6 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ | ᠴᠧᠩ ᠬᠤᠷᠠᠯ ᠢ ᠡᠷᠬᠢᠯᠡᠵᠡᠢ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠭᠤᠴᠢ | ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ᠂ ᠥᠪᠥᠷ ᠮᠣᠩᠭᠤᠯ ᠥᠨᠢ ᠤᠳᠠᠭᠠᠨ ᠲᠡᠦᠬᠡ ᠲᠠᠢ᠂ ᠣᠯᠠᠨ ᠡᠰᠢᠲᠦ ᠰᠣᠶᠣᠯ ᠲᠠᠢ ᠶᠤᠮ᠂ | ᠳᠤᠮᠳᠠᠳᠤ ᠶᠢᠨ ᠪᠣᠯᠪᠠᠰᠤᠨ ᠤ ᠡᠬᠢ ᠡᠭᠦᠰᠦᠯ ᠤᠨ ᠬᠠᠶᠢᠯᠲᠠ ᠳᠤᠮᠳᠠ ᠥᠪᠥᠷ ᠮᠣᠩᠭᠤᠯ ᠶᠠᠭᠤ ᠬᠢᠵᠦ ᠪᠣᠯᠬᠤ᠂ ᠶᠠᠮᠠᠷ | ᠬᠤᠪᠢ ᠨᠡᠮᠡᠷᠢ ᠦᠵᠡᠭᠦᠯᠵᠦ ᠲᠠᠶᠢᠯᠬᠦ ᠶᠢ ᠪᠢᠳᠠ ᠨᠠᠷᠢᠨ ᠬᠢᠨᠠᠮᠠᠭᠠᠢ ᠰᠤᠳᠤᠯᠵᠤ᠂ ᠠᠵᠢᠯ ᠢᠶᠠᠨ ᠢᠳᠡᠪᠬᠢᠲᠡᠢ ᠰᠠᠶᠢᠲᠤᠷ | ᠬᠢᠬᠦ ᠬᠡᠷᠡᠭᠲᠡᠢ᠃ ᠳᠤᠮᠳᠠᠳᠤ ᠶᠢᠨ ᠪᠣᠯᠪᠠᠰᠤᠨ ᠤ ᠡᠬᠢ ᠡᠭᠦᠰᠦᠯ ᠢ ᠬᠠᠶᠢᠬᠤ ᠶᠢ ᠦᠨᠳᠦᠰᠦᠲᠡᠨ ᠨᠦᠭᠦᠳ ᠤᠨ | ᠠᠭᠤᠰᠤᠯᠴᠠᠭᠰᠠᠨ ᠲᠡᠦᠬᠡᠨ ᠪᠣᠳᠠᠲᠤ ᠶᠠᠪᠤᠳᠠᠯ ᠢ ᠠᠭᠤᠳᠠᠯᠤᠨ ᠡᠮᠬᠢᠳᠬᠡᠵᠦ ᠤᠬᠠᠭᠤᠯᠬᠤ ᠯᠤᠭ᠎ᠠ ᠤᠶᠠᠯᠳᠤᠭᠤᠯᠵᠤ᠂ | ᠳᠤᠮᠳᠠᠳᠤ ᠶᠢᠨ ᠦᠨᠳᠦᠰᠦᠲᠡᠨ ᠤ ᠲᠡᠦᠬᠡ ᠶᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠤᠨ ᠲᠡᠦᠬᠡ ᠶᠢ ᠰᠠᠶᠢᠲᠤᠷ ᠶᠠᠷᠢᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ | ᠬᠥᠲᠥᠯᠥᠨ ᠳᠠᠭᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ | ᠰᠧᠴᠤᠸᠠᠨ ᠳᠤ ᠰᠢᠨᠵᠢᠯᠡᠨ ᠪᠠᠶᠢᠴᠠᠭᠠᠭᠰᠠᠨ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠪᠠ᠃ | ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ | ᠠᠭᠤᠷ ᠠᠮᠢᠰᠬᠤᠯ ᠢ ᠪᠤᠢ ᠪᠣᠯᠭᠠᠬᠤ ᠶᠢᠨ ᠵᠠᠩᠭᠢᠯᠠᠭ᠎ᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ | ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠬᠦ ᠳᠤ ᠪᠤᠢ᠃ | ᠬᠤᠯᠪᠣᠭᠳᠠᠯ ᠪᠦᠬᠦᠢ ᠲᠠᠯ᠎ᠠ ᠶᠢᠨ ᠬᠢᠨ ᠦᠷᠭᠦᠯᠵᠢᠯᠡᠨ ᠴᠠᠭ ᠮᠥᠴᠡ ᠶᠢ ᠠᠮᠵᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠳᠠᠷᠤᠢ ᠲᠦᠷᠭᠡᠨ ᠲᠦᠪᠰᠢᠳᠬᠡᠬᠦ ᠬᠡᠷᠡᠭᠲᠡᠢ᠃ | ᠬᠢᠵᠢᠭ ᠤᠨ ᠪᠠᠶᠢᠳᠠᠯ ᠦᠭᠡᠢ ᠭᠠᠵᠠᠷ ᠣᠷᠣᠨ ᠤ ᠬᠢᠨ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ | ᠠᠳᠬᠤᠵᠤ᠂ ᠠᠵᠤ ᠠᠬᠤᠢ ᠶᠢᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠵᠤ᠂ ᠠᠮᠤ ᠪᠤᠳᠠᠭᠠᠨ ᠤ | ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠡᠷᠭᠡ ᠠᠵᠢᠯ ᠢ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ | ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠬᠡᠯᠪᠡᠷᠢ ᠪᠠᠷ ᠬᠠᠤᠯᠢ | ᠲᠦᠭᠡᠮᠡᠯᠵᠢᠭᠦᠯᠬᠦ ᠠᠵᠢᠯ ᠢ ᠥᠷᠨᠢᠭᠦᠯᠵᠦ᠂ ᠵᠠᠯᠠᠭᠤᠴᠤᠳ ᠪᠠᠭᠠᠴᠤᠳ ᠠᠴᠠ ᠡᠬᠢᠯᠡᠨ ᠠᠳᠬᠤᠵᠤ᠂ ᠰᠦᠯᠵᠢᠶ᠎ᠡ ᠪᠠᠷ | ᠬᠠᠤᠯᠢ ᠲᠦᠭᠡᠮᠡᠯᠵᠢᠭᠦᠯᠬᠦ ᠶᠢ ᠴᠢᠬᠤᠯᠠᠴᠢᠯᠠᠵᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ | ᠪᠥᠬᠦ ᠨᠡᠶᠢᠭᠡᠮ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢᠵᠢᠯ ᠤᠨ ᠤᠬᠠᠮᠰᠠᠷ᠂ ᠶᠣᠰᠣ ᠳᠦᠷᠢᠮ ᠤᠨ | ᠤᠬᠠᠮᠰᠠᠷ ᠢ ᠨᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠪᠤᠰᠤᠳ ᠵᠦᠢᠯ ᠢ | ᠰᠤᠳᠤᠯᠵᠠᠢ᠃ | |