ᠣᠲᠤᠭ ᠤᠨ ᠡᠮᠦᠨᠡᠲᠦ ᠬᠤᠰᠢᠭᠤᠨ ᠤ ᠲᠣᠰᠬᠤᠨ ᠳᠤ ᠰᠠᠭᠤᠭ᠎ᠠ ᠺᠠᠳ᠋ᠷᠴᠤᠳ ᠤᠨ ︽  ᠳᠥᠷᠪᠡᠨ ᠠᠩᠬᠠᠷᠤᠯ ᠤᠨ ᠴᠡᠭ ︾ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽  ᠰᠢᠯᠭᠠᠯᠲᠠ ᠳᠤ ᠣᠷᠤᠯᠴᠠᠬᠤ ︾ ᠬᠠᠭᠤᠳᠠᠰᠤ ᠶᠢ ᠰᠠᠶᠢᠲᠤᠷ ᠬᠠᠷᠢᠭᠤᠯᠵᠠᠢ
ᠨᠡᠶᠢᠲᠡᠯᠡᠭᠰᠡᠨ ᠴᠠᠭ᠄
2022/4/6
     ᠬᠥᠳᠡᠭᠡ ᠲᠣᠰᠬᠤᠨ ᠤ ᠪᠠᠶᠠᠵᠢᠭᠰᠠᠨ ᠡᠰᠡᠬᠦ ᠶᠢ ᠦᠵᠡᠬᠦ ᠳᠤ ᠵᠠᠩᠭᠢᠯᠠᠭ᠎ᠠ ᠨᠢ ᠺᠠᠳ᠋ᠷ ᠢ ᠦᠵᠡᠨ᠎ᠡ᠃ ᠣᠶᠢᠷ᠎ᠠ ᠶᠢᠨ ᠵᠢᠯ ᠠᠴᠠ᠂ ᠤᠳᠤᠭ ᠤᠨ ᠡᠮᠦᠨᠡᠲᠦ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢ ᠪᠠᠬᠢᠵᠢᠭᠦᠯᠦᠨ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠯᠢᠳᠡᠭ ᠺᠠᠳ᠋ᠷ ᠢ ᠤᠨᠢᠨ ᠳᠡᠭᠡᠷ᠎ᠡ ᠨᠢ ᠰᠣᠩᠭᠤᠨ ᠲᠣᠰᠬᠤᠨ ᠳᠤ ᠰᠠᠭᠤᠯᠭᠠᠵᠤ᠂ ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ᠶᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠰᠢᠯᠭᠠᠯᠲᠠ ᠳᠤ ᠣᠷᠤᠯᠴᠠᠬᠤ︾ ᠬᠠᠭᠤᠳᠠᠰᠤ ᠶᠢ ᠴᠢᠷᠮᠠᠶᠢᠨ ᠰᠠᠶᠢᠲᠤᠷ ᠬᠠᠷᠢᠭᠤᠯᠵᠠᠢ᠃      ︽ᠬᠤᠪᠢᠰᠬᠠᠯ ᠤᠨ ᠬᠥᠳᠡᠯᠭᠡᠭᠦ ᠡᠨᠧᠷᠭᠢ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠶᠢᠴᠢᠨ ᠪᠠᠬᠢᠯᠡᠯᠲᠡ︾  ᠶᠢ ᠪᠠᠶᠢᠭᠤᠯᠤᠨ ᠬᠦᠴᠦᠷᠬᠡᠭᠵᠢᠭᠦᠯᠦᠨ᠎ᠡ᠃ ᠵᠣᠬᠢᠶᠠᠨ ᠪᠠᠶᠢᠭᠤᠯᠤᠯᠲᠠ ᠬᠦᠴᠦᠷᠬᠡᠭᠵᠢᠪᠡᠯ ᠬᠥᠳᠡᠭᠡ ᠲᠣᠰᠬᠤᠨ ᠬᠦᠴᠦᠷᠬᠡᠭᠵᠢᠨ᠎ᠡ︔ ᠵᠣᠬᠢᠶᠠᠨ ᠪᠠᠶᠢᠭᠤᠯᠤᠯᠲᠠ ᠶᠢ ᠬᠥᠭᠵᠢᠭᠦᠯᠪᠡᠯ ᠬᠥᠳᠡᠭᠡ ᠲᠣᠰᠬᠤᠨ ᠢ ᠬᠥᠭᠵᠢᠭᠦᠯᠦᠨ᠎ᠡ᠃ ᠣᠲᠤᠭ ᠤᠨ ᠡᠮᠦᠨᠡᠲᠦ ᠬᠤᠰᠢᠭᠤᠨ ᠤ ᠲᠣᠰᠬᠤᠨ ᠳᠤ ᠰᠠᠭᠤᠭ᠎ᠠ ᠺᠠᠳ᠋ᠷᠴᠤᠳ ᠣᠲᠤᠭ ᠤᠨ ᠡᠮᠦᠨᠡᠲᠦ ᠬᠤᠰᠢᠭᠤᠨ ᠤ ᠣᠶᠤᠨᠲᠤ ᠨᠠᠮ ᠤᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠲᠠᠪᠴᠠᠩ ᠳᠤ ᠲᠦᠰᠢᠭᠯᠡᠨ ᠂ ᠨᠠᠮ ᠤᠨ ᠭᠡᠰᠢᠭᠦᠨ ᠣᠯᠠᠨ ᠲᠦᠮᠡᠨ ᠳᠤ ᠦᠢᠯᠡᠴᠢᠯᠡᠬᠦ ᠠᠷᠭ᠎ᠠ ᠵᠠᠮ ᠢᠶᠠᠨ ᠥᠷᠭᠡᠳᠬᠡᠨ᠎ᠡ ᠃ ᠭᠠᠴᠠᠭ᠎ᠠ ᠲᠣᠰᠬᠤᠨ ᠤ ︽  ᠬᠤᠶᠠᠷ ᠵᠥᠪᠯᠡᠯ ︾ ᠤᠨ ᠪᠠᠭ ᠢ ᠬᠠᠪᠰᠤᠷᠤᠨ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢ ᠰᠠᠶᠢᠲᠤᠷ ᠬᠢᠵᠦ ᠂ ︽  ᠭᠤᠷᠪᠠᠨ ᠬᠤᠷᠠᠯ ᠨᠢᠭᠡ ᠬᠢᠴᠢᠶᠡᠯ ︾ ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠂ ᠨᠠᠮ ᠤᠨ ᠭᠡᠰᠢᠭᠦᠨ ᠤ ᠶᠠᠰᠤ ᠴᠢᠨᠠᠷ ᠢ ᠠᠷᠠᠳᠴᠢᠯᠠᠯ ᠢᠶᠠᠷ ᠦᠨᠡᠯᠡᠬᠦ ᠠᠵᠢᠯ ᠢ ᠬᠠᠪᠰᠤᠷᠤᠨ ᠳᠡᠭᠡᠭᠰᠢᠯᠡᠭᠦᠯᠵᠦ ᠂ ᠭᠠᠴᠠᠭ᠎ᠠ ᠲᠣᠰᠬᠤᠨ ᠤ ᠵᠢᠭᠰᠠᠭᠠᠯ ᠤᠨ ᠭᠠᠵᠠᠷ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠵᠢᠯᠣᠭᠤᠳᠤᠨ ᠠᠬᠢᠭᠤᠯᠵᠤ ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠃ ᠣᠳᠣᠬᠠᠨ ᠳᠤ ᠂ ᠪᠥᠬᠦ ᠬᠤᠰᠢᠭᠤᠨ ᠳᠤ ᠨᠡᠶᠢᠲᠡ 68 ᠭᠠᠴᠠᠭ᠎ᠠ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠶᠢᠵᠤ ᠂ ᠡᠭᠦᠨ ᠳᠤ 38 ᠨᠠᠮ ᠤᠨ ᠵᠣᠬᠢᠶᠠᠨ ᠪᠠᠶᠢᠭᠤᠯᠤᠯᠲᠠ ᠨᠢ ︽  ᠬᠠᠮᠤᠭ ᠤᠨ ᠬᠦᠴᠦᠷᠬᠡᠭ ᠨᠠᠮ ᠤᠨ ᠡᠭᠦᠷ ︾ ᠢᠶᠠᠷ ᠦᠨᠡᠯᠡᠭᠳᠡᠵᠦ ᠂ 55.88% ᠪᠠᠷ ᠦᠨᠡᠯᠡᠭᠳᠡᠵᠦ ᠂ 21 ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠢᠭ᠋ ᠢ ᠪᠣᠶ ᠪᠣᠯᠭᠠᠵᠤ ᠂ 84 ᠨᠠᠮ ᠤᠨ ᠭᠡᠰᠢᠭᠦᠨ ᠤ ᠭᠤᠤᠯᠳᠠᠯᠭᠠᠳᠤ ᠡᠷᠦᠬᠡ ᠶᠢ ᠬᠥᠮᠥᠵᠢᠭᠦᠯᠦᠨ ᠂ ︽  ᠬᠠᠮᠤᠭ ᠤᠨ ᠬᠦᠴᠦᠷᠬᠡᠭ ᠨᠠᠮ ᠤᠨ ᠡᠭᠦᠷ ︾ ᠢᠶᠠᠷ ᠬᠥᠲᠥᠯᠥᠨ ᠳᠠᠭᠠᠭᠤᠯᠬᠤ ᠂ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠢᠭ᠋ ᠢᠶᠠᠷ ᠳᠠᠶᠢᠴᠢᠯᠠᠬᠤ ᠂ ᠨᠠᠮ ᠤᠨ ᠭᠡᠰᠢᠭᠦᠨ ᠤ ᠭᠤᠤᠯᠳᠠᠯᠭᠠᠳᠤ ᠡᠷᠦᠬᠡ ᠪᠠᠷ ᠣᠯᠠᠨ ᠲᠦᠮᠡᠨ ᠲᠠᠢ ᠬᠠᠷᠢᠯᠴᠠᠬᠤ ᠪᠠ ᠣᠯᠠᠨ ᠲᠦᠮᠡᠨ ᠳᠤ ᠦᠢᠯᠡᠴᠢᠯᠡᠬᠦ ᠰᠢᠨ᠎ᠡ ᠪᠠᠶᠢᠷᠢᠰᠢᠯ ᠢ ᠪᠣᠶ ᠪᠣᠯᠭᠠᠪᠠ ᠃      ︽  ᠣᠯᠠᠨ ᠡᠰᠢᠲᠦ ᠬᠥᠳᠡᠯᠭᠡᠭᠦᠷ ︾ ᠳᠤ ᠠᠩᠬᠠᠷᠤᠯ ᠢᠶᠠᠨ ᠲᠥᠪᠯᠡᠷᠡᠭᠦᠯᠵᠦ ᠂ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ᠎ᠠ ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠵᠤ ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠶᠢᠨ ︽  ᠬᠥᠳᠡᠯᠭᠡᠭᠦᠷ ︾ ᠮᠥᠨ ᠃ ᠣᠲᠤᠭ ᠤᠨ ᠡᠮᠦᠨᠡᠲᠦ ᠬᠤᠰᠢᠭᠤᠨ ᠤ ᠲᠣᠰᠬᠤᠨ ᠳᠤ ᠰᠠᠭᠤᠭ᠎ᠠ ᠺᠠᠳ᠋ᠷᠴᠤᠳ ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠲᠤᠯᠭᠠᠭᠤᠷᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ ᠂ ᠳᠠᠷᠢᠬᠤ ᠂ ᠲᠡᠵᠢᠭᠡᠬᠦ ᠂ ᠨᠡᠮᠡᠬᠦ ᠂ ᠪᠣᠷᠣᠯᠠᠭᠤᠯᠬᠤ ᠪᠥᠬᠦ ᠠᠵᠤ ᠦᠢᠯᠡᠰ ᠤᠨ ᠬᠡᠯᠬᠢᠶ᠎ᠡ ᠶᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠪᠡ ᠃ ᠭᠠᠴᠠᠭ᠎ᠠ ᠲᠣᠰᠬᠤᠨ ᠤ ᠪᠣᠳᠠᠲᠠᠢ ᠪᠠᠶᠢᠳᠠᠯ ᠢ ᠦᠨᠳᠦᠰᠦᠯᠡᠨ ᠂ ᠭᠠᠵᠠᠷ ᠣᠷᠣᠨ ᠤ ᠣᠨᠴᠠᠯᠢᠭ ᠲᠠᠢ ᠪᠠᠨ ᠤᠶᠠᠯᠳᠤᠭᠤᠯᠤᠨ ᠂ ᠰᠡᠳᠬᠢᠬᠦᠢ ᠶᠢᠨ ᠵᠠᠭᠪᠤᠷ ᠲᠤ ᠰᠢᠨ᠎ᠡ ᠶᠢ ᠡᠭᠦᠳᠴᠦ ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠰᠡᠳᠬᠢᠮᠵᠢ ᠶᠢ ᠰᠦᠪᠡᠭᠴᠢᠯᠡᠵᠦ ᠂ ᠬᠠᠷᠠᠯᠲᠠ ᠶᠢᠨ ᠨᠠᠷᠢᠨ ᠬᠠᠭᠤᠳᠠᠰᠤ ᠶᠢ ᠨᠠᠷᠢᠯᠢᠭ ᠣᠨᠣᠴᠠᠲᠠᠢ ᠪᠠᠷ ᠪᠠᠶᠢᠭᠤᠯᠬᠤ ᠬᠡᠷᠡᠭᠲᠡᠢ ᠃ ᠭᠠᠴᠠᠭ᠎ᠠ ᠲᠣᠰᠬᠤᠨ ᠢ ᠬᠠᠪᠰᠤᠷᠤᠨ ᠰᠤᠯᠠ ᠪᠠᠶᠢᠬᠤ ᠭᠠᠵᠠᠷ ᠰᠢᠷᠣᠢ ᠂ ᠰᠤᠯᠠ ᠪᠠᠶᠢᠬᠤ ᠠᠳᠠᠯ ᠦᠢᠯᠡᠰ ᠴᠣᠭᠴᠠᠯᠠᠬᠤ ᠬᠦᠷᠢᠶᠡᠯᠡᠩ ᠵᠡᠷᠭᠡ ᠰᠤᠯᠠ ᠪᠠᠶᠢᠬᠤ ᠡᠳ᠋ ᠬᠥᠷᠥᠩᠭᠡ ᠶᠢ ᠠᠮᠢᠯᠠᠭᠤᠯᠵᠤ ᠂ ︽  ᠨᠣᠶᠢᠷᠮᠣᠭᠯᠠᠬᠤ ᠡᠬᠢ ᠪᠠᠶᠠᠯᠢᠭ ︾ ᠢ ᠬᠥᠷᠥᠩᠭᠡ ᠶᠢᠨ ᠪᠡᠯᠡ ᠮᠥᠩᠭᠦ ᠪᠣᠯᠭᠠᠨ ᠬᠤᠪᠢᠷᠠᠭᠤᠯᠵᠤ ᠂ ᠬᠠᠮᠲᠤ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠃ ᠡᠯ᠎ᠡ ᠭᠠᠴᠠᠭ᠎ᠠ ᠲᠣᠰᠬᠤᠨ ᠤ ᠬᠤᠯᠪᠤᠭᠠᠯᠠᠨ ᠪᠠᠶᠢᠭᠤᠯᠤᠨ ᠬᠥᠭᠵᠢᠭᠦᠯᠬᠦ ᠶᠢ ᠬᠥᠲᠥᠯᠥᠨ ᠵᠢᠯᠤᠭᠤᠳᠴᠤ ᠂ ︽  ᠴᠢᠰᠤ ᠪᠦᠲᠦᠭᠡᠬᠦ ︾ ᠴᠢᠳᠠᠮᠵᠢ ᠶᠢ ᠴᠢᠩᠭᠠᠷᠠᠭᠤᠯᠤᠨ᠎ᠠ ᠃ ᠠᠵᠤ ᠦᠢᠯᠡᠳᠪᠦᠷᠢ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠂ ᠠᠮᠢ ᠠᠬᠤᠢ ᠶᠢᠨ ᠣᠷᠴᠢᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠂ ᠪᠡᠯᠡᠳᠭᠡᠮᠵᠢᠳᠤ ᠲᠠᠷᠢᠶᠠᠯᠠᠩ ᠵᠡᠷᠭᠡ ᠲᠠᠯ᠎ᠠ ᠳᠤ ᠦᠢᠯᠡᠴᠢᠯᠡᠬᠦ ᠲᠣᠭᠤᠷᠢᠨ ᠳᠤ ᠂ ᠨᠢᠰᠦᠭᠡ ᠭᠠᠵᠠᠷ ᠂ ᠨᠡᠶᠢᠯᠡᠮᠡᠯ ᠭᠠᠵᠠᠷ ᠵᠡᠷᠭᠡ ᠵᠠᠭᠪᠤᠷ ᠢᠶᠠᠷ ᠳᠡᠮᠵᠢᠨ ᠂ ᠤᠯᠵᠤᠤᠴᠢ ᠪᠠᠯᠭᠠᠰᠤᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠤᠯᠪᠣᠭᠠᠲᠤ ᠴᠣᠭᠴᠠ ᠂ ᠱᠠᠩᠬᠠᠢ ᠶᠢᠨ ᠮᠢᠶᠣᠣ ᠪᠠᠯᠭᠠᠰᠤᠨ ᠤ ᠲᠣᠰᠬᠤᠨ ᠤ ᠨᠢᠭᠡᠳᠦᠯ ᠤᠨ ᠬᠤᠯᠪᠤᠭᠠᠯᠠᠨ ᠪᠠᠶᠢᠭᠤᠯᠤᠭᠰᠠᠨ ᠠᠵᠤ ᠦᠢᠯᠡᠰ ᠤᠨ ᠶᠡᠷᠦᠩᠬᠡᠶᠢᠯᠡᠭᠰᠡᠨ ᠴᠣᠭᠴᠠ ᠂ ᠠᠩᠰᠤ ᠪᠠᠯᠭᠠᠰᠤᠨ ᠤ ᠥᠨᠳᠥᠷ ᠪᠠᠷᠢᠮᠵᠢᠶᠠᠲᠤ ᠠᠯᠠᠰᠢᠨ ᠬᠤᠨᠢ ᠲᠡᠵᠢᠭᠡᠨ ᠦᠷᠡᠵᠢᠭᠦᠯᠬᠦ ᠬᠤᠯᠪᠣᠭᠠᠲᠤ ᠴᠣᠭᠴᠠ ᠂ ᠴᠧᠩ ᠴᠤᠸᠠᠨ ᠪᠠᠯᠭᠠᠰᠤᠨ ᠤ ︽  ᠨᠢᠰᠦᠭᠡ ᠭᠠᠵᠠᠷ ︾ ᠤᠨ ᠨᠡᠶᠢᠯᠡᠮᠡᠯ ᠴᠣᠭᠴᠠ ᠶᠢ ᠪᠣᠶ ᠪᠣᠯᠭᠠᠪᠠ ᠃ 2021 ᠣᠨ ᠳᠤ ᠂ ᠪᠥᠬᠦ ᠬᠤᠰᠢᠭᠤᠨ ᠤ 68 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠪᠦᠬᠦᠨ ᠢᠶᠠᠷ ᠢᠶᠠᠨ 10 ᠲᠦᠮᠡᠨ ᠲᠥᠭᠦᠷᠢᠭ ᠠᠴᠠ ᠳᠡᠭᠡᠭᠰᠢ ᠪᠣᠯᠵᠤ ᠂ ᠳᠡᠭᠡᠷ᠎ᠡ ᠨᠢᠭᠡ ᠵᠢᠯ ᠤᠨ ᠬᠢ ᠠᠴᠠ 16% ᠪᠠᠷ ᠨᠡᠮᠡᠭᠳᠡᠨ ᠂ ᠪᠥᠬᠦ ᠬᠤᠰᠢᠭᠤᠨ ᠤ ᠮᠠᠯᠴᠢᠨ ᠲᠠᠷᠢᠶᠠᠴᠢᠨ ᠤ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ 2 ᠲᠦᠮᠡᠨ ᠲᠥᠭᠦᠷᠢᠭ ᠠᠴᠠ ᠳᠡᠭᠡᠭᠰᠢ ᠪᠣᠯᠪᠠ ᠃      ︽  ᠦᠢᠯᠡᠳᠪᠦᠷᠢᠯᠡᠯ ᠪᠣᠷᠤᠯᠠᠭᠤᠯᠭ᠎ᠠ ᠶᠢᠨ ᠨᠡᠶᠢᠯᠡᠯ ᠬᠦᠴᠦᠨ ︾ ᠳᠤ ᠠᠩᠬᠠᠷᠤᠯ ᠢᠶᠠᠨ ᠲᠥᠪᠯᠡᠷᠡᠭᠦᠯᠵᠦ ᠂ ᠡᠨᠧᠷᠭᠢ ᠣᠯᠭᠤᠵᠤ ᠬᠡᠷᠡᠭᠯᠡᠭᠡ ᠶᠢ ᠬᠠᠪᠰᠤᠷᠤᠨ ᠲᠡᠳᠬᠦᠪᠡ ᠃ ᠬᠡᠷᠡᠭᠯᠡᠭᠡ ᠪᠠᠷ ᠬᠠᠪᠰᠤᠷᠤᠨ ᠲᠡᠳᠬᠦᠬᠦ ᠳᠤ᠂ ᠨᠢᠭᠡ ᠲᠠᠯ᠎ᠠ ᠨᠢ ᠬᠥᠳᠡᠭᠡ ᠲᠣᠰᠬᠤᠨ ᠲᠠᠢ ᠬᠤᠯᠪᠣᠭᠳᠠᠵᠤ᠂ ᠨᠦᠭᠦᠭᠡ ᠲᠠᠯ᠎ᠠ ᠨᠢ ᠥᠷᠭᠡᠨ ᠠᠭᠤᠳᠠᠮ ᠵᠠᠬ᠎ᠠ ᠳᠡᠯᠭᠡᠭᠦᠷ ᠲᠠᠢ ᠬᠤᠯᠪᠣᠭᠳᠠᠵᠤ᠂ ᠮᠠᠯᠴᠢᠨ ᠲᠠᠷᠢᠶᠠᠴᠢᠨ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠪᠠᠷ ᠪᠠᠷᠠᠬᠤ ᠦᠭᠡᠢ ᠪᠠᠰᠠ ᠲᠡᠷᠢᠭᠦᠨ ᠤ ᠬᠢ ᠨᠢ ᠬᠤᠴᠤᠷᠤᠩᠭᠤᠢ ᠶᠢ ᠳᠠᠭᠠᠭᠤᠯᠵᠤ᠂ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠪᠠᠷ ᠭᠠᠷ ᠬᠤᠯᠪᠣᠨ ᠤᠷᠤᠭᠰᠢᠯᠠᠵᠤ ᠪᠣᠯᠣᠨ᠎ᠠ᠃ ᠣᠲᠤᠭ ᠤᠨ ᠡᠮᠦᠨᠡᠲᠦ ᠬᠤᠰᠢᠭᠤᠨ ᠤ ᠲᠣᠰᠬᠤᠨ ᠳᠤ ᠰᠠᠭᠤᠭ᠎ᠠ ᠺᠠᠳ᠋ᠷᠴᠤᠳ 《 ᠤᠯᠠᠮᠵᠢᠯᠠᠬᠤ ᠬᠠᠪᠰᠤᠷᠬᠤ ᠳᠠᠭᠠᠭᠤᠯᠬᠤ 》 ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ ᠂ ᠣᠯᠠᠨ ᠲᠦᠮᠡᠨ ᠤ ᠬᠦᠰᠡᠵᠦ ᠪᠠᠶᠢᠭ᠎ᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠮᠠᠯᠵᠢᠬᠤ ᠲᠠᠷᠢᠶᠠᠯᠠᠬᠤ ᠡᠷᠦᠬᠡ ᠶᠢ ᠬᠠᠪᠰᠤᠷᠤᠨ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ  ᠶᠢ ᠪᠡᠶᠡᠯᠡᠭᠦᠯᠵᠦ ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠶᠢᠨ 《 ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ ᠂ ᠨᠢᠭᠡ ᠲᠣᠰᠬᠤᠨ ᠨᠢᠭᠡ ᠦᠢᠯᠡᠳᠬᠦᠨ 》 ᠤ ᠵᠠᠷᠴᠢᠮ ᠶᠣᠰᠣᠭᠠᠷ ᠬᠥᠭᠵᠢᠯᠲᠡ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ ᠂ ᠣᠨᠴᠠᠯᠢᠭᠲᠤ ᠠᠵᠤ ᠦᠢᠯᠡᠰ ᠢ ᠶᠡᠬᠡᠪᠡᠷ ᠪᠣᠶᠢᠵᠢᠭᠤᠯᠵᠤ ᠂ ᠣᠲᠤᠭ ᠤᠨ ᠡᠮᠦᠨᠡᠲᠦ ᠬᠤᠰᠢᠭᠤᠨ ᠤ ᠬᠤᠨᠢᠨ ᠮᠢᠬ᠎ᠠ ᠂ ᠴᠧᠩ ᠴᠤᠸᠠᠨ ᠭᠠᠴᠠᠭ᠎ᠠ ᠶᠢᠨ ᠳᠦᠭᠦᠷᠡᠩ ᠳᠣᠬᠢᠭᠤᠷ ᠲᠤᠯᠤᠭᠠᠨ ᠣᠲᠣ ᠲᠤᠭᠤᠷ ᠂ ᠥᠨᠳᠥᠷ ᠲᠦᠯᠬᠢᠭᠡᠨ ᠤ ᠬᠥᠪᠡᠭᠡᠨ ᠳᠠᠬᠢ ᠬᠥᠮᠥᠨ ᠤ ᠠᠮᠢᠳᠤᠷᠠᠯ ᠤᠨ ᠵᠢᠮᠢᠰ ᠂ ᠸᠠᠩ ᠵᠧᠨ ᠵᠢᠩ ᠠᠭᠤᠷᠬᠠᠢ ᠶᠢᠨ ᠪᠤᠯᠠᠭ ᠤᠰᠤ ᠂ ᠮᠠᠯ ᠠᠵᠤ ᠠᠬᠤᠢ ᠪᠠ ᠲᠠᠷᠢᠶᠠᠨ ᠤ ᠴᠠᠭᠠᠨ ᠢᠳᠡᠭᠡᠨ ᠤ ᠵᠦᠢᠯ ᠂ ᠲᠠᠮᠪᠤᠳ᠋ ᠤᠯᠠᠭᠠᠨ ᠠᠷᠢᠬᠢ ᠂ ᠦᠳᠦᠸᠧ ᠤᠯᠠᠭᠠᠨ ᠠᠷᠢᠬᠢ ᠂ ᠫᠷᠦᠸᠠᠰ ᠲᠥᠪᠡᠳ ᠬᠠᠰᠢ ᠵᠡᠷᠭᠡ 40 ᠭᠠᠷᠤᠢ ᠵᠦᠢᠯ ᠤᠨ ᠨᠡᠶᠢᠲᠡᠯᠢᠭ ᠭᠠᠵᠠᠷ ᠤᠨ ᠪᠠᠷᠢᠮᠵᠢᠶᠠᠲᠤ ᠪᠦᠲᠦᠭᠡᠭᠳᠡᠬᠦᠨ ᠢ ᠠᠯᠬᠤᠮ ᠠᠯᠬᠤᠮ ᠢᠶᠠᠷ ᠪᠣᠶ ᠪᠣᠯᠭᠠᠬᠤ ᠶᠢᠨ ᠬᠠᠮᠲᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠳᠠᠪᠠᠭᠤᠯᠢᠭ ᠢ ᠠᠰᠢᠭᠯᠠᠨ ᠂ ᠰᠦᠯᠵᠢᠶᠡᠨ ᠳᠡᠭᠡᠷ᠎ᠡ ᠰᠢᠭᠤᠳ ᠨᠠᠪᠲᠠᠷᠡᠭᠦᠯᠵᠦ ᠪᠠᠷᠠᠭ᠎ᠠ ᠠᠪᠴᠢᠷᠠᠨ ᠂ ᠲᠠᠩ ᠲᠠᠯᠠᠪᠤᠷ ᠤᠨ ᠪᠣᠷᠤᠯᠠᠭᠤᠯᠭ᠎ᠠ ᠶᠢᠨ ᠨᠣᠷᠮ᠎ᠠ ᠨᠢ 8 ᠲᠦᠮᠡ ᠭᠠᠷᠤᠢ ᠲᠥᠭᠦᠷᠢᠭ ᠲᠤ ᠬᠥᠷᠪᠡ ᠃ ᠬᠤᠲᠠ ᠶᠢᠨ ᠰᠢᠭᠤᠳ ᠬᠠᠷᠢᠶ᠎ᠠ ᠲᠦᠷᠦᠭᠦᠯᠡᠨ ᠳᠠᠭᠠᠭᠠᠴᠢᠯᠠᠭᠰᠠᠨ ᠰᠠᠯᠠᠭ᠎ᠠ ᠮᠥᠴᠢᠷ ᠤᠨ ᠨᠢᠭᠡᠳᠦᠭᠡᠷ ᠱᠦᠵᠢ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠪᠠᠳᠠᠷᠠᠭᠤᠯᠵᠤ ᠂ ᠣᠲᠤᠭ ᠤᠨ ᠡᠮᠦᠨᠡᠲᠦ ᠬᠤᠰᠢᠭᠤᠨ ᠤ ᠠᠵᠤ ᠠᠬᠤᠶᠢᠯᠠᠯ ᠪᠠ ᠣᠷᠣᠨ ᠨᠤᠲᠤᠭ ᠬᠦᠴᠦ ᠪᠠᠨ ᠬᠠᠮᠲᠤᠳᠬᠠᠨ ᠬᠡᠷᠡᠭᠯᠡᠭᠡ ᠶᠢ ᠬᠠᠪᠰᠤᠷᠤᠨ ᠲᠡᠳᠬᠦᠬᠦ ᠭᠡᠷ᠎ᠡ ᠲᠣᠭᠲᠠᠬᠤ ᠰᠠᠨᠠᠮᠵᠢ ᠶᠢᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠯᠤᠭ᠎ᠠ ᠶᠢᠨ ᠭᠦᠨᠵᠡᠭᠡᠢ ᠰᠣᠯᠢᠯᠴᠠᠭ᠎ᠠ ᠪᠠᠨ ᠴᠢᠩᠭᠠᠳᠬᠠᠵᠤ ᠂ ᠬᠡᠷᠡᠭᠯᠡᠭᠡ ᠶᠢ ᠬᠠᠪᠰᠤᠷᠤᠨ ᠲᠡᠳᠬᠦᠬᠦ ᠰᠢᠨ᠎ᠡ ᠵᠠᠭᠪᠤᠷ ᠂ ᠰᠢᠨ᠎ᠡ ᠠᠷᠭ᠎ᠠ ᠶᠢ ᠬᠠᠶᠢᠨ ᠰᠦᠪᠡᠭᠴᠢᠯᠡᠨ᠎ᠡ ᠃ ᠲᠣᠰᠬᠤᠨ ᠳᠤ ᠰᠠᠭᠤᠭ᠎ᠠ ᠪᠦᠬᠦ ᠺᠠᠳ᠋ᠷ ᠪᠦᠬᠦ ᠬᠦᠴᠦᠨ ᠢᠶᠠᠷ ᠢᠶᠠᠨ ᠴᠢᠷᠮᠠᠶᠢᠵᠤ ᠂ ᠮᠠᠯᠴᠢᠨ ᠲᠠᠷᠢᠶᠠᠴᠢᠨ ᠡᠷᠦᠬᠡ ᠶᠢ ︽ᠳᠠᠶᠢᠴᠢᠯᠠᠵᠤ︾ ᠪᠠᠶᠢᠭᠠᠳ ᠬᠡᠷᠡᠭᠯᠡᠭᠡ ᠪᠠᠷ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ᠂ ᠠᠵᠤ ᠦᠢᠯᠡᠰ ᠤᠨ ᠳᠡᠰ ᠳᠡᠪᠰᠢᠬᠦ ᠪᠠᠷ ᠬᠡᠷᠡᠭᠯᠡᠭᠡ ᠶᠢ ᠳᠠᠶᠢᠴᠢᠯᠠᠬᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠡᠢ᠃      ︽ᠠᠷᠠᠳ ᠤᠨ ᠲᠥᠯᠥᠭᠡ ᠰᠡᠳᠬᠢᠯ ᠲᠠᠯᠪᠢᠬᠤ︾︾ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠪᠡ᠃ ᠠᠷᠠᠳ ᠢᠷᠭᠡᠳ ᠤᠨ ᠰᠠᠨᠠᠭᠠᠰᠢᠷᠠᠵᠤ ᠪᠠᠶᠢᠭ᠎ᠠ ᠵᠦᠢᠯ ᠢ ᠪᠢᠳᠡ ᠵᠠᠪᠠᠯ ᠪᠣᠳᠣᠯᠬᠢᠯᠠᠨ᠎ᠠ; ᠠᠷᠠᠳ ᠲᠦᠮᠡᠨ ᠤ ᠬᠦᠰᠡᠯ ᠡᠷᠡᠮᠡᠯᠵᠡᠯ ᠢ ᠪᠢᠳᠡ ᠵᠠᠪᠠᠯ ᠭᠦᠢᠴᠡᠳᠬᠡᠨ᠎ᠡ᠃ ᠤᠳᠤᠭ ᠤᠨ ᠡᠮᠦᠨᠡᠲᠦ ᠬᠤᠰᠢᠭᠤᠨ ᠤ ᠲᠣᠰᠬᠤᠨ ᠳᠤ ᠰᠠᠭᠤᠭ᠎ᠠ ᠺᠠᠳ᠋ᠷᠴᠤᠳ︽ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ᠬᠠᠷᠠᠯᠲᠠ ᠶᠢᠨ ᠲᠣᠭᠤᠷᠢᠨ ᠳᠤ᠂ ᠤᠯᠠᠨ ᠲᠦᠮᠡᠨ ᠤ︽ᠪᠠᠴᠢᠮᠳᠠᠬᠤ ᠠᠴᠠ ᠵᠣᠪᠠᠭ᠋ᠤ︾ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭ ᠢᠮᠠᠭᠲᠠ ᠠᠷᠠᠳ ᠤᠯᠠᠨ ᠢ ᠰᠡᠳᠬᠢᠯ ᠳᠡᠭᠡᠨ ᠪᠤᠳᠤᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠳᠤ ᠦᠢᠯᠡᠴᠢᠯᠡᠬᠦ ︽ᠬᠠᠮᠤᠭ ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠡᠢ᠃ ᠭᠠᠴᠠᠭ᠎ᠠ ᠲᠣᠰᠬᠤᠨ ᠤ ᠡᠶᠡᠳᠡᠭᠦᠯᠬᠦ ᠠᠵᠢᠯ ᠳᠤ ᠰᠠᠨᠠᠭᠠᠴᠢᠯᠠᠭ᠎ᠠ  ᠠᠴᠠ ᠪᠠᠨ ᠣᠷᠣᠯᠴᠠᠵᠤ ᠂ ᠣᠯᠠᠨ ᠲᠦᠮᠡᠨ ᠤ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠭᠴᠢ ᠶᠢ ᠴᠢᠷᠮᠠᠶᠢᠨ ᠰᠠᠶᠢᠲᠤᠷ ᠬᠢᠬᠦ ᠬᠡᠷᠡᠭᠲᠡᠢ ᠃ ᠭᠠᠵᠠᠷ ᠰᠢᠷᠣᠢ ᠂ ᠣᠶ ᠮᠣᠳᠣᠨ ᠤ ᠡᠷᠬᠡ ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠵᠡᠷᠭᠡ ᠵᠥᠷᠢᠴᠡᠯ ᠵᠢᠭᠤᠷᠠᠯᠳᠤᠭᠠᠨ ᠳᠤ ᠴᠢᠭᠯᠡᠭᠦᠯᠦᠨ ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠡᠷᠦᠬᠡ ᠳᠤ ᠬᠦᠷᠴᠦ ᠵᠣᠬᠢᠴᠠᠭᠤᠯᠤᠨ ᠠᠷᠢᠯᠭᠠᠬᠤ ᠠᠵᠢᠯ ᠢ ᠥᠷᠨᠢᠭᠦᠯᠦᠨ᠎ᠡ᠃ ᠡᠯ᠎ᠡ ᠲᠠᠯ᠎ᠠ ᠶᠢᠨ ᠬᠢᠨ ᠤ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ ᠂ ᠪᠡᠯᠡ ᠮᠥᠩᠭᠦ ᠴᠤᠭᠯᠠᠭᠤᠯᠤᠨ ᠭᠠᠴᠠᠭ᠎ᠠ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠬᠡᠷᠡᠭᠲᠡᠢ ᠃ ᠲᠠᠪᠤᠨ ᠪᠠᠲᠤᠯᠠᠭᠠᠲᠤ ᠡᠷᠦᠬᠡ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ᠂ ᠶᠠᠳᠠᠭᠤ ᠠᠴᠠ ᠠᠩᠭᠢᠵᠢᠷᠠᠭᠰᠠᠨ ᠡᠷᠦᠬᠡ ᠵᠡᠷᠭᠡ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠭᠤᠣᠯᠳᠠᠯᠭ᠎ᠠ ᠲᠠᠢ ᠡᠲᠡᠭᠡᠳ ᠢ ᠭᠤᠣᠯᠳᠠᠯᠭ᠎ᠠ ᠲᠠᠢ ᠰᠤᠷᠪᠤᠯᠵᠢᠯᠠᠨ ᠲᠣᠬᠤᠨᠢᠭᠤᠯᠵᠤ᠂ ᠲᠡᠳᠡᠨ ᠤ ᠬᠡᠷᠡᠭᠴᠡᠭᠡ ᠱᠠᠭᠠᠷᠳᠠᠯᠭ᠎ᠠ ᠶᠢ ᠰᠣᠨᠣᠰᠴᠤ᠂ ᠳᠠᠷᠠᠭᠠᠴᠢ ᠶᠢᠨ ᠠᠯᠬᠤᠮ ᠳᠤ ᠰᠢᠨᠵᠢᠯᠡᠬᠦ ᠤᠬᠠᠭᠠᠨᠴᠢ ᠪᠠᠷ ᠬᠠᠪᠰᠤᠷᠤᠨ ᠲᠡᠳᠬᠦᠬᠦ ᠳᠤ ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠢ᠃ ᠰᠤᠷᠭᠠᠨ ᠬᠥᠮᠦᠵᠢᠯ᠂ ᠠᠵᠢᠯ ᠣᠯᠭᠤᠯᠲᠠ᠂ ᠡᠮ ᠡᠮᠨᠡᠯᠭᠡ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠢ ᠬᠠᠪᠰᠤᠷᠤᠨ ᠵᠣᠬᠢᠴᠠᠭᠤᠯᠵᠤ ᠪᠠᠶᠢᠭᠠᠳ ᠰᠤᠷᠭᠠᠭᠤᠯᠢ ᠳᠤ ᠣᠷᠣᠬᠤ᠂ ᠠᠵᠢᠯ ᠣᠯᠬᠤ᠂ ᠡᠪᠡᠳᠴᠢᠨ ᠦᠵᠡᠭᠦᠯᠬᠦ᠂ ᠤᠰᠤ ᠤᠤᠭᠤᠬᠤ ᠵᠡᠷᠭᠡ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠨᠢ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠦᠨ᠎ᠡ᠃ 2021 ᠣᠨ ᠳᠤ ᠂ ᠨᠡᠶᠢᠲᠡ 2000 ᠭᠠᠷᠤᠢ ᠬᠥᠮᠥᠨ ᠤᠳᠠᠭ᠎ᠠ ᠦᠨᠳᠦᠰᠦᠨ ᠱᠠᠲᠤᠨ ᠳᠤ ᠪᠠᠭᠤᠵᠤ ᠂ 300 ᠭᠠᠷᠤᠢ ᠭᠤᠣᠯᠳᠠᠯᠭ᠎ᠠ ᠲᠠᠢ ᠡᠷᠦᠬᠡ ᠶᠢ ᠰᠤᠷᠪᠤᠯᠵᠢᠯᠠᠨ ᠲᠣᠬᠤᠨᠢᠭᠤᠯᠵᠤ ᠂ ᠠᠷᠠᠳ ᠤᠨ ᠲᠥᠯᠥᠭᠡ 150 ᠭᠠᠷᠤᠢ ᠪᠣᠳᠠᠲᠠᠢ ᠠᠵᠢᠯ ᠬᠢᠵᠦ ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 96% ᠪᠠᠶᠢᠵᠤ ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ 100% ᠳᠤ ᠬᠥᠷᠪᠡ ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号