6 ᠳ᠋ᠤᠭᠠᠷ ᠰᠠᠷ᠎ᠠ ᠶᠢᠨ 13 ᠤ ᠡᠳᠦᠷ᠂ ᠪᠥᠬᠦ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ | ᠠᠵᠢᠯ ᠵᠢᠴᠢ ᠵᠧᠩᠵᠧᠦ ᠶᠢᠨ ︽7 · 20︾· ᠤ ᠣᠨᠴᠠ ᠶᠡᠭᠡ ᠰᠢᠷᠦᠭᠦᠨ ᠪᠣᠷᠣᠭᠠᠨ ᠤ ᠭᠠᠮᠰᠢᠭ ᠤᠨ ᠬᠡᠷᠡᠭ ᠤᠨ | ᠵᠢᠱᠢᠶ᠎ᠡ ᠳᠤ ᠵᠠᠳᠠᠯᠤᠯᠲᠠ ᠬᠢᠬᠦ ᠲᠧᠯᠸᠢᠰ ᠤᠲᠠᠰᠤᠲᠤ ᠬᠤᠷᠠᠯ ᠬᠤᠷᠠᠯᠳᠤᠵᠤ᠂ ᠪᠥᠬᠦ ᠣᠷᠣᠨ ᠤ ᠭᠠᠩ ᠤᠰᠤᠲᠤᠯ ᠤᠨ | ᠭᠠᠮᠰᠢᠭ ᠤᠨ ᠪᠠᠶᠢᠳᠠᠯ ᠢ ᠵᠠᠳᠠᠯᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠭᠤᠣᠯᠳᠠᠯᠭ᠎ᠠ ᠲᠠᠢ ᠠᠵᠢᠯ ᠢ | ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠢ ᠡᠷᠬᠢᠯᠡᠪᠡ᠃ ᠬᠤᠸᠠᠩ ᡁᠢ ᠴᠢᠶᠠᠩ | ᠶᠠᠷᠢᠬᠤ ᠳᠤ ᠪᠠᠨ᠂ ᠮᠠᠨ ᠤ ᠣᠷᠣᠨ ᠪᠦᠬᠦ ᠲᠠᠯ᠎ᠠ ᠪᠠᠷ ᠦᠶᠡᠷ ᠤᠨ ᠬᠤᠭᠤᠴᠠᠭᠠᠨ ᠳᠤ ᠣᠷᠣᠵᠤ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠳ ︽ᠴᠠᠭ ᠢᠮᠠᠭᠲᠠ ᠠᠩᠬᠠᠷᠤᠯ ᠲᠠᠯᠪᠢᠬᠤ︾ ᠬᠠᠷᠢᠭᠤᠴᠠᠯᠭᠠᠲᠤ ᠰᠡᠳᠬᠢᠯᠭᠡ ᠪᠠᠷ ᠦᠶᠡᠷ ᠢ ᠰᠡᠷᠭᠡᠶᠢᠯᠡᠵᠦ | ᠭᠠᠩ ᠬᠠᠭᠰᠠᠷᠠᠭᠠᠨ ᠲᠠᠢ ᠲᠡᠮᠡᠴᠡᠬᠦ ᠡᠨᠡ ᠬᠦ ᠬᠥᠪᠴᠢ ᠶᠢ ᠴᠢᠩᠭᠠᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠣᠷᠣᠨ ᠤ ᠳᠣᠲᠣᠷ᠎ᠠ ᠭᠠᠳᠠᠨᠠᠬᠢ ᠭᠠᠮᠰᠢᠭ ᠠᠴᠠ ᠭᠦᠨᠵᠡᠭᠡᠢ ᠰᠤᠷᠭᠠᠮᠵᠢ ᠠᠪᠴᠤ᠂ ︽ᠶᠠᠪᠤᠳᠠᠯ | ᠪᠦᠬᠦᠨ ᠢ ᠭᠠᠷ ᠲᠤ ᠪᠠᠨ ᠠᠳᠬᠤᠬᠤ︾ ᠬᠡᠷᠡᠭᠵᠢᠭᠦᠯᠬᠦ ᠬᠦᠴᠦᠨ ᠢᠶᠠᠷ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠡᠯ᠎ᠡ | ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ | ᠡᠯ᠎ᠡ ᠱᠠᠲᠤᠨ ᠤ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ | ︽ᠬᠥᠮᠥᠨ ᠪᠦᠬᠦᠨ ᠬᠠᠷᠢᠭᠤᠴᠠᠯᠭ᠎ᠠ ᠡᠭᠦᠷᠭᠡᠯᠡᠬᠦ︾ ᠵᠣᠷᠢᠭ ᠰᠠᠨᠠᠭ᠎ᠠ ᠪᠠᠷ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ | ᠲᠡᠮᠡᠴᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ ᠬᠤᠷᠠᠯ ᠢ ᠸᠢᠳᠢᠤ᠋ ᠬᠡᠯᠪᠡᠷᠢ ᠪᠠᠷ ᠠᠶᠢᠮᠠᠭ | ᠬᠤᠳᠠ ᠪᠣᠯᠣᠨ ᠡᠯ᠎ᠡ ᠬᠤᠰᠢᠭᠤ ᠰᠢᠶᠠᠨ ᠲᠣᠭᠤᠷᠢᠭ ᠲᠤ ᠬᠦᠷᠲᠡᠯ᠎ᠡ ᠬᠤᠷᠠᠯᠳᠤᠪᠠ᠃ | |