【ᠦᠨᠳᠦᠰᠦᠨ ᠱᠠᠲᠤᠨ ᠤ ᠴᠤᠭ ᠵᠢᠪᠬᠤᠭ᠎ᠠ】 ᠥᠪᠡᠷᠲᠡᠭᠡᠨ ᠵᠣᠭᠤᠰ ᠭᠠᠷᠭᠠᠵᠤ ᠲᠣᠰᠬᠤᠨ ᠤ ᠠᠷᠠᠳ ᠲᠤ ᠪᠣᠳᠠᠲᠤ ᠶᠠᠪᠤᠳᠠᠯ ᠬᠢᠵᠦ ᠥᠭᠲᠡᠭ ︽ᠰᠢᠶᠣᠣ ᠸᠠᠩ ᠱᠦᠵᠢ︾
ᠨᠡᠶᠢᠲᠡᠯᠡᠭᠰᠡᠨ ᠴᠠᠭ᠄
2022/2/18
    ᠬᠥᠬᠡᠭᠡ ᠰᠠᠷ᠎ᠠ ᠶᠢᠨ ᠬᠤᠷᠢᠨ ᠭᠤᠷᠪᠠᠨ ᠤ ᠡᠳᠦᠷ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠠᠨ ᠴᠠ ᠺᠧᠦ ᠰᠢᠶᠠᠩ ᠤᠨ ᠠᠯᠠᠱᠠ ᠲᠣᠰᠬᠤᠨ ᠳᠤ᠂ ᠠᠶᠢᠯ ᠪᠣᠯᠭᠠᠨ ᠪᠦᠷ ᠣᠯᠣᠰᠤᠨ ᠬᠤᠸᠠᠷ᠂ ᠰᠢᠷᠠᠭᠰᠠᠨ ᠮᠢᠬ᠎ᠠ᠂ ᠴᠠᠭᠠᠨ ᠰᠠᠷ᠎ᠠ ᠶᠢᠨ ᠪᠠᠷᠠᠭ᠎ᠠ ᠪᠠᠨ ᠪᠡᠯᠡᠳᠬᠡᠵᠦ᠂ ᠵᠠᠷᠢᠮ ᠢ ᠨᠢ ᠭᠠᠷ ᠤᠲᠠᠰᠤ ᠪᠠᠷ ᠰᠢᠭᠤᠳ ᠨᠠᠪᠲᠠᠷᠡᠭᠦᠯᠵᠦ᠂ ᠬᠤᠯᠠ ᠶᠢᠨ ᠬᠡᠦᠬᠡᠳ ᠤᠳ ᠲᠤ ᠦᠵᠡᠭᠦᠯᠵᠦ ᠪᠠᠶᠢᠯ᠎ᠠ᠃ ᠥᠨᠥᠳᠥᠷ ᠤᠨ ᠵᠣᠯ ᠵᠢᠷᠭᠠᠯᠲᠤ ᠠᠮᠢᠳᠤᠷᠠᠯ ᠤᠨ ᠲᠤᠬᠠᠢ ᠶᠠᠷᠢᠬᠤ ᠳᠠᠭᠠᠨ ᠣᠯᠠᠨ ᠢᠶᠠᠷ ᠢᠶᠠᠨ᠄ ︽ᠡᠨᠡ ᠴᠢᠨᠢ ᠰᠢᠶᠣᠣ ᠸᠠᠩ ᠱᠦᠵᠢ  ᠶᠢᠨ ᠠᠴᠢ ᠪᠠᠷ  ᠣᠳᠣ ᠬᠡᠦᠬᠡᠳ ᠲᠡᠭᠡᠨ ᠬᠡᠳᠦᠢ ᠤᠳᠠᠭᠠᠨ ᠶᠠᠷᠢᠶ᠎ᠠ ᠭᠡᠵᠦ ᠪᠣᠳᠣᠵᠤ ᠪᠠᠶᠢᠬᠤ ᠪᠤᠶ ᠵᠣᠭᠤᠰ ᠰᠦᠢᠳᠬᠡᠬᠦ ᠠᠴᠠ ᠠᠶᠤᠬᠤ ᠦᠭᠡᠢ ᠪᠣᠯᠵᠠᠢ︾ ᠭᠡᠵᠦ ᠶᠠᠷᠢᠵᠤ ᠪᠠᠶᠢᠯ᠎ᠠ᠃ ︽ᠰᠤᠪᠠᠭ ᠵᠠᠰᠠᠬᠤ᠂ ᠥᠷᠭᠡᠨ ᠪᠦᠰᠡ ᠨᠡᠪᠲᠡᠷᠡᠭᠦᠯᠬᠦ ᠶᠠᠪᠤᠳᠠᠯ ᠳᠤ ᠴᠥᠮ ᠰᠢᠶᠣᠣ ᠸᠠᠩ ᠱᠦᠵᠢ ᠥᠪᠡᠷ ᠤᠨ ᠵᠣᠭᠤᠰ ᠢᠶᠠᠷ ᠢᠶᠠᠨ ᠪᠠᠷᠢᠯᠭ᠎ᠠ ᠶᠢᠨ ᠠᠩᠭᠢ ᠶᠢ ᠵᠠᠯᠠᠵᠤ ᠬᠤᠭᠤᠯᠠ ᠢᠳᠡᠭᠦᠯᠳᠡᠭ︾ ᠁    2020 ᠣᠨ ᠤ 5 ᠰᠠᠷ᠎ᠠ ᠳᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠠᠵᠢᠯᠯᠠᠵᠤ ᠪᠠᠶᠢᠭᠰᠠᠨ ᠸᠠᠩ ᠽᠦ ᠰᠢᠯᠢᠳᠡᠭ ᠴᠢᠳᠠᠪᠤᠷᠢᠲᠠᠨ ᠤ ᠲᠣᠰᠬᠤᠨ ᠳᠠᠭᠠᠨ ᠪᠤᠴᠠᠵᠤ ᠲᠤᠰᠢᠶᠠᠯ ᠬᠠᠷᠢᠭᠤᠴᠠᠬᠤ ᠲᠥᠯᠥᠪᠯᠡᠭᠡ ᠪᠠᠷ ᠳᠠᠮᠵᠢᠨ᠂ ᠲᠤᠰ ᠵᠢᠯ ᠤᠨ 6 ᠰᠠᠷ᠎ᠠ ᠶᠢᠨ 4  ᠤ ᠡᠳᠦᠷ ᠠᠯᠠᠱᠠ ᠲᠣᠰᠬᠤᠨ ᠳᠤ ᠱᠦᠵᠢ ᠶᠢᠨ ᠲᠤᠰᠠᠯᠠᠭᠴᠢ ᠶᠢᠨ ᠲᠤᠰᠢᠶᠠᠯ ᠢ ᠡᠭᠦᠷᠭᠡᠯᠡᠵᠦ᠂ 2021 ᠣᠨ ᠤ 1 ᠰᠠᠷ᠎ᠠ ᠳᠤ ᠲᠤᠰ ᠲᠣᠰᠬᠤᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠡᠭᠦᠷᠭᠡᠯᠡᠪᠡ᠃    ᠠᠭᠤᠯᠠᠰ ᠤᠨ ᠳᠤᠮᠳᠠ ᠪᠠᠶᠢᠷᠢᠰᠢᠵᠤ ᠪᠠᠶᠢᠭ᠎ᠠ ᠠᠯᠠᠱᠠ ᠲᠣᠰᠬᠤᠨ ᠳᠤ ᠨᠡᠶᠢᠳᠡ 7 ᠠᠶᠢᠯ ᠲᠣᠰᠬᠤᠨ ᠢ ᠬᠠᠷᠢᠶᠠᠯᠠᠭᠤᠯᠵᠤ᠂ ᠪᠠᠶᠢᠩᠭᠤ ᠰᠠᠭᠤᠭ᠎ᠠ ᠡᠷᠦᠬᠡ 105 ᠡᠷᠦᠬᠡ 203 ᠬᠥᠮᠥᠨ ᠪᠠᠶᠢᠵᠤ᠂ ᠳᠤᠮᠳᠠᠴᠢ ᠨᠠᠰᠤ ᠨᠢ 60 ᠨᠠᠰᠤᠨ ᠠᠴᠠ ᠳᠡᠭᠡᠭᠰᠢ︔ ᠪᠦᠬᠦ ᠲᠣᠰᠬᠤᠨ ᠤ ᠲᠠᠷᠢᠶᠠᠨ ᠭᠠᠵᠠᠷ ᠤᠨ ᠲᠠᠯᠠᠪᠠᠢ 6443 ᠭᠠᠷᠤᠢ ᠮᠦ ᠪᠠᠶᠢᠵᠤ᠂ ᠡᠭᠦᠨ ᠳᠤ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠶᠢ ᠰᠡᠷᠭᠦᠭᠡᠭᠰᠡᠨ ᠭᠠᠵᠠᠷ 2701 ᠭᠠᠷᠤᠢ ᠮᠦ ᠪᠠᠶᠢᠵᠤ᠂ ᠵᠥᠪᠬᠡᠨ 800 ᠮᠦ ᠤᠰᠤᠯᠠᠯᠲᠠ ᠶᠢᠨ ᠲᠠᠷᠢᠶ᠎ᠠ ᠲᠠᠢ ᠪᠠᠶᠢᠵᠤ᠂ ᠣᠨᠴᠠ ᠶᠠᠳᠠᠭᠤ ᠬᠦᠴᠢᠷᠳᠡᠯᠲᠡᠢ ᠲᠣᠰᠬᠤᠨ ᠪᠠᠶᠢᠵᠠᠢ    ᠲᠤᠰᠢᠶᠠᠯ ᠳᠤ ᠭᠠᠷᠤᠮᠠᠭᠴᠠ ᠪᠠᠨ ᠸᠠᠩ ᠽᠦ ︽ᠵᠠᠭᠤᠨ ᠡᠷᠦᠬᠡ ᠪᠠᠷ ᠶᠠᠪᠤᠵᠤ᠂ ᠵᠠᠭᠤᠨ ᠡᠷᠦᠬᠡ ᠶᠢᠨ ᠬᠤᠭᠤᠯᠠ ᠢᠳᠡᠵᠦ᠂ ᠵᠠᠭᠤᠨ ᠡᠷᠦᠬᠡ ᠶᠢᠨ ᠪᠠᠶᠢᠳᠠᠯ ᠢ ᠣᠶᠢᠯᠠᠭᠠᠵᠤ᠂ ᠵᠠᠭᠤᠨ ᠡᠷᠦᠬᠡ ᠶᠢᠨ ᠶᠠᠪᠤᠳᠠᠯ ᠢ ᠪᠦᠲᠦᠭᠡᠬᠦ︾ ᠪᠠᠷ ᠠᠵᠢᠯᠯᠠᠬᠤ ᠠᠷᠭ᠎ᠠ ᠪᠣᠯᠭᠠᠵᠤ᠂ ᠰᠠᠷ᠎ᠠ ᠭᠠᠷᠤᠢ ᠶᠢᠨ ᠬᠤᠭᠤᠴᠠᠭᠠᠨ ᠳᠤ᠂ ᠪᠦᠬᠦ ᠲᠣᠰᠬᠤᠨ ᠤ ᠡᠷᠦᠬᠡ ᠪᠦᠷᠢ ᠪᠠᠷ ᠶᠠᠪᠤᠵᠤ᠂ ᠡᠷᠦᠬᠡ ᠪᠦᠷᠢ ᠶᠢᠨ ᠪᠣᠳᠠᠲᠠᠢ ᠪᠠᠶᠢᠳᠠᠯ ᠳᠤ ᠴᠢᠭᠯᠡᠭᠦᠯᠦᠨ ᠲᠦᠷᠦ ᠶᠢᠨ ᠪᠣᠳᠣᠯᠭ᠎ᠠ ᠬᠡᠷᠡᠭᠵᠢᠭᠦᠯᠵᠦ᠂ 2020 ᠣᠨ ᠳᠤ ᠪᠦᠬᠦ ᠲᠣᠰᠬᠤᠨ ᠢᠶᠠᠷ ᠢᠶᠠᠨ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠪᠠ᠃    ᠰᠠᠨ ᠴᠠ ᠺᠧᠦ ᠰᠢᠶᠠᠩ ᠤᠨ ᠺᠠᠳ᠋ᠷ᠂ ᠸᠠᠩ ᠽᠦ ᠲᠠᠢ ᠬᠠᠮᠲᠤ ᠠᠵᠢᠯᠯᠠᠵᠤ ᠥᠩᠭᠡᠷᠡᠭᠰᠡᠨ ᠱᠧᠩ ᠫᠣᠩ ᠬᠤᠢ᠄ ︽ᠸᠠᠩ ᠽᠦ ᠱᠦᠵᠢ ᠶᠢᠨ ᠣᠷᠣᠢ ᠶᠢᠨ 11 ᠴᠠᠭ ᠲᠤ ᠪᠠᠰᠠ ᠠᠵᠢᠯᠯᠠᠵᠤ ᠪᠠᠶᠢᠬᠤ ᠶᠢ ᠪᠢ ᠦᠷᠭᠦᠯᠵᠢ ᠣᠯᠵᠤ ᠬᠠᠷᠠᠳᠠᠭ᠂ ᠮᠢᠨᠤ ᠠᠵᠢᠭᠯᠠᠭᠰᠠᠨ ᠢᠶᠠᠷ᠂ ᠸᠠᠩ ᠽᠦ ᠱᠦᠵᠢ ᠰᠠᠷ᠎ᠠ ᠪᠦᠷᠢ ᠳᠤᠮᠳᠠᠴᠢ ᠪᠠᠷ 25 ᠡᠳᠦᠷ ᠲᠤ ᠲᠣᠰᠬᠤᠨ ᠳᠠᠭᠠᠨ ᠪᠠᠶᠢᠳᠠᠭ︾ ᠭᠡᠵᠦ ᠬᠡᠯᠡᠪᠡ᠃    ᠠᠯᠠᠱᠠ ᠲᠣᠰᠬᠤᠨ ᠤ ᠲᠣᠰᠬᠤᠨ ᠤ ᠵᠠᠬᠢᠷᠭ᠎ᠠ ᠶᠢᠨ ᠵᠢᠭᠰᠠᠭᠠᠯ ᠤᠨ ᠭᠠᠵᠠᠷ ᠤᠨ ᠨᠥᠬᠦᠴᠡᠯ ᠪᠠᠷᠤᠭᠲᠠᠢ᠂ ᠡᠪᠦᠯ ᠤᠨ ᠤᠯᠠᠷᠢᠯ ᠳᠤ ᠨᠢᠭᠡ ᠯᠡ ᠵᠢᠵᠢᠭ ᠵᠤᠤᠬ᠎ᠠ ᠲᠠᠢ ᠪᠠᠶᠢᠵᠤ᠂ ᠭᠡᠷ ᠲᠤ ᠰᠠᠭᠤᠭᠠᠳ ᠲᠡᠰᠬᠦᠶ᠎ᠡ ᠪᠡᠷᠬᠡ ᠲᠡᠰᠬᠦ ᠶᠢᠨ ᠠᠷᠭ᠎ᠠ ᠦᠭᠡᠢ ᠲᠠᠭᠠᠷᠠᠵᠠᠢ᠃ ᠸᠠᠩ ᠽᠦ ᠥᠪᠡᠷ ᠢᠶᠠᠨ 7 ᠲᠦᠮᠡᠨ ᠲᠥᠭᠦᠷᠢᠭ ᠭᠠᠷᠭᠠᠵᠤ ᠲᠣᠰᠬᠤᠨ ᠤ ᠵᠠᠬᠢᠷᠭ᠎ᠠ ᠶᠢᠨ ᠭᠡᠷ ᠪᠠᠶᠢᠰᠢᠩ ᠢ ᠵᠠᠰᠠᠵᠤ ᠴᠢᠮᠡᠭᠯᠡᠭᠰᠡᠨ ᠪᠥᠭᠡᠳ ᠴᠠᠬᠢᠯᠭᠠᠨ ᠭᠠᠵᠠᠷ ᠤᠨ ᠳᠤᠯᠠᠭᠠᠯᠠᠭ᠎ᠠ ᠲᠠᠭᠠᠷᠠᠭᠤᠯᠵᠤ ᠂ ᠲᠣᠰᠬᠤᠨ ᠤ ᠠᠷᠠᠳ ᠤᠨ ᠵᠥᠪᠯᠡᠯ ᠢ ᠴᠡᠪᠡᠷ ᠲᠡᠭᠰᠢ ᠳᠤᠯᠠᠭᠠᠴᠠᠭᠤᠯᠵᠠᠢ᠃    ᠸᠠᠩ ᠽᠦ ᠠᠩᠬ᠎ᠠ ᠤᠳᠠᠭ᠎ᠠ ᠬᠠᠭᠠᠯᠭ᠎ᠠ ᠶᠢ ᠨᠢ ᠲᠦᠯᠬᠢᠵᠦ ᠰᠢᠶᠠ ᠡᡁᠸ ᠭᠧᠦ ᠲᠣᠰᠬᠤᠨ ᠤ ᠠᠷᠠᠳ ᠭᠤᠤ ᠰᠢᠶᠠᠩ ᠤᠨ ᠭᠡᠷ ᠲᠤ ᠣᠷᠣᠬᠤ ᠳᠤ᠂ ᠬᠡᠷᠡᠮ ᠤᠨ ᠬᠠᠯᠢᠰᠤ ᠨᠢ ᠬᠤᠪᠬᠤᠷᠠᠨ ᠤᠨᠠᠵᠤ᠂ ᠭᠡᠷ ᠤᠨ ᠣᠷᠣᠢ ᠨᠢ ᠪᠣᠷᠣᠭᠠᠨ ᠭᠤᠭᠤᠵᠢᠵᠤ᠂ ᠭᠠᠵᠠᠷ ᠳᠡᠭᠡᠷ᠎ᠡ ᠡᠯᠳᠡᠪ ᠶᠠᠭᠤᠮ᠎ᠠ ᠣᠪᠣᠭᠠᠯᠠᠵᠤ᠂ ᠲᠣᠭᠤᠭᠠᠨ ᠤ ᠲᠠᠪᠴᠠᠩ ᠳᠤ ᠤᠲᠤᠭ᠎ᠠ ᠤᠲᠤᠭ᠎ᠠ ᠮᠠᠨᠠᠷᠠᠵᠤ ᠪᠠᠶᠢᠬᠤ ᠶᠢ ᠣᠯᠵᠤ ᠦᠵᠡᠵᠡᠢ︔ ᠭᠡᠷ ᠲᠡᠭᠡᠨ 5 ᠠᠮᠠ ᠬᠥᠮᠥᠨ ᠲᠠᠢ᠂ ᠡᠬᠡᠨᠡᠷ ᠨᠢ ᠮᠡᠳᠡᠷᠡᠯ ᠤᠨ ᠵᠡᠮᠳᠡᠭ᠂ ᠳᠡᠭᠦᠦ ᠶᠢᠨ ᠬᠢᠨᠢ ᠪᠡᠶ᠎ᠡ ᠵᠡᠮᠳᠡᠭ᠂ ᠡᠵᠢ ᠨᠢ ᠭᠡᠳᠡᠰᠦᠨ ᠤ ᠲᠦᠭᠵᠢᠷᠡᠯ ᠳᠤ ᠨᠡᠷᠪᠡᠭᠳᠡᠵᠦ᠂ ᠵᠢᠯ ᠲᠤᠷᠰᠢ ᠢᠯᠭᠠᠳᠠᠰᠤ ᠶᠢᠨ ᠤᠭᠤᠲᠠ ᠠᠪᠴᠤ ᠶᠠᠪᠤᠳᠠᠭ᠂ ᠬᠡᠦᠬᠡᠳ ᠢᠶᠠᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠬᠤ ᠳᠤ ᠬᠠᠳᠠᠮ ᠡᠵᠢ ᠪᠠᠨ ᠠᠰᠠᠷᠠᠨ ᠲᠡᠵᠢᠭᠡᠬᠦ ᠳᠤ ᠲᠦᠰᠢᠭᠯᠡᠵᠦ ᠪᠠᠶᠢᠪᠠ᠂ ᠭᠡᠲᠡᠯ᠎ᠡ ᠭᠤᠣ ᠰᠢᠶᠠᠩ ᠬᠠᠷᠢᠨ ᠡᠳᠦᠷ ᠪᠦᠷᠢ ᠠᠷᠢᠬᠢ ᠤᠤᠭᠤᠵᠤ᠂ ᠭᠤᠣᠯ ᠠᠵᠢᠯ ᠢᠶᠠᠨ ᠬᠢᠬᠦ ᠦᠭᠡᠢ᠂ ᠨᠢᠭᠡ ᠭᠡᠷ ᠤᠨ ᠭᠤᠣᠯ ᠣᠷᠣᠯᠭ᠎ᠠ ᠨᠢ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠮᠥᠩᠭᠦ᠂ ᠵᠡᠮᠳᠡᠭᠴᠦᠳ ᠤᠨ ᠨᠥᠬᠦᠪᠦᠷᠢ ᠪᠠ ᠪᠠᠭ᠎ᠠ ᠰᠠᠭ᠎ᠠ ᠳᠠᠷᠢᠵᠤ ᠲᠡᠵᠢᠭᠡᠨ ᠦᠷᠡᠵᠢᠭᠦᠯᠦᠭᠰᠡᠨ ᠣᠷᠣᠯᠭ᠎ᠠ ᠳᠠᠭᠠᠨ ᠲᠦᠰᠢᠭᠯᠡᠵᠦ ᠪᠠᠶᠢᠪᠠ᠂ ᠡᠨᠡ ᠬᠦ ᠪᠠᠶᠢᠳᠠᠯ  ᠨᠢ ᠸᠠᠩ ᠽᠧ  ᠶᠢ ᠬᠡᠯᠡᠬᠦ ᠶᠢᠨ ᠠᠷᠭ᠎ᠠ ᠦᠭᠡᠢ ᠭᠠᠰᠢᠭᠤᠨ ᠵᠣᠪᠠᠯᠠᠩ ᠳᠤ ᠤᠴᠠᠷᠠᠭᠤᠯᠵᠠᠢ᠃    ᠳᠠᠷᠠᠭ᠎ᠠ ᠨᠢ᠂ ᠸᠠᠩ ᠽᠦ ᠨᠠᠮ ᠤᠨ ᠡᠭᠦᠷ ᠤᠨ ᠭᠡᠰᠢᠭᠦᠳ ᠤᠨ ᠬᠤᠷᠠᠯ ᠬᠤᠷᠠᠯᠳᠤᠭᠤᠯᠵᠤ ᠠᠪᠤᠷᠠᠨ ᠲᠤᠰᠠᠯᠠᠬᠤ ᠲᠥᠰᠥᠯ ᠲᠣᠭᠲᠠᠭᠠᠵᠤ᠂ ᠭᠤᠤ ᠰᠢᠶᠠᠩ ᠤᠨ ᠡᠵᠢ ᠳᠤ ᠲᠦᠷ ᠴᠠᠭ ᠤᠨ ᠠᠪᠤᠷᠠᠨ ᠲᠤᠰᠠᠯᠠᠯᠲᠠ ᠥᠭᠴᠦ᠂ ᠭᠤᠤ ᠰᠢᠶᠠᠩ ᠢ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠴᠡᠪᠡᠷᠯᠡᠭᠴᠢ ᠪᠠᠷ ᠤᠷᠢᠨ ᠬᠡᠷᠡᠭᠯᠡᠪᠡ︔ ᠲᠡᠷᠡ ᠥᠪᠡᠷ ᠢᠶᠠᠨ 3000 ᠲᠥᠭᠦᠷᠢᠭ ᠭᠠᠷᠭᠠᠵᠤ ᠬᠥᠮᠥᠨ ᠬᠥᠯᠥᠰᠦᠯᠡᠨ ᠭᠤᠤ ᠰᠢᠶᠠᠩ ᠤᠨ ᠭᠡᠷ ᠤᠨ ᠬᠤᠭ ᠢ ᠨᠢ ᠬᠤᠰᠤᠵᠤ᠂ ᠭᠡᠷ ᠤᠨ ᠣᠷᠣᠢ ᠶᠢ ᠨᠢ ᠰᠣᠯᠢᠵᠤ᠂ ᠲᠡᠳᠡᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠪᠠ᠃    ᠲᠣᠰᠬᠤᠨ ᠤ ᠠᠷᠠᠳ ᠵᠢᠶᠠ ᠾᠧ ᠫᠢᠩ ᠤᠨ ᠭᠡᠷ ᠲᠤ ᠬᠦᠷᠬᠦ ᠳᠤ᠂ ᠲᠡᠷᠡ ᠬᠡᠦᠬᠡᠳ ᠲᠠᠢ ᠪᠠᠨ ᠸᠢᠳᠢᠤ᠋ ᠪᠠᠷ ᠶᠠᠷᠢᠯᠴᠠᠵᠤ ᠪᠠᠷᠠᠲᠠᠯ᠎ᠠ᠂ 62 ᠨᠠᠰᠤᠲᠠᠢ ᠲᠡᠷᠡ᠄ ︽ᠪᠢ ᠡᠨᠡ ᠵᠢᠯ ᠬᠤᠶᠠᠷ ᠪᠠᠶᠠᠷ ᠤᠨ ᠶᠠᠪᠤᠳᠠᠯ ᠲᠠᠢ ᠪᠣᠯᠪᠠ᠂ ᠨᠢᠭᠡ ᠳᠤ ᠡᠨᠡ ᠵᠢᠯ ᠤᠨ ᠣᠷᠣᠯᠭ᠎ᠠ ᠨᠢᠳᠤᠨᠤᠨ ᠤ ᠬᠢ ᠠᠴᠠ ᠨᠢᠭᠡ ᠲᠠᠬᠢᠨ ᠰᠢᠬᠠᠮ ᠥᠨᠳᠥᠷ ᠪᠣᠯᠪᠠ᠂ ᠨᠦᠬᠦᠬᠡ ᠨᠢ ᠦᠷ᠎ᠡ ᠬᠡᠦᠬᠡᠳ ᠲᠠᠢ ᠪᠠᠨ ᠸᠢᠳᠢᠤ᠋ ᠪᠠᠷ ᠦᠷᠭᠦᠯᠵᠢ ᠵᠣᠭᠤᠭᠳᠠᠨ᠎ᠠ︾ ᠭᠡᠵᠦ ᠪᠠᠶᠠᠷᠲᠠᠢ ᠪᠠᠷ ᠬᠡᠯᠡᠪᠡ᠃    ᠵᠢᠶᠠ ᠾᠧ ᠫᠢᠩ ᠲᠠᠷᠢᠬᠢᠨ ᠳᠠᠭᠠᠨ ᠮᠡᠰᠡ ᠵᠠᠰᠠᠯ ᠬᠢᠭᠰᠡᠨ ᠠᠴᠠ ᠭᠡᠷ ᠪᠦᠯᠢ ᠶᠢᠨ ᠬᠢᠨ ᠬᠦᠴᠢᠷᠳᠡᠯ ᠳᠤ ᠲᠤᠯᠭᠠᠷᠠᠵᠠᠢ᠃ ᠲᠡᠷᠡ ᠬᠡᠳᠦᠶᠢᠪᠡᠷ 30 ᠭᠠᠷᠤᠢ ᠰᠠᠭᠤᠷᠢ ︽123︾ ᠵᠢᠮᠢᠰ ᠤᠨ ᠮᠣᠳᠣ ᠳᠠᠷᠢᠭᠰᠠᠨ ᠪᠣᠯᠪᠠᠴᠤ ᠵᠢᠯ ᠪᠦᠷᠢ ᠶᠢᠨ ᠬᠤᠷᠢᠶᠠᠯᠲᠠ ᠶᠢᠨ ᠤᠯᠠᠷᠢᠯ ᠪᠣᠯᠬᠤ ᠳᠤ ᠴᠥᠮ ᠪᠣᠷᠤᠯᠠᠭᠤᠯᠭ᠎ᠠ ᠶᠢᠨ ᠵᠠᠮ ᠦᠭᠡᠢ ᠪᠣᠯ ᠰᠠᠶᠢᠨ ᠦᠨ᠎ᠡ ᠪᠠᠷ ᠬᠤᠳᠠᠯᠳᠤᠵᠤ ᠳᠡᠶᠢᠯᠬᠦ ᠦᠭᠡᠢ ᠠᠴᠠ ᠪᠣᠯᠵᠤ ᠰᠠᠨᠠᠭ᠎ᠠ ᠵᠣᠪᠠᠳᠠᠭ᠃ ︽ᠰᠢᠶᠣᠣ ᠸᠠᠩ ᠱᠦᠵᠢ ᠨᠠᠳᠠ ᠳᠤ ᠵᠢᠮᠢᠰ ᠢ ᠵᠢᠨᠢᠩ ᠳᠤ ᠠᠪᠠᠴᠢᠵᠤ ᠬᠤᠳᠠᠯᠳᠤᠭᠠᠳ ᠨᠠᠶᠢᠵᠠ ᠪᠠᠷ ᠢᠶᠠᠨ ᠰᠠᠶᠢᠨ ᠦᠨ᠎ᠡ ᠪᠠᠷ ᠬᠤᠳᠠᠯᠳᠤᠭᠤᠯᠪᠠ᠃ ᠨᠢᠳᠤᠨᠤᠨ ᠪᠢ ᠪᠠᠰᠠ 2 ᠮᠦ ᠵᠢᠮᠢᠰ ᠡᠷᠳᠡᠨᠢ ᠰᠢᠰᠢ ᠶᠢ ᠲᠤᠷᠰᠢᠨ ᠳᠠᠷᠢᠵᠠᠢ᠂ ᠸᠠᠩ ᠱᠦᠵᠢ ᠪᠠᠰᠠ ᠪᠣᠷᠤᠯᠠᠭᠤᠯᠭ᠎ᠠ ᠶᠢᠨ ᠵᠠᠮ ᠢ ᠡᠷᠢᠵᠦ ᠥᠭᠭᠦᠭᠡᠳ 2000 ᠲᠥᠭᠦᠷᠢᠭ ᠤᠨ ᠣᠷᠣᠯᠭ᠎ᠠ ᠣᠯᠵᠠᠢ︾ ᠭᠡᠵᠦ ᠬᠡᠯᠡᠵᠡᠢ᠃ ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 15  ᠤ ᠴᠠᠬᠢᠯᠭᠠᠨ ᠮᠡᠳᠡᠭᠡ ᠠᠴᠠ ᠭᠡᠵᠦ ᠵᠢᠭᠠᠵᠤ ᠭᠠᠷᠭᠠᠪᠠ ᠃ ᠡᠨᠡ ᠤᠳᠠᠭ᠎ᠠ ᠶᠢᠨ ᠳᠤᠮᠳᠠᠳᠤ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠡᠭᠡᠵᠢᠩ ᠤᠨ 1 ᠰᠠᠷ᠎ᠠ ᠶᠢᠨ 1  ᠤ ᠴᠠᠬᠢᠯᠭᠠᠨ ᠮᠡᠳᠡᠭᠡ ᠠᠴᠠ᠃ ᠵᠢᠶᠠ ᠾᠧ ᠫᠢᠩ ᠪᠠᠶᠠᠷᠯᠠᠭᠠᠳ ᠠᠮᠠ ᠪᠠᠨ ᠬᠠᠮᠬᠢᠵᠤ ᠴᠢᠳᠠᠬᠤ ᠦᠭᠡᠢ ᠪᠣᠯᠪᠠ᠃    ᠰᠢᠶᠠ ᠾᠧᠢ ᠭᠧᠦ ᠲᠣᠰᠬᠤᠨ ᠳᠤ ᠪᠠᠶᠢᠭᠠᠯᠢ ᠶᠢᠨ ᠬᠠᠯᠠᠭᠤᠨ ᠷᠠᠰᠢᠶᠠᠨ ᠲᠠᠢ ᠪᠠᠶᠢᠵᠤ᠂ ᠵᠢᠯ ᠤᠨ ᠳᠦᠷᠪᠡᠨ ᠤᠯᠠᠷᠢᠯ ᠳᠤ ᠲᠠᠰᠤᠷᠠᠯᠲᠠ ᠦᠭᠡᠢ ᠤᠷᠤᠰᠤᠨ᠎ᠠ᠃ ᠥᠩᠭᠡᠷᠡᠭᠰᠡᠨ ᠵᠢᠯ ᠤᠳ ᠲᠤ᠂ ᠲᠣᠰᠬᠤᠨ ᠤ ᠠᠷᠠᠳ ᠥᠪᠡᠷ ᠢᠶᠠᠨ ᠨᠢᠭᠡᠨ ᠵᠢᠵᠢᠭ ᠤᠰᠤᠨ ᠰᠤᠪᠠᠭ ᠵᠠᠰᠠᠵᠤ ᠤᠰᠤ ᠲᠠᠲᠠᠵᠤ ᠤᠰᠤᠯᠠᠭᠰᠠᠨ ᠪᠠᠶᠢᠨ᠎ᠠ᠃ ᠮᠠᠰᠢᠨ ᠮᠧᠬᠠᠨᠢᠭ ᠢᠶᠠᠷ ᠠᠵᠢᠯᠯᠠᠭᠰᠠᠨ ᠦᠭᠡᠢ ᠠᠴᠠ ᠪᠣᠯᠵᠤ᠂ ᠤᠰᠤᠨ ᠰᠤᠪᠠᠭ ᠠᠴᠠ ᠭᠠᠷᠭᠠᠭᠰᠠᠨ ᠤᠰᠤᠨ ᠤ ᠶᠡᠬᠡᠩᠬᠢ ᠬᠡᠰᠡᠭ ᠨᠢ ᠴᠥᠮ ᠨᠡᠪᠴᠢᠵᠦ ᠭᠤᠭᠤᠵᠢᠭᠰᠠᠨ ᠠᠴᠠ ᠲᠣᠰᠬᠤᠨ ᠤ ᠠᠷᠠᠳ ᠶᠡᠭᠡ ᠬᠡᠮᠵᠢᠶᠡᠨ ᠤ ᠰᠦᠯᠢᠶᠥᠦ ᠪᠥᠰ ᠬᠤᠳᠠᠯᠳᠤᠨ ᠠᠪᠴᠤ ᠰᠤᠪᠠᠭ ᠲᠤ ᠳᠡᠪᠢᠰᠦᠭᠰᠡᠨ ᠪᠣᠯᠪᠠᠴᠤ ᠲᠡᠭᠦᠨ ᠤ ᠦᠢᠯᠡᠳᠦᠯ ᠨᠢ ᠲᠤᠩ ᠪᠠᠭ᠎ᠠ ᠪᠠᠶᠢᠪᠠ᠃    ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ︾ ᠤᠨ ᠠᠵᠢᠯᠯᠠᠭ᠎ᠠ ᠶᠢ ᠥᠷᠨᠢᠭᠦᠯᠬᠦ ᠳᠤᠮᠳᠠ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠤᠰᠤᠨ ᠰᠤᠪᠠᠭ ᠵᠠᠰᠠᠬᠤ ᠶᠢ ︽ᠪᠢᠳᠡ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠲᠥᠷᠥᠯ ᠵᠦᠢᠯ ᠳᠤ ᠵᠢᠭᠰᠠᠭᠠᠨ ᠣᠷᠣᠭᠤᠯᠵᠤ᠂ ᠬᠠᠭᠠᠰ ᠵᠢᠯ ᠭᠠᠷᠤᠢ ᠶᠢᠨ ᠵᠣᠯᠭᠠᠯᠴᠠᠭ᠎ᠠ ᠪᠠ ᠲᠥᠰᠥᠯ ᠲᠣᠭᠲᠠᠭᠠᠬᠤ ᠪᠠᠷ ᠳᠡᠮᠵᠢᠨ᠂ 110 ᠲᠦᠮᠡᠨ ᠲᠥᠭᠦᠷᠢᠭ ᠤᠨ ᠪᠡᠯᠡ ᠣᠷᠣᠭᠤᠯᠵᠤ ᠲᠣᠰ ᠲᠣᠰᠬᠤᠨ ᠳᠤ ᠳᠠᠮᠵᠢᠭᠤᠯᠬᠤ ᠬᠤᠭᠤᠯᠠᠢ ᠶᠢᠨ ᠤᠰᠤᠨ ᠰᠤᠪᠠᠭ ᠵᠠᠰᠠᠵᠤ᠂ ᠲᠤᠬᠠᠢ ᠶᠢᠨ ᠦᠶ᠎ᠡ ᠳᠤ 796 ᠮᠦ ᠲᠠᠷᠢᠶᠠᠨ ᠭᠠᠵᠠᠷ ᠢ ᠢᠯᠡᠭᠦᠦ ᠤᠰᠤᠯᠠᠵᠤ᠂ 3 ᠠᠶᠢᠯ ᠲᠣᠰᠬᠤᠨ ᠤ ᠠᠷᠠᠳ ᠲᠤ ᠠᠰᠢᠭ ᠬᠦᠷᠲᠡᠭᠡᠨ᠎ᠡ᠃    ︽ᠡᠨᠡ ᠤᠳᠠᠭ᠎ᠠ ᠰᠢᠶᠣᠣ ᠸᠠᠩ ᠱᠦᠵᠢ ᠶᠢᠨ ᠴᠢᠷᠮᠠᠶᠢᠯᠭ᠎ᠠ ᠪᠠᠷ ᠲᠦᠷᠦᠯ ᠵᠦᠢᠯ ᠤᠨ ᠪᠡᠯᠡ ᠮᠥᠩᠭᠦ ᠶᠢ ᠣᠯᠵᠤ᠂ ᠢᠷᠡᠬᠦ ᠵᠢᠯ ᠤᠨ ᠬᠠᠪᠤᠷ ᠤᠰᠤᠨ ᠰᠤᠪᠠᠭ ᠢ ᠰᠡᠯᠪᠢᠨ ᠵᠠᠰᠠᠬᠤ ᠪᠠᠷ ᠪᠡᠯᠡᠳᠬᠡᠵᠦ ᠪᠠᠶᠢᠪᠠ᠂ ᠡᠨᠡ ᠬᠤᠭᠤᠴᠠᠭᠠᠨ ᠳᠤ᠂ ᠬᠠᠶᠢᠨ ᠬᠡᠮᠵᠢᠬᠦ ᠰᠠᠯᠠᠭ᠎ᠠ ᠮᠥᠴᠢᠷ ᠤᠨ ᠬᠢᠨ ᠴᠥᠮ ᠰᠢᠶᠣᠣ ᠸᠠᠩ ᠱᠦᠵᠢ ᠥᠪᠡᠷ ᠢᠶᠠᠨ ᠵᠣᠭᠤᠰ ᠭᠠᠷᠭᠠᠨ ᠪᠤᠰᠤᠳ ᠢ ᠵᠠᠯᠠᠵᠤ ᠬᠤᠭᠤᠯᠠ ᠢᠳᠡᠭᠦᠯᠵᠡᠢ︾ᠭᠡᠵᠦ ᠬᠡᠯᠡᠪᠡ᠃ 72 ᠨᠠᠰᠤᠲᠠᠢ ᠲᠣᠰᠬᠤᠨ ᠤ ᠡᠮᠴᠢ ᠪᠠᠢ ᠭᠤᠸᠠᠩ ᠷᠧᠨ ᠨᠠᠰᠤᠲᠠᠨ ᠶᠠᠷᠢᠬᠤ ᠶᠢᠨ ᠳᠠᠭᠠᠤ ᠨᠢᠯᠪᠤᠰᠤ ᠪᠠᠨ ᠠᠷᠴᠢᠵᠤ ᠪᠠᠶᠢᠯ᠎ᠠ᠃ ᠠᠯᠠᠱᠠ ᠲᠣᠰᠬᠤᠨ ᠳᠤ ᠬᠦᠷᠦᠭᠰᠡᠨ ᠤ ᠬᠤᠶᠠᠷ ᠵᠢᠯ ᠳᠤ᠂ ᠸᠠᠩ ᠽᠦ ᠲᠣᠰᠬᠤᠨ ᠤ ᠪᠠᠨ ᠵᠠᠷᠤᠳᠠᠯ ᠳᠤ ᠨᠡᠶᠢᠳᠡ 9 ᠲᠦᠮᠡ ᠭᠠᠷᠤᠢ ᠲᠥᠭᠦᠷᠢᠭ ᠵᠠᠷᠤᠴᠠᠭᠤᠯᠵᠠᠢ᠃ ᠡᠭᠦᠨ ᠤ ᠲᠤᠬᠠᠢ ᠲᠡᠷᠡ᠄ ︽ᠮᠢᠨᠤ ᠦᠵᠡᠬᠦ ᠪᠠᠷ ᠲᠣᠰᠬᠤᠨ ᠤ ᠠᠷᠠᠳ ᠬᠦᠴᠢᠷᠳᠡᠯ ᠲᠠᠢ ᠪᠠᠶᠢᠨ᠎ᠠ︕ ᠮᠢᠨᠤ ᠪᠡᠷᠢ ᠴᠦ ᠡᠬᠢᠯᠡᠩᠭᠦᠲᠡ ᠪᠠᠨ ᠤᠳᠤ ᠶᠢᠨ ᠣᠶᠢᠯᠠᠭᠠᠯᠲᠠ ᠳᠡᠮᠵᠢᠯᠭᠡ ᠶᠢ ᠣᠶᠢᠯᠠᠭᠠᠬᠤ ᠦᠭᠡᠢ ᠪᠠᠶᠢᠭᠰᠠᠨ ᠠᠴᠠ ᠪᠠᠨ ᠤᠳᠤ ᠦᠶ᠎ᠡ ᠶᠢᠨ ᠣᠶᠢᠯᠠᠭᠠᠯᠲᠠ ᠳᠡᠮᠵᠢᠯᠭᠡ ᠶᠢ ᠣᠶᠢᠯᠠᠭᠠᠵᠤ ᠮᠡᠳᠡᠭᠰᠡᠨ ᠦᠭᠡᠢ᠂ ᠭᠤᠣᠯ ᠨᠢ ᠮᠢᠨᠤ ᠠᠪᠤ ᠡᠵᠢ ᠨᠠᠳᠠ ᠳᠤ ᠭᠠᠭᠴᠠᠬᠠᠨ ᠬᠦᠦ ᠲᠠᠢ ᠪᠠᠶᠢᠵᠤ᠂ ᠲᠦᠷᠦᠭᠦᠦ ᠬᠡᠳᠦᠨ ᠵᠢᠯ ᠤᠨ ᠭᠡᠷ ᠤᠨ ᠨᠤᠷᠠᠭᠠᠵᠤ ᠨᠡᠭᠦᠯᠭᠡᠬᠦ ᠵᠣᠭᠤᠰ ᠢᠶᠠᠨ ᠭᠠᠷᠭᠠᠵᠤ ᠨᠠᠮᠠᠶᠢ ᠳᠡᠮᠵᠢᠭᠰᠡᠨ ᠠᠴᠠ ᠪᠣᠯᠤᠭᠰᠠᠨ ᠶᠤᠮ︕︾ ᠭᠡᠵᠦ ᠬᠡᠯᠡᠵᠡᠢ᠃ ᠡᠭᠦᠨ ᠳᠤ ᠲᠡᠷᠡ᠄ ︽ᠮᠢᠨᠤ ᠲᠣᠰᠬᠤᠨ ᠤ ᠠᠷᠠᠳ ᠤᠨ ᠬᠦᠴᠢᠷᠳᠡᠯ ᠢ ᠪᠢ ᠦᠵᠡᠵᠦ ᠳᠡᠶᠢᠯᠬᠦ ᠦᠭᠡᠢ︕︾ ᠭᠡᠵᠦ ᠬᠡᠯᠡᠪᠡ᠃    ᠭᠠᠴᠠᠭᠠᠨ ᠤ ᠠᠷᠠᠳ ᠲᠤ ᠠᠰᠢᠭ ᠲᠠᠢ ᠯᠠ ᠶᠤᠮ ᠪᠣᠯ ᠸᠠᠩ ᠽᠧ ᠳᠠᠷᠤᠢ ᠣᠴᠢᠵᠤ ᠬᠢᠬᠦ ᠬᠡᠷᠡᠭᠲᠡᠢ᠃ ᠡᠳᠦᠭᠡ ᠠᠯᠠᠱᠠ ᠲᠣᠰᠬᠤᠨ ᠤ ᠬᠠᠮᠲᠤ ᠶᠢᠨ ᠠᠵᠤ ᠠᠬᠤᠢ ᠬᠦᠷ ᠬᠥᠭᠵᠢᠶᠡᠨ ᠲᠠᠢ ᠪᠠᠶᠢᠨ᠎ᠠ᠄ 185.89 ᠲᠦᠮᠡᠨ ᠲᠥᠭᠦᠷᠢᠭ ᠤᠨ ᠪᠡᠯᠡ ᠣᠷᠣᠭᠤᠯᠵᠤ ᠬᠡᠷᠡᠯ ᠴᠡᠨᠡᠭ ᠤᠨ ᠴᠠᠬᠢᠯᠭᠠᠨ ᠦᠷᠳᠡᠭᠡ ᠶᠢ ᠪᠠᠶᠢᠭᠤᠯᠵᠤ᠂ 2020 ᠣᠨ ᠤ ᠰᠡᠭᠦᠯᠴᠢ ᠪᠠᠷ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠵᠢᠯ ᠤᠨ ᠣᠷᠣᠯᠭ᠎ᠠ ᠨᠢ 40 ᠲᠦᠮᠡᠨ ᠲᠥᠭᠦᠷᠢᠭ ᠲᠤ ᠬᠦᠷᠴᠡᠢ︔ ᠬᠤᠳᠠᠯᠳᠤᠨ ᠠᠪᠤᠭᠰᠠᠨ 2 ᠲᠣᠮᠣ ᠫᠧᠩ ᠤᠨ ᠵᠢᠯ ᠤᠨ ᠣᠷᠣᠯᠭ᠎ᠠ ᠨᠢ 0.9 ᠲᠦᠮᠡᠨ ᠲᠥᠭᠦᠷᠢᠭ ᠲᠤ ᠬᠦᠷᠴᠡᠢ᠃ ᠪᠡᠭᠡᠵᠢᠩ ᠥᠪᠥᠷ ᠮᠣᠩᠭᠤᠯ 35 ᠲᠦᠮᠡᠨ ᠲᠥᠭᠦᠷᠢᠭ ᠢ ᠬᠠᠪᠰᠤᠷᠤᠨ ᠲᠡᠳᠬᠦᠵᠦ᠂ ᠲᠣᠰᠬᠤᠨ ᠤ ᠠᠷᠠᠳ ᠤᠨ ᠵᠥᠪᠯᠡᠯ 8.6 ᠲᠦᠮᠡᠨ ᠲᠥᠭᠦᠷᠢᠭ ᠭᠠᠷᠭᠠᠵᠤ᠂ ᠨᠡᠶᠢᠲᠡ 43.6 ᠲᠦᠮᠡᠨ ᠲᠥᠭᠦᠷᠢᠭ ᠣᠷᠣᠭᠤᠯᠵᠤ ᠨᠢᠭᠡ ᠢᠵᠢ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠴᠤ᠂ ᠨᠢᠳᠤᠨᠤᠨ 9 ᠲᠦᠮᠡᠨ ᠲᠥᠭᠦᠷᠢᠭ ᠤᠨ ᠣᠷᠣᠯᠭ᠎ᠠ ᠣᠯᠵᠠᠢ ᠁
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号