【ᠨᠢᠭᠡᠳᠦᠭᠡᠷ ᠱᠦᠵᠢ ᠶᠢᠨ ᠴᠤᠭ ᠵᠢᠪᠬᠤᠭ᠎ᠠ】 ᠸᠠᠩ ᠲᠢᠩ ᠴᠢᠨ ᠮᠠᠰᠢ ︽ᠠᠵᠢᠯᠴᠢ︾
ᠨᠡᠶᠢᠲᠡᠯᠡᠭᠰᠡᠨ ᠴᠠᠭ᠄
2022/3/9
     ︽ᠸᠠᠩ ᠱᠦᠵᠢ ᠨᠠᠳᠠ ᠳᠤ ᠲᠤᠰᠬᠠᠢ ᠮᠡᠷᠭᠡᠵᠢᠯᠲᠡᠨ ᠢ ᠡᠷᠢᠵᠦ ᠦᠵᠦᠮ ᠤᠨ ᠨᠠᠪᠴᠢᠨ ᠤ ᠪᠣᠷᠣ ᠡᠪᠡᠳᠴᠢᠨ ᠢ ᠵᠠᠰᠠᠵᠤ ᠥᠭᠭᠦᠭᠰᠡᠨ ᠤ ᠠᠴᠢ ᠪᠠᠷ ᠡᠨᠡ ᠵᠢᠯ ᠤᠨ ᠦᠵᠦᠮ ᠢᠶᠠᠨ ᠲᠠᠯᠠᠭᠠᠷ ᠲᠠᠷᠢᠬᠤ ᠳᠤ ᠬᠦᠷᠦᠨ᠎ᠡ ᠰᠢᠸ!︾ ᠭᠡᠪᠡ᠃ ᠡᠨᠡ ᠬᠡᠳᠦᠨ ᠡᠳᠦᠷ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠦᠯᠢᠬᠡ ᠪᠠᠯᠭᠠᠰᠤᠨ ᠤ ᠤᠯᠠᠭᠠᠨ ᠲᠤᠭ ᠲᠣᠰᠬᠤᠨ ᠤ ᠠᠷᠠᠳ ᠵᠠᠩ ᠯᠢ ᠵᠦ ᠡᠨᠡ ᠤᠴᠢᠷ ᠢ ᠶᠠᠷᠢᠵᠤ ᠪᠠᠶᠢᠯ᠎ᠠ᠃      ᠵᠠᠩ ᠯᠢ ᠵᠣ ᠶᠢᠨ ᠠᠮᠠᠨ ᠳᠠᠬᠢ ᠸᠠᠩ ᠱᠦᠵᠢ ᠪᠣᠯ ᠪᠡᠭᠡᠵᠢᠩ ᠤᠨ ᠤᠢ ᠰᠢᠭᠤᠢ ᠶᠢᠨ ᠶᠡᠭᠡ ᠰᠤᠷᠭᠠᠭᠤᠯᠢ ᠶᠢᠨ ᠤᠯᠠᠭᠠᠨ ᠲᠤᠭ ᠲᠣᠰᠬᠤᠨ ᠳᠤ ᠲᠣᠮᠢᠯᠠᠨ ᠰᠠᠭᠤᠯᠭᠠᠭᠰᠠᠨ ᠨᠢᠭᠡᠳᠦᠭᠡᠷ ᠱᠦᠵᠢ ᠸᠠᠩ ᠲᠢᠩ ᠴᠢᠨ ᠪᠣᠯᠣᠨ᠎ᠠ᠃ ᠨᠢᠳᠤᠨᠤᠨ ᠤ 4 ᠰᠠᠷ᠎ᠠ ᠳᠤ᠂ ᠸᠠᠩ ᠲᠢᠩ ᠴᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠪᠤᠤᠬᠢᠶ᠎ᠠ︾  ᠶᠢ ᠲᠤᠰᠴᠤ᠂ ᠪᠡᠭᠡᠵᠢᠩ ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠢᠷᠡᠵᠤ᠂ ᠤᠯᠠᠭᠠᠨ ᠲᠤᠭ ᠲᠣᠰᠬᠤᠨ ᠤ ᠠᠷᠠᠳ ᠲᠦᠮᠡᠨ ᠢ ᠳᠠᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠠᠷᠳᠠᠩ ᠵᠠᠮ ᠢᠶᠠᠷ ᠲᠣᠮᠣ ᠠᠯᠬᠤᠮ ᠢᠶᠠᠷ ᠤᠷᠤᠭᠰᠢᠯᠠᠪᠠ᠃      ᠸᠠᠩ ᠲᠢᠩ ᠴᠢᠨ ᠤ ᠠᠯᠪᠠᠨ ᠭᠡᠷ ᠲᠤ ᠬᠦᠷᠬᠦ ᠳᠤ᠂ 2 ᠲᠣᠮᠣ ᠤᠯᠠᠭᠠᠨ ᠲᠤᠭ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠷᠢᠰᠢᠭᠤᠯᠤᠯᠲᠠ ᠶᠢᠨ ᠵᠢᠯᠤᠭᠤᠳᠬᠤ ᠵᠢᠷᠤᠭ ᠪᠣᠯᠣᠨ 1 ᠤᠯᠠᠭᠠᠨ ᠲᠤᠭ ᠲᠣᠰᠬᠤᠨ ᠤ ᠬᠥᠭᠵᠢᠯᠲᠡ ᠶᠢᠨ ᠰᠡᠳᠬᠢᠴᠡ ᠶᠢᠨ ᠵᠢᠷᠤᠭ ᠬᠠᠷᠠᠭᠳᠠᠨ᠎ᠠ᠃ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠶᠠᠭᠤ ᠶᠢ ᠬᠥᠭᠵᠢᠭᠦᠯᠦᠨ ᠮᠠᠨᠳᠤᠭᠤᠯᠬᠤ ᠪᠤᠢ︖ ᠬᠡᠷᠬᠢᠨ ᠬᠥᠭᠵᠢᠭᠦᠯᠦᠨ ᠮᠠᠨᠳᠤᠭᠤᠯᠬᠤ ᠪᠤᠢ︖ ᠡᠨᠡ ᠪᠣᠯ ᠮᠢᠨᠤ ᠤᠯᠠᠭᠠᠨ ᠲᠤᠭ ᠲᠣᠰᠬᠤᠨ ᠳᠤ ᠠᠩᠬ᠎ᠠ ᠬᠦᠷᠬᠦ ᠳᠤ ᠪᠣᠳᠣᠯᠬᠢᠯᠠᠭᠰᠠᠨ ᠠᠰᠠᠭᠤᠳᠠᠯ ᠪᠣᠯᠣᠨ᠎ᠠ᠂ ᠪᠢ ᠬᠠᠷᠢᠭᠤᠯᠲᠠ ᠶᠢ 3 ᠵᠢᠷᠤᠭ ᠪᠣᠯᠭᠠᠨ ᠪᠣᠯᠪᠠᠰᠤᠷᠠᠭᠤᠯᠪᠠ᠂ ᠡᠨᠡ 3 ᠵᠢᠷᠤᠭ ᠪᠣᠯ ᠮᠢᠨᠤ ᠤᠯᠠᠭᠠᠨ ᠲᠤᠭ ᠲᠣᠰᠬᠤᠨ ᠢ ᠣᠶᠢᠯᠠᠭᠠᠬᠤ᠂ ᠤᠯᠠᠭᠠᠨ ᠲᠤᠭ ᠲᠣᠰᠬᠤᠨ ᠢ ᠬᠥᠭᠵᠢᠭᠦᠯᠬᠦ ᠰᠡᠳᠬᠢᠬᠦᠢ ᠶᠢᠨ ᠵᠢᠯᠣᠭᠤᠳᠤᠮᠵᠢ ᠵᠢᠷᠤᠭ ᠪᠣᠯᠣᠨ᠎ᠠ︾ ᠭᠡᠵᠦ ᠸᠠᠩ ᠲᠢᠩ ᠴᠢᠨ ᠲᠠᠨᠢᠯᠴᠠᠭᠤᠯᠪᠠ᠃      ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠨᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠦᠴᠦᠨ ᠢ ᠪᠠᠳᠠᠷᠠᠭᠤᠯᠬᠤ ᠳᠤ ᠪᠠᠶᠢᠨ᠎ᠠ︾᠃ ᠸᠠᠩ ᠲᠢᠩ ᠴᠢᠨ ᠬᠡᠯᠡᠬᠦ ᠳᠡᠭᠡᠨ ᠂ ᠡᠨᠡ ᠨᠢ ᠲᠡᠭᠦᠨ ᠤ ᠤᠯᠠᠭᠠᠨ ᠲᠤᠭ ᠲᠣᠰᠬᠤᠨ ᠳᠤ ᠠᠩᠬ᠎ᠠ ᠣᠴᠢᠬᠤ ᠶᠢᠨ ᠲᠡᠷᠢᠭᠦᠨ ᠴᠢᠬᠤᠯᠠ ᠡᠭᠦᠷᠭᠡ ᠪᠣᠯᠵᠠᠢ᠃ ᠲᠡᠷᠡ ᠪᠦᠬᠦ ᠲᠣᠰᠬᠤᠨ ᠤ ᠠᠷᠠᠳ ᠢ ᠳᠠᠭᠠᠭᠤᠯᠤᠨ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠤᠯᠠᠭᠠᠨ ᠲᠤᠭ ᠲᠣᠰᠬᠤᠨ ᠳᠤ ︽156 ᠵᠡᠭᠡᠯᠢ ᠶᠢᠨ ᠳᠠᠷᠤᠭ᠎ᠠ ᠶᠢᠨ ᠳᠦᠷᠢᠮ︾  ᠢ ᠤᠷᠢᠳᠠᠪᠠᠷ ᠬᠡᠷᠡᠭᠵᠢᠭᠦᠯᠪᠡ᠂ ᠲᠤᠬᠠᠶᠢᠯᠠᠪᠠᠯ ᠨᠢᠭᠡ ᠵᠡᠭᠡᠯᠢ ᠭᠤᠳᠤᠮᠵᠢ ᠳᠤ ᠵᠡᠭᠡᠯᠢ ᠶᠢᠨ ᠳᠠᠷᠤᠭ᠎ᠠ᠂ ᠵᠡᠭᠡᠯᠢ ᠶᠢ ᠳᠠᠭᠠᠭᠠᠴᠢᠯᠠᠭᠰᠠᠨ ᠨᠠᠮ ᠤᠨ ᠭᠡᠰᠢᠭᠦᠨ᠂ ᠪᠣᠯᠪᠠᠰᠤᠨ ᠢᠶᠠᠷ ᠢᠳᠬᠠᠭᠴᠢ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠭᠴᠢ᠂ ᠲᠣᠰᠬᠤᠨ ᠢ ᠳᠠᠭᠠᠭᠠᠴᠢᠯᠠᠭᠰᠠᠨ ᠠᠷᠠᠳ ᠤᠨ ᠴᠠᠭᠳᠠᠭ᠎ᠠ ᠵᠡᠷᠭᠡ 5 ᠲᠠᠯ᠎ᠠ ᠠᠴᠠ ᠬᠠᠮᠲᠤᠪᠠᠷ ᠵᠠᠰᠠᠯᠲᠠ ᠳᠤ ᠣᠷᠣᠯᠴᠠᠵᠤ᠂ ︽ᠨᠠᠮ ᠤᠨ ᠡᠭᠦᠷ ᠲᠦᠷᠦᠭᠦᠯᠡᠬᠦ᠂ ᠲᠣᠰᠬᠤᠨ ᠤ ᠠᠷᠠᠳ ᠤᠨ ᠵᠥᠪᠯᠡᠯ ᠬᠡᠷᠡᠭᠵᠢᠭᠦᠯᠬᠦ᠂ ᠬᠢᠨᠠᠨ ᠪᠠᠶᠢᠴᠠᠭᠠᠬᠤ ᠵᠥᠪᠯᠡᠯ ᠬᠢᠨᠠᠯᠲᠠ ᠲᠠᠯᠪᠢᠬᠤ᠂ ᠤᠯᠠᠨ ᠲᠦᠮᠡᠨ ᠣᠷᠤᠯᠴᠠᠬᠤ᠂ ᠨᠡᠶᠢᠭᠡᠮ ᠢᠶᠠᠷ ᠢᠶᠠᠨ ᠬᠠᠮᠵᠢᠯᠴᠠᠬᠤ᠂ ᠶᠡᠷᠦᠩᠬᠡᠶᠢᠯᠡᠨ ᠪᠠᠲᠤᠯᠠᠬᠤ︾6 ᠶᠡᠭᠡ ᠦᠢᠯᠡᠳᠦᠯ  ᠲᠠᠢ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠦᠷᠢᠯᠳᠦᠭᠦᠯᠵᠡᠢ᠃ ︽156 ᠵᠡᠭᠡᠯᠢ ᠶᠢᠨ ᠳᠠᠷᠤᠭ᠎ᠠ ᠶᠢᠨ ᠳᠦᠷᠢᠮ︾ ᠨᠢ ᠵᠠᠰᠠᠯᠲᠠ ᠶᠢᠨ ᠭᠤᠣᠯᠳᠠᠯᠭ᠎ᠠ ᠶᠢ ︽ᠬᠠᠮᠢᠶᠠᠷᠤᠯᠲᠠ︾ ᠠᠴᠠ ︽ᠦᠢᠯᠡᠴᠢᠯᠡᠭᠡ︾ ᠲᠡᠰᠢ ᠰᠢᠯᠵᠢᠭᠦᠯᠬᠦ ᠶᠢ ᠪᠡᠶᠡᠯᠡᠭᠦᠯᠵᠦ᠂ ᠨᠠᠮ ᠤᠯᠠᠨ ᠲᠦᠮᠡᠨ ᠬᠠᠮᠲᠤᠷᠠᠯᠴᠠᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠴᠦᠷᠬᠡᠭ ᠬᠥᠳᠡᠯᠭᠡᠭᠦ ᠬᠦᠴᠦᠨ ᠢ ᠨᠢᠭᠲᠠᠷᠠᠭᠤᠯᠪᠠ᠃     ᠤᠯᠠᠭᠠᠨ ᠲᠤᠭ ᠲᠣᠰᠬᠤᠨ ᠬᠤᠲᠠ ᠶᠢᠨ ᠲᠡᠭᠦᠷᠭᠡ ᠳᠤ ᠪᠠᠶᠢᠷᠢᠯᠠᠵᠤ᠂ ᠸᠠᠩ ᠲᠢᠩ ᠴᠢᠨ ᠤᠯᠠᠭᠠᠨ ᠲᠤᠭ ᠲᠣᠰᠬᠤᠨ ᠤ ᠥᠪᠡᠷᠮᠢᠴᠡ ᠣᠨᠴᠠᠯᠢᠭ ᠲᠠᠢ ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠨ ᠡᠮᠦᠨ᠎ᠡ ᠬᠤᠰᠢᠭᠤᠨ ᠤ ᠤᠯᠠᠭᠠᠨ ᠬᠤᠳᠠᠯᠳᠤᠭ᠎ᠠ ᠠᠷᠠᠯᠵᠢᠶᠠᠨ ᠤ ᠬᠤᠯᠪᠣᠭ᠎ᠠ ᠶᠢ ᠪᠠᠶᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠤᠷᠰᠢᠶ᠎ᠠ ᠪᠠᠷ ᠳᠠᠮᠵᠢᠨ ᠪᠦᠬᠦ ᠬᠤᠰᠢᠭᠤᠨ ᠤ ᠡᠯ᠎ᠡ ᠰᠢᠶᠠᠩ ᠪᠠᠯᠭᠠᠰᠤ ᠶᠢᠨ ᠣᠨᠴᠠᠯᠢᠭᠲᠤ ᠠᠵᠤ ᠦᠢᠯᠡᠰ ᠤᠨ ᠬᠤᠷᠰᠢᠶ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠪᠦᠬᠦ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠲᠣᠣᠷ ᠢ ᠪᠠᠶᠢᠭᠤᠯᠵᠠᠢ᠃ ᠣᠷᠣᠨ ᠨᠤᠲᠤᠭ ᠤᠨ ᠴᠢᠳᠠᠪᠤᠷᠢᠲᠠᠨ ᠢ ᠨᠡᠪᠴᠢᠭᠦᠯᠬᠦ ᠰᠠᠭᠤᠷᠢᠨ ᠭᠠᠵᠠᠷ ᠢ ᠭᠦᠢᠴᠡᠳ ᠠᠰᠢᠭᠯᠠᠵᠤ᠂ ᠪᠡᠭᠡᠵᠢᠩ ᠤᠨ ᠤᠢ ᠰᠢᠭᠤᠢ ᠶᠢᠨ ᠶᠡᠭᠡ ᠰᠤᠷᠭᠠᠭᠤᠯᠢ ᠶᠢᠨ ᠪᠠᠭᠰᠢ ᠶᠢ ᠤᠷᠢᠵᠤ ᠠᠵᠤ ᠦᠢᠯᠡᠰ ᠤᠨ ᠵᠢᠭᠠᠨ ᠵᠢᠯᠣᠭᠤᠳᠤᠭᠴᠢ ᠪᠣᠯᠭᠠᠵᠤ᠂ ᠲᠣᠰᠬᠤᠨ ᠤ ᠠᠵᠤ ᠠᠬᠤᠶᠢᠯᠠᠯᠲᠠᠨ ᠪᠣᠯᠣᠨ ᠪᠠᠶᠠᠵᠢᠯ ᠤᠨ ᠳᠠᠭᠠᠭᠤᠯᠤᠭᠴᠢ ᠳᠤ ᠦᠢᠯᠡᠴᠢᠯᠡᠭᠦᠯᠦᠨ᠎ᠡ᠃ ᠡᠬᠢ ᠪᠠᠶᠠᠯᠢᠭ ᠢ ᠵᠣᠬᠢᠴᠠᠭᠤᠯᠤᠨ ᠬᠤᠶᠠᠷ ᠭᠡᠷ ᠤᠨ ᠡᠳ᠋ᠯᠡᠯ ᠤᠨ ᠦᠢᠯᠡᠳᠪᠦᠷᠢ ᠶᠢᠨ ᠦᠢᠯᠡᠳᠬᠦ ᠠᠵᠤ ᠠᠬᠤᠶᠢᠯᠠᠯ ᠤᠨ ᠰᠦᠯᠵᠢᠶᠡᠨ ᠤ ᠦᠷᠳᠡᠭᠡ᠂ ᠦᠢᠯᠡᠳᠪᠦᠷᠢᠯᠡᠯ ᠤᠨ ᠤᠷ᠎ᠠ ᠮᠡᠷᠭᠡᠵᠢᠯ ᠢ ᠰᠢᠯᠢᠳᠡᠭᠵᠢᠭᠦᠯᠬᠦ ᠵᠡᠷᠭᠡ ᠶᠢ ᠵᠣᠬᠢᠴᠠᠭᠤᠯᠵᠤ᠂ ᠬᠤᠶᠠᠷ ᠭᠡᠷ ᠤᠨ ᠡᠳ᠋ᠯᠡᠯ ᠤᠨ ᠦᠢᠯᠡᠳᠪᠦᠷᠢ ᠶᠢᠨ ᠵᠢᠯ ᠤᠨ ᠦᠢᠯᠡᠳᠬᠦᠨ ᠤ ᠦᠷᠳᠡᠭ ᠢ ᠮᠢᠩᠭᠠᠨ ᠲᠦᠮᠡ ᠰᠢᠬᠠᠮ ᠲᠥᠭᠦᠷᠢᠭ ᠲᠤ ᠬᠦᠷᠭᠡᠵᠡᠢ᠃ ᠤᠯᠤᠰ ᠤᠨ ᠴᠡᠴᠡᠭ ᠡᠪᠡᠰᠦᠨ ᠤ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠪᠣᠯᠣᠨ ᠲᠤᠬᠠᠢ ᠶᠢᠨ ᠭᠠᠵᠠᠷ ᠤᠨ ᠡᠬᠢ ᠪᠠᠶᠠᠯᠢᠭ ᠢ ᠵᠣᠬᠢᠴᠠᠭᠤᠯᠵᠤ᠂ ᠲᠣᠰᠬᠤᠨ ᠤ ᠳᠣᠲᠣᠷᠠᠬᠢ ᠨᠣᠭᠤᠭᠠᠷᠠᠭᠤᠯᠤᠯᠲᠠ ᠶᠢ ᠪᠡᠶᠡᠯᠡᠭᠦᠯᠵᠦ᠂ ᠲᠣᠰᠬᠤᠨ ᠤ ᠵᠠᠮ ᠢ 103 ᠮᠧᠲᠷ ᠬᠠᠲᠠᠭᠤᠷᠠᠭᠤᠯᠤᠨ᠎ᠠ᠃     ᠲᠣᠰᠬᠤᠨ ᠤ ᠠᠷᠠᠳ ᠪᠢ ᠬᠤᠩ ᠯᠢᠨ᠄ ︽ᠸᠠᠩ ᠱᠦᠵᠢ ᠮᠠᠰᠢ ᠠᠵᠢᠯᠴᠢ᠂ ᠡᠳᠦᠷ ᠪᠣᠯᠭᠠᠨ ᠲᠣᠰᠬᠤᠨ ᠤ ᠪᠠᠨ ᠲᠥᠯᠥᠭᠡ ᠡᠨᠡ ᠲᠡᠷᠡ ᠶᠢ ᠵᠣᠬᠢᠴᠠᠭᠤᠯᠵᠤ᠂ ᠤᠳᠤ ᠶᠢᠨ ᠲᠣᠰᠬᠤᠨ ᠤ ᠳᠦᠷᠰᠦ ᠪᠠᠶᠢᠳᠠᠯ ᠪᠣᠯᠣᠨ ᠲᠣᠰᠬᠤᠨ ᠤ ᠠᠵᠤ ᠦᠢᠯᠡᠰ ᠢ ᠦᠵᠡᠨ᠎ᠡ᠂ ᠡᠨᠡ ᠪᠣᠯ ᠮᠢᠨᠤ ᠬᠠᠭᠠᠰ ᠨᠠᠰᠤ ᠪᠠᠷ ᠢᠶᠠᠨ ᠠᠮᠢᠳᠤᠷᠠᠭᠰᠠᠨ ᠤᠯᠠᠭᠠᠨ ᠲᠤᠭ ᠲᠣᠰᠬᠤᠨ ᠭᠡᠳᠡᠭ ᠢ ᠦᠨᠡᠬᠡᠷ ᠢᠲᠡᠭᠡᠵᠦ ᠶᠠᠳᠠᠨ᠎ᠠ︾ ᠭᠡᠵᠦ ᠬᠡᠯᠡᠪᠡ᠃     ︽ᠡᠨᠡ ᠪᠣᠯ ᠮᠢᠨᠤ ᠳᠠᠶᠢᠨ ᠤ ᠲᠠᠯᠠᠪᠤᠷ ᠮᠥᠨ᠂ ᠪᠢ ᠠᠵᠢᠯ ᠤᠨ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠭᠡ ᠵᠠᠮ ᠢᠶᠠᠷ ᠨᠢᠭᠡ ᠬᠥᠮᠥᠨ ᠢ ᠴᠦ ᠬᠤᠴᠣᠷᠤᠭᠤᠯᠬᠤ ᠦᠭᠡᠢ︕︾ ᠭᠡᠵᠦ ᠬᠡᠯᠡᠪᠡ᠃ ᠸᠠᠩ ᠲᠢᠩ ᠴᠢᠨ ᠡᠷᠡᠰ ᠰᠢᠭᠤᠷᠬᠠᠢ ᠪᠠᠷ ᠰᠤᠷᠪᠤᠯᠵᠢᠯᠠᠭᠴᠢ ᠳᠤ ᠬᠡᠯᠡᠪᠡ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号