ᠥᠪᠡᠷᠲᠡᠭᠡᠨ ᠵᠠᠰᠠᠬᠤ ᠣᠷᠣᠨ ᠤ ᠱᠠᠲᠤᠨ ᠤ ᠶᠠᠳᠠᠭᠤ ᠶᠢ ᠲᠡᠳᠬᠦᠬᠦ 51 ᠬᠥᠲᠥᠴᠢ ᠠᠵᠤ ᠠᠬᠤᠶᠢᠯᠠᠯ ᠤᠨ ᠬᠢᠷᠢ ᠬᠡᠮ ᠢ ᠬᠦᠴᠦᠨ ᠦᠭᠡᠢ ᠪᠣᠯᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/4/1
      ᠬᠤᠯᠪᠣᠭᠳᠠᠯ ᠪᠦᠬᠦᠢ ᠠᠶᠢᠮᠠᠭ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠄      ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠲᠣᠯᠣᠭᠠᠶᠢᠯᠠᠭᠴᠢ ᠠᠵᠤ ᠠᠬᠤᠶᠢᠯᠠᠯ ᠤᠨ ᠬᠠᠮᠢᠶᠠᠷᠤᠯᠲᠠ ᠶᠢ ᠦᠨᠡᠨᠬᠦ ︽  ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠬᠥᠲᠥᠴᠢ ᠠᠵᠤ ᠠᠬᠤᠶᠢᠯᠠᠯ ᠢ ᠦᠨᠡᠮᠰᠢᠬᠦ ᠪᠠ ᠬᠠᠮᠢᠶᠠᠷᠬᠤ ᠳᠦᠷᠢᠮ ᠢ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠰᠠᠨᠠᠯ ︾ ︵  ᠥᠪᠥᠷ ᠲᠡᠳᠬᠦᠮᠵᠢ ᠠᠯᠪᠠᠨ ᠲᠠᠷᠬᠠᠭᠠᠭᠰᠠᠨ ﹇2018﹈ 182 ᠳ᠋ᠤᠭᠠᠷ ᠲᠣᠭᠠᠲᠤ ︶ ᠤᠨ ᠱᠠᠭᠠᠷᠳᠠᠯᠭ᠎ᠠ ᠶᠣᠰᠣᠭᠠᠷ ᠂ ᠬᠤᠰᠢᠭᠤ ᠰᠢᠶᠠᠨ ᠤ ᠲᠤᠬᠠᠢ ᠶᠢᠨ ᠭᠠᠵᠠᠷ ᠲᠤᠨᠢ ᠬᠢᠨᠠᠨ ᠬᠡᠮᠵᠢᠬᠦ ᠂ ᠠᠶᠢᠮᠠᠭ ᠬᠤᠲᠠ ᠪᠠᠷ ᠬᠢᠨᠠᠨ ᠬᠠᠷᠭᠤᠭᠤᠯᠬᠤ ᠂ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠬᠤ ᠲᠠᠰ ᠳᠠᠷᠠᠭᠠᠯᠠᠯ ᠢᠶᠠᠷ ᠳᠡᠮᠵᠢᠨ ᠂ ᠪᠥᠬᠦ ᠣᠷᠣᠨ ᠤ ᠶᠠᠳᠠᠭᠤ ᠶᠢ ᠲᠡᠳᠬᠦᠬᠦ ᠬᠥᠲᠥᠴᠢ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ ᠂ ᠡᠵᠡᠩᠨᠡᠨ ᠬᠥᠭᠵᠢᠭᠦᠯᠬᠦ ᠂ ᠶᠠᠳᠠᠭᠤ ᠶᠢ ᠳᠠᠶᠢᠴᠢᠯᠠᠨ ᠶᠠᠳᠠᠭᠤ ᠶᠢ ᠪᠠᠭᠠᠰᠬᠠᠬᠤ ᠂ ᠲᠡᠳᠬᠦᠮᠵᠢ ᠭᠥᠷᠳᠡᠬᠦ ᠵᠡᠷᠭᠡ ᠲᠠᠯ᠎ᠠ ᠶᠢᠨ ᠪᠠᠶᠢᠳᠠᠯ ᠳᠤ ᠬᠢᠨᠠᠨ ᠬᠡᠮᠵᠢᠯᠲᠡ ᠬᠢᠨ᠎ᠡ ᠃ ᠡᠭᠦᠨ ᠤ ᠳᠣᠲᠣᠷᠠᠬᠢ ᠦᠢᠯᠡᠳᠪᠦᠷᠢᠯᠡᠯ ᠢᠶᠠᠨ ᠵᠣᠭᠰᠣᠭᠠᠭᠰᠠᠨ ᠂ ᠬᠦᠴᠦᠨ ᠦᠭᠡᠢ ᠪᠣᠯᠭᠠᠭᠰᠠᠨ ᠵᠡᠷᠭᠡ ᠰᠢᠯᠲᠠᠭᠠᠨ  ᠠᠴᠠ ᠪᠣᠯᠵᠤ ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠳᠠᠶᠢᠴᠢᠯᠠᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠠᠭᠠᠰᠬᠠᠬᠤ ᠬᠠᠷᠢᠭᠤᠴᠠᠯᠭ᠎ᠠ ᠪᠠᠨ ᠦᠷᠭᠦᠯᠵᠢᠯᠡᠨ ᠭᠦᠢᠴᠡᠳᠬᠡᠬᠦ ᠶᠢᠨ ᠠᠷᠭ᠎ᠠ ᠦᠭᠡᠢ 51 ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠳᠠᠭᠤ ᠶᠢ ᠲᠡᠳᠬᠦᠬᠦ ᠬᠥᠲᠥᠴᠢ ᠠᠵᠤ ᠠᠬᠤᠶᠢᠯᠠᠯ ᠤᠨ ᠬᠢᠷᠢ ᠬᠡᠮ ᠢ ᠬᠦᠴᠦᠨ ᠦᠭᠡᠢ ᠪᠣᠯᠭᠠᠪᠠ ᠃ ᠡᠭᠦᠨ ᠤ ᠲᠤᠬᠠᠢ ᠂ ᠮᠠᠨ ᠤ ᠲᠣᠪᠴᠢᠶ᠎ᠠ ᠢᠯᠡ ᠪᠠᠷ ᠵᠠᠷᠯᠠᠨ ᠨᠡᠶᠢᠲᠡᠯᠡᠭᠰᠡᠨ ᠪᠣᠯᠪᠠᠴᠤ ᠡᠨᠡ ᠬᠤᠭᠤᠴᠠᠭᠠᠨ ᠳᠤ ᠵᠠᠷᠯᠠᠨ ᠨᠡᠶᠢᠲᠡᠯᠡᠭᠰᠡᠨ ᠠᠭᠤᠯᠭ᠎ᠠ ᠳᠤ ᠣᠨᠳᠣᠣ ᠰᠠᠨᠠᠯ ᠲᠠᠢ ᠪᠤᠶᠤ ᠠᠰᠠᠭᠤᠳᠠᠯ ᠢ ᠲᠤᠰᠬᠠᠭᠰᠠᠨ ᠰᠣᠷᠪᠤᠯᠵᠢᠯᠠᠭ᠎ᠠ ᠶᠢᠨ ᠤᠲᠠᠰᠤ ᠶᠢ ᠣᠯᠣᠭᠰᠠᠨ ᠦᠭᠡᠢ ᠃      ᠡᠯ᠎ᠡ ᠭᠠᠵᠠᠷ ᠤᠨ ᠬᠢᠨ ᠬᠦᠴᠦᠨ ᠦᠭᠡᠢ ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠳᠠᠭᠤ ᠶᠢ ᠲᠡᠳᠬᠦᠬᠦ ᠬᠥᠲᠥᠴᠢ ᠠᠵᠤ ᠠᠬᠤᠶᠢᠯᠠᠯ ᠢ ᠲᠣᠰ ᠭᠠᠵᠠᠷ ᠣᠷᠣᠨ ᠳᠠᠭᠠᠨ ᠢᠯᠡ ᠪᠠᠷ ᠵᠠᠷᠯᠠᠨ ᠨᠡᠶᠢᠲᠡᠯᠡᠵᠦ  ᠂ ᠬᠠᠮᠢᠶ᠎ᠠ ᠪᠦᠬᠦᠢ ᠠᠵᠤ ᠠᠬᠤᠶᠢᠯᠠᠯ ᠳᠤ ᠮᠡᠳᠡᠭᠳᠡᠬᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠳᠠᠭᠤ ᠶᠢ ᠲᠡᠳᠬᠦᠬᠦ ᠬᠥᠲᠥᠴᠢ ᠠᠵᠤ ᠠᠬᠤᠶᠢᠯᠠᠯ ᠤᠨ ᠬᠢᠷᠢ ᠬᠡᠮ ᠢ ᠬᠦᠴᠦᠨ ᠦᠭᠡᠢ ᠪᠣᠯᠭᠠᠭᠰᠠᠨ ᠤ ᠳᠠᠷᠠᠭ᠎ᠠ ᠂ ᠬᠠᠮᠢᠶ᠎ᠠ ᠪᠦᠬᠦᠢ ᠠᠵᠤ ᠠᠬᠤᠶᠢᠯᠠᠯ ᠤᠳ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠳᠠᠭᠤ ᠶᠢ ᠲᠡᠳᠬᠦᠬᠦ ᠬᠥᠲᠥᠴᠢ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠠᠭᠠᠯᠵᠠᠯ ᠤᠨ            ᠬᠠᠷᠢᠯᠴᠠᠬᠤ ᠬᠥᠮᠥᠨ ᠄ ᠫᠢᠩ ᠶᠠᠨ ᠯᠦᠩ      ᠬᠠᠷᠢᠯᠴᠠᠬᠤ ᠤᠲᠠᠰᠤ ᠄ 0471-4935554      ᠳᠠᠭᠠᠯᠳᠤᠭᠤᠯᠤᠯ ᠄ 2022 ᠣᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠳᠠᠭᠤ ᠶᠢ ᠲᠡᠳᠬᠦᠬᠦ ᠬᠥᠲᠥᠴᠢ ᠠᠵᠤ ᠠᠬᠤᠶᠢᠯᠠᠯ ᠤᠨ ᠬᠢᠷᠢ ᠬᠡᠮ ᠢ ᠬᠦᠴᠦᠨ ᠦᠭᠡᠢ ᠪᠣᠯᠭᠠᠭᠰᠠᠨ ᠠᠵᠤ ᠠᠬᠤᠶᠢᠯᠠᠯ ᠤᠨ ᠨᠡᠷᠡᠰ
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号