【ᠪᠠᠶᠠᠵᠢᠯ ᠤᠨ ᠬᠤᠰᠢᠭᠤᠴᠢ 】 ᠤᠶᠤᠨᠨᠠᠪᠴᠢ᠄ ᠡᠨᠡ ᠵᠢᠯ ᠢᠬᠡᠷ᠎ᠡ ᠬᠤᠷᠠᠭ᠎ᠠ ᠨᠠᠩ ᠣᠯᠠᠨ ᠪᠣᠯᠪᠠ
ᠨᠡᠶᠢᠲᠡᠯᠡᠭᠰᠡᠨ ᠴᠠᠭ᠄
2022/3/2
    ᠲᠥᠯ ᠲᠤᠰᠴᠤ ᠪᠣᠶᠢᠵᠢᠭᠤᠯᠬᠤ ᠪᠣᠯ ᠮᠠᠯᠴᠢᠳ ᠤᠨ ᠵᠢᠯ ᠪᠦᠷᠢ ᠶᠢᠨ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠨᠢᠭᠡᠨ ᠲᠣᠮᠣ ᠶᠠᠪᠤᠳᠠᠯ ᠮᠥᠨ᠂ ᠲᠡᠷᠡ ᠨᠢ ᠡᠷᠦᠬᠡ ᠪᠦᠷᠢ ᠶᠢᠨ ᠣᠷᠣᠯᠭ᠎ᠠ ᠶᠢᠨ ᠬᠢᠷᠢ ᠲᠦᠪᠰᠢᠨ ᠲᠠᠢ ᠰᠢᠭᠤᠳ ᠬᠤᠯᠪᠣᠭᠳᠠᠵᠤ ᠪᠠᠶᠢᠳᠠᠭ᠃  ᠪᠠᠶᠠᠨᠨᠠᠭᠤᠷ ᠬᠤᠲᠠ  ᠶᠢᠨ ᠤᠷᠠᠳ ᠤᠨ ᠳᠤᠮᠳᠠᠳᠤ ᠬᠤᠰᠢᠭᠤᠨ ᠤ ᠤᠶᠤᠨᠨᠠᠪᠴᠢ  ᠶᠢᠨ ᠬᠢᠨ ᠡᠨᠡ ᠵᠢᠯ 20 ᠭᠠᠷᠤᠢ ᠢᠬᠡᠷ᠎ᠡ ᠬᠤᠷᠠᠭ᠎ᠠ ᠲᠤᠰᠴᠤ᠂ ᠬᠤᠷᠠᠭ᠎ᠠ  ᠶᠢᠨ ᠨᠣᠷᠮ᠎ᠠ ᠨᠢ 125% ᠳᠤ ᠬᠦᠷᠴᠡᠢ᠃     ᠡᠨᠡ ᠵᠢᠯ 58 ᠨᠠᠰᠤᠲᠠᠢ ᠤᠶᠤᠨᠨᠠᠪᠦᠴᠢ ᠪᠣᠯ ᠤᠷᠠᠳ ᠤᠨ ᠳᠤᠮᠳᠠᠳᠤ ᠬᠤᠰᠢᠭᠤᠨ ᠤ ᠰᠢᠨ᠎ᠡ ᠬᠤᠳᠳᠤᠭ ᠰᠤᠮᠤ ᠶᠢᠨ ᠰᠢᠷ᠎ᠠ ᠭᠠᠴᠠᠭ᠎ᠠ ᠶᠢᠨ ᠮᠠᠯᠴᠢᠨ ᠪᠣᠯᠣᠨ᠎ᠠ᠂ ᠲᠡᠳᠡᠨ ᠤ ᠭᠡᠷ ᠲᠤ 3700 ᠭᠠᠷᠤᠢ ᠮᠦ ᠪᠡᠯᠴᠢᠭᠡᠷ ᠲᠠᠢ᠂ 300 ᠭᠠᠷᠤᠢ ᠬᠤᠨᠢ᠂ 10 ᠭᠠᠷᠤᠢ ᠦᠬᠡᠷ ᠲᠡᠵᠢᠭᠡᠵᠦ ᠪᠤᠢ᠃ ᠪᠢᠴᠢᠭᠴᠢ ᠨᠢ ᠲᠡᠭᠦᠨ ᠤ ᠳᠤ ᠣᠴᠢᠬᠤ ᠦᠶ᠎ᠡ ᠳᠤ ᠲᠡᠷᠡ ᠶᠠᠭ ᠡᠪᠡᠰᠦ ᠪᠣᠷᠳᠤᠭ᠎ᠠ ᠲᠡᠵᠢᠭᠡᠬᠦ᠂ ᠬᠤᠨᠢᠨ ᠤ ᠬᠠᠰᠢᠶ᠎ᠠ ᠪᠠᠨ ᠴᠡᠪᠡᠷᠯᠡᠬᠦ ᠵᠡᠷᠭᠡ ᠪᠠᠷ ᠶᠠᠭᠠᠷᠠᠯᠳᠤᠵᠤ ᠪᠠᠶᠢᠭᠰᠠᠨ ᠪᠥᠭᠡᠳ ᠠᠯᠢᠪᠠ ᠪᠦᠬᠦᠨ ᠨᠢ ᠪᠦᠷ ᠲᠡᠶᠢᠮᠦ ᠡᠮᠬᠢ ᠵᠠᠮᠪᠠᠷᠠᠭ᠎ᠠ ᠲᠠᠢ ᠪᠠᠶᠢᠪᠠ᠃ ᠬᠤᠷᠠᠭ᠎ᠠ ᠢᠰᠢᠭᠡᠨ ᠤ ᠪᠡᠶ᠎ᠡ ᠶᠢᠨ ᠪᠠᠶᠢᠳᠠᠯ ᠨᠢ ᠵᠢᠭᠳᠡᠬᠡᠨ᠂ ᠦᠰᠦ ᠨᠢ ᠬᠤᠷᠴᠠ ᠲᠤᠩᠭᠠᠯᠠᠭ᠂ ᠤᠶᠤᠨᠨᠠᠪᠴᠢ ᠶᠢᠨ ᠴᠢᠷᠠᠢ ᠳᠤ ᠬᠤᠷᠢᠶᠠᠯᠲᠠ ᠶᠢᠨ ᠢᠨᠢᠶᠡᠮᠰᠦᠭᠯᠡᠯ ᠪᠢᠯᠬᠠᠵᠤ ᠪᠠᠶᠢᠯ᠎ᠠ᠃  ︽ᠥᠩᠭᠡᠷᠡᠭᠰᠡᠨ ᠳᠤ ᠴᠥᠮ ᠨᠤᠲᠤᠭ ᠤᠨ ᠬᠤᠨᠢ ᠲᠡᠵᠢᠭᠡᠵᠦ ᠪᠠᠶᠢᠵᠠᠢ᠂ ᠨᠤᠲᠤᠭ ᠤᠨ ᠬᠤᠨᠢᠨ ᠤ ᠣᠷᠣᠯᠭ᠎ᠠ  ᠨᠢ ᠲᠡᠶᠢᠮᠦ ᠥᠨᠳᠥᠷ ᠪᠢᠰᠢ᠂ ᠬᠤᠨᠢᠨ ᠨᠣᠣᠰᠣ ᠨᠢ ᠴᠦ ᠦᠨ᠎ᠡ ᠬᠦᠷᠬᠦ ᠦᠭᠡᠢ ᠪᠠᠶᠢᠪᠠ᠃ ᠨᠢᠳᠤᠨᠤᠨ  ᠠᠴᠠ ᠡᠬᠢᠯᠡᠨ ᠨᠠᠷᠢᠨ ᠨᠣᠣᠰᠣᠲᠤ ᠬᠤᠴᠠᠨ ᠤ ᠡᠭᠦᠯᠳᠡᠷ ᠰᠠᠶᠢᠵᠢᠷᠠᠭᠤᠯᠤᠭᠰᠠᠨ  ᠠᠴᠠ ᠬᠤᠷᠠᠭ᠎ᠠ ᠢᠰᠢᠭᠡᠨ ᠤ ᠦᠨ᠎ᠡ ᠴᠦ ᠥᠰᠴᠡᠢ᠃ ᠡᠨᠡ ᠵᠢᠯ ᠬᠤᠨᠢᠨ ᠰᠦᠷᠦᠭ ᠲᠠᠷᠭᠤ ᠰᠠᠶᠢᠲᠠᠢ ᠪᠣᠯᠵᠤ᠂ 100% ᠪᠠᠷ ᠬᠤᠷᠠᠭ᠎ᠠ ᠲᠤᠰᠴᠤ᠂ 20 ᠭᠠᠷᠤᠢ ᠢᠬᠡᠷ᠎ᠡ ᠬᠡᠦᠬᠡᠳ ᠣᠷᠣᠵᠤ᠂ 90 ᠭᠠᠷᠤᠢ ᠬᠤᠨᠢᠨ ᠤ ᠳᠣᠲᠣᠷᠠᠬᠢ 20 ᠭᠠᠷᠤᠢ ᠨᠢ ᠢᠬᠡᠷ᠎ᠡ ᠬᠡᠦᠬᠡᠳ ᠣᠷᠣᠵᠤ᠂ 100% ᠪᠠᠷ ᠢᠬᠡᠷ᠎ᠡ ᠬᠡᠦᠬᠡᠳ  ᠢᠶᠠᠨ ᠬᠠᠮᠠᠭᠠᠯᠠᠵᠤ ᠴᠢᠳᠠᠵᠠᠢ︾  ᠭᠡᠵᠦ ᠤᠶᠤᠨᠨᠠᠪᠴᠢ ᠬᠡᠯᠡᠪᠡ᠃     ᠲᠠᠷᠢᠶᠠᠴᠢᠳ ᠨᠠᠮᠤᠷ ᠤᠨ ᠬᠤᠷᠢᠶᠠᠯᠲᠠ ᠶᠢ ᠦᠵᠡᠵᠦ᠂ ᠮᠠᠯᠴᠢᠳ ᠲᠥᠯ ᠲᠣᠰᠬᠤ ᠶᠢ ᠦᠵᠡᠳᠡᠭ᠃ ᠤᠶᠤᠨᠨᠠᠪᠴᠢ ᠮᠠᠯ ᠮᠠᠯᠵᠢᠬᠤ ᠳᠠᠭᠠᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠶᠢ ᠪᠠᠷᠢᠮᠲᠠᠯᠠᠵᠤ᠂ ᠬᠤᠨᠢᠨ ᠮᠢᠬᠠᠨ ᠤ ᠵᠠᠬ᠎ᠠ ᠳᠡᠯᠭᠡᠭᠦᠷ ᠤᠨ ᠪᠠᠶᠢᠳᠠᠯ ᠢ ᠠᠵᠢᠭᠯᠠᠵᠤ᠂ ᠤᠯᠠᠮᠵᠢᠯᠠᠯᠲᠤ ᠮᠠᠯ ᠬᠠᠷᠢᠭᠤᠯᠬᠤ ᠦᠵᠡᠯᠲᠡ ᠪᠠᠨ ᠬᠤᠪᠢᠷᠠᠭᠤᠯᠵᠤ᠂ ᠰᠢᠨ᠎ᠡ ᠡᠭᠦᠯᠳᠡᠷ ᠢ ᠣᠷᠣᠭᠤᠯᠤᠨ ᠰᠠᠶᠢᠵᠢᠷᠠᠭᠤᠯᠬᠤ ᠪᠠᠷ ᠲᠤᠷᠰᠢᠵᠤ᠂ ᠪᠦᠬᠦᠯᠢ ᠴᠣᠭᠴᠠ ᠶᠢᠨ ᠦᠷ᠎ᠡ ᠠᠰᠢᠭ ᠢᠶᠠᠨ ᠳᠡᠭᠡᠭᠰᠢᠯᠡᠭᠦᠯᠵᠡᠢ᠃ ᠶᠡᠭᠡ ᠪᠠᠭ᠎ᠠ ᠮᠠᠯ ᠤᠨ ᠠᠮᠤᠷ ᠲᠦᠪᠰᠢᠨ ᠢᠶᠠᠷ ᠡᠪᠦᠯ ᠬᠠᠪᠤᠷ ᠢ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠲᠡᠷᠡ 6 ᠲᠦᠮᠡᠨ ᠲᠥᠭᠦᠷᠢᠭ ᠤᠨ ᠡᠪᠡᠰᠦ ᠪᠣᠷᠳᠤᠭ᠎ᠠ ᠪᠡᠯᠡᠳᠬᠡᠵᠦ᠂ ᠨᠢᠳᠤᠨᠤᠨ ᠤ ᠡᠪᠦᠯ ᠤᠨ 11 ᠰᠠᠷ᠎ᠠ ᠠᠴᠠ ᠡᠬᠢᠯᠡᠨ ᠶᠡᠭᠡ ᠪᠠᠭ᠎ᠠ ᠬᠤᠨᠢ ᠲᠡᠵᠢᠭᠡᠵᠦ᠂ ᠰᠠᠭᠤᠷᠢ ᠡᠮ᠎ᠡ ᠬᠤᠨᠢᠨ ᠤ ᠪᠡᠶ᠎ᠡ ᠶᠢᠨ ᠲᠠᠷᠭᠤ ᠬᠦᠴᠦ ᠶᠢ ᠪᠠᠲᠤᠯᠠᠵᠤ᠂ ᠡᠨᠡ ᠵᠢᠯ ᠤᠨ ᠬᠤᠷᠠᠭ᠎ᠠ ᠶᠢᠨ ᠤᠨᠠᠯᠲᠠ ᠶᠢᠨ ᠨᠤᠷᠮ᠎ᠠ 125% ᠳᠤ ᠬᠦᠷᠴᠦ᠂ ᠥᠪᠡᠷ ᠤᠨ ᠨᠢᠭᠡ ᠵᠢᠯ ᠤᠨ ᠰᠢᠷᠭᠠᠭᠤ ᠬᠥᠳᠡᠯᠮᠦᠷᠢ ᠳᠡᠭᠡᠨ ᠬᠠᠨᠤᠮᠵᠢᠲᠠᠢ ᠬᠠᠷᠢᠭᠤᠯᠲᠠ ᠥᠭᠴᠡᠢ᠃  
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号