ᠴᠧᠨ ᠰᠢ ᠸᠧᠨ᠄ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2022/2/23
    2021 ᠣᠨ ᠳᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠷᠢᠶᠠᠯᠠᠩ ᠬᠥᠳᠡᠭᠡ ᠲᠣᠰᠬᠤᠨ ᠤ ᠵᠥᠪᠯᠡᠯ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠬᠦᠷᠢᠶᠡᠨ ᠳᠠᠬᠢ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠷᠮᠠᠶᠢᠨ ᠠᠬᠢᠭᠤᠯᠪᠠ᠃ ᠬᠠᠤᠯᠢ ᠲᠣᠭᠲᠠᠭᠠᠬᠤ ᠠᠵᠢᠯ ᠤᠨ ᠢᠯᠡᠷᠬᠡᠢ ᠣᠨᠴᠠᠯᠢᠭ ᠪᠣᠯ᠄ ᠰᠢ ᠶᠢᠨ ᠫᠢᠩ  ᠤ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ ᠪᠠᠷ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯ ᠦᠢᠯᠡᠰ ᠪᠦᠲᠦᠭᠡᠨ᠎ᠡ᠃     ᠨᠢᠭᠡ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢ ᠬᠡᠷᠡᠭᠵᠢᠭᠦᠯᠬᠦ ᠪᠠᠷ ᠳᠠᠮᠵᠢᠭᠤᠯᠤᠨ ᠬᠡᠷᠡᠭᠵᠢᠭᠦᠯᠬᠦ ᠶᠢ ᠢᠳᠡᠪᠬᠢᠲᠡᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠳᠤ ᠬᠦᠴᠦᠲᠡᠢ ᠬᠠᠤᠯᠢ ᠴᠠᠭᠠᠵᠠ ᠶᠢᠨ ᠲᠤᠯᠭᠠᠭᠤᠷᠢᠯᠠᠯ ᠬᠠᠩᠭᠠᠪᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠳᠤᠷᠠᠳᠴᠤ᠂ ᠰᠢᠨ᠎ᠡ ᠴᠠᠭ ᠦᠶ᠎ᠡ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾  ᠤ ᠠᠵᠢᠯ ᠤᠨ ᠶᠡᠷᠦᠩᠬᠡᠢ ᠭᠠᠷᠳᠠᠴᠠ ᠪᠣᠯᠭᠠᠵᠤ᠂ 2035 ᠣᠨ ᠪᠣᠯᠬᠤ ᠳᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ 2050 ᠣᠨ ᠪᠣᠯᠬᠤ ᠳᠤ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠵᠤ᠂ ᠬᠥᠳᠡᠭᠡ ᠠᠵᠤ ᠠᠬᠤᠢ ᠬᠦᠴᠦᠷᠬᠡᠭ᠂ ᠬᠥᠳᠡᠭᠡ ᠲᠣᠰᠬᠤᠨ ᠭᠤᠶᠤ ᠰᠠᠶᠢᠬᠠᠨ᠂ ᠲᠠᠷᠢᠶᠠᠴᠢᠨ ᠪᠠᠶᠠᠨ ᠴᠢᠨᠡᠭᠡᠯᠢᠭ ᠪᠣᠯᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ ᠭᠡᠵᠦ ᠳᠤᠷᠠᠳᠴᠠᠢ᠃ ᠪᠦᠬᠦ ᠨᠠᠮ᠂ ᠪᠦᠬᠦ ᠨᠡᠶᠢᠭᠡᠮ᠂ ᠪᠦᠬᠦ ᠤᠯᠤᠰ ᠤᠨ ᠠᠷᠠᠳ ᠲᠦᠮᠡᠨ ᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠳᠠᠮᠵᠢᠨ᠂ ᠪᠢᠳᠡ 2020 ᠣᠨ ᠤ ᠰᠡᠭᠦᠯᠴᠢ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠲᠤᠶᠢᠯ ᠤᠨ ᠶᠠᠳᠠᠭᠤ ᠬᠦᠴᠢᠷᠳᠡᠯ ᠢ ᠠᠷᠢᠯᠭᠠᠬᠤ ᠬᠠᠲᠠᠭᠤ ᠪᠡᠷᠬᠡ ᠡᠭᠦᠷᠭᠡ ᠶᠢ ᠪᠡᠶᠡᠯᠡᠭᠦᠯᠵᠦ᠂ ᠳᠡᠯᠡᠬᠡᠢ ᠳ᠋ᠠᠬᠢᠨ ᠳᠤ ᠮᠡᠳᠡᠷᠡᠭᠳᠡᠭᠰᠡᠨ ᠲᠡᠦᠬᠡᠲᠦ ᠴᠢᠨᠠᠷᠲᠠᠢ ᠠᠮᠵᠢᠯᠲᠠ ᠶᠢ ᠣᠯᠵᠠᠢ᠃ ᠡᠭᠦᠨ ᠤ ᠵᠡᠷᠭᠡᠴᠡᠭᠡᠪᠡᠷ᠂ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ᠂ ᠬᠤᠳᠠ ᠬᠥᠳᠡᠭᠡ ᠶᠢᠨ ᠵᠥᠷᠢᠶ᠎ᠡ ᠨᠡᠯᠢᠶᠡᠳ ᠶᠡᠭᠡ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠠᠨᠠᠢ ᠪᠠᠶᠢᠬᠤ ᠵᠡᠷᠭᠡ ᠠᠰᠠᠭᠤᠳᠠᠯ ᠮᠥᠨ ᠯᠡ ᠨᠡᠯᠢᠶᠡᠳ ᠲᠣᠪᠣᠶᠢᠮ᠎ᠠ ᠪᠠᠶᠢᠨ᠎ᠠ᠃ 2020 ᠣᠨ ᠤ 3 ᠰᠠᠷ᠎ᠠ ᠳᠤ ᠰᠢ ᠶᠢᠨ ᠫᠢᠩ ᠶᠡᠷᠦᠩᠬᠡᠢ ᠱᠦᠵᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠣᠯᠬᠤ ᠶᠠᠷᠢᠯᠴᠠᠬᠤ ᠬᠤᠷᠠᠯ ᠳᠡᠭᠡᠷ᠎ᠡ᠂︽ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ︾᠂︽ᠤᠷᠳᠤ ᠣᠬᠤᠷ ᠢ ᠤᠶᠠᠯᠳᠤᠭᠤᠯᠤᠭᠰᠠᠨ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠪᠠᠶᠢᠭᠤᠯᠤᠮᠵᠢ ᠲᠣᠭᠲᠠᠴᠠ ᠶᠢ ᠪᠠᠶᠢᠭᠤᠯᠬᠤ ᠬᠡᠷᠡᠭᠲᠡᠢ︾ᠭᠡᠵᠦ ᠴᠢᠬᠤᠯᠠᠴᠢᠯᠠᠪᠠ᠃ ᠨᠠᠮ ᠤᠨ ᠲᠥᠪ ᠬᠤᠷᠢᠶ᠎ᠠ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠰᠡᠨ ᠤ ᠳᠠᠷᠠᠭ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠬᠥᠭᠵᠢᠯᠲᠡ ᠪᠣᠯᠣᠨ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠲᠣᠳᠣᠷᠬᠠᠢ ᠳᠤᠷᠠᠳᠪᠠ᠃     ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠡᠨ ᠬᠦ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠷᠢᠶᠠᠯᠠᠩ ᠬᠥᠳᠡᠭᠡ ᠲᠣᠰᠬᠤᠨ ᠤ ᠵᠥᠪᠯᠡᠯ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢᠨ ᠲᠥᠰᠥᠯ ᠢ ᠲᠦᠷᠦᠭᠦᠯᠡᠨ ᠲᠤᠭᠤᠷᠪᠢᠬᠤ ᠨᠢᠭᠡᠴᠡ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢᠨ ᠲᠥᠰᠥᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠪᠠ 2021 ᠣᠨ ᠤ 4 ᠰᠠᠷ᠎ᠠ ᠳᠤ ᠪᠠᠲᠤᠯᠠᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢᠨ ᠲᠠᠪᠢ ᠶᠢᠰᠦᠳᠦᠭᠡᠷ ᠵᠦᠢᠯ ᠳᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠷᠭ᠎ᠠ ᠬᠡᠮᠵᠢᠶ᠎ᠡ ᠠᠪᠴᠤ ᠪᠠᠶᠢᠭᠠᠳ ᠶᠠᠳᠠᠭᠤ  ᠠᠴᠠ ᠠᠩᠭᠢᠵᠢᠷᠠᠭᠰᠠᠨ ᠭᠠᠵᠠᠷ ᠣᠷᠣᠨ ᠤ ᠳᠣᠲᠣᠭᠠᠳᠤ ᠶᠢᠨ ᠬᠥᠭᠵᠢᠯᠲᠡ ᠶᠢᠨ ᠴᠢᠳᠠᠪᠤᠷᠢ ᠶᠢ ᠨᠡᠮᠡᠭᠳᠡᠭᠦᠯᠵᠦ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ᠂ ᠬᠥᠭᠵᠢᠭᠡᠳᠦᠢ ᠭᠠᠵᠠᠷ ᠣᠷᠣᠨ ᠢ ᠬᠠᠪᠰᠤᠷᠤᠨ ᠲᠡᠳᠬᠦᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠶᠠᠳᠠᠭᠤ  ᠠᠴᠠ ᠠᠩᠭᠢᠵᠢᠷᠠᠭᠰᠠᠨ ᠭᠠᠵᠠᠷ ᠣᠷᠣᠨ ᠤ ᠬᠥᠭᠵᠢᠯᠲᠡ ᠶᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠢ︔ ᠲᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠬᠤ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠦᠨ᠎ᠡ᠃ ᠡᠨᠡᠬᠦ ᠲᠣᠭᠲᠠᠭᠠᠯ ᠨᠢ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠬᠦ ᠶᠢ ᠠᠬᠢᠭᠤᠯᠬᠤ ᠵᠣᠷᠢᠭ ᠢ ᠬᠠᠷᠠᠭᠤᠯᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠴᠢᠨᠠᠭᠰᠢᠳᠠ ᠪᠡᠶᠡᠯᠡᠭᠦᠯᠬᠦ ᠶᠢ ᠪᠠᠲᠤᠯᠠᠬᠤ ᠳᠤ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠬᠤ ᠶᠢᠨ ᠬᠠᠮᠲᠤ ᠬᠤᠯᠪᠣᠭᠳᠠᠯ ᠪᠦᠬᠦᠢ ᠳᠦᠷᠢᠮ ᠤᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠳᠤᠷᠠᠳᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠨᠡᠨᠬᠦ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠣᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠶᠠᠷ ᠲᠤ ︽ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠬᠤ︾ ᠪᠠᠶᠢᠯᠳᠤᠬᠤ ᠪᠣᠳᠣᠯᠭ᠎ᠠ ᠪᠠ ᠰᠢ ᠶᠢᠨ ᠫᠢᠩ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠬᠠᠷ᠎ᠠ ᠬᠥᠷᠥᠰᠥ ᠶᠢ ᠬᠠᠮᠠᠭᠠᠯᠠᠬᠤ ᠬᠠᠤᠯᠢ ᠶᠢ ᠱᠠᠯᠠᠪᠳᠠᠨ ᠲᠤᠭᠤᠷᠪᠢᠨ᠎ᠠ᠃ ᠬᠠᠷ᠎ᠠ ᠬᠥᠷᠥᠰᠥᠨ ᠤ ᠬᠥᠷᠥᠰᠥ ᠰᠢᠷᠣᠢ ᠶᠢᠨ ᠰᠢᠨᠵᠢ ᠪᠠᠶᠢᠳᠠᠯ ᠨᠢ ᠰᠠᠶᠢᠨ᠂ ᠬᠦᠴᠦ ᠰᠢᠮ᠎ᠡ ᠨᠢ ᠥᠨᠳᠥᠷ᠂ ᠠᠮᠤ ᠪᠤᠳᠠᠭᠠᠨ ᠤ ᠤᠨᠠᠯᠲᠠ ᠨᠢ ᠥᠨᠳᠥᠷ ᠮᠥᠷᠲᠡᠭᠡᠨ ᠶᠠᠰᠤ ᠴᠢᠨᠠᠷ ᠨᠢ ᠰᠠᠶᠢᠨ ᠪᠠᠶᠢᠳᠠᠭ᠃ ᠵᠡᠭᠦᠨ ᠬᠤᠶᠢᠲᠤ ᠶᠢᠨ ᠬᠠᠷ᠎ᠠ ᠰᠢᠷᠣᠶᠢᠲᠤ ᠣᠷᠣᠨ ᠪᠣᠯ ᠮᠠᠨ ᠤ ᠤᠯᠤᠰ ᠤᠨ ᠴᠢᠬᠤᠯᠠ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠮᠥᠨ᠂ ᠲᠠᠷᠢᠶᠠᠨ ᠭᠠᠵᠠᠷ ᠤᠨ ᠲᠠᠯᠠᠪᠠᠶ ᠨᠢ ᠶᠡᠭᠡ ᠪᠢᠰᠢ ᠪᠣᠯᠪᠠᠴᠤ ᠠᠮᠤ ᠪᠤᠳᠠᠭᠠᠨ ᠤ ᠤᠨᠠᠯᠲᠠ ᠨᠢ ᠪᠠᠷᠤᠭ ᠪᠦᠬᠦ ᠤᠯᠤᠰ ᠤᠨ 1/4  ᠶᠢ ᠡᠵᠡᠯᠡᠵᠦ᠂ ᠰᠢᠯᠵᠢᠭᠦᠯᠦᠨ ᠭᠠᠷᠭᠠᠭᠰᠠᠨ ᠠᠮᠤ ᠪᠤᠳᠠᠭ᠎ᠠ ᠨᠢ ᠪᠠᠷᠤᠭ ᠪᠦᠬᠦ ᠤᠯᠤᠰ ᠤᠨ 1/3  ᠶᠢ ᠡᠵᠡᠯᠡᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠰᠠᠭᠤᠷᠢ ᠴᠢᠯᠠᠭᠤ ᠪᠣᠯᠣᠨ᠎ᠠ᠃ ᠤᠷᠳᠤ ᠬᠤᠭᠤᠴᠠᠭᠠᠨ ᠤ ᠲᠤᠷᠰᠢ ᠨᠡᠭᠡᠭᠡᠨ ᠠᠰᠢᠭᠯᠠᠭᠰᠠᠨ ᠤ ᠳᠡᠭᠡᠷ᠎ᠡ ᠰᠠᠯᠬᠢᠨ ᠳᠤ ᠢᠳᠡᠭᠳᠡᠬᠦ᠂ ᠤᠰᠤᠨ ᠳᠤ ᠢᠳᠡᠭᠳᠡᠬᠦ ᠶᠢᠨ ᠬᠥᠨᠥᠭᠡᠯ ᠠᠴᠠ ᠪᠣᠯᠵᠤ ᠬᠥᠷᠥᠰᠥ ᠰᠢᠷᠣᠢ ᠶᠢᠨ ᠢᠳᠡᠭᠳᠡᠯ ᠵᠡᠷᠭᠡ ᠠᠮᠢ ᠠᠬᠤᠢ ᠶᠢᠨ ᠣᠷᠴᠢᠨ ᠨᠥᠬᠦᠴᠡᠯ ᠤᠨ ᠠᠰᠠᠭᠤᠳᠠᠯ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠳᠤ ᠠᠰᠢᠭ ᠦᠭᠡᠢ ᠨᠥᠯᠥᠭᠡ ᠦᠵᠡᠭᠦᠯᠦᠭᠰᠡᠨ ᠪᠠᠶᠢᠨ᠎ᠠ᠃ ᠰᠢ ᠶᠢᠨ ᠫᠢᠩ ᠶᠡᠷᠦᠩᠬᠡᠢ ᠱᠦᠵᠢ 2020 ᠣᠨ ᠤ 7 ᠰᠠᠷ᠎ᠠ ᠳᠤ ᠭᠢᠷᠢᠨ ᠳᠤ ᠠᠵᠢᠯ ᠪᠠᠶᠢᠴᠠᠭᠠᠬᠤ ᠳᠠᠭᠠᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ︽ᠲᠠᠷᠢᠶᠠᠨ ᠭᠠᠵᠠᠷ ᠤᠨ ᠲᠣᠮᠣ ᠮᠠᠯᠤᠷ ᠥᠲᠡᠭᠡ︾ ᠶᠢ ᠦᠨᠡᠨ ᠬᠦ ᠰᠠᠶᠢᠲᠤᠷ ᠬᠠᠮᠠᠭᠠᠯᠠᠵᠤ᠂ ᠰᠠᠶᠢᠲᠤᠷ ᠠᠰᠢᠭᠯᠠᠬᠤ ᠬᠡᠷᠡᠭᠲᠡᠢ︔ ᠲᠤᠰ ᠵᠢᠯ ᠤᠨ 12 ᠰᠠᠷ᠎ᠠ ᠳᠤ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠳᠡᠭᠡᠷ᠎ᠡ᠂ ᠬᠠᠷ᠎ᠠ ᠬᠥᠷᠥᠰᠥ ᠶᠢ ᠬᠠᠮᠠᠭᠠᠯᠠᠬᠤ ᠶᠢ ᠶᠡᠭᠡ ᠶᠠᠪᠤᠳᠠᠯ ᠪᠣᠯᠭᠠᠨ ᠠᠳᠬᠤᠵᠤ᠂ ᠬᠠᠷ᠎ᠠ ᠬᠥᠷᠥᠰᠥ ᠶᠢ ᠰᠠᠶᠢᠲᠤᠷ ᠬᠡᠷᠡᠭᠯᠡᠵᠦ ᠰᠠᠶᠢᠲᠤᠷ ᠲᠡᠵᠢᠭᠡᠬᠦ ᠬᠡᠷᠡᠭᠲᠡᠢ ᠭᠡᠵᠦ ᠱᠠᠭᠠᠷᠳᠠᠪᠠ᠃ 2021 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠬᠠᠷ᠎ᠠ ᠬᠥᠷᠥᠰᠥ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠬᠠᠷ᠎ᠠ ᠬᠥᠷᠥᠰᠥ ᠶᠢ ᠬᠠᠮᠠᠭᠠᠯᠠᠬᠤ ᠶᠢ ᠤᠯᠤᠰ ᠤᠨ ᠪᠠᠶᠢᠯᠳᠤᠬᠤ ᠪᠣᠳᠣᠯᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠳᠤᠷᠠᠳᠪᠠ᠃ 2021 ᠣᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ᠂ ᠵᠠᠷᠢᠮ ᠲᠥᠯᠥᠭᠡᠯᠡᠭᠴᠢ ᠬᠠᠷ᠎ᠠ ᠭᠠᠵᠠᠷ ᠰᠢᠷᠣᠢ ᠶᠢ ᠬᠠᠮᠠᠭᠠᠯᠠᠬᠤ ᠬᠠᠤᠯᠢ ᠶᠢ ᠲᠣᠭᠲᠠᠭᠠᠬᠤ ᠵᠥᠪᠯᠡᠯᠭᠡ ᠳᠤᠷᠠᠳᠪᠠ᠃     ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠷᠢᠶᠠᠯᠠᠩ ᠬᠥᠳᠡᠭᠡ ᠲᠣᠰᠬᠤᠨ ᠤ ᠠᠵᠢᠯ ᠤᠨ ᠵᠥᠪᠯᠡᠯ ᠰᠢ ᠶᠢᠨ ᠫᠢᠩ ᠶᠡᠷᠦᠩᠬᠡᠢ ᠱᠦᠵᠢ ᠶᠢᠨ ᠬᠠᠷ᠎ᠠ ᠬᠥᠷᠥᠰᠥ ᠶᠢ ᠬᠠᠮᠠᠭᠠᠯᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠳᠤ ᠬᠤᠯᠪᠣᠭᠳᠠᠬᠤ ᠶᠢ ᠭᠦᠨᠵᠡᠭᠡᠢ ᠲᠠᠨᠢᠵᠤ᠂ ︽ᠠᠮᠤ ᠪᠤᠳᠠᠭ᠎ᠠ  ᠶᠢ ᠭᠠᠵᠠᠷ ᠰᠢᠷᠣᠢ ᠳᠤ ᠬᠠᠳᠠᠭᠠᠯᠠᠬᠤ︾ ᠪᠠᠶᠢᠯᠳᠤᠬᠤ ᠪᠣᠳᠣᠯᠭ᠎ᠠ ᠪᠠ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ  ᠶᠢ ᠨᠠᠶᠢᠳᠠᠪᠤᠷᠢᠵᠢᠭᠤᠯᠬᠤ ᠴᠢᠬᠤᠯᠠ ᠠᠭᠤᠯᠭ᠎ᠠ ᠮᠥᠨ᠂ ᠢᠳᠡᠪᠬᠢᠲᠡᠢ ᠪᠠᠷ ᠰᠤᠳᠤᠯᠤᠨ ᠨᠤᠲᠠᠯᠠᠵᠤ᠂ ᠬᠠᠷ᠎ᠠ ᠬᠥᠷᠥᠰᠥ ᠶᠢ ᠬᠠᠮᠠᠭᠠᠯᠠᠬᠤ ᠬᠠᠤᠯᠢ ᠲᠣᠭᠲᠠᠭᠠᠬᠤ  ᠶᠢ ᠰᠠᠨᠠᠭᠤᠯᠵᠤ᠂ 2021 ᠣᠨ ᠤ 4 ᠰᠠᠷ᠎ᠠ ᠳᠤ ᠲᠤᠭᠤᠷᠪᠢᠨ ᠪᠢᠴᠢᠬᠦ ᠠᠵᠢᠯ ᠢ ᠱᠠᠯᠠᠪᠳᠠᠨ ᠥᠷᠨᠢᠭᠦᠯᠵᠦ᠂ ᠪᠡᠭᠡᠵᠢᠩ ᠳᠤ ᠬᠤᠷᠠᠯ ᠬᠤᠷᠠᠯᠳᠤᠭᠤᠯᠵᠤ ᠰᠠᠨᠠᠯ ᠰᠣᠨᠣᠰᠴᠤ᠂ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠤᠯᠠᠨ ᠤᠳᠠᠭ᠎ᠠ ᠶᠠᠷᠢᠯᠴᠠᠬᠤ ᠬᠤᠷᠠᠯ ᠬᠤᠷᠠᠯᠳᠤᠭᠤᠯᠵᠤ᠂ ᠣᠷᠣᠨ ᠨᠤᠲᠤᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠲᠤᠰᠬᠠᠢ ᠮᠡᠷᠭᠡᠵᠢᠯᠲᠡᠨ ᠡᠷᠳᠡᠮᠲᠡᠨ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠭᠦᠨᠵᠡᠭᠡᠢ ᠰᠤᠳᠤᠯᠵᠤ᠂ ᠲᠠᠬᠢᠨ ᠳᠠᠪᠲᠠᠨ ᠵᠠᠰᠠᠪᠤᠷᠢ ᠣᠷᠣᠭᠤᠯᠵᠤ᠂ ᠬᠠᠷ᠎ᠠ ᠬᠥᠷᠥᠰᠥᠲᠦ ᠭᠠᠵᠠᠷ ᠰᠢᠷᠣᠢ ᠶᠢ ᠬᠠᠮᠠᠭᠠᠯᠠᠬᠤ ᠬᠠᠤᠯᠢ ᠶᠢᠨ ᠲᠥᠰᠥᠯ ᠢ ᠪᠤᠢ ᠪᠣᠯᠭᠠᠭᠰᠠᠨ ᠪᠥᠭᠡᠳ ᠲᠤᠰ ᠵᠢᠯ ᠤᠨ 12 ᠰᠠᠷ᠎ᠠ ᠳᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠦᠨ ᠬᠢᠨᠠᠨ ᠶᠠᠷᠢᠯᠴᠠᠭᠤᠯᠵᠤ᠂ ᠨᠡᠶᠢᠳᠡᠮ ᠤᠨ ᠰᠠᠶᠢᠨ ᠦᠨᠡᠯᠡᠯᠲᠡ ᠶᠢ ᠣᠯᠪᠠ᠃ ᠬᠠᠷ᠎ᠠ ᠬᠥᠷᠥᠰᠥᠲᠦ ᠭᠠᠵᠠᠷ ᠰᠢᠷᠣᠢ ᠶᠢ ᠬᠠᠮᠠᠭᠠᠯᠠᠬᠤ ᠬᠠᠤᠯᠢ ᠪᠣᠯ ᠨᠢᠭᠡ ᠵᠦᠢᠯ ᠤᠨ ︽ᠵᠢᠵᠢᠭ ᠬᠡᠷᠴᠢᠶᠡᠰᠦ︾ ︽ᠵᠢᠵᠢᠭ ᠬᠤᠷᠳᠤᠨ︾ ᠬᠠᠤᠯᠢ ᠲᠣᠭᠲᠠᠭᠠᠯᠲᠠ ᠮᠥᠨ᠂ ᠡᠨᠡ ᠨᠢ ᠲᠥᠯᠥᠭᠡᠯᠡᠭᠴᠢᠳ ᠤᠨ ᠲᠤᠬᠠᠢ ᠶᠢᠨ ᠵᠢᠯ ᠳᠤ ᠳᠤᠷᠠᠳᠤᠭᠰᠠᠨ ᠰᠠᠨᠠᠯ ᠵᠥᠪᠯᠡᠯᠭᠡ᠂ ᠲᠤᠬᠠᠢ ᠶᠢᠨ ᠵᠢᠯ ᠳᠤ ᠰᠤᠳᠤᠯᠤᠨ ᠨᠤᠲᠠᠯᠠᠵᠤ᠂ ᠲᠤᠬᠠᠢ ᠶᠢᠨ ᠵᠢᠯ ᠳᠤ ᠲᠤᠭᠤᠷᠪᠢᠵᠤ ᠳᠠᠭᠤᠰᠬᠠᠭᠰᠠᠨ ᠪᠥᠭᠡᠳ ᠬᠢᠨᠠᠨ ᠶᠠᠷᠢᠯᠴᠠᠭᠤᠯᠬᠤ ᠪᠠᠷ ᠳᠡᠪᠰᠢᠭᠦᠯᠦᠭᠰᠡᠨ ᠶᠠᠪᠤᠳᠠᠯ ᠢ ᠪᠡᠶᠡᠯᠡᠭᠦᠯᠵᠡᠢ᠃     ᠭᠤᠷᠪᠠ ᠳᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠶᠢᠨ ᠲᠣᠭᠤᠷᠢᠨ ᠳᠤ᠂ ᠦᠷ᠎ᠡ ᠶᠢᠨ ᠦᠢᠯᠡᠰ ᠤᠨ ᠡᠷᠬᠡ ᠴᠢᠯᠦᠭᠡ ᠪᠠᠨ ᠣᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠬᠦᠴᠦ ᠨᠡᠮᠡᠷᠢᠯᠡᠵᠦ᠂ ᠦᠷ᠎ᠡ ᠶᠢᠨ ᠬᠠᠤᠯᠢ ᠳᠤ ᠵᠠᠰᠠᠪᠤᠷᠢ ᠣᠷᠣᠭᠤᠯᠬᠤ ᠠᠵᠢᠯ ᠢ ᠴᠠᠭ ᠲᠤᠬᠠᠢ ᠳᠤᠨᠢ ᠠᠩᠬᠠᠨ ᠤ ᠰᠢᠨ᠎ᠡ ᠡᠭᠦᠳᠦᠯᠲᠡ ᠶᠢ ᠵᠣᠷᠢᠭᠵᠢᠭᠤᠯᠤᠨ ᠬᠠᠮᠠᠭᠠᠯᠠᠬᠤ ᠦᠷ᠎ᠡ ᠶᠢᠨ ᠦᠢᠯᠡᠰ ᠤᠨ ᠬᠠᠤᠯᠢ ᠴᠠᠭᠠᠵᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠪᠣᠯ ᠦᠷ᠎ᠡ ᠶᠢᠨ ᠦᠢᠯᠡᠰ ᠤᠨ ᠡᠷᠬᠡ ᠴᠢᠯᠦᠭᠡ ᠪᠠᠨ ᠣᠯᠬᠤ ᠲᠠᠶᠢᠨ ᠢ ᠰᠠᠶᠢᠲᠤᠷ ᠬᠢᠬᠦ ᠶᠢᠨ ᠵᠠᠩᠭᠢᠯᠠᠭ᠎ᠠ ᠮᠥᠨ᠃ ᠮᠠᠨ ᠤ ᠤᠯᠤᠰ ᠤᠨ ᠲᠠᠷᠢᠮᠠᠯ ᠤᠨ ᠡᠭᠦᠯᠳᠡᠷ ᠤᠨ ᠪᠣᠶᠢᠵᠢᠭᠤᠯᠤᠯᠲᠠ ᠶᠢᠨ ᠰᠢᠪᠲᠤᠯᠤᠯᠲᠠ ᠶᠢᠨ ᠴᠢᠨᠠᠷᠲᠠᠢ ᠡᠭᠦᠯᠳᠡᠷ ᠴᠥᠭᠡᠨ᠂ ᠢᠵᠢᠯᠰᠢᠭᠦᠯᠬᠦ ᠠᠰᠠᠭᠤᠳᠠᠯ ᠲᠣᠪᠣᠶᠢᠮ᠎ᠠ ᠪᠠᠶᠢᠬᠤ ᠶᠢᠨ ᠨᠢᠭᠡᠨ ᠴᠢᠬᠤᠯᠠ ᠰᠢᠯᠲᠠᠭᠠᠨ ᠪᠣᠯ ᠳᠠᠷᠤᠢ ᠤᠷᠭᠤᠮᠠᠯ ᠤᠨ ᠰᠢᠨ᠎ᠡ ᠡᠭᠦᠯᠳᠡᠷ ᠤᠨ ᠡᠷᠬᠡ ᠶᠢ ᠬᠠᠮᠠᠭᠠᠯᠠᠭᠰᠠᠨ ᠢᠶᠠᠷ ᠬᠦᠷᠦᠯᠴᠡᠬᠦ ᠦᠭᠡᠢ ᠠᠴᠠ ᠪᠣᠯᠵᠤ᠂ ᠠᠩᠬᠠᠨ ᠤ ᠰᠢᠨ᠎ᠡ ᠶᠢ ᠡᠭᠦᠳᠬᠦ ᠬᠥᠳᠡᠯᠭᠡᠭᠦ ᠬᠦᠴᠦᠨ ᠬᠦᠷᠦᠯᠴᠡᠬᠦ ᠦᠭᠡᠢ ᠪᠣᠯᠵᠤ᠂ ᠢᠵᠢ ᠫᠠᠶᠢᠰᠠ᠂ ᠴᠢᠮᠡᠭᠯᠡᠯ ᠤᠨ ᠴᠢᠨᠠᠷᠲᠠᠢ ᠡᠭᠦᠯᠳᠡᠷ ᠤᠯᠠᠨ᠂ ᠳᠣᠣᠷ᠎ᠠ ᠲᠦᠪᠰᠢᠨ ᠳᠤ ᠳᠠᠪᠬᠤᠷᠳᠠᠵᠤ ᠪᠠᠶᠢᠬᠤ ᠳᠤ ᠣᠷᠣᠰᠢᠨ᠎ᠠ᠃ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠠᠭᠠᠨ᠂ ᠵᠣᠷᠢᠭ ᠰᠢᠭᠤᠳᠤᠨ ᠮᠠᠨ ᠤ ᠤᠯᠤᠰ ᠤᠨ ᠦᠷ᠎ᠡ ᠶᠢᠨ ᠦᠢᠯᠡᠰ ᠢ ᠬᠥᠭᠵᠢᠭᠦᠯᠵᠦ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠰᠢᠯᠢᠳᠡᠭ ᠡᠭᠦᠯᠳᠡᠷ ᠢ ᠱᠠᠯᠠᠪᠳᠠᠨ ᠪᠣᠶᠢᠵᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠡᠬᠢ ᠡᠭᠦᠰᠦᠯ ᠠᠴᠠ  ᠨᠢ ᠪᠠᠲᠤᠯᠠᠬᠤ ᠬᠡᠷᠡᠭᠲᠡᠢ ᠭᠡᠵᠡᠢ᠃ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠪᠠ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠷᠢᠶᠠᠯᠠᠩ ᠬᠥᠳᠡᠭᠡ ᠲᠣᠰᠬᠤᠨ ᠤ ᠠᠵᠢᠯ ᠤᠨ ᠬᠤᠷᠢᠶ᠎ᠠ ᠠᠴᠠ ᠦᠷ᠎ᠡ ᠶᠢᠨ ᠬᠠᠤᠯᠢ ᠳᠤ ᠱᠠᠯᠠᠪᠳᠠᠨ ᠵᠠᠰᠠᠪᠤᠷᠢ ᠣᠷᠣᠭᠤᠯᠵᠤ᠂ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ ᠳᠦᠷᠢᠮ ᠢ ᠭᠤᠣᠯᠳᠠᠯᠭ᠎ᠠ ᠲᠠᠢ ᠪᠠᠷ ᠲᠡᠭᠦᠯᠳᠡᠷᠵᠢᠭᠦᠯᠵᠦ᠂ ᠤᠷᠭᠤᠮᠠᠯ ᠤᠨ ᠰᠢᠨ᠎ᠡ ᠡᠭᠦᠯᠳᠡᠷ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠦᠷ᠎ᠡ ᠪᠣᠶᠢᠵᠢᠭᠤᠯᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ ᠭᠡᠵᠦ ᠰᠤᠳᠤᠯᠤᠨ ᠳᠤᠷᠠᠳᠪᠠ᠃ ᠭᠦᠨᠵᠡᠭᠡᠢ ᠰᠤᠳᠤᠯᠤᠨ ᠨᠤᠲᠠᠯᠠᠬᠤ ᠪᠠᠷ ᠳᠠᠮᠵᠢᠭᠤᠯᠤᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠦᠷ᠎ᠡ ᠪᠣᠶᠢᠵᠢᠭᠤᠯᠬᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ᠂ ᠲᠤᠰᠬᠠᠢ ᠮᠡᠷᠭᠡᠵᠢᠯᠲᠡᠨ ᠡᠷᠳᠡᠮᠲᠡᠳ ᠤᠨ ᠰᠠᠨᠠᠯ ᠢ ᠥᠷᠭᠡᠨ ᠢᠶᠠᠷ ᠰᠣᠨᠣᠰᠴᠤ᠂ ᠲᠠᠬᠢᠨ ᠳᠠᠪᠲᠠᠨ ᠵᠠᠰᠠᠵᠤ ᠲᠡᠭᠦᠯᠳᠡᠷᠵᠢᠭᠦᠯᠦᠭᠡᠳ᠂ ᠦᠷ᠎ᠡ ᠶᠢᠨ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠢ ᠳᠤᠷᠠᠳᠤᠨ ᠭᠠᠷᠭᠠᠵᠤ᠂ ᠤᠷᠭᠤᠮᠠᠯ ᠤᠨ ᠰᠢᠨ᠎ᠡ ᠡᠭᠦᠯᠳᠡᠷ ᠤᠨ ᠡᠷᠬᠡ ᠶᠢ ᠬᠠᠮᠠᠭᠠᠯᠠᠬᠤ ᠬᠡᠪᠴᠢᠶ᠎ᠡ ᠶᠢ ᠥᠷᠭᠡᠳᠬᠡᠵᠦ᠂ ᠮᠥᠨ ᠴᠢᠨᠠᠷ ᠤᠨ ᠡᠭᠦᠰᠦᠮᠡᠯ ᠡᠭᠦᠯᠳᠡᠷ ᠤᠨ ᠳᠦᠷᠢᠮ ᠢ ᠪᠠᠶᠢᠭᠤᠯᠵᠤ ᠪᠠᠶᠢᠭᠠᠳ ᠠᠩᠬᠠᠨ ᠤ ᠡᠭᠦᠳᠦᠯᠲᠡ ᠶᠢ ᠤᠷᠮᠠᠰᠢᠭᠤᠯᠤᠨ ᠵᠣᠷᠢᠭᠵᠢᠭᠤᠯᠵᠤ᠂ ᠤᠷᠭᠤᠮᠠᠯ ᠤᠨ ᠰᠢᠨ᠎ᠡ ᠡᠭᠦᠯᠳᠡᠷ ᠤᠨ ᠡᠷᠬᠡ ᠳᠤ ᠬᠠᠯᠳᠠᠭᠰᠠᠨ ᠲᠥᠯᠥᠪᠦᠷᠢ ᠶᠢᠨ ᠳᠦᠷᠢᠮ ᠢ ᠲᠡᠭᠦᠯᠳᠡᠷᠵᠢᠭᠦᠯᠪᠡ᠃ ᠵᠠᠰᠠᠪᠤᠷᠢ ᠣᠷᠣᠭᠤᠯᠬᠤ ᠲᠥᠰᠥᠯ ᠤᠨ ᠡᠬᠡ ᠨᠣᠣᠷᠠᠭ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢᠭᠡᠨᠲᠡ ᠬᠢᠨᠠᠨ ᠶᠠᠷᠢᠯᠴᠠᠵᠤ ᠪᠠᠲᠤᠯᠠᠭᠠᠳ᠂ ᠲᠤᠬᠠᠢ ᠶᠢᠨ ᠵᠢᠯ ᠳᠤ ᠲᠤᠭᠤᠷᠪᠢᠵᠤ᠂ ᠲᠤᠬᠠᠢ ᠶᠢᠨ ᠵᠢᠯ ᠳᠤ ᠬᠢᠨᠠᠨ ᠶᠠᠷᠢᠯᠴᠠᠭᠤᠯᠬᠤ ᠪᠠᠷ ︵ᠵᠣᠬᠢᠶᠠᠭᠴᠢ ᠪᠣᠯ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠺᠣᠮᠢᠰ ᠤᠨ ᠡᠷᠬᠢᠯᠡᠭᠴᠢ ᠭᠡᠰᠢᠭᠦᠨ ᠮᠥᠨ︶  
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号