ᠳᠥ᠋ᠷᠪᠡᠨ ᠵᠢᠯ ᠤᠨ ᠬᠠᠪᠰᠤᠷᠤᠨ ᠲᠡᠳᠬᠦᠬᠦ ᠵᠠᠮ ᠳᠤ ᠬᠥᠲᠥᠯᠥᠯᠴᠡᠭᠰᠡᠨ ᠨᠠᠶᠢᠷ ᠰᠡᠳᠬᠢᠯᠭᠡ ᠦᠷᠭᠦᠯᠵᠢᠯᠡᠨ᠎ᠡ
ᠨᠡᠶᠢᠲᠡᠯᠡᠭᠰᠡᠨ ᠴᠠᠭ᠄
2022/4/25
     ᠭᠠᠷ ᠬᠤᠯᠪᠣᠯᠴᠠᠨ ᠴᠢᠨᠡᠭᠡᠯᠢᠭᠵᠢᠯ ᠤᠨ ᠵᠠᠮ ᠢᠶᠠᠷ ᠵᠠᠮᠨᠠᠨ᠎ᠠ ᠭᠡᠳᠡᠭ ᠭᠠᠭᠴᠠ ᠬᠠᠷᠠᠯᠲᠠ ᠪᠠᠷ ᠪᠡᠭᠡᠵᠢᠩ ᠥᠪᠥᠷ ᠮᠣᠩᠭᠤᠯ ᠢ ᠬᠠᠪᠰᠤᠷᠤᠨ ᠲᠡᠳᠬᠦᠬᠦ ᠶᠠᠪᠤᠴᠠ ᠳᠤ ᠭᠦᠨ ᠵᠤᠵᠠᠭᠠᠨ ᠨᠥᠬᠦᠷᠯᠡᠯ ᠢ ᠪᠠᠶᠢᠭᠤᠯᠵᠠᠢ᠃      ᠤᠯᠠᠨ ᠵᠢᠯ ᠤᠨ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠠᠵᠢᠯ ᠤᠨ ᠳᠤᠮᠳᠠ᠂ ᠪᠡᠭᠡᠵᠢᠩ ᠬᠤᠳᠠ ᠶᠢᠨ ᠹᠠᠩᠱᠠᠨ ᠲᠣᠭᠤᠷᠢᠭ ᠤᠨ ᠶᠠᠨᠱᠠᠨ ᠤ ᠬᠡᠷᠡᠭ ᠡᠷᠬᠢᠯᠡᠬᠦ ᠭᠠᠵᠠᠷ ᠤᠨ ᠬᠢᠨ ᠵᠢᠷᠭᠤᠭᠠᠨ ᠡᠷᠤᠬᠡ ᠪᠠᠯᠭᠠᠰᠤᠨ ᠤ ᠨᠠᠮ ᠤᠨ ᠬᠤᠷᠢᠶ᠎ᠠ ᠲᠠᠢ ᠬᠠᠮᠲᠤ ᠶᠢᠨ ᠬᠦᠰᠡᠯ ᠲᠠᠢ ᠪᠠᠶᠢᠬᠤ ᠶᠢ ᠢᠮᠠᠭᠲᠠ ᠪᠠᠷᠢᠮᠲᠠᠯᠠᠭᠰᠠᠭᠠᠷ ᠢᠷᠡᠵᠠᠢ᠂ ᠡᠨᠡ ᠨᠢ ᠳᠠᠷᠤᠢ 34 ᠲᠣᠰᠬᠤᠨ ᠤ 2501 ᠡᠷᠤᠬᠡ 5015 ᠬᠥᠮᠥᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠶᠠᠪᠤᠳᠠᠯ ᠪᠣᠯᠣᠨ᠎ᠠ᠃ ᠬᠦᠰᠡᠯᠡᠩ ᠢᠶᠠᠷ ᠢᠶᠠᠨ ᠲᠥᠭᠡᠷᠢᠭᠳᠡᠯ ᠢ ᠭᠡᠷᠡᠯᠲᠦᠭᠦᠯᠵᠦ᠂ ᠢᠲᠡᠭᠡᠯ ᠪᠢᠰᠢᠷᠡᠯ ᠢᠶᠠᠷ ᠢᠶᠠᠨ ᠬᠥᠲᠥᠯᠥᠨ ᠤᠷᠤᠭᠰᠢᠯᠠᠭᠤᠯᠵᠤ᠂ ᠬᠠᠪᠰᠤᠷᠤᠨ ᠲᠡᠳᠬᠦᠬᠦ ᠬᠤᠭᠤᠴᠠᠭᠠᠨ ᠳᠤ᠂ ᠶᠠᠨᠱᠠᠨ ᠤ ᠬᠡᠷᠡᠭ ᠡᠷᠬᠢᠯᠡᠬᠦ ᠭᠠᠵᠠᠷ ᠨᠢ ᠨᠠᠮ ᠤᠨ ᠬᠤᠷᠢᠶ᠎ᠠ ᠵᠠᠰᠠᠭ ᠤᠨ ᠣᠷᠳᠣᠨ ᠲᠠᠢ 12 ᠤᠳᠠᠭ᠎ᠠ ᠳᠣᠲᠣᠨᠣᠰᠤᠭ ᠢᠶᠠᠷ ᠰᠣᠯᠢᠯᠴᠠᠭ᠎ᠠ ᠬᠢᠵᠦ ᠬᠠᠷᠢᠯᠴᠠᠨ ᠰᠤᠷᠪᠤᠯᠵᠢᠯᠠᠵᠤ᠂ 8 ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ᠂ 4 ᠵᠡᠭᠡᠯᠢ ᠭᠤᠳᠤᠮᠵᠢ ᠨᠡᠶᠢᠭᠡᠮ ᠲᠣᠭᠤᠷᠢᠭ᠂ 120 ᠭᠠᠷᠤᠢ ᠪᠡᠭᠡᠵᠢᠩ ᠥᠪᠥᠷ ᠮᠣᠩᠭᠤᠯ ᠤᠨ ᠺᠠᠳ᠋ᠷ ᠬᠠᠮᠲᠤ ᠪᠠᠶᠢᠬᠤ ᠶᠢ ᠪᠤᠳᠤᠵᠤ᠂ ᠬᠠᠮᠲᠤ ᠠᠵᠢᠯᠯᠠᠵᠤ᠂ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠠᠵᠢᠯ ᠢ ᠢᠳᠡᠪᠬᠢᠲᠡᠢ ᠥᠷᠨᠢᠭᠦᠯᠵᠡᠢ᠃ 2020 ᠣᠨ ᠳᠤ᠂ 34 ᠶᠠᠳᠠᠭᠤ ᠬᠦᠴᠢᠷᠳᠡᠯᠲᠡᠢ ᠲᠣᠰᠬᠤᠨ ᠳᠤ︽ᠲᠣᠰᠬᠤᠨ ᠠᠴᠠ ᠭᠠᠷᠤᠭᠰᠠᠨ ᠬᠥᠮᠥᠰ ᠢ ᠶᠠᠳᠠᠭᠤ ᠠᠴᠠ ᠠᠩᠭᠢᠵᠢᠷᠠᠭᠤᠯᠬᠤ︾ ᠶᠢ ᠪᠡᠶᠡᠯᠡᠭᠦᠯᠵᠦ᠂ ᠶᠠᠳᠠᠭᠤ ᠬᠦᠴᠢᠷᠳᠡᠯ ᠤᠨ ᠡᠭᠦᠰᠬᠦ ᠨᠤᠷᠮ᠎ᠠ ᠶᠢ 2015 ᠣᠨ ᠳᠤ 11.02% ᠪᠠᠶᠢᠭᠰᠠᠨ ᠠᠴᠠ ᠪᠠᠭᠤᠷᠠᠭᠤᠯᠤᠭᠠᠳ 0 ᠪᠣᠯᠭᠠᠪᠠ᠃ 2021 ᠣᠨ ᠳᠤ᠂ ᠪᠡᠭᠡᠵᠢᠩ ᠤᠨ ᠶᠠᠨᠱᠠᠨ ᠤ ᠬᠡᠷᠡᠭ ᠡᠷᠬᠢᠯᠡᠬᠦ ᠭᠠᠵᠠᠷ ᠤᠨ ᠬᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠳᠠᠮ ᠢ ᠲᠥᠪ ᠬᠢᠴᠢᠶᠡᠩᠭᠦᠢ ᠪᠠᠷ ᠳ᠋ᠡ ᠱᠢ ᠸᠧ ᠪᠠᠯᠭᠠᠰᠤᠨ ᠤ ᠭᠠᠷ ᠲᠤ ᠲᠤᠰᠢᠶᠠᠵᠤ᠂ ᠬᠤᠶᠠᠷ ᠲᠠᠯ᠎ᠠ ᠶᠢᠨ ᠨᠥᠬᠦᠷᠯᠡᠯ ᠢ ᠦᠷᠭᠦᠯᠵᠢᠯᠡᠭᠦᠯᠵᠡᠢ᠃      ᠴᠠᠭ ᠤᠨ ᠠᠷᠤ ᠳᠤ ᠡᠭᠦᠷᠭᠡ ᠬᠠᠷᠢᠭᠤᠴᠠᠯᠭ᠎ᠠ᠂ ᠳᠥᠷᠪᠡᠨ ᠵᠢᠯ ᠤᠨ ᠶᠡᠭᠡ ᠬᠠᠶᠢᠷ᠎ᠠ ᠬᠢᠵᠠᠭᠠᠷ ᠦᠭᠡᠢ      2018 ᠣᠨ  ᠠᠴᠠ 2020 ᠣᠨ ᠪᠣᠯᠲᠠᠯ᠎ᠠ ᠶᠠᠨᠱᠠᠨ ᠤ ᠬᠡᠷᠡᠭ ᠡᠷᠬᠢᠯᠡᠬᠦ ᠭᠠᠵᠠᠷ ᠨᠡᠶᠢᠲᠡ 705 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠨᠡᠶᠢᠲᠡ 376 ᠦᠬᠡᠷ ᠬᠤᠳᠠᠯᠳᠤᠨ ᠠᠪᠴᠤ  ᠂ 23 ᠶᠠᠳᠠᠭᠤ ᠬᠦᠴᠢᠷᠳᠡᠯᠲᠡᠢ ᠲᠣᠰᠬᠤᠨ ᠢ ᠳᠠᠶᠢᠴᠢᠯᠠᠨ ᠲᠣᠰᠬᠤᠨ ᠤ ᠬᠠᠮᠲᠤ ᠶᠢᠨ ᠣᠷᠣᠯᠭ᠎ᠠ ᠶᠢ 69 ᠲᠦᠮᠡᠨ ᠲᠥᠭᠦᠷᠢᠭ ᠨᠡᠮᠡᠭᠳᠡᠭᠦᠯᠵᠦ᠂ 523 ᠡᠷᠦᠬᠡ 1096 ᠶᠠᠳᠠᠭᠤ ᠬᠦᠴᠢᠷᠳᠡᠯᠲᠡᠢ ᠡᠷᠦᠬᠡ ᠶᠢ ᠳᠠᠶᠢᠴᠢᠯᠠᠪᠠ  ᠃ 2021 ᠣᠨ ᠳᠤ 430 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ 11 ᠲᠣᠰᠬᠤᠨ ᠢ ᠳᠠᠶᠢᠴᠢᠯᠠᠨ ᠲᠣᠰᠬᠤᠨ ᠤ ᠬᠠᠮᠲᠤ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠪᠡ  ᠃      ᠦᠨᠡᠨᠬᠦ ᠬᠠᠪᠰᠤᠷᠴᠤ ᠪᠣᠳᠠᠲᠠᠢ ᠪᠠᠷ ᠲᠡᠳᠬᠦᠵᠦ᠂ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠬᠦ ᠬᠡᠷᠡᠭᠲᠡᠢ      ᠤᠯᠤᠰ ᠤᠨ ᠵᠡᠭᠦᠨ ᠪᠠᠷᠠᠭᠤᠨ ᠣᠷᠣᠨ ᠤ ᠶᠠᠳᠠᠭᠤ ᠶᠢ ᠲᠡᠳᠬᠦᠬᠦ ᠬᠠᠮᠵᠢᠯᠴᠠᠭᠠᠨ ᠤ ᠪᠠᠶᠢᠯᠳᠤᠬᠤ ᠪᠣᠳᠣᠯᠭ᠎ᠠ ᠶᠢᠨ ᠠᠬᠤᠢ ᠪᠠᠶᠢᠳᠠᠯ ᠳᠣᠣᠷ᠎ᠠ᠂ ᠪᠡᠭᠡᠵᠢᠩ ᠬᠤᠳᠠ ᠶᠢᠨ ᠹᠠᠩᠱᠠᠨ ᠲᠣᠭᠤᠷᠢᠭ ᠤᠨ ᠶᠠᠨᠱᠠᠨ ᠤ ᠬᠡᠷᠡᠭ ᠡᠷᠬᠢᠯᠡᠬᠦ ᠭᠠᠵᠠᠷ ᠲᠦᠴᠢᠦᠸᠠᠨ ᠰᠢᠶᠠᠨ ᠲᠠᠢ ᠬᠠᠪᠰᠤᠷᠤᠯᠴᠠᠭ᠎ᠠ ᠪᠠᠶᠢᠭᠤᠯᠵᠤ ᠬᠠᠪᠰᠤᠷᠤᠨ ᠲᠡᠳᠬᠦᠬᠦ ᠬᠠᠷᠢᠴᠠᠭ᠎ᠠ ᠪᠠᠶᠢᠭᠤᠯᠵᠤ᠂ ᠭᠠᠷ ᠬᠤᠯᠪᠣᠨ ᠴᠢᠨᠡᠭᠡᠯᠢᠭᠵᠢᠬᠦ ᠠᠵᠢᠯᠯᠠᠭ᠎ᠠ ᠶᠢᠨ ᠵᠥᠪᠯᠡᠯᠴᠡᠭᠡᠷ ᠲᠣᠬᠢᠷᠠᠯᠴᠠᠵᠠᠢ᠃ ᠳᠥᠷᠪᠡᠨ ᠵᠢᠯ ᠤᠨ ᠲᠤᠷᠰᠢ  ᠂ ᠲᠦᠴᠢᠦᠸᠠᠨ ᠰᠢᠶᠠᠨ ᠤ ᠬᠢᠨ《 ᠹᠠᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠶᠠᠷ ᠭᠠᠵᠠᠷ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠪᠠ ᠪᠦᠬᠦ ᠲᠠᠯ᠎ᠠ  ᠪᠠᠷ ᠬᠠᠮᠲᠤᠷᠠᠨ ᠠᠵᠢᠯᠯᠠᠬᠤ  ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠪᠦᠳᠦᠭᠦᠪᠴᠢ ᠵᠥᠪᠯᠡᠯᠴᠡᠭᠡᠷ 》 ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ  ᠂ ᠵᠡᠭᠦᠨ ᠪᠠᠷᠠᠭᠤᠨ ᠣᠷᠣᠨ ᠤ ᠶᠠᠳᠠᠭᠤ ᠶᠢ ᠲᠡᠳᠬᠦᠬᠦ ᠬᠠᠮᠵᠢᠯᠴᠠᠭᠠᠨ ᠤ ᠲᠡᠦᠬᠡᠨ ᠠᠵᠠ ᠲᠣᠬᠢᠶᠠᠯ ᠢ ᠴᠢᠩᠭ᠎ᠠ ᠠᠳᠬᠤᠵᠤ᠂ ᠶᠠᠳᠠᠭᠤ ᠶᠢ ᠲᠡᠳᠬᠦᠬᠦ ᠬᠠᠮᠵᠢᠯᠴᠠᠭᠠᠨ ᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠠᠷᠢᠯᠴᠠᠨ ᠰᠤᠷᠪᠤᠯᠵᠢᠯᠠᠨ ᠰᠣᠯᠢᠯᠴᠠᠬᠤ᠂ ᠬᠠᠮᠲᠤᠷᠠᠭᠰᠠᠨ ᠬᠤᠷᠠᠯᠳᠤᠭᠠᠨ᠂ ᠬᠤᠣᠰᠯᠠᠯ ᠪᠠᠶᠢᠭᠤᠯᠵᠤ ᠬᠠᠪᠰᠤᠷᠤᠨ ᠲᠡᠳᠬᠦᠬᠦ᠂ ᠰᠢᠪᠠᠳᠠᠨ ᠪᠠᠶᠢᠴᠠᠭᠠᠵᠤ ᠰᠢᠯᠭᠠᠨ ᠦᠨᠡᠯᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠬᠠᠮᠵᠢᠯᠴᠠᠬᠤ ᠲᠠᠪᠴᠠᠩ ᠢ ᠪᠠᠶᠢᠭᠤᠯᠵᠤ᠂ ᠬᠤᠣᠰᠯᠠᠯ ᠪᠠᠶᠢᠭᠤᠯᠬᠤ ᠬᠠᠷᠢᠴᠠᠭ᠎ᠠ ᠪᠠᠨ ᠲᠡᠭᠦᠯᠳᠡᠷᠵᠢᠭᠦᠯᠵᠦ᠂ ᠬᠠᠮᠵᠢᠯᠴᠠᠬᠤ ᠬᠦᠷᠢᠶ᠎ᠡ ᠬᠡᠪᠴᠢᠶ᠎ᠡ ᠪᠠᠨ ᠥᠷᠭᠡᠳᠬᠡᠪᠡ᠃ ᠲᠦᠷᠪᠡᠨ ᠵᠢᠯ ᠤᠨ ᠲᠤᠷᠰᠢ᠂ ᠶᠠᠨᠱᠠᠨ ᠤ ᠬᠡᠷᠡᠭ ᠡᠷᠬᠢᠯᠡᠬᠦ ᠭᠠᠵᠠᠷ ᠪᠣᠯᠣᠨ ᠳ᠋ᠠ ᠱᠢ ᠸᠧ ᠪᠠᠯᠭᠠᠰᠤ ᠬᠦᠨᠳᠦ ᠨᠣᠴᠢᠲᠠᠢ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠡᠭᠦᠷᠭᠡᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠯᠤᠰ ᠲᠦᠷᠦ ᠶᠢᠨ ᠬᠦᠨᠳᠦ ᠡᠭᠦᠷᠭᠡ ᠶᠢ ᠡᠭᠦᠷᠭᠡᠯᠡᠵᠦ᠂ ᠲᠠᠷᠢᠶᠠᠴᠢᠨ ᠡᠷᠦᠬᠡ ᠶᠢᠨ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ ᠠᠰᠢᠭ ᠭᠥᠷᠳᠡᠭᠰᠡᠨ᠂ ᠬᠠᠮᠤᠭ ᠤᠨ ᠲᠤᠯᠭᠠᠮ᠎ᠠ ᠱᠠᠭᠠᠷᠳᠠᠯᠭ᠎ᠠ ᠲᠠᠢ ᠠᠰᠠᠭᠤᠳᠠᠯ ᠤᠨ ᠲᠣᠭᠤᠷᠢᠨ ᠳᠤ᠂ ᠠᠵᠤ ᠦᠢᠯᠡᠰ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠵᠡᠷᠭᠡ ᠲᠠᠯ᠎ᠠ ᠪᠠᠷ ᠡᠷᠡᠯᠬᠡᠭᠯᠡᠨ ᠡᠭᠦᠷᠭᠡᠯᠡᠵᠦ᠂ ᠭᠦᠢᠴᠡᠳ ᠬᠦᠴᠦ ᠣᠷᠣᠭᠤᠯᠵᠤ᠂ ᠪᠦᠬᠦ ᠬᠦᠴᠦᠨ ᠢᠶᠠᠷ ᠢᠶᠠᠨ ᠠᠵᠢᠯ ᠦᠢᠯᠡᠰ ᠪᠦᠲᠦᠭᠡᠵᠦ᠂ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠡᠢ᠃ ᠬᠤᠶᠠᠷ ᠲᠠᠯ᠎ᠠ ᠪᠠᠷ ᠢᠶᠠᠨ ᠪᠠᠶᠢᠨ ᠳᠠᠬᠢᠨ ᠰᠣᠯᠢᠯᠴᠠᠵᠤ᠂ ᠬᠠᠮᠵᠢᠯᠴᠠᠬᠤ ᠶᠢ ᠴᠢᠬᠤᠯᠠᠴᠢᠯᠠᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠦᠴᠢᠷᠳᠡᠯ ᠢ ᠦᠨᠡᠨᠬᠦ ᠰᠢᠢᠳᠪᠦᠷᠢᠯᠡᠵᠦ᠂ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠠᠵᠢᠯ ᠰᠠᠶᠢᠨ ᠦᠷ᠎ᠡ ᠪᠦᠲᠦᠮᠵᠢ ᠣᠯᠪᠠ᠃      2019 ᠣᠨ ᠠᠴᠠ 2020 ᠣᠨ ᠪᠣᠯᠲᠠᠯ᠎ᠠ ᠨᠡᠶᠢᠳᠡ 122 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢ ᠣᠷᠣᠭᠤᠯᠵᠤ᠂ 5 ᠲᠣᠰᠬᠤᠨ ᠤ 127 ᠡᠷᠦᠭᠡ ᠶᠢ ᠲᠠᠶᠢᠴᠢᠯᠠᠨ ᠠᠵᠤ ᠦᠢᠯᠡᠰ ᠢ ᠨᠢ ᠬᠥᠭᠵᠢᠭᠦᠯᠵᠦ᠂ ᠡᠭᠦᠨ ᠠᠴᠠ ᠭᠠᠳᠠᠨ᠎ᠠ 10 ᠶᠠᠳᠠᠭᠤ ᠬᠦᠴᠢᠷᠳᠡᠯᠲᠡᠢ ᠰᠤᠷᠤᠭᠴᠢ ᠶᠢ ᠬᠥᠮᠥᠨ ᠪᠦᠷᠢ ᠵᠢᠯ ᠳᠤ 4000 ᠲᠥᠭᠦᠷᠢᠭ ᠢᠶᠠᠷ ᠲᠤᠰᠠᠯᠠᠪᠠ᠃      ᠦᠨᠡᠨ ᠪᠣᠳᠠᠲᠠᠢ ᠮᠥᠩᠭᠦ ᠨᠢ ᠶᠠᠳᠠᠭᠤ  ᠠᠴᠠ ᠠᠩᠭᠢᠵᠢᠷᠠᠭᠤᠯᠬᠤ ᠪᠡᠷᠬᠡ ᠰᠡᠳᠦᠪ  ᠢ ᠰᠢᠢᠳᠪᠦᠷᠢᠯᠡᠬᠦ ᠤᠯᠤᠰ ᠲᠥᠷᠥ  ᠶᠢᠨ ᠡᠭᠦᠷᠭᠡ  ᠶᠢ ᠡᠭᠦᠷᠭᠡᠯᠡᠨ᠎ᠡ      ᠲᠦᠷᠪᠡᠨ ᠵᠢᠯ ᠤᠨ ᠲᠤᠷᠰᠢ᠂ ᠶᠠᠨᠱᠠᠨ ᠤ ᠬᠡᠷᠡᠭ ᠡᠷᠬᠢᠯᠡᠬᠦ ᠭᠠᠵᠠᠷ ᠪᠣᠯᠣᠨ ᠳ᠋ᠠ ᠱᠢ ᠸᠧ ᠪᠠᠯᠭᠠᠰᠤ ᠶᠢᠨ ᠬᠢᠨ ᠶᠠᠳᠠᠭᠤ ᠬᠦᠴᠢᠷᠳᠡᠯᠲᠡᠢ ᠲᠣᠰᠬᠤᠨ ᠤ ᠠᠵᠤ ᠦᠢᠯᠡᠰ ᠢ ᠬᠥᠭᠵᠢᠭᠦᠯᠬᠦ᠂ ᠶᠠᠳᠠᠭᠤ ᠬᠦᠴᠢᠷᠳᠡᠯᠲᠡᠢ ᠡᠷᠦᠬᠡ ᠶᠢ ᠬᠠᠪᠰᠤᠷᠤᠨ ᠲᠡᠳᠬᠦᠵᠦ ᠲᠣᠬᠤᠨᠢᠭᠤᠯᠬᠤ ᠵᠡᠷᠭᠡ ᠳᠤ ᠬᠡᠷᠡᠭᠯᠡᠵᠦ᠂ ᠶᠠᠳᠠᠭᠤ ᠬᠦᠴᠢᠷᠳᠡᠯᠲᠡᠢ ᠲᠣᠰᠬᠤᠨ ᠪᠣᠯᠣᠨ ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠦᠨᠡᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠴᠡᠢ᠃ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠢ ᠭᠦᠢᠴᠡᠳ ᠳᠠᠶᠢᠴᠢᠯᠠᠬᠤ ᠪᠠᠷ ᠳᠡᠮᠵᠢᠨ  ᠂ ᠬᠠᠶᠢᠷ᠎ᠠ ᠬᠠᠯᠠᠮᠵᠢ ᠬᠦᠷᠭᠡᠬᠦ ᠠᠵᠤ ᠠᠬᠤᠶᠢᠯᠠᠯ ᠲᠠᠢ ᠬᠠᠷᠢᠯᠴᠠᠵᠤ  ᠂ ᠣᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠤᠨ  ᠂ ᠴᠢᠭ᠋ ᠲᠣᠭᠲᠠᠭᠠᠨ ᠶᠠᠳᠠᠭᠤ ᠬᠦᠴᠢᠷᠳᠡᠯᠲᠡᠢ ᠲᠣᠰᠬᠤᠨ ᠢ ᠬᠠᠪᠰᠤᠷᠤᠨ ᠲᠡᠳᠬᠦᠬᠦ ᠳᠤ ᠨᠡᠶᠢᠲᠡ 1317 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ  ᠂ ᠡᠭᠦᠨ ᠳᠤ ᠰᠢᠭᠤᠳ 1195 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ  ᠂ 122 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠪᠠ  ᠃ ᠨᠡᠶᠢᠲᠡ 8 ᠲᠥᠷᠥᠯ ᠵᠦᠢᠯ ᠢ ᠬᠡᠷᠡᠭᠵᠢᠭᠦᠯᠵᠦ  ᠂ ᠡᠭᠦᠨ ᠳᠤ 23 ᠲᠣᠰᠬᠤᠨ ᠳᠤ ᠠᠷᠠᠯ ᠤᠨ ᠱᠠᠷ ᠲᠡᠵᠢᠭᠡᠨ ᠦᠷᠡᠵᠢᠭᠦᠯᠬᠦ ᠲᠥᠷᠥᠯ ᠵᠦᠢᠯ ︵ ᠪᠠᠯᠭᠠᠰᠤ ᠪᠠᠯᠭᠠᠰᠤ ᠪᠠᠷ ᠬᠠᠪᠰᠤᠷᠤᠨ ᠲᠡᠳᠬᠦᠬᠦ ᠲᠥᠷᠥᠯ ᠵᠦᠢᠯ  ︶ ᠢ ᠬᠠᠮᠤᠷᠴᠤ  ᠂ 735 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠤᠨ 396 ᠦᠬᠡᠷ ᠬᠤᠳᠠᠯᠳᠤᠨ ᠠᠪᠴᠤ  ᠂ ᠠᠷᠠᠯ ᠤᠨ ᠱᠠᠷ ᠲᠡᠵᠢᠭᠡᠨ ᠦᠷᠡᠵᠢᠭᠦᠯᠬᠦ ᠠᠵᠤ ᠦᠢᠯᠡᠰ ᠢ ᠬᠥᠭᠵᠢᠭᠦᠯᠬᠦ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠬᠢ ᠰᠤᠷᠪᠤᠯᠵᠢ ᠶᠢ ᠡᠷᠢᠬᠦ ᠲᠠᠪᠴᠠᠩ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠳᠤ ᠬᠡᠷᠡᠭᠯᠡᠨ᠎ᠡ  ︔ ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠠᠪᠰᠤᠷᠬᠤ ᠲᠦᠷᠦᠯ ᠵᠦᠢᠯ ᠳᠤ᠂ 8 ᠠᠵᠤ ᠠᠬᠤᠶᠢᠯᠠᠯ 8 ᠵᠠᠰᠠᠭ ᠵᠠᠬᠢᠷᠭᠠᠨ ᠤ ᠲᠣᠰᠬᠤᠨ ᠲᠠᠢ ᠵᠣᠯᠭᠠᠭᠤᠯᠵᠤ᠂ ᠬᠠᠪᠰᠤᠷᠤᠨ ᠲᠡᠳᠬᠦᠬᠦ ᠪᠡᠯᠡ ᠮᠥᠩᠭᠦ 112.6 ᠲᠦᠮᠡᠨ ᠲᠥᠭᠦᠷᠢᠭ ᠣᠷᠣᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ᠂ ᠠᠯᠠᠰᠢᠨ ᠦᠬᠡᠷ ᠤᠨ ᠠᠵᠤ ᠦᠢᠯᠡᠰ᠂ ᠴᠢᠬᠢ ᠪᠣᠶᠢᠵᠢᠭᠤᠯᠬᠤ ᠠᠵᠤ ᠦᠢᠯᠡᠰ᠂ ᠰᠢᠳ ᠪᠣᠶᠢᠵᠢᠭᠤᠯᠬᠤ ᠠᠵᠤ ᠦᠢᠯᠡᠰ᠂ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠬᠤ ᠵᠡᠷᠭᠡ ᠳᠤ ᠬᠡᠷᠡᠭᠯᠡᠪᠡ︔ ᠲᠣᠰᠬᠤᠨ ︵ ᠨᠡᠶᠢᠭᠡᠮ ᠲᠣᠭᠤᠷᠢᠭ  ︶ ᠤ ᠬᠠᠪᠰᠤᠷᠤᠨ ᠲᠡᠳᠬᠦᠬᠦ ᠲᠥᠷᠥᠯ ᠵᠦᠢᠯ ᠳᠤ  ᠂ 8 ᠨᠡᠶᠢᠭᠡᠮ ᠲᠣᠭᠤᠷᠢᠭ ︵ ᠲᠣᠰᠬᠤᠨ︶ ᠢ 8 ᠵᠠᠰᠠᠭ ᠵᠠᠬᠢᠷᠭᠠᠨ ᠤ ᠲᠣᠰᠬᠤᠨ ᠲᠠᠢ ᠵᠣᠯᠭᠠᠭᠤᠯᠵᠤ  ᠂ ᠨᠡᠶᠢᠲᠡ 40 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠣᠷᠣᠭᠤᠯᠵᠤ  ᠂ ᠠᠯᠠᠰᠢᠨ ᠦᠬᠡᠷ ᠤᠨ ᠠᠵᠤ ᠦᠢᠯᠡᠰ ᠪᠠ ᠰᠢᠳ ᠮᠣᠳᠣᠨ ᠤ ᠠᠵᠤ ᠦᠢᠯᠡᠰ ᠢ ᠬᠥᠭᠵᠢᠭᠦᠯᠬᠦ ᠳᠤ ᠬᠡᠷᠡᠭᠯᠡᠨ᠎ᠡ  ︔ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠪᠰᠤᠷᠤᠨ ᠲᠡᠳᠬᠦᠬᠦ ᠲᠦᠷᠦᠯ ᠵᠦᠢᠯ ᠳᠤ᠂ 4 ᠬᠡᠷᠡᠭ ᠡᠷᠬᠢᠯᠡᠬᠦ ᠭᠠᠵᠠᠷ ᠨᠢ 4 ᠵᠠᠰᠠᠭ ᠵᠠᠬᠢᠷᠭᠠᠨ ᠤ ᠲᠣᠰᠬᠤᠨ ᠲᠠᠢ ᠵᠣᠯᠭᠠᠭᠤᠯᠵᠤ᠂ ᠨᠡᠶᠢᠳᠡ 8000 ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠣᠷᠣᠭᠤᠯᠵᠤ᠂ ᠶᠠᠳᠠᠭᠤ ᠬᠦᠴᠢᠷᠳᠡᠯ ᠢ ᠠᠪᠤᠷᠠᠨ ᠲᠤᠰᠠᠯᠠᠬᠤ ᠳᠤ ᠬᠡᠷᠡᠭᠯᠡᠵᠡᠢ︔ ᠴᠦᠨ ᠯᠧᠢ ᠰᠠᠭᠤᠷᠢ ᠮᠥᠩᠭᠦ  ᠂ ᠵᠡᠮᠳᠡᠭᠴᠦᠳ  ᠢ ᠬᠠᠯᠠᠮᠵᠢᠯᠠᠨ ᠬᠠᠶᠢᠷᠠᠯᠠᠬᠤ ᠰᠠᠭᠤᠷᠢ ᠮᠥᠩᠭᠦᠨ ᠤ ᠲᠥᠷᠥᠯ ᠵᠦᠢᠯ ᠳᠤ ᠨᠡᠶᠢᠲᠡ 40 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠣᠷᠣᠭᠤᠯᠵᠤ  ᠂ ᠶᠠᠳᠠᠭᠤ ᠬᠦᠴᠢᠷᠳᠡᠯᠲᠡᠢ ᠰᠤᠷᠤᠭᠴᠢᠳ ᠪᠠ ᠵᠡᠮᠳᠡᠭᠴᠦᠳ  ᠢ ᠬᠠᠪᠰᠤᠷᠤᠨ ᠲᠡᠳᠬᠦᠬᠦ ᠳᠤ ᠬᠡᠷᠡᠭᠯᠡᠨ᠎ᠡ︔ ᠠᠯᠪᠠᠨ ᠵᠢᠷᠤᠮ ᠤᠨ ᠡᠮᠴᠢᠯᠡᠭᠡ  ᠂ ᠡᠮ ᠬᠦᠷᠭᠡᠬᠦ ᠲᠥᠷᠥᠯ ᠵᠦᠢᠯ ᠳᠤ ᠨᠡᠶᠢᠲᠡ 20 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠣᠷᠣᠭᠤᠯᠵᠤ  ᠂ 2000 ᠭᠠᠷᠤᠢ ᠡᠪᠡᠳᠴᠢᠲᠡᠨ ᠳᠤ ᠠᠯᠪᠠᠨ ᠵᠢᠷᠤᠮ ᠤᠨ ᠡᠮᠴᠢᠯᠡᠭᠡ ᠬᠢᠵᠦ ᠡᠮ ᠬᠦᠷᠭᠡᠵᠦ ᠥᠭᠪᠡ︔ ᠲᠣᠰᠬᠤᠨ ᠤ ᠡᠮᠴᠢ᠂ ᠪᠠᠭᠰᠢ ᠶᠢᠨ ᠪᠣᠯᠪᠠᠰᠤᠷᠠᠭᠤᠯᠤᠯ ᠤᠨ ᠲᠥᠷᠥᠯ ᠵᠦᠢᠯ ᠨᠢ ᠪᠠᠭᠰᠢ᠂ ᠡᠮᠴᠢᠯᠡᠭᠡᠨ ᠤ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ︔ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠨᠥᠬᠦᠪᠦᠷᠢ ᠶᠢᠨ ᠵᠦᠢᠯᠡᠰ ᠢ ᠬᠡᠷᠡᠭᠵᠢᠭᠦᠯᠵᠦ᠂ ᠭᠠᠳᠠᠭᠰᠢ ᠭᠠᠷᠴᠤ ᠠᠵᠢᠯ ᠬᠢᠵᠦ ᠪᠠᠶᠢᠭ᠎ᠠ 20 ᠶᠠᠳᠠᠭᠤ ᠬᠦᠴᠢᠷᠳᠡᠯ ᠲᠠᠢ ᠬᠥᠮᠥᠰ ᠲᠤ ᠵᠠᠮ ᠬᠠᠷᠢᠯᠴᠠᠭᠠᠨ ᠤ ᠨᠥᠬᠦᠪᠦᠷᠢ ᠣᠯᠭᠤᠪᠠ᠃      ᠶᠠᠨᠱᠠᠨ ᠤ ᠬᠡᠷᠡᠭ ᠡᠷᠬᠢᠯᠡᠬᠦ ᠭᠠᠵᠠᠷ 2019 ~ 2020 ᠣᠨ ᠤ ᠬᠤᠭᠤᠴᠠᠭᠠᠨ ᠳᠤ  ᠂ ᠴᠦᠨ ᠯᠧᠢ ᠰᠠᠭᠤᠷᠢ ᠮᠥᠩᠭᠦ᠂ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠰᠠᠭᠤᠷᠢ ᠮᠥᠩᠭᠦ ᠶᠢ ᠲᠣᠰ ᠲᠣᠰ 20 ᠲᠦᠮᠡᠨ ᠲᠥᠭᠦᠷᠢᠭ ᠬᠠᠨᠳᠢᠪᠯᠡᠵᠤ  ᠂ ᠰᠤᠷᠭᠠᠭᠤᠯᠢ ᠳᠤ ᠪᠠᠶᠢᠭ᠎ᠠ ᠶᠠᠳᠠᠭᠤ ᠬᠦᠴᠢᠷᠳᠡᠯᠲᠡᠢ ᠰᠣᠷᠣᠭᠴᠢ ᠶᠢ ᠨᠡᠶᠢᠲᠡ 200 ᠬᠥᠮᠥᠨ ᠤᠳᠠᠭ᠎ᠠ  ᠂ ᠵᠡᠮᠳᠡᠭᠴᠦᠳ ᠢ ᠨᠡᠶᠢᠲᠡ 533 ᠬᠥᠮᠥᠨ ᠤᠳᠠᠭ᠎ᠠ ᠬᠠᠨᠳᠢᠪᠯᠡᠪᠠ᠃ 2 ᠤᠳᠠᠭᠠᠨ ᠤ ᠠᠯᠪᠠᠨ ᠵᠢᠷᠤᠮ ᠤᠨ ᠡᠮᠴᠢᠯᠡᠭᠡ᠂ ᠡᠮ ᠬᠦᠷᠭᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ 21 ᠲᠣᠰᠬᠤᠨ ᠳᠤ ᠬᠦᠷᠴᠦ᠂ 1000 ᠭᠠᠷᠤᠢ ᠡᠪᠡᠳᠴᠢᠲᠡᠨ ᠢ ᠭᠥᠯᠢᠶᠡᠨ ᠠᠪᠴᠤ ᠡᠮᠨᠡᠭᠦᠯᠵᠦ᠂ 20 ᠲᠦᠮᠡᠨ ᠲᠥᠭᠦᠷᠢᠭ ᠤᠨ ᠡᠮ ᠤᠨ ᠵᠦᠢᠯ ᠤᠨ ᠥᠷᠲᠡᠭ ᠪᠦᠬᠦᠢ ᠡᠮ ᠤᠨ ᠵᠦᠢᠯ ᠢ ᠪᠡᠯᠡᠭᠯᠡᠪᠡ      ᠨᠡᠶᠢᠭᠡᠮ ᠤᠨ ᠶᠡᠭᠡ ᠬᠠᠶᠢᠷ᠎ᠠ  ᠶᠢᠨ ᠥᠷᠨᠢᠭᠦᠨ ᠬᠦᠴᠦᠨ  ᠢ ᠦᠨᠡᠨ ᠰᠡᠳᠬᠢᠯ ᠠᠴᠠ ᠪᠠᠨ ᠨᠢᠭᠲᠠᠷᠠᠭᠤᠯᠤᠨ᠎ᠠ      ᠳᠥᠷᠪᠡᠨ ᠵᠢᠯ ᠤᠨ ᠲᠤᠷᠰᠢ  ᠂ ᠶᠠᠨᠱᠠᠨ ᠤ ᠬᠡᠷᠡᠭ ᠡᠷᠬᠢᠯᠡᠬᠦ ᠭᠠᠵᠠᠷ ᠪᠣᠯᠣᠨ ᠳ᠋ᠠ ᠱᠢ ᠸᠧ ᠪᠠᠯᠭᠠᠰᠤᠨ ᠤ  ᠬᠢᠨ ᠮᠠᠰᠢ ᠶᠡᠭᠡ ᠬᠠᠪᠰᠤᠷᠤᠨ ᠲᠡᠳᠬᠦᠬᠦ ᠬᠠᠶᠢᠷ᠎ᠠ ᠰᠡᠳᠬᠢᠯᠭᠡ ᠲᠠᠢ ᠪᠠᠶᠢᠵᠤ  ᠂ ᠦᠨᠡᠨ ᠰᠡᠳᠬᠢᠯ ᠠᠴᠠ ᠪᠠᠨ ᠦᠨᠡᠨᠬᠦ ᠠᠳᠬᠤᠵᠤ ᠦᠨᠡᠨᠬᠦ ᠠᠵᠢᠯᠯᠠᠬᠤ ᠠᠵᠤ ᠠᠬᠤᠶᠢᠯᠠᠯ  ᠂ ᠨᠡᠶᠢᠭᠡᠮ ᠲᠣᠭᠤᠷᠢᠭ ᠲᠠᠢ ᠢᠳᠡᠪᠬᠢᠲᠡᠢ ᠪᠠᠷ ᠬᠠᠷᠢᠯᠴᠠᠵᠤ ᠬᠠᠪᠰᠤᠷᠤᠨ ᠲᠡᠳᠬᠦᠵᠦ  ᠂ ᠶᠠᠳᠠᠭᠤ ᠶᠢ ᠲᠡᠳᠬᠦᠬᠦ ᠵᠠᠮ ᠳᠡᠭᠡᠷ᠎ᠡ ᠵᠣᠷᠢᠭ ᠢ ᠲᠡᠳᠬᠦᠬᠦ ᠶᠢᠨ ᠬᠠᠮᠲᠤ ᠤᠶᠤᠨ ᠢ ᠲᠡᠳᠬᠦᠵᠦ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠳᠠᠶᠢᠴᠢᠯᠠᠯᠲᠠ ᠪᠠᠷ ᠢᠯᠡᠷᠬᠡᠢ᠂ ᠦᠷ᠎ᠡ ᠪᠦᠲᠦᠮᠵᠢ ᠪᠠᠷ ᠤᠳᠠᠭᠠᠨ ᠳᠠᠭᠠᠭᠠᠮᠠᠭᠠᠢ᠂ ᠬᠡᠯᠪᠡᠷᠢ ᠪᠠᠷ ᠤᠯᠠᠨ ᠶᠠᠩᠵᠤ ᠶᠢᠨ ᠬᠠᠪᠰᠤᠷᠤᠨ ᠲᠡᠳᠬᠦᠵᠦ ᠬᠠᠮᠲᠤᠪᠠᠷ ᠪᠠᠶᠢᠭᠤᠯᠬᠤ ᠲᠦᠷᠦᠯ ᠵᠦᠢᠯ ᠢ ᠪᠠᠶᠢᠭᠤᠯᠵᠤ᠂ ᠶᠠᠳᠠᠭᠤ ᠬᠦᠴᠢᠷᠳᠡᠯᠲᠡᠢ ᠲᠣᠰᠬᠤᠨ ᠤ ᠦᠨᠳᠦᠰᠦᠨ ᠱᠠᠲᠤᠨ ᠤ ᠳᠠᠶᠢᠴᠢᠨ ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠵᠤ᠂ ᠠᠮᠢᠵᠢᠷᠠᠯ ᠤᠨ ᠬᠦᠴᠦᠨ ᠢ ᠳᠠᠬᠢᠨ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠬᠠᠮᠲᠤᠪᠠᠷ ᠣᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠶᠠᠨᠱᠠᠨ ᠤ ᠬᠡᠷᠡᠭ ᠡᠷᠬᠢᠯᠡᠬᠦ ᠭᠠᠵᠠᠷ ᠪᠣᠯᠣᠨ︽ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠤᠷᠳᠤ ᠬᠤᠭᠤᠴᠠᠭ᠎ᠠ ᠪᠠᠷ ᠬᠠᠮᠲᠤᠷᠠᠯᠴᠠᠵᠤ᠂ ᠬᠠᠮᠲᠤᠪᠠᠷ ᠬᠥᠭᠵᠢᠬᠦ ︾ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠠᠬᠢᠭᠤᠯᠬᠤ ᠶᠠᠪᠤᠴᠠ ᠳᠤ  ᠂ ᠲᠦᠴᠢᠦᠸᠠᠨ ᠰᠢᠶᠠᠨ ᠤ ᠵᠢᠷᠭᠤᠭᠠᠨ ᠡᠷᠦᠬᠡ ᠪᠠᠯᠭᠠᠰᠤ ︽ ᠭᠤᠷᠪᠠᠨ ᠰᠠᠶᠢᠨ  ︾ ᠤ ᠠᠷᠭ᠎ᠠ ᠬᠡᠮᠵᠢᠶ᠎ᠡ ᠶᠢ ᠪᠠᠷᠢᠮᠲᠠᠯᠠᠵᠤ  ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠶᠢᠨ ᠦᠷ᠎ᠡ ᠠᠰᠢᠭ ᠢ ᠦᠨᠡᠨᠬᠦ ᠪᠠᠳᠠᠷᠠᠭᠤᠯᠬᠤ ᠳᠤ ᠬᠦᠴᠦᠨ ᠨᠡᠮᠡᠷᠢᠯᠡᠪᠡ  ᠃ ᠨᠢᠭᠡ ᠳᠤ᠂ ᠰᠢᠯᠢᠳᠡᠭ ᠦᠬᠡᠷ ᠢ ᠰᠠᠶᠢᠲᠤᠷ ᠰᠣᠩᠭᠤᠨ᠎ᠠ᠃ ᠣᠯᠠᠨ ᠵᠢᠯ ᠤᠨ ᠲᠤᠷᠰᠢ  ᠂ ᠴᠥᠭᠡᠨ ᠪᠤᠰᠤ ᠦᠬᠡᠷ ᠲᠡᠵᠢᠭᠡᠬᠦ ᠬᠤᠷᠰᠢᠶ᠎ᠠ ᠪᠠ ᠬᠤᠪᠢ ᠬᠥᠮᠥᠨ ᠲᠡᠵᠢᠭᠡᠨ ᠦᠷᠡᠵᠢᠭᠦᠯᠦᠭᠰᠡᠨ ᠪᠣᠯᠪᠠᠴᠤ ᠲᠡᠵᠢᠭᠡᠨ ᠦᠷᠡᠵᠢᠭᠦᠯᠦᠭᠰᠡᠨ ᠦᠬᠡᠷ ᠤᠨ ᠶᠠᠰᠤ ᠴᠢᠨᠠᠷ ᠮᠠᠭᠤ  ᠠᠴᠠ ᠪᠣᠯᠵᠤ ᠦᠷ᠎ᠡ ᠠᠰᠢᠭ ᠨᠢ ᠥᠨᠳᠥᠷ ᠪᠢᠰᠢ ᠪᠣᠯᠵᠠᠢ  ᠂ 2018 ᠣᠨ  ᠠᠴᠠ ᠨᠠᠰᠢ ᠲᠦᠴᠢᠦᠸᠠᠨ ᠰᠢᠶᠠᠨ ᠤ ᠯᠢᠦ ᠬᠤ ᠵᠧᠨ ᠪᠠᠯᠭᠠᠰᠤᠨ  ᠠᠴᠠ ᠴᠢᠨᠠᠷ ᠰᠠᠶᠢᠲᠠᠢ ᠠᠩᠭᠧᠰ  ᠂ ᠰᠢᠮᠧᠨ᠋ᠲ᠋ᠠᠷ  ᠂ ᠮᠤᠮᠪᠧᠷᠢᠶᠠ ᠦᠬᠡᠷ  ᠢ ᠰᠣᠩᠭᠤᠨ ᠬᠡᠷᠡᠭᠯᠡᠪᠡ  ᠂ ᠡᠲᠡᠭᠡᠷ ᠴᠢᠨᠠᠷ ᠰᠠᠶᠢᠲᠠᠢ ᠦᠬᠡᠷ ᠤᠨ ᠪᠡᠶ᠎ᠡ ᠨᠢ ᠥᠨᠳᠥᠷ  ᠂ ᠪᠡᠶ᠎ᠡ ᠨᠢ ᠰᠠᠶᠢᠨ  ᠂ ᠮᠢᠬ᠎ᠠ ᠨᠢ ᠰᠢᠨ᠎ᠡ ᠰᠣᠷᠭᠤᠭ  ᠂ ᠵᠠᠬ᠎ᠠ ᠳᠡᠯᠭᠡᠭᠦᠷ ᠤᠨ ᠦᠨ᠎ᠡ ᠨᠢ ᠥᠨᠳᠥᠷ ᠪᠥᠭᠡᠳ ᠲᠣᠭᠲᠠᠪᠤᠷᠢᠲᠠᠢ ᠪᠠᠶᠢᠵᠤ  ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ  ᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠭᠰᠠᠨ ᠪᠠᠶᠢᠳᠠᠯ ᠲᠤᠤᠷ᠎ᠠ ᠦᠷ᠎ᠡ ᠠᠰᠢᠭ  ᠢ ᠳᠡᠭᠡᠭᠰᠢᠯᠡᠭᠦᠯᠦᠭᠰᠡᠨ ᠪᠠᠶᠢᠨ᠎ᠠ  ᠃ ᠬᠤᠶᠠᠷ ᠲᠤ ᠬᠤᠷᠰᠢᠶ᠎ᠠ ᠶᠢ ᠰᠠᠶᠢᠲᠤᠷ ᠰᠣᠩᠭᠤᠬᠤ ᠬᠡᠷᠡᠭᠲᠡᠢ᠃ ᠲᠦᠷᠦᠯ ᠵᠦᠢᠯ ᠤᠨ ᠠᠵᠢᠯᠯᠠᠭᠠᠨ ᠤ ᠰᠠᠶᠢᠨ ᠪᠠᠶᠢᠬᠤ ᠪᠠ ᠮᠠᠭᠤ ᠪᠠᠶᠢᠬᠤ ᠨᠢ ᠲᠣᠰᠬᠤᠨ ᠨᠢᠭᠡᠪᠦᠷᠢ ᠶᠢᠨ ᠬᠠᠮᠲᠤ ᠶᠢᠨ ᠠᠵᠤ ᠠᠬᠤᠢ ᠶᠢᠨ ᠠᠰᠢᠭ ᠣᠯᠵᠠᠪᠤᠷᠢ ᠪᠣᠯᠣᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠲᠠᠢ ᠬᠤᠯᠪᠣᠭᠳᠠᠨ᠎ᠠ᠂ ᠡᠶᠢᠮᠦ ᠠᠴᠠ ᠡᠷᠬᠡᠪᠰᠢ ᠬᠡᠪᠴᠢᠶ᠎ᠡ ᠲᠠᠢ ᠪᠣᠳᠠᠲᠤ ᠬᠦᠴᠦᠨ ᠲᠠᠢ ᠢᠲᠡᠭᠡᠯ ᠬᠦᠨᠳᠦ ᠲᠠᠢ ᠬᠤᠷᠰᠢᠶ᠎ᠠ ᠶᠢ ᠰᠣᠩᠭᠤᠬᠤ ᠬᠡᠷᠡᠭᠲᠡᠢ᠂ ᠵᠢᠷᠭᠤᠭᠠᠨ ᠡᠷᠤᠬᠡ ᠪᠠᠯᠭᠠᠰᠤ ᠲᠠᠢ ᠬᠤᠷᠰᠢᠭᠰᠠᠨ ᠭᠤᠷᠪᠠᠨ ᠬᠤᠷᠰᠢᠶ᠎ᠠ ᠪᠣᠯ ᠬᠡᠪᠴᠢᠶ᠎ᠡ ᠪᠠᠷ ᠬᠠᠮᠤᠭ ᠤᠨ ᠶᠡᠭᠡ᠂ ᠢᠲᠡᠭᠡᠯ ᠬᠦᠨᠳᠦ ᠲᠠᠢ᠂ ᠤᠯᠠᠨ ᠵᠢᠯ ᠡᠵᠡᠩᠨᠡᠭᠰᠡᠨ ᠬᠤᠷᠰᠢᠶ᠎ᠠ ᠪᠣᠯᠣᠨ᠎ᠠ᠂ ᠴᠥᠮ ᠪᠡᠷᠢᠴᠠᠭᠠᠨ ᠤ ᠳᠠᠭᠠᠭᠠᠯᠲᠠ ᠶᠢᠨ ᠭᠠᠷ ᠭᠦᠢᠴᠡᠳᠬᠡᠯ ᠢ ᠲᠡᠭᠦᠯᠳᠡᠷᠵᠢᠭᠦᠯᠵᠡᠢ᠃ ᠭᠤᠷᠪᠠ ᠳᠤ ᠬᠡᠯᠡᠯᠴᠡᠭᠡᠷ ᠢ ᠰᠠᠶᠢᠲᠤᠷ ᠲᠣᠭᠲᠠᠭᠠᠬᠤ ᠬᠡᠷᠡᠭᠲᠡᠢ᠃ ᠪᠠᠯᠭᠠᠰᠤᠨ ᠤ ᠵᠠᠰᠠᠭ ᠤᠨ ᠣᠷᠳᠣᠨ ᠠᠴᠠ ᠨᠢᠭᠡᠳᠦᠯᠲᠡᠢ ᠲᠥᠯᠥᠪᠯᠡᠵᠦ᠂ ᠭᠠᠴᠠᠭ᠎ᠠ ᠬᠢᠭᠡᠳ ᠬᠤᠷᠰᠢᠶ᠎ᠠ ᠬᠡᠯᠡᠯᠴᠡᠭᠡᠷ ᠲᠣᠭᠲᠠᠵᠤ᠂ ᠭᠤᠷᠪᠠᠨ ᠲᠠᠯ᠎ᠠ ᠶᠢᠨ ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠤᠯᠠᠨ ᠲᠦᠮᠡᠨ ᠤ ᠠᠰᠢᠭ ᠲᠤᠰᠠ ᠶᠢ ᠪᠠᠲᠤᠯᠠᠨ᠂ ᠬᠠᠮᠲᠤ ᠶᠢᠨ ᠡᠳ᠋ ᠬᠥᠷᠥᠩᠭᠡ ᠶᠢᠨ ᠠᠯᠳᠠᠭᠳᠠᠬᠤ ᠠᠴᠠ ᠵᠠᠶᠢᠯᠠᠰᠬᠢᠬᠦ ᠬᠡᠷᠡᠭᠲᠡᠢ᠃      ᠲᠣᠭᠠᠨ ᠤ ᠠᠷᠤ ᠳᠤ ᠵᠣᠷᠢᠭᠤᠯᠤᠯᠲᠠ ᠲᠠᠢ᠂ ᠬᠤᠷᠢᠶᠠᠯᠲᠠ ᠲᠠᠢ᠂ ᠳᠦᠷᠪᠡᠨ ᠵᠢᠯ ᠤᠨ ᠬᠠᠪᠰᠤᠷᠤᠮᠵᠢ ᠶᠢᠨ ᠣᠮᠣᠭᠰᠢᠯ ᠲᠠᠢ ᠬᠢᠷᠢ ᠪᠦᠲᠦᠮᠵᠢ ᠪᠠᠶᠢᠨ᠎ᠠ      ᠤᠰᠤᠯᠠᠯᠲᠠ ᠶᠢ ᠦᠨᠳᠦᠰᠦᠨ ᠠᠴᠠ ᠨᠢ ᠤᠰᠤᠯᠠᠵᠤ  ᠂ ᠠᠯᠢ ᠲᠦᠷᠭᠡᠨ ᠢᠶᠠᠷ ᠶᠠᠳᠠᠭᠤ ᠬᠦᠴᠢᠷᠳᠡᠯ ᠠᠴᠠ ᠠᠩᠭᠢᠵᠢᠷᠠᠶ᠎ᠠ ᠭᠡᠪᠡᠯ  ᠂ ᠠᠵᠤ ᠦᠢᠯᠡᠰ ᠤᠨ ᠬᠥᠭᠵᠢᠯᠲᠡ ᠲᠤᠲᠠᠭᠳᠠᠵᠤ ᠪᠣᠯᠣᠰᠢ ᠦᠭᠡᠢ ᠭᠡᠳᠡᠭ ᠢ ᠭᠦᠨᠵᠡᠭᠡᠢ ᠣᠶᠢᠯᠠᠭᠠᠬᠤ ᠬᠡᠷᠡᠭᠲᠡᠢ  ᠃ ᠬᠠᠪᠰᠤᠷᠤᠨ ᠲᠡᠳᠬᠦᠬᠦ ᠶᠢᠨ ᠡᠬᠢᠨ ᠤ ᠦᠶ᠎ᠡ ᠳᠤ  ᠂ ᠶᠠᠨᠱᠠᠨ ᠤ ᠬᠡᠷᠡᠭ ᠡᠷᠬᠢᠯᠡᠬᠦ ᠭᠠᠵᠠᠷ ᠤᠨ ᠬᠢᠨ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠲᠠᠯ᠎ᠠ ᠪᠠᠷ ᠬᠦᠴᠦ ᠲᠠᠯᠪᠢᠵᠤ᠂ ︽ ᠴᠢᠰᠤ ᠪᠦᠲᠦᠭᠡᠬᠦ  ︾ ᠲᠠᠯ᠎ᠠ ᠪᠠᠷ ᠠᠯᠤᠰ ᠬᠡᠲᠦ ᠶᠢ ᠪᠣᠳᠣᠯᠬᠢᠯᠠᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠲᠠᠢ ᠬᠠᠮᠲᠤᠷᠠᠨ ᠠᠷᠠᠯ ᠤᠨ ᠱᠠᠷ ᠲᠡᠵᠢᠭᠡᠨ ᠦᠷᠡᠵᠢᠭᠦᠯᠬᠦ ᠬᠥᠭᠵᠢᠯᠲᠡ ᠶᠢᠨ ᠲᠥᠷᠥᠯ ᠵᠦᠢᠯ ᠢ ᠢᠳᠡᠪᠬᠢᠲᠡᠢ ᠲᠥᠯᠥᠪᠯᠡᠵᠦ  ᠂ ᠶᠡᠭᠡ ᠬᠡᠮᠵᠢᠶᠡᠨ ᠤ ᠪᠡᠯᠡ ᠮᠥᠩᠭᠦ ᠣᠷᠣᠭᠤᠯᠤᠨ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠬᠡᠳᠦᠨ ᠵᠢᠯ ᠤᠨ ᠲᠤᠷᠰᠢ  ᠂ ᠦᠬᠡᠷ ᠤᠨ ᠠᠵᠤ ᠦᠢᠯᠡᠰ ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠤ  ᠂ ᠶᠠᠳᠠᠭᠤ ᠬᠦᠴᠢᠷᠳᠡᠯᠲᠡᠢ ᠲᠣᠰᠬᠤᠨ ᠤ ᠬᠠᠮᠲᠤ ᠶᠢᠨ ᠠᠵᠤ ᠠᠬᠤᠢ  ᠂ ᠶᠠᠳᠠᠭᠤ ᠬᠦᠴᠢᠷᠳᠡᠯᠲᠡᠢ ᠡᠷᠦᠬᠡ ᠶᠢᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠳᠠᠶᠢᠴᠢᠯᠠᠨ  ᠂ ︽ᠴᠢᠰᠤ ᠶᠡᠭᠦᠯᠡᠬᠦ ᠮᠠᠶ᠋ᠢᠭ  ︾  ᠠᠴᠠ ︽ ᠴᠢᠰᠤ ᠪᠦᠲᠦᠭᠡᠬᠦ ᠮᠠᠶ᠋ᠢᠭ︾ ᠲᠤ ᠬᠦᠷᠬᠦ᠂ ︽ ᠪᠦᠳᠦᠭᠦᠯᠢᠭ ᠮᠠᠶ᠋ᠢᠭ︾  ᠠᠴᠠ ︽ᠨᠠᠷᠢᠯᠢᠭᠵᠢᠭᠤᠯᠬᠤ︾ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠰᠢᠨ᠎ᠡ ᠠᠷᠭ᠎ᠠ ᠵᠠᠮ ᠢ ᠨᠡᠭᠡᠭᠡᠭᠰᠡᠨ ᠪᠠᠶᠢᠨ᠎ᠠ  ᠃      ᠨᠡᠶᠢᠭᠡᠮ ᠤᠨ ᠬᠦᠴᠦᠨ ᠤ ᠥᠷᠭᠡᠨ ᠳᠡᠯᠭᠡᠷ ᠣᠷᠤᠯᠴᠠᠯᠭ᠎ᠠ ᠨᠢ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠳᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠡᠮᠡᠷᠢᠯᠡᠭᠰᠡᠨ ᠪᠠᠶᠢᠨ᠎ᠠ᠃ ᠶᠠᠨᠱᠠᠨ ᠤ ᠬᠡᠷᠡᠭ ᠡᠷᠬᠢᠯᠡᠬᠦ ᠭᠠᠵᠠᠷ ᠪᠣᠯᠣᠨ ᠳ᠋ᠠ ᠱᠢ ᠸᠧ ᠪᠠᠯᠭᠠᠰᠤ ᠬᠥᠭᠦᠷᠭᠡ ᠬᠤᠯᠪᠣᠭᠠᠰᠤ ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠭᠦᠷᠭᠡ ᠲᠠᠯᠪᠢᠵᠤ ᠵᠠᠮ ᠳᠡᠪᠢᠰᠴᠦ᠂ ᠠᠵᠤ ᠠᠬᠤᠶᠢᠯᠠᠯ᠂ ᠨᠡᠶᠢᠭᠡᠮ ᠲᠣᠭᠤᠷᠢᠭ ᠤᠨ ᠤᠷᠢᠳᠠᠪᠠᠷ ᠪᠠᠶᠠᠵᠢᠭᠰᠠᠨ ᠨᠢ ᠰᠡᠭᠦᠯᠡᠷ ᠪᠠᠶᠠᠵᠢᠭᠰᠠᠨ ᠢᠶᠠᠨ ᠬᠠᠪᠰᠤᠷᠬᠤ ᠶᠢ ᠵᠣᠬᠢᠶᠠᠨ ᠪᠠᠶᠢᠭᠤᠯᠤᠨ ᠵᠢᠯᠤᠭᠤᠳᠴᠤ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠠᠪᠰᠤᠷᠬᠤ︾ ︽ᠲᠣᠰᠬᠤᠨ ︵ᠨᠡᠶᠢᠭᠡᠮ ᠲᠣᠭᠤᠷᠢᠭ  ︶ ᠢ ᠬᠠᠪᠰᠤᠷᠤᠨ ᠲᠡᠳᠬᠦᠬᠦ︾ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠵᠠᠢ᠃      ᠲᠤᠰᠠᠯᠠᠮᠵᠢ ᠶᠢᠨ ᠨᠢᠭᠡ ᠵᠠᠮ ᠬᠤᠶᠠᠷ ᠭᠠᠵᠠᠷ ᠤᠨ ᠪᠠᠶᠢᠳᠠᠯ ᠢ ᠬᠤᠯᠪᠣᠨ᠎ᠠ᠃ ᠬᠡᠳᠦᠶᠢᠪᠡᠷ ᠮᠢᠩᠭᠠᠨ ᠭᠠᠵᠠᠷ ᠠᠯᠤᠰᠯᠠᠵᠤ ᠪᠠᠶᠢᠪᠠᠴᠤ ᠬᠠᠶᠢᠷ᠎ᠠ ᠶᠢᠨ ᠬᠦᠷᠴᠦ ᠢᠷᠡᠬᠦ ᠶᠢ ᠨᠥᠯᠥᠭᠡᠯᠡᠬᠦ ᠦᠭᠡᠢ ᠶᠤᠮ᠂ ᠶᠠᠨᠱᠠᠨ ᠤ ᠬᠡᠷᠡᠭ ᠡᠷᠬᠢᠯᠡᠬᠦ ᠭᠠᠵᠠᠷ ᠤᠨ ᠬᠠᠪᠰᠤᠷᠤᠨ ᠲᠡᠳᠬᠦᠬᠦ ᠬᠤᠭᠤᠴᠠᠭᠠᠨ ᠳᠤ ᠬᠡᠦᠬᠡᠳ ᠤᠨ ᠦᠰᠦᠨ ᠪᠤᠶᠢᠵᠢᠯᠲᠠ ᠶᠢ ᠬᠠᠯᠠᠮᠵᠢᠯᠠᠵᠤ᠂ ᠵᠡᠮᠳᠡᠭ ᠬᠥᠮᠥᠰ ᠢ ᠬᠠᠯᠠᠮᠵᠢᠯᠠᠵᠤ᠂ ᠶᠠᠳᠠᠭᠤ ᠵᠦᠳᠡᠭᠦᠦ ᠠᠷᠠᠳ ᠤᠯᠠᠨ ᠤ ᠵᠣᠪᠠᠭᠤᠷᠢ ᠵᠦᠳᠡᠭᠦᠷᠢ ᠲᠠᠢ ᠰᠡᠳᠬᠢᠯ ᠵᠢᠷᠦᠬᠡ ᠪᠠᠨ ᠬᠤᠯᠪᠣᠵᠤ᠂ ᠡᠳ᠋ ᠮᠥᠩᠭᠦ ᠡᠳ᠋ ᠪᠣᠳᠠᠰ ᠬᠠᠨᠳᠢᠪᠯᠡᠵᠤ᠂ ᠡᠮᠨᠡᠯᠭᠡ ᠳᠤ ᠬᠦᠷᠭᠡᠨ ᠡᠮᠴᠢᠯᠡᠭᠦᠯᠵᠦ᠂ ᠬᠠᠶᠢᠷ᠎ᠠ ᠪᠠᠷ ᠬᠠᠶᠢᠷ᠎ᠠ ᠬᠠᠯᠠᠮᠵᠢ ᠶᠢᠨ ᠬᠥᠭᠦᠷᠭᠡ ᠶᠢ ᠨᠢᠭᠲᠠᠷᠠᠭᠤᠯᠵᠤ᠂ ᠰᠡᠳᠬᠢᠯ ᠵᠢᠷᠦᠬᠡ ᠪᠠᠷ ᠢᠶᠠᠨ ᠮᠢᠩᠭᠠᠨ ᠭᠠᠵᠠᠷ ᠤᠨ ᠠᠭᠤᠯᠠ ᠤᠰᠤ ᠶᠢ ᠲᠤᠭᠤᠯᠪᠠ᠃      ᠪᠤᠰᠤᠳ ᠲᠤ ᠵᠢᠭᠠᠰᠤ ᠥᠭᠬᠦ ᠨᠢ ᠵᠢᠭᠠᠰᠤ ᠠᠩᠨᠠᠬᠤ ᠶᠢ ᠵᠢᠭᠠᠵᠤ ᠥᠭᠬᠦ ᠶᠢ ᠬᠦᠷᠬᠦ ᠦᠭᠡᠢ᠂ ᠪᠡᠯᠡ ᠮᠥᠩᠭᠦ ᠡᠳ᠋ ᠪᠣᠳᠠᠰ ᠢᠶᠠᠷ ᠬᠠᠪᠰᠤᠷᠤᠨ ᠲᠡᠳᠬᠦᠬᠦ ᠶᠢᠨ ᠬᠠᠮᠲᠤ᠂ ᠶᠠᠨᠱᠠᠨ ᠤ ᠬᠡᠷᠡᠭ ᠡᠷᠬᠢᠯᠡᠬᠦ ᠭᠠᠵᠠᠷ ᠨᠢ ᠨᠤᠲᠤᠭ ᠤᠨ ᠴᠢᠳᠠᠪᠤᠷᠢᠲᠠᠨ ᠢ ᠵᠣᠬᠢᠶᠠᠨ ᠪᠠᠶᠢᠭᠤᠯᠤᠨ ᠤᠨᠤᠯ ᠤᠨ ᠴᠢᠨᠠᠷᠲᠠᠢ᠂ ᠦᠢᠯᠡᠳᠦᠯᠭᠡ ᠶᠢᠨ ᠴᠢᠨᠠᠷᠲᠠᠢ᠂ ᠬᠠᠨᠳᠤᠯᠭᠠᠲᠤ ᠴᠢᠨᠠᠷ ᠢᠶᠠᠷ ᠴᠢᠩᠭ᠎ᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠳᠤ ᠣᠷᠣᠯᠴᠠᠭᠤᠯᠵᠤ᠂ ᠨᠤᠲᠤᠭ ᠤᠨ ᠴᠢᠳᠠᠪᠤᠷᠢᠲᠠᠨ ᠢ ᠭᠠᠳᠠᠭᠰᠢ ᠭᠠᠷᠭᠠᠵᠤ ᠴᠢᠳᠠᠬᠤ ᠪᠣᠯᠭᠠᠵᠤ᠂ ᠪᠤᠴᠠᠭᠠᠨ ᠠᠪᠴᠢᠷᠠᠵᠤ ᠴᠢᠳᠠᠬᠤ ᠪᠣᠯᠭᠠᠵᠤ᠂ ᠨᠤᠲᠤᠭ ᠤᠨ ᠴᠢᠳᠠᠪᠤᠷᠢᠲᠠᠨ ᠤ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃      ᠬᠠᠪᠰᠤᠷᠤᠨ ᠲᠡᠳᠬᠦᠬᠦ ᠶᠢᠨ ᠴᠢᠬᠤᠯᠠ ᠵᠦᠢᠯ ᠨᠢ ᠬᠠᠮᠵᠢᠯᠴᠠᠯᠭ᠎ᠠ ᠶᠢᠨ ᠦᠷ᠎ᠡ ᠪᠦᠲᠦᠮᠵᠢ ᠣᠯᠬᠤ ᠳᠤ ᠪᠤᠢ᠃ ᠣᠳᠣᠬᠠᠨ ᠳᠤ ᠠᠵᠤ ᠦᠢᠯᠡᠰ ᠤᠨ ᠬᠥᠭᠵᠢᠯᠲᠡ ᠲᠦᠷᠭᠡᠨ ᠮᠣᠷᠢᠨ ᠳᠤ ᠲᠠᠰᠢᠭᠤᠷ ᠨᠡᠮᠡᠵᠦ᠂ ᠠᠷᠠᠳ ᠤᠨ ᠠᠮᠢᠳᠤᠷᠠᠯ ᠢ ᠬᠠᠪᠰᠤᠷᠤᠨ ᠲᠡᠳᠬᠦᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ᠃ 34 ᠲᠣᠰᠬᠤᠨ ᠤ ᠠᠵᠤ ᠦᠢᠯᠡᠰ ᠢ ᠪᠦᠬᠦᠨ ᠢ ᠪᠦᠷᠬᠦᠭᠦᠯᠵᠦ᠂ ᠲᠣᠰᠬᠤᠨ ᠳᠤ ᠭᠤᠣᠯᠯᠠᠬᠤ ᠠᠵᠤ ᠦᠢᠯᠡᠰ ᠲᠠᠢ᠂ ᠡᠷᠦᠬᠡ ᠳᠤ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠲᠠᠢ ᠪᠣᠯᠭᠠᠵᠤ᠂ ᠤᠯᠠᠨ ᠲᠦᠮᠡᠨ ᠤ ᠦᠵᠡᠯ ᠰᠠᠨᠠᠭ᠎ᠠ ᠲᠠᠨᠢᠯᠲᠠ ᠢᠯᠡᠳᠲᠡ ᠳᠡᠭᠡᠭᠰᠢᠯᠡᠵᠦ᠂ ᠲᠣᠰᠬᠤᠨ ᠪᠣᠯᠭᠠᠨ ᠳᠤ ᠬᠤᠪᠢᠷᠠᠯᠲᠠ ᠲᠠᠢ᠂ ᠬᠠᠮᠲᠤ ᠨᠡᠶᠢᠲᠡ ᠳᠤ ᠣᠷᠣᠯᠭ᠎ᠠ ᠲᠠᠢ᠂ ᠡᠷᠦᠬᠡ ᠳᠤ ᠠᠵᠤ ᠦᠢᠯᠡᠰ ᠲᠠᠢ᠂ ᠠᠮᠢᠳᠤᠷᠠᠯ ᠤᠨ ᠬᠦᠰᠡᠯ ᠡᠷᠡᠮᠡᠯᠵᠡᠯ ᠲᠠᠢ︽ᠳᠥᠷᠪᠡ ᠶᠢ ᠪᠦᠷᠢᠳᠦᠭᠦᠯᠬᠦ︾ ᠰᠠᠶᠢᠨ ᠰᠠᠶᠢᠬᠠᠨ ᠪᠠᠶᠢᠳᠠᠯ ᠢ ᠦᠨᠡᠨᠬᠦ ᠪᠤᠢ ᠪᠣᠯᠭᠠᠪᠠ᠃     ᠬᠥᠲᠥᠯᠥᠯᠴᠡᠭᠰᠡᠨ ᠨᠠᠶᠢᠷ ᠰᠡᠳᠬᠢᠯᠭᠡ᠂ ᠴᠢᠭᠯᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠡᠷᠴᠢ ᠵᠣᠷᠢᠭ ᠢᠶᠠᠨ ᠬᠥᠪᠴᠢᠯᠡᠬᠦ ᠬᠦᠴᠦᠨ     ᠰᠠᠨᠠᠭ᠎ᠠ ᠨᠢᠭᠡᠳᠦᠭᠰᠡᠨ ᠳᠤᠷ ᠠᠭᠤᠯᠠ ᠤᠰᠤ ᠪᠠᠷ ᠲᠠᠮᠵᠢᠨ ᠠᠯᠤᠰ ᠢ ᠵᠣᠷᠢᠬᠤ ᠠᠵᠤᠭᠤ᠃ ᠬᠠᠪᠰᠤᠷᠤᠨ ᠲᠡᠳᠬᠦᠭᠰᠡᠨ ᠲᠦᠷᠪᠡᠨ ᠵᠢᠯ ᠤᠨ ᠲᠤᠷᠰᠢ᠂ ᠶᠠᠨᠱᠠᠨ ᠤ ᠬᠡᠷᠡᠭ ᠡᠷᠬᠢᠯᠡᠬᠦ ᠭᠠᠵᠠᠷ ᠨᠢ ᠡᠭᠡᠯ ᠪᠣᠷᠣᠭᠵᠢᠭᠤᠨ ᠭᠡᠷ ᠤᠨ ᠬᠥᠮᠥᠰ ᠤᠨ ᠢᠶᠠᠨ ᠬᠠᠶᠢᠷ᠎ᠠ ᠰᠡᠳᠬᠢᠯᠭᠡ ᠶᠢ ᠣᠯᠵᠤ᠂ ᠦᠨᠡᠨ ᠪᠣᠳᠠᠲᠠᠢ ᠪᠠᠶᠠᠵᠢᠯ ᠤᠨ ᠠᠵᠤ ᠦᠢᠯᠡᠰ ᠢ ᠣᠯᠵᠤ ᠬᠠᠷᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠬᠦᠴᠦᠷᠬᠡᠭ ᠶᠡᠭᠡ ᠬᠦᠴᠦᠨ ᠢ ᠣᠶᠢᠯᠠᠭᠠᠭᠰᠠᠨ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠬᠡᠯᠡᠬᠦ ᠳᠡᠭᠡᠨ᠂ ᠦᠨᠡᠨ ᠠᠴᠠ ᠬᠤᠴᠣᠷᠤᠭᠰᠠᠨ ᠬᠥᠮᠥᠨ ᠮᠣᠳᠣ ᠶᠢ  ᠨᠢ ᠰᠠᠨᠠᠵᠤ᠂ ᠤᠷᠤᠰᠬᠠᠯ ᠢ ᠨᠢ ᠤᠤᠭᠤᠭᠰᠠᠳ ᠤᠨ ᠡᠬᠢ ᠰᠤᠷᠪᠤᠯᠵᠢ ᠶᠢ ᠨᠢ ᠰᠠᠨᠠᠭᠠᠯᠵᠠᠨ᠎ᠠ᠂ ᠶᠠᠨᠱᠠᠨ ᠤ ᠡᠨᠡᠬᠦ ᠬᠠᠯᠠᠭᠤᠨ ᠳᠣᠲᠣᠨᠣ ᠬᠠᠪᠰᠤᠷᠤᠨ ᠲᠡᠳᠬᠦᠬᠦ ᠬᠠᠶᠢᠷ᠎ᠠ ᠰᠡᠳᠬᠢᠯᠭᠡ ᠨᠢ ᠵᠢᠷᠭᠤᠭᠠᠨ ᠡᠷᠤᠭᠡ ᠶᠢᠨ ᠺᠠᠳ᠋ᠷ ᠤᠯᠠᠨ ᠲᠦᠮᠡᠨ ᠤ ᠳᠣᠲᠣᠭᠠᠳᠤ ᠰᠡᠳᠬᠢᠯ ᠳᠤ ᠦᠨᠳᠦᠰᠦᠯᠡᠭᠳᠡᠨ᠎ᠡ ᠭᠡᠪᠡ᠃      ᠢᠷᠡᠭᠡᠳᠦᠢ ᠳᠤ ᠳ᠋ᠡ ᠱᠢ ᠸᠧ ᠪᠠᠯᠭᠠᠰᠤ ᠲᠠᠢ ᠬᠠᠮᠲᠤ ᠪᠠᠷ ᠬᠠᠪᠰᠤᠷᠤᠨ ᠲᠡᠳᠬᠦᠬᠦ ᠬᠠᠶᠢᠷ᠎ᠠ ᠰᠡᠳᠬᠢᠯᠭᠡ ᠪᠠᠨ ᠦᠷᠭᠦᠯᠵᠢᠯᠡᠭᠦᠯᠵᠦ᠂ ᠬᠠᠷᠢᠯᠴᠠᠨ ᠠᠶᠢᠯᠴᠢᠯᠠᠵᠤ ᠰᠠᠨᠠᠯ ᠢᠶᠠᠨ ᠰᠣᠯᠢᠯᠴᠠᠨ ᠬᠥᠭᠵᠢᠯᠲᠡ ᠶᠢ ᠬᠠᠮᠲᠤᠪᠠᠷ ᠡᠷᠢᠯᠬᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠡᠭᠡᠷ᠎ᠡ ᠲᠠᠪᠠᠯᠳᠠᠳᠤ ᠮᠠᠶ᠋ᠢᠭ ᠤᠨ ᠰᠢᠨ᠎ᠡ ᠬᠥᠭᠵᠢᠯᠲᠡ ᠶᠢ ᠪᠡᠶᠡᠯᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号