ᠲᠠᠶᠢᠹᠤᠰᠧ ᠬᠤᠰᠢᠭᠤ 2022 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠦᠷᠦᠯ ᠵᠦᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/25
     4 ᠳ᠋ᠤᠭᠡᠷ ᠰᠠᠷ᠎ᠠ ᠶᠢᠨ 9 ᠤ ᠡᠳᠦᠷ᠂ ᠲᠠᠶᠢᠹᠤᠰᠧ ᠬᠤᠰᠢᠭᠤ 2022 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠷᠥᠯ ᠵᠦᠢᠯ ᠢ ᠲᠦᠯᠬᠢᠨ ᠠᠬᠢᠭᠤᠯᠬᠤ ᠬᠤᠷᠠᠯ ᠬᠢᠪᠡ᠃     ᠬᠤᠷᠠᠯ ᠠᠴᠠ᠂ ᠡᠯ᠎ᠡ ᠲᠦᠷᠦᠯ ᠵᠦᠢᠯ ᠢ ᠬᠡᠷᠡᠭᠵᠢᠭᠦᠯᠬᠦ ᠨᠢᠭᠡᠴᠡ ᠨᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠦᠷᠦᠯ ᠵᠦᠢᠯ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠣᠯᠣᠯᠴᠠᠭ᠎ᠠ ᠪᠠᠨ ᠴᠢᠩᠭᠠᠳᠬᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠷᠲᠡ ᠠᠵᠢᠯ ᠡᠬᠢᠯᠡᠭᠦᠯᠵᠦ᠂ ᠡᠷᠲᠡ ᠦᠷ᠎ᠡ ᠪᠦᠲᠦᠮᠵᠢ ᠣᠯᠬᠤ ᠪᠠᠷ ᠴᠢᠷᠮᠠᠶᠢᠵᠤ᠂ ᠲᠦᠷᠦᠯ ᠵᠦᠢᠯ ᠢ ᠬᠡᠷᠡᠭᠵᠢᠭᠦᠯᠬᠦ ᠶᠠᠪᠤᠴᠠ ᠳᠤ ᠲᠦᠷᠦᠯ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ᠂ ᠰᠢᠯᠭᠠᠨ ᠠᠪᠬᠤ ᠬᠢᠨᠠᠨ ᠪᠣᠳᠣᠯᠲᠠ ᠶᠢ ᠴᠢᠩᠭᠠᠳᠬᠠᠵᠤ᠂ ᠲᠦᠷᠦᠯ ᠵᠦᠢᠯ ᠢ ᠪᠠᠶᠢᠭᠤᠯᠤᠭᠰᠠᠨ ᠤ ᠳᠠᠷᠠᠭ᠎ᠠ ᠥᠮᠴᠢᠯᠡᠬᠦ ᠡᠷᠬᠡ ᠶᠢ ᠲᠣᠳᠣᠷᠬᠠᠶᠢᠯᠠᠵᠤ᠂ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠵᠢᠷᠤᠮᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠢᠨ ᠨᠠᠷᠢᠨ ᠬᠢᠨᠠᠮᠠᠭᠠᠢ ᠲᠥᠯᠥᠪᠵᠢᠭᠦᠯᠵᠦ᠂ ᠵᠣᠬᠢᠰᠲᠠᠢ ᠲᠣᠬᠢᠷᠠᠭᠤᠯᠬᠤ ᠬᠡᠷᠡᠭᠲᠡᠢ᠂ ᠣᠨᠴᠠᠭᠠᠶᠢᠯᠠᠨ ᠠᠵᠤ ᠦᠢᠯᠡᠰ ᠤᠨ ᠲᠦᠷᠦᠯ ᠵᠦᠢᠯ ᠤᠨ ᠠᠬᠢᠴᠠ ᠶᠢ ᠴᠢᠩᠭ᠎ᠠ ᠠᠳᠬᠤᠵᠤ᠂ 2021 ᠣᠨ ᠤ ᠠᠵᠢᠯ ᠳᠠᠭᠤᠰᠤᠭᠠᠳᠤᠢ ᠲᠦᠷᠦᠯ ᠵᠦᠢᠯ ᠢ ᠡᠨᠡ ᠵᠢᠯ ᠤᠨ 6 ᠰᠠᠷ᠎ᠠ ᠶᠢᠨ ᠰᠡᠭᠦᠯᠴᠢ ᠪᠠᠷ ᠡᠷᠬᠡᠪᠰᠢ ᠳᠠᠭᠤᠰᠬᠠᠵᠤ᠂ 2022 ᠣᠨ ᠤ ᠲᠦᠷᠦᠯ ᠵᠦᠢᠯ ᠢ 9 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠬᠤ ᠪᠠᠷ ᠴᠢᠷᠮᠠᠶᠢᠬᠤ ᠬᠡᠷᠡᠭᠲᠡᠢ᠃ ᠲᠥᠷᠥᠯ ᠵᠦᠢᠯ ᠤᠨ ᠲᠤᠬᠠᠢ ᠶᠢᠨ ᠵᠢᠯ ᠳᠤ ᠪᠠᠷᠢᠯᠭ᠎ᠠ ᠳᠠᠭᠤᠰᠴᠤ᠂ ᠲᠤᠬᠠᠢ ᠶᠢᠨ ᠵᠢᠯ ᠳᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠵᠤ᠂ ᠡᠯ᠎ᠡ ᠲᠥᠷᠥᠯ ᠵᠦᠢᠯ ᠢ ᠬᠡᠷᠡᠭᠵᠢᠭᠦᠯᠬᠦ ᠨᠢᠭᠡᠴᠡ ᠨᠦᠭᠦᠳ 2018 ᠣᠨ  ᠠᠴᠠ ᠨᠠᠰᠢᠬᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠪᠠ ᠠᠰᠢᠭ ᠣᠷᠣᠯᠭ᠎ᠠ ᠶᠢᠨ ᠪᠠᠶᠢᠳᠠᠯ ᠢ ᠨᠠᠷᠢᠨ ᠬᠢᠨᠠᠮᠠᠭᠠᠢ ᠡᠮᠬᠢᠯᠡᠨ ᠳᠢᠭᠯᠡᠵᠦ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠡᠬᠡ ᠲᠠᠩᠰᠠ ᠶᠢ ᠲᠡᠭᠦᠯᠳᠡᠷᠵᠢᠭᠦᠯᠦᠨ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠨ᠎ᠠ᠃     ᠬᠤᠷᠠᠯ  ᠠᠴᠠ ᠱᠠᠭᠠᠷᠳᠠᠭᠰᠠᠨ ᠨᠢ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠠᠵᠢᠯᠯᠠᠬᠤ ᠴᠠᠭ ᠪᠠᠴᠢᠮ᠂ ᠡᠭᠦᠷᠭᠡ ᠬᠦᠨᠳᠦ ᠪᠣᠯᠬᠤᠷ ᠡᠯ᠎ᠡ ᠲᠥᠷᠥᠯ ᠵᠦᠢᠯ ᠤᠨ ᠬᠠᠮᠢᠶ᠎ᠠ ᠪᠦᠬᠦᠢ ᠨᠢᠭᠡᠴᠡ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠲᠥᠷᠥᠯ ᠵᠦᠢᠯ ᠤᠨ ᠠᠵᠢᠯ ᠡᠬᠢᠯᠡᠬᠦ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢ ᠱᠠᠯᠠᠪᠳᠠᠨ ᠬᠢᠵᠦ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠲᠠᠰ ᠳᠠᠷᠠᠭᠠᠯᠠᠯ ᠢᠶᠠᠨ ᠭᠦᠢᠴᠡᠳᠬᠡᠵᠦ᠂ ᠲᠥᠷᠥᠯ ᠵᠦᠢᠯ ᠤᠨ ᠭᠠᠷᠳᠠᠮ ᠤᠨ ᠲᠡᠭᠦᠯᠳᠡᠷᠵᠢᠬᠦ ᠶᠢ ᠪᠠᠲᠤᠯᠠᠬᠤ ᠬᠡᠷᠡᠭᠲᠡᠢ᠃ ᠡᠯ᠎ᠡ ᠲᠥᠷᠥᠯ ᠵᠦᠢᠯ ᠤᠨ ᠨᠢᠭᠡᠴᠡ ᠨᠦᠭᠦᠳ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢᠶᠠᠨ ᠲᠣᠳᠣᠷᠬᠠᠶᠢᠯᠠᠵᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ ᠪᠠᠷᠢᠯᠭ᠎ᠠ ᠶᠢᠨ ᠠᠬᠢᠴᠠ ᠶᠢ ᠪᠣᠳᠠᠲᠠᠢ ᠠᠳᠬᠤᠨ᠂ ᠯᠠᠪᠳᠠᠭᠤᠨ ᠢᠶᠠᠷ ᠠᠬᠢᠭᠤᠯᠵᠤ᠂ ᠡᠯ᠎ᠡ ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号