠳᠤ ᠬᠥᠷᠪᠡᠯ ᠳᠠᠷᠤᠢ ᠪᠤᠷᠤᠭᠤ ᠵᠠᠮ ᠢᠶᠠᠷ ᠶᠠᠪᠤᠬᠤ ᠦᠭᠡᠢ ᠶᠤᠮ᠂ ᠡᠭᠦᠨ ᠤ ᠤᠯᠠᠮ ᠠᠴᠠ ᠤᠯᠠᠨ ᠲᠦᠮᠡᠨ ᠤ ᠣᠶᠢᠯᠠᠭᠠᠯᠲᠠ ᠪᠠ ᠳᠡᠮᠵᠢᠯᠭᠡ ᠶᠢ ᠣᠯᠬᠤ ᠪᠣᠯᠣᠨ᠎ᠠ᠃ ᠺᠠᠳ᠋ᠷᠴᠤᠳ ᠤᠨ ᠰᠠᠶᠢᠨ ᠬᠢᠭᠰᠡᠨ ᠡᠰᠡᠬᠦ ᠨᠢ ᠤᠯᠠᠨ ᠲᠦᠮᠡᠨ ᠲᠠᠢ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠬᠤ ᠡᠰᠡᠬᠦ ᠶᠢᠨ ᠬᠠᠷᠢᠭᠤᠯᠲᠠ ᠨᠢ ᠨᠤᠲᠤᠭ ᠤᠨ ᠠᠬ᠎ᠠ ᠳᠡᠭᠦᠦ ᠨᠠᠷ ᠤᠨ ᠰᠡᠳᠬᠢᠯ ᠳᠤ ᠪᠤᠢ᠃     ︵ᠵᠣᠬᠢᠶᠠᠭᠴᠢ ᠨᠢ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠵᠥᠪᠯᠡᠯ ᠤᠨ ᠺᠠᠳ᠋ᠷ᠂ ᠥᠪᠥᠷ ᠮᠣᠩᠭᠤᠯ ᠤᠨ ᠨᠠᠢᠮᠠᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠬᠠᠱᠠᠳᠤ ᠲᠣᠰᠬᠤᠨ ᠤ ᠨᠢᠭᠡᠳᠦᠭᠡᠷ ᠱᠦᠵᠢ ᠶᠢᠨ ᠲᠤᠰᠢᠶᠠᠯ ᠢ ᠲᠦᠷ ᠬᠠᠷᠢᠭᠤᠴᠠᠵᠤ ᠥᠩᠭᠡᠷᠡᠪᠡ︶
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号