ᠨᠢᠭᠡ ᠤᠳᠠᠭᠠᠨ ᠤ ᠴᠠᠰᠤ ᠣᠷᠣᠭᠰᠠᠨ ᠤ ᠲᠠᠷᠠᠭ᠎ᠠ᠂ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠪᠡᠭᠡᠲᠦ | ᠴᠠᠭᠠᠨ ᠬᠤᠰᠢᠭᠤᠨ ᠤ ᠤᠯᠠᠭᠠᠨᠴᠠᠪ ᠰᠤᠮᠤ ᠶᠢᠨ ᠤᠯᠠᠨᠨᠠᠭᠤᠷ ᠭᠠᠴᠠᠭ᠎ᠠ ᠶᠢᠨ ᠠᠭᠠᠷ ᠤᠨ ᠳᠤᠯᠠᠭᠠᠨ ᠲᠡᠭ ᠠᠴᠠ | ᠳᠣᠷᠣᠭᠰᠢ 20 ᠭᠷᠡᠳᠦ᠋ᠰ ᠲᠤ ᠬᠦᠷᠴᠡᠢ᠃ ᠬᠠᠷ᠎ᠠ ᠥᠷᠯᠥᠭᠡ᠂ ᠭᠠᠴᠠᠭᠠᠨ ᠤ ᠮᠠᠯᠴᠢᠨ ᠨᠠᠮ ᠤᠨ ᠭᠡᠰᠢᠭᠦᠳ | ᠨᠢᠭᠡᠳᠦᠭᠡᠷ ᠱᠦᠵᠢ ᠠᠭᠳᠦ᠋ᠮ ᠤᠨ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠨᠠᠮ ᠪᠣᠯᠣᠨ ᠤᠯᠠᠨ ᠲᠦᠮᠡᠨ ᠤ | ᠠᠵᠢᠯᠯᠠᠭ᠎ᠠ ᠶᠢᠨ ᠲᠥᠪ ᠲᠤ ᠴᠤᠭᠯᠠᠷᠠᠵᠠᠢ᠃ ︽ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠷᠠᠯᠲᠠ | ᠱᠠᠭᠠᠷᠳᠠᠯᠭ᠎ᠠ ᠪᠠᠨ ᠳᠤᠷᠠᠳᠤᠨ᠂ ᠭᠤᠣᠯᠳᠠᠯᠭ᠎ᠠ ᠲᠠᠢ ᠡᠭᠦᠷᠭᠡ ᠪᠠᠨ ᠪᠠᠶᠢᠷᠢᠯᠠᠭᠤᠯᠵᠤ᠂ ᠢᠷᠡᠭᠡᠳᠦᠢ ᠶᠢᠨ ᠲᠠᠪᠤᠨ | ᠵᠢᠯ ᠤᠨ ᠥᠪᠥᠷ ᠮᠣᠩᠭᠤᠯ ᠤᠨ ᠬᠥᠭᠵᠢᠯᠲᠡ ᠶᠢᠨ ᠠᠤᠭ᠎ᠠ ᠲᠥᠰᠥᠪ ᠢ ᠰᠢᠨᠵᠢᠯᠡᠬᠦ ᠤᠬᠠᠭᠠᠨᠴᠢ ᠪᠠᠷ ᠵᠢᠷᠤᠭᠯᠠᠵᠠᠢ᠃ | ᠥᠨᠥᠳᠥᠷ ᠪᠢᠳᠡ ᠬᠠᠮᠲᠤ ᠪᠠᠷ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠵᠢᠷᠤᠮᠯᠠᠨ᠂ | ᠡᠨᠡ ᠵᠢᠯ ᠤᠨ ᠭᠠᠴᠠᠭᠠᠨ ᠤ ᠬᠥᠭᠵᠢᠯᠲᠡ ᠶᠢᠨ ᠰᠡᠳᠬᠢᠴᠡ ᠪᠠᠨ ᠬᠡᠷᠬᠢᠨ ᠲᠣᠭᠲᠠᠭᠠᠬᠤ ᠲᠤᠬᠠᠢ ᠶᠠᠷᠢᠯᠴᠠᠬᠤ ᠶᠢᠨ | ᠲᠥᠯᠥᠭᠡ ᠣᠯᠠᠨ ᠢ ᠴᠤᠭᠯᠠᠭᠤᠯᠤᠭᠰᠠᠨ ᠶᠤᠮ︾ ᠭᠡᠵᠡᠢ᠃ | ︽ᠮᠠᠨ ᠤ ᠭᠠᠴᠠᠭ᠎ᠠ ᠡᠯᠡᠰᠦᠨ ᠳᠤ ᠪᠠᠶᠢᠷᠢᠯᠠᠵᠤ᠂ ᠭᠠᠩ ᠬᠠᠭᠰᠠᠷᠠᠭᠠᠨ ᠢ ᠶᠠᠷᠢᠬᠤ ᠦᠭᠡᠢ ᠪᠣᠯ ᠵᠠᠮ | ᠬᠠᠷᠢᠯᠴᠠᠭ᠎ᠠ ᠳᠥᠭᠦᠮ ᠦᠭᠡᠢ ᠶᠤᠮ᠃ ᠡᠨᠡ ᠪᠣᠯ ᠮᠠᠨ ᠤ ᠪᠣᠳᠠᠲᠤ ᠪᠠᠶᠢᠳᠠᠯ ᠮᠥᠨ᠃ ᠭᠡᠪᠡᠴᠦ᠂ ᠪᠢᠳᠡ ᠪᠠᠭᠤᠷᠠᠢ | ᠲᠠᠯ᠎ᠠ ᠪᠠᠨ ᠳᠠᠪᠠᠭᠤᠯᠢᠭ ᠲᠠᠯ᠎ᠠ ᠪᠣᠯᠭᠠᠨ ᠬᠤᠪᠢᠷᠠᠭᠤᠯᠬᠤ ᠬᠡᠷᠡᠭᠲᠡᠢ᠂ ᠵᠢᠱᠢᠶᠡᠯᠡᠪᠡᠯ᠂ ᠨᠢᠳᠤᠨᠤᠨ ᠤ ᠪᠥᠭᠡᠮᠨᠡᠷᠡᠨ | ᠦᠬᠡᠷ ᠲᠡᠵᠢᠭᠡᠬᠦ ᠪᠠᠨ ᠳᠠᠬᠢᠨ ᠥᠷᠭᠡᠳᠬᠡᠵᠦ᠂ ᠪᠥᠬᠦ ᠮᠠᠯᠴᠢᠳ ᠤᠨ ᠬᠠᠮᠲᠤ ᠶᠢᠨ ᠲᠠᠨᠢᠯᠲᠠ ᠶᠢ ᠪᠣᠶ ᠪᠣᠯᠭᠠᠵᠤ᠂ | ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠣᠰᠣᠭᠠᠷ᠂ | ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ᠂ | ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠦᠨ᠂ ᠲᠣᠭᠲᠠᠪᠤᠷᠢᠵᠢᠭᠤᠯᠵᠤ᠂ ᠳᠡᠭᠡᠭᠰᠢᠯᠡᠭᠦᠯᠵᠦ ᠪᠣᠯᠣᠨ᠎ᠠ᠃ ᠮᠢᠨᠤ | ᠦᠵᠡᠬᠦ ᠪᠠᠷ ᠢᠩᠭᠢᠪᠡᠯ ᠯᠠᠪᠲᠠᠢ ᠪᠣᠯᠣᠨ᠎ᠠ︾ ᠭᠡᠵᠦ ᠮᠠᠯᠴᠢᠨ ᠨᠠᠮ ᠤᠨ ᠭᠡᠰᠢᠭᠦᠨ ᠰᠡᠴᠡᠨᠬᠤᠸᠠ ᠬᠡᠯᠡᠵᠡᠢ᠃ | ︽ᠲᠠᠨ ᠤ ᠬᠡᠯᠡᠬᠦ ᠮᠠᠰᠢ ᠵᠥᠪ ᠪᠠᠶᠢᠨ᠎ᠠ᠂ ᠭᠠᠴᠠᠭᠠᠨ ᠤ ᠨᠠᠮ ᠤᠨ ᠭᠡᠰᠢᠭᠦᠨ ᠦᠨᠳᠦᠰᠦᠨ ᠱᠠᠲᠤᠨ ᠤ ᠡᠮᠦᠨ᠎ᠡ | ᠹᠷᠣᠨᠲ ᠲᠤ ᠪᠠᠶᠢᠷᠢᠯᠠᠵᠤ᠂ ᠮᠠᠯᠴᠢᠨ ᠲᠦᠮᠡᠨ ᠲᠠᠢ ᠬᠠᠮᠤᠭ ᠤᠨ ᠨᠢᠭᠲᠠ ᠬᠠᠷᠢᠯᠴᠠᠭ᠎ᠠ ᠲᠠᠢ᠂ ᠬᠠᠮᠤᠭ ᠤᠨ ᠳᠣᠲᠣᠨᠣ | ᠬᠠᠷᠢᠴᠠᠭ᠎ᠠ ᠲᠠᠢ ᠪᠠᠶᠢᠳᠠᠭ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠥᠷᠭᠡᠨ ᠣᠯᠠᠨ ᠦᠨᠳᠦᠰᠦᠨ | ᠱᠠᠲᠤᠨ ᠤ ᠨᠠᠮ ᠤᠨ ᠭᠡᠰᠢᠭᠦᠨ ᠤ ᠣᠷᠤᠯᠴᠠᠬᠤ ᠪᠠ ᠬᠤᠪᠢ ᠨᠡᠮᠡᠷᠢ ᠦᠵᠡᠭᠦᠯᠬᠦ ᠠᠴᠠ ᠶᠠᠭᠠᠬᠢᠭᠰᠠᠨ ᠴᠤ ᠰᠠᠯᠵᠤ | ᠪᠣᠯᠬᠤ ᠦᠭᠡᠢ᠂ ᠪᠢᠳᠡ ᠭᠠᠴᠠᠭᠠᠨ ᠤ ᠪᠥᠬᠦ ᠮᠠᠯᠴᠢᠳ ᠢ ᠳᠠᠭᠠᠭᠤᠯᠤᠨ ᠠᠵᠤ ᠦᠶᠢᠯᠡᠰᠵᠢᠯᠲᠡ ᠶᠢᠨ | ᠬᠥᠭᠵᠢᠯᠲᠡ ᠶᠢᠨ ᠵᠠᠮ ᠢᠶᠠᠷ ︿ᠬᠥᠳᠡᠯᠦᠯᠴᠡᠶ᠎ᠡ﹀︾ ᠭᠡᠵᠡᠢ᠃ | ᠬᠠᠷᠠᠬᠠᠨ ᠪᠠᠭ᠎ᠠ ᠠᠴᠠ ᠪᠠᠨ ᠮᠠᠯᠵᠢᠬᠤ ᠣᠷᠣᠨ ᠳᠤ ᠥᠰᠦᠭᠰᠡᠨ ᠬᠡᠦᠬᠡᠳ ᠪᠣᠯᠤᠭᠰᠠᠨ ᠤ ᠬᠤᠪᠢ ᠳᠤ᠂ ᠡᠶᠢᠮᠦᠷᠬᠦ | ᠠᠮᠢ ᠠᠬᠤᠢ ᠶᠢᠨ ᠣᠷᠴᠢᠨ ᠨᠥᠬᠦᠴᠡᠯ ᠨᠢ ᠮᠠᠯᠴᠢᠳ ᠲᠤ ᠠᠪᠴᠤ ᠬᠡᠯᠡᠪᠡᠯ᠂ ᠵᠢᠯ ᠪᠦᠷᠢ ᠶᠢᠨ ᠮᠠᠯ ᠤᠨ ᠡᠪᠡᠰᠦ | ᠪᠣᠷᠳᠤᠭ᠎ᠠ ᠶᠢ ᠴᠥᠮ ᠭᠠᠳᠠᠷ ᠣᠷᠣᠨ ᠠᠴᠠ ᠬᠤᠳᠠᠯᠳᠤᠨ ᠠᠪᠴᠤ᠂ ᠪᠤᠰᠤᠳ ᠭᠠᠴᠠᠭ᠎ᠠ ᠲᠠᠢ ᠬᠠᠷᠢᠴᠠᠭᠤᠯᠪᠠᠯ᠂ | ᠠᠮᠢᠳᠤᠷᠠᠯ ᠤᠨ ᠳᠠᠷᠤᠭᠠᠰᠤ ᠨᠢ ᠵᠠᠶᠢᠯᠠᠰᠢ ᠦᠭᠡᠢ ᠪᠠᠭ᠎ᠠ ᠪᠤᠰᠤ ᠨᠡᠮᠡᠭᠳᠡᠬᠦ ᠪᠣᠯᠣᠨ᠎ᠠ ᠭᠡᠳᠡᠭ ᠢ ᠠᠭᠤᠳᠠᠮ ᠲᠣᠳᠣᠷᠬᠠᠢ | ᠮᠡᠳᠡᠵᠦ ᠪᠠᠶᠢᠨ᠎ᠠ᠃ | ᠬᠥᠭᠵᠢᠯᠲᠡ ᠶᠢᠨ ᠥᠭᠡᠳᠡᠯᠡᠬᠦ ᠵᠠᠮ ᠨᠢ ᠬᠠᠮᠢᠭ᠎ᠠ ᠪᠠᠶᠢᠬᠤ ᠪᠤᠢ︖ ᠠᠭᠤᠳᠠᠮ ᠰᠠᠷ᠎ᠠ ᠭᠠᠷᠤᠢ ᠶᠢᠨ ᠴᠠᠭ ᠢ | ᠠᠰᠢᠭᠯᠠᠨ᠂ ᠪᠥᠬᠦ ᠭᠠᠴᠠᠭᠠᠨ ᠤ 132 ᠪᠠᠶᠢᠩᠭᠤ ᠰᠠᠭᠤᠭ᠎ᠠ ᠡᠷᠦᠬᠡ ᠶᠢ ᠰᠤᠷᠪᠤᠯᠵᠢᠯᠠᠪᠠ᠃ ᠲᠤᠬᠠᠢ ᠶᠢᠨ | ᠭᠠᠵᠠᠷ ᠤᠨ ᠪᠠᠶᠢᠭᠠᠯᠢ ᠶᠢᠨ ᠨᠥᠬᠦᠴᠡᠯ ᠪᠣᠯᠣᠨ ᠬᠥᠭᠵᠢᠯᠲᠡ ᠶᠢᠨ ᠰᠠᠭᠤᠷᠢ ᠶᠢ ᠦᠨᠳᠦᠰᠦᠯᠡᠵᠦ᠂ ᠪᠣᠯᠣᠨ | ᠭᠠᠴᠠᠭ᠎ᠠ ᠶᠢᠨ ︽ᠬᠤᠶᠠᠷ ᠵᠥᠪᠯᠡᠯ︾ ᠠᠴᠠ ᠠᠮᠢ ᠠᠬᠤᠢ ᠶᠢᠨ ᠲᠡᠩᠴᠡᠭᠦᠷᠢ ᠪᠣᠯᠣᠨ ᠠᠵᠤ ᠠᠬᠤᠢ ᠶᠢᠨ ᠦᠷ᠎ᠡ | ᠠᠰᠢᠭ ᠢ ᠬᠠᠮᠲᠤ ᠳᠤᠨᠢ ᠬᠠᠷᠠᠭᠠᠯᠵᠠᠵᠤ᠂ ᠮᠠᠯᠴᠢᠳ ᠢ ᠪᠦᠯᠬᠦᠮᠳᠡᠭᠦᠯᠦᠨ ᠬᠥᠭᠵᠢᠭᠦᠯᠵᠦ᠂ ᠠᠯᠠᠰᠢᠨ ᠦᠬᠡᠷ ᠲᠡᠵᠢᠭᠡᠨ | ᠦᠷᠡᠵᠢᠭᠦᠯᠬᠦ ᠵᠡᠷᠭᠡ ᠲᠤᠰᠬᠠᠢ ᠬᠤᠷᠰᠢᠶ᠎ᠠ ᠶᠢ ᠵᠣᠬᠢᠶᠠᠨ ᠪᠠᠶᠢᠭᠤᠯᠵᠤ᠂ ᠡᠯᠡᠰᠦ ᠶᠢ ᠵᠠᠰᠠᠬᠤ ᠪᠠ ᠡᠯᠡᠰᠦᠷᠬᠡᠭ | ᠭᠠᠵᠠᠷ ᠤᠨ ᠣᠨᠴᠠᠯᠢᠭᠲᠤ ᠠᠵᠤ ᠦᠢᠯᠡᠰ ᠢ ᠬᠠᠷᠢᠯᠴᠠᠨ ᠤᠶᠠᠯᠳᠤᠭᠤᠯᠬᠤ ᠶᠢ ᠬᠠᠶᠢᠨ ᠰᠦᠪᠡᠭᠴᠢᠯᠡᠵᠦ᠂ | ᠬᠠᠭᠠᠯᠪᠤᠷᠢᠯᠠᠬᠤ ᠦᠭᠡᠢ ᠪᠠᠷ ᠪᠡᠯᠴᠢᠭᠡᠷ ᠡᠪᠡᠰᠦ ᠳᠠᠷᠢᠬᠤ ᠵᠡᠷᠭᠡ ᠲᠥᠷᠥᠯ ᠵᠦᠢᠯ ᠢ ᠨᠡᠭᠡᠭᠡᠨ ᠬᠥᠭᠵᠢᠭᠦᠯᠵᠦ᠂ | ᠮᠡᠷᠭᠡᠵᠢᠯ᠂ ᠨᠠᠷᠠᠲᠤ ᠲᠥᠷᠥᠯ ᠲᠡᠮᠳᠡᠭᠲᠦ ᠶᠢᠨ ᠲᠠᠯ᠎ᠠ ᠪᠠᠷ ᠬᠦᠴᠦ ᠣᠷᠣᠭᠤᠯᠵᠤ᠂ ᠭᠠᠴᠠᠭ᠎ᠠ ᠶᠢᠨ ᠳᠠᠯᠳᠠ | ᠬᠦᠴᠦᠨ ᠢ ᠭᠦᠨ ᠠᠭᠤᠳᠠᠯᠵᠤ᠂ ᠮᠠᠯᠴᠢᠳ ᠤᠨ ︽ᠵᠣᠭᠤᠰᠤᠨ ᠤᠭᠤᠲᠠ︾ ᠶᠢ ᠬᠥᠭᠵᠢᠭᠡᠬᠦ ᠪᠠᠷ ᠲᠣᠭᠲᠠᠪᠠ᠃ | ︽ᠪᠢᠳᠡ ᠦᠬᠡᠷ ᠢᠶᠠᠨ ᠰᠠᠢᠨ ᠲᠡᠵᠢᠭᠡᠪᠡᠯ ᠪᠣᠯᠴᠢᠨ᠎ᠠ᠂ ᠦᠬᠡᠷ ᠲᠡᠵᠢᠭᠡᠬᠦ ᠳᠤ ᠪᠠᠰᠠ ᠪᠥᠭᠡᠮ ᠢᠶᠠᠷ ᠲᠡᠵᠢᠭᠡᠵᠦ | ᠪᠣᠯᠬᠤ ᠦᠦ︖ ᠳᠠᠬᠢᠭᠠᠳ ᠬᠡᠯᠡᠪᠡᠯ ᠣᠳᠣ ᠶᠢᠨ ᠠᠮᠢᠳᠤᠷᠠᠯ ᠥᠩᠭᠡᠷᠡᠭᠰᠡᠨ ᠤ ᠬᠢ ᠠᠴᠠ ᠬᠤᠯᠠ ᠰᠠᠢᠵᠢᠷᠠᠵᠠᠢ︾ | ᠭᠡᠪᠡ᠃ ᠵᠠᠷᠢᠮ ᠮᠠᠯᠴᠢᠳ ᠭᠠᠴᠠᠭᠠᠨ ᠤ ᠪᠠᠭ ᠤᠨ ᠬᠥᠭᠵᠢᠯᠲᠡ ᠶᠢᠨ ᠰᠡᠳᠬᠢᠴᠡ ᠳᠤ ᠡᠷᠡᠭᠡᠯᠵᠡᠭᠡ ᠲᠠᠢ ᠪᠠᠶᠢᠨ᠎ᠠ᠃ | ︽ᠪᠢᠳᠡ ᠣᠳᠣᠬᠢ ᠪᠠᠶᠢᠳᠠᠯ ᠳᠠᠭᠠᠨ ᠰᠡᠳᠬᠢᠯ ᠬᠠᠨᠵᠤ ᠪᠣᠯᠬᠤ ᠦᠭᠡᠢ ᠰᠢᠸ᠂ ᠮᠠᠨ ᠤ ᠣᠲᠣ ᠶᠢᠨ ᠦᠬᠡᠷ | 100 ᠲᠥᠭᠦᠷᠢᠭ ᠣᠯᠵᠤ ᠳᠡᠶᠢᠯᠬᠦ ᠪᠠᠷ ᠪᠤᠳᠤᠪᠠᠯ᠂ ᠬᠤᠷᠰᠢᠶ᠎ᠠ ᠪᠠᠶᠢᠭᠤᠯᠤᠭᠰᠠᠨ ᠤ ᠳᠠᠷᠠᠭ᠎ᠠ ᠨᠢᠭᠡ ᠦᠬᠡᠷ 1000 | ᠲᠥᠭᠦᠷᠢᠭ ᠣᠯᠵᠤ ᠮᠠᠭᠠᠳ ᠦᠭᠡᠢ᠂ ᠪᠥᠭᠡᠮᠨᠡᠷᠡᠨ ᠦᠬᠡᠷ ᠲᠡᠵᠢᠭᠡᠬᠦ ᠨᠢ ᠬᠠᠷᠢᠨ ᠣᠯᠠᠨ ᠢᠶᠠᠷ ᠢᠶᠠᠨ ᠬᠠᠮᠲᠤ ᠪᠠᠷ ᠮᠠᠯ | ᠬᠠᠷᠢᠭᠤᠯᠵᠤ᠂ ᠬᠠᠮᠲᠤ ᠪᠠᠷ ᠦᠬᠡᠷ ᠲᠡᠵᠢᠭᠡᠬᠦ ᠶᠠᠪᠤᠳᠠᠯ ᠪᠢᠰᠢ ᠶᠤᠮ︾ ᠭᠡᠵᠦ ᠬᠡᠯᠡᠵᠦ ᠪᠣᠯᠬᠤ ᠶᠤᠮ᠃ ᠪᠢᠳᠡ | ᠣᠲᠣ ᠶᠢᠨ ᠪᠠᠶᠢᠳᠠᠯ ᠳᠠᠭᠠᠨ ᠰᠡᠳᠬᠢᠯ ᠬᠠᠨᠵᠤ ᠪᠣᠯᠬᠤ ᠦᠭᠡᠢ᠂ ᠪᠢᠳᠡ ᠣᠲᠣ ᠶᠢᠨ ᠦᠬᠡᠷ ᠢᠶᠠᠨ 100 ᠲᠥᠭᠦᠷᠢᠭ | ᠣᠯᠵᠤ ᠳᠡᠶᠢᠯᠬᠦ ᠪᠠᠷ ᠪᠤᠳᠤᠪᠠᠯ᠂ ᠬᠤᠷᠰᠢᠶ᠎ᠠ ᠪᠠᠶᠢᠭᠤᠯᠤᠭᠰᠠᠨ ᠤ ᠳᠠᠷᠠᠭ᠎ᠠ ᠨᠢᠭᠡ ᠦᠬᠡᠷ 1000 ᠲᠥᠭᠦᠷᠢᠭ | ᠣᠯᠵᠤ ᠳᠡᠶᠢᠯᠦᠨ᠎ᠡ᠃ ᠨᠢᠭᠡ ᠵᠢᠱᠢᠶ᠎ᠡ ᠲᠠᠲᠠᠪᠠᠯ᠂ ᠪᠢᠳᠡ ᠦᠢᠯᠡᠳᠪᠦᠷᠢᠯᠡᠯ ᠤᠨ ᠬᠡᠷᠡᠭᠰᠡᠯ ᠢᠶᠠᠨ ᠡᠮᠬᠢᠯᠡᠨ ᠨᠡᠶᠢᠯᠡᠭᠦᠯᠵᠦ᠂ | ᠠᠵᠤ ᠠᠬᠤᠶᠢᠯᠠᠯ ᠲᠠᠢ ᠤᠷᠢᠳᠴᠢᠯᠠᠨ ᠭᠡᠷ᠎ᠡ ᠲᠣᠭᠲᠠᠭᠠᠵᠤ᠂ ᠠᠵᠤ ᠠᠬᠤᠶᠢᠯᠠᠯ ᠠᠴᠠ ᠪᠢᠳᠡᠨ ᠳᠤ ᠨᠠᠶᠢᠳᠠᠨ | ᠲᠡᠵᠢᠭᠡᠯᠭᠡᠵᠦ᠂ ᠲᠡᠷᠡ ᠦᠶ᠎ᠡ ᠳᠤ ᠪᠢᠳᠡ ᠦᠬᠡᠷ ᠢᠶᠠᠨ ᠠᠵᠤ ᠠᠬᠤᠶᠢᠯᠠᠯ ᠳᠤ ᠬᠤᠳᠠᠯᠳᠤᠨ ᠥᠭᠴᠦ ᠪᠣᠯᠣᠨ᠎ᠠ᠃ | ᠠᠶᠤᠯ ᠲᠦᠭᠰᠢᠭᠦᠷᠢ ᠶᠢ ᠬᠠᠮᠲᠤ ᠪᠠᠷ ᠡᠭᠦᠷᠭᠡᠯᠡᠵᠦ᠂ ᠦᠷ᠎ᠡ ᠠᠰᠢᠭ ᠢ ᠪᠠᠲᠤᠯᠠᠭ᠎ᠠ ᠲᠠᠢ ᠪᠠᠶᠢᠯᠭᠠᠨ᠎ᠠ᠃︾ | ︽ᠡᠨᠡ ᠬᠦ ᠰᠡᠳᠬᠢᠮᠵᠢ ᠶᠢ ᠰᠣᠨᠣᠰᠬᠤ ᠳᠤ ᠶᠡᠭᠡ ᠰᠠᠶᠢᠨ ᠪᠠᠶᠢᠨ᠎ᠠ᠂ ᠪᠣᠯᠣᠨ᠎ᠠ᠂ ᠠ ᠱᠦᠵᠢ ᠠ᠋᠂ ᠪᠢ ᠨᠡᠷ᠎ᠡ | ᠮᠡᠳᠡᠭᠦᠯᠦᠶ᠎ᠡ︾ ᠭᠠᠴᠠᠭᠠᠨ ᠤ ᠨᠠᠮ ᠤᠨ ᠭᠡᠰᠢᠭᠦᠨ ᠰᠡᠴᠡᠨᠬᠤᠸᠠ ᠬᠠᠮᠤᠭ ᠤᠨ ᠲᠦᠷᠦᠭᠦᠨ ᠳᠤ ᠢᠳᠡᠪᠬᠢᠲᠡᠢ ᠪᠠᠷ | ᠴᠤᠤᠷᠢᠶᠠᠲᠤᠨ ᠳᠠᠭᠠᠪᠠ᠃ | ᠤᠯᠠᠨ ᠤ ᠡᠷᠡᠭᠡᠯᠵᠡᠭᠡ ᠶᠢ ᠠᠯᠳᠠᠷᠠᠭᠠᠬᠤ ᠶᠢᠨ ᠲᠥᠯᠥᠭᠡ᠂ ᠠᠭᠤᠳᠤᠮ ᠭᠠᠴᠠᠭᠠᠨ ᠤ ᠨᠠᠮ ᠤᠨ ᠭᠡᠰᠢᠭᠦᠳ ᠲᠠᠢ | ᠰᠠᠨᠠᠯ ᠢᠶᠠᠨ ᠰᠣᠯᠢᠯᠴᠠᠵᠤ᠂ ᠪᠠᠶᠠᠵᠢᠯ ᠤᠨ ᠬᠡᠳᠦᠨ ᠳᠠᠭᠠᠭᠤᠯᠤᠭᠴᠢ ᠶᠢ ᠲᠣᠭᠲᠠᠭᠠᠵᠤ᠂ ᠴᠠᠭᠠᠨ ᠰᠠᠷ᠎ᠠ ᠥᠩᠭᠡᠷᠡᠭᠰᠡᠨ ᠤ | ᠳᠠᠷᠠᠭ᠎ᠠ᠂ ᠭᠠᠴᠠᠭᠠᠨ ᠤ ︽ᠬᠤᠶᠠᠷ ᠵᠥᠪᠯᠡᠯ︾ ᠤᠨ ᠭᠡᠰᠢᠭᠦᠳ ᠲᠠᠢ ᠬᠠᠮᠲᠤ ᠪᠤᠰᠤᠳ ᠬᠤᠰᠢᠭᠤ ᠰᠢᠶᠠᠨ ᠳᠤ | ᠬᠦᠷᠴᠦ ᠰᠤᠷᠤᠯᠴᠠᠬᠤ ᠪᠠᠷ ᠪᠡᠯᠡᠳᠬᠡᠬᠦ ᠪᠠᠷ ᠲᠣᠭᠲᠠᠵᠠᠢ᠃ | ︽ᠬᠢᠯᠢ ᠶᠢᠨ ᠪᠣᠭᠤᠮᠲᠠ ᠶᠢᠨ ᠵᠠᠯᠠᠭᠤ ᠺᠠᠳ᠋ᠷ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠭᠤᠤ ᠶᠡᠭᠡ ᠦᠢᠯᠡᠳᠦᠯᠭᠡ ᠳᠤ ᠢᠳᠡᠪᠬᠢᠲᠡᠢ ᠣᠷᠣᠯᠴᠠᠭᠰᠠᠨ ᠳᠠᠭᠠᠨ ᠪᠢ ᠲᠤᠶᠢᠯ ᠢᠶᠠᠷ | ᠣᠮᠣᠭᠰᠢᠵᠤ ᠪᠠᠶᠢᠨ᠎ᠠ᠂ ᠢᠷᠡᠭᠡᠳᠦᠢ ᠳᠤ ᠪᠢ ᠪᠠᠰᠠ ᠠᠵᠢᠯ ᠤᠨ ᠳᠠᠪᠠᠭᠤᠯᠢᠭ ᠢᠶᠠᠨ ᠠᠰᠢᠭᠯᠠᠵᠤ᠂ ᠪᠣᠭᠤᠮᠲᠠ ᠪᠠ | ᠠᠵᠤ ᠠᠬᠤᠶᠢᠯᠠᠯ ᠬᠠᠮᠲᠤᠷᠠᠯᠴᠠᠨ ᠬᠠᠪᠰᠤᠷᠤᠨ ᠲᠡᠳᠬᠦᠬᠦ ᠵᠠᠭᠪᠤᠷ ᠢ ᠰᠦᠪᠡᠭᠴᠢᠯᠡᠵᠦ᠂ ᠮᠠᠯᠴᠢᠳ ᠤᠨ ᠠᠮᠢᠳᠤᠷᠠᠯ ᠢ | ᠤᠯᠠᠮ ᠠᠴᠠ ᠤᠯᠠᠮ ᠬᠥᠭᠵᠢᠶᠡᠨᠲᠡᠢ ᠪᠣᠯᠭᠠᠨ᠎ᠠ︕︾ᠭᠡᠵᠦ ᠬᠡᠯᠡᠪᠡ᠃ ᠤᠯᠠᠨᠨᠠᠭᠤᠷ ᠭᠠᠴᠠᠭ᠎ᠠ ᠶᠢᠨ ᠢᠷᠡᠭᠡᠳᠦᠢ ᠶᠢᠨ | ᠬᠥᠭᠵᠢᠯᠲᠡ ᠶᠢᠨ ᠲᠤᠬᠠᠢ ᠶᠠᠷᠢᠬᠤ ᠳᠤ ᠠᠭᠤᠲᠤ ᠶᠢᠨ ᠮᠣᠳᠣ ᠴᠡᠭᠡᠵᠢᠨ ᠳᠡᠭᠡᠨ ᠬᠤᠯᠤᠰᠤ ᠲᠠᠢ ᠪᠠᠶᠢᠯ᠎ᠠ᠃ | ᠲᠤᠰᠢᠶᠠᠯ ᠳᠤ ᠭᠠᠷᠤᠭᠰᠠᠨ ᠤ ᠪᠠᠨ ᠲᠠᠷᠠᠭ᠎ᠠ᠂ ᠠᠭᠤᠳᠤᠮ ᠥᠪᠡᠷ ᠢ ᠪᠠᠨ ᠤᠯᠠᠨᠨᠠᠭᠤᠷ ᠭᠠᠴᠠᠭ᠎ᠠ ᠶᠢᠨ ᠨᠢᠭᠡ | ᠭᠡᠰᠢᠭᠦᠨ ᠢᠶᠠᠷ ᠦᠵᠡᠵᠦ᠂ ᠤᠳᠠᠭ᠎ᠠ ᠲᠠᠷᠠᠭ᠎ᠠ ᠪᠠᠷ ᠡᠷᠤᠭᠡ ᠳᠤ ᠬᠦᠷᠴᠦ ᠪᠠᠶᠢᠴᠠᠭᠠᠯᠲᠠ ᠬᠢᠵᠦ᠂ ᠤᠳᠠᠭ᠎ᠠ ᠲᠠᠷᠠᠭ᠎ᠠ ᠪᠠᠷ | ᠬᠡᠭᠡᠷ᠎ᠡ ᠭᠠᠳᠠᠨ᠎ᠠ ᠬᠠᠶᠢᠨ ᠪᠠᠶᠢᠴᠠᠭᠠᠬᠤ ᠪᠠ ᠤᠳᠠᠭ᠎ᠠ ᠲᠠᠷᠠᠭ᠎ᠠ ᠪᠠᠷ ᠰᠥᠨᠢ ᠶᠢᠨ ᠪᠠᠶᠢᠯᠳᠤᠭᠠᠨ ᠬᠢᠵᠦ᠂ ᠴᠠᠭ | ᠬᠤᠭᠤᠴᠠᠭ᠎ᠠ ᠶᠢᠨ ᠥᠩᠭᠡᠷᠡᠬᠦ ᠶᠢ ᠳᠠᠭᠠᠯᠳᠤᠨ᠂ ᠲᠡᠭᠦᠨ ᠤ ᠡᠨᠡᠬᠦ ᠨᠤᠲᠤᠭ ᠳᠡᠪᠢᠰᠬᠡᠷ ᠲᠠᠬᠢ ᠬᠠᠯᠠᠭᠤᠨ ᠰᠡᠳᠬᠢᠯᠭᠡ | ᠨᠢ ᠴᠦ ᠨᠡᠮᠡᠭᠳᠡᠵᠦ ᠪᠠᠶᠢᠯ᠎ᠠ᠃ | ︽ᠱᠦᠵᠢ ᠣᠷᠣᠢ ᠤᠨᠲᠠᠳᠠᠭ᠂ ᠵᠠᠷᠢᠮ ᠳᠠᠭᠠᠨ ᠪᠢ ᠣᠷᠣᠢ ᠭᠠᠷᠴᠤ ᠢᠷᠡᠭᠡᠳ ᠬᠠᠰᠢᠶᠠᠨ ᠳᠠᠬᠢ ᠦᠬᠡᠷ ᠢ | ᠦᠵᠡᠳᠡᠭ᠂ ᠠ ᠱᠦᠵᠢ ᠶᠢᠨ ᠥᠷᠥᠭᠡᠨ ᠤ ᠳ᠋ᠧᠩ ᠢᠶᠠᠨ ᠥᠨᠳᠡᠶᠢᠯᠭᠡᠪᠡᠯ ᠪᠠᠰᠠ ᠯᠠ ᠠᠰᠠᠵᠤ ᠪᠠᠶᠢᠳᠠᠭ᠃︾ ︽ᠠ᠊ | ᠱᠦᠵᠢ ᠶᠢᠨ ᠥᠷᠥᠭᠡᠨ ᠤ ᠳ᠋ᠧᠩ ᠢᠶᠠᠨ ᠠᠰᠠᠭᠠᠵᠤ ᠪᠠᠶᠢᠳᠠᠭ︾᠃ ᠭᠡᠵᠦ ᠮᠠᠯᠴᠢᠨ ᠪᠦᠷᠢᠨ ᠬᠡᠯᠡᠪᠡ᠃ | ︽ᠪᠢ ᠣᠷᠣᠢ ᠳᠠᠭᠠᠨ ᠰᠦᠯᠵᠢᠶᠡᠨ ᠳᠡᠭᠡᠷ᠎ᠡ ᠠᠴᠠ ᠮᠠᠲ᠋ᠧᠷᠢᠶᠠᠯ ᠡᠷᠢᠵᠦ᠂ ᠪᠤᠰᠤᠳ ᠭᠠᠵᠠᠷ ᠣᠷᠣᠨ ᠤ ᠰᠠᠶᠢᠨ | ᠲᠤᠷᠰᠢᠯᠭ᠎ᠠ ᠪᠠ ᠠᠷᠭ᠎ᠠ ᠬᠢᠳᠡᠯ ᠢ ᠣᠶᠢᠯᠠᠭᠠᠵᠤ᠂ ᠡᠳᠦᠷ ᠤᠨ ᠠᠵᠢᠯ ᠤᠨ ᠠᠭᠤᠯᠭ᠎ᠠ ᠪᠠᠨ ᠡᠮᠬᠢᠯᠡᠨ ᠲᠢᠭᠯᠡᠬᠦ | ᠳᠤᠷᠠᠲᠠᠢ᠂ ᠴᠠᠭ ᠪᠣᠯ ᠳᠠᠩᠴᠤ ᠡᠷᠬᠢᠮ ᠨᠠᠨᠳᠢᠨ ᠶᠤᠮ᠂ ᠮᠢᠨᠤ ᠡᠮᠦᠨᠡᠬᠢ ᠬᠤᠭᠤᠴᠠᠭᠠᠨ ᠤ ᠪᠠᠶᠢᠴᠠᠭᠠᠨ | ᠰᠤᠳᠤᠯᠤᠯᠲᠠ ᠪᠠ ᠲᠤᠭ᠎ᠠ ᠪᠠᠷᠢᠮᠲᠠ ᠶᠢᠨ ᠴᠤᠭᠯᠠᠭᠤᠯᠭ᠎ᠠ ᠨᠢ ᠬᠥᠬᠡᠬᠤᠲᠠ ᠶᠢᠨ ᠪᠣᠭᠤᠮᠲᠠ ᠶᠢᠨ ᠳᠠᠷᠠᠭᠠᠴᠢ ᠶᠢᠨ | ᠠᠯᠬᠤᠮ ᠳᠤ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠳᠤ ᠮᠠᠰᠢ ᠴᠢᠬᠤᠯᠠ ᠦᠢᠯᠡᠳᠦᠯ ᠲᠠᠢ ᠪᠣᠯᠬᠤᠷ ᠵᠣᠬᠢᠶᠠᠨ | ᠪᠠᠶᠢᠭᠤᠯᠤᠯᠲᠠ ᠶᠢᠨ ᠢᠲᠡᠭᠡᠯ ᠢ ᠬᠥᠰᠡᠷᠳᠡᠭᠦᠯᠵᠦ ᠪᠣᠯᠬᠤ ᠦᠭᠡᠢ︾ ᠭᠡᠵᠦ ᠠᠭᠤᠳᠠᠮ ᠬᠡᠯᠡᠪᠡ᠃ | ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠳᠤ ᠬᠥᠳᠡᠭᠡ ᠲᠣᠰᠬᠤᠨ ᠢ ᠵᠠᠪᠠᠯ ᠬᠥᠭᠵᠢᠭᠦᠯᠦᠨ | ᠮᠠᠨᠳᠤᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠭᠰᠡᠨ ᠰᠠᠭᠤᠷᠢᠨ ᠳᠡᠭᠡᠷ᠎ᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ | ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠵᠦ᠂ ᠥᠷᠭᠡᠨ ᠠᠭᠤᠳᠠᠮ ᠲᠠᠯ᠎ᠠ ᠨᠤᠲᠤᠭ ᠤᠨ ᠬᠥᠭᠵᠢᠯᠲᠡ ᠶᠢᠨ | ᠬᠦᠴᠦᠨ ᠢ ᠬᠤᠷᠠᠮᠳᠤᠭᠤᠯᠵᠤ ᠪᠠᠶᠢᠨ᠎ᠠ᠃ ᠠᠭᠤᠳᠠᠮ᠄ ︽ᠨᠢᠭᠡᠨ ᠵᠠᠯᠠᠭᠤ ᠨᠠᠮ ᠤᠨ ᠭᠡᠰᠢᠭᠦᠨ ᠪᠣᠯᠤᠭᠰᠠᠨ ᠤ | ᠬᠤᠪᠢ ᠳᠤ᠂ ᠪᠢ ᠵᠠᠪᠠᠯ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ | ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠤᠱᠯᠠᠭᠤᠯᠵᠤ᠂ ᠡᠬᠡ | ᠤᠯᠤᠰ ᠤᠨ ᠤᠮᠠᠷᠠᠲᠤ ᠶᠢᠨ ᠡᠨᠡᠬᠦ ᠦᠵᠡᠮᠵᠢ ᠶᠢᠨ ᠣᠷᠣᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ | ᠪᠠᠶᠢᠭᠤᠯᠬᠤ ᠳᠤ ᠥᠪᠡᠷ ᠤᠨ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ︾ ᠭᠡᠵᠦ ᠬᠡᠯᠡᠪᠡ᠃ |