ᠸᠠᠩ ᠯᠢ ᠰᠢᠶᠠ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠴᠢᠨᠠᠷ ᠰᠠᠶᠢᠲᠠᠢ ᠬᠥᠭᠵᠢᠯᠲᠡ ᠶᠢᠨ ᠤᠳᠤᠷᠢᠳᠤᠮᠵᠢ ᠶᠢ ᠲᠤᠪᠤᠶᠢᠯᠭᠠᠵᠦ ᠲᠥᠪᠯᠡᠷᠡᠭᠦᠯᠦᠨ ᠲᠥᠪᠯᠡᠷᠡᠭᠦᠯᠬᠦ ᠶᠢ ᠪᠠᠷᠢᠮᠲᠠᠯᠠᠵᠤ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ ᠭᠡᠵᠡᠢ
ᠨᠡᠶᠢᠲᠡᠯᠡᠭᠰᠡᠨ ᠴᠠᠭ᠄
2022/4/1
      3 ᠳ᠋ᠤᠭᠠᠷ ᠰᠠᠷ᠎ᠠ ᠶᠢᠨ 30 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠂ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ᠃      ᠸᠠᠩ ᠯᠢ ᠰᠢᠶᠠ ᠴᠢᠬᠤᠯᠠᠴᠢᠯᠠᠭᠰᠠᠨ ᠨᠢ ᠂ ᠥᠪᠥᠷ ᠮᠣᠩᠭᠤᠯ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠪᠣᠯᠤᠭᠰᠠᠨ ᠤ ᠤᠯᠤᠰ ᠤᠨ 《 ᠠᠮᠤ ᠪᠤᠳᠠᠭᠠᠨ ᠤ ᠬᠥᠮᠥᠷᠭᠡ 》 ᠂ 《 ᠰᠦ ᠶᠢᠨ ᠰᠠᠪᠠ 》 ᠂ 《 ᠮᠢᠬᠠᠨ ᠤ ᠬᠥᠮᠥᠷᠭᠡ 》 ᠪᠣᠯᠤᠭᠰᠠᠨ ᠤ ᠬᠤᠪᠢ ᠳᠤ ᠂ ᠵᠠᠪᠠᠯ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠵᠦ ᠂ ︽  ᠬᠤᠶᠠᠷ ᠢ ᠲᠣᠭᠲᠠᠭᠠᠬᠤ ︾ ᠶᠢ ᠬᠦᠷᠢᠶᠡᠯᠡᠵᠦ ᠂ ︽  ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠬᠦ ᠥᠨᠳᠥᠷᠴᠡ ᠳᠤ ᠵᠣᠭᠰᠣᠨ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠡᠨᠡᠬᠦ ︽  ᠤᠯᠤᠰ ᠤᠨ ᠲᠣᠮᠣ ᠬᠥᠮᠥᠨ  ︾ ᠢ ᠪᠠᠲᠤᠯᠠᠬᠤ ᠥᠨᠳᠥᠷᠴᠡ ᠳᠤ ᠵᠣᠭᠰᠣᠨ ᠂ ︽  ᠲᠣᠮᠣ ᠢᠳᠡᠭᠡᠨ ᠤ ᠦᠵᠡᠯᠲᠡ ︾ ᠶᠢ ᠪᠠᠲᠤ ᠪᠠᠬᠢ ᠪᠣᠶ ᠪᠣᠯᠭᠠᠨ ᠦᠢᠯᠡᠳᠦᠯᠭᠡᠵᠢᠭᠦᠯᠵᠦ ᠂ ᠴᠢᠨᠠᠷ ᠰᠠᠶᠢᠲᠠᠢ ᠬᠥᠭᠵᠢᠯᠲᠡ ᠶᠢᠨ ᠤᠳᠤᠷᠢᠳᠤᠮᠵᠢ ᠶᠢ ᠲᠣᠪᠤᠶᠢᠯᠭᠠᠨ ᠂ ᠲᠥᠪᠯᠡᠷᠡᠭᠦᠯᠦᠨ ᠡᠷᠴᠢᠮᠵᠢᠭᠦᠯᠦᠨ ᠲᠥᠪᠯᠡᠷᠡᠭᠦᠯᠬᠦ ᠶᠢ ᠪᠠᠷᠢᠮᠲᠠᠯᠠᠵᠤ ᠂ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ ᠃      ᠸᠠᠩ ᠯᠢ ᠰᠢᠶᠠ᠂ ︽ᠬᠤᠶᠠᠷ ᠰᠠᠭᠤᠷᠢᠨ︾︾ ᠤ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠪᠠᠭᠤᠷᠠᠢ ᠲᠠᠪᠤᠨ ᠳᠣᠣᠷ᠎ᠠ︾ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠶᠡᠬᠡᠪᠡᠷ ᠠᠬᠢᠭᠤᠯᠬᠤ ᠬᠡᠷᠡᠭᠲᠡᠢ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠤᠪᠤᠶᠢᠯᠭᠠᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠲᠡᠵᠢᠭᠡᠯ ᠡᠪᠡᠰᠦᠨ ᠤ ᠠᠵᠤ ᠦᠢᠯᠡᠰ ᠢ ᠲᠤᠪᠤᠶᠢᠯᠭᠠᠵᠦ᠂ ᠲᠡᠵᠢᠭᠡᠯ ᠡᠪᠡᠰᠦᠨ ᠤ ᠦᠷ᠎ᠡ ᠶᠢᠨ ᠦᠢᠯᠡᠰ ᠤᠨ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠪᠠᠶᠢᠭᠠᠯᠢ ᠶᠢᠨ ᠲᠡᠵᠢᠭᠡᠯ ᠡᠪᠡᠰᠦ ᠶᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠲᠡᠵᠢᠭᠡᠯ ᠡᠪᠡᠰᠦ ᠶᠢ ᠡᠳ᠋ᠰᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠬᠡᠪᠴᠢᠶᠡᠲᠦ ᠡᠵᠡᠩᠨᠡᠯᠲᠡ ᠶᠢ ᠲᠣᠪᠤᠶᠢᠯᠭᠠᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠣᠭᠴᠠ ᠶᠢ ᠲᠦᠷᠭᠡᠪᠴᠢᠯᠡᠨ ᠪᠣᠶᠢᠵᠢᠭᠤᠯᠬᠤ ᠬᠡᠷᠡᠭᠲᠡᠢ᠃ ᠬᠥᠲᠥᠴᠢ ᠠᠵᠤ ᠠᠬᠤᠶᠢᠯᠠᠯ ᠢ ᠪᠣᠶᠢᠵᠢᠭᠤᠯᠬᠤ ᠶᠢ ᠲᠣᠪᠤᠶᠢᠯᠭᠠᠨ ᠂ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ ᠂ ᠠᠵᠤ ᠦᠢᠯᠡᠰ ᠤᠨ ᠡᠵᠡᠩᠨᠡᠯᠲᠡ ᠶᠢᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠃ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠳᠣᠪᠤᠶᠢᠯᠭᠠᠵᠤ ᠂ ᠨᠠᠷᠢᠨ ᠨᠢᠮᠪᠠᠢ ᠬᠠᠮᠠᠭᠠᠯᠠᠨ ᠂ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠬᠦᠴᠦᠷᠬᠡᠭᠵᠢᠭᠦᠯᠦᠨ ᠳᠠᠭᠤᠷᠢᠰᠤᠭᠤᠯᠵᠤ ᠂ ︽  ᠮᠣᠩᠭᠤᠯ ︾ ᠥᠰᠥᠭ ᠤᠨ ᠲᠡᠮᠳᠡᠭ ᠂ ︽  ᠬᠤᠶᠠᠷ ᠦᠢᠯᠡᠳᠬᠦᠨ ᠨᠢᠭᠡ ᠲᠡᠮᠳᠡᠭ ︾ ᠵᠡᠷᠭᠡ ᠪᠦᠲᠦᠭᠡᠭᠳᠡᠬᠦᠨ ᠢ ᠲᠠᠨᠢᠯᠴᠠᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ ᠂ ᠡᠵᠡᠩᠨᠡᠨ ᠪᠣᠷᠣᠯᠠᠭᠤᠯᠬᠤ ᠡᠷᠴᠢᠮ ᠢᠶᠠᠨ ᠴᠢᠩᠭᠠᠷᠠᠭᠤᠯᠤᠨ ᠂ ᠨᠠᠷᠠᠲᠤ ᠲᠥᠷᠥᠯ ᠲᠡᠮᠳᠡᠭᠲᠦ ᠶᠢᠨ ᠥᠯᠢᠭᠡᠷ ᠢ ᠰᠠᠶᠢᠲᠤᠷ ᠶᠠᠷᠢᠵᠤ ᠂ ᠨᠠᠷᠠᠲᠤ ᠲᠥᠷᠥᠯ ᠲᠡᠮᠳᠡᠭᠲᠦ ᠶᠢᠨ ᠨᠡᠷ᠎ᠡ ᠶᠢᠨ ᠬᠠᠭᠤᠳᠠᠰᠤ ᠶᠢ ᠭᠢᠯᠠᠶᠢᠲᠠᠯ᠎ᠠ ᠠᠷᠴᠢᠬᠤ ᠬᠡᠷᠡᠭᠲᠡᠢ ᠃ ᠨᠠᠷᠢᠯᠢᠭ ᠭᠦᠨ ᠡᠳ᠋ᠰᠢᠭᠦᠯᠬᠦ ᠶᠢ ᠲᠤᠪᠤᠶᠢᠯᠭᠠᠵᠦ᠂ ᠦᠬᠡᠷ ᠬᠤᠨᠢ ᠨᠢᠲᠤᠯᠵᠤ ᠡᠳ᠋ᠰᠢᠭᠦᠯᠬᠦ ᠶᠢᠨ ᠳᠤᠲᠠᠭᠤᠳᠠᠯ ᠢ ᠨᠥᠬᠦᠪᠦᠷᠢᠯᠡᠵᠦ᠂ ᠢᠵᠢ ᠪᠦᠷᠢᠳᠦᠭᠦᠯᠦᠨ ᠤᠷᠲᠤᠳᠬᠠᠬᠤ ᠠᠵᠤ ᠦᠢᠯᠡᠰ ᠢ ᠴᠢᠩᠭᠠᠳᠬᠠᠵᠤ᠂ ᠨᠡᠮᠡᠯᠲᠡ ᠦᠷᠳᠡᠭ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠨᠡᠮᠡᠭᠳᠡᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠶᠢ ᠳᠣᠪᠤᠶᠢᠯᠭᠠᠵᠤ ᠂ ᠪᠣᠳᠠᠲᠠᠢ ᠶᠢ ᠡᠷᠬᠢᠮᠯᠡᠨ ᠦᠢᠯᠡᠳᠦᠯ ᠲᠠᠢ ᠪᠠᠶᠢᠬᠤ ᠶᠢ ᠪᠠᠷᠢᠮᠲᠠᠯᠠᠨ ᠂ ᠨᠠᠷᠢᠯᠢᠭ ᠣᠨᠣᠴᠠᠲᠠᠢ ᠪᠠᠷ ᠳᠤᠰᠤᠯᠭᠠᠨ ᠤᠰᠤᠯᠠᠵᠤ ᠂ ᠬᠦᠴᠦᠨ ᠴᠢᠳᠠᠯ ᠪᠠ ᠡᠬᠢ ᠪᠠᠶᠠᠯᠢᠭ ᠢᠶᠠᠨ ᠲᠥᠪᠯᠡᠷᠡᠭᠦᠯᠦᠨ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠢ ᠯᠢ ᠬᠤᠸᠠ᠂ ᠯᠢ ᠪᠢᠩ ᠷᠦᠩ᠂ ᠴᠢᠪᠠᠲᠤ ᠬᠤᠷᠠᠯ ᠳᠤ ᠣᠷᠣᠯᠴᠠᠪᠠ᠃  
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号