【ᠦᠨᠳᠦᠰᠦᠨ ᠱᠠᠲᠤᠨ ᠤ ᠴᠤᠭ ᠵᠢᠪᠬᠤᠭ᠎ᠠ】 ᠨᠢ ᠣᠯᠠᠨ ᠲᠦᠮᠡᠨ ᠤ ᠢᠲᠡᠭᠡᠯᠲᠡᠢ ︽ᠡᠭᠦᠷᠢᠳᠡ ᠶᠢᠨ ᠲᠡᠮᠳᠡᠭᠲᠦ︾ ᠱᠦᠵᠢ ᠪᠣᠯᠪᠠ
ᠨᠡᠶᠢᠲᠡᠯᠡᠭᠰᠡᠨ ᠴᠠᠭ᠄
2022/2/15
     ᠵᠠᠩ ᠶᠦᠩ ᠵᠢᠩ᠂ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠲᠦᠴᠢᠦᠸᠠᠨ ᠪᠠᠯᠭᠠᠰᠤᠨ ᠤ ᠰᠢᠨ ᠱᠧᠩ ᠲᠣᠰᠬᠤᠨ ᠤ ᠨᠠᠮ ᠤᠨ ᠡᠭᠦᠷ ᠤᠨ ᠱᠦᠵᠢ᠂ ᠡᠷᠬᠢᠯᠡᠭᠴᠢ᠃ ᠤᠯᠠᠨ ᠵᠢᠯ ᠤᠨ ᠲᠤᠷᠰᠢ᠂ ᠲᠡᠭᠦᠨ ᠤ ᠤᠯᠠ ᠮᠥᠷ  ᠨᠢ ᠪᠦᠬᠦ ᠲᠣᠰᠬᠤᠨ ᠤ ᠵᠡᠭᠡᠯᠢ ᠭᠤᠳᠤᠮᠵᠢ᠂ ᠥᠨᠴᠥᠭ ᠪᠤᠯᠤᠩ ᠪᠦᠷᠢ ᠳᠤ ᠲᠦᠭᠡᠵᠦ᠂ ᠰᠢᠨ᠎ᠡ ᠮᠡᠨᠳᠦᠯᠡᠭᠰᠡᠨ ᠲᠣᠰᠬᠤᠨ ᠤ ᠲᠠᠷᠢᠶᠠᠨ ᠭᠠᠵᠠᠷ ᠪᠣᠯᠭᠠᠨ ᠳᠤ ᠬᠥᠯᠥᠰᠦ ᠠᠰᠬᠠᠷᠠᠭᠤᠯᠵᠤ᠂ ᠶᠠᠪᠤᠳᠠᠯ ᠪᠦᠬᠦᠨ ᠳᠤ ᠲᠡᠷᠡ ᠪᠡᠶ᠎ᠡ ᠪᠠᠷ ᠢᠶᠠᠨ ᠣᠷᠣᠯᠴᠠᠵᠤ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠲᠣᠰᠬᠤᠨ ᠤ ᠬᠥᠮᠥᠰ ᠤᠨ ᠢᠲᠡᠭᠡᠯ ᠪᠠ ᠳᠡᠮᠵᠢᠯᠭᠡ ᠶᠢ ᠣᠯᠣᠭᠰᠠᠨ ᠪᠠᠶᠢᠨ᠎ᠠ᠃  ︽ᠵᠠᠩ ᠶᠦᠩ ᠶᠦᠩ ᠬᠠᠷᠠᠬᠠᠨ ᠪᠠᠭ᠎ᠠ  ᠠᠴᠠ ᠪᠠᠨ ᠵᠣᠪᠠᠭᠤᠷᠢ ᠵᠦᠳᠡᠭᠦᠷᠢ  ᠶᠢ ᠲᠡᠰᠪᠦᠷᠢᠯᠡᠵᠦ᠂ ᠱᠦᠵᠢ ᠪᠣᠯᠤᠭᠰᠠᠨ  ᠠᠴᠠ ᠪᠠᠨ ᠠᠪᠤᠭᠠᠳ ᠨᠡᠩ ᠴᠤ ᠪᠢᠳᠡᠨ ᠤ ᠰᠡᠳᠬᠢᠯ  ᠢ ᠮᠡᠳᠡᠭᠴᠢ᠂ ᠰᠡᠳᠬᠢᠯ  ᠢ ᠮᠡᠳᠡᠭᠴᠢ᠂ ᠳᠠᠭᠠᠭᠤᠯᠤᠭᠴᠢ ᠪᠣᠯᠵᠤ᠂ ᠲᠤᠬᠠᠢ  ᠶᠢᠨ ᠵᠢᠯ ᠤᠨ ᠶᠦᠩ ᠶᠦᠩ ᠲᠡᠮᠳᠡᠭᠲᠦ ᠳᠤᠭᠤᠢ ᠲᠡᠷᠭᠡ ᠲᠠᠢ ᠠᠳᠠᠯᠢ ᠪᠠᠷ ᠬᠥᠮᠥᠨ ᠪᠣᠯᠭᠠᠨ ᠮᠡᠳᠡᠳᠡᠭ ᠪᠣᠯᠵᠠᠢ᠂ ᠣᠯᠠᠨ ᠢᠶᠠᠷ ᠢᠶᠠᠨ ᠲᠡᠭᠦᠨ  ᠢ ︿ᠶᠦᠩ ᠶᠦᠩ ᠲᠡᠮᠳᠡᠭᠲᠦ ᠲᠡᠮᠳᠡᠭᠲᠦ﹀ ᠱᠦᠵᠢ ᠭᠡᠵᠦ ᠳᠠᠭᠤᠳᠠᠳᠠᠭ︾᠃ ᠰᠢᠨ ᠱᠧᠩ ᠲᠣᠰᠬᠤᠨ ᠤ ᠠᠷᠠᠳ ᠴᠤᠤ ᠬᠠᠢ ᠹᠥ᠋ᠩ ᠮᠠᠭᠲᠠᠨ ᠰᠠᠶᠢᠰᠢᠶᠠᠪᠠ᠃     ᠴᠤᠤ ᠬᠠᠢ ᠹᠧᠩ ᠪᠣᠯᠣᠨ ᠲᠡᠭᠦᠨ ᠤ ᠡᠷ᠎ᠡ ᠸᠠᠩ ᠽᠢ ᠵᠢᠶᠠᠨ ᠳ᠋ᠦ᠋ ᠨᠢᠭᠡᠨᠲᠡ 60 ᠭᠠᠷᠤᠢ ᠨᠠᠰᠤᠯᠠᠵᠠᠢ᠂ ᠬᠥᠳᠡᠯᠮᠦᠷᠢᠯᠡᠬᠦ ᠴᠢᠳᠠᠪᠤᠷᠢ ᠨᠢ ᠪᠠᠭᠤᠷᠠᠵᠤ᠂ ᠪᠠᠰᠠ 92 ᠨᠠᠰᠤᠲᠠᠢ ᠬᠠᠳᠠᠮ ᠡᠵᠢ ᠪᠠᠨ ᠠᠰᠠᠷᠠᠨ ᠬᠠᠷᠠᠭᠠᠯᠵᠠᠵᠤ᠂ ᠠᠮᠢᠳᠤᠷᠠᠯ ᠨᠢ ᠨᠡᠯᠢᠶᠡᠳ ᠬᠦᠴᠢᠷ ᠪᠡᠷᠬᠡᠰᠢᠶᠡᠯ ᠲᠠᠢ ᠪᠠᠶᠢᠨ᠎ᠠ᠃ ᠲᠡᠭᠦᠨ ᠤ ᠭᠡᠷ ᠢ ᠬᠠᠪᠰᠤᠷᠤᠨ ᠣᠳᠣᠬᠢ ᠪᠠᠶᠢᠳᠠᠯ ᠢ  ᠨᠢ ᠬᠤᠪᠢᠷᠠᠭᠤᠯᠵᠤ᠂ ᠣᠷᠣᠯᠭ᠎ᠠ ᠶᠢ ᠨᠢ ᠨᠡᠮᠡᠭᠳᠡᠭᠦᠯᠬᠦ ᠶᠢᠨ ᠲᠥᠯᠥᠭᠡ᠂ ᠵᠠᠩ ᠶᠦᠩ ᠶᠦᠩ ᠲᠡᠭᠦᠨ ᠤ ᠭᠡᠷ ᠤᠨ  ᠬᠢᠨ ᠳᠤ ᠵᠢᠭᠡᠯᠡᠯᠭᠡ ᠥᠭᠴᠦ ᠦᠬᠡᠷ ᠲᠡᠵᠢᠭᠡᠵᠦ ᠥᠭᠪᠡ᠃ ︽ᠪᠢᠳᠡ ᠬᠤᠶᠠᠭᠤᠯᠠ ᠵᠠᠩ ᠱᠦᠵᠢ  ᠶᠢ ᠳᠠᠭᠠᠵᠤ ᠦᠬᠡᠷ ᠲᠡᠵᠢᠭᠡᠬᠦ ᠦᠢᠯᠡᠰ  ᠢ ᠬᠥᠭᠵᠢᠭᠦᠯᠦᠭᠰᠡᠨ ᠠᠴᠠ ᠠᠪᠤᠭᠠᠳ ᠭᠡᠷ ᠡᠷᠦᠬᠡ ᠪᠠᠨ ᠰᠠᠬᠢᠵᠤ ᠭᠠᠵᠠᠷ ᠲᠠᠷᠢᠶ᠎ᠠ ᠪᠠᠨ ᠬᠠᠮᠠᠭᠠᠯᠠᠭᠰᠠᠨ  ᠠᠴᠠ ᠠᠪᠤᠭᠠᠳ ᠵᠣᠭᠤᠰ ᠣᠯᠣᠭᠰᠠᠨ ᠶᠤᠮ︾᠃ ᠨᠢᠳᠤᠨᠤᠨ ᠤ ᠦᠬᠡᠷ ᠲᠡᠵᠢᠭᠡᠭᠡᠳ ᠣᠯᠣᠭᠰᠠᠨ 5 ᠲᠦᠮᠡ ᠭᠠᠷᠤᠢ ᠲᠥᠭᠦᠷᠢᠭ ᠢ ᠲᠣᠭᠠᠯᠠᠭᠠᠳ ᠡᠷ᠎ᠡ ᠡᠮ᠎ᠡ ᠬᠤᠶᠠᠭᠤᠯᠠ ᠠᠮᠠ ᠬᠠᠮᠬᠢᠯ ᠦᠭᠡᠢ ᠢᠨᠢᠶᠡᠯᠴᠡᠪᠡ᠃ ︽ᠦᠨᠡᠬᠡᠷ ᠰᠠᠶᠢᠬᠠᠨ ᠴᠠᠭ ᠲᠠᠭᠠᠨ ᠲᠠᠭᠠᠷᠠᠵᠠᠢ᠂ 60 ᠭᠠᠷᠤᠢ ᠨᠠᠰᠤᠲᠠᠢ ᠬᠥᠮᠥᠨ ᠪᠠᠰᠠ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠵᠦ ᠴᠢᠳᠠᠨ᠎ᠠ᠂ ᠮᠠᠨ ᠤ ᠦᠬᠡᠷ 5 ᠲᠣᠯᠣᠭᠠᠢ ᠪᠠᠶᠢᠭᠰᠠᠨ ᠠᠴᠠ ᠪᠠᠨ 11 ᠲᠣᠯᠣᠭᠠᠢ ᠪᠣᠯᠣᠨ ᠨᠡᠮᠡᠭᠳᠡᠪᠡ᠂ ᠪᠠᠰᠠ ᠨᠠᠰᠤ ᠠᠬᠢᠭᠰᠠᠨ ᠬᠠᠳᠠᠮ ᠡᠵᠢ ᠪᠠᠨ ᠬᠠᠷᠠᠭᠠᠯᠵᠠᠬᠤ ᠶᠢ ᠰᠠᠭᠠᠲᠠᠭᠠᠬᠤ ᠪᠠᠨ ᠪᠣᠯᠢᠪᠠ︾᠃ ᠲᠣᠰᠬᠤᠨ ᠤ ᠬᠥᠮᠥᠨ ᠪᠣᠯᠤᠭᠰᠠᠨ ᠤ ᠬᠤᠪᠢ ᠳᠤ᠂ ᠵᠠᠩ ᠶᠦᠩ ᠶᠦᠩ ᠰᠢᠨ᠎ᠡ ᠪᠠᠷ ᠮᠡᠨᠳᠦᠯᠡᠭᠰᠡᠨ ᠲᠣᠰᠬᠤᠨ ᠤ ᠬᠥᠮᠥᠨ ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠤᠳᠠᠭᠠᠨ ᠳᠠᠭᠠᠭᠠᠮᠠᠭᠠᠢ ᠬᠥᠭᠵᠢᠯᠲᠡ ᠶᠢᠨ ᠰᠠᠶᠢᠨ ᠲᠦᠷᠦᠯ ᠵᠦᠢᠯ ᠲᠤᠲᠠᠭᠳᠠᠵᠤ ᠪᠠᠶᠢᠬᠤ ᠶᠢ ᠭᠦᠨ ᠣᠶᠢᠯᠠᠭᠠᠵᠠᠢ᠃ ᠲᠡᠷᠡ ᠰᠢᠨ ᠱᠧᠩ ᠲᠣᠰᠬᠤᠨ ᠤ ᠠᠶᠢᠯ ᠡᠷᠦᠬᠡ ᠪᠣᠯᠭᠠᠨ ᠢ ᠰᠡᠳᠬᠢᠯ ᠳᠡᠭᠡᠨ ᠰᠠᠨᠠᠭᠠᠯᠵᠠᠵᠤ᠂ ᠲᠡᠷᠡ᠄︽ᠪᠢ ᠰᠢᠨ ᠱᠧᠩ ᠲᠣᠰᠬᠤᠨ ᠳᠤ ᠲᠦᠷᠦᠭᠰᠡᠨ ᠪᠣᠯᠬᠤᠷ ᠰᠢᠨ ᠱᠧᠩ ᠲᠣᠰᠬᠤᠨ ᠤ ᠠᠷᠠᠳ ᠲᠦᠮᠡᠨ ᠪᠣᠯ ᠮᠢᠨᠤ ᠳᠣᠲᠣᠨᠣ ᠬᠥᠮᠥᠨ ᠪᠣᠯᠣᠨ᠎ᠠ᠂ ᠲᠣᠰᠬᠤᠨ ᠤ ᠠᠷᠠᠳ ᠨᠠᠳᠠ ᠶᠢ ᠢᠲᠡᠭᠡᠵᠦ᠂ ᠨᠠᠮᠠᠶᠢ ᠱᠦᠵᠢ ᠪᠠᠷ ᠰᠣᠩᠭᠤᠪᠠᠯ᠂ ᠪᠢ ᠬᠠᠷᠢᠭᠤᠴᠠᠯᠭ᠎ᠠ ᠪᠠ ᠡᠭᠦᠷᠭᠡ ᠪᠠᠨ ᠡᠭᠦᠷᠭᠡᠯᠡᠵᠦ᠂ ᠠᠶᠢᠯ ᠡᠷᠦᠬᠡ ᠪᠣᠯᠭᠠᠨ ᠢ ᠰᠠᠶᠢᠨ ᠰᠠᠶᠢᠬᠠᠨ ᠠᠮᠢᠳᠤᠷᠠᠯ ᠲᠠᠢ ᠪᠣᠯᠭᠠᠨ᠎ᠠ︾ᠭᠡᠵᠦ ᠦᠷᠭᠦᠯᠵᠢ ᠶᠠᠷᠢᠳᠠᠭ ᠪᠠᠶᠢᠯ᠎ᠠ᠃ ᠭᠡᠵᠦ ᠶᠠᠷᠢᠳᠠᠭ᠃ ᠲᠡᠷᠡ ᠦᠷᠭᠦᠯᠵᠢ ᠰᠢᠨ᠎ᠡ ᠱᠧᠩ ᠲᠣᠰᠬᠤᠨ ᠳᠤ ᠲᠦᠷᠦᠭᠰᠡᠨ ᠪᠣᠯᠬᠤᠷ ᠰᠢᠨ ᠱᠧᠩ ᠲᠣᠰᠬᠤᠨ ᠤ ᠠᠷᠠᠳ ᠲᠦᠮᠡᠨ ᠪᠣᠯ ᠳᠠᠷᠤᠢ ᠮᠢᠨᠤ ᠳᠣᠲᠣᠨᠣ ᠬᠥᠮᠥᠨ ᠪᠣᠯᠣᠨ᠎ᠠ᠂ ᠲᠣᠰᠬᠤᠨ ᠤ ᠠᠷᠠᠳ ᠨᠠᠳᠠ ᠶᠢ ᠢᠲᠡᠭᠡᠵᠦ᠂ ᠨᠠᠮᠠᠶᠢ ᠱᠦᠵᠢ ᠪᠠᠷ ᠰᠣᠩᠭᠤᠬᠤ ᠳᠤ ᠬᠦᠷᠪᠡᠯ ᠪᠢ ᠬᠠᠷᠢᠭᠤᠴᠠᠯᠭ᠎ᠠ ᠪᠠ ᠡᠭᠦᠷᠭᠡ ᠪᠠᠨ ᠡᠭᠦᠷᠭᠡᠯᠡᠵᠦ᠂ ᠠᠶᠢᠯ ᠡᠷᠦᠬᠡ ᠪᠣᠯᠭᠠᠨ ᠢ ᠰᠠᠶᠢᠨ ᠰᠠᠶᠢᠬᠠᠨ ᠠᠮᠢᠳᠤᠷᠠᠯ ᠲᠠᠢ ᠪᠣᠯᠭᠠᠨ᠎ᠠ︾ ᠭᠡᠵᠦ ᠶᠠᠷᠢᠳᠠᠭ᠃     2021 ᠣᠨ ᠪᠣᠯ ᠰᠢᠨ᠎ᠡ ᠪᠠᠷ ᠮᠡᠨᠳᠦᠯᠡᠭᠰᠡᠨ ᠲᠣᠰᠬᠤᠨ ᠳᠤ ᠠᠪᠴᠤ ᠬᠡᠯᠡᠪᠡᠯ ᠬᠤᠷᠢᠶᠠᠯᠲᠠ ᠣᠯᠬᠤ ᠨᠢᠭᠡ ᠵᠢᠯ ᠪᠣᠯᠣᠨ᠎ᠠ᠃ ᠵᠠᠩ ᠶᠦᠩ ᠶᠦᠩ ᠤᠨ ᠳᠠᠭᠠᠭᠤᠯᠭ᠎ᠠ ᠪᠠᠷ᠂ ᠬᠥᠳᠡᠭᠡ ᠠᠵᠤ ᠠᠬᠤᠢ ᠪᠣᠯᠣᠨ ᠦᠵᠦᠮ ᠤᠨ ᠠᠵᠤ ᠦᠢᠯᠡᠰ ᠡᠯᠪᠡᠭ ᠬᠤᠷᠢᠶᠠᠯᠲᠠ ᠣᠯᠵᠤ᠂ ᠦᠬᠡᠷ ᠤᠨ ᠠᠵᠤ ᠦᠢᠯᠡᠰ ᠲᠦᠷᠭᠡᠨ ᠬᠥᠭᠵᠢᠵᠦ᠂ ᠲᠣᠰᠬᠤᠨ ᠤ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠪᠣᠯᠣᠨ ᠦᠢᠯᠡᠴᠢᠯᠡᠭᠡ ᠲᠣᠭᠲᠠᠭᠤᠨ ᠢᠶᠠᠷ ᠳᠡᠭᠡᠭᠰᠢᠯᠡᠵᠦ᠂ ᠰᠢᠨ᠎ᠡ ᠮᠡᠨᠳᠦᠯᠡᠭᠰᠡᠨ ᠲᠣᠰᠬᠤᠨ ᠤ ᠤᠯᠠᠨ ᠲᠦᠮᠡᠨ ᠤ ᠴᠦᠩᠬᠦ ᠤᠯᠠᠮ ᠠᠴᠠ ᠤᠯᠠᠮ ᠳᠦᠭᠦᠷᠴᠦ᠂ ᠵᠣᠯ ᠵᠢᠷᠭᠠᠯ ᠤᠨ ᠲᠥᠷᠥᠭᠳᠡᠯ ᠪᠣᠯᠣᠨ ᠡᠯᠪᠡᠭ ᠬᠤᠷᠢᠶᠠᠯᠲᠠ ᠶᠢᠨ ᠲᠥᠷᠥᠭᠳᠡᠯ ᠪᠢᠯᠬᠠᠨ᠎ᠠ᠃ ᠪᠦᠬᠦ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠶᠢᠨ ᠲᠥᠯᠥᠭᠡ᠂ ᠵᠠᠩ ᠶᠦᠩ ᠶᠦᠩ ᠡᠯ᠎ᠡ ᠲᠦᠷᠦᠯ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢ 320 ᠲᠦᠮᠡᠨ ᠲᠥᠭᠦᠷᠢᠭ ᠣᠯᠬᠤ ᠪᠠᠷ ᠢᠳᠡᠪᠬᠢᠲᠡᠢ ᠴᠢᠷᠮᠠᠶᠢᠪᠠ᠃ ᠡᠭᠦᠨ ᠳᠤ᠂ 80 ᠲᠦᠮᠡᠨ ᠲᠥᠭᠦᠷᠢᠭ ᠤᠨ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠡᠯᠡ ᠮᠥᠩᠭᠦ ᠪᠠᠷ 61 ᠡᠷᠦᠬᠡ ᠲᠠᠷᠢᠮᠠᠯ ᠤᠨ ᠡᠷᠦᠬᠡ ᠳᠤ ᠲᠣᠮᠣ ᠫᠧᠩ ᠤᠨ ᠲᠥᠬᠦᠭᠡᠷᠦᠮᠵᠢ ᠶᠢ ᠰᠢᠨᠡᠳᠬᠡᠵᠦ ᠥᠭᠴᠡᠢ᠃ ᠰᠢᠨ ᠱᠧᠩ ᠲᠣᠰᠬᠤᠨ ᠪᠣᠯ ᠬᠤᠯᠠ ᠣᠶᠢᠷ᠎ᠠ ᠳᠠᠭᠠᠨ ᠠᠯᠳᠠᠷᠲᠠᠢ ᠦᠵᠦᠮ ᠤᠨ ᠲᠣᠰᠬᠤᠨ ᠪᠣᠯᠣᠨ᠎ᠠ᠂ ᠵᠥᠪᠬᠡᠨ ᠦᠵᠦᠮ ᠤᠨ ᠠᠵᠤ ᠦᠢᠯᠡᠰ ᠤᠨ ᠡᠨᠡᠬᠦ ᠲᠦᠷᠦᠯ ᠵᠦᠢᠯ ᠨᠢ ᠨᠢᠳᠤᠨᠤᠨ 900 ᠲᠦᠮᠡᠨ ᠲᠥᠭᠦᠷᠢᠭ ᠤᠨ ᠠᠰᠢᠭ ᠣᠯᠵᠠᠪᠤᠷᠢ ᠲᠠᠢ ᠪᠣᠯᠵᠠᠢ︔ 160 ᠲᠦᠮᠡᠨ ᠲᠥᠭᠦᠷᠢᠭ ᠤᠨ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠡᠯᠡ ᠮᠥᠩᠭᠦ ᠪᠠᠷ 76 ᠠᠯᠠᠰᠢᠨ ᠦᠬᠡᠷ ᠬᠤᠳᠠᠯᠳᠤᠨ ᠠᠪᠴᠤ᠂ ᠰᠢᠨ᠎ᠡ ᠭᠠᠷᠤᠭᠰᠠᠨ ᠲᠣᠰᠬᠤᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠣᠳᠣᠬᠠᠨ ᠳᠤ ᠰᠢᠨ᠎ᠡ ᠭᠠᠷᠤᠭᠰᠠᠨ ᠲᠣᠰᠬᠤᠨ ᠤ ᠦᠬᠡᠷ ᠤᠨ ᠠᠵᠤ ᠦᠢᠯᠡᠰ ᠤᠨ ᠵᠢᠯ ᠤᠨ ᠠᠰᠢᠭ ᠣᠷᠣᠯᠭ᠎ᠠ ᠨᠢ 50 ᠲᠦᠮᠡᠨ ᠲᠥᠭᠦᠷᠢᠭ ᠣᠷᠴᠢᠮ ᠪᠠᠶᠢᠨ᠎ᠠ︔ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠠᠷᠠᠳ ᠢ ᠨᠡᠭᠦᠯᠭᠡᠬᠦ 80 ᠲᠦᠮᠡᠨ ᠲᠥᠭᠦᠷᠢᠭ ᠤᠨ ᠪᠡᠯᠡ ᠮᠥᠩᠭᠦ ᠶᠢ ᠰᠢᠨ ᠱᠧᠩ ᠲᠣᠰᠬᠤᠨ ᠤ ᠰᠦᠯᠢᠶᠥᠦ ᠬᠠᠶᠢᠷᠴᠠᠭ ᠤᠨ ᠦᠢᠯᠡᠳᠪᠦᠷᠢ ᠶᠢ ᠥᠷᠭᠡᠳᠬᠡᠨ ᠪᠠᠶᠢᠭᠤᠯᠬᠤ ᠳᠤ ᠬᠡᠷᠡᠭᠯᠡᠵᠦ᠂ ᠪᠦᠬᠦ ᠲᠣᠰᠬᠤᠨ ᠤ ᠦᠵᠦᠮ ᠤᠨ ᠠᠵᠤ ᠦᠢᠯᠡᠰ ᠤᠨ ᠬᠡᠯᠬᠢᠶ᠎ᠡ ᠶᠢᠨ ᠲᠦᠷᠭᠡᠨ ᠬᠥᠭᠵᠢᠯᠲᠡ ᠶᠢ ᠠᠬᠢᠭᠤᠯᠤᠨ᠎ᠠ᠃     ᠰᠢᠨ ᠱᠧᠩ ᠲᠣᠰᠬᠤᠨ ᠤ ᠢᠷᠡᠭᠡᠳᠦᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢᠨ ᠲᠤᠬᠠᠢ ᠶᠠᠷᠢᠬᠤ ᠳᠠᠭᠠᠨ᠂ ᠵᠠᠩ ᠶᠦᠩ ᠶᠦᠩ ᠢᠲᠡᠭᠡᠯ ᠳᠦᠭᠦᠷᠡᠩ ᠪᠠᠶᠢᠨ᠎ᠠ᠄︽ᠪᠢᠳᠡ ᠤᠳᠤ ᠪᠠᠶᠢᠭ᠎ᠠ ᠦᠵᠦᠮ ᠤᠨ ᠠᠵᠤ ᠦᠢᠯᠡᠰ ᠲᠤ ᠲᠦᠰᠢᠭᠯᠡᠨ ᠬᠥᠳᠡᠭᠡ ᠲᠣᠰᠬᠤᠨ ᠤ ᠵᠤᠭᠠᠴᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠢ ᠪᠣᠯᠭᠠᠵᠤ᠂ ᠨᠢᠭᠡ ᠪᠦᠯᠦᠭ ᠣᠨᠴᠠᠯᠢᠭᠲᠤ ᠲᠡᠭᠦᠵᠦ ᠲᠡᠭᠦᠬᠦ ᠬᠦᠷᠢᠶᠡᠯᠡᠩ᠂ ᠠᠷᠠᠳ ᠤᠨ ᠰᠠᠭᠤᠴᠠ ᠪᠣᠯᠣᠨ ᠲᠠᠷᠢᠶᠠᠴᠢᠨ ᠠᠶᠢᠯ ᠤᠨ ᠵᠤᠭᠠᠴᠠᠯ ᠵᠡᠷᠭᠡ ᠲᠥᠬᠦᠭᠡᠷᠦᠮᠵᠢ ᠶᠢ ᠪᠠᠶᠢᠭᠤᠯᠵᠤ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠲᠣᠰᠬᠤᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠶᠢ ᠪᠡᠶᠡᠯᠡᠭᠦᠯᠦᠨ᠎ᠡ︾᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号