ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠠᠴᠠ ᠬᠥᠳᠡᠭᠡ ᠲᠣᠰᠬᠤᠨ ᠤ ᠠᠵᠤ ᠦᠢᠯᠡᠰ ᠲᠦᠷᠭᠡᠰᠪᠡ
ᠨᠡᠶᠢᠲᠡᠯᠡᠭᠰᠡᠨ ᠴᠠᠭ᠄
2022/4/1
     ᠠᠭᠤᠷ ᠠᠮᠢᠰᠬᠤᠯ ᠪᠠᠰᠠ ᠭᠦᠢᠴᠡᠳ ᠳᠤᠯᠠᠭᠠᠷᠠᠬᠤ ᠠᠴᠠ ᠡᠮᠦᠨ᠎ᠡ᠂ ᠬᠦᠯᠡᠮᠵᠢ ᠳᠤ ᠰᠠᠭᠤᠵᠤ ᠪᠠᠢᠭᠰᠠᠨ ᠢᠩᠲᠣᠣᠷ ᠬᠠᠷᠢᠨ ᠤᠷᠢᠲᠠ ᠪᠠᠷ ᠤᠯᠠᠶᠢᠪᠠ᠃      ᠪᠤᠭᠤᠲᠤ ᠬᠤᠳᠠ ᠶᠢᠨ ᠬᠥᠨᠳᠡᠯᠡᠨ ᠲᠣᠭᠤᠷᠢᠭ ᠤᠨ ᠪᠤᠷᠬᠠᠨᠲᠤ ᠪᠠᠯᠭᠠᠰᠤᠨ ᠤ ᠤᠯᠠᠯᠵᠢ ᠬᠤᠶᠠᠳᠤᠭᠠᠷ ᠲᠣᠰᠬᠤᠨ ᠤ ᠴᠡᠴᠡᠭ ᠵᠢᠮᠢᠰ ᠤᠨ ᠠᠩᠬᠢᠯᠤᠮ᠎ᠠ ᠦᠨᠦᠷ ᠢᠶᠠᠷ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢᠨ ᠬᠦᠯᠡᠮᠵᠢ ᠳᠤ ᠬᠦᠷᠬᠦ ᠳᠤ᠂ ᠢᠩᠲᠣᠣᠷ ᠤᠨ ᠣᠨᠴᠠ ᠪᠠᠶᠢᠳᠠᠭ ᠠᠩᠬᠢᠯᠤᠮ᠎ᠠ ᠦᠨᠦᠷ ᠬᠠᠩᠬᠤᠯᠤᠨ᠎ᠠ᠃ ᠨᠢᠳᠦ ᠲᠠᠯᠪᠢᠨ ᠬᠠᠷᠠᠪᠠᠯ ᠂ ᠨᠣᠮᠢᠨ ᠨᠣᠭᠤᠭᠠᠨ ᠳᠠᠯᠠᠶ ᠶᠢᠨ ᠳᠤᠮᠳᠠ ᠂ ᠨᠢᠭᠡ ᠮᠣᠳᠣ ᠪᠣᠯᠪᠠᠰᠤᠷᠠᠭᠰᠠᠨ ᠢᠩᠲᠣᠣᠷ ᠶᠠᠭ ᠯᠠ ᠨᠢᠭᠡ ᠪᠢᠴᠢᠬᠠᠨ ᠳ᠋ᠧᠩᠯᠦ ᠰᠢᠭ ᠬᠠᠷᠠᠭᠳᠠᠨ᠎ᠠ ᠃ ᠮᠣᠳᠣᠨ ᠤ ᠨᠠᠪᠴᠢ ᠨᠠᠮᠠᠭ᠎ᠠ ᠶᠢᠨ ᠳᠣᠣᠷ᠎ᠠ ᠂ ᠵᠢᠮᠢᠰ ᠤᠨ ᠲᠠᠷᠢᠶᠠᠴᠢᠨ ᠵᠠᠩ ᠱᠣᠣ ᠮᠢᠨ ᠂ ᠯᠢᠦ ᠵᠢᠦᠢ ᠵᠢᠦᠢ ᠡᠷ᠎ᠡ ᠡᠮ᠎ᠡ ᠬᠤᠶᠠᠭᠤᠯᠠ ᠤᠳᠠᠯ ᠦᠭᠡᠢ ᠬᠦᠷᠴᠦ ᠢᠷᠡᠬᠦ ᠢᠩᠲᠣᠣᠷ ᠲᠡᠭᠦᠬᠦ ᠬᠥᠭᠵᠢᠯᠲᠡᠢ ᠤᠯᠠᠷᠢᠯ ᠳᠤ ᠬᠠᠮᠤᠭ ᠡᠴᠦᠰ ᠤᠨ ᠵᠢᠮᠢᠰ ᠤᠨ ᠰᠢᠢᠳᠪᠦᠷᠢᠯᠡᠯᠲᠡ ᠬᠢᠵᠦ ᠪᠠᠶᠢᠭ᠎ᠠ ᠨᠢ         2017 ᠣᠨ ᠳᠤ ᠂ ᠵᠠᠩ ᠱᠣᠸ ᠮᠢᠨ ᠵᠠᠬ᠎ᠠ ᠳᠡᠯᠭᠡᠭᠦᠷ ᠲᠤ ᠰᠢᠨᠵᠢᠯᠡᠨ ᠪᠠᠶᠢᠴᠠᠭᠠᠭᠰᠠᠨ ᠤ ᠳᠠᠷᠠᠭ᠎ᠠ ᠳᠠᠭᠠᠭᠠᠴᠢᠯᠠᠭᠰᠠᠨ 50 ᠮᠦ ᠭᠠᠵᠠᠷ ᠰᠢᠷᠣᠢ ᠪᠠᠨ ᠠᠰᠢᠭᠯᠠᠨ ᠢᠩᠲᠣᠣᠷ ᠳᠠᠷᠢᠬᠤ ᠪᠠᠷ ᠲᠣᠭᠲᠠᠪᠠ ᠃ ᠶᠡᠭᠡ ᠰᠤᠷᠭᠠᠭᠤᠯᠢ ᠳᠤ ᠵᠢᠮᠢᠰ ᠤᠨ ᠮᠣᠳᠣᠨ ᠤ ᠲᠠᠷᠢᠶᠠᠯᠠᠩ ᠤᠨ ᠤᠬᠠᠭᠠᠨ ᠤ ᠲᠤᠰᠬᠠᠢ ᠮᠡᠷᠭᠡᠵᠢᠯ ᠳᠤ ᠰᠤᠷᠤᠯᠴᠠᠵᠤ ᠪᠠᠶᠢᠭ᠎ᠠ ᠵᠠᠩ ᠱᠤᠤ ᠮᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠣᠨᠴᠠᠯᠢᠭᠲᠤ ᠲᠠᠷᠢᠶᠠᠯᠠᠩ ᠤᠨ ᠲᠤᠬᠠᠢ ᠥᠪᠡᠷᠮᠢᠴᠡ ᠣᠶᠢᠯᠠᠭᠠᠭᠳᠠᠬᠤᠨ ᠲᠠᠢ ᠪᠠᠶᠢᠵᠤ᠂ ᠲᠦᠷᠦᠯ ᠵᠦᠢᠯ ᠢ ᠰᠣᠩᠭᠤᠨ ᠪᠣᠶᠢᠵᠢᠭᠤᠯᠬᠤ ᠠᠴᠠ ᠠᠪᠤᠭᠠᠳ ᠵᠢᠮᠢᠰ ᠤᠨ ᠴᠢᠬᠢ ᠶᠢ ᠠᠷᠠᠴᠢᠯᠠᠨ ᠬᠠᠮᠠᠭᠠᠯᠠᠬᠤ ᠬᠦᠷᠲᠡᠯ᠎ᠡ᠂ ᠳᠠᠬᠢᠭᠠᠳ ᠴᠡᠴᠡᠭ ᠰᠡᠶᠢᠷᠡᠭᠦᠯᠦᠨ ᠲᠣᠭᠤᠰᠣ ᠬᠦᠷᠲᠡᠭᠡᠬᠦ ᠬᠦᠷᠲᠡᠯ᠎ᠡ ᠁ ᠭᠤᠭᠴᠤᠭ᠎ᠠ ᠪᠣᠯᠭᠠᠨ ᠳᠤ ᠴᠥᠮ ᠰᠢᠨᠵᠢᠯᠡᠬᠦ ᠤᠬᠠᠭᠠᠨ ᠮᠡᠷᠭᠡᠵᠢᠯ ᠤᠨ ᠭᠦᠨ ᠵᠤᠵᠠᠭᠠᠨ ᠦᠨᠦᠷ ᠠᠮᠲᠠ ᠲᠠᠢ ᠪᠠᠶᠢᠳᠠᠭ᠃    《ᠢᠩᠲᠣᠣᠷ ᠢ ᠰᠠᠶᠢᠬᠠᠨ ᠰᠠᠭᠤᠯᠭᠠᠶ᠎ᠠ ᠭᠡᠪᠡᠯ ᠵᠢᠮᠢᠰ ᠤᠨ ᠮᠣᠳᠣ ᠶᠢ ᠴᠠᠳᠲᠠᠯ᠎ᠠ ᠢᠳᠡᠭᠦᠯᠦᠨ᠎ᠡ 》 ᠵᠠᠩ ᠱᠤᠤ ᠮᠢᠨ ᠲᠡᠭᠦᠨ ᠤ ᠪᠠᠶᠠᠵᠢᠭᠰᠠᠨ ᠨᠣᠮ ᠢᠶᠠᠨ ᠤᠩᠰᠢᠪᠠ᠃      ᠢᠩᠲᠣᠣᠷ ᠤᠨ ᠵᠤᠯᠵᠠᠭ᠎ᠠ ᠮᠣᠳᠣ ᠶᠢ ᠤᠷᠭᠤᠭᠤᠯᠤᠭᠰᠠᠨ ᠠᠩᠬᠠᠨ ᠤ ᠵᠢᠯ ᠳᠤ᠂ ᠵᠠᠩ ᠱᠤᠤ ᠮᠢᠨ ᠡᠷ᠎ᠡ ᠡᠮ᠎ᠡ ᠬᠤᠶᠠᠭᠤᠯᠠ 10 ᠰᠠᠭᠤᠷᠢ ᠢᠩᠲᠣᠣᠷ ᠤᠨ ᠬᠦᠯᠡᠮᠵᠢ ᠳᠤ ᠳᠦᠭᠦᠷᠡᠩ ᠨᠣᠣᠰᠣᠨ ᠪᠤᠷᠴᠠᠭ ᠲᠠᠷᠢᠵᠦ᠂ ᠨᠣᠣᠰᠣᠨ ᠪᠤᠷᠴᠠᠭ ᠪᠣᠯᠪᠠᠰᠤᠷᠠᠮᠠᠭᠴᠠ ᠪᠦᠬᠦᠨ ᠢ ᠬᠥᠷᠥᠰᠥᠨ ᠳᠤ ᠤᠷᠪᠠᠭᠤᠯᠵᠤ᠂ ᠰᠠᠶ᠋ᠢᠬᠠᠨ ᠬᠦᠯᠡᠮᠵᠢ ᠳᠤ ᠨᠤᠲᠤᠭᠰᠢᠭᠰᠠᠨ ᠢᠩᠲᠣᠣᠷ ᠤᠨ ᠵᠤᠯᠵᠠᠭ᠎ᠠ ᠮᠣᠳᠣ ᠶᠢ ᠴᠠᠳᠲᠠᠯ᠎ᠠ ᠢᠳᠡᠭᠦᠯᠪᠡ᠃ ᠵᠢᠯ ᠪᠦᠷᠢ ᠵᠠᠩ ᠱᠤᠤ ᠮᠢᠨ ᠡᠷ᠎ᠡ ᠡᠮ᠎ᠡ ᠬᠤᠶᠠᠭᠤᠯᠠ ᠢᠩᠲᠣᠣᠷ ᠤᠨ ᠮᠣᠳᠣ ᠪᠦᠷᠢ ᠳᠤ 200 ᠵᠢᠩ ᠣᠷᠭᠠᠨᠢᠭ ᠪᠣᠷᠳᠣᠭᠤᠷ ᠨᠡᠮᠡᠵᠦ᠂ ᠢᠩᠲᠣᠣᠷ ᠤᠨ ᠮᠣᠳᠣ ᠪᠦᠷᠢ ᠳᠤ ᠭᠦᠢᠴᠡᠳ ᠰᠢᠮ᠎ᠡ ᠲᠡᠵᠢᠭᠡᠯ ᠬᠦᠷᠲᠡᠭᠡᠬᠦ ᠶᠢ ᠪᠠᠲᠤᠯᠠᠨ᠎ᠠ᠃ ︽ᠡᠨᠡ ᠨᠢ ᠬᠡᠦᠬᠡᠳ ᠢ ᠥᠰᠬᠡᠬᠦ ᠲᠠᠢ ᠨᠢᠭᠡᠨ ᠶᠣᠰᠣ ᠶᠤᠮ᠂ ᠰᠠᠶᠢᠨ ᠢᠳᠡᠪᠡᠯ ᠰᠠᠶ᠋ᠢ ᠲᠦᠷᠭᠡᠨ ᠥᠰᠴᠦ᠂ ᠥᠨᠳᠥᠷ ᠥᠰᠴᠦ ᠴᠢᠳᠠᠨ᠎ᠠ︾ ᠭᠡᠵᠦ ᠰᠠᠯᠠᠭ᠎ᠠ ᠨᠠᠮᠠᠭ᠎ᠠ ᠶᠢ ᠨᠢ ᠲᠦᠭᠦᠷᠡᠲᠡᠯ᠎ᠡ ᠴᠢᠮᠡᠭᠯᠡᠭᠰᠡᠨ ᠢᠩᠲᠣᠣᠷ ᠢ ᠬᠠᠷᠠᠭᠠᠳ ᠵᠠᠩ ᠱᠤᠤ ᠮᠢᠨ ᠪᠠᠶᠠᠷᠲᠠᠢ ᠪᠠᠷ ᠬᠡᠯᠡᠪᠡ᠃      ᠭᠤᠣᠯ ᠦᠳᠡ ᠶᠢᠨ ᠦᠶ᠎ᠡ ᠪᠠᠷ᠂ ᠢᠩᠲᠣᠣᠷ ᠤᠨ ᠬᠦᠯᠡᠮᠵᠢ ᠶᠢᠨ ᠣᠷᠣᠢ ᠶᠢᠨ ᠳᠤᠯᠠᠭᠠᠨ ᠢ ᠬᠠᠮᠠᠭᠠᠯᠠᠬᠤ ᠳᠠᠪᠬᠤᠷᠭ᠎ᠠ ᠠᠭᠠᠵᠢᠮ ᠢᠶᠠᠷ ᠨᠡᠭᠡᠭᠡᠭᠳᠡᠨ᠎ᠡ᠃  ︽ᠡᠨᠡ ᠪᠣᠯ ᠳᠤᠯᠠᠭᠠᠨ ᠢ ᠬᠢᠵᠠᠭᠠᠷᠯᠠᠬᠤ ᠣᠶᠤᠨᠴᠢ ᠰᠢᠰᠲ᠋ᠧᠮ ᠮᠥᠨ ︾ ᠭᠡᠵᠦ ᠵᠠᠩ ᠱᠤᠤ ᠮᠢᠨ ᠦᠭᠡ ᠶᠠᠷᠢᠶᠠᠨ ᠳᠠᠭᠠᠨ ᠣᠮᠣᠭᠰᠢᠯ ᠲᠠᠢ ᠪᠠᠶᠢᠯ᠎ᠠ᠃ ᠢᠩᠲᠣᠣᠷ ᠢ ᠠᠯᠢ ᠲᠦᠷᠭᠡᠨ ᠢᠶᠠᠷ ᠬᠠᠨᠲᠠᠯ᠎ᠠ ᠤᠨᠲᠠᠭᠤᠯᠬᠤ ᠶᠢᠨ ᠲᠥᠯᠥᠭᠡ ᠂ ᠥᠷᠯᠥᠭᠡ ᠬᠤᠲᠠ ᠳᠤ ᠵᠠᠩ ᠱᠣᠸ ᠮᠢᠨ ᠬᠦᠯᠡᠮᠵᠢ ᠳᠡᠭᠡᠨ ᠣᠶᠤᠨᠴᠢ ᠳᠤᠯᠠᠭᠠᠨ ᠲᠣᠬᠢᠷᠠᠭᠤᠯᠬᠤ ᠰᠢᠰᠲ᠋ᠧᠮ ᠤᠭᠰᠠᠷᠠᠵᠤ ᠂ ᠵᠢᠮᠢᠰ ᠤᠨ ᠮᠣᠳᠣᠨ ᠤ ᠢᠴᠡᠭᠡᠯᠡᠯᠲᠡ ᠶᠢ ᠰᠢᠨᠵᠢᠯᠡᠬᠦ ᠤᠬᠠᠭᠠᠨᠴᠢ ᠪᠠᠷ ᠬᠠᠮᠢᠶᠠᠷᠴᠠᠢ ᠃ ᠡᠳᠦᠷ ᠪᠦᠷᠢ ᠶᠢᠨ ᠪᠦᠲᠦᠮᠵᠢᠲᠡᠶ ᠢᠴᠡᠭᠡᠯᠡᠬᠦ ᠴᠠᠭ ᠢ ᠨᠡᠮᠡᠭᠳᠡᠭᠦᠯᠵᠦ ᠂ ᠬᠡᠷᠡᠯ ᠤᠨ ᠲᠤᠰᠤᠯᠲᠠ ᠶᠢᠨ ᠴᠠᠭ ᠢ ᠤᠷᠲᠤᠳᠬᠠᠵᠤ ᠂ ᠲᠣᠮᠣ ᠢᠩᠲᠣᠣᠷ ᠤᠨ ᠬᠡᠷᠡᠯ ᠤᠨ ᠨᠡᠶᠢᠯᠡᠯᠭᠡ ᠶᠢᠨ ᠬᠤᠷᠳᠤᠴᠠ ᠶᠢ ᠳᠡᠭᠡᠭᠰᠢᠯᠡᠭᠦᠯᠦᠨ ᠂ ᠵᠢᠮᠢᠰ ᠤᠨ ᠪᠤᠶᠢᠵᠢᠯᠲᠠ ᠶᠢᠨ ᠠᠬᠢᠴᠠ ᠶᠢ ᠪᠣᠭᠤᠨᠢᠰᠬᠠᠪᠠ ᠁ ᠵᠠᠩ ᠱᠣᠸ ᠮᠢᠨ ᠤ ᠵᠠᠯᠭᠠᠭ᠎ᠠ ᠵᠠᠯᠭᠠᠭ᠎ᠠ ᠪᠠᠷ ᠬᠢᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠨᠢ ᠠᠮᠵᠢᠯᠲᠠ ᠲᠠᠢ ᠪᠠᠷ ᠥᠪᠡᠷ ᠤᠨ ᠲᠣᠮᠣ ᠢᠩᠲᠣᠣᠷ ᠤᠨ ᠪᠣᠯᠪᠠᠰᠤᠷᠠᠬᠤ ᠬᠤᠭᠤᠴᠠᠭ᠎ᠠ ᠶᠢ 10 ᠡᠳᠦᠷ ᠣᠷᠴᠢᠮ ᠤᠷᠢᠳᠴᠢᠯᠠᠭᠤᠯᠪᠠ ᠃      ᠨᠢᠭᠡᠳᠦᠭᠡᠷ ᠵᠢᠯ ᠳᠤ 500 ᠵᠢᠩ ᠭᠠᠷᠳᠠᠬ᠂ ᠬᠤᠶᠠᠳᠤᠭᠠᠷ ᠵᠢᠯ ᠳᠤ 2000 ᠵᠢᠩ ᠭᠠᠷᠳᠠᠬ᠂ ᠵᠢᠱᠢᠯᠲᠡ ᠪᠠᠷ 2022 ᠣᠨ ᠳᠤ 5000 ᠵᠢᠩ ᠭᠠᠷᠳᠠᠬ᠁ ᠢᠩᠲᠣᠣᠷ ᠤᠨ ᠭᠠᠷᠤᠯᠲᠠ ᠳᠠᠬᠢᠨ ᠢᠶᠠᠷ ᠨᠡᠮᠡᠭᠳᠡᠭᠰᠡᠨ ᠪᠠ ᠪᠣᠳᠠᠲᠠᠢ ᠣᠷᠣᠯᠭ᠎ᠠ ᠨᠢ ᠤᠯᠠᠭᠠᠨᠬᠦᠦ ᠬᠤᠶᠠᠳᠤᠭᠠᠷ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠶᠢᠨ ᠲᠠᠷᠢᠶᠠᠯᠠᠩ ᠤᠨ ᠬᠥᠭᠵᠢᠯᠲᠡ ᠶᠢᠨ ᠬᠤᠷᠢᠶᠠᠩᠭᠤᠢ ᠳᠦᠷᠰᠦ ᠪᠣᠯᠣᠨ᠎ᠠ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠲᠤ ᠲᠦᠰᠢᠭᠯᠡᠵᠦ᠂ ᠠᠵᠤ ᠦᠢᠯᠡᠰ ᠢ ᠬᠥᠭᠵᠢᠭᠦᠯᠬᠦ ᠳᠤ ᠣᠨᠴᠠᠯᠢᠭ ᠲᠤ ᠲᠦᠰᠢᠭᠯᠡᠵᠦ᠂ ᠣᠨᠴᠠᠯᠢᠭᠲᠤ ᠠᠵᠤ ᠦᠢᠯᠡᠰ ᠢ ᠪᠤᠵᠠᠭᠠᠶᠢᠷᠠᠭᠤᠯᠬᠤ ᠳᠤ ᠣᠶᠢᠷ᠎ᠠ ᠶᠢᠨ ᠵᠢᠯ ᠳᠤ ᠂ ᠤᠯᠠᠭᠠᠨᠬᠦᠦ ᠬᠤᠶᠠᠳᠤᠭᠠᠷ ᠲᠣᠰᠬᠤᠨ ᠤ ᠬᠢᠨ ᠲᠠᠷᠢᠶᠠᠴᠢᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠵᠤ ᠦᠢᠯᠡᠰ ᠤᠨ ᠪᠦᠲᠦᠴᠡ ᠪᠠᠨ ᠲᠣᠬᠢᠷᠠᠭᠤᠯᠵᠤ ᠂ ︽ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ︾ᠶᠡᠷᠦᠩᠬᠡᠢ ᠰᠡᠳᠬᠢᠴᠡ ᠪᠠᠷ ᠲᠠᠷᠢᠮᠠᠯ ᠤᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠵᠢᠮᠢᠰ ᠨᠣᠭᠤᠭ᠎ᠠ᠂ ᠠᠵᠤ ᠠᠬᠤᠢ ᠶᠢᠨ ᠲᠠᠷᠢᠮᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠲᠦᠷᠦᠯ ᠰᠠᠳᠤᠨ ᠦᠷ᠎ᠡ ᠬᠡᠦᠬᠡᠳ ᠬᠠᠷᠢᠯᠴᠠᠨ ᠬᠥᠳᠡᠯᠦᠯᠴᠡᠬᠦ᠂ ᠬᠥᠳᠡᠭᠡ ᠲᠣᠰᠬᠤᠨ ᠤ ᠵᠤᠭᠠᠴᠠᠯ᠂ ᠲᠠᠷᠢᠶᠠᠯᠠᠩ ᠤᠨ ᠶᠠᠪᠤᠳᠠᠯ ᠢ ᠪᠡᠶᠡᠴᠢᠯᠡᠨ ᠣᠶᠢᠯᠠᠭᠠᠬᠤ᠂ ᠪᠠᠶᠢᠭᠠᠯᠢ ᠶᠢᠨ ᠰᠤᠷᠭᠠᠨ ᠬᠥᠮᠦᠵᠢᠯ ᠵᠡᠷᠭᠡ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠬᠥᠳᠡᠭᠡ ᠲᠣᠰᠬᠤᠨ ᠤ ᠰᠣᠶᠣᠯ ᠵᠤᠭᠠᠴᠠᠯ ᠤᠨ ᠰᠦᠯᠵᠢᠶᠡᠨ ᠤ ᠰᠢᠨ᠎ᠡ ᠲᠣᠰᠬᠤᠨ ᠢ ᠢᠳᠡᠪᠬᠢᠲᠡᠢ ᠪᠠᠶᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠬᠥᠳᠡᠭᠡ ᠠᠵᠤ ᠠᠬᠤᠢ + ᠬᠥᠳᠡᠭᠡ ᠲᠣᠰᠬᠤᠨ ᠤ ᠵᠤᠭᠠᠴᠠᠯ︾  ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ ᠢ ᠨᠡᠭᠡᠭᠡᠵᠦ᠂ ᠬᠥᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号