【ᠪᠠᠶᠠᠵᠢᠯ ᠤᠨ ᠬᠤᠰᠢᠭᠤᠴᠢ】 ᠪᠠᠶᠠᠵᠢᠯ ᠤᠨ ︽ᠤᠷᠢᠬᠠᠨ ᠬᠠᠪᠤᠷ︾ ᠵᠦᠭ ᠨᠢᠰᠪᠡ
ᠨᠡᠶᠢᠲᠡᠯᠡᠭᠰᠡᠨ ᠴᠠᠭ᠄
2022/3/9
    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠯᠭᠠᠰᠤᠲᠠᠢ ᠰᠢᠶᠠᠩ ᠤᠨ ᠰᠠᠨ ᠾᠧ ᠲᠣᠰᠬᠤᠨ ᠳᠤ ᠬᠦᠷᠬᠦ ᠳᠤ᠂ ᠮᠤᠷᠤᠯᠵᠠᠭᠰᠠᠨ ᠠᠭᠤᠯᠠᠨ ᠵᠠᠮ ᠢᠶᠠᠷ ᠨᠢᠭᠡᠨ ᠴᠣ᠋ ᠰᠢᠨ᠎ᠡ ᠦᠢᠯᠡᠳᠪᠦᠷᠢ ᠶᠢᠨ ᠪᠠᠶᠢᠰᠢᠩ ᠴᠠᠰᠤ ᠮᠥᠰᠥ ᠲᠠᠢ ᠠᠭᠤᠯᠠ ᠶᠢᠨ ᠪᠡᠯ ᠳᠤ ᠰᠦᠨᠳᠡᠷᠯᠡᠵᠦ᠂ ᠬᠥᠮᠥᠰ ᠤᠨ ᠠᠩᠬᠠᠷᠤᠯ ᠢ ᠲᠠᠲᠠᠨ᠎ᠠ᠃ ᠳᠣᠲᠣᠭᠰᠢ ᠪᠠᠨ ᠶᠠᠪᠤᠪᠠᠯ ᠂ ᠨᠢᠰᠬᠦ ᠨᠤᠭᠤᠰᠤ ᠶᠢᠨ ᠠᠳᠡ ᠲᠡᠨᠳᠡ ᠦᠭᠡᠢ ᠳᠤᠤᠭᠠᠷᠬᠤ ᠳᠠᠭᠤᠨ ᠢ ᠣᠯᠵᠤ ᠰᠣᠨᠣᠰᠤᠨ᠎ᠠ᠂ ᠬᠦᠷᠢᠶᠡᠨ ᠳᠣᠲᠣᠷ᠎ᠠ ᠬᠡᠳᠦᠨ ᠵᠠᠭᠤᠨ ᠨᠢᠰᠬᠦ ᠨᠤᠭᠤᠰᠤ᠂ ᠲᠣᠮᠣ ᠭᠠᠯᠠᠭᠤ᠂ ᠲᠡᠨᠦᠭᠦᠯ ᠲᠠᠬᠢᠶ᠎ᠠ ᠪᠦᠯᠦᠭ ᠪᠦᠯᠦᠭ ᠢᠶᠠᠷ ᠠᠯᠬᠤᠯᠠᠨ᠎ᠠ᠃     ᠥᠪᠡᠷ ᠤᠨ ᠲᠡᠵᠢᠭᠡᠨ ᠦᠷᠡᠵᠢᠭᠦᠯᠦᠭᠰᠡᠨ ︽ᠪᠠᠶᠠᠵᠢᠭᠰᠠᠨ ᠨᠤᠭᠤᠰᠤ︾ ᠪᠠᠨ ᠳᠤᠷᠠᠳᠬᠤ ᠳᠤ᠂ ᠭᠦᠸᠧ ᠬᠤᠩ ᠫᠢᠩ ᠨᠢᠭᠡ ᠯᠡ ᠳᠣᠣᠷ᠎ᠠ ᠦᠭᠡ ᠪᠠᠨ ᠳᠡᠯᠭᠡᠪᠡ᠃ ᠭᠠᠳᠠᠨ᠎ᠠ ᠣᠯᠠᠨ ᠵᠢᠯ ᠬᠦᠴᠦ ᠶᠠᠪᠤᠭᠰᠠᠨ ᠭᠦᠸᠧ ᠬᠤᠩ ᠫᠢᠩ 2014 ᠣᠨ ᠳᠤ ᠨᠤᠲᠤᠭ ᠲᠠᠭᠠᠨ ᠪᠤᠴᠠᠵᠤ ᠦᠢᠯᠡᠰ ᠴᠣᠭᠴᠠᠯᠠᠭᠰᠠᠨ ᠪᠥᠭᠡᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠶᠤᠸᠠᠨ ᠪᠧᠨ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠶᠢ ᠪᠠᠶᠢᠭᠤᠯᠪᠠ᠃ ᠬᠤᠷᠰᠢᠶ᠎ᠠ ᠪᠠᠶᠢᠭᠤᠯᠤᠭᠳᠠᠭᠰᠠᠨ ᠡᠬᠢᠨ ᠤ ᠦᠶ᠎ᠡ ᠳᠤ ᠬᠤᠷᠠᠮᠳᠤᠯᠠᠭᠤᠯᠤᠭᠰᠠᠨ ᠲᠡᠵᠢᠭᠡᠨ ᠦᠷᠡᠵᠢᠭᠦᠯᠬᠦ ᠲᠤᠷᠰᠢᠯᠭ᠎ᠠ ᠪᠠᠷ ᠢᠶᠠᠨ ᠨᠡᠯᠢᠶᠡᠳ ᠰᠠᠶᠢᠨ ᠣᠷᠣᠯᠭ᠎ᠠ ᠲᠠᠢ ᠪᠠᠶᠢᠵᠠᠢ᠃ ᠬᠤᠷᠰᠢᠶ᠎ᠠ ᠶᠢ ᠬᠡᠷᠬᠢᠨ ᠨᠡᠩ ᠰᠠᠶᠢᠨ ᠬᠥᠭᠵᠢᠭᠦᠯᠵᠦ᠂ ᠣᠷᠣᠯᠭ᠎ᠠ ᠶᠢ ᠨᠢ ᠤᠯᠠᠮ ᠨᠢᠭᠡ ᠠᠯᠬᠤᠮ ᠨᠡᠮᠡᠭᠳᠡᠭᠦᠯᠬᠦ ᠨᠢ ᠲᠡᠭᠦᠨ ᠤ ᠡᠮᠦᠨ᠎ᠡ ᠲᠠᠯᠪᠢᠭᠳᠠᠵᠤ ᠪᠠᠶᠢᠭ᠎ᠠ ᠴᠢᠬᠤᠯᠠ ᠠᠰᠠᠭᠤᠳᠠᠯ ᠪᠣᠯᠪᠠ᠃ 2018 ᠣᠨ ᠤ ᠨᠢᠭᠡ ᠡᠳᠦᠷ᠂ ᠭᠦᠸᠧ ᠬᠤᠩ ᠫᠢᠩ ᠨᠢᠭᠡ ᠵᠦᠢᠯ ᠤᠨ ᠰᠢᠨ᠎ᠡ ᠡᠭᠦᠯᠳᠡᠷ ︱ ᠨᠢᠰᠬᠦ ᠨᠤᠭᠤᠰᠤ ᠶᠢ ᠢᠯᠡᠷᠡᠭᠦᠯᠪᠡ᠂ ᠲᠡᠷᠡ ᠨᠢᠰᠬᠦ ᠨᠤᠭᠤᠰᠤ ᠶᠢᠨ ᠨᠢᠰᠬᠦ ᠨᠢ ᠬᠤᠯᠠ ᠤᠴᠢᠷ ᠠᠴᠠ ᠥᠭᠡᠬᠦ ᠪᠠᠭ᠎ᠠ᠂ ᠤᠭᠤᠷᠠᠭ ᠤᠨ ᠠᠭᠤᠯᠤᠭᠳᠠᠴᠠ ᠥᠨᠳᠥᠷ ᠪᠠᠶᠢᠵᠤ᠂ ᠴᠥᠭᠡᠨ ᠪᠤᠰᠤ ᠬᠥᠮᠥᠰ ᠤᠨ ᠪᠠᠭ᠋ᠠᠷᠬᠠᠯ ᠢ ᠲᠠᠲᠠᠵᠤ ᠪᠠᠶᠢᠬᠤ ᠶᠢ ᠣᠯᠵᠤ ᠮᠡᠳᠡᠪᠡ᠃ ᠭᠦᠸᠧ ᠬᠤᠩ ᠫᠢᠩ ᠲᠤᠷᠰᠢᠵᠤ ᠦᠵᠡᠬᠦ ᠪᠤᠳᠤᠯ ᠢᠶᠠᠨ ᠡᠪᠦᠷᠯᠡᠨ 20 ᠨᠢᠰᠬᠦ ᠨᠤᠭᠤᠰᠤ ᠲᠤᠷᠰᠢᠨ ᠲᠡᠵᠢᠭᠡᠵᠦ᠂ ᠪᠣᠷᠣᠯᠠᠭᠤᠯᠤᠯᠲᠠ ᠳᠤ ᠭᠠᠷᠤᠭᠰᠠᠨ ᠤ ᠳᠠᠷᠠᠭ᠎ᠠ ᠲᠥᠷᠥᠯ ᠰᠠᠳᠤᠨ ᠨᠠᠶᠢᠵᠠ ᠨᠥᠬᠦᠳ ᠤᠨ ᠢᠶᠠᠨ ᠵᠥᠪᠰᠢᠶᠡᠷᠡᠯ ᠢ ᠣᠯᠵᠠᠢ᠂ ᠡᠨᠡ ᠨᠢ ᠲᠡᠭᠦᠨ ᠤ ᠥᠷᠭᠡᠨ ᠬᠡᠪᠴᠢᠶ᠎ᠡ ᠪᠠᠷ ᠨᠢᠰᠬᠦ ᠨᠤᠭᠤᠰᠤ ᠲᠡᠵᠢᠭᠡᠨ ᠦᠷᠡᠵᠢᠭᠦᠯᠬᠦ ᠪᠣᠳᠣᠯ ᠢᠶᠠᠨ ᠤᠯᠠᠮ ᠪᠠᠲᠤᠳᠬᠠᠵᠠᠢ᠃ ᠬᠤᠶᠠᠷ ᠵᠢᠯ ᠤᠨ ᠴᠢᠷᠮᠠᠶᠢᠯᠭ᠎ᠠ ᠪᠠᠷ᠂ ᠭᠦᠸᠧ ᠬᠤᠩ ᠫᠢᠩ ᠤᠨ ᠬᠤᠷᠰᠢᠶ᠎ᠠ ᠨᠢᠭᠡᠨᠲᠡ ᠥᠨᠳᠡᠭᠡ ᠰᠣᠩᠭᠤᠬᠤ᠂ ᠨᠡᠪᠴᠢᠭᠦᠯᠬᠦ᠂ ᠲᠡᠵᠢᠭᠡᠬᠦ᠂ ᠪᠣᠯᠪᠠᠰᠤᠷᠠᠭᠤᠯᠬᠤ᠂ ᠪᠣᠷᠣᠯᠠᠭᠤᠯᠬᠤ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠵᠥᠪᠬᠡᠨ 2021 ᠣᠨ ᠳᠤ ᠬᠤᠷᠰᠢᠶ᠎ᠠ ᠶᠢᠨ ᠣᠷᠣᠯᠭ᠎ᠠ 100 ᠭᠠᠷᠤᠢ ᠲᠦᠮᠡᠨ ᠲᠥᠭᠦᠷᠢᠭ ᠲᠤ ᠬᠦᠷᠴᠡᠢ᠃     ᠨᠢᠭᠡ ᠬᠥᠮᠥᠨ ᠪᠠᠶᠠᠵᠢᠭᠰᠠᠨ ᠳᠤ ᠲᠣᠭᠠᠴᠠᠭᠳᠠᠬᠤ ᠦᠭᠡᠢ᠂ ᠨᠢᠰᠬᠦ ᠨᠤᠭᠤᠰᠤ ᠶᠢ ᠠᠮᠵᠢᠯᠲᠠ ᠲᠠᠢ ᠲᠡᠵᠢᠭᠡᠨ ᠦᠷᠡᠵᠢᠭᠦᠯᠦᠭᠰᠡᠨ ᠨᠢ ᠭᠦᠸᠧ ᠬᠤᠩ ᠫᠢᠩ ᠤᠨ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠳᠠᠭᠠᠭᠤᠯᠤᠨ ᠣᠷᠣᠯᠭ᠎ᠠ ᠪᠠᠨ ᠨᠡᠮᠡᠭᠳᠡᠭᠦᠯᠬᠦ ᠵᠣᠷᠢᠭ ᠢ ᠪᠠᠲᠤᠳᠬᠠᠪᠠ᠃ ᠲᠡᠷᠡ ᠨᠤᠭᠤᠰᠤ ᠵᠢᠭᠡᠯᠡᠵᠦ ᠨᠤᠭᠤᠰᠤ ᠪᠤᠴᠠᠭᠠᠬᠤ ᠵᠠᠭᠪᠤᠷ ᠢ ᠬᠡᠷᠡᠭᠯᠡᠵᠦ᠂ ᠶᠠᠳᠠᠭᠤ ᠠᠴᠠ ᠠᠩᠭᠢᠵᠢᠷᠠᠭᠰᠠᠨ ᠡᠷᠦᠭᠡ ᠳᠤ ᠨᠤᠭᠤᠰᠤᠨ ᠤ ᠴᠤᠷᠪᠠᠭ᠎ᠠ ᠶᠢ ᠦᠨ᠎ᠡ ᠲᠥᠯᠥᠪᠦᠷᠢ ᠦᠭᠡᠢ ᠪᠠᠷ ᠲᠦᠭᠡᠭᠡᠵᠦ᠂ ᠲᠡᠵᠢᠭᠡᠨ ᠠᠷᠠᠴᠢᠯᠠᠬᠤ ᠶᠠᠪᠤᠴᠠ ᠳᠤ ᠮᠡᠷᠭᠡᠵᠢᠯ ᠤᠨ ᠵᠢᠯᠣᠭᠤᠳᠤᠯᠭ᠎ᠠ ᠬᠠᠩᠭᠠᠭᠰᠠᠨ ᠢᠶᠠᠷ ᠪᠠᠷᠠᠬᠤ ᠦᠭᠡᠢ ᠪᠠᠰᠠ ᠰᠡᠭᠦᠯᠴᠢ ᠶᠢᠨ ᠬᠤᠭᠤᠴᠠᠭᠠᠨ ᠳᠤ ᠪᠣᠷᠤᠯᠠᠭᠤᠯᠭ᠎ᠠ ᠳᠤ ᠬᠠᠪᠰᠤᠷᠴᠤ᠂ ᠴᠥᠭᠡᠨ ᠪᠤᠰᠤ ᠶᠠᠳᠠᠭᠤ ᠠᠴᠠ ᠠᠩᠭᠢᠵᠢᠷᠠᠭᠰᠠᠨ ᠡᠷᠦᠭᠡ ᠳᠤ ᠠᠰᠢᠭ ᠬᠦᠷᠲᠡᠭᠡᠭᠰᠡᠨ ᠪᠠᠶᠢᠨ᠎ᠠ᠃     ᠲᠡᠭᠦᠨ ᠤ ᠳᠠᠭᠠᠭᠤᠯᠭ᠎ᠠ ᠪᠠᠷ ᠤᠯᠠᠮ ᠠᠴᠠ ᠤᠯᠠᠮ ᠤᠯᠠᠨ ᠬᠥᠮᠥᠨ ᠲᠡᠵᠢᠭᠡᠨ ᠦᠷᠡᠵᠢᠭᠦᠯᠬᠦ ᠡᠩᠨᠡᠭᠡᠨ ᠳᠤ ᠣᠷᠣᠭᠰᠠᠨ ᠪᠠᠶᠢᠨ᠎ᠠ᠃ ︽2021 ᠣᠨ ᠳᠤ᠂ ᠮᠠᠨ ᠤ ᠭᠡᠷ ᠤᠨ ᠬᠢᠨ ᠨᠢᠰᠬᠦ ᠨᠤᠭᠤᠰᠤ ᠲᠡᠵᠢᠭᠡᠨ ᠦᠷᠡᠵᠢᠭᠦᠯᠦᠭᠰᠡᠨ ᠠᠴᠠ ᠪᠣᠯᠵᠤ᠂ ᠣᠷᠣᠯᠭ᠎ᠠ ᠨᠢ ᠪᠠᠷᠤᠭ 2 ᠲᠦᠮᠡᠨ ᠲᠥᠭᠦᠷᠢᠭ ᠨᠡᠮᠡᠭᠳᠡᠭᠰᠡᠨ ᠪᠠᠶᠢᠨ᠎ᠠ︾᠃ ᠭᠡᠵᠦ ᠴᠠᠷᠰᠥᠨ ᠪᠠᠯᠭᠠᠰᠤᠨ ᠤ ᠴᠠᠷᠰᠥᠨ ᠭᠠᠴᠠᠭᠠᠨ ᠤ ᠠᠷᠠᠳ ᠵᠤᠤ ᠬᠤᠩ ᠵᠢᠶᠦ᠋ᠨ ᠬᠡᠯᠡᠪᠡ᠃ ᠭᠦᠸᠧ ᠬᠤᠩ ᠫᠢᠩ 2021 ᠣᠨ ᠤ ᠡᠬᠢ ᠪᠠᠷ ᠲᠡᠭᠦᠨ ᠳᠤ 300 ᠴᠤᠷᠪᠠᠭ᠎ᠠ ᠨᠤᠭᠤᠰᠤ ᠬᠠᠩᠭᠠᠵᠤ᠂ ᠵᠢᠯ ᠤᠨ ᠡᠴᠦᠰ ᠲᠤ ᠵᠢᠩ ᠪᠦᠷᠢ ᠳᠡᠭᠡᠨ 8 ᠲᠥᠭᠦᠷᠢᠭ ᠤᠨ ᠦᠨ᠎ᠡ ᠪᠠᠷ ᠬᠤᠷᠢᠶᠠᠨ ᠠᠪᠴᠢᠷᠠᠪᠠ᠂ ᠡᠨᠡ ᠨᠢ ᠵᠤᠤ ᠬᠤᠩ ᠵᠢᠶᠦ᠋ᠨ ᠤ ᠨᠢᠭᠡ ᠭᠡᠷ ᠤᠨ ᠬᠢᠨ ᠤ ᠣᠷᠣᠯᠭ᠎ᠠ ᠶᠢ ᠨᠡᠮᠡᠭᠳᠡᠭᠦᠯᠵᠡᠢ᠃     ᠵᠣᠣ ᠬᠤᠩ ᠵᠢᠶᠦ᠋ᠨ ᠪᠣᠯ ᠣᠨᠴᠠᠭᠠᠶ ᠵᠢᠱᠢᠶ᠎ᠡ ᠪᠢᠰᠢ᠂ ᠡᠨᠡ ᠬᠡᠳᠦᠨ ᠵᠢᠯ ᠳᠤ ᠭᠦᠸᠧ ᠬᠤᠩ ᠫᠢᠩ ᠨᠡᠶᠢᠲᠡ 700 ᠰᠢᠬᠠᠮ ᠡᠷᠦᠬᠡ ᠲᠣᠰᠬᠤᠨ ᠤ ᠠᠷᠠᠳ ᠢ ᠳᠠᠶᠢᠴᠢᠯᠠᠨ ᠨᠢᠰᠬᠦ ᠨᠤᠭᠤᠰᠤ ᠲᠡᠵᠢᠭᠡᠨ ᠦᠷᠡᠵᠢᠭᠦᠯᠵᠦ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠨᠢ 1000 ᠲᠥᠭᠦᠷᠢᠭ ᠠᠴᠠ ᠳᠡᠭᠡᠭᠰᠢ ᠪᠠᠶᠢᠵᠤ᠂ ᠠᠯᠢᠳᠧᠷ ᠰᠤᠮᠤ᠂ ᠳ᠋ᠠ ᠱᠢ ᠵᠠᠢ ᠪᠠᠯᠭᠠᠰᠤ᠂ ᠬᠦᠶ ᠯᠢᠦ ᠾᠧ ᠪᠠᠯᠭᠠᠰᠤ᠂ ᠴᠠᠷᠰᠧᠨ ᠪᠠᠯᠭᠠᠰᠤ ᠵᠡᠷᠭᠡ ᠣᠯᠠᠨ ᠰᠢᠶᠠᠩ ᠪᠠᠯᠭᠠᠰᠤ ᠶᠢ ᠬᠠᠮᠤᠷᠴᠠᠢ᠃     ︽ᠡᠨᠡ ᠵᠢᠯ ᠮᠠᠨ ᠤ ᠬᠤᠷᠰᠢᠶ᠎ᠠ ᠶᠢᠨ ᠬᠢᠨ ᠲᠠᠪᠤᠨ ᠦᠨᠦᠷᠲᠦ ᠥᠨᠳᠡᠭᠡ ᠦᠢᠯᠡᠳᠬᠦ ᠮᠠᠰᠢᠨ ᠢ ᠨᠡᠮᠡᠭᠳᠡᠭᠦᠯᠵᠦ᠂ ᠶᠡᠭᠡ ᠬᠡᠪᠴᠢᠶ᠎ᠡ ᠪᠠᠷ ᠲᠠᠪᠤᠨ ᠦᠨᠦᠷᠲᠦ ᠥᠨᠳᠡᠭᠡ ᠦᠢᠯᠡᠳᠪᠦᠷᠢᠯᠡᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠬᠤ ᠶᠢᠨ ᠬᠠᠮᠲᠤ ᠪᠢᠳᠡ ᠨᠡᠩ ᠤᠯᠠᠨ ᠲᠣᠰᠬᠤᠨ ᠤ ᠠᠷᠠᠳ ᠢ ᠳᠠᠶᠢᠴᠢᠯᠠᠨ ᠪᠠᠶᠠᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ︾᠃ ᠭᠡᠵᠦ ᠭᠦᠸᠧ ᠬᠤᠩ ᠫᠢᠩ ᠢᠲᠡᠭᠡᠯ ᠳᠦᠭᠦᠷᠡᠩ ᠬᠡᠯᠡᠪᠡ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号