ᠰᠢ ᠶᠢᠨ ᠫᠢᠩ ᠶᠡᠷᠦᠩᠬᠡᠢ ᠱᠦᠵᠢ ᠶᠢᠨ ᠬᠤᠣᠷ ᠴᠠᠭᠠᠵᠠᠯᠠᠬᠤ ᠠᠵᠢᠯ ᠤᠨ ᠲᠤᠬᠠᠢ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠂ ᠥᠪᠡᠷᠲᠡᠭᠡᠨ | ᠵᠠᠰᠠᠬᠤ ᠣᠷᠣᠨ ᠤ ᠬᠤᠤᠷ ᠴᠠᠭᠠᠵᠠᠯᠠᠬᠤ ᠺᠣᠮᠢᠰ ᠤᠨ ᠬᠤᠣᠷ ᠲᠠᠲᠠᠭᠰᠠᠳ ᠤᠨ ︽ ᠠᠮᠤᠷ ᠲᠠᠶᠢᠪᠤᠩ ᠢ ᠬᠠᠯᠠᠮᠵᠢᠯᠠᠨ | ᠬᠠᠶᠢᠷᠠᠯᠠᠬᠤ ︾ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠂ ᠬᠤᠣᠷ ᠴᠠᠭᠠᠵᠠᠯᠠᠬᠤ ᠶᠢ | ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ | ᠭᠦᠨᠵᠡᠭᠡᠶᠢᠷᠡᠭᠦᠯᠵᠦ ᠂ 7 ᠰᠠᠷ᠎ᠠ ᠶᠢᠨ 13 ᠤ ᠡᠳᠦᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ | ᠪᠠᠶᠢᠭᠤᠯᠵᠤ ᠬᠤᠣᠷ ᠴᠠᠭᠠᠵᠠᠯᠠᠬᠤ ᠬᠥᠮᠦᠵᠢᠯ ᠤᠨ ᠺᠢᠨᠣ᠋ ︽ ᠲᠠᠨ ᠢ ᠭᠡᠷ ᠲᠡᠭᠡᠨ ᠠᠪᠠᠴᠢᠨ᠎ᠠ ︾ ᠶᠢ ᠰᠣᠨᠢᠷᠬᠠᠭᠤᠯᠪᠠ ᠃ | ᠲᠣᠰ ᠺᠢᠨᠣ᠋ ᠳᠤ ᠵᠢᠶᠠᠩᠰᠢ ᠮᠤᠵᠢ ᠶᠢᠨ ᠫᠢᠩᠰᠢᠶᠠᠩ ᠬᠤᠲᠠ ᠶᠢᠨ ᠬᠤᠣᠷ ᠴᠠᠭᠠᠵᠠᠯᠠᠬᠤ ᠰᠠᠶᠢᠨ ᠳᠤᠷ᠎ᠠ ᠶᠢᠨ | ᠠᠵᠢᠯᠯᠠᠭᠴᠢ ᠶᠢᠨ ᠨᠡᠶᠢᠭᠡᠮᠯᠢᠭ ᠤᠨ ᠳᠠᠷᠤᠭ᠎ᠠ ᠳ᠋ᠤᠸᠠᠨ ᠬᠤᠸᠠ ᠱᠧᠩ ᠨᠥᠬᠦᠷ ᠢᠶᠠᠷ ᠤᠭ ᠳᠦᠷᠢ ᠪᠣᠯᠭᠠᠵᠤ ᠂ ᠳ᠋ᠤᠸᠠᠨ | ᠬᠤᠸᠠ ᠱᠧᠩ ᠤᠨ ᠳᠥᠴᠢᠨ ᠵᠢᠯ ᠢ ᠨᠢᠭᠡ ᠡᠳᠦᠷ ᠮᠡᠲᠦ ᠪᠠᠷ 300 ᠭᠠᠷᠤᠢ ᠬᠤᠣᠷ ᠲᠠᠲᠠᠭᠴᠢ ᠶᠢ ᠬᠠᠪᠰᠤᠷᠤᠨ ᠰᠤᠷᠭᠠᠵᠤ | ᠰᠢᠨ᠎ᠡ ᠠᠮᠢᠳᠤᠷᠠᠯ ᠳᠤ ᠣᠷᠣᠭᠤᠯᠤᠭᠰᠠᠨ ᠰᠡᠳᠬᠢᠯ ᠬᠥᠳᠡᠯᠭᠡᠮ᠎ᠡ ᠦᠶᠯᠡ ᠠᠵᠢᠯᠯᠠᠭ᠎ᠠ ᠶᠢ ᠶᠠᠷᠢᠵᠠᠢ ᠃ ᠺᠢᠨᠣ᠋ ᠳᠤ ᠬᠤᠣᠷᠠᠲᠤ | ᠡᠳ᠋ ᠤᠨ ᠬᠤᠪᠢ ᠬᠥᠮᠥᠨ᠂ ᠭᠡᠷ ᠪᠦᠯᠢ ᠪᠠ ᠨᠡᠶᠢᠭᠡᠮ ᠳᠤ ᠦᠵᠡᠭᠦᠯᠬᠦ ᠬᠦᠨᠳᠦ ᠨᠣᠴᠢᠲᠠᠢ ᠬᠤᠣᠷ ᠬᠥᠨᠥᠭᠡᠯ ᠢ ᠳᠡᠯᠭᠡᠨ | ᠦᠵᠡᠭᠦᠯᠵᠦ᠂ ᠲᠥᠪ ᠶᠣᠰᠣ ᠶᠢ ᠲᠡᠳᠬᠦᠵᠦ ᠰᠠᠶᠢᠨ ᠢ ᠮᠠᠨᠳᠤᠭᠤᠯᠬᠤ᠂ ᠠᠶᠤᠯ ᠠᠴᠠ ᠠᠪᠤᠷᠠᠵᠤ ᠬᠦᠴᠢᠷᠳᠡᠯ ᠢ ᠲᠡᠳᠬᠦᠬᠦ | ᠳᠤᠮᠳᠠᠳᠤ ᠶᠢᠨ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠡᠪ ᠬᠠᠮᠲᠤᠴᠤᠳ ᠤᠨ ᠪᠦᠬᠦ ᠰᠡᠳᠬᠢᠯ ᠪᠦᠬᠦ | ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠰᠢᠯᠢᠳᠡᠭ ᠵᠠᠩ ᠴᠢᠨᠠᠷ ᠢ ᠢᠯᠡᠷᠡᠭᠦᠯᠪᠡ᠃ | ᠡᠨᠡ ᠤᠳᠠᠭ᠎ᠠ ᠶᠢᠨ ᠦᠵᠡᠭᠦᠯᠦᠯᠭᠡ ᠪᠠᠷ ᠳᠡᠮᠵᠢᠨ ᠂ ᠤᠯᠠᠨ ᠢᠶᠠᠷ ᠢᠶᠠᠨ ᠬᠤᠣᠷ᠎ᠠ ᠴᠠᠭᠠᠵᠠᠯᠠᠬᠤ ᠠᠵᠢᠯ ᠨᠢ | ᠤᠯᠤᠰ ᠤᠨ ᠠᠮᠤᠷ ᠲᠦᠪᠰᠢᠨ᠂ ᠦᠨᠳᠦᠰᠦᠲᠡᠨ ᠤ ᠮᠠᠨᠳᠤᠯ ᠪᠠᠭᠤᠷᠠᠯ᠂ ᠠᠷᠠᠳ ᠲᠦᠮᠡᠨ ᠤ ᠪᠤᠶᠠᠨ ᠬᠡᠰᠢᠭ ᠲᠠᠢ | ᠬᠤᠯᠪᠣᠭᠳᠠᠬᠤ ᠶᠢ ᠨᠡᠩ ᠭᠦᠨᠵᠡᠭᠡᠢ ᠲᠠᠨᠢᠵᠤ᠂ ᠠᠮᠢᠳᠤᠷᠠᠯ ᠤᠨ ᠳᠤᠮᠳᠠ ᠪᠠᠨ ᠬᠤᠣᠷ ᠢ ᠡᠰᠡᠷᠭᠦᠴᠡᠨ ᠬᠤᠣᠷ ᠢ ᠰᠡᠷᠭᠡᠶᠢᠯᠡᠬᠦ | ᠤᠬᠠᠮᠰᠠᠷ ᠢᠶᠠᠨ ᠳᠡᠭᠡᠭᠰᠢᠯᠡᠭᠦᠯᠬᠦ ᠶᠢ ᠠᠩᠬᠠᠷᠴᠤ᠂ ᠵᠥᠪ ᠶᠢᠷᠲᠢᠨᠴᠦ ᠶᠢᠨ ᠦᠵᠡᠯᠲᠡ᠂ ᠦᠷᠳᠡᠭ ᠤᠨ ᠦᠵᠡᠯᠲᠡ᠂ | ᠠᠮᠢᠳᠤᠷᠠᠬᠤᠢ ᠶᠢᠨ ᠦᠵᠡᠯᠲᠡ ᠶᠢ ᠪᠤᠢ ᠪᠣᠯᠭᠠᠵᠤ᠂ ︽ᠠᠮᠢ ᠨᠠᠰᠤ ᠪᠠᠨ ᠨᠠᠨᠳᠢᠩᠨᠠᠵᠤ᠂ ᠬᠤᠣᠷᠠᠲᠤ ᠡᠳ᠋ ᠠᠴᠠ ᠬᠤᠯᠠ | ᠵᠠᠶᠢᠳᠠᠬᠤ︾ᠦᠵᠡᠯᠲᠡ ᠶᠢ ᠪᠠᠲᠤ ᠪᠤᠢ ᠪᠣᠯᠭᠠᠵᠤ᠂ ᠬᠤᠣᠷᠠᠲᠤ ᠡᠳ᠋ ᠲᠠᠢ ᠲᠡᠮᠡᠴᠡᠬᠦ ᠵᠣᠷᠢᠭ ᠪᠠ ᠢᠲᠡᠭᠡᠯ ᠢᠶᠠᠨ ᠪᠠᠲᠤᠳᠬᠠᠵᠤ | ᠂ ᠪᠣᠳᠠᠲᠤ ᠠᠵᠢᠯᠯᠠᠭ᠎ᠠ ᠪᠠᠷ ᠢᠶᠠᠨ ᠡᠶ᠎ᠡ ᠵᠣᠬᠢᠴᠠᠩᠭᠤᠢ ᠤᠮᠠᠷᠠᠲᠤ ᠬᠢᠯᠢ ᠶᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ | ᠭᠡᠵᠦ ᠢᠯᠡᠳᠬᠡᠵᠡᠭᠡᠪᠡ᠃ | |