ᠤᠯᠠᠭᠠᠨᠬᠠᠳᠠ ᠬᠤᠳᠠ ᠶᠢᠨ ᠬᠤᠩ ᠮᠢᠶᠣᠣ ᠽᠢ ᠪᠠᠯᠭᠠᠰᠤ ᠶᠢᠨ ᠵᠡᠭᠦᠨ ᠡᠮᠦᠨᠡᠲᠦ ᠶᠢᠨ ᠶᠢᠩᠽᠢ ᠲᠣᠰᠬᠤᠨ ᠤ | ᠬᠥᠳᠡᠭᠡ ᠲᠣᠰᠬᠤᠨ ᠤ ᠰᠤᠷᠲᠠᠯ ᠪᠣᠯᠪᠠᠰᠤᠨ ᠢ ᠠᠬᠢᠭᠤᠯᠬᠤ ᠬᠤᠷᠠᠯ ᠢ ᠲᠡᠮᠳᠡᠭᠯᠡᠪᠡ | ᠰᠢ ᠶᠢᠨ ᠫᠢᠩ ᠶᠡᠷᠦᠩᠬᠡᠢ ᠱᠦᠵᠢ ᠵᠢᠭᠠᠵᠤ ᠭᠠᠷᠭᠠᠬᠤ ᠳᠠᠭᠠᠨ ᠂ ︽ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠪᠣᠳᠠᠰ ᠤᠨ ᠪᠣᠯᠪᠠᠰᠤᠨ ᠪᠠ ᠣᠶᠤᠨ ᠤ ᠪᠣᠯᠪᠠᠰᠤᠨ ᠢ | ᠬᠠᠮᠲᠤ ᠳᠤᠨᠢ ᠠᠳᠬᠤᠬᠤ ᠬᠡᠷᠡᠭᠲᠡᠢ ᠂ ᠢᠯᠠᠩᠭᠤᠶ᠎ᠠ ᠲᠠᠷᠢᠶᠠᠴᠢᠳ ᠤᠨ ᠣᠶᠤᠨ ᠰᠠᠨᠠᠭᠠᠨ ᠤ ᠳᠦᠷᠰᠦ ᠪᠠᠶᠢᠳᠠᠯ ᠢ | ᠳᠡᠭᠡᠭᠰᠢᠯᠡᠭᠦᠯᠬᠦ ᠶᠢ ᠴᠢᠬᠤᠯᠠᠴᠢᠯᠠᠬᠤ ᠬᠡᠷᠡᠭᠲᠡᠢ ︾ ᠭᠡᠵᠡᠢ ᠃ ᠣᠶᠢᠷ᠎ᠠ ᠶᠢᠨ ᠵᠢᠯ ᠠᠴᠠ᠂ ᠤᠯᠠᠭᠠᠨᠬᠠᠳᠠ | ᠬᠤᠳᠠ ᠶᠢᠨ ᠬᠤᠩᠱᠠᠨ ᠲᠣᠭᠤᠷᠢᠭ ᠤᠨ ᠬᠤᠩᠮᠢᠶᠣᠣ ᠪᠠᠯᠭᠠᠰᠤ ᠶᠢᠨ ᠵᠡᠭᠦᠨ ᠡᠮᠦᠨᠡᠲᠦ ᠶᠢᠨ ᠶᠢᠩᠽᠢ ᠲᠣᠰᠬᠤᠨ ᠤ | ᠬᠢᠨ ᠵᠠᠩ ᠳᠠᠳᠬᠠᠯ ᠢ ᠥᠭᠡᠷᠡᠴᠢᠯᠡᠬᠦ ᠪᠠ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠬᠥᠮᠥᠰ ᠤᠨ ᠰᠡᠳᠬᠢᠯ ᠢ | ᠤᠮᠳᠠᠯᠠᠬᠤ᠂ ᠶᠣᠰᠣ ᠰᠤᠷᠲᠠᠬᠤᠨ ᠢᠶᠠᠷ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠬᠥᠮᠥᠰ ᠤᠨ ᠰᠡᠳᠬᠢᠯ ᠢ | ᠨᠢᠭᠲᠠᠷᠠᠭᠤᠯᠬᠤ ᠪᠣᠳᠠᠲᠠᠢ ᠠᠵᠢᠯ ᠪᠣᠯᠭᠠᠬᠤ ᠶᠢ ᠪᠠᠷᠢᠮᠲᠠᠯᠠᠪᠠ᠃ ᠬᠥᠳᠡᠭᠡ ᠲᠣᠰᠬᠤᠨ ᠤ ᠬᠡᠪ ᠰᠤᠷᠲᠠᠯ ᠤᠨ | ᠪᠣᠯᠪᠠᠰᠤᠨ ᠤ ᠪᠠᠶᠢᠭᠤᠯᠤᠯᠲᠠ ᠪᠠ ᠲᠣᠰᠬᠤᠨ ᠤ ᠠᠷᠠᠳ ᠤᠨ ᠪᠣᠳᠠᠲᠤ ᠬᠡᠷᠡᠭᠴᠡᠭᠡ ᠶᠢ ᠪᠣᠳᠣᠯᠬᠢᠯᠠᠨ᠂ ᠲᠣᠰᠬᠤᠨ ᠤ | ᠳᠦᠷᠢᠮ ᠠᠷᠠᠳ ᠤᠨ ᠭᠡᠷ᠎ᠡ ᠶᠢᠨ 《ᠠᠷᠪᠠᠨ ᠦᠯᠦ ᠵᠥᠪᠰᠢᠶᠡᠷᠡᠬᠦ》 ᠶᠢ ᠡᠭᠦᠳᠦᠨ ᠪᠠᠶᠢᠭᠤᠯᠵᠤ᠂ 《ᠵᠤᠵᠠᠭᠠᠨ | ᠲᠡᠵᠢᠭᠡᠵᠦ ᠪᠠᠭ᠎ᠠ ᠣᠷᠣᠰᠢᠭᠤᠯᠬᠤ》 ᠰᠢᠨ᠎ᠡ ᠬᠡᠪ ᠰᠤᠷᠲᠠᠯ ᠢ ᠳᠡᠯᠭᠡᠷᠡᠭᠦᠯᠵᠦ᠂ ᠲᠠᠷᠢᠶᠠᠴᠢᠳ ᠤᠨ ᠵᠣᠷᠢᠭ | ᠰᠠᠨᠠᠭ᠎ᠠ ᠶᠢ ᠪᠠᠶᠠᠯᠢᠭᠵᠢᠭᠤᠯᠬᠤ ᠡᠨᠡ ᠬᠦ ᠲᠣᠮᠣ ᠶᠠᠪᠤᠳᠠᠯ ᠢ ᠨᠠᠷᠢᠨ ᠨᠢᠮᠪᠠᠢ ᠰᠠᠶᠢᠲᠤᠷ ᠬᠢᠬᠦ ᠬᠡᠷᠡᠭᠲᠡᠢ᠃ | ᠨᠡᠯᠢᠶᠡᠳ ᠤᠷᠳᠤ ᠬᠤᠭᠤᠴᠠᠭᠠᠨ ᠳᠤ᠂ ᠬᠥᠳᠡᠭᠡ ᠲᠣᠰᠬᠤᠨ ᠳᠤ 《ᠤᠯᠠᠭᠠᠨ ᠴᠠᠭᠠᠨ ᠤ ᠶᠠᠪᠤᠳᠠᠯ》 ᠤᠨ | ᠲᠠᠯ᠎ᠠ ᠪᠠᠷ ᠯᠠᠷᠵᠠ ᠶᠠᠩᠪᠠ ᠲᠠᠲᠠᠬᠤ᠂ ᠠᠲᠠᠭᠠᠷᠬᠠᠨ ᠠᠳᠠᠯᠢᠳᠬᠠᠬᠤ ᠮᠠᠭᠤ ᠰᠤᠷᠲᠠᠯ ᠶᠡᠭᠡ ᠪᠠᠷ ᠳᠡᠯᠭᠡᠷᠡᠵᠦ᠂ ᠵᠠᠷᠢᠮ | ᠬᠥᠮᠥᠰ ᠰᠣᠬᠤᠷ ᠪᠠᠯᠠᠢ ᠪᠠᠷ ᠰᠠᠯᠬᠢᠨ ᠤ ᠠᠶ᠎ᠠ ᠶᠢ ᠲᠠᠭᠠᠵᠤ᠂ ᠬᠠᠷᠢᠯᠴᠠᠨ ᠠᠲᠠᠭᠠᠷᠬᠠᠵᠤ᠂ ᠬᠥᠷᠰᠢ ᠵᠡᠷᠭᠡᠯᠡᠳᠡᠭᠡ ᠶᠢᠨ | ᠬᠤᠭᠤᠷᠣᠨᠳᠣᠬᠢ᠂ ᠭᠡᠷ ᠪᠦᠯᠢ ᠶᠢᠨ ᠬᠤᠭᠤᠷᠣᠨᠳᠣᠬᠢ ᠰᠡᠵᠢᠭᠯᠡᠯ ᠪᠠ ᠵᠥᠷᠢᠴᠡᠯ ᠢ ᠪᠤᠢ ᠪᠣᠯᠭᠠᠵᠤ᠂ ᠲᠠᠷᠢᠶᠠᠴᠢᠳ ᠲᠤ | ᠮᠠᠰᠢ ᠶᠡᠭᠡ ᠠᠵᠤ ᠠᠬᠤᠢ ᠶᠢᠨ ᠳᠠᠷᠤᠭᠠᠰᠤ᠂ ᠤᠶᠤᠨ ᠰᠠᠨᠠᠭᠠᠨ ᠤ ᠳᠠᠷᠤᠭᠠᠰᠤ ᠶᠢ ᠪᠤᠢ ᠪᠣᠯᠭᠠᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠭᠦᠨᠵᠡᠭᠡᠶᠢᠷᠡᠨ ᠬᠡᠷᠡᠭᠵᠢᠭᠦᠯᠦᠭᠳᠡᠬᠦ ᠶᠢ | ᠬᠦᠨᠳᠦ ᠨᠣᠴᠢᠲᠠᠢ ᠨᠥᠯᠥᠭᠡᠯᠡᠵᠦ ᠪᠠᠶᠢᠨ᠎ᠠ᠃ ᠲᠠᠷᠢᠶᠠᠴᠢᠳ ᠤᠨ ᠠᠲᠠᠭᠠᠷᠬᠠᠨ ᠠᠳᠠᠯᠢᠳᠬᠠᠬᠤ ᠰᠤᠷᠲᠠᠯ ᠢ ᠦᠨᠳᠦᠰᠦ | ᠰᠤᠷᠪᠤᠯᠵᠢ ᠠᠴᠠ ᠨᠢ ᠠᠷᠢᠯᠭᠠᠬᠤ ᠶᠢᠨ ᠲᠥᠯᠥᠭᠡ ᠂ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠵᠤ᠂ 2018 | ᠣᠨ ᠤ 11 ᠰᠠᠷ᠎ᠠ ᠳᠤ᠂ ᠵᠡᠭᠦᠨ ᠡᠮᠦᠨᠡᠲᠦ ᠶᠢᠨ ᠶᠢᠩᠽᠢ ᠲᠣᠰᠬᠤᠨ ᠳᠤ ᠬᠥᠳᠡᠭᠡ ᠲᠣᠰᠬᠤᠨ ᠤ ᠰᠤᠷᠲᠠᠯ | ᠪᠣᠯᠪᠠᠰᠤᠨ ᠢ ᠠᠬᠢᠭᠤᠯᠬᠤ ᠬᠤᠷᠠᠯ ᠪᠠᠶᠢᠭᠤᠯᠵᠤ᠂ ︽ᠪᠠᠶᠠᠷᠲᠤ ᠶᠠᠪᠤᠳᠠᠯ ᠢ ᠰᠢᠨ᠎ᠡ ᠪᠠᠷ ᠡᠷᠬᠢᠯᠡᠬᠦ᠂ ᠵᠤᠵᠠᠭᠠᠨ | ᠲᠡᠵᠢᠭᠡᠵᠦ ᠪᠠᠭ᠎ᠠ ᠣᠷᠣᠰᠢᠭᠤᠯᠬᠤ᠂ ᠠᠷᠪᠢᠴᠢ ᠭᠠᠮᠲᠠᠢ ᠶᠣᠰᠣ ᠰᠤᠷᠲᠠᠬᠤᠨ ᠢ ᠬᠥᠮᠥᠵᠢᠭᠦᠯᠬᠦ᠂ ᠪᠣᠯᠪᠠᠰᠤᠨ ᠢᠶᠠᠷ | ᠬᠡᠷᠡᠭ ᠡᠷᠬᠢᠯᠡᠬᠦ︾ ᠣᠶᠢᠯᠠᠭᠠᠭᠳᠠᠬᠤᠨ ᠢ ᠢᠳᠡᠪᠬᠢᠲᠡᠢ ᠰᠠᠨᠠᠭᠠᠴᠢᠯᠠᠵᠤ᠂ ᠲᠣᠰᠬᠤᠨ ᠤ ᠠᠷᠠᠳ ᠤᠨ ᠵᠥᠪᠯᠡᠯ ᠤᠨ | ᠠᠷᠠᠳ ᠲᠤ ᠲᠦᠭᠦᠮ ᠦᠵᠡᠭᠦᠯᠬᠦ ᠬᠤᠭᠤᠯᠠᠨ ᠭᠡᠷ ᠲᠤ ᠴᠠᠭᠠᠨ ᠶᠠᠪᠤᠳᠠᠯ ᠳᠤ︽ᠨᠢᠭᠡ ᠨᠣᠭᠤᠭ᠎ᠠ ᠨᠢᠭᠡ ᠬᠤᠭᠤᠯᠠ︾ | ︾ ᠶᠢᠨ ᠳᠦᠷᠢᠮ ᠢ ᠪᠠᠶᠢᠭᠤᠯᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠪᠠᠷ ᠳᠠᠷᠤᠵᠤ ᠠᠳᠠᠯᠢᠳᠬᠠᠬᠤ | ᠰᠤᠷᠲᠠᠯ ᠢ ᠪᠤᠢ ᠪᠣᠯᠭᠠᠵᠤ᠂ ᠬᠥᠳᠡᠭᠡ ᠲᠣᠰᠬᠤᠨ ᠤ ᠰᠤᠷᠲᠠᠯ ᠢ ᠪᠣᠷᠣᠭᠵᠢᠭᠤᠨ ᠪᠣᠯᠭᠠᠬᠤ᠂ ᠠᠷᠠᠳ ᠤᠨ ᠰᠤᠷᠲᠠᠯ ᠢ | ᠵᠤᠵᠠᠭᠠᠳᠬᠠᠬᠤ᠂ ᠤᠯᠠᠨ ᠲᠦᠮᠡᠨ ᠤ ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠪᠠ᠃ ᠣᠲᠣ ᠪᠣᠯᠲᠠᠯ᠎ᠠ ᠂ | ᠨᠡᠶᠢᠭᠡᠮᠯᠢᠭ ᠤᠨ ᠳᠠᠷᠤᠭ᠎ᠠ ᠂ ᠨᠡᠶᠢᠭᠡᠮᠯᠢᠭ ᠤᠨ ᠳᠡᠳ᠋ ᠳᠠᠷᠤᠭ᠎ᠠ ᠲᠣᠰ ᠲᠣᠰ 1 ᠬᠥᠮᠥᠨ ᠂ ᠭᠡᠰᠢᠭᠦᠨ 3 ᠬᠥᠮᠥᠨ ᠂ | ᠰᠠᠶᠢᠨ ᠳᠤᠷ᠎ᠠ ᠶᠢᠨ ᠠᠵᠢᠯᠯᠠᠭᠴᠢ 10 ᠬᠥᠮᠥᠨ ᠪᠣᠶ ᠃ | ᠴᠠᠭᠠᠨ ᠶᠠᠪᠤᠳᠠᠯ ᠤᠨ 《 ᠨᠢᠭᠡ ᠨᠣᠭᠤᠭ᠎ᠠ ᠨᠢᠭᠡ ᠬᠤᠭᠤᠯᠠ 》 ᠶᠢᠨ ᠳᠦᠷᠢᠮ ᠢ ᠬᠡᠷᠡᠭᠵᠢᠭᠦᠯᠬᠦ ᠶᠢᠨ | ᠬᠠᠮᠲᠤ ᠂ ᠵᠡᠭᠦᠨ ᠡᠮᠦᠨᠡᠲᠦ ᠶᠢᠨ ᠶᠢᠩᠽᠢ ᠲᠣᠰᠬᠤᠨ ᠳᠤ ᠲᠣᠰᠬᠤᠨ ᠤ ᠰᠤᠷᠲᠠᠯ ᠪᠣᠯᠪᠠᠰᠤᠨ ᠢ ᠠᠬᠢᠭᠤᠯᠬᠤ | ᠬᠤᠷᠠᠯ ᠤᠨ ᠨᠠᠮ ᠤᠨ ᠡᠭᠦᠷ ᠢ ᠴᠠᠭ ᠲᠤᠬᠠᠢ ᠳᠤᠨᠢ ᠪᠠᠶᠢᠭᠤᠯᠵᠤ ᠂ ᠲᠣᠰᠬᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠪᠣᠯᠣᠨ ᠲᠣᠰᠬᠤᠨ ᠤ ᠰᠤᠷᠲᠠᠯ ᠪᠣᠯᠪᠠᠰᠤᠨ ᠢ ᠠᠬᠢᠭᠤᠯᠬᠤ ᠬᠤᠷᠠᠯ ᠤᠨ ᠳᠠᠷᠤᠭ᠎ᠠ ᠶᠢᠨ | ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭ᠎ᠠ ᠪᠣᠳᠠᠲᠠᠶᠢᠵᠢᠭᠤᠯᠬᠤ ᠶᠢᠨ | ᠬᠠᠮᠲᠤ ᠨᠠᠮ ᠤᠨ ᠭᠡᠰᠢᠭᠦᠨ ᠺᠠᠳ᠋ᠷ᠂ ᠲᠣᠰᠬᠤᠨ ᠤ ︽ᠬᠤᠶᠠᠷ ᠵᠥᠪᠯᠡᠯ︾︾ ᠤᠨ ᠪᠠᠭ ᠤᠨ ᠪᠦᠷᠢᠯᠳᠦᠭᠦᠨ᠂ | ᠤᠤᠯ ᠤᠨ ᠲᠣᠰᠬᠤᠨ ᠤ ᠺᠠᠳ᠋ᠷ᠂ ᠲᠣᠰᠬᠤᠨ ᠤ ᠠᠷᠠᠳ ᠤᠨ ᠳᠤᠭᠤᠶᠢᠯᠠᠩ ᠤᠨ ᠳᠠᠷᠤᠭ᠎ᠠ ᠶᠢ ᠡᠮᠦᠨ᠎ᠡ ᠨᠢ ᠠᠵᠢᠯᠯᠠᠵᠤ | ᠂ ᠦᠯᠢᠭᠡᠷ ᠳᠠᠭᠤᠷᠢᠶᠠᠯ ᠪᠣᠯᠵᠤ᠂ ᠤᠬᠠᠮᠰᠠᠷ ᠠᠴᠠ ᠪᠠᠨ ᠲᠦᠷᠦᠭᠦᠯᠡᠨ ︽ᠨᠢᠭᠡ ᠨᠣᠭᠤᠭ᠎ᠠ ᠨᠢᠭᠡ ᠬᠤᠭᠤᠯᠠ︾︾ | ᠶᠢᠨ ᠳᠦᠷᠢᠮ ᠢ ᠬᠡᠷᠡᠭᠵᠢᠭᠦᠯᠵᠦ᠂ ᠰᠢᠭᠤᠳ ᠴᠢᠰᠤᠨ ᠲᠦᠷᠦᠯ ᠤᠨ ᠭᠡᠷ ᠪᠦᠯᠢ ᠶᠢ ᠲᠠᠶᠢᠴᠢᠯᠠᠨ ᠪᠡᠯᠪᠡᠰᠦᠷᠡᠯ ᠤᠨ | ᠶᠠᠪᠤᠳᠠᠯ ᠢ ᠳᠥᠭᠦᠮᠴᠢᠯᠡᠨ ᠬᠢᠬᠦ ᠠᠵᠢᠯ ᠳᠤ ᠣᠷᠣᠯᠴᠠᠭᠤᠯᠬᠤ ᠬᠡᠷᠡᠭᠲᠡᠢ ᠭᠡᠵᠦ ᠱᠠᠭᠠᠷᠳᠠᠵᠠᠢ᠃ ᠡᠩ ᠤᠨ | ᠲᠣᠰᠬᠤᠨ ᠤ ᠠᠷᠠᠳ ᠤᠨ ᠭᠡᠷ ᠪᠦᠯᠢ ᠂ ᠲᠣᠰᠬᠤᠨ ᠤ ᠰᠤᠷᠲᠠᠯ ᠪᠣᠯᠪᠠᠰᠤᠨ ᠢ ᠠᠬᠢᠭᠤᠯᠬᠤ ᠬᠤᠷᠠᠯ ᠤᠨ | ᠪᠦᠷᠢᠯᠳᠦᠭᠦᠨ ᠳᠤ ᠰᠠᠨᠠᠭᠠᠴᠢᠯᠠᠭ᠎ᠠ ᠠᠴᠠ ᠪᠠᠨ ᠭᠠᠷ ᠳᠦᠷᠦᠵᠦ ᠂ ᠪᠡᠶ᠎ᠡ ᠪᠠᠷ ᠢᠶᠠᠨ ᠵᠣᠯᠭᠠᠭᠤᠯᠤᠨ ᠂ ᠬᠥᠲᠥᠯᠥᠨ | ᠵᠢᠯᠤᠭᠤᠳᠬᠤ ᠪᠠᠨ ᠴᠢᠩᠭᠠᠳᠬᠠᠵᠤ ᠂ ᠪᠡᠯᠪᠡᠰᠦᠷᠡᠯ ᠤᠨ ᠶᠠᠪᠤᠳᠠᠯ ᠢ ᠲᠥᠬᠦᠮ ᠰᠢᠢᠳᠪᠦᠷᠢᠯᠡᠵᠦ ᠪᠠᠶᠢᠭ᠎ᠠ ᠡᠷᠦᠬᠡ | ᠨᠢᠭᠡᠪᠦᠷᠢ ᠳᠤ ᠴᠥᠮ ︽ ᠠᠳᠠᠯᠢ ᠪᠠᠷᠢᠮᠵᠢᠶ᠎ᠠ ᠂ ᠠᠳᠠᠯᠢ ᠬᠠᠷᠠᠭᠠᠯᠵᠠᠯ ︾ ᠣᠯᠭᠤᠵᠤ ᠂ ᠲᠣᠰᠬᠤᠨ ᠤ ᠠᠷᠠᠳ ᠤᠨ | ᠮᠡᠳᠡᠷᠡᠮᠵᠢ ᠶᠢᠨ ᠬᠡᠮᠵᠢᠶ᠎ᠡ ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠃ | ︽ ᠳᠥᠷᠪᠡ ᠶᠢ ᠵᠥᠪᠯᠡᠵᠦ ᠬᠤᠶᠠᠷ ᠢ ᠢᠯᠠ ᠪᠣᠯᠭᠠᠬᠤ︾ᠲᠡᠰ ᠳᠠᠷᠠᠭᠠᠯᠠᠯ ᠢᠶᠠᠷ ᠳᠠᠮᠵᠢᠭᠤᠯᠵᠤ᠂ ᠵᠡᠭᠦᠨ | ᠡᠮᠦᠨᠡᠲᠦ ᠶᠢᠨ ᠶᠢᠩᠽᠢ ᠲᠣᠰᠬᠤᠨ ᠤ ᠲᠣᠰᠬᠤᠨ ᠤ ᠳᠦᠷᠢᠮ ᠠᠷᠠᠳ ᠤᠨ ᠭᠡᠷ᠎ᠡ ᠶᠢᠨ ︽ᠠᠷᠪᠠ ᠶᠢ ᠦᠯᠦ | ᠵᠥᠪᠰᠢᠶᠡᠷᠡᠬᠦ︾ ᠶᠢ ᠵᠠᠰᠠᠨ ᠲᠡᠭᠦᠯᠳᠡᠷᠵᠢᠭᠦᠯᠵᠦ᠂ ᠲᠣᠰᠬᠤᠨ ᠤ ᠰᠤᠷᠲᠠᠯ ᠤᠨ ᠪᠣᠯᠪᠠᠰᠤᠨ ᠤ ᠪᠠᠶᠢᠭᠤᠯᠤᠯᠲᠠ᠂ | ᠬᠤᠭᠤᠰᠤᠨ ᠶᠠᠪᠤᠳᠠᠯ ᠳᠤ︽ᠨᠢᠭᠡ ᠨᠣᠭᠤᠭ᠎ᠠ ᠨᠢᠭᠡ ᠬᠤᠭᠤᠯᠠ︾ ᠶᠢᠨ ᠳᠦᠷᠢᠮ ᠢ ᠲᠣᠰᠬᠤᠨ ᠤ ᠳᠦᠷᠢᠮ | ᠠᠷᠠᠳ ᠤᠨ ᠭᠡᠷ᠎ᠡ ᠳᠤ ᠣᠷᠣᠭᠤᠯᠵᠤ᠂ ᠲᠣᠰᠬᠤᠨ ᠤ ᠠᠷᠠᠳ ᠤᠯᠠᠨ ᠤ ᠬᠠᠮᠲᠤ ᠪᠠᠷ ᠵᠢᠷᠤᠮᠯᠠᠬᠤ ᠶᠢ ᠪᠣᠯᠵᠣᠨ | ᠲᠣᠭᠲᠠᠵᠠᠢ᠃ ︽ ᠨᠠᠢᠮᠠᠨ ᠵᠠᠷᠤᠳᠠᠯ ᠨᠢᠭᠡ ᠮᠥᠩᠭᠦ ︾ ᠭᠠᠴᠠᠭᠠᠨ ᠤ ᠱᠠᠲᠤᠨ ᠤ ᠠᠰᠠᠷᠠᠮᠵᠢ ᠶᠢᠨ ᠲᠥᠷᠥ ᠶᠢᠨ | ᠪᠣᠳᠣᠯᠭ᠎ᠠ ︵ ᠭᠠᠴᠠᠭᠠᠨ ᠤ ᠬᠠᠮᠲᠤ ᠨᠡᠶᠢᠲᠡ ᠠᠴᠠ ᠪᠡᠯᠡ ᠮᠥᠩᠭᠦ ᠭᠠᠷᠭᠠᠵᠤ ᠭᠠᠴᠠᠭᠠᠨ ᠤ ᠠᠷᠠᠳ ᠲᠤ ᠤᠲᠠᠰᠤᠲᠤ | ᠲᠧᠯᠸᠢᠰ ᠤᠨ ᠵᠠᠷᠤᠳᠠᠯ ᠂ ᠲᠦᠭᠡᠭᠡᠯ ᠤᠰᠤᠨ ᠤ ᠵᠠᠷᠤᠳᠠᠯ ᠂ ᠤᠬᠢᠶᠠᠯᠭ᠎ᠠ ᠶᠢᠨ ᠵᠠᠷᠤᠳᠠᠯ ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠂ ᠲᠠᠷᠢᠶᠠᠨ ᠭᠠᠵᠠᠷ ᠤᠨ ᠤᠰᠤᠯᠠᠯᠲᠠ ᠶᠢᠨ | ᠵᠠᠷᠤᠳᠠᠯ ᠵᠡᠷᠭᠡ ᠶᠢ ᠲᠠᠩᠰᠠ ᠳᠡᠶᠢᠯᠵᠦ ᠥᠭᠭᠦᠨ᠎ᠡ ︶ ᠶᠢ ᠪᠠᠶᠢᠭᠤᠯᠵᠤ ᠂ ᠭᠠᠴᠠᠭᠠᠨ ᠤ ᠠᠷᠠᠳ ᠤᠨ ᠭᠠᠴᠠᠭᠠᠨ ᠤ | ᠲᠣᠭᠲᠠᠭᠠᠯ ᠠᠷᠠᠳ ᠤᠨ ᠭᠡᠷ᠎ᠡ ᠶᠢ ᠵᠢᠷᠤᠮᠯᠠᠭᠰᠠᠨ ᠪᠠᠶᠢᠳᠠᠯ ᠢ ᠠᠰᠠᠷᠠᠮᠵᠢ ᠶᠢᠨ ᠲᠥᠷᠥ ᠶᠢᠨ ᠪᠣᠳᠣᠯᠭ᠎ᠠ ᠶᠢ ᠭᠥᠷᠳᠡᠬᠦ | ᠡᠷᠴᠢᠮ ᠤᠨ ᠴᠢᠬᠤᠯᠠ ᠦᠨᠳᠦᠰᠦᠯᠡᠯ ᠪᠣᠯᠭᠠᠵᠤ ᠂ ᠭᠠᠴᠠᠭᠠᠨ ᠤ ᠠᠷᠠᠳ ᠤᠨ ᠤᠬᠠᠮᠰᠠᠷᠲᠤ ᠴᠢᠨᠠᠷ ᠪᠠ | ᠰᠠᠨᠠᠭᠠᠴᠢᠯᠠᠭᠠᠲᠤ ᠴᠢᠨᠠᠷ ᠢ ᠦᠨᠡᠨ ᠬᠦ ᠴᠢᠩᠭᠠᠳᠬᠠᠨ᠎ᠠ ᠃ ᠲᠣᠭᠲᠠᠭᠠᠯ ᠠᠴᠠ ᠵᠥᠷᠢᠴᠡᠭᠰᠡᠨ ᠪᠠ ᠵᠣᠬᠢᠴᠠᠭᠤᠯᠤᠨ | ᠬᠤᠪᠢᠷᠠᠭᠤᠯᠤᠭᠰᠠᠨ ᠭᠠᠴᠠᠭᠠᠨ ᠤ ᠺᠠᠳ᠋ᠷ ᠂ ᠨᠠᠮ ᠤᠨ ᠭᠡᠰᠢᠭᠦᠨ ᠺᠠᠳ᠋ᠷ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ | ᠂ ᠲᠣᠭᠲᠠᠭᠠᠯ ᠶᠣᠰᠣᠭᠠᠷ 《ᠨᠢᠭᠡ ᠨᠣᠭᠤᠭ᠎ᠠ ᠨᠢᠭᠡ ᠬᠤᠭᠤᠯᠠ》 ᠶᠢᠨ ᠳᠦᠷᠢᠮ ᠢ ᠬᠡᠷᠡᠭᠵᠢᠭᠦᠯᠦᠭᠰᠡᠨ ᠦᠭᠡᠢ | ᠭᠠᠴᠠᠭᠠᠨ ᠤ ᠳᠣᠲᠣᠷᠠᠬᠢ ᠲᠣᠮᠣ ᠡᠷᠦᠭᠡ ᠶᠢᠨ ᠭᠡᠷ ᠪᠦᠯᠢ᠂ ᠪᠠᠶᠠᠨ ᠴᠢᠨᠡᠭᠡᠯᠢᠭ ᠭᠡᠷ ᠪᠦᠯᠢ ᠶᠢ ᠭᠠᠴᠠᠭᠠᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠱᠦᠵᠢ ᠪᠡᠶ᠎ᠡ ᠪᠠᠷ ᠢᠶᠠᠨ ᠵᠣᠬᠢᠴᠠᠭᠤᠯᠬᠤ ᠶᠢᠨ ᠬᠠᠮᠲᠤ ᠲᠡᠳᠡᠨ ᠤ ᠲᠦᠷᠦᠯ ᠰᠠᠳᠤᠨ | ᠨᠠᠶᠢᠵᠠ ᠨᠥᠬᠦᠳ ᠢ ᠰᠢᠭᠦᠮᠵᠢᠯᠡᠨ ᠰᠤᠷᠭᠠᠵᠤ᠂ ᠬᠥᠷᠰᠢ ᠵᠡᠷᠭᠡᠯᠡᠳᠡᠭᠡ ᠶᠢᠨ ᠬᠢᠨ ᠢ ᠲᠠᠶᠢᠴᠢᠯᠠᠨ ᠰᠢᠷᠡᠭᠡ ᠵᠠᠰᠠᠬᠤ | ᠦᠭᠡᠢ᠂ ᠶᠣᠰᠣᠯᠠᠯ ᠢ ᠲᠠᠭᠠᠬᠤ ᠦᠭᠡᠢ ᠪᠠᠶᠢᠯᠭᠠᠵᠤ᠂ ᠭᠠᠴᠠᠭᠠᠨ ᠤ ᠠᠷᠠᠳ ᠤᠨ 《ᠤᠯᠠᠭᠠᠨ ᠴᠠᠭᠠᠨ ᠤ | ᠶᠠᠪᠤᠳᠠᠯ》 ᠤᠨ ᠲᠠᠯ᠎ᠠ ᠪᠠᠷ ᠬᠠᠷᠢᠯᠴᠠᠨ ᠠᠲᠠᠭᠠᠷᠬᠠᠨ ᠠᠳᠠᠯᠢᠳᠬᠠᠬᠤ ᠬᠠᠭᠤᠴᠢᠨ ᠶᠣᠰᠣ ᠪᠦᠳᠦᠭᠦᠯᠢᠭ ᠵᠠᠩᠰᠢᠯ ᠢ | ᠦᠨᠡᠨ ᠬᠦ ᠠᠷᠢᠯᠭᠠᠬᠤ ᠬᠡᠷᠡᠭᠲᠡᠢ᠃ | ᠭᠤᠷᠪᠠᠨ ᠵᠢᠯ ᠭᠠᠷᠤᠢ ᠶᠢᠨ ᠲᠤᠷᠰᠢ᠂ ᠵᠡᠭᠦᠨ ᠡᠮᠦᠨᠡᠲᠦ ᠶᠢᠨ ᠶᠢᠩᠽᠢ ᠲᠣᠰᠬᠤᠨ ᠤ ᠲᠣᠰᠬᠤᠨ ᠤ ᠰᠤᠷᠲᠠᠯ | ᠪᠣᠯᠪᠠᠰᠤᠨ ᠢ ᠠᠬᠢᠭᠤᠯᠬᠤ ᠬᠤᠷᠠᠯ ᠨᠢ ᠳᠤᠮᠳᠠᠴᠢ ᠪᠠᠷ ᠵᠢᠯ ᠪᠦᠷᠢ ᠲᠣᠰᠬᠤᠨ ᠤ ᠤᠯᠠᠨ ᠲᠦᠮᠡᠨ ᠳᠤ | ᠣᠷᠣᠰᠢᠭᠤᠯᠭ᠎ᠠ ᠶᠢᠨ ᠶᠠᠪᠤᠳᠠᠯ ᠢ 4 ᠤᠳᠠᠭ᠎ᠠ ᠳᠥᠭᠦᠮᠴᠢᠯᠡᠨ ᠥᠭᠴᠦ᠂ ᠤᠯᠠᠨ ᠲᠦᠮᠡᠨ ᠳᠤ 10 ᠭᠠᠷᠤᠢ ᠲᠦᠮᠡᠨ | ᠲᠥᠭᠦᠷᠢᠭ ᠤᠨ ᠵᠠᠷᠤᠯᠭ᠎ᠠ ᠠᠷᠪᠢᠯᠠᠵᠤ ᠥᠭᠴᠦ᠂ ᠲᠠᠷᠢᠶᠠᠴᠢᠳ ᠤᠨ ᠪᠡᠶ᠎ᠡ ᠰᠡᠳᠬᠢᠯ ᠤᠨ ᠳᠠᠷᠤᠭᠠᠰᠤ ᠶᠢ ᠦᠨᠡᠨ | ᠪᠣᠳᠠᠲᠠᠢ ᠪᠠᠷ ᠰᠢᠢᠳᠪᠦᠷᠢᠯᠡᠵᠦ᠂ ᠤᠯᠠᠨ ᠲᠦᠮᠡᠨ ᠳᠤ ᠨᠡᠶᠢᠳᠡᠮ ᠮᠡᠳᠡᠷᠡᠭᠳᠡᠭᠰᠡᠨ ᠪᠠᠶᠢᠨ᠎ᠠ᠃ ᠲᠣᠰᠬᠤᠨ ᠤ ᠠᠷᠠᠳ | ᠲᠦᠮᠡᠨ ᠦᠨᠡᠨ ᠪᠣᠳᠠᠲᠠᠢ ᠠᠰᠢᠭ ᠲᠤᠰᠠ ᠶᠢ ᠣᠯᠵᠤ ᠬᠠᠷᠠᠭᠠᠳ᠂ ᠶᠡᠬᠡᠪᠡᠷ ᠪᠠᠵᠠᠭᠠᠵᠤ ᠶᠡᠬᠡᠪᠡᠷ ᠬᠢᠬᠦ | ᠬᠤᠴᠤᠷᠤᠩᠭᠤᠢ ᠦᠵᠡᠯ ᠰᠠᠨᠠᠭ᠎ᠠ ᠶᠢ ᠦᠨᠳᠦᠰᠦᠨ ᠠᠴᠠ ᠨᠢ ᠬᠤᠪᠢᠷᠠᠭᠤᠯᠵᠤ᠂ ᠪᠦᠬᠦ ᠲᠣᠰᠬᠤᠨ ᠤ ᠠᠷᠠᠳ | ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ ᠪᠠᠶᠢᠭᠰᠠᠨ ᠠᠴᠠ ᠪᠠᠨ ᠰᠠᠨᠠᠭᠠᠴᠢᠯᠠᠭ᠎ᠠ ᠠᠴᠠ ᠪᠠᠨ ᠣᠷᠤᠯᠴᠠᠬᠤ ᠲᠡᠰᠢ | ᠪᠦᠷᠢᠮᠦᠰᠦᠨ ᠬᠤᠪᠢᠷᠠᠵᠤ᠂ ᠵᠠᠩ ᠳᠠᠳᠬᠠᠯ ᠢ ᠥᠭᠡᠷᠡᠴᠢᠯᠡᠬᠦ ᠠᠵᠢᠯ ᠴᠤ ︽ᠡᠬᠢᠯᠡᠬᠦ᠂ ᠲᠦᠷᠦᠭᠦᠯᠡᠬᠦ᠂ ᠲᠣᠯᠣᠭᠠᠢ | ᠰᠠᠵᠢᠬᠤ︾ ᠶᠢ ᠠᠬᠢᠭᠤᠯᠵᠤ ᠬᠡᠷᠡᠭᠵᠢᠭᠦᠯᠬᠦ ᠱᠠᠲᠤᠨ ᠠᠴᠠ ᠪᠠᠨ ᠠᠯᠬᠤᠮ ᠠᠯᠬᠤᠮ ᠢᠶᠠᠷ ᠤᠯᠠᠨ ᠲᠦᠮᠡᠨ ᠤ ︽ | ᠲᠣᠯᠣᠭᠠᠢ ᠳᠣᠬᠢᠨ ᠮᠠᠭᠲᠠᠬᠤ︾ ᠶᠢ ᠪᠠᠬᠢᠵᠢᠭᠦᠯᠬᠦ ᠱᠠᠲᠤᠨ ᠳᠤ ᠣᠷᠣᠪᠠ᠃ ᠣᠳᠣᠬᠠᠨ ᠳᠤ᠂ ᠵᠡᠭᠦᠨ ᠡᠮᠦᠨᠡᠲᠦ ᠶᠢᠨ | ᠶᠢᠩᠽᠢ ᠲᠣᠰᠬᠤᠨ ᠤ ᠰᠢᠶᠠᠩ ᠤᠨ ᠰᠤᠷᠲᠠᠯ ᠪᠣᠯᠪᠠᠰᠤᠨ ᠢ ᠠᠬᠢᠭᠤᠯᠬᠤ ᠬᠤᠷᠠᠯ ᠤᠨ ᠨᠥᠯᠥᠭᠡᠯᠡᠯ ᠳᠣᠣᠷ᠎ᠠ᠂ ᠨᠢᠶᠸ | ᠬᠧ ᠳ᠋ᠢ ᠲᠣᠰᠬᠤᠨ᠂ ᠾᠧᠦ ᠳ᠋ᠣᠣ ᠲᠣᠰᠬᠤᠨ ᠤ ᠬᠢᠨ ᠪᠠᠰᠠ ᠤᠯᠠᠭᠠᠨ ᠴᠠᠭᠠᠨ ᠤ ᠬᠡᠷᠡᠭ ᠡᠷᠬᠢᠯᠡᠭᠴᠢᠳ ᠤᠨ | ᠬᠤᠷᠠᠯ ᠳᠤ ᠲᠦᠰᠢᠭᠯᠡᠨ ᠲᠣᠰᠬᠤᠨ ᠤ ᠠᠷᠠᠳ ᠢ︽ᠬᠤᠶᠠᠷ ᠨᠣᠭᠤᠭ᠎ᠠ ᠨᠢᠭᠡ ᠬᠤᠭᠤᠯᠠ︾᠂︽ᠨᠢᠭᠡ ᠨᠣᠭᠤᠭ᠎ᠠ | ᠨᠢᠭᠡ ᠬᠤᠭᠤᠯᠠ︾ ᠶᠢᠨ ᠪᠠᠷᠢᠮᠵᠢᠶ᠎ᠠ ᠪᠠᠷ 13 ᠤᠳᠠᠭ᠎ᠠ ᠶᠢᠨ ᠣᠷᠣᠰᠢᠭᠤᠯᠭ᠎ᠠ ᠶᠢᠨ ᠶᠠᠪᠤᠳᠠᠯ ᠢ ᠲᠦᠭᠦᠮ ᠢᠶᠠᠷ ᠬᠢᠵᠦ᠂ | ᠬᠡᠷᠡᠭ ᠤᠨ ᠡᠵᠡᠨ ᠳᠤ 10 ᠭᠠᠷᠤᠢ ᠲᠦᠮᠡᠨ ᠲᠥᠭᠦᠷᠢᠭ ᠠᠷᠪᠢᠯᠠᠵᠤ ᠥᠭᠴᠡᠢ᠃ | | |