【ᠥᠭᠡᠷᠡᠴᠢᠯᠡᠯᠲᠡ ᠶᠢᠨ ᠲᠣᠰᠬᠤᠨ】︾︾ ᠤ ︽ᠰᠢᠨᠵᠢᠯᠡᠬᠦ ᠤᠬᠠᠭᠠᠨ ᠮᠡᠷᠭᠡᠵᠢᠯ ᠤᠨ ᠦᠨᠦᠷ ᠠᠮᠲᠠ︾︱ ᠱᠧᠨᠵᠧᠨ ᠤ ᠨᠠᠨᠯᠢᠩ ᠲᠣᠰᠬᠤᠨ ᠳᠤ ᠦᠵᠡᠵᠦ ᠰᠣᠨᠣᠰᠤᠭᠰᠠᠨ ᠵᠦᠢᠯ
ᠨᠡᠶᠢᠲᠡᠯᠡᠭᠰᠡᠨ ᠴᠠᠭ᠄
2022/2/15
    ᠲᠠᠷᠢᠶ᠎ᠠ ᠲᠠᠷᠢᠬᠤ ᠠᠴᠠ︽ᠲᠠᠷᠢᠮᠠᠯ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ︾ᠬᠦᠷᠲᠡᠯ᠎ᠡ᠂ ᠱᠧᠨᠵᠧᠨ ᠤ ᠯᠦᠩ ᠭᠠᠩ ᠤᠨ ᠨᠠᠨ ᠯᠢᠩ ᠲᠣᠰᠬᠤᠨ ᠭᠡᠬᠦ ᠡᠨᠡᠬᠦ ᠥᠩᠭᠡᠷᠡᠭᠰᠡᠨ ᠤ ᠶᠠᠳᠠᠭᠤ ᠬᠤᠴᠤᠷᠤᠩᠭᠤᠢ ᠬᠤᠳᠠ ᠶᠢᠨ ᠳᠤᠮᠳᠠᠬᠢ ᠲᠣᠰᠬᠤᠨ ᠨᠢ ᠤᠯᠠᠨ ᠵᠢᠯ ᠤᠨ ᠲᠤᠷᠰᠢ ᠲᠠᠰᠤᠷᠠᠯᠲᠠ ᠦᠭᠡᠢ ᠰᠢᠨ᠎ᠡ ᠶᠢ ᠡᠭᠦᠳᠦᠨ ᠬᠥᠭᠵᠢᠵᠦ᠂ ᠱᠧᠨᠵᠧᠨ ᠳᠤ ᠠᠯᠳᠠᠷᠲᠠᠢ︽ᠥᠭᠡᠷᠡᠴᠢᠯᠡᠯᠲᠡ ᠶᠢᠨ ᠲᠣᠰᠬᠤᠨ︾ᠪᠣᠯᠤᠭᠰᠠᠨ ᠪᠠᠶᠢᠨ᠎ᠠ᠃ ᠡᠳᠦᠭᠡ᠂ ᠴᠢᠨᠠᠷ ᠰᠠᠶᠢᠲᠠᠢ ᠬᠥᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠨᠢ ᠲᠣᠰᠬᠤᠨ ᠤ ᠠᠷᠠᠳ ᠤᠨ ᠬᠠᠮᠲᠤ ᠶᠢᠨ ᠲᠠᠨᠢᠯᠲᠠ ᠪᠣᠯᠵᠤ᠂ ᠨᠠᠨᠯᠢᠩ ᠲᠣᠰᠬᠤᠨ ᠤ︽ᠰᠢᠨᠵᠢᠯᠡᠬᠦ ᠤᠬᠠᠭᠠᠨ ᠮᠡᠷᠭᠡᠵᠢᠯ ᠤᠨ ᠦᠨᠦᠷ ᠠᠮᠲᠠ︾ ᠤᠯᠠᠮ ᠠᠴᠠ ᠤᠯᠠᠮ ᠥᠳᠬᠡᠨ ᠪᠣᠯᠵᠠᠢ᠃  ᠰᠤᠷᠪᠤᠯᠵᠢᠯᠠᠭᠴᠢ ᠴᠠᠭᠠᠨ ᠰᠠᠷ᠎ᠠ  ᠶᠢᠨ ᠬᠤᠭᠤᠴᠠᠭᠠᠨ ᠳᠤ ᠨᠠᠨᠯᠢᠩ ᠲᠣᠰᠬᠤᠨ ᠤ ︽1983 ᠣᠨ ᠤ ᠪᠦᠲᠦᠭᠡᠯᠴᠢ ᠵᠢᠵᠢᠭ ᠪᠠᠯᠭᠠᠰᠤ︾ ᠳᠤ ᠬᠦᠷᠴᠦ᠂ ᠠᠳᠡ ᠬᠠᠭᠤᠴᠢᠨ ᠦᠢᠯᠡᠳᠪᠦᠷᠢ  ᠶᠢᠨ ᠪᠠᠶᠢᠰᠢᠩ  ᠢ ᠥᠭᠡᠷᠡᠴᠢᠯᠡᠨ ᠪᠠᠶᠢᠭᠤᠯᠵᠤ᠂ ᠨᠢᠭᠡ ᠪᠦᠯᠦᠭ ᠲᠤᠰᠬᠠᠢ ᠮᠡᠷᠭᠡᠵᠢᠯᠲᠡᠨ᠂ ᠰᠢᠨ᠎ᠡ  ᠶᠢ ᠡᠭᠦᠳᠬᠦ ᠠᠵᠤ ᠠᠬᠤᠶᠢᠯᠠᠯ ᠨᠢ ᠨᠠᠨᠯᠢᠩ ᠲᠣᠰᠬᠤᠨ ᠤ ︽ᠰᠢᠨ᠎ᠡ ᠲᠣᠰᠬᠤᠨ ᠤ ᠠᠷᠠᠳ︾ ᠪᠣᠯᠤᠭᠰᠠᠨ ᠪᠠᠶᠢᠨ᠎ᠠ᠃ ︽ᠬᠠᠭᠤᠴᠢᠨ ᠵᠠᠮ ᠢᠶᠠᠷ ᠢᠶᠠᠨ ᠶᠠᠪᠤᠬᠤ ᠦᠭᠡᠢ ᠪᠠᠷ ᠰᠢᠨ᠎ᠡ ᠶᠢ ᠡᠭᠦᠳᠬᠦ ᠵᠠᠮ ᠢᠶᠠᠷ ᠵᠠᠮᠨᠠᠵᠤ︾ ︽ᠰᠢᠨ᠎ᠡ ᠶᠢ ᠡᠭᠦᠳᠬᠦ ᠪᠡᠯᠡ ᠣᠷᠣᠭᠤᠯᠤᠯᠲᠠ + ᠨᠡᠪᠴᠢᠭᠦᠯᠦᠬᠦᠷ︾ ᠤᠨ ᠵᠠᠭᠪᠤᠷ ᠢ ᠬᠠᠶᠢᠨ ᠰᠦᠪᠡᠭᠴᠢᠯᠡᠵᠦ᠂ ᠡᠳᠦᠭᠡ ᠡᠨᠡᠬᠦ ︽ᠥᠭᠡᠷᠡᠴᠢᠯᠡᠯᠲᠡ ᠶᠢᠨ ᠲᠣᠰᠬᠤᠨ︾ ᠳᠤ ᠨᠢᠭᠡᠨᠲᠡ ᠬᠤᠶᠠᠷ ᠲᠤᠰᠬᠠᠢ ᠪᠡᠯᠡ ᠣᠷᠣᠭᠤᠯᠤᠯᠲᠠ ᠶᠢᠨ ᠪᠠᠶᠢᠭᠤᠯᠤᠮᠵᠢ᠂ ᠨᠢᠭᠡ ᠠᠮᠢᠳᠤ ᠪᠣᠳᠠᠰ ᠤᠨ ᠡᠮ ᠡᠮᠨᠡᠯᠭᠡ ᠶᠢᠨ ᠬᠤᠷᠳᠤᠳᠬᠠᠭᠤᠷ ᠲᠠᠢ ᠪᠣᠯᠵᠤ᠂ ᠨᠡᠪᠴᠢᠭᠦᠯᠬᠦ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ ᠤ 10 ᠭᠠᠷᠤᠢ ᠠᠩᠬ᠎ᠠ ᠡᠭᠦᠳᠬᠦ ᠠᠵᠤ ᠠᠬᠤᠶᠢᠯᠠᠯ ᠳᠤ ᠪᠡᠯᠡ ᠣᠷᠣᠭᠤᠯᠤᠭᠰᠠᠨ ᠪᠠᠶᠢᠨ᠎ᠠ᠃  ︽ᠬᠤᠴᠤᠷᠤᠩᠭᠤᠢ ᠦᠢᠯᠡᠳᠪᠦᠷᠢᠯᠡᠯ ᠤᠨ ᠴᠢᠳᠠᠪᠤᠷᠢ  ᠶᠢᠨ ᠲᠥᠯᠥᠭᠡ ︿ᠭᠡᠷ ᠤᠨ ᠡᠵᠡᠨ﹀ ᠪᠣᠯᠬᠤ ᠳᠤ ᠬᠦᠷᠪᠡᠯ ᠪᠠᠰᠠ ᠬᠡᠳᠦᠢ ᠤᠳᠠᠭᠠᠨ ᠪᠠᠶᠠᠵᠢᠵᠤ ᠴᠢᠳᠠᠬᠤ ᠪᠤᠶ︖ ᠵᠠᠪᠠᠯ ᠬᠡᠯᠪᠡᠷᠢ ᠪᠠᠨ ᠬᠤᠪᠢᠷᠠᠭᠤᠯᠬᠤ ᠬᠡᠷᠡᠭᠲᠡᠢ︾᠃ ᠨᠠᠨᠯᠢᠩ ᠲᠣᠰᠬᠤᠨ ᠤ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠢᠦᠢ ᠪᠢᠶᠣᠣ᠂ ︽ᠪᠢᠳᠠ ᠳᠣᠣᠷᠠᠳᠤ ᠲᠡᠰ ᠤᠨ ᠠᠵᠤ ᠦᠢᠯᠡᠰ ᠤᠨ ᠬᠦᠷᠢᠶᠡᠯᠡᠩ ᠢ ᠴᠡᠪᠡᠷᠯᠡᠵᠦ᠂ ᠨᠢᠳᠦᠨ ᠡᠮᠦᠨ᠎ᠡ 2000 ᠲᠦᠮᠡᠨ ᠲᠥᠭᠦᠷᠢᠭ ᠬᠤᠬᠢᠷᠠᠪᠠ᠂ ᠭᠡᠪᠡᠴᠦ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠬᠥᠭᠵᠢᠭᠦᠯᠬᠦ ᠳᠤ ᠣᠷᠣᠨ ᠵᠠᠢ ᠭᠠᠷᠭᠠᠵᠤ ᠥᠭᠴᠡᠢ︾ᠭᠡᠵᠦ ᠬᠡᠯᠡᠪᠡ᠃ ᠨᠠᠨᠯᠢᠩ ᠲᠣᠰᠬᠤᠨ ᠤ ᠨᠡᠶᠢᠭᠡᠮ ᠲᠣᠭᠤᠷᠢᠭ ᠣᠶᠢᠷ᠎ᠠ ᠶᠢᠨ ᠵᠢᠯ ᠳᠤ 3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠱᠧᠨᠵᠧᠨ ᠬᠤᠳᠠ ᠶᠢᠨ ᠠᠩᠬᠠᠳᠠᠭᠴᠢ ᠨᠡᠶᠢᠭᠡᠮ ᠲᠣᠭᠤᠷᠢᠭ ᠤᠨ ᠬᠤᠪᠢ ᠣᠷᠣᠭᠤᠯᠤᠭᠰᠠᠨ ᠺᠣᠮᠫᠠᠨᠢ ᠶᠢᠨ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠪᠠᠶᠢᠭᠤᠯᠵᠤ᠂ ᠲᠤᠰᠬᠠᠢ ᠮᠡᠷᠭᠡᠵᠢᠯ ᠤᠨ ᠪᠡᠯᠡ ᠣᠷᠣᠭᠤᠯᠤᠯᠲᠠ ᠶᠢᠨ ᠪᠦᠯᠬᠦᠮ ᠢ ᠤᠷᠢᠵᠤ᠂ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠵᠢᠯᠤᠭᠤᠳᠬᠤ ︽ᠲᠡᠩᠨᠡᠭᠦᠷ ᠬᠠᠪᠲᠠᠰᠤ ᠶᠢᠨ ᠦᠢᠯᠡᠳᠦᠯ︾ ᠋ ᠢ ᠪᠦᠷᠢᠯᠳᠦᠭᠦᠯᠵᠡᠢ᠃ ᠵᠣᠬᠢᠶᠠᠮᠠᠯ ᠣᠶᠤᠨᠴᠢ ᠦᠢᠯᠡᠰ ᠪᠣᠰᠬᠠᠬᠤ ᠠᠵᠤ ᠠᠬᠤᠶᠢᠯᠠᠯ ᠠᠴᠠ ᠢᠷᠡᠭᠡᠳᠦᠢ ᠶᠢ ᠭᠦᠨᠵᠡᠭᠡᠢ ᠣᠶᠢᠯᠠᠭᠠᠬᠤ ᠠᠴᠠ ᠯᠠᠶᠢᠰᠧᠷ ᠷᠠᠳᠠᠷ ᠤᠨ ᠬᠠᠩᠭᠠᠯᠭ᠎ᠠ ᠶᠢᠨ ᠬᠤᠳᠠᠯᠳᠤᠭᠠᠴᠢᠨ ᠰᠢᠨᠵᠢᠯᠡᠬᠦ ᠤᠬᠠᠭᠠᠨ ᠮᠡᠷᠭᠡᠵᠢᠯ ᠢ ᠡᠭᠦᠳᠬᠦ ᠬᠦᠷᠲᠡᠯ᠎ᠡ᠂ ᠲᠠᠬᠢᠭᠠᠳ ᠳᠡᠭᠡᠳᠦ ᠲᠡᠰ ᠤᠨ ᠲᠣᠨᠣᠭᠯᠠᠯ ᠦᠢᠯᠡᠳᠬᠦ ᠠᠵᠤ ᠠᠬᠤᠶᠢᠯᠠᠯ ᠤᠨ ᠶᠢᠨ ᠰᠢᠨ ᠰᠢᠨᠵᠢᠯᠡᠬᠦ ᠤᠬᠠᠭᠠᠨ ᠮᠡᠷᠭᠡᠵᠢᠯ ᠬᠦᠷᠲᠡᠯ᠎ᠡ ᠁  ︽ᠪᠢᠳᠡ ᠬᠡᠳᠦᠨ ᠵᠠᠭᠤᠨ ᠵᠦᠢᠯ  ᠢ ᠦᠵᠡᠬᠦ ᠳᠤ ᠰᠠᠶ᠋ᠢ ᠨᠢᠭᠡ  ᠶᠢ ᠣᠷᠣᠭᠤᠯᠵᠤ᠂ ᠨᠠᠷᠢᠨ ᠨᠢᠮᠪᠠᠢ ᠲᠣᠬᠢᠷᠠᠭᠤᠯᠤᠯᠲᠠ  ᠶᠢ ᠰᠠᠶᠢᠲᠤᠷ ᠬᠢᠨ᠎ᠡ︾᠃ ᠪᠡᠯᠡ ᠣᠷᠣᠭᠤᠯᠤᠯᠲᠠ ᠶᠢᠨ ᠠᠵᠢᠯ ᠲᠥᠷᠥᠯ ᠳᠤ 10 ᠵᠢᠯ ᠠᠵᠢᠯᠯᠠᠭᠰᠠᠨ ᠲᠤᠷᠰᠢᠯᠭ᠎ᠠ ᠲᠠᠢ ᠨᠠᠨᠯᠢᠩ ᠰᠠᠭᠤᠷᠢ ᠮᠥᠩᠭᠦᠨ ᠤ ᠺᠣᠮᠫᠠᠨᠢ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠢᠨᠠᠭᠴᠢ ᠼᠠᠢ ᡁᠢ ᠬᠡᠯᠡᠬᠦ ᠳᠡᠭᠡᠨ᠂ ︽ᠨᠠᠨᠯᠢᠩ ᠰᠠᠭᠤᠷᠢ ᠮᠥᠩᠭᠦ ᠨᠢ ︿ᠨᠢᠭᠡ ᠡᠮ ᠨᠢᠭᠡ ᠭᠤᠣᠯ ᠲᠠᠢ ᠣᠶᠤᠨᠴᠢ ᠦᠶᠯᠡᠳᠬᠦ﹀ ᠣᠨᠴᠠᠯᠢᠭ ᠢ ᠳᠣᠪᠤᠶᠢᠯᠭᠠᠵᠤ᠂ ᠪᠠᠶᠢᠯᠳᠤᠬᠤ ᠪᠣᠳᠣᠯᠭ᠎ᠠ ᠶᠢᠨ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠭᠤᠣᠯᠳᠠᠯᠭ᠎ᠠ ᠲᠠᠢ ᠠᠩᠬᠠᠷᠴᠤ ᠪᠠᠶᠢᠨ᠎ᠠ︾ ᠭᠡᠵᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠲᠥᠪᠯᠡᠷᠡᠭᠦᠯᠵᠦ᠂ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠡᠭᠦᠰᠬᠡᠨ ᠪᠠᠶᠢᠭᠤᠯᠬᠤ ᠳᠤ᠂ ᠨᠠᠨᠯᠢᠩ ᠲᠣᠰᠬᠤᠨ ᠤ ᠴᠢᠬᠤᠯᠠ ᠪᠣᠳᠣᠯᠬᠢᠯᠠᠯ ᠪᠣᠯ ᠴᠢᠨᠠᠷ ᠰᠠᠶᠢᠲᠠᠢ ᠬᠥᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠴᠢᠬᠤᠯᠠ ᠡᠬᠢ ᠪᠠᠶᠠᠯᠢᠭ ︱ ᠴᠢᠳᠠᠪᠤᠷᠢᠲᠠᠨ ᠢ ᠲᠠᠲᠠᠬᠤ ᠪᠠ ᠨᠥᠭᠡᠴᠡᠯᠡᠬᠦ ᠶᠠᠪᠤᠳᠠᠯ ᠪᠣᠯᠣᠨ᠎ᠠ᠃ ᠨᠠᠨᠯᠢᠩ ᠰᠠᠭᠤᠷᠢ ᠮᠥᠩᠭᠦᠨ ᠤ ᠺᠣᠮᠫᠠᠨᠢ ᠶᠢᠨ ᠡᠭᠦᠰᠬᠡᠨ ᠪᠠᠶᠢᠭᠤᠯᠤᠭᠴᠢ ᠵᠧᠦ ᠰᠤᠨ᠂ ᠪᠡᠯᠡ ᠣᠷᠣᠭᠤᠯᠬᠤ ᠦᠶ᠎ᠡ ᠳᠤ ᠲᠦᠷᠦᠯ ᠵᠦᠢᠯ ᠨᠢ ᠱᠧᠨᠵᠧᠨ ᠤ ᠯᠦᠩ ᠭᠠᠩ ᠤᠨ ᠡᠬᠢ ᠪᠠᠶᠠᠯᠢᠭ ᠲᠠᠢ ᠨᠡᠶᠢᠴᠡᠬᠦ ᠡᠰᠡᠬᠦ ᠶᠢ ᠠᠩᠬᠠᠷᠬᠤ ᠶᠢᠨ ᠬᠠᠮᠲᠤ ᠵᠠᠷᠢᠮ ᠲᠦᠷᠦᠯ ᠵᠦᠢᠯ ᠢ ᠨᠠᠨᠯᠢᠩ ᠲᠣᠰᠬᠤᠨ ᠳᠤ ᠣᠷᠣᠭᠤᠯᠤᠨ ᠨᠡᠪᠴᠢᠭᠦᠯᠬᠦ ᠶᠢ ᠪᠣᠳᠣᠯᠬᠢᠯᠠᠨ᠎ᠠ ᠭᠡᠵᠦ ᠬᠡᠯᠡᠪᠡ᠃ ᠵᠠᠩ ᠢᠦᠢ ᠪᠢᠶᠣᠣ᠂ ᠪᠡᠯᠡ ᠣᠷᠣᠭᠤᠯᠤᠭᠰᠠᠨ ᠵᠠᠷᠢᠮ ᠺᠣᠮᠫᠠᠨᠢ ᠬᠤᠩᠬᠤ ᠴᠣᠬᠢᠵᠤ ᠵᠠᠬ᠎ᠠ ᠳᠡᠯᠭᠡᠭᠦᠷ ᠲᠤ ᠭᠠᠷᠬᠤ ᠳᠤ ᠬᠦᠴᠢᠷ ᠪᠢᠰᠢ᠂ ᠨᠡᠩ ᠴᠢᠬᠤᠯᠠ ᠨᠢ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠪᠡᠶᠡᠯᠡᠭᠦᠯᠬᠦ ᠶᠠᠪᠤᠳᠠᠯ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号