ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠨᠢ ᠬᠥᠮᠥᠨ ᠳᠤ ᠪᠤᠢ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠠᠪᠤᠴᠠ ᠳᠤ᠂ ᠡᠶᠢᠮᠦ ᠨᠢᠭᠡ ᠪᠦᠯᠦᠭ | ᠬᠥᠮᠥᠰ ᠬᠤᠳᠠ ᠠᠴᠠ ᠬᠥᠳᠡᠭᠡ ᠲᠣᠰᠬᠤᠨ ᠳᠤ ᠢᠷᠡᠵᠤ᠂ ᠨᠤᠲᠤᠭ ᠤᠰᠤ ᠪᠠᠨ ᠬᠠᠯᠠᠭᠤᠨ ᠬᠥᠷᠥᠰᠥ ᠪᠠᠷ ᠦᠵᠡᠵᠦ᠂ | ᠴᠡᠭ ᠲᠤ ᠰᠠᠭᠤᠨ ᠪᠠᠶᠢᠴᠠᠭᠠᠨ ᠰᠤᠳᠤᠯᠤᠯᠲᠠ ᠬᠢᠵᠦ᠂ ᠡᠷᠤᠭᠡ ᠪᠠᠷ ᠬᠦᠷᠴᠦ ᠰᠤᠷᠪᠤᠯᠵᠢᠯᠠᠨ᠂ ᠠᠷᠭ᠎ᠠ ᠤᠬᠠᠭᠠᠨ | ᠭᠠᠷᠭᠠᠵᠤ᠂ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠢᠶᠠᠨ ᠲᠣᠰᠬᠤᠨ ᠤ ᠠᠷᠠᠳ ᠤᠨ ᠵᠥᠪᠰᠢᠶᠡᠷᠡᠯ ᠢ | ᠣᠯᠣᠭᠰᠠᠨ ᠪᠠᠶᠢᠨ᠎ᠠ᠂ ᠲᠡᠳᠡᠨ ᠳᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠸᠠᠩ ᠸᠧᠨ ᠯᠦᠩ ᠪᠣᠯ ᠳᠠᠷᠤᠢ | ᠲᠡᠳᠡᠨ ᠤ ᠳᠣᠲᠣᠷᠠᠬᠢ ᠨᠢᠭᠡ ᠭᠡᠰᠢᠭᠦᠨ ᠪᠣᠯᠣᠨ᠎ᠠ᠃ | ᠸᠠᠩ ᠸᠧᠨ ᠯᠦᠩ ᠪᠣᠯ ᠲᠦᠩᠯᠢᠶᠣᠣ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠢᠭᠡᠨ | ᠡᠩ ᠤᠨ ᠺᠠᠳ᠋ᠷ ᠮᠥᠨ᠂ 2021 ᠣᠨ ᠤ 9 ᠰᠠᠷ᠎ᠠ ᠳᠤ ᠨᠠᠢᠮᠠᠨ ᠬᠤᠰᠢᠭᠤᠨ ᠤ ᠳ᠋ᠠᠴᠢᠨᠲᠠᠯᠠ ᠪᠠᠯᠭᠠᠰᠤᠨ ᠤ ᠯᠢᠦ | ᠵᠢᠶᠠ ᠪᠦᠦ ᠲᠣᠰᠬᠤᠨ ᠳᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠬᠦ ᠪᠠᠷ | ᠲᠣᠮᠢᠯᠠᠭᠳᠠᠵᠠᠢ᠃ ᠲᠡᠭᠦᠨ ᠠᠴᠠ ᠬᠤᠶᠢᠰᠢ᠂ ᠲᠡᠷᠡ ︽ᠠᠯᠪᠠᠨ ᠰᠢᠷᠡᠭᠡ︾ ᠶᠢ ᠤᠯᠠᠨ ᠲᠦᠮᠡᠨ ᠤ ᠭᠡᠷ ᠲᠤ | ᠪᠠᠶᠢᠷᠢᠯᠠᠭᠤᠯᠵᠤ᠂︽ᠠᠵᠢᠯ ᠤᠨ ᠬᠦᠰᠦᠨᠦᠭ︾ ᠢ ᠲᠠᠷᠢᠶᠠᠨ ᠳᠤᠮᠳᠠ ᠵᠢᠭᠰᠠᠭᠠᠵᠤ᠂ ᠲᠣᠰᠬᠤᠨ ᠤ ᠺᠠᠳ᠋ᠷ ᠲᠠᠢ ᠬᠠᠮᠲᠤᠪᠠᠷ | ᠠᠶᠢᠯ ᠡᠷᠦᠬᠡ ᠳᠠᠷᠠᠭᠠᠯᠠᠨ ᠲᠣᠰᠬᠤᠨ ᠤ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ | ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠦᠢᠯᠡᠴᠢᠯᠡᠬᠦ ᠶᠢᠨ ᠦᠨᠡᠨ ᠤᠳᠬ᠎ᠠ ᠶᠢ ᠲᠠᠶᠢᠯᠪᠤᠷᠢᠯᠠᠵᠠᠢ᠃ | ︽ᠸᠧᠨ ᠯᠦᠩ ᠢᠷᠡᠭᠰᠡᠨ ᠤ ᠳᠠᠷᠠᠭ᠎ᠠ᠂ ᠮᠠᠨ ᠤ ᠲᠣᠰᠬᠤᠨ ᠳᠤ ᠲᠡᠭᠷᠢ ᠭᠠᠵᠠᠷ ᠢ ᠳᠣᠩᠰᠣᠯᠭᠠᠮ᠎ᠠ | ᠬᠤᠪᠢᠷᠠᠯᠲᠠ ᠭᠠᠷᠭᠠᠵᠠᠢ᠂ ᠲᠡᠷᠡ ᠠᠵᠢᠯ ᠳᠠᠭᠠᠨ ᠪᠣᠳᠠᠲᠠᠢ ᠶᠢ ᠡᠷᠬᠢᠮᠯᠡᠵᠦ᠂ ᠦᠨᠡᠨ ᠰᠡᠳᠬᠢᠯ ᠠᠴᠠ ᠪᠠᠨ ᠤᠯᠠᠨ | ᠲᠦᠮᠡᠨ ᠳᠤ ᠦᠢᠯᠡᠴᠢᠯᠡᠵᠦ ᠪᠠᠶᠢᠨ᠎ᠠ︾᠃ ᠭᠡᠵᠦ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ | ᠠᠷᠠᠳ ᠤᠨ ᠵᠥᠪᠯᠡᠯ ᠤᠨ ᠡᠷᠬᠢᠯᠡᠭᠴᠢ ᠴᠢᠶᠣᠤ ᠢᠦᠢ ᠼᠦᠨ ᠬᠡᠯᠡᠪᠡ᠃ | ᠲᠣᠰᠬᠤᠨ ᠳᠤ ᠰᠠᠭᠤᠵᠤ ᠡᠬᠢᠯᠡᠮᠡᠭᠴᠡ᠂ ᠸᠠᠩ ᠸᠥ᠋ᠨ ᠯᠦᠩ ᠠᠯᠢ ᠲᠦᠷᠭᠡᠨ ᠢᠶᠠᠷ ᠳᠦᠷᠢ ᠪᠠᠨ ᠬᠤᠪᠢᠷᠠᠭᠤᠯᠵᠤ᠂ | ᠰᠢᠨ᠎ᠡ ᠠᠵᠢᠯ ᠤᠨ ᠪᠠᠶᠢᠷᠢ ᠳᠤ ᠵᠣᠬᠢᠴᠠᠵᠤ᠂ ᠲᠣᠰᠬᠤᠨ ᠤ ᠠᠷᠠᠳ ᠲᠠᠢ ᠨᠢᠭᠡ ᠬᠠᠨᠵᠤᠨ ᠳᠡᠭᠡᠷ᠎ᠡ ᠰᠠᠭᠤᠵᠤ᠂ | ᠬᠠᠮᠲᠤ ᠪᠠᠶᠢᠬᠤ ᠶᠢ ᠪᠤᠳᠤᠵᠤ᠂ ᠬᠠᠮᠲᠤ ᠠᠵᠢᠯᠯᠠᠬᠤ ᠶᠢ ᠪᠤᠳᠤᠵᠠᠢ᠃ | ᠲᠣᠰᠬᠤᠨ ᠤ ᠬᠡᠰᠡᠭ ᠵᠠᠮ ᠤᠨ ᠬᠡᠰᠡᠭ ᠲᠤ ᠵᠠᠮ ᠤᠨ ᠳ᠋ᠧᠩ ᠪᠠᠶᠢᠬᠤ ᠦᠭᠡᠢ᠂ ᠲᠣᠰᠬᠤᠨ ᠤ ᠠᠷᠠᠳ ᠰᠥᠨᠢ ᠪᠠᠷ | ᠭᠠᠳᠠᠭᠰᠢ ᠭᠠᠷᠬᠤ ᠳᠤ ᠲᠤᠩ ᠳᠥᠭᠦᠮ ᠦᠭᠡᠢ ᠪᠠᠶᠢᠬᠤ ᠶᠢ ᠣᠯᠵᠤ ᠮᠡᠳᠡᠭᠰᠡᠨ ᠤ ᠳᠠᠷᠠᠭ᠎ᠠ᠂ ᠲᠡᠷᠡ ᠢᠳᠡᠪᠬᠢᠲᠡᠢ ᠪᠠᠷ | ᠵᠣᠬᠢᠴᠠᠭᠤᠯᠤᠨ 8 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ ᠲᠣᠰᠬᠤᠨ ᠤ ᠳᠣᠲᠣᠷᠠᠬᠢ ᠪᠤᠢ ᠪᠦᠬᠦᠢ | ᠵᠠᠮ ᠤᠨ ᠳ᠋ᠧᠩ ᠢ ᠤᠭᠰᠠᠷᠠᠵᠤ ᠰᠣᠯᠢᠪᠠ᠃ ᠣᠲᠣ ᠶᠢᠨ ᠪᠠᠶᠢᠭ᠎ᠠ ᠠᠵᠤ ᠦᠢᠯᠡᠰ ᠢ ᠪᠠᠬᠢᠵᠢᠭᠦᠯᠵᠦ᠂ ᠰᠢᠨ᠎ᠡ ᠪᠠᠷ | ᠬᠥᠭᠵᠢᠭᠰᠡᠨ ᠠᠵᠤ ᠦᠢᠯᠡᠰ ᠢ ᠬᠥᠭᠵᠢᠭᠦᠯᠬᠦ ᠶᠢᠨ ᠲᠥᠯᠥᠭᠡ᠂ ᠸᠠᠩ ᠸᠧᠨ ᠯᠦᠩ ᠲᠣᠰᠬᠤᠨ ᠤ ︽ᠬᠤᠶᠠᠷ ᠵᠥᠪᠯᠡᠯ | ︾ ᠢ ᠳᠠᠭᠠᠭᠤᠯᠤᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ 200 ᠮᠦ ᠴᠢᠴᠠᠷᠭᠠᠨ᠎ᠠ ᠶᠢᠨ ᠴᠢᠬᠢ | ᠪᠣᠶᠢᠵᠢᠭᠤᠯᠬᠤ ᠰᠠᠭᠤᠷᠢᠨ ᠭᠠᠵᠠᠷ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢᠨ ᠬᠠᠮᠲᠤ ᠲᠣᠮᠢᠯᠠᠭᠰᠠᠨ | ᠨᠢᠭᠡᠴᠡ ᠶᠢ ᠵᠣᠬᠢᠴᠠᠭᠤᠯᠤᠨ 15 ᠲᠦᠮᠡᠨ ᠲᠥᠭᠦᠷᠢᠭ ᠤᠨ ᠪᠡᠯᠡ ᠮᠥᠩᠭᠦ ᠭᠠᠷᠭᠠᠵᠤ᠂ ᠴᠢᠴᠠᠷᠭᠠᠨ᠎ᠠ ᠶᠢᠨ ᠠᠵᠤ | ᠦᠢᠯᠡᠰ ᠤᠨ ᠬᠥᠭᠵᠢᠯᠲᠡ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | ᠸᠠᠩ ᠸᠧᠨ ᠯᠦᠩ ᠪᠣᠯᠣᠨ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠴᠥᠬᠦᠷᠡᠰᠢ ᠦᠭᠡᠢ | ᠴᠢᠷᠮᠠᠶᠢᠯᠭ᠎ᠠ ᠪᠠᠷ᠂ 2021 ᠣᠨ ᠳᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 30 ᠲᠦᠮᠡᠨ | ᠲᠥᠭᠦᠷᠢᠭ ᠢ ᠳᠠᠪᠠᠵᠤ᠂ ᠳᠡᠭᠡᠷ᠎ᠡ ᠵᠢᠯ ᠤᠨ ᠬᠢ ᠠᠴᠠ 10% ᠪᠠᠷ ᠳᠡᠭᠡᠭᠰᠢᠯᠡᠵᠡᠢ᠃ | ︽ᠮᠢᠨᠤ ᠦᠵᠡᠬᠦ ᠪᠠᠷ ᠲᠣᠰᠬᠤᠨ ᠳᠤ ᠰᠠᠭᠤᠬᠤ ᠳᠤ ᠬᠠᠮᠤᠭ ᠤᠨ ᠴᠢᠬᠤᠯᠠ ᠨᠢ ︿ᠰᠡᠳᠬᠢᠯ ᠳᠤ ᠰᠠᠭᠤᠬᠤ﹀ | ᠶᠠᠪᠤᠳᠠᠯ ᠪᠣᠯᠣᠨ᠎ᠠ᠂ ︿ᠪᠡᠶ᠎ᠡ ᠪᠠᠷ ᠢᠶᠠᠨ ᠣᠷᠣᠬᠤ﹀ ᠳᠤ ᠨᠠᠩ ᠴᠤ ︿ᠰᠡᠳᠬᠢᠯ ᠳᠤ ᠣᠷᠣᠬᠤ﹀ ᠬᠡᠷᠡᠭᠲᠡᠢ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠶᠠᠨ ᠨᠢᠭᠡᠨᠲᠡ ᠡᠬᠢᠯᠡᠪᠡ᠂ ᠲᠣᠰᠬᠤᠨ ᠳᠤ ᠰᠠᠭᠤᠭ᠎ᠠ ᠺᠠᠳ᠋ᠷᠴᠤᠳ ᠲᠤ | ᠠᠪᠴᠤ ᠬᠡᠯᠡᠪᠡᠯ᠂ ︿ᠲᠣᠰᠬᠤᠨ ᠳᠤ ᠰᠠᠭᠤᠬᠤ﹀ ᠬᠡᠷᠡᠭᠲᠡᠢ ᠪᠠᠷ ᠪᠠᠷᠠᠬᠤ ᠦᠭᠡᠢ ᠨᠠᠩ ᠴᠤ ︿ᠲᠣᠰᠬᠤᠨ ᠳᠤ | ᠰᠠᠭᠤᠬᠤ﹀ ᠬᠡᠷᠡᠭᠲᠡᠢ᠂ ᠵᠣᠬᠢᠶᠠᠨ ᠪᠠᠶᠢᠭᠤᠯᠤᠯᠲᠠ ᠶᠢᠨ ᠢᠲᠡᠭᠡᠯ ᠪᠠ ᠣᠯᠠᠨ ᠲᠦᠮᠡᠨ ᠤ ᠬᠦᠰᠡᠯ ᠡᠷᠡᠮᠡᠯᠵᠡᠯ ᠢ | ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ︾ ᠭᠡᠵᠦ ᠸᠠᠩ ᠸᠥ᠋ᠨ ᠯᠦᠩ ᠡᠷᠡᠰ ᠰᠢᠭᠤᠷᠬᠠᠢ ᠪᠠᠷ ᠬᠡᠯᠡᠪᠡ᠃ |