4 ᠳ᠋ᠤᠭᠡᠷ ᠰᠠᠷ᠎ᠠ ᠶᠢᠨ 9 ᠤ ᠡᠳᠦᠷ᠂ ᠲᠠᠶᠢᠹᠤᠰᠧ ᠬᠤᠰᠢᠭᠤ 2022 ᠣᠨ ᠤ ᠪᠡᠭᠡᠵᠢᠩ ᠥᠪᠥᠷ ᠮᠣᠩᠭᠤᠯ ᠤᠨ | ᠬᠠᠮᠵᠢᠯᠴᠠᠭᠠᠨ ᠤ ᠲᠥᠷᠥᠯ ᠵᠦᠢᠯ ᠢ ᠲᠦᠯᠬᠢᠨ ᠠᠬᠢᠭᠤᠯᠬᠤ ᠬᠤᠷᠠᠯ ᠬᠢᠪᠡ᠃ | ᠬᠤᠷᠠᠯ ᠠᠴᠠ᠂ ᠡᠯ᠎ᠡ ᠲᠦᠷᠦᠯ ᠵᠦᠢᠯ ᠢ ᠬᠡᠷᠡᠭᠵᠢᠭᠦᠯᠬᠦ ᠨᠢᠭᠡᠴᠡ ᠨᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ | ᠲᠦᠷᠦᠯ ᠵᠦᠢᠯ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ | ᠲᠠᠯ᠎ᠠ ᠪᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠣᠯᠣᠯᠴᠠᠭ᠎ᠠ ᠪᠠᠨ ᠴᠢᠩᠭᠠᠳᠬᠠᠬᠤ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠡᠷᠲᠡ ᠠᠵᠢᠯ ᠡᠬᠢᠯᠡᠭᠦᠯᠵᠦ᠂ ᠡᠷᠲᠡ ᠦᠷ᠎ᠡ ᠪᠦᠲᠦᠮᠵᠢ ᠣᠯᠬᠤ ᠪᠠᠷ ᠴᠢᠷᠮᠠᠶᠢᠵᠤ᠂ ᠲᠦᠷᠦᠯ ᠵᠦᠢᠯ ᠢ | ᠬᠡᠷᠡᠭᠵᠢᠭᠦᠯᠬᠦ ᠶᠠᠪᠤᠴᠠ ᠳᠤ ᠲᠦᠷᠦᠯ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ᠂ ᠰᠢᠯᠭᠠᠨ ᠠᠪᠬᠤ ᠬᠢᠨᠠᠨ | ᠪᠣᠳᠣᠯᠲᠠ ᠶᠢ ᠴᠢᠩᠭᠠᠳᠬᠠᠵᠤ᠂ ᠲᠦᠷᠦᠯ ᠵᠦᠢᠯ ᠢ ᠪᠠᠶᠢᠭᠤᠯᠤᠭᠰᠠᠨ ᠤ ᠳᠠᠷᠠᠭ᠎ᠠ ᠥᠮᠴᠢᠯᠡᠬᠦ ᠡᠷᠬᠡ ᠶᠢ ᠲᠣᠳᠣᠷᠬᠠᠶᠢᠯᠠᠵᠤ᠂ | ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠵᠢᠷᠤᠮᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠢᠨ ᠨᠠᠷᠢᠨ ᠬᠢᠨᠠᠮᠠᠭᠠᠢ ᠲᠥᠯᠥᠪᠵᠢᠭᠦᠯᠵᠦ᠂ ᠵᠣᠬᠢᠰᠲᠠᠢ | ᠲᠣᠬᠢᠷᠠᠭᠤᠯᠬᠤ ᠬᠡᠷᠡᠭᠲᠡᠢ᠂ ᠣᠨᠴᠠᠭᠠᠶᠢᠯᠠᠨ ᠠᠵᠤ ᠦᠢᠯᠡᠰ ᠤᠨ ᠲᠦᠷᠦᠯ ᠵᠦᠢᠯ ᠤᠨ ᠠᠬᠢᠴᠠ ᠶᠢ ᠴᠢᠩᠭ᠎ᠠ ᠠᠳᠬᠤᠵᠤ᠂ | 2021 ᠣᠨ ᠤ ᠠᠵᠢᠯ ᠳᠠᠭᠤᠰᠤᠭᠠᠳᠤᠢ ᠲᠦᠷᠦᠯ ᠵᠦᠢᠯ ᠢ ᠡᠨᠡ ᠵᠢᠯ ᠤᠨ 6 ᠰᠠᠷ᠎ᠠ ᠶᠢᠨ ᠰᠡᠭᠦᠯᠴᠢ ᠪᠠᠷ ᠡᠷᠬᠡᠪᠰᠢ | ᠳᠠᠭᠤᠰᠬᠠᠵᠤ᠂ 2022 ᠣᠨ ᠤ ᠲᠦᠷᠦᠯ ᠵᠦᠢᠯ ᠢ 9 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠬᠤ ᠪᠠᠷ ᠴᠢᠷᠮᠠᠶᠢᠬᠤ | ᠬᠡᠷᠡᠭᠲᠡᠢ᠃ ᠲᠥᠷᠥᠯ ᠵᠦᠢᠯ ᠤᠨ ᠲᠤᠬᠠᠢ ᠶᠢᠨ ᠵᠢᠯ ᠳᠤ ᠪᠠᠷᠢᠯᠭ᠎ᠠ ᠳᠠᠭᠤᠰᠴᠤ᠂ ᠲᠤᠬᠠᠢ ᠶᠢᠨ ᠵᠢᠯ ᠳᠤ ᠦᠷ᠎ᠡ ᠪᠦᠲᠦᠮᠵᠢ | ᠣᠯᠬᠤ ᠶᠢ ᠦᠨᠡᠨᠬᠦ ᠪᠠᠲᠤᠯᠠᠵᠤ᠂ ᠡᠯ᠎ᠡ ᠲᠥᠷᠥᠯ ᠵᠦᠢᠯ ᠢ ᠬᠡᠷᠡᠭᠵᠢᠭᠦᠯᠬᠦ ᠨᠢᠭᠡᠴᠡ ᠨᠦᠭᠦᠳ 2018 ᠣᠨ ᠠᠴᠠ ᠨᠠᠰᠢᠬᠢ | ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠪᠠ ᠠᠰᠢᠭ | ᠣᠷᠣᠯᠭ᠎ᠠ ᠶᠢᠨ ᠪᠠᠶᠢᠳᠠᠯ ᠢ ᠨᠠᠷᠢᠨ ᠬᠢᠨᠠᠮᠠᠭᠠᠢ ᠡᠮᠬᠢᠯᠡᠨ ᠳᠢᠭᠯᠡᠵᠦ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠡᠬᠡ ᠲᠠᠩᠰᠠ ᠶᠢ ᠲᠡᠭᠦᠯᠳᠡᠷᠵᠢᠭᠦᠯᠦᠨ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ | ᠪᠠᠲᠤᠳᠬᠠᠨ᠎ᠠ᠃ | ᠬᠤᠷᠠᠯ ᠠᠴᠠ ᠱᠠᠭᠠᠷᠳᠠᠭᠰᠠᠨ ᠨᠢ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠠᠵᠢᠯᠯᠠᠬᠤ ᠴᠠᠭ ᠪᠠᠴᠢᠮ᠂ | ᠡᠭᠦᠷᠭᠡ ᠬᠦᠨᠳᠦ ᠪᠣᠯᠬᠤᠷ ᠡᠯ᠎ᠡ ᠲᠥᠷᠥᠯ ᠵᠦᠢᠯ ᠤᠨ ᠬᠠᠮᠢᠶ᠎ᠠ ᠪᠦᠬᠦᠢ ᠨᠢᠭᠡᠴᠡ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ | ᠲᠥᠷᠥᠯ ᠵᠦᠢᠯ ᠤᠨ ᠠᠵᠢᠯ ᠡᠬᠢᠯᠡᠬᠦ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢ ᠱᠠᠯᠠᠪᠳᠠᠨ ᠬᠢᠵᠦ᠂ ᠬᠠᠮᠢᠶ᠎ᠠ | ᠪᠦᠬᠦᠢ ᠲᠣᠭᠲᠠᠭᠠᠯ ᠶᠣᠰᠣᠭᠠᠷ ᠲᠠᠰ ᠳᠠᠷᠠᠭᠠᠯᠠᠯ ᠢᠶᠠᠨ ᠭᠦᠢᠴᠡᠳᠬᠡᠵᠦ᠂ ᠲᠥᠷᠥᠯ ᠵᠦᠢᠯ ᠤᠨ ᠭᠠᠷᠳᠠᠮ ᠤᠨ ᠲᠡᠭᠦᠯᠳᠡᠷᠵᠢᠬᠦ ᠶᠢ | ᠪᠠᠲᠤᠯᠠᠬᠤ ᠬᠡᠷᠡᠭᠲᠡᠢ᠃ ᠡᠯ᠎ᠡ ᠲᠥᠷᠥᠯ ᠵᠦᠢᠯ ᠤᠨ ᠨᠢᠭᠡᠴᠡ ᠨᠦᠭᠦᠳ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢᠶᠠᠨ | ᠲᠣᠳᠣᠷᠬᠠᠶᠢᠯᠠᠵᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ ᠪᠠᠷᠢᠯᠭ᠎ᠠ ᠶᠢᠨ ᠠᠬᠢᠴᠠ ᠶᠢ ᠪᠣᠳᠠᠲᠠᠢ | ᠠᠳᠬᠤᠨ᠂ ᠯᠠᠪᠳᠠᠭᠤᠨ ᠢᠶᠠᠷ ᠠᠬᠢᠭᠤᠯᠵᠤ᠂ ᠡᠯ᠎ᠡ ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠢ᠃ | |