2020 ᠣᠨ ᠤ ᠶᠠᠳᠠᠭᠤ ᠶᠢ ᠲᠡᠳᠬᠦᠬᠦ ᠡᠳᠦᠷ ᠤᠨ ᠰᠢᠷᠢᠰ ᠶᠠᠷᠢᠶᠠᠨ ᠤ ᠲᠠᠪᠴᠠᠩ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2022/4/25
     10 ᠰᠠᠷ᠎ᠠ  ᠶᠢᠨ 17 ᠤ ᠡᠳᠦᠷ ᠪᠣᠯ ᠮᠠᠨ ᠤ ᠤᠯᠤᠰ ᠤᠨ ᠳᠣᠯᠣᠳᠤᠭᠠᠷ《ᠶᠠᠳᠠᠭᠤ  ᠶᠢ ᠲᠡᠳᠬᠦᠬᠦ ᠡᠳᠦᠷ》 ᠪᠣᠯᠣᠨ᠎ᠠ᠂ ᠥᠴᠥᠭᠡᠳᠦᠷ ( 14 ᠤ ᠡᠳᠦᠷ ) ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ  ᠶᠢ ᠲᠡᠳᠬᠦᠬᠦ ᠠᠵᠢᠯ ᠤᠨ ᠠᠯᠪᠠᠨ ᠭᠡᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ  ᠂ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ  ᠶᠢᠨ ᠶᠠᠮᠤᠨ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠠᠷᠪᠠ ᠭᠠᠷᠤᠢ ᠰᠠᠯᠠᠭ᠎ᠠ ᠮᠥᠴᠢᠷ ᠪᠣᠯᠣᠨ ᠪᠠᠶᠢᠭᠤᠯᠤᠮᠵᠢ ᠠᠴᠠ ᠭᠤᠣᠯᠯᠠᠨ ᠡᠷᠭᠢᠯᠡᠭᠰᠡᠨ 22 ᠤᠳᠠᠭᠠᠨ ᠤ ᠶᠠᠳᠠᠭᠤ ᠶᠢ ᠲᠡᠳᠬᠦᠬᠦ ᠡᠳᠦᠷ ᠤᠨ ᠰᠢᠷᠢᠰ ᠶᠠᠷᠢᠶᠠᠨ ᠤ ᠲᠠᠪᠴᠠᠩ ᠪᠡᠭᠡᠵᠢᠩ ᠳᠤ ᠶᠠᠪᠤᠭᠳᠠᠪᠠ  ᠂ ᠡᠨᠡ  ᠨᠢ ᠠᠵᠤ ᠦᠢᠯᠡᠰ ᠢ ᠬᠥᠭᠵᠢᠭᠦᠯᠬᠦ᠂ ᠠᠮᠢ ᠠᠬᠤᠢ ᠪᠠᠷ ᠶᠠᠳᠠᠭᠤ ᠶᠢ ᠲᠡᠳᠬᠦᠬᠦ᠂ ᠣᠨᠳᠣᠣ ᠭᠠᠵᠠᠷ ᠲᠤ ᠨᠡᠭᠦᠯᠭᠡᠬᠦ ᠵᠡᠷᠭᠡ ᠭᠤᠣᠯ ᠰᠡᠳᠦᠪ ᠲᠠᠢ ᠬᠤᠯᠪᠣᠭᠳᠠᠭᠰᠠᠨ ᠶᠤᠮ᠃      ᠣᠶᠢᠯᠠᠭᠠᠭᠰᠠᠨ ᠢᠶᠠᠷ᠂ ᠮᠠᠨ ᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠷᠤᠭᠰᠢᠲᠠᠢ ᠶᠠᠪᠤᠭᠳᠠᠵᠤ᠂ ᠶᠠᠳᠠᠭᠤ ᠬᠦᠴᠢᠷᠳᠡᠯᠲᠡᠢ ᠬᠥᠮᠥᠨ ᠠᠮᠠ 2012 ᠣᠨ ᠤ ᠰᠡᠭᠦᠯᠴᠢ ᠳᠤ 9899 ᠲᠦᠮᠡ ᠪᠠᠶᠢᠭᠰᠠᠨ ᠠᠴᠠ ᠪᠠᠨ 2019 ᠣᠨ ᠤ ᠰᠡᠭᠦᠯᠴᠢ ᠳᠤ 551 ᠲᠦᠮᠡ ᠪᠣᠯᠣᠨ ᠪᠠᠭᠤᠷᠠᠵᠤ᠂ ᠪᠦᠬᠦ ᠤᠯᠤᠰ ᠤᠨ 832 ᠶᠠᠳᠠᠭᠤ ᠬᠦᠴᠢᠷᠳᠡᠯᠲᠡᠢ ᠰᠢᠶᠠᠨ ᠤ ᠳᠣᠲᠣᠷ᠎ᠠ ᠪᠠᠰᠠ 52 ᠨᠢ ᠶᠠᠳᠠᠭᠤ ᠠᠴᠠ ᠠᠩᠭᠢᠵᠢᠷᠠᠭᠠᠳᠤᠢ ᠪᠠᠶᠢᠵᠤ᠂ ᠣᠳᠣᠬᠠᠨ ᠳᠤ ᠶᠠᠭ ᠫᠠᠶᠢᠰᠠ ᠡᠯᠭᠦᠨ ᠱᠠᠯᠠᠪᠳᠠᠭᠤᠯᠵᠤ᠂ ᠵᠢᠯ ᠤᠨ ᠡᠴᠦᠰ ᠠᠴᠠ ᠡᠮᠦᠨ᠎ᠡ ᠶᠠᠳᠠᠭᠤ ᠠᠴᠠ ᠠᠩᠭᠢᠵᠢᠷᠠᠭᠤᠯᠬᠤ ᠶᠢ ᠦᠨᠡᠨ ᠬᠦ  ᠪᠠᠲᠤᠯᠠᠵᠤ ᠪᠤᠢ᠃
 
ᠢᠷᠡᠯᠲᠡ᠄ ᠲᠤᠮᠲᠠᠲᠤ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号