ᠰᠢ ᠶᠢᠨ ᠫᠢᠩ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠰᠠᠶᠢᠨ ᠢᠶᠠᠷ ᠡᠬᠢᠯᠡᠵᠦ ᠰᠠᠶᠢᠨ ᠢᠶᠠᠷ ᠲᠡᠭᠦᠰᠬᠡᠵᠦ ᠰᠠᠶᠢᠨ ᠢᠶᠠᠷ ᠬᠢᠵᠦ ᠰᠠᠶᠢᠨ ᠢᠶᠠᠷ ᠪᠦᠲᠦᠭᠡᠬᠦ ᠬᠡᠷᠡᠭᠲᠡᠢ      ᠪᠦᠬᠦ ᠲᠠᠯ᠎ᠠ  ᠶᠢᠨ ᠢᠯᠠᠯᠲᠠ  ᠶᠢ ᠣᠯᠬᠤ ᠦᠭᠡᠢ ᠪᠣᠯ ᠶᠠᠭᠠᠬᠢᠭᠰᠠᠨ ᠴᠤ ᠴᠡᠷᠢᠭ  ᠢᠶᠠᠨ ᠲᠠᠲᠠᠬᠤ ᠦᠭᠡᠢ ᠭᠡᠵᠦ ᠯᠢ ᠺᠧ ᠴᠢᠶᠠᠩ ᠴᠣᠬᠤᠯᠠᠪᠤᠷᠢ ᠪᠢᠴ᠊
ᠨᠡᠶᠢᠲᠡᠯᠡᠭᠰᠡᠨ ᠴᠠᠭ᠄
2022/4/25
     ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 17  ᠤ ᠴᠠᠬᠢᠯᠭᠠᠨ ᠮᠡᠳᠡᠭᠡ ᠠᠴᠠ ᠳᠣᠯᠣᠳᠤᠭᠠᠷ ᠤᠯᠤᠰ ᠤᠨ ᠶᠠᠳᠠᠭᠤ ᠶᠢ ᠲᠡᠳᠬᠦᠬᠦ ᠡᠳᠦᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠴᠢᠬᠤᠯᠠ ᠵᠢᠭᠠᠪᠤᠷᠢ ᠥᠭᠴᠦ᠂ 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠬᠦ ᠵᠢᠯ ᠪᠣᠯᠣᠨ᠎ᠠ᠃ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠣᠯᠣᠨ ᠬᠦᠨᠳᠦ ᠨᠣᠴᠢᠲᠠᠢ ᠦᠶᠡᠷ ᠤᠰᠤᠲᠤᠯ ᠤᠨ ᠭᠠᠮᠰᠢᠭ ᠤᠨ ᠰᠢᠯᠭᠠᠯᠲᠠ ᠶᠢᠨ ᠡᠮᠦᠨ᠎ᠡ᠂ ᠨᠠᠮ ᠤᠨ ᠲᠥᠪ ᠬᠤᠷᠢᠶ᠎ᠠ ᠲᠣᠭᠲᠠᠭᠰᠠᠨ ᠬᠤᠭᠤᠴᠠᠭᠠᠨ ᠳᠠᠭᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠶᠢ ᠪᠡᠶᠡᠯᠡᠭᠦᠯᠬᠦ ᠡᠷᠡᠰ ᠵᠣᠷᠢᠭ ᠢᠶᠠᠨ ᠭᠤᠶᠢᠪᠢᠰᠢ ᠦᠭᠡᠢ ᠪᠠᠷᠢᠮᠲᠠᠯᠠᠵᠤ᠂ ᠪᠦᠬᠦ ᠨᠠᠮ ᠪᠦᠬᠦ ᠨᠡᠶᠢᠭᠡᠮ ᠢᠶᠠᠷ ᠢᠶᠠᠨ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ ᠦᠨᠡᠨᠬᠦ ᠠᠳᠬᠤᠨ ᠪᠣᠳᠠᠲᠠᠢ ᠠᠵᠢᠯᠯᠠᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠰᠢᠷᠭᠠᠭᠤ ᠬᠠᠲᠠᠭᠤᠵᠢᠯᠲᠠᠢ ᠲᠡᠮᠡᠴᠡᠵᠦ ᠪᠡᠷᠬᠡ ᠶᠢ ᠲᠤᠭᠤᠯᠤᠨ ᠪᠡᠷᠬᠡ ᠶᠢ ᠳᠠᠪᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠰᠢᠢᠳᠪᠦᠷᠢᠲᠦ ᠴᠢᠨᠠᠷᠲᠠᠢ ᠠᠮᠵᠢᠯᠲᠠ ᠪᠦᠲᠦᠮᠵᠢ ᠣᠯᠵᠠᠢ᠃ ᠤᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠡᠴᠦᠰ ᠤᠨ ᠱᠠᠲᠤᠨ ᠳᠤ ᠣᠷᠣᠵᠠᠢ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠡᠷᠬᠡᠪᠰᠢ ᠪᠣᠭᠤᠮᠲᠠ ᠰᠢᠪᠲᠤᠯᠬᠤ ᠪᠠᠶᠢᠳᠠᠯ ᠢᠶᠠᠨ ᠪᠠᠲᠤᠯᠠᠵᠤ᠂ ᠰᠠᠶᠢᠨ ᠢᠶᠠᠷ ᠡᠬᠢᠯᠡᠵᠦ ᠰᠠᠶᠢᠨ ᠢᠶᠠᠷ ᠲᠡᠭᠦᠰᠬᠡᠵᠦ᠂ ᠰᠠᠶᠢᠨ ᠢᠶᠠᠷ ᠬᠢᠵᠦ ᠰᠠᠶᠢᠨ ᠢᠶᠠᠷ ᠠᠮᠵᠢᠯᠲᠠ ᠣᠯᠵᠤ᠂ ᠪᠦᠬᠦ ᠲᠠᠯ᠎ᠠ ᠶᠢᠨ ᠢᠯᠠᠯᠲᠠ ᠶᠢ ᠣᠯᠬᠤ ᠦᠭᠡᠢ ᠪᠣᠯ ᠶᠠᠭᠠᠬᠢᠭᠰᠠᠨ ᠴᠤ ᠴᠡᠷᠢᠭ ᠢᠶᠠᠨ ᠲᠠᠲᠠᠬᠤ ᠦᠭᠡᠢ ᠪᠠᠶᠢᠬᠤ ᠬᠡᠷᠡᠭᠲᠡᠢ᠃      ᠰᠢ ᠶᠢᠨ ᠫᠢᠩ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠷᠰᠢᠯᠭ᠎ᠠ ᠪᠠᠨ ᠳ᠋ᠦᠩᠨᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠶᠢᠭᠤᠯᠤᠮᠵᠢ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠪᠠᠬᠢᠵᠢᠭᠦᠯᠵᠦ ᠥᠷᠭᠡᠳᠬᠡᠬᠦ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠦᠷᠦ ᠶᠢᠨ ᠪᠣᠳᠣᠯᠭ᠎ᠠ ᠶᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠢ᠃ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠶᠠᠳᠠᠭᠤ ᠬᠦᠴᠢᠷᠳᠡᠯ ᠲᠠᠢ ᠬᠥᠮᠥᠨ ᠠᠮᠠ ᠶᠢᠨ ᠳᠣᠲᠣᠭᠠᠳᠤ ᠶᠢᠨ ᠬᠥᠳᠡᠯᠭᠡᠭᠦ ᠬᠦᠴᠦᠨ ᠢ ᠬᠥᠭᠵᠢᠭᠡᠵᠦ᠂ ᠬᠥᠳᠡᠯᠮᠦᠷᠢᠯᠡᠬᠦ ᠴᠢᠳᠠᠪᠤᠷᠢ ᠲᠠᠢ ᠣᠷᠣᠯᠭ᠎ᠠ ᠪᠠᠭᠠᠲᠠᠢ ᠬᠥᠮᠥᠨ ᠠᠮᠠ ᠶᠢᠨ ᠠᠵᠢᠯᠴᠢ ᠬᠥᠳᠡᠯᠮᠦᠷᠢᠴᠢ ᠪᠠᠷ ᠪᠠᠶᠠᠵᠢᠬᠤ ᠶᠢ ᠵᠣᠷᠢᠭᠵᠢᠭᠤᠯᠵᠤ᠂ ᠪᠦᠬᠦ ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠬᠦ ᠲᠡᠰᠢ ᠦᠷᠭᠦᠯᠵᠢᠯᠡᠨ ᠤᠷᠤᠭᠰᠢᠯᠠᠬᠤ ᠬᠡᠷᠡᠭᠲᠡᠢ᠃      ᠲᠤᠮᠲᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠳᠣᠶᠢᠷᠪ᠊ ᠶᠢᠨ ᠲᠣᠪᠴᠢᠶᠠᠨ ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ  ᠂ ᠨᠠᠮ ᠤᠨ ᠲᠥᠪ ᠬᠤᠷᠢᠶ᠎ᠠ  ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠣᠲᠣ ᠶᠢᠨ ᠪᠠᠶᠢᠭ᠎ᠠ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠣᠨᠴᠠ ᠶᠠᠳᠠᠭᠤ ᠬᠦᠴᠢᠷᠳᠡᠯ ᠤᠨ ᠪᠠᠬᠢᠯᠡᠯᠲᠡ ᠶᠢ ᠫᠠᠶᠢᠰᠠ ᠡᠯᠭᠦᠨ ᠰᠢᠮᠳᠠᠭᠤᠯᠤᠨ ᠰᠢᠪᠲᠤᠯᠵᠤ  ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠳᠠᠶᠢᠴᠢᠯᠠᠵᠤ  ᠂ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭᠠᠬᠢ ᠲᠡᠳᠬᠦᠮᠵᠢ ᠶᠢ ᠴᠢᠩᠭᠠᠳᠬᠠᠨ᠂ ᠶᠠᠳᠠᠭᠤ ᠬᠦᠴᠢᠷᠳᠡᠯ ᠲᠠᠢ ᠬᠥᠳᠡᠯᠮᠦᠷᠢ ᠶᠢᠨ ᠬᠦᠴᠦᠨ ᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠶᠢ ᠰᠠᠶᠢᠲᠤᠷ ᠬᠢᠵᠦ  ᠂ ᠳᠠᠬᠢᠨ ᠶᠠᠳᠠᠭᠤᠷᠠᠵᠤ ᠶᠠᠳᠠᠭᠤᠷᠠᠬᠤ ᠲᠦᠭᠰᠢᠭᠦᠷᠢ ᠣᠷᠣᠰᠢᠵᠤ ᠪᠠᠶᠢᠭ᠎ᠠ ᠬᠥᠮᠥᠨ ᠠᠮᠠ ᠶᠢ ᠬᠠᠨᠳᠤᠯᠭ᠎ᠠ ᠲᠠᠢ ᠪᠠᠷ ᠬᠠᠪᠰᠤᠷᠤᠨ ᠲᠡᠳᠬᠦᠬᠦ ᠶᠢ ᠤᠷᠢᠳᠴᠢᠯᠠᠨ ᠴᠢᠩᠭᠠᠳᠬᠠᠵᠤ  ᠂ ᠶᠠᠳᠠᠭᠤ  ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠥᠭᠡᠳ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ  ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠣᠷᠭᠠᠨᠢᠭ ᠢᠶᠠᠷ ᠵᠣᠯᠭᠠᠭᠤᠯᠬᠤ ᠶᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠴᠢᠷᠮᠠᠶᠢᠨ ᠠᠬᠢᠭᠤᠯᠵᠤ᠂ ᠠᠷᠠᠳ ᠤᠯᠠᠨ ᠤ ᠪᠤᠶᠠᠨ ᠵᠢᠷᠭᠠᠯ ᠢ ᠨᠡᠮᠡᠭᠳᠡᠭᠦᠯᠬᠦ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃      ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠱᠠᠩᠨᠠᠯ ᠬᠥᠬᠢᠭᠦᠯᠦᠯ ᠤᠨ ᠶᠡᠭᠡ ᠬᠤᠷᠠᠯ ᠵᠢᠴᠢ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ 17  ᠤ ᠦᠳᠡ ᠶᠢᠨ ᠡᠮᠦᠨ᠎ᠡ ᠪᠡᠭᠡᠵᠢᠩ ᠳᠤ ᠶᠠᠪᠤᠭᠳᠠᠪᠠ᠃ ᠬᠤᠷᠠᠯ ᠠᠴᠠ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠯᠢ ᠺᠧ ᠴᠢᠶᠠᠩ ᠤᠨ ᠴᠣᠬᠤᠯᠠᠪᠤᠷᠢ ᠶᠢ ᠤᠯᠠᠮᠵᠢᠯᠠᠨ ᠰᠤᠷᠤᠯᠴᠠᠵᠠᠢ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠳᠠᠷᠤᠭ᠎ᠠ ᠬᠧ ᠴᠦᠨ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠲᠡᠷᠡ᠂ ᠪᠣᠭᠤᠮᠲᠠ ᠰᠢᠪᠲᠤᠯᠬᠤ ᠴᠤᠭ ᠵᠢᠪᠬᠤᠭ᠎ᠠ ᠪᠠᠨ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠵᠤ᠂ ᠶᠠᠳᠠᠭᠤ ᠬᠦᠴᠢᠷᠳᠡᠯᠲᠡᠢ ᠬᠥᠳᠡᠯᠮᠦᠷᠢ ᠶᠢᠨ ᠬᠦᠴᠦᠨ ᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠶᠠᠳᠠᠭᠤ ᠶᠢ ᠲᠡᠳᠬᠦᠬᠦ ᠦᠢᠯᠡᠳᠬᠦᠨ ᠤ ᠪᠣᠷᠤᠯᠠᠭᠤᠯᠭ᠎ᠠ ᠶᠢᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ ᠲᠠᠬᠢᠨ ᠶᠠᠳᠠᠭᠤᠷᠠᠵᠤ ᠶᠠᠳᠠᠭᠤᠷᠠᠬᠤ ᠶᠢ ᠰᠡᠷᠭᠡᠶᠢᠯᠡᠵᠦ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠦᠷᠭᠦᠯᠵᠢᠯᠡᠨ ᠠᠬᠢᠭᠤᠯᠵᠤ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠭᠰᠡᠨ ᠤ ᠳᠠᠷᠠᠭᠠᠬᠢ ᠲᠡᠳᠬᠦᠮᠵᠢ ᠶᠢ ᠴᠢᠩᠭᠠᠳᠬᠠᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠴᠢᠨᠠᠭᠰᠢᠳᠠ ᠪᠦᠷᠢᠨᠰᠢᠭᠦᠯᠬᠦ ᠬᠡᠷᠡᠭᠲᠡᠢ᠃ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠰᠢᠯᠵᠢᠯᠲᠡ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢᠨ ᠲᠣᠭᠲᠠᠭᠤᠨ ᠢᠶᠠᠷ ᠰᠢᠯᠵᠢᠬᠦ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠵᠤ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠱᠠᠩᠨᠠᠯ ᠬᠦᠷᠲᠡᠭᠰᠡᠳ ᠤᠨ ᠢᠷᠠᠭᠤ ᠠᠯᠳᠠᠷ ᠢᠶᠠᠨ ᠨᠠᠨᠳᠢᠩᠨᠠᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠰᠠᠶᠢᠨ ᠦᠯᠢᠭᠡᠷ ᠳᠠᠭᠤᠷᠢᠶᠠᠯ ᠪᠣᠯᠵᠤ᠂ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠱᠠᠩᠨᠠᠯ ᠬᠦᠷᠲᠡᠭᠰᠡᠳ ᠢ ᠬᠥᠬᠢᠭᠦᠯᠦᠨ ᠰᠠᠶᠢᠰᠢᠶᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠲᠦᠴᠢᠦᠸᠠᠨ ᠰᠢᠶᠠᠨ  ᠂ ᠠᠨᠾᠦ᠋ᠢ ᠮᠤᠵᠢ ᠶᠢᠨ ᠰᠦᠵᠧᠦ ᠬᠤᠲᠠ ᠶᠢᠨ ᠰᠧ ᠰᠢᠶᠠᠨ ᠪᠣᠯᠣᠨ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠯᠢᠦ ᠵᠧᠦ ᠬᠤᠲᠠ ᠶᠢᠨ ᠷᠦᠩ ᠱᠦᠢ ᠮᠢᠶᠣᠣ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠠᠨ ᠵᠢᠶᠧ ᠰᠢᠶᠠᠩ ᠤᠨ ᠵᠢᠶᠠᠩ ᠮᠧᠨ ᠲᠣᠰᠬᠤᠨ ᠤ ᠵᠥᠪᠯᠡᠯ ᠤᠨ ᠡᠷᠬᠢᠯᠡᠭᠴᠢ ᠶᠠᠩ ᠨᠢᠩ  ᠂ ᠾᠧᠨᠠᠨ ᠮᠤᠵᠢ ᠶᠢᠨ ᠵᠧᠦ ᠺᠧᠦ ᠬᠤᠳᠠ ᠶᠢᠨ ᠲᠠᠢ ᠺᠠᠩ ᠰᠢᠶᠠᠨ ᠤ ᠮᠠ ᠴᠠᠩ ᠪᠠᠯᠭᠠᠰᠤᠨ ᠤ ᠴᠢᠶᠠᠨ ᠾᠧ ᠼᠦᠨ ᠲᠣᠰᠬᠤᠨ ᠤ ᠨᠢᠭᠡᠳᠦᠭᠡᠷ ᠱᠦᠵᠢ ᠬᠠᠨ ᠢᠦᠢ ᠨᠠᠨ᠂ ᠵᠢᠶᠠᠩᠰᠢ ᠮᠤᠵᠢ ᠶᠢᠨ ᠢ ᠴᠦᠨ ᠬᠤᠳᠠ ᠶᠢᠨ  ᠹᠧᠩ ᠰᠢᠨ ᠰᠢᠶᠠᠨ ᠤ ᠶᠠᠨ ᠰᠢᠶᠠ ᠪᠠᠯᠭᠠᠰᠤᠨ ᠤ ᠪᠠᠢ ᠶᠠᠩ ᠵᠢᠭᠠᠨ ᠰᠤᠷᠭᠠᠯᠲᠠ ᠶᠢᠨ ᠴᠡᠭ ᠤᠨ ᠪᠠᠭᠰᠢ ᡁᠢ ᠶᠤᠸᠠᠢ ᠶᠢᠩ᠂ ᠴᠢᠯᠦᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ ᠬᠤᠷᠢᠶᠠᠨ ᠤ ᠲᠠᠪᠤᠳᠤᠭᠠᠷ ᠠᠨᠠᠭᠠᠬᠤ ᠤᠬᠠᠭᠠᠨ ᠤ ᠲᠥᠪ ᠤᠨ ᠤᠤᠯ ᠤᠨ ᠡᠯᠢᠭᠡ ᠰᠥᠰᠥᠨ ᠤ ᠭᠠᠳᠠᠷ ᠰᠠᠯᠠᠭᠠᠨ ᠤ ᠬᠤᠶᠠᠳᠤᠭᠠᠷ ᠲᠥᠪ ᠤᠨ ᠰᠢᠯᠵᠢᠭᠦᠯᠦᠨ ᠤᠷᠭᠤᠭᠤᠯᠬᠤ ᠭᠠᠳᠠᠷ ᠰᠠᠯᠠᠭᠠᠨ ᠤ ᠳᠡᠳ᠋ ᠡᠷᠬᠢᠯᠡᠭᠴᠢ ᠵᠦ ᠵᠧᠨ ᠢᠦᠢ ᠵᠡᠷᠭᠡ ᠱᠠᠩᠨᠠᠯ ᠭᠥᠷᠳᠡᠭᠰᠡᠨ ᠲᠡᠷᠢᠭᠦᠨ ᠤ ᠨᠢᠭᠡᠴᠡ ᠪᠣᠯᠣᠨ ᠲᠡᠷᠢᠭᠦᠨ ᠤ ᠬᠤᠪᠢ ᠬᠥᠮᠥᠨ ᠤ ᠲᠥᠯᠥᠭᠡᠯᠡᠭᠴᠢ ᠦᠢᠯᠡ ᠠᠵᠢᠯᠯᠠᠭ᠎ᠠ ᠶᠢᠨ ᠮᠡᠳᠡᠭᠦᠯᠦᠯᠲᠡ ᠬᠢᠵᠡᠢ᠃      ᠬᠤᠷᠠᠯ ᠨᠢ ᠲᠧᠯᠸᠢᠰ ᠤᠲᠠᠰᠤ ᠬᠤᠷᠠᠯ ᠤᠨ ᠬᠡᠯᠪᠡᠷᠢ ᠪᠠᠷ ᠶᠠᠪᠤᠭᠳᠠᠪᠠ  ᠃ 2020 ᠣᠨ ᠳᠤ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠱᠠᠩᠨᠠᠯ ᠬᠦᠷᠲᠡᠭᠰᠡᠳ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ ᠭᠤᠣᠯ ᠬᠤᠷᠠᠯ ᠤᠨ ᠲᠠᠯᠠᠪᠠᠢ ᠳᠤ ᠣᠷᠣᠯᠴᠠᠵᠤ᠂ ᠡᠯ᠎ᠡ ᠮᠤᠵᠢ ᠣᠷᠣᠨ ᠬᠤᠳᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ᠂ ᠵᠡᠭᠦᠨ ᠪᠠᠷᠠᠭᠤᠨ ᠣᠷᠣᠨ ᠤ ᠶᠠᠳᠠᠭᠤ ᠶᠢ ᠲᠡᠳᠬᠦᠬᠦ ᠬᠠᠮᠵᠢᠯᠴᠠᠭᠠᠨ ᠤ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ ᠡᠯ᠎ᠡ ᠭᠠᠵᠠᠷ ᠤᠨ ᠬᠤᠪᠢᠶᠠᠷᠢ ᠬᠤᠷᠠᠯ ᠤᠨ ᠲᠠᠯᠠᠪᠠᠢ ᠳᠤ ᠣᠷᠣᠯᠴᠠᠪᠠ᠃
 
ᠢᠷᠡᠯᠲᠡ᠄ ᠲᠤᠮᠳᠠᠳᠤ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号