︻ᠪᠠᠶᠠᠵᠢᠯ ᠤᠨ ᠬᠤᠰᠢᠭᠤᠴᠢ ︼ ᠲᠡᠳᠡ ᠬᠠᠭᠤᠴᠢᠨ ᠭᠠᠷ ᠤᠷᠠᠯᠠᠯ ᠢᠶᠠᠷ ᠢᠶᠠᠨ ᠰᠤᠯᠠ ᠵᠠᠷᠤᠬᠤ ᠵᠣᠭᠤᠰ ᠣᠯᠵᠠᠢ
ᠨᠡᠶᠢᠲᠡᠯᠡᠭᠰᠡᠨ ᠴᠠᠭ᠄
2022/3/18
     ᠬᠠᠪᠤᠷ ᠤᠨ ᠡᠬᠢ ᠪᠠᠷ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠯᠭᠠᠰᠤᠲᠠᠢ ᠰᠢᠶᠠᠩ ᠳᠤ ᠡᠶᠢᠮᠦ ᠨᠢᠭᠡ ᠪᠦᠯᠦᠭ ᠬᠥᠮᠦᠰ ᠬᠠᠭᠤᠴᠢᠨ ᠤᠷ᠎ᠠ ᠮᠡᠷᠭᠡᠵᠢᠯ ᠢᠶᠠᠷ ᠢᠶᠠᠨ ᠰᠤᠯᠠ ᠵᠠᠷᠤᠬᠤ ᠵᠣᠭᠤᠰ ᠣᠯᠤᠭᠰᠠᠨ ᠢᠶᠠᠷ ᠪᠠᠷᠠᠬᠤ ᠦᠭᠡᠢ᠂ ᠤᠯᠠᠮᠵᠢᠯᠠᠯᠲᠤ ᠭᠠᠷ ᠤᠷᠠᠯᠠᠯ ᠤᠨ ᠤᠷ᠎ᠠ ᠮᠡᠷᠭᠡᠵᠢᠯ ᠢ ᠴᠦ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠠᠢ᠃      ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠯᠭᠠᠰᠤᠲᠠᠢ ᠰᠢᠶᠠᠩ ᠤᠨ ᠱᠤᠸᠠᠩ ᠹᠠ ᠲᠣᠰᠬᠤᠨ ᠤ ᠠᠷᠠᠳ ᠯᠢᠶᠠᠩ ᠬᠦᠢ ᠹᠠ ᠵᠠᠯᠠᠭᠤ ᠳᠠᠭᠠᠨ ᠰᠠᠭᠰᠤ ᠭᠦᠷᠦᠬᠦ ᠮᠡᠷᠭᠡᠵᠢᠯ ᠢ ᠰᠤᠷᠴᠤ᠂ ᠵᠢᠯ ᠪᠦᠷᠢ ᠶᠢᠨ ᠴᠢᠯᠥᠭᠡ ᠵᠠᠪ ᠢᠶᠠᠷ ᠢᠶᠠᠨ ᠨᠢᠭᠡ ᠬᠤᠭᠤᠴᠠᠭ᠎ᠠ ᠨᠠᠶᠢᠷᠠᠭᠤᠯᠳᠠᠭ᠂ ᠡᠨᠡ ᠨᠠᠶᠢᠷᠠᠭᠤᠯᠭ᠎ᠠ ᠶᠢ 20 ᠵᠢᠯ ᠭᠡᠵᠦ ᠪᠤᠳᠤᠵᠤ ᠣᠯᠤᠭᠰᠠᠨ ᠦᠭᠡᠢ᠃ ᠨᠢᠭᠡᠨᠲᠡ 66 ᠨᠠᠰᠤᠯᠠᠭᠰᠠᠨ ᠲᠡᠷᠡ ᠰᠠᠭᠰᠤ ᠭᠦᠷᠦᠬᠦ ᠬᠠᠭᠤᠴᠢᠨ ᠤᠷ᠎ᠠ ᠮᠡᠷᠭᠡᠵᠢᠯ ᠢᠶᠠᠨ ᠬᠠᠶᠠᠵᠤ ᠳᠡᠶᠢᠯᠬᠦ ᠦᠭᠡᠢ᠂ ᠨᠢᠭᠡ ᠪᠤᠷᠭᠠᠰᠤ᠂ ᠤᠷᠠᠨ ᠭᠠᠷ ᠢᠶᠠᠷ ᠢᠶᠠᠨ ᠳᠡᠭᠡᠭᠰᠢ ᠳᠣᠷᠣᠭᠰᠢ ᠰᠦᠯᠵᠢᠯᠳᠦᠨ ᠶᠠᠪᠤᠬᠤ ᠳᠤ᠂ ᠨᠢᠭᠡᠨ ᠨᠠᠷᠢᠯᠢᠭ ᠬᠢᠴᠡᠲᠡᠶ ᠪᠤᠷᠭᠠᠰᠤᠨ ᠰᠠᠭᠰᠤ ᠲᠡᠭᠦᠨ ᠤ ᠭᠠᠷ ᠠᠴᠠ ᠪᠣᠷᠣ ᠲᠥᠯᠥᠪ ᠢ ᠠᠩᠬ᠎ᠠ ᠣᠯᠵᠤ ᠬᠠᠷᠠᠪᠠ᠃      ︽ᠨᠢᠭᠡ ᠵᠢᠯ ᠳᠤ 100 ᠭᠠᠷᠤᠢ ᠬᠢᠵᠦ ᠳᠡᠶᠢᠯᠬᠦ ᠨᠢ ᠵᠥᠪᠬᠡᠨ ᠵᠣᠭᠤᠰ ᠤᠯᠬᠤ ᠶᠢᠨ ᠲᠥᠯᠥᠭᠡ ᠪᠢᠰᠢ᠂ ᠬᠠᠷᠢᠨ ᠮᠠᠨ ᠤ ᠡᠨᠡ ᠬᠦ ᠬᠠᠭᠤᠴᠢᠨ ᠤᠷ᠎ᠠ ᠮᠡᠷᠭᠡᠵᠢᠯ ᠢ ᠬᠥᠮᠦᠨ ᠤ ᠪᠠᠭ᠋ᠠᠷᠬᠠᠯ ᠢ ᠲᠠᠲᠠᠬᠤ ᠶᠢᠨ ᠲᠥᠯᠥᠭᠡ ᠶᠤᠮ︾ ᠭᠡᠵᠦ ᠯᠢᠶᠠᠩ ᠬᠦᠢ ᠹᠠ ᠬᠡᠯᠡᠪᠡ᠃      ᠡᠳᠦᠭᠡ᠂ ᠯᠢᠶᠠᠩ ᠬᠦᠢ ᠹᠠ ᠶᠢᠨ ᠨᠡᠬᠡᠭᠰᠡᠨ ᠪᠤᠷᠭᠠᠰᠤᠨ ᠰᠠᠭᠰᠤ ᠨᠢ ᠲᠤᠬᠠᠢ ᠶᠢᠨ ᠭᠠᠵᠠᠷ ᠲᠠᠭᠠᠨ ᠪᠠᠭ᠎ᠠ ᠰᠠᠭ᠎ᠠ ᠨᠡᠷ᠎ᠡ ᠲᠠᠢ ᠪᠠᠶᠢᠬᠤ ᠪᠠᠷ ᠪᠠᠷᠠᠬᠤ ᠦᠭᠡᠢ᠂ ᠪᠠᠰᠠ ᠵᠢᠷᠭᠢᠶ᠎ᠡ᠂ ᠤᠲᠠᠰᠤ ᠵᠡᠷᠭᠡ ᠠᠷᠭ᠎ᠠ ᠵᠠᠮ ᠢᠶᠠᠷ ᠪᠠᠷᠠᠭ᠎ᠠ ᠵᠠᠬᠢᠶᠠᠯᠠᠵᠤ᠂ ᠵᠠᠬᠢᠶᠠᠯᠠᠭ᠎ᠠ ᠶᠢᠨ ᠬᠠᠭᠤᠳᠠᠰᠤ ᠬᠤᠶᠢᠨ᠎ᠠ ᠬᠤᠶᠢᠨ᠎ᠠ ᠠᠴᠠ ᠪᠠᠨ ᠬᠦᠷᠴᠦ ᠢᠷᠡᠵᠠᠢ᠃      ᠰᠠᠭᠰᠤ ᠭᠦᠷᠦᠭᠰᠡᠨ ᠲᠣᠰᠬᠤᠨ ᠤ ᠠᠷᠠᠳ ᠵᠢᠶᠠᠩ ᠢᠦᠶ ᠱᠠᠨ  ᠄ ︽ ᠠᠷᠠᠳ ᠢᠷᠭᠡᠳ ᠡᠨᠡ ᠰᠠᠭᠰᠤ ᠶᠢ ᠬᠤᠳᠠᠯᠳᠤᠨ ᠠᠪᠬᠤ ᠳᠤᠷᠠᠲᠠᠶ ᠪᠠᠶᠢᠳᠠᠭ ᠨᠢ ᠬᠢᠮᠳᠠ ᠮᠥᠷᠲᠡᠭᠡᠨ ᠠᠰᠢᠭᠲᠠᠶ ᠶᠤᠮ  ᠂ ᠦᠬᠡᠷ ᠲᠤ ᠡᠪᠡᠰᠦ ᠨᠡᠮᠡᠬᠦ  ᠂ ᠡᠷᠳᠡᠨᠢ ᠰᠢᠰᠢ ᠶᠢᠨ ᠰᠠᠪᠠᠭ᠎ᠠ ᠰᠠᠪᠠᠯᠠᠬᠤ ᠳᠤ ᠴᠥᠮ ᠲᠡᠭᠦᠨ ᠢ ᠬᠡᠷᠡᠭᠯᠡᠨ᠎ᠡ  ︾ ᠭᠡᠵᠡᠶ  ᠃      ᠮᠥᠨ ᠴᠦ ᠬᠠᠭᠤᠴᠢᠨ ᠭᠠᠷ ᠤᠷᠠᠯᠠᠯ ᠤᠨ ᠠᠷᠭ᠎ᠠ ᠪᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠯᠭᠠᠰᠤᠲᠠᠢ ᠰᠢᠶᠠᠩ ᠤᠨ ᠵᠢᠨᠱᠠᠨ ᠲᠣᠰᠬᠤᠨ ᠤ ᠠᠷᠠᠳ ᠳ᠋ᠢ ᠰᠢᠶᠤᠤ ᠪᠥᠸᠧ ᠥᠪᠡᠷ ᠤᠨ ᠤᠷᠠᠨ ᠮᠡᠷᠭᠡᠵᠢᠯ ᠢᠶᠠᠷ ᠢᠶᠠᠨ ᠵᠠᠬ᠎ᠠ ᠳᠡᠯᠭᠡᠭᠦᠷ ᠤᠨ ᠡᠭᠦᠳᠡ ᠶᠢ ᠨᠡᠭᠡᠭᠡᠪᠡ᠃ ᠲᠡᠭᠦᠨ ᠤ ᠦᠢᠯᠡᠳᠦᠭᠰᠡᠨ ᠨᠢᠭᠡ ᠬᠤᠣᠰ ᠭᠤᠴᠣ ᠰᠠᠶᠢᠬᠠᠨ ᠭᠠᠷ ᠤᠷᠠᠯᠠᠯ ᠤᠨ ᠱᠠᠬᠠᠢ ᠶᠢ ᠸᠢᠴᠠᠲ ᠤᠨ ᠨᠠᠶᠢᠵᠠ ᠶᠢᠨ ᠲᠣᠭᠤᠷᠢᠭ ᠪᠤᠶᠤ ᠪᠠᠷᠢᠯᠭ᠎ᠠ ᠶᠢᠨ ᠭᠠᠵᠠᠷ ᠲᠤ ᠠᠪᠠᠴᠢᠵᠤ ᠪᠣᠷᠣᠯᠠᠭᠤᠯᠤᠭᠠᠳ᠂ ᠨᠢᠭᠡ ᠵᠢᠯ ᠤᠨ ᠳᠣᠲᠣᠷ᠎ᠠ 2000 ᠭᠠᠷᠤᠢ ᠲᠥᠭᠦᠷᠢᠭ ᠤᠨ ᠣᠷᠣᠯᠭ᠎ᠠ ᠨᠡᠮᠡᠭᠳᠡᠵᠡᠢ ᠃ ᠳ᠋ᠢ ᠰᠢᠶᠤᠤ ᠪᠥᠸᠧ ᠬᠡᠯᠡᠬᠦ ᠳᠡᠭᠡᠨ  ᠂ ᠲᠡᠷᠡ 23 ᠨᠠᠰᠤᠨ  ᠠᠴᠠ ᠪᠠᠨ ᠡᠬᠢᠯᠡᠨ ᠭᠠᠷ ᠤᠷᠠᠯᠠᠯ ᠤᠨ ᠱᠠᠬᠠᠶ ᠬᠢᠵᠦ  ᠂ ᠣᠷᠣᠯᠭ᠎ᠠ ᠪᠠᠨ ᠨᠡᠮᠡᠭᠳᠡᠭᠦᠯᠬᠦ  ᠶᠢᠨ ᠵᠡᠷᠭᠡ ᠳᠤ ᠪᠠᠰᠠ ᠥᠪᠡᠷ ᠤᠨ ᠠᠵᠢᠯ ᠤᠨ ᠴᠢᠯᠥᠭᠡᠨ ᠤ ᠠᠮᠢᠳᠤᠷᠠᠯ ᠢᠶᠠᠨ ᠪᠠᠶᠠᠯᠢᠭᠵᠢᠭᠤᠯᠵᠠᠶ  ᠃      ᠪᠤᠷᠭᠠᠰᠤᠲᠠᠢ ᠰᠢᠶᠠᠩ ᠤᠨ ᠮᠢᠨ ᠴᠢᠤᠸᠠᠨ ᠲᠣᠰᠬᠤᠨ ᠤ ᠠᠷᠠᠳ ᠬᠤᠸᠠᠩ ᠵᠧᠨ ᠲᠢᠩ ᠭᠠᠷ ᠢᠶᠠᠷ ︽ ᠲᠠᠬᠢᠶᠠᠨ ᠤ ᠬᠦᠷᠳᠦ  ︾ ᠨᠡᠬᠡᠬᠦ ᠭᠤᠴᠣ ᠡᠷᠳᠡᠮ ᠲᠠᠢ  ᠃ ᠬᠡᠰᠡᠭ ᠬᠡᠰᠡᠭ ᠪᠠᠭᠪᠠᠭᠠᠶ ᠶᠢᠨ ᠨᠠᠪᠴᠢ ᠨᠢ ᠲᠡᠭᠦᠨ ᠤ ᠤᠷᠠᠨ ᠭᠠᠷ ᠤᠨ ᠠᠵᠢᠯᠯᠠᠭ᠎ᠠ ᠪᠠᠷ ᠳᠡᠮᠡᠶ ᠤᠳᠠᠯ ᠦᠭᠡᠢ ᠨᠢᠭᠡᠨ ᠨᠠᠷᠢᠯᠢᠭ ᠬᠢᠴᠡᠲᠡᠶ 《ᠲᠠᠬᠢᠶᠠᠨ ᠬᠦᠷᠳᠦ》 ᠪᠣᠯᠤᠨ ᠬᠤᠪᠢᠷᠠᠵᠠᠶ᠃ ᠡᠨᠡ ᠨᠢ ᠲᠡᠭᠦᠨ ᠤ ᠤᠷᠠᠨ ᠭᠠᠷ ᠤᠨ ᠠᠵᠢᠯᠯᠠᠭ᠎ᠠ ᠪᠠᠷ ᠳᠡᠮᠡᠶ ᠤᠳᠠᠯ ᠦᠭᠡᠢ ᠨᠢᠭᠡᠨ ᠨᠠᠷᠢᠯᠢᠭ ᠬᠢᠴᠡ ᠲᠠᠢ 《ᠲᠠᠬᠢᠶᠠᠨ ᠬᠦᠷᠳᠦ》 ᠪᠣᠯᠤᠨ ᠬᠤᠪᠢᠷᠠᠵᠠᠶ᠃ ᠬᠤᠸᠠᠩ ᠵᠧᠨ ᠲᠢᠩ ᠤᠨ ᠬᠡᠯᠡᠬᠦ ᠪᠠᠷ  ᠂ ᠡᠪᠦᠯ ᠤᠨ ᠰᠡᠯᠡᠭᠦᠦ ᠴᠠᠭ ᠲᠤ ᠲᠡᠷᠡ ᠡᠳᠦᠷ ᠪᠦᠷᠢ ᠭᠤᠷᠪᠠ  ᠠᠴᠠ ᠳᠥᠷᠪᠡ ᠵᠣᠬᠢᠶᠠᠨ ᠪᠠᠶᠢᠭᠤᠯᠵᠤ  ᠂ ᠨᠢᠭᠡ ᠵᠢᠯ ᠳᠤ 3000 ᠲᠥᠭᠦᠷᠢᠭ ᠤᠨ ᠣᠷᠣᠯᠭ᠎ᠠ  ᠲᠠᠢ ᠪᠣᠯᠳᠠᠭ ᠭᠡᠨ᠎ᠡ  ᠃ ᠣᠳᠣᠬᠠᠨ ᠳᠤ᠂ ᠲᠡᠭᠦᠨ ᠤ ᠨᠡᠬᠡᠭᠰᠡᠨ 《ᠲᠠᠬᠢᠶᠠᠨ ᠤ ᠬᠦᠷᠳᠦ》 ᠨᠢ ᠲᠤᠬᠠᠶ ᠶᠢᠨ ᠭᠠᠵᠠᠷ ᠲᠠᠭᠠᠨ ᠪᠠᠭ᠎ᠠ ᠰᠠᠭ᠎ᠠ ᠨᠡᠷ᠎ᠡ ᠠᠯᠳᠠᠷᠲᠠᠶ ᠪᠠᠷ ᠪᠠᠷᠠᠬᠤ ᠦᠭᠡᠢ ᠪᠠᠰᠠ ᠡᠷᠬᠢᠨ ᠲᠣᠭᠤᠷᠢᠨ ᠤ ᠬᠤᠰᠢᠭᠤ ᠰᠢᠶᠠᠨ ᠳᠤ ᠪᠣᠷᠣᠯᠠᠭᠤᠯᠤᠭᠳᠠᠵᠤ᠂ ᠴᠢᠨᠠᠭᠰᠢᠯᠠᠪᠠᠯ ᠬᠠᠩᠭᠠᠯᠭ᠎ᠠ ᠨᠢ ᠬᠡᠷᠡᠭᠴᠡᠭᠡ ᠳᠡᠭᠡᠨ ᠬᠦᠷᠬᠦ ᠦᠭᠡᠢ ᠪᠣᠯᠵᠠᠶ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号