【ᠨᠢᠭᠡᠳᠦᠭᠡᠷ ᠱᠦᠵᠢ ᠶᠢᠨ ᠴᠤᠭ ᠵᠢᠪᠬᠤᠭ᠎ᠠ】ᠲᠣᠰᠬᠤᠨ ᠳᠤ ᠰᠠᠭᠤᠬᠤ ᠶᠢᠨ ᠡᠷᠬᠢᠮ ᠨᠢ ᠰᠡᠳᠬᠢᠯ ᠳᠤ ᠪᠤᠢ
ᠨᠡᠶᠢᠲᠡᠯᠡᠭᠰᠡᠨ ᠴᠠᠭ᠄
2022/2/18
    ᠡᠶᠢᠮᠦ ᠨᠢᠭᠡ ᠪᠦᠯᠦᠭ ᠬᠥᠮᠥᠰ ᠤᠤᠯ ᠤᠨ ᠪᠠᠶᠢᠭᠤᠯᠤᠯᠭ᠎ᠠ ᠠᠴᠠ ᠪᠠᠨ ᠬᠤᠰᠢᠭᠤ ᠰᠢᠶᠠᠨ ᠰᠢᠶᠠᠩ ᠪᠠᠯᠭᠠᠰᠤ ᠲᠣᠰᠬᠤᠨ ᠳᠤ ᠠᠶᠠᠯᠠᠨ ᠪᠠᠶᠢᠯᠳᠤᠵᠤ᠂ ᠴᠡᠭ ᠲᠤ ᠰᠠᠭᠤᠨ ᠪᠠᠶᠢᠴᠠᠭᠠᠨ ᠰᠤᠳᠤᠯᠤᠯᠲᠠ ᠬᠢᠵᠦ᠂ ᠲᠣᠰᠬᠤᠨ ᠤ ᠠᠷᠠᠳ ᠢᠶᠠᠷ ᠶᠠᠪᠤᠵᠤ᠂ ᠠᠷᠭ᠎ᠠ ᠤᠬᠠᠭᠠᠨ ᠭᠠᠷᠭᠠᠵᠤ᠂ ᠪᠦᠬᠦ ᠬᠦᠴᠦᠨ ᠢᠶᠠᠷ ᠢᠶᠠᠨ ᠬᠠᠪᠰᠤᠷᠤᠨ ᠲᠡᠳᠬᠦᠵᠦ᠂ ᠬᠠᠶᠢᠷ᠎ᠠ ᠰᠡᠳᠬᠢᠯᠭᠡ ᠲᠠᠢ ᠲᠣᠰᠬᠤᠨ ᠳᠤ ᠰᠠᠭᠤᠬᠤ ᠠᠵᠢᠯ ᠦᠢᠯᠡᠰ ᠲᠡᠭᠡᠨ ᠬᠦᠴᠦ ᠬᠥᠯᠥᠰᠦ ᠪᠠᠨ ᠤᠷᠤᠰᠬᠠᠵᠤ᠂ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠵᠡᠢ᠃ ᠡᠨᠡ ᠪᠦᠯᠦᠭ ᠬᠥᠮᠥᠰ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠭᠡᠰᠡᠨ ᠬᠠᠮᠲᠤ ᠶᠢᠨ ᠨᠡᠷ᠎ᠡ ᠲᠠᠢ᠃     ᠸᠠᠩ ᠭᠠᠩ ᠪᠣᠯ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠣᠨ᠎ᠠ᠃ ᠲᠡᠷᠡ ᠪᠣᠯ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠨᠢᠭᠡᠨ ᠡᠩ ᠤᠨ ᠺᠠᠳ᠋ᠷ ᠪᠣᠯᠣᠨ᠎ᠠ᠂ ᠨᠢᠳᠤᠨᠤᠨ ᠤ 5 ᠰᠠᠷ᠎ᠠ ᠳᠤ᠂ ᠲᠡᠷᠡ ᠣᠷᠳᠣᠰ ᠬᠤᠳᠠ ᠶᠢᠨ ᠳᠠᠯᠠᠳ ᠬᠤᠰᠢᠭᠤᠨ ᠤ ᠭᠢᠭᠦᠰᠳᠠᠢ ᠪᠠᠯᠭᠠᠰᠤ ᠶᠢᠨ ᠳ᠋ᠠ ᠬᠤᠩ ᠺᠦᠢ ᠲᠣᠰᠬᠤᠨ ᠳᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠲᠤᠰᠢᠶᠠᠯ ᠢ ᠬᠠᠷᠢᠭᠤᠴᠠᠬᠤ ᠪᠠᠷ ᠲᠣᠮᠢᠯᠠᠭᠳᠠᠪᠠ᠃ ᠡᠨᠡᠬᠦ 33 ᠨᠠᠰᠤᠲᠠᠢ ᠵᠠᠯᠠᠭᠤ ︽ᠠᠯᠪᠠᠨ ᠰᠢᠷᠡᠭᠡ︾ ᠶᠢ ᠤᠯᠠᠠ ᠲᠦᠮᠡᠨ ᠤ ᠭᠡᠷ ᠲᠤ ᠪᠠᠶᠢᠷᠢᠯᠠᠭᠤᠯᠵᠤ᠂︽ᠠᠵᠢᠯ ᠤᠨ ᠬᠦᠰᠦᠨᠦᠭ︾ ᠢ ᠲᠠᠷᠢᠶᠠᠨ ᠳᠤᠮᠳᠠ ᠵᠢᠭᠰᠠᠭᠠᠵᠤ᠂ ᠦᠷᠭᠦᠯᠵᠢ ᠲᠣᠰᠬᠤᠨ ᠤ ᠺᠠᠳ᠋ᠷ ᠲᠠᠢ ᠬᠠᠮᠲᠤ ᠡᠷᠦᠭᠡ ᠳᠠᠷᠠᠭᠠᠯᠠᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠨᠢᠭᠡᠨ ᠨᠠᠮ ᠤᠨ ᠭᠡᠰᠢᠭᠦᠨ ᠺᠠᠳ᠋ᠷ ᠤᠨ ᠠᠷᠠᠳ ᠲᠦᠮᠡᠨ ᠳᠤ ᠦᠢᠯᠡᠴᠢᠯᠡᠬᠦ ᠶᠢᠨ ᠦᠨᠡᠨ ᠤᠳᠬ᠎ᠠ ᠶᠢ ᠲᠠᠶᠢᠯᠪᠤᠷᠢᠯᠠᠵᠤ᠂ ᠳ᠋ᠠ ᠬᠤᠩ ᠺᠦᠢ ᠲᠣᠰᠬᠤᠨ ᠤ ᠬᠥᠭᠵᠢᠯᠲᠡ ᠳᠤ ᠰᠢᠨ᠎ᠡ ᠰᠣᠷᠭᠤᠭ ᠠᠮᠢᠵᠢᠷᠠᠯ ᠤᠨ ᠬᠦᠴᠦᠨ ᠢ ᠨᠡᠮᠡᠷᠢᠯᠡᠵᠡᠢ᠃     ᠲᠣᠰᠬᠤᠨ ᠳᠤ ᠰᠠᠭᠤᠵᠤ ᠡᠬᠢᠯᠡᠮᠡᠭᠴᠡ᠂ ᠸᠠᠩ ᠭᠠᠩ ᠡᠩ ᠲᠡᠷᠢᠭᠦᠨ ᠳᠤ ᠲᠣᠰᠬᠤᠨ ᠤ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠠᠴᠠ ᠭᠠᠷᠳᠠᠵᠦ᠂ ᠤᠯᠠᠨ ᠲᠦᠷᠦᠯ ᠵᠦᠢᠯ ᠢ ᠵᠣᠬᠢᠴᠠᠭᠤᠯᠤᠨ ᠪᠡᠶᠡᠯᠡᠭᠦᠯᠵᠡᠢ᠄ 3 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ ᠲᠣᠰᠬᠤᠨ ᠤ ᠳᠣᠲᠣᠷᠠᠬᠢ ᠪᠤᠢ ᠪᠦᠬᠦᠢ ᠵᠠᠮ ᠤᠨ ᠳ᠋ᠧᠩ ᠤᠨ ᠲᠥᠬᠦᠭᠡᠷᠦᠮᠵᠢ ᠶᠢ ᠰᠡᠯᠪᠢᠨ ᠵᠠᠰᠠᠵᠤ ᠰᠣᠯᠢᠪᠠ︔ 8 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ ᠯᠢᠦ ᠦ᠋ ᠭᠧ ᠳ᠋ᠦ᠋ ᠬᠤᠷᠢᠶ᠎ᠠ ᠶᠢᠨ ᠰᠣᠶᠣᠯ ᠤᠨ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠢ ᠰᠢᠨ᠎ᠡ ᠪᠠᠷ ᠪᠠᠶᠢᠭᠤᠯᠪᠠ  2 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ ᠳ᠋ᠠ ᠨᠠᠨ ᠱᠧ ᠵᠠᠮ ᠢ ᠵᠠᠰᠠᠪᠠ︔ ᠬᠠᠪᠰᠤᠷᠤᠨ ᠲᠡᠳᠬᠦᠬᠦ ᠲᠥᠷᠥᠯ ᠵᠦᠢᠯ ᠢ ᠴᠢᠷᠮᠠᠶᠢᠨ ᠣᠯᠵᠤ᠂ 2 ᠺᠢᠯᠣᠮᠧᠲᠷ ᠤᠨ ᠱᠦᠢᠨᠢ ᠵᠠᠮ ᠢ ᠰᠢᠨ᠎ᠡ ᠪᠠᠷ ᠵᠠᠰᠠᠨ᠎ᠠ︔ ᠬᠤᠲᠠ ᠶᠢᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠢ ᠤᠷᠢᠵᠤ ᠲᠣᠰᠬᠤᠨ ᠤ ᠠᠷᠠᠳ ᠲᠤ ᠦᠨ᠎ᠡ ᠲᠥᠯᠥᠪᠦᠷᠢ ᠦᠭᠡᠢ ᠪᠠᠷ ᠪᠷᠦ᠋ᠼᠧᠯ ᠡᠪᠡᠳᠴᠢᠨ ᠤ ᠰᠢᠭᠰᠢᠨ ᠪᠠᠶᠢᠴᠠᠭᠠᠯᠲᠠ ᠬᠢᠯᠭᠡᠨ᠎ᠡ︔ ᠭᠠᠴᠠᠭᠠᠨ ᠤ ᠬᠤᠷᠰᠢᠶ᠎ᠠ ᠶᠢ ᠬᠠᠪᠰᠤᠷᠤᠨ 1.5 ᠲᠦᠮᠡᠨ ᠵᠢᠩ ᠠᠮᠤ ᠪᠤᠳᠠᠭ᠎ᠠ ᠪᠣᠷᠣᠯᠠᠭᠤᠯᠪᠠ; ᠳᠠᠭᠠᠭᠠᠴᠢᠯᠠᠯᠲᠠ ᠶᠢᠨ ᠨᠢᠭᠡᠴᠡ ᠶᠢ ᠲᠠᠶᠢᠴᠢᠯᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠱᠠᠲᠤ ᠬᠤᠪᠢᠶᠠᠨ ᠥᠷᠨᠢᠭᠦᠯᠵᠡᠢ ᠁     ᠸᠠᠩ ᠭᠠᠩ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠬᠤ ᠳᠤᠮᠳᠠ ᠪᠠᠨ ᠣᠶᠢᠯᠠᠭᠠᠭᠰᠠᠨ ᠨᠢ᠂ ᠨᠢᠳᠤᠨᠤᠨ ᠬᠡᠳᠦᠶᠢᠪᠡᠷ ᠡᠯᠪᠡᠭ ᠬᠤᠷᠢᠶᠠᠯᠲᠠ ᠣᠯᠣᠭᠰᠠᠨ ᠵᠢᠯ ᠪᠣᠯᠪᠠᠴᠤ ᠬᠢᠵᠢᠭ ᠤᠨ ᠨᠥᠯᠥᠭᠡ ᠠᠴᠠ ᠪᠣᠯᠵᠤ᠂ ᠮᠠᠰᠢ ᠣᠯᠠᠨ ᠲᠠᠷᠢᠶᠠᠴᠢᠨ ᠡᠷᠦᠬᠡ ᠶᠢᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠪᠣᠷᠣᠯᠠᠭᠤᠯᠬᠤ ᠶᠢᠨ ᠠᠷᠭ᠎ᠠ ᠦᠭᠡᠢ ᠪᠣᠯᠵᠠᠢ᠃ ᠢᠩᠭᠢᠭᠡᠳ ᠸᠠᠩ ᠭᠠᠩ ᠳᠡᠷᠭᠡᠳᠡᠬᠢ ᠭᠡᠷ ᠤᠨ ᠬᠥᠮᠥᠰ᠂ ᠬᠠᠮᠲᠤ ᠠᠵᠢᠯᠯᠠᠭᠰᠠᠳ᠂ ᠨᠠᠶᠢᠵᠠ ᠨᠠᠷ ᠢᠶᠠᠨ ᠢᠳᠡᠪᠬᠢᠲᠡᠢ ᠪᠠᠷ ᠳᠠᠶᠢᠴᠢᠯᠠᠨ᠂ ᠸᠢᠴᠠᠲ ᠤᠨ ᠪᠦᠯᠦᠭ᠂ ᠸᠢᠴᠠᠲ ᠤᠨ ᠨᠠᠶᠢᠵᠠ ᠶᠢᠨ ᠲᠣᠭᠤᠷᠢᠭ᠂ ᠤᠲᠠᠰᠤ ᠠᠪᠬᠤ ᠵᠡᠷᠭᠡ ᠬᠡᠯᠪᠡᠷᠢ ᠪᠠᠷ ᠳᠠᠮᠵᠢᠭᠤᠯᠤᠨ ᠶᠡᠭᠡ ᠪᠠᠷ ᠤᠬᠠᠭᠤᠯᠵᠤ ᠬᠠᠪᠰᠤᠷᠤᠨ ᠪᠣᠷᠣᠯᠠᠭᠤᠯᠪᠠ᠃ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠪᠠᠷ ᠳᠡᠮᠵᠢᠨ᠂ 12 ᠡᠷᠦᠬᠡ ᠬᠦᠴᠢᠷᠳᠡᠯᠲᠡᠢ ᠣᠯᠠᠨ ᠲᠦᠮᠡᠨ ᠢ ᠠᠮᠵᠢᠯᠲᠠ ᠲᠠᠢ ᠪᠠᠷ ᠬᠠᠪᠰᠤᠷᠤᠨ 1 ᠲᠦᠮᠡᠨ ᠵᠢᠩ ᠭᠤᠯᠢᠷ᠂ 1000 ᠥᠨᠳᠡᠭᠡ ᠂ 500 ᠵᠢᠩ ᠨᠠᠷᠢᠮᠤ᠂ 300 ᠵᠢᠩ ᠨᠠᠷᠢᠮᠤ ᠬᠤᠳᠠᠯᠳᠤᠭᠤᠯᠵᠤ᠂ ᠲᠡᠳᠡᠨ ᠤ ᠲᠤᠯᠭᠠᠮ᠎ᠠ ᠠᠰᠠᠭᠤᠳᠠᠯ ᠢ ᠰᠢᠢᠳᠪᠦᠷᠢᠯᠡᠵᠡᠢ᠃     ᠸᠠᠩ ᠭᠠᠩ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠶᠢᠨ ᠬᠠᠮᠲᠤ᠂ ᠭᠤᠣᠯᠳᠠᠯᠭ᠎ᠠ ᠲᠠᠢ ᠠᠵᠢᠯ ᠢᠶᠠᠨ ᠳᠠᠪᠠᠭᠤᠯᠢᠭ ᠠᠵᠤ ᠦᠢᠯᠡᠰ ᠢ ᠴᠣᠭᠴᠠᠯᠠᠬᠤ ᠳᠡᠭᠡᠷ᠎ᠡ ᠦᠷᠭᠦᠯᠵᠢᠯᠡᠨ ᠲᠠᠯᠪᠢᠵᠠᠢ᠃ ᠳ᠋ᠠ ᠬᠤᠩ ᠺᠦᠢ ᠲᠣᠰᠬᠤᠨ ᠨᠢ ᠠᠮᠤ ᠪᠤᠳᠠᠭ᠎ᠠ ᠲᠠᠷᠢᠬᠤ ᠪᠠᠷ ᠭᠤᠣᠯᠯᠠᠵᠤ᠂ ᠠᠳᠡᠬᠢ ᠠᠮᠤ ᠪᠤᠳᠠᠭ᠎ᠠ ᠶᠢᠨ ᠠᠮᠲᠠ ᠨᠢ ᠴᠡᠪᠡᠷ ᠰᠠᠶᠢᠬᠠᠨ᠂ ᠴᠢᠨᠠᠷ ᠰᠠᠶᠢᠲᠠᠢ ᠪᠠᠶᠢᠳᠠᠭ᠃ ᠮᠢ ᠮᠢ ᠲᠦᠷᠦᠯ ᠲᠡᠮᠳᠡᠭ ᠤᠨ ᠦᠢᠯᠡᠳᠦᠯ ᠢ ᠲᠤᠪᠤᠶᠢᠯᠭᠠᠬᠤ ᠶᠢᠨ ᠲᠥᠯᠥᠭᠡ᠂ ᠳ᠋ᠠ ᠬᠤᠩ ᠺᠦᠢ ᠲᠣᠰᠬᠤᠨ︽ᠳ᠋ᠠ ᠸᠠ ᠬᠤᠤ︾ᠮᠢ ᠮᠢ ᠲᠠᠸᠠᠷ ᠤᠨ ᠲᠡᠮᠳᠡᠭ ᠢ ᠠᠮᠵᠢᠯᠲᠠ ᠲᠠᠢ ᠳᠠᠩᠰᠠᠯᠠᠭᠤᠯᠬᠤ ᠶᠢᠨ ᠬᠠᠮᠲᠤ ᠳ᠋ᠠ ᠬᠤᠩ ᠺᠦᠢ ᠲᠣᠰᠬᠤᠨ ᠤ ᠬᠠᠮᠲᠤ ᠶᠢᠨ ᠬᠤᠷᠰᠢᠶ᠎ᠠ ᠶᠢ ᠪᠠᠶᠢᠭᠤᠯᠵᠤ᠂ ᠸᠠᠩ ᠭᠠᠩ ᠤᠤᠯ ᠤᠨ ᠪᠠᠶᠢᠭᠤᠯᠤᠯᠭ᠎ᠠ ᠠᠴᠠ ᠪᠠᠨ 12 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢ ᠵᠣᠬᠢᠴᠠᠭᠤᠯᠵᠤ᠂ ︽ᠳ᠋ᠠ ᠸᠠ ᠬᠤᠤ︾ᠮᠢ ᠮᠢ ᠨᠡᠩ ᠰᠠᠶᠢᠨ ᠵᠠᠬ᠎ᠠ ᠳᠡᠯᠭᠡᠭᠦᠷᠴᠢᠯᠡᠨ ᠠᠵᠢᠯᠯᠠᠬᠤ ᠶᠢ ᠪᠠᠲᠤᠯᠠᠬᠤ ᠳᠤ ᠰᠠᠭᠤᠷᠢ ᠶᠢ ᠪᠠᠲᠤᠳᠬᠠᠪᠠ᠃     ᠸᠠᠩ ᠭᠠᠩ ᠾᠧ ᠲᠣᠰᠬᠤᠨ ᠤ ︽ᠬᠤᠶᠠᠷ ᠵᠥᠪᠯᠡᠯ︾ ᠤᠨ ᠪᠠᠭ ᠵᠢᠴᠢ ᠪᠥᠬᠦ ᠲᠣᠰᠬᠤᠨ ᠤ ᠠᠷᠠᠳ ᠤᠨ ᠴᠥᠬᠦᠷᠡᠰᠢ ᠦᠭᠡᠢ ᠴᠢᠷᠮᠠᠶᠢᠯᠭ᠎ᠠ ᠳᠣᠣᠷ᠎ᠠ᠂ ᠨᠢᠳᠤᠨᠤᠨ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠴᠡᠪᠡᠷ ᠣᠷᠣᠯᠭ᠎ᠠ 60 ᠲᠦᠮᠡᠨ ᠲᠥᠭᠦᠷᠢᠭ ᠢ ᠲᠣᠭᠲᠠᠭᠤᠨ ᠢᠶᠠᠷ ᠳᠠᠪᠠᠵᠤ᠂ ᠲᠦᠷᠦᠭᠦᠸ ᠵᠢᠯ ᠤᠨ ᠬᠢ ᠠᠴᠠ 20% ᠪᠠᠷ ᠳᠡᠭᠡᠭᠰᠢᠯᠡᠵᠡᠢ᠃     ︽ᠲᠣᠰᠬᠤᠨ ᠳᠤ ᠰᠠᠭᠤᠬᠤ ᠳᠤ ᠰᠡᠳᠬᠢᠯ ᠵᠢᠷᠦᠬᠡᠨ ᠳᠡᠭᠡᠨ ᠪᠠᠶᠢᠵᠤ᠂ ᠪᠡᠶ᠎ᠡ ᠪᠠᠷ ᠢᠶᠠᠨ ᠣᠷᠣᠬᠤ ᠳᠤ ᠨᠡᠩ ᠴᠤ ᠰᠡᠳᠬᠢᠯ ᠵᠢᠷᠦᠬᠡᠨ ᠳᠡᠭᠡᠨ ᠬᠠᠳᠠᠩᠰᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠶᠠᠨ ᠨᠢᠭᠡᠨᠲᠡ ᠪᠦᠬᠦ ᠲᠠᠯ᠎ᠠ ᠪᠠᠷ ᠡᠬᠢᠯᠡᠵᠦ᠂ ᠲᠣᠰᠬᠤᠨ ᠳᠤ ᠰᠠᠭᠤᠭ᠎ᠠ ᠺᠠᠳ᠋ᠷᠴᠤᠳ ᠤᠨ ᠬᠠᠷᠢᠭᠤᠴᠠᠯᠭ᠎ᠠ ᠬᠦᠨᠳᠦ᠂ ᠡᠭᠦᠷᠭᠡ ᠥᠩᠭᠡ ᠭᠡᠷᠡᠯᠲᠡᠢ ᠶᠤᠮ᠂ ᠠᠯᠢᠪᠠ ᠪᠦᠬᠦᠨ ᠳᠤ ᠠᠷᠠᠳ ᠲᠦᠮᠡᠨ ᠤ ᠲᠥᠯᠥᠭᠡ ᠭᠡᠬᠦ ᠤᠭ ᠰᠠᠨᠠᠭ᠎ᠠ ᠰᠡᠳᠬᠢᠯᠭᠡ ᠪᠠᠷ ︿ᠲᠣᠰᠬᠤᠨ ᠳᠤ ᠰᠠᠭᠤᠬᠤ﹀ ᠶᠢ ᠦᠨᠡᠨᠬᠦ ︿ᠲᠣᠰᠬᠤᠨ ᠳᠤ ᠲᠤᠰᠠᠯᠠᠬᠤ﹀ ᠪᠣᠯᠭᠠᠨ ᠬᠤᠪᠢᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠢᠲᠡᠭᠡᠯ ᠪᠣᠯᠣᠨ ᠤᠯᠠᠨ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ︾᠃ ᠭᠡᠵᠦ ᠸᠠᠩ ᠭᠠᠩ ᠬᠡᠯᠡᠪᠡ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号