ᠰᠢᠨ᠎ᠡ ᠰᠣᠷᠭᠤᠭ ᠬᠠᠷᠠᠴᠢᠨ ᠪᠣᠯ ᠡᠷᠡᠭᠦᠯ ᠰᠠᠷᠠᠭᠤᠯ ᠠᠮᠢ ᠠᠬᠤᠢ ᠶᠢᠨ ᠵᠤᠭᠠᠴᠠᠯ᠃ ᠪᠦᠬᠦ ᠣᠷᠣᠨ | ᠪᠦᠰᠡ ᠶᠢᠨ ᠵᠤᠭᠠᠴᠠᠯ ᠤᠨ ᠠᠬᠤᠢ ᠪᠠᠶᠢᠳᠠᠯ ᠳᠣᠣᠷ᠎ᠠ᠂ ᠬᠥᠳᠡᠭᠡ ᠲᠣᠰᠬᠤᠨ ᠤ ᠵᠤᠭᠠᠴᠠᠯ ᠢ ᠬᠥᠭᠵᠢᠭᠦᠯᠬᠦ ᠨᠢ | ᠨᠢᠭᠡᠨᠲᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ | ᠴᠢᠬᠤᠯᠠ ᠭᠠᠷᠳᠠᠴᠠ ᠪᠣᠯᠵᠠᠢ᠃ ᠤᠯᠠᠭᠠᠨᠬᠠᠳᠠ ᠬᠤᠳᠠ ᠶᠢᠨ ᠬᠠᠷᠠᠴᠢᠨ ᠬᠤᠰᠢᠭᠤᠨ ᠤ ᠰᠢᠴᠢᠶᠤᠤ ᠪᠠᠯᠭᠠᠰᠤ ᠶᠢᠨ | ᠯᠧᠢ ᠶᠢᠩᠽᠢ ᠲᠣᠰᠬᠤᠨ ᠬᠡᠳᠦᠨ ᠵᠢᠯ ᠤᠨ ᠬᠥᠭᠵᠢᠯᠲᠡ ᠶᠢ ᠥᠩᠭᠡᠷᠡᠭᠡᠭᠡᠳ᠂ ᠤᠤᠯ ᠤᠨ ᠶᠠᠳᠠᠭᠤ ᠬᠦᠴᠢᠷᠳᠡᠯᠲᠡᠢ | ᠲᠣᠰᠬᠤᠨ ᠪᠠᠶᠢᠭᠰᠠᠨ ᠠᠴᠠ ᠪᠠᠨ ᠬᠤᠯᠠ ᠣᠶᠢᠷ᠎ᠠ ᠳᠠᠭᠠᠨ ᠠᠯᠳᠠᠷᠲᠠᠢ ᠵᠤᠭᠠᠴᠠᠯ ᠤᠨ ᠦᠵᠡᠮᠵᠢ ᠶᠢᠨ ᠣᠷᠣᠨ ᠪᠣᠯᠵᠠᠢ | ᠃ | ᠥᠩᠭᠡᠷᠡᠭᠰᠡᠨ ᠤ ᠯᠧᠢ ᠶᠢᠩᠽᠢ ᠲᠣᠰᠬᠤᠨ ᠤ ᠠᠭᠤᠯᠠ ᠤᠯᠠᠨ ᠭᠠᠵᠠᠷ ᠴᠥᠭᠡᠨ᠂ ᠪᠤᠶᠢᠳᠠ ᠪᠥᠭᠯᠡᠭᠦᠦ᠂ ᠵᠠᠮ | ᠬᠠᠷᠢᠯᠴᠠᠭ᠎ᠠ ᠪᠤᠶᠢᠳᠠ ᠪᠥᠭᠯᠡᠭᠦᠦ᠂ ᠶᠠᠳᠠᠭᠤ ᠬᠤᠴᠤᠷᠤᠩᠭᠤᠢ ᠪᠠᠶᠢᠵᠠᠢ᠃ ᠣᠶᠢᠷ᠎ᠠ ᠶᠢᠨ ᠵᠢᠯ ᠳᠤ ᠯᠧᠢ ᠶᠢᠩᠽᠢ | ᠲᠣᠰᠬᠤᠨ ᠬᠠᠷᠠᠴᠢᠨ ᠬᠤᠰᠢᠭᠤᠨ ᠤ ᠨᠠᠮ ᠤᠨ ᠬᠤᠷᠢᠶ᠎ᠠ ᠂ ᠬᠤᠰᠢᠭᠤᠨ ᠤ ᠵᠠᠰᠠᠭ ᠤᠨ ᠣᠷᠳᠣᠨ ᠤ ᠬᠦᠴᠦᠲᠡᠢ | ᠳᠡᠮᠵᠢᠯᠭᠡ ᠲᠤᠤᠷ᠎ᠠ᠂ ᠦᠵᠡᠰᠬᠦᠯᠡᠩᠲᠦ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠂ ᠭᠦᠨ ᠵᠤᠵᠠᠭᠠᠨ ᠰᠣᠶᠣᠯ | ᠢᠷᠭᠡᠨᠰᠢᠯ ᠤᠨ ᠲᠡᠤᠬᠡ᠂ ᠡᠷᠬᠢᠮ ᠨᠠᠨᠳᠢᠨ ᠬᠤᠪᠢᠰᠬᠠᠯ ᠤᠨ ᠰᠣᠶᠣᠯ ᠵᠡᠷᠭᠡ ᠲᠥᠷᠥᠯᠬᠢ ᠶᠢᠨ ᠨᠥᠬᠦᠴᠡᠯ ᠢᠶᠠᠨ | ᠭᠦᠢᠴᠡᠳ ᠠᠰᠢᠭᠯᠠᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ | ᠲᠠᠷᠢᠶᠠᠴᠢᠳ ᠤᠨ ᠬᠥᠮᠥᠨ ᠳᠤᠮᠳᠠᠴᠢ ᠶᠢᠨ ᠵᠢᠯ ᠤᠨ ᠣᠷᠣᠯᠭ᠎ᠠ ᠦᠷᠭᠦᠯᠵᠢᠯᠡᠨ ᠳᠠᠬᠢᠨ ᠢᠶᠠᠷ ᠨᠡᠮᠡᠭᠳᠡᠵᠦ᠂ 2014 | ᠣᠨ ᠤ ᠡᠴᠦᠰ ᠲᠤ 2950 ᠲᠥᠭᠦᠷᠢᠭ ᠬᠦᠷᠬᠦ ᠦᠭᠡᠢ ᠪᠠᠶᠢᠭᠰᠠᠨ ᠠᠴᠠ ᠪᠠᠨ ᠨᠡᠮᠡᠭᠳᠡᠭᠡᠳ ᠬᠤᠶᠠᠷ ᠲᠦᠮᠡᠨ | ᠲᠥᠭᠦᠷᠢᠭ ᠢ ᠳᠠᠪᠠᠭᠰᠠᠨ ᠪᠠᠶᠢᠨ᠎ᠠ᠃ ᠥᠨᠥᠳᠥᠷ ᠤᠨ ᠯᠧᠢ ᠶᠢᠩᠽᠢ ᠲᠣᠰᠬᠤᠨ᠂ ᠠᠵᠤ ᠦᠢᠯᠡᠰ ᠬᠥᠭᠵᠢᠭᠰᠡᠨ᠂ ᠠᠮᠢ | ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠵᠠᠰᠠᠯᠲᠠ | ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ ᠪᠣᠯᠬᠤ ᠬᠠᠷᠠᠯᠲᠠ ᠲᠡᠰᠢ ᠤᠷᠤᠭᠰᠢᠯᠠᠵᠤ ᠪᠠᠶᠢᠨ᠎ᠠ᠃ | ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠳᠠᠪᠠᠭᠤᠯᠢᠭ ᠢᠶᠠᠨ ᠪᠠᠳᠠᠷᠠᠭᠤᠯᠵᠤ ᠵᠢᠭᠤᠯᠴᠢᠯᠠᠯ | ᠡᠷᠭᠢᠯᠡᠨ᠎ᠡ | ᠯᠧᠢ ᠶᠢᠩᠽᠢ ᠲᠣᠰᠬᠤᠨ ᠤ ᠠᠭᠤᠯᠠ ᠬᠥᠬᠡᠮᠳᠦᠭ᠂ ᠤᠰᠤ ᠲᠤᠩᠭᠠᠯᠠᠭ᠂ ᠵᠢᠯᠠᠭ᠎ᠠ ᠭᠦᠨ᠂ ᠤᠢ ᠰᠢᠭᠤᠢ᠂ | ᠦᠵᠡᠮᠵᠢ ᠰᠠᠶᠢᠬᠠᠨ᠂ ᠠᠷᠠᠳ ᠤᠨ ᠵᠠᠩ ᠰᠤᠷᠲᠠᠯ ᠪᠣᠷᠣᠭᠵᠢᠭᠤᠨ᠂ ᠰᠣᠶᠣᠯ ᠢᠷᠭᠡᠨᠰᠢᠯ ᠤᠨ ᠲᠡᠦᠬᠡ ᠭᠦᠨ | ᠵᠤᠵᠠᠭᠠᠨ᠂ ᠵᠤᠭᠠᠴᠠᠯ ᠤᠨ ᠰᠠᠭᠤᠷᠢ ᠡᠬᠢ ᠪᠠᠶᠠᠯᠢᠭ ᠨᠡᠯᠢᠶᠡᠳ ᠰᠠᠶᠢᠨ ᠪᠠᠶᠢᠳᠠᠭ᠃ ᠣᠶᠢᠷ᠎ᠠ ᠶᠢᠨ ᠵᠢᠯ ᠳᠤ ᠂ | ᠰᠢᠴᠢᠶᠤᠤ ᠪᠠᠯᠭᠠᠰᠤᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠠᠴᠠ 《 ᠰᠣᠶᠣᠯ + ᠵᠢᠭᠤᠯᠴᠢᠯᠠᠯ + | ᠬᠥᠳᠡᠭᠡ ᠲᠣᠰᠬᠤᠨ + ᠣᠶ ᠰᠢᠭᠤᠢ ᠵᠢᠮᠢᠰ 》 ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢᠨ | ᠵᠠᠭᠪᠤᠷ ᠢ ᠳᠤᠷᠠᠳᠴᠤ ᠂ ᠯᠧᠢ ᠶᠢᠩᠽᠢ ᠲᠣᠰᠬᠤᠨ ᠤ ᠵᠤᠭᠠᠴᠠᠯ ᠠᠮᠠᠷᠠᠯᠲᠠ ᠶᠢᠨ ᠲᠣᠭᠤᠷᠢᠭ ᠢ ᠦᠨᠡᠨᠬᠦ | ᠲᠥᠯᠥᠪᠵᠢᠭᠦᠯᠵᠦ ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ ᠂ ᠡᠯᠪᠡᠭ | ᠪᠠᠶᠠᠯᠢᠭ ᠠᠩᠬᠠᠨ ᠤ ᠣᠶ ᠰᠢᠭᠤᠢ ᠂ ᠠᠭᠤᠯᠠᠨ ᠬᠤᠰᠢᠭ᠎ᠠ ᠶᠢᠨ ᠣᠶ ᠂ ᠵᠢᠮᠢᠰ ᠤᠨ ᠮᠣᠳᠣ᠂ ᠭᠤᠷᠤᠬ᠎ᠠ ᠶᠢᠨ ᠤᠰᠤ | ᠂ ᠴᠡᠪᠡᠷ ᠲᠤᠩᠭᠠᠯᠠᠭ ᠠᠭᠠᠷ ᠂ ᠯᠢᠶᠣᠤ ᠤᠯᠤᠰ ᠤᠨ ᠦᠶ᠎ᠡ ᠶᠢᠨ ᠶᠧ ᠯᠢᠦᠢ ᠼᠦᠩ ᠤᠨ ᠣᠩᠭᠤᠨ ᠤ ᠪᠠᠭᠤᠷᠢ᠂ | ᠯᠤᠤᠰ ᠤᠨ ᠰᠦᠮ᠎ᠡ ᠵᠡᠷᠭᠡ ᠵᠢᠭᠤᠯᠴᠢᠯᠠᠯ ᠤᠨ ᠡᠬᠢ ᠪᠠᠶᠠᠯᠢᠭ ᠪᠣᠯᠣᠨ ᠪᠣᠷᠣᠭᠵᠢᠭᠤᠨ ᠠᠷᠠᠳ ᠤᠨ ᠵᠠᠩ ᠳᠠᠳᠬᠠᠯ ᠢ | ᠠᠰᠢᠭᠯᠠᠨ᠂ ᠯᠧᠢ ᠶᠢᠩᠽᠢ ᠲᠣᠰᠬᠤᠨ ᠢ ᠪᠠᠶᠢᠭᠠᠯᠢ ᠶᠢᠨ ᠦᠵᠡᠮᠵᠢ ᠰᠣᠨᠢᠷᠬᠠᠬᠤ᠂ ᠣᠶ ᠰᠢᠭᠤᠢ ᠵᠢᠮᠢᠰ ᠲᠡᠭᠦᠬᠦ᠂ | ᠨᠠᠷᠠᠲᠤ ᠦᠵᠡᠮᠵᠢ ᠶᠢᠨ ᠭᠠᠵᠠᠷ ᠲᠣᠭᠤᠷᠢᠨ ᠦᠵᠡᠬᠦ᠂ ᠢᠳᠡᠭᠡᠨ ᠤᠮᠳᠠᠭᠠᠨ ᠵᠤᠭ᠎ᠠ ᠴᠡᠩᠭᠡᠯ ᠢ ᠨᠢᠭᠡ | ᠴᠣᠭᠴᠠᠵᠢᠭᠤᠯᠤᠭᠰᠠᠨ ᠰᠡᠯᠡᠭᠦᠴᠡᠯ ᠵᠢᠭᠤᠯᠴᠢᠯᠠᠯ ᠠᠮᠠᠷᠠᠯᠲᠠ ᠶᠢᠨ ᠣᠷᠣᠨ ᠪᠣᠯᠭᠠᠨ ᠠᠯᠬᠤᠮ ᠠᠯᠬᠤᠮ ᠢᠶᠠᠷ | ᠪᠦᠲᠦᠭᠡᠨ ᠪᠠᠶᠢᠭᠤᠯᠤᠨ᠎ᠠ ᠃ | 2014 ᠣᠨ ᠳᠤ᠂ ᠯᠧᠢ ᠶᠢᠩᠽᠢ ᠲᠣᠰᠬᠤᠨ ᠤ ᠨᠠᠮ ᠤᠨ ᠡᠭᠦᠷ︽ᠡᠬᠢ ᠪᠠᠶᠠᠯᠢᠭ ᠢ ᠡᠳ᠋ ᠬᠥᠷᠥᠩᠭᠡ | ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠣᠷᠣᠭᠤᠯᠤᠯᠲᠠ ᠶᠢᠨ ᠮᠥᠩᠭᠦ ᠪᠣᠯᠭᠠᠨ ᠬᠤᠪᠢᠷᠠᠭᠤᠯᠬᠤ᠂ | ᠲᠠᠷᠢᠶᠠᠴᠢᠨ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ︾︽ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ | ︾ ᠶᠢ ᠳᠤᠷᠠᠳᠴᠤ᠂ ︽ᠡᠵᠡᠩᠨᠡᠯᠲᠡ ᠶᠢᠨ ᠭᠤᠣᠯ ᠴᠣᠭᠴᠠ + ᠲᠣᠰᠬᠤᠨ ᠤ ᠬᠠᠮᠲᠤ ᠨᠡᠶᠢᠳᠡ + ᠲᠠᠷᠢᠶᠠᠴᠢᠨ | ᠡᠷᠦᠭᠡ + ᠰᠠᠭᠤᠷᠢᠨ ᠭᠠᠵᠠᠷ︾︾ ᠤᠨ ᠡᠵᠡᠩᠨᠡᠯᠲᠡ ᠶᠢᠨ ᠵᠠᠭᠪᠤᠷ ᠢ ᠰᠦᠪᠡᠭᠴᠢᠯᠡᠨ ᠪᠠᠶᠢᠭᠤᠯᠪᠠ᠃ ᠲᠣᠰᠬᠤᠨ ᠤ | ︽ᠬᠤᠶᠠᠷ ᠵᠥᠪᠯᠡᠯ︾︾ ᠤᠨ ᠪᠠᠭ ᠲᠦᠷᠦᠭᠦᠯᠡᠨ ᠲᠠᠷᠢᠶᠠᠯᠠᠩ ᠤᠨ ᠲᠣᠭᠤᠷᠢᠨ ᠦᠵᠡᠬᠦ ᠵᠤᠭᠠᠴᠠᠯ ᠤᠨ ᠬᠤᠷᠰᠢᠶ᠎ᠠ ᠶᠢ | ᠪᠠᠶᠢᠭᠤᠯᠵᠤ᠂ ᠪᠦᠬᠦ ᠲᠣᠰᠬᠤᠨ ᠤ 164 ᠡᠷᠦᠬᠡ ᠲᠣᠰᠬᠤᠨ ᠤ ᠠᠷᠠᠳ ᠢ ᠵᠣᠬᠢᠶᠠᠨ ᠪᠠᠶᠢᠭᠤᠯᠤᠨ ᠭᠠᠵᠠᠷ | ᠰᠢᠷᠣᠢ ᠪᠠᠷ ᠬᠤᠪᠢ ᠣᠷᠣᠭᠤᠯᠬᠤ ᠬᠡᠯᠪᠡᠷᠢ ᠪᠠᠷ ᠬᠤᠷᠰᠢᠶ᠎ᠠ ᠳᠤ ᠣᠷᠣᠭᠤᠯᠪᠠ᠃ | ᠨᠠᠮ ᠤᠨ ᠭᠡᠰᠢᠭᠦᠨ ᠲᠦᠷᠦᠭᠦᠯᠡᠨ ︽ ᠨᠠᠢᠮᠠᠯᠵᠢ ᠢᠳᠡᠨ᠎ᠡ ︾ ᠃ ᠲᠤᠬᠠᠢ ᠶᠢᠨ ᠦᠶ᠎ᠡ ᠳᠤ ᠲᠣᠰᠬᠤᠨ ᠤ | ᠠᠷᠠᠳ ᠲᠠᠷᠢᠶᠠᠴᠢᠨ ᠠᠶᠢᠯ ᠤᠨ ᠵᠤᠭᠠᠴᠠᠯ ᠢ ᠡᠷᠬᠢᠯᠡᠨ᠎ᠡ ᠭᠡᠰᠡᠨ ᠢ ᠰᠣᠨᠣᠰᠤᠭᠠᠳ ᠪᠦᠷ ᠣᠶᠢᠯᠠᠭᠠᠬᠤ ᠦᠭᠡᠢ ᠪᠠᠶᠢᠪᠠ | ᠂ ᠨᠢᠭᠡ ᠵᠢᠯ ᠳᠤ ᠬᠡᠳᠦᠨ ᠤᠳᠠᠭ᠎ᠠ ᠬᠤᠭᠤᠯᠠᠨ ᠭᠡᠷ ᠲᠤ ᠪᠠᠭᠤᠭᠰᠠᠨ ᠦᠭᠡᠢ ᠪᠠᠶᠢᠲᠠᠯ᠎ᠠ ᠪᠠᠨ ᠲᠠᠷᠢᠶᠠᠴᠢᠨ ᠠᠶᠢᠯ ᠤᠨ | ᠵᠤᠭᠠᠴᠠᠯ ᠢ ᠶᠠᠭᠠᠬᠢᠵᠤ ᠡᠷᠬᠢᠯᠡᠬᠦ ᠪᠤᠢ︖ ᠪᠠᠶᠢᠳᠠᠯ ᠢ ᠠᠵᠢᠭᠯᠠᠬᠤ ᠂ ᠰᠡᠵᠢᠭᠯᠡᠬᠦ ᠂ ᠲᠥᠭᠡᠷᠢᠬᠦ ᠰᠡᠳᠬᠢᠯᠭᠡ | ᠲᠣᠰᠬᠤᠨ ᠳᠤ ᠳᠡᠯᠭᠡᠷᠡᠪᠡ ᠃ ᠲᠣᠰᠬᠤᠨ ᠤ ᠨᠠᠮ ᠤᠨ ᠡᠭᠦᠷ ᠲᠡᠷᠡ ᠳᠠᠷᠤᠢ ᠳᠤᠨᠢ ᠲᠣᠭᠲᠠᠭᠠᠯ ᠭᠠᠷᠭᠠᠵᠤ᠂ | ᠨᠠᠮ ᠤᠨ ᠭᠡᠰᠢᠭᠦᠳ ᠢ ᠲᠠᠶᠢᠴᠢᠯᠠᠨ ᠲᠦᠷᠦᠭᠦᠯᠡᠨ ᠬᠢᠵᠦ᠂ ᠵᠢᠱᠢᠶ᠎ᠡ ᠦᠵᠡᠭᠦᠯᠦᠨ᠂ ᠣᠯᠣᠯᠴᠠᠬᠤ ᠪᠠᠷ ᠲᠠᠮᠵᠢᠨ᠂ | ᠡᠴᠦᠰ ᠲᠡᠭᠡᠨ 6 ᠲᠠᠷᠢᠶᠠᠴᠢᠨ ᠠᠶᠢᠯ ᠤᠨ ᠵᠤᠭᠠᠴᠠᠯ ᠢ ᠡᠬᠢᠯᠡᠭᠦᠯᠬᠦ ᠪᠠᠷ ᠲᠣᠭᠲᠠᠪᠠ᠃ | ︽ ᠲᠠᠷᠢᠶᠠᠴᠢᠨ ᠠᠶᠢᠯ ᠤᠨ ᠵᠤᠭᠠᠴᠠᠯ ᠢ ᠡᠷᠬᠢᠯᠡᠪᠡ᠂ ᠬᠡᠨ ᠢ ᠭᠥᠯᠢᠶᠡᠨ ᠠᠪᠬᠤ ᠪᠤᠢ︖ ᠵᠢᠭᠤᠯᠴᠢᠯᠠᠭᠴᠢᠳ | ᠬᠠᠮᠢᠭ᠎ᠠ ᠠᠴᠠ ᠢᠷᠡᠪᠡ? ᠡᠭᠦᠨ ᠳᠤ ᠤᠯᠠᠨ ᠢᠶᠠᠷ ᠢᠶᠠᠨ ᠬᠦᠴᠢᠷᠳᠡᠯ ᠲᠤᠯᠭᠠᠷᠠᠪᠠ᠃ ᠵᠠᠷ ᠮᠡᠳᠡᠭᠡ ᠨᠡᠶᠢᠲᠡᠯᠡᠬᠦ | ᠵᠣᠭᠤᠰ ᠦᠭᠡᠢ᠂ ᠨᠡᠩ ᠴᠤ ᠪᠣᠷᠤᠯᠠᠭᠤᠯᠭ᠎ᠠ ᠶᠢ ᠮᠡᠳᠡᠬᠦ ᠦᠭᠡᠢ᠂ ᠬᠥᠮᠥᠰ ᠤᠨ ᠬᠦᠷᠢᠶᠡᠯᠡᠯ ᠢ ᠨᠡᠮᠡᠭᠳᠡᠭᠦᠯᠬᠦ ᠶᠢᠨ | ᠲᠥᠯᠥᠭᠡ᠂ ᠤᠯᠠᠭᠠᠨᠬᠠᠳᠠ ᠬᠤᠲᠠ ᠶᠢᠨ ᠡᠯ᠎ᠡ ᠵᠠᠮ ᠤᠨ ᠨᠡᠷᠡᠲᠦ ᠬᠥᠮᠥᠰ ᠢ ᠤᠷᠢᠵᠤ ᠰᠦᠢᠳᠬᠡᠯ ᠬᠤᠷᠢᠶᠠᠬᠤ | ᠦᠭᠡᠢ ᠪᠠᠷ ᠬᠤᠭᠤᠯᠠ ᠢᠳᠡᠭᠦᠯᠵᠦ᠂ ᠵᠤᠭᠠᠴᠠᠭᠤᠯᠤᠨ ᠨᠠᠭᠠᠳᠤᠭᠤᠯᠵᠤ᠂ ᠲᠡᠳᠡᠨ ᠤ ᠬᠦᠷᠢᠶᠡᠨ ᠳᠤ ᠲᠦᠰᠢᠭᠯᠡᠨ | ᠪᠢᠳᠡᠨ ᠳᠤ ᠰᠤᠷᠲᠠᠯᠴᠢᠯᠠᠨ ᠤᠬᠠᠭᠤᠯᠵᠤ ᠪᠠᠶᠢᠨ᠎ᠠ᠃ ᠡᠭᠦᠨ ᠤ ᠵᠡᠷᠭᠡ ᠳᠤ ᠵᠠᠰᠠᠭ ᠤᠨ ᠣᠷᠳᠣᠨ ᠤ ᠰᠠᠯᠠᠭ᠎ᠠ | ᠮᠥᠴᠢᠷ ᠤᠨ ᠬᠠᠪᠰᠤᠷᠤᠯᠭ᠎ᠠ ᠳᠣᠣᠷ᠎ᠠ ᠂ ᠪᠢᠳᠡ ᠲᠤᠬᠠᠢ ᠶᠢᠨ ᠭᠠᠵᠠᠷ ᠤᠨ ᠭᠡᠷᠡᠯ ᠵᠢᠷᠤᠭᠴᠢᠨ ᠂ ᠤᠷᠠᠨ | ᠪᠢᠴᠢᠯᠭᠡᠲᠡᠨ ᠂ ᠠᠵᠤ ᠠᠬᠤᠶᠢᠯᠠᠯᠲᠠᠨ ᠢ ᠲᠣᠰᠬᠤᠨ ᠳᠤ ᠤᠷᠢᠨ ᠠᠪᠴᠢᠷᠠᠵᠤ ᠵᠤᠭᠠᠴᠠᠭᠤᠯᠤᠨ ᠂ ᠪᠡᠶ᠎ᠡ ᠪᠠᠷ ᠢᠶᠠᠨ | ᠥᠩᠭᠡᠷᠡᠭᠦᠯᠵᠡᠢ ᠃ ᠣᠯᠠᠨ ᠢᠶᠠᠷ ᠢᠶᠠᠨ ᠢᠷᠡᠭᠰᠡᠨ ᠤ ᠳᠠᠷᠠᠭ᠎ᠠ ᠠᠳᠡᠬᠢ ᠥᠩᠭᠡ ᠦᠵᠡᠮᠵᠢ ᠰᠠᠶᠢᠬᠠᠨ ᠂ ᠠᠭᠤᠷ | ᠠᠮᠢᠰᠬᠤᠯ ᠴᠡᠪᠡᠷ ᠲᠤᠩᠭᠠᠯᠠᠭ ᠂ ᠬᠥᠳᠡᠭᠡ ᠨᠤᠲᠤᠭ ᠤᠨ ᠠᠭᠤᠷ ᠠᠮᠢᠰᠬᠤᠯ ᠥᠳᠬᠡᠨ ᠵᠤᠵᠠᠭᠠᠨ ᠭᠡᠵᠦ ᠪᠣᠳᠣᠭᠠᠳ | ᠂ ᠥᠪᠡᠷ ᠢᠶᠠᠨ ᠤᠬᠠᠭᠤᠯᠵᠤ ᠂ ᠲᠥᠷᠥᠯ ᠰᠠᠳᠤᠨ ᠨᠠᠶᠢᠵᠠ ᠨᠥᠬᠦᠳ ᠢᠶᠠᠨ ᠲᠠᠨᠢᠯᠴᠠᠭᠤᠯᠤᠨ | ᠨᠠᠭᠠᠳᠤᠭᠤᠯᠤᠭᠰᠠᠨ ᠳᠤ ᠂ ᠬᠥᠮᠥᠰ ᠤᠨ ᠬᠦᠷᠢᠶᠡᠯᠡᠯ ᠢ ᠢᠩᠭᠢᠵᠦ ᠠᠭᠠᠵᠢᠮ ᠢᠶᠠᠷ ᠬᠤᠷᠠᠮᠳᠤᠭᠤᠯᠵᠠᠢ ᠃ ᠨᠢᠭᠡ | ᠵᠢᠯ ᠤᠨ ᠲᠤᠷᠰᠢ᠂ ᠡᠨᠡ 6 ᠲᠠᠷᠢᠶᠠᠴᠢᠨ ᠠᠶᠢᠯ ᠤᠨ ᠬᠦᠷᠢᠶᠡᠯᠡᠩ ᠳᠤ ᠴᠥᠮ ᠠᠰᠢᠭ ᠣᠯᠵᠠᠪᠤᠷᠢ ᠲᠠᠢ ᠪᠣᠯᠪᠠ᠃ | ᠦᠷ᠎ᠡ ᠠᠰᠢᠭ ᠨᠢ ᠨᠡᠯᠢᠶᠡᠳ ᠰᠠᠶᠢᠨ ᠪᠠᠶᠢᠬᠤ ᠶᠢ ᠦᠵᠡᠭᠡᠳ᠂ ᠪᠤᠰᠤᠳ ᠲᠣᠰᠬᠤᠨ ᠤ ᠠᠷᠠᠳ ᠴᠤ ᠲᠠᠷᠢᠶᠠᠴᠢᠨ | ᠠᠶᠢᠯ ᠤᠨ ᠵᠤᠭᠠᠴᠠᠯ ᠢ ᠳᠠᠭᠤᠷᠢᠶᠠᠨ ᠡᠷᠬᠢᠯᠡᠵᠥ᠂ ᠣᠳᠣᠬᠠᠨ ᠳᠤ ᠯᠧᠢ ᠶᠢᠩᠽᠢ ᠲᠣᠰᠬᠤᠨ ᠳᠤ ᠨᠡᠶᠢᠳᠡ 39 | ᠲᠠᠷᠢᠶᠠᠴᠢᠨ ᠠᠶᠢᠯ ᠤᠨ ᠵᠤᠭᠠᠴᠠᠯ᠂ ᠠᠷᠠᠳ ᠤᠨ ᠰᠠᠭᠤᠴᠠ ᠡᠷᠬᠢᠯᠡᠵᠥ᠂ ᠡᠷᠦᠭᠡ ᠪᠦᠷᠢ ᠶᠢᠨ ᠵᠢᠯ ᠤᠨ ᠣᠷᠣᠯᠭ᠎ᠠ ᠨᠢ | 15 ᠲᠦᠮᠡᠨ ᠲᠥᠭᠦᠷᠢᠭ ᠢ ᠳᠠᠪᠠᠵᠠᠢ︾ᠭᠡᠵᠦ ᠯᠧᠢ ᠶᠢᠩᠽᠢ ᠲᠣᠰᠬᠤᠨ ᠤ ᠨᠠᠮ ᠤᠨ ᠡᠭᠦᠷ ᠤᠨ ᠱᠦᠵᠢ᠂ | ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠵᠠᠩ ᠫᠢᠩ ᠲᠠᠨᠢᠯᠴᠠᠭᠤᠯᠪᠠ᠃ | ᠺᠣᠮᠫᠠᠨᠢ ᠶᠢᠨ ᠡᠵᠡᠩᠨᠡᠯᠲᠡ ︽ ᠲᠠᠷᠢᠶᠠᠴᠢᠨ ᠠᠶᠢᠯ ᠤᠨ ᠵᠤᠭᠠᠴᠠᠯ ︾ ᠢ ︽ ᠦᠵᠡᠮᠵᠢ ᠶᠢᠨ ᠣᠷᠣᠨ ᠤ | ᠬᠠᠯᠠᠮᠰᠢᠯ ︾ ᠪᠣᠯᠭᠠᠪᠠ | ︽ ᠮᠠᠨ ᠤ ᠲᠠᠷᠢᠶᠠᠴᠢᠨ ᠠᠶᠢᠯ ᠤᠨ ᠵᠤᠭᠠᠴᠠᠯ ᠪᠠᠰᠠ ᠨᠡᠯᠢᠶᠡᠳ ᠠᠩᠬ᠎ᠠ ᠵᠡᠷᠭᠡ ᠶᠢᠨ ᠣᠨᠴᠠᠯᠢᠭ ᠲᠠᠢ | ᠪᠠᠶᠢᠭᠰᠠᠭᠠᠷ᠂ ᠲᠡᠶᠢᠮᠦ ᠶᠡᠭᠡ ᠣᠨᠴᠠᠯᠢᠭ ᠦᠭᠡᠢ ᠪᠠᠶᠢᠭᠰᠠᠭᠠᠷ᠂ ᠲᠡᠷᠡ ᠮᠥᠷᠲᠡᠭᠡᠨ ᠮᠠᠰᠢ ᠤᠯᠠᠨ ᠲᠣᠰᠬᠤᠨ ᠤ | ᠠᠷᠠᠳ ᠬᠢᠮᠳᠠ ᠪᠠᠷ ᠥᠷᠢᠰᠦᠯᠳᠦᠵᠦ ᠡᠬᠢᠯᠡᠪᠡ᠂ ᠢᠩᠭᠢᠵᠦ ᠬᠥᠭᠵᠢᠪᠡᠯ᠂ ᠲᠠᠷᠢᠶᠠᠴᠢᠨ ᠠᠶᠢᠯ ᠤᠨ ᠵᠤᠭᠠᠴᠠᠯ ᠤᠨ | ᠠᠰᠢᠭ ᠬᠤᠨᠵᠢᠪᠤᠷᠢ ᠤᠯᠠᠮ ᠠᠴᠠ ᠤᠯᠠᠮ ᠪᠠᠭᠠᠰᠴᠤ᠂ ᠵᠤᠭᠠᠴᠠᠭᠰᠠᠳ ᠤᠨ ᠪᠦᠲᠦᠭᠡᠭᠳᠡᠬᠦᠨ ᠲᠠᠩ ᠴᠤᠯᠭᠤᠢ ᠠᠴᠠ | ᠪᠣᠯᠵᠤ ᠤᠯᠠᠮ ᠠᠴᠠ ᠤᠯᠠᠮ ᠪᠠᠭᠠᠰᠬᠤ ᠪᠣᠯᠣᠨ᠎ᠠ︾᠃ ᠵᠠᠩ ᠫᠢᠩ ᠤᠨ ᠦᠵᠡᠬᠦ ᠪᠠᠷ ᠂ ᠵᠤᠭᠠᠴᠠᠯ ᠤᠨ ᠦᠢᠯᠡᠰ ᠢ | ᠡᠷᠡᠭᠦᠯ ᠢᠶᠠᠷ ᠦᠷᠭᠦᠯᠵᠢᠯᠡᠨ ᠬᠥᠭᠵᠢᠭᠦᠯᠬᠦ ᠳᠤ ᠪᠠᠰᠠ ᠠᠷᠭ᠎ᠠ ᠪᠤᠳᠤᠬᠤ ᠬᠡᠷᠡᠭᠲᠡᠢ ᠃ | 2017 ᠣᠨ ᠳᠤ᠂ ᠤᠯᠠᠭᠠᠨᠬᠠᠳᠠ ᠬᠤᠳᠠ ᠶᠢᠨ ᠵᠤᠭᠠᠴᠠᠯ ᠤᠨ ᠬᠥᠭᠵᠢᠯᠲᠡ ᠶᠢᠨ ᠵᠥᠪᠯᠡᠯ ᠪᠣᠯᠣᠨ | ᠬᠠᠷᠠᠴᠢᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠵᠢᠯᠣᠭᠤᠳᠤᠯᠭ᠎ᠠ ᠳᠣᠣᠷ᠎ᠠ᠂ | ᠯᠧᠢ ᠶᠢᠩᠽᠢ ᠲᠣᠰᠬᠤᠨ ᠳᠤ ᠰᠠᠶᠢᠨ ᠵᠣᠴᠢᠨ ᠯᠧᠢ ᠶᠢᠩᠽᠢ ᠰᠣᠶᠣᠯ ᠵᠤᠭᠠᠴᠠᠯ ᠤᠨ ᠬᠥᠭᠵᠢᠯᠲᠡ ᠶᠢᠨ ᠺᠣᠮᠫᠠᠨᠢ | ᠪᠠᠶᠢᠭᠤᠯᠵᠤ᠂ ᠺᠣᠮᠫᠠᠨᠢ ᠶᠢᠨ ᠡᠵᠡᠩᠨᠡᠯᠲᠡ ᠶᠢᠨ ᠵᠠᠭᠪᠤᠷ ᠢᠶᠠᠷ ᠪᠦᠬᠦ ᠲᠣᠰᠬᠤᠨ ᠤ ᠵᠤᠭᠠᠴᠠᠯ ᠤᠨ ᠬᠥᠭᠵᠢᠯᠲᠡ ᠶᠢ | ᠵᠢᠷᠤᠮᠵᠢᠭᠤᠯᠵᠠᠢ᠃ ᠵᠤᠭᠠᠴᠠᠯ ᠢ ᠬᠥᠭᠵᠢᠭᠦᠯᠬᠦ ᠳᠤ ᠠᠰᠢᠭ ᠭᠥᠷᠳᠡᠭᠰᠡᠨ ᠲᠣᠰᠬᠤᠨ ᠤ ᠠᠷᠠᠳ ᠡᠨᠡ ᠤᠳᠠᠭ᠎ᠠ ᠮᠠᠰᠢ | ᠢᠳᠡᠪᠬᠢᠲᠡᠢ ᠪᠠᠷ ᠪᠡᠯᠡ ᠮᠥᠩᠭᠦ᠂ ᠭᠠᠵᠠᠷ ᠰᠢᠷᠣᠢ ᠵᠡᠷᠭᠡ ᠬᠡᠯᠪᠡᠷᠢ ᠪᠠᠷ ᠬᠤᠪᠢ ᠣᠷᠣᠭᠤᠯᠵᠠᠢ᠃ ᠵᠢᠯ ᠤᠨ ᠡᠴᠦᠰ | ᠪᠣᠯᠬᠤ ᠳᠤ ᠂ ᠪᠥᠬᠦ ᠲᠣᠰᠬᠤᠨ ᠤ 1200 ᠮᠦ ᠲᠠᠷᠢᠶᠠᠨ ᠭᠠᠵᠠᠷ ᠲᠤ ᠴᠥᠮ ᠬᠤᠪᠢ ᠣᠷᠣᠭᠤᠯᠬᠤ ᠶᠢ | ᠪᠡᠶᠡᠯᠡᠭᠦᠯᠵᠦ ᠂ ᠬᠤᠪᠢ ᠣᠷᠣᠭᠤᠯᠤᠭᠰᠠᠨ ᠪᠡᠯᠡ ᠮᠥᠩᠭᠦ 300 ᠭᠠᠷᠤᠢ ᠲᠦᠮᠡᠨ ᠲᠥᠭᠦᠷᠢᠭ ᠲᠤ ᠬᠥᠷᠪᠡ ᠃ | ᠬᠥᠳᠡᠭᠡ ᠲᠣᠰᠬᠤᠨ ᠤ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠳᠬᠠᠬᠤ ᠶᠢᠨ | ᠲᠥᠯᠥᠭᠡ᠂ ᠯᠧᠢ ᠶᠢᠩᠽᠢ ᠲᠣᠰᠬᠤᠨ ᠤ ᠬᠢᠨ ᠵᠤᠭᠠᠴᠠᠯ ᠤᠨ ᠦᠢᠯᠡᠰ ᠤᠨ ᠡᠵᠡᠩᠨᠡᠯᠲᠡ ᠶᠢᠨ ᠠᠷᠭ᠎ᠠ ᠬᠡᠯᠪᠡᠷᠢ ᠶᠢ | ᠵᠢᠷᠤᠮᠵᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠡᠵᠡᠩᠨᠡᠯᠲᠡ ᠬᠠᠮᠢᠶᠠᠷᠤᠯᠲᠠ ᠶᠢ ᠬᠡᠷᠡᠭᠵᠢᠭᠦᠯᠬᠦ ᠶᠢᠨ | ᠬᠠᠮᠲᠤ ᠲᠣᠰᠬᠤᠨ ᠤ ᠠᠷᠠᠳ ᠢ ᠵᠣᠬᠢᠶᠠᠨ ᠪᠠᠶᠢᠭᠤᠯᠤᠨ ᠠᠷᠠᠳ ᠤᠨ ᠣᠷᠣᠨ ᠰᠠᠭᠤᠴᠠ ᠶᠢ ᠥᠭᠡᠷᠡᠴᠢᠯᠡᠵᠦ᠂ | ᠵᠤᠭᠠᠴᠠᠭᠰᠠᠳ ᠤᠨ ᠭᠠᠷ ᠢᠶᠠᠷ ᠡᠪᠡᠰᠦᠨ ᠮᠠᠯᠠᠭᠠᠢ᠂ ᠮᠣᠳᠣᠨ ᠠᠵᠢᠯ ᠤᠨ ᠦᠢᠯᠡᠰ᠂ ᠸᠠᠭᠠᠷ ᠤᠨ ᠤᠷᠠᠯᠢᠭ᠂ | ᠪᠤᠷᠴᠠᠭ ᠤᠨ ᠪᠤᠤᠰᠠ ᠂ ᠳ᠋ᠧᠦᠹᠦ᠋ ᠬᠢᠬᠦ ᠵᠡᠷᠭᠡ ᠪᠡᠶᠡᠴᠢᠯᠡᠨ ᠣᠶᠢᠯᠠᠭᠠᠬᠤ ᠲᠦᠷᠦᠯ ᠵᠦᠢᠯ ᠢ ᠵᠡᠷᠭᠡᠪᠡᠷ ᠲᠥᠯᠥᠪᠯᠡᠵᠦ᠂ | ᠵᠤᠭᠠᠴᠠᠯ ᠤᠨ ᠪᠡᠶᠡᠴᠢᠯᠡᠨ ᠣᠶᠢᠯᠠᠭᠠᠬᠤ ᠰᠣᠨᠢᠷᠬᠠᠯᠳᠤ ᠴᠢᠨᠠᠷ ᠢ ᠨᠡᠮᠡᠭᠳᠡᠭᠦᠯᠵᠦ᠂ ᠠᠵᠤ ᠦᠢᠯᠡᠰ ᠤᠨ | ᠬᠥᠭᠵᠢᠯᠲᠡ ᠶᠢᠨ ᠳᠤᠲᠠᠭᠤᠳᠠᠯ ᠢ ᠨᠥᠬᠦᠪᠦᠷᠢᠯᠡᠵᠡᠢ᠃ | ︽ ᠬᠥᠳᠡᠭᠡ ᠲᠣᠰᠬᠤᠨ ᠤ ᠵᠢᠭᠤᠯᠴᠢᠯᠠᠯ + ︾ ᠵᠠᠭᠪᠤᠷ ᠢᠶᠠᠷ ᠵᠢᠭᠤᠯᠴᠢᠯᠠᠯ ᠤᠨ ᠦᠨᠦᠷ ᠠᠮᠲᠠ ᠶᠢ | ᠳᠡᠭᠡᠭᠰᠢᠯᠡᠭᠦᠯᠦᠨ᠎ᠡ | ᠯᠧᠢ ᠶᠢᠩᠽᠢ ᠲᠣᠰᠬᠤᠨ ᠤ ᠬᠢᠨ ᠳᠥᠷᠪᠡ︽ᠬᠥᠳᠡᠭᠡ ᠲᠣᠰᠬᠤᠨ ᠤ ᠵᠤᠭᠠᠴᠠᠯ +︾ᠢᠨᠵᠧᠨᠧᠷᠢᠩ ᠢ | ᠬᠡᠷᠡᠭᠵᠢᠭᠦᠯᠬᠦ ᠶᠢ ᠪᠠᠷᠢᠮᠲᠠᠯᠠᠪᠠ᠃ ︽ᠬᠥᠳᠡᠭᠡ ᠲᠣᠰᠬᠤᠨ ᠤ ᠵᠤᠭᠠᠴᠠᠯ + ᠨᠠᠮ ᠤᠨ ᠪᠠᠶᠢᠭᠤᠯᠤᠯᠲᠠ︾ ᠶᠢᠨ | ᠲᠠᠯ᠎ᠠ ᠪᠠᠷ᠂ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ ᠨᠤᠲᠤᠭ ᠤᠨ ᠮᠡᠷᠭᠡᠳ ᠤᠨ ᠣᠷᠳᠣᠨ᠂ ︽ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ᠰᠣᠶᠣᠯ ᠤᠨ ᠠᠭᠤᠳᠠᠮ ᠲᠠᠯᠠᠪᠠᠢ | ᠂ ︽8 · 1︾ ᠴᠡᠴᠡᠷᠯᠢᠭ ᠵᠡᠷᠭᠡ ᠬᠤᠪᠢᠰᠬᠠᠯ ᠤᠨ ᠳᠤᠷᠠᠰᠬᠠᠯᠲᠤ ᠵᠤᠭᠠᠴᠠᠯ ᠤᠨ ᠺᠠᠷᠲ ᠴᠣᠬᠢᠬᠤ ᠭᠠᠵᠠᠷ ᠢ | ᠪᠠᠶᠢᠭᠤᠯᠤᠭᠰᠠᠨ ᠪᠥᠭᠡᠳ ᠬᠤᠪᠢᠰᠬᠠᠯ ᠤᠨ ᠰᠤᠷᠭᠠᠨ ᠬᠥᠮᠦᠵᠢᠯ ᠤᠨ ᠪᠣᠯᠪᠠᠰᠤᠷᠠᠯ ᠤᠨ ᠲᠥᠪ ᠢ ᠭᠤᠶᠤᠴᠢᠯᠠᠨ | ᠪᠠᠶᠢᠭᠤᠯᠵᠤ᠂ ᠡᠯ᠎ᠡ ᠲᠦᠷᠦᠯ ᠤᠨ ᠡᠬᠢ ᠪᠠᠶᠠᠯᠢᠭ ᠢ ᠢᠳᠡᠪᠬᠢᠲᠡᠢ ᠠᠰᠢᠭᠯᠠᠨ ᠤᠯᠤᠰ ᠢᠶᠠᠨ ᠬᠠᠶᠢᠷᠠᠯᠠᠬᠤ ᠦᠵᠡᠯ ᠤᠨ | ᠬᠥᠮᠦᠵᠢᠯ ᠢ ᠥᠷᠨᠢᠭᠦᠯᠪᠡ︔ ︽ ᠬᠥᠳᠡᠭᠡ ᠲᠣᠰᠬᠤᠨ ᠤ ᠵᠢᠭᠤᠯᠴᠢᠯᠠᠯ + ᠰᠣᠶᠣᠯ ︾ ᠤᠨ ᠲᠠᠯ᠎ᠠ ᠪᠠᠷ ᠂ ᠵᠢᠯ | ᠪᠦᠷᠢ ᠲᠣᠭᠲᠠᠭᠰᠠᠨ ᠬᠤᠭᠤᠴᠠᠭ᠎ᠠ ᠲᠠᠢ ᠪᠠᠷ ᠯᠤ | ᠥᠨᠥᠳᠥᠷ ᠤᠨ ᠯᠧᠢ ᠶᠢᠩᠽᠢ ᠲᠣᠰᠬᠤᠨ ᠶᠠᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠬᠦᠴᠦᠲᠦ ᠲᠤᠷᠤᠨ᠎ᠠ ᠶᠢᠨ ᠰᠠᠯᠬᠢᠨ ᠤ ᠡᠷᠴᠢᠨ ᠳᠡᠭᠡᠷ᠎ᠡ᠂ ᠥᠩᠭᠡᠷᠡᠭᠰᠡᠨ ᠤ ︽ᠵᠢᠵᠢᠭ ᠠᠭᠤᠯᠠᠨ ᠲᠣᠰᠬᠤᠨ︾ | ᠠᠴᠠ ︽ᠬᠠᠯᠠᠭᠤᠨ ᠦᠵᠡᠮᠵᠢ ᠶᠢᠨ ᠣᠷᠣᠨ︾ᠪᠣᠯᠤᠭᠰᠠᠨ ᠪᠥᠭᠡᠳ ᠤᠷᠢᠳ ᠬᠤᠵᠢᠳ ᠪᠦᠬᠦ ᠤᠯᠤᠰ ᠤᠨ | ᠪᠣᠯᠪᠠᠰᠤᠨ ᠲᠣᠰᠬᠤᠨ᠂ ᠪᠦᠬᠦ ᠤᠯᠤᠰ ᠤᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ | ᠪᠠᠲᠤᠯᠠᠪᠤᠷᠢ ᠶᠢᠨ ᠦᠨᠳᠦᠰᠦᠨ ᠵᠢᠱᠢᠶ᠎ᠡ ᠦᠵᠡᠭᠦᠯᠬᠦ ᠲᠣᠰᠬᠤᠨ᠂ ᠪᠦᠬᠦ ᠤᠯᠤᠰ ᠤᠨ ᠬᠥᠳᠡᠭᠡ ᠲᠣᠰᠬᠤᠨ ᠤ | ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠵᠡᠷᠭᠡ ᠵᠢᠷᠭᠤᠭᠠᠨ ᠤᠯᠤᠰ ᠤᠨ ᠳᠡᠰ ᠤᠨ ᠢᠷᠠᠭᠤ ᠠᠯᠳᠠᠷ ᠢ | ᠬᠦᠷᠲᠡᠵᠡᠢ᠃ ᠳᠠᠷᠠᠭᠠᠴᠢ ᠶᠢᠨ ᠠᠯᠬᠤᠮ ᠳᠤ᠂ ᠯᠧᠢ ᠶᠢᠩᠽᠢ ᠲᠣᠰᠬᠤᠨ ᠠᠵᠤ ᠦᠢᠯᠡᠰ ᠤᠨ ᠬᠥᠭᠵᠢᠯᠲᠡ ᠪᠠᠷ | ᠰᠠᠭᠤᠷᠢ ᠪᠣᠯᠭᠠᠵᠤ᠂ ᠠᠵᠤ ᠦᠢᠯᠡᠰ ᠤᠨ ᠬᠥᠭᠵᠢᠯᠲᠡ ᠶᠢᠨ ᠬᠠᠷᠠᠭ᠎ᠠ ᠪᠠᠨ ᠴᠢᠨᠠᠭᠰᠢᠳᠠ ᠥᠷᠭᠡᠳᠬᠡᠵᠦ᠂ ᠠᠮᠢ | ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠠᠷᠠᠯᠲᠠ ᠶᠢ ᠬᠠᠷᠠᠭᠠᠯᠠᠵᠤ᠂ ᠬᠥᠳᠡᠭᠡ ᠲᠣᠰᠬᠤᠨ ᠤ ᠵᠠᠩ | ᠰᠤᠷᠲᠠᠯ ᠤᠨ ᠪᠣᠯᠪᠠᠰᠤᠨ ᠤ ᠲᠦᠪᠰᠢᠨ ᠢ ᠳᠡᠭᠡᠭᠰᠢᠯᠡᠭᠦᠯᠵᠦ᠂ ᠪᠦᠲᠦᠮᠵᠢᠲᠡᠢ ᠵᠠᠰᠠᠯᠲᠠ ᠶᠢᠨ ᠠᠯᠬᠤᠴᠠ ᠪᠠᠨ | ᠲᠦᠷᠭᠡᠳᠬᠡᠵᠦ᠂ ᠠᠮᠢᠳᠤᠷᠠᠯ ᠤᠨ ᠴᠢᠨᠡᠭᠡᠯᠢᠭᠵᠢᠯ ᠤᠨ ᠰᠠᠭᠤᠷᠢ ᠪᠠᠨ ᠪᠠᠬᠢᠵᠢᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠰᠦᠷᠯᠢᠭ ᠰᠠᠶᠢᠬᠠᠨ ᠵᠢᠷᠤᠭ ᠢ ᠦᠷᠭᠦᠯᠵᠢᠯᠡᠨ ᠵᠢᠷᠤᠭᠯᠠᠨ᠎ᠠ᠃ | | |