ᠠᠩᠬᠠᠳᠤᠭᠠᠷ ᠬᠤᠭᠤᠴᠠᠭᠠᠨ ᠤ ︽  ᠥᠪᠥᠷ ᠮᠣᠩᠭᠤᠯ ᠤᠨ ᠨᠢᠭᠦᠯᠡᠰᠦᠩᠭᠦᠢ ᠶᠢᠨ ᠱᠠᠩᠨᠠᠯ ︾ ᠤᠨ ᠨᠡᠷᠡᠰ ᠢ ᠨᠡᠶᠢᠲᠡᠯᠡᠪᠡ
ᠨᠡᠶᠢᠲᠡᠯᠡᠭᠰᠡᠨ ᠴᠠᠭ᠄
2022/7/27
      7 ᠰᠠᠷ᠎ᠠ ᠶᠢᠨ 25 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠠᠩᠬᠠᠳᠤᠭᠠᠷ ᠬᠤᠭᠤᠴᠠᠭᠠᠨ ᠤ ︽  ᠥᠪᠥᠷ ᠮᠣᠩᠭᠤᠯ ᠤᠨ ᠨᠢᠭᠦᠯᠡᠰᠦᠩᠭᠦᠢ ᠶᠢᠨ ᠱᠠᠩᠨᠠᠯ ︾ ᠢ ᠨᠡᠶᠢᠲᠡᠯᠡᠪᠡ ᠂ ᠥᠪᠥᠷ ᠮᠣᠩᠭᠤᠯ ᠤᠨ 10 ᠨᠢᠭᠦᠯᠡᠰᠦᠩᠭᠦᠢ ᠶᠢᠨ ᠥᠯᠢᠭᠡᠷ ᠳᠠᠭᠤᠷᠢᠶᠠᠯ ᠂ 5 ᠨᠢᠭᠦᠯᠡᠰᠦᠩᠭᠦᠢ ᠶᠢᠨ ᠵᠦᠢᠯᠡᠰ ᠂ 10 ᠬᠠᠨᠳᠢᠪᠯᠡᠨ ᠬᠦᠷᠭᠡᠬᠦ ᠠᠵᠤ ᠠᠬᠤᠶᠢᠯᠠᠯ ᠂ 3 ᠬᠠᠨᠳᠢᠪᠯᠡᠨ ᠬᠦᠷᠭᠡᠭᠰᠡᠨ ᠬᠤᠪᠢ ᠬᠥᠮᠥᠨ ᠠᠩᠬᠠᠳᠤᠭᠠᠷ ᠬᠤᠭᠤᠴᠠᠭᠠᠨ ᠤ ︽  ᠥᠪᠥᠷ ᠮᠣᠩᠭᠤᠯ ᠤᠨ ᠨᠢᠭᠦᠯᠡᠰᠦᠩᠭᠦᠢ ᠶᠢᠨ ᠱᠠᠩᠨᠠᠯ ︾ ᠢ ᠭᠥᠷᠳᠡᠪᠡ ᠃      ᠠᠩᠬᠠᠳᠤᠭᠠᠷ ᠬᠤᠭᠤᠴᠠᠭᠠᠨ ᠤ ︽  ᠥᠪᠥᠷ ᠮᠣᠩᠭᠤᠯ ᠤᠨ ᠨᠢᠭᠦᠯᠡᠰᠦᠩᠭᠦᠢ ᠶᠢᠨ ᠱᠠᠩᠨᠠᠯ ︾ ᠢ ᠭᠥᠷᠳᠡᠭᠰᠡᠨ 10 ᠨᠢᠭᠦᠯᠡᠰᠦᠩᠭᠦᠢ ᠶᠢᠨ ᠥᠯᠢᠭᠡᠷ ᠳᠠᠭᠤᠷᠢᠶᠠᠯ ᠭᠡᠪᠡᠯ ᠄ ︽  ᠤᠮᠠᠷᠠᠲᠤ ᠶᠢᠨ ᠯᠠᠨ ᠶᠠᠨ ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠂ ᠼᠤᠤ ᠵᠠᠨ ᠶᠢᠨ ᠂ ᠹᠦ᠋ ᠪᠢᠩ ᠪᠢᠩ ᠂ ᠬᠥᠬᠡᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠢᠵᠠᠭᠠᠷᠲᠤ ᠺᠣᠮᠫᠠᠨᠢ ᠶᠢᠨ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠂ ᠬᠥᠯᠥᠨ ᠪᠤᠶᠢᠷ ᠬᠤᠲᠠ ᠶᠢᠨ ᠵᠠᠷᠭᠤ ᠶᠢᠨ ᠪᠤᠰᠤ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠂ ᠾᠧ ᠬᠤᠩ ᠂ ᠾᠧ ᠬᠤᠶ ᠵᠢᠤᠸᠠᠨ ᠂ ᠮᠦ ᠶᠦᠩ ᠵᠢᠶᠦ᠋ᠨ ᠂ ᠴᠢᠨ ᠯᠢ ᠮᠧᠶ ᠂ ᠸᠠᠩ ᠶᠦᠨ ︔ 5 ᠨᠢᠭᠦᠯᠡᠰᠦᠩᠭᠦᠢ ᠶᠢᠨ ᠵᠦᠢᠯᠡᠰ ᠪᠣᠯ ᠄ ︽  ᠨᠢᠭᠦᠯᠡᠰᠦᠩᠭᠦᠢ ᠶᠢᠨ ᠦᠢᠯᠡᠰ ᠲᠦᠮᠡᠨ ᠡᠷᠦᠬᠡ ᠶᠢ ᠳᠤᠯᠠᠭᠠᠴᠠᠭᠤᠯᠬᠤ ︾ ᠴᠠᠭᠠᠨ ᠰᠠᠷ᠎ᠠ ᠶᠢᠨ ᠲᠣᠬᠤᠨᠢᠭᠤᠯᠬᠤ ᠵᠦᠢᠯᠡᠰ ᠂ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠬᠠᠨᠳᠢᠪ ᠤᠨ ᠵᠦᠢᠯᠡᠰ ᠂ ᠥᠪᠥᠷ ᠮᠣᠩᠭᠤᠯ ᠤᠨ ︽  ᠬᠡᠷᠡᠯ ᠭᠡᠭᠡ ᠶᠢᠨ ᠠᠶᠠᠯᠠᠯ ︾ ᠤᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠵᠦᠢᠯᠡᠰ ᠂ ︽  ᠠᠮᠢ ᠨᠠᠰᠤ ᠪᠠᠨ ᠬᠠᠮᠠᠭᠠᠯᠠᠵᠤ ᠬᠠᠶᠢᠷ᠎ᠠ ᠶᠢᠨ ᠲᠥᠯᠥᠭᠡ ᠦᠷᠭᠦᠯᠵᠢᠯᠡᠨ ᠠᠶᠠᠯᠠᠬᠤ ︾ ᠬᠦᠨᠳᠦ ᠡᠪᠡᠳᠴᠢᠨ ᠢ ᠠᠪᠤᠷᠠᠨ ᠲᠤᠰᠠᠯᠠᠬᠤ ᠵᠦᠢᠯᠡᠰ ᠂ ︽  ᠭᠠᠷᠠᠭ ᠤᠨ ᠰᠡᠭᠦᠯᠴᠢ ᠶᠢᠨ ᠡᠵᠢ  ·  ᠨᠠᠬᠤ᠋ ᠡᠷᠳᠡᠨᠢ ᠡᠷᠳᠡᠨᠢ ᠶᠢ ᠬᠠᠯᠠᠮᠵᠢᠯᠠᠨ ᠬᠠᠶᠢᠷᠠᠯᠠᠬᠤ ︾ ᠵᠦᠢᠯᠡᠰ ᠪᠣᠯᠣᠨ᠎ᠠ ︔ ᠪᠡᠯᠡᠭᠯᠡᠨ ᠬᠦᠷᠭᠡᠭᠰᠡᠨ 10 ᠠᠵᠤ ᠠᠬᠤᠶᠢᠯᠠᠯ ᠪᠣᠯ᠄ ᠪᠤᠭᠤᠲᠤ ᠶᠢᠨ ᠪᠣᠯᠣᠳ ᠲᠡᠮᠦᠷ ( ᠪᠦᠯᠦᠭᠯᠡᠯ ) ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠂ ᠣᠷᠳᠣᠰ ᠬᠤᠲᠠ ᠶᠢᠨ ᠤᠯᠠᠭᠠᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠂ ᠥᠪᠥᠷ ᠮᠣᠩᠭᠤᠯ ᠤᠨ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠂ ᠥᠪᠥᠷ ᠮᠣᠩᠭᠤᠯ ᠤᠨ ᠣᠷᠳᠣᠰ ᠤᠨ ᠡᠬᠢ ᠪᠠᠶᠠᠯᠢᠭ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠂ ᠥᠪᠥᠷ ᠮᠣᠩᠭᠤᠯ ᠤᠨ ᠾᠦᠢ ᠨᠧᠩ ᠨᠡᠭᠦᠷᠡᠰᠦ ᠴᠠᠬᠢᠯᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠂ ᠥᠪᠥᠷ ᠮᠣᠩᠭᠤᠯ ᠤᠨ ᠮᠧᠩ ᠼᠤᠤ ᠠᠮᠢ ᠠᠬᠤᠢ ᠶᠢᠨ ᠣᠷᠴᠢᠨ ᠲᠣᠭᠤᠷᠢᠨ ︵  ᠪᠦᠯᠦᠭᠯᠡᠯ ︶ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠂ ᠥᠪᠥᠷ ᠮᠣᠩᠭᠤᠯ ᠤᠨ ᠮᠧᠩ ᠨᠢᠦ ᠰᠦ᠋ ᠶᠢᠨ ᠦᠢᠯᠡᠰ ︵  ᠪᠦᠯᠦᠭᠯᠡᠯ ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠂ ᠥᠪᠥᠷ ᠮᠣᠩᠭᠤᠯ ᠤᠨ ᠢ ᠲᠠᠢ ᠪᠦᠯᠦᠭᠯᠡᠯ ᠤᠨ ᠬᠢᠵᠠᠭᠠᠷᠲᠤ ᠺᠣᠮᠫᠠᠨᠢ ᠂ ᠳᠤᠮᠳᠠᠳᠤ ᠤᠯᠤᠰ ᠤᠨ ᠬᠥᠬᠡᠮᠥ᠋ᠷᠡᠨ ᠤ ᠭᠤᠷᠪᠠᠨ ᠬᠠᠪᠴᠢᠯ ᠪᠦᠯᠦᠭᠯᠡᠯ ᠤᠨ ᠬᠢᠵᠠᠭᠠᠷᠲᠤ ᠺᠣᠮᠫᠠᠨᠢ ᠂ ᠳᠤᠮᠳᠠᠳᠤ ᠤᠯᠤᠰ ᠤᠨ ᠨᠠᠪᠴᠢᠨ ᠲᠠᠮᠠᠬᠢ ᠶᠢᠨ ᠶᠡᠷᠦᠩᠬᠡᠢ ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠺᠣᠮᠫᠠᠨᠢ ︔ ᠪᠡᠯᠡᠭᠯᠡᠨ ᠬᠦᠷᠭᠡᠭᠰᠡᠨ 3 ᠬᠤᠪᠢ ᠬᠥᠮᠥᠨ ᠪᠣᠯ ᠄ ᠱᠢ ᠯᠧᠢ ᠂ ᠸᠠᠩ ᠼᠠᠢ ᠷᠦᠩ ᠂ ᠸᠠᠩ ᠴᠢᠩ ᠵᠢᠶᠦ᠋ᠨ ᠪᠣᠯᠣᠨ᠎ᠠ ᠃      ᠠᠩᠬᠠᠳᠤᠭᠠᠷ ᠬᠤᠭᠤᠴᠠᠭᠠᠨ ᠤ ︽  ᠥᠪᠥᠷ ᠮᠣᠩᠭᠤᠯ ᠤᠨ ᠨᠢᠭᠦᠯᠡᠰᠦᠩᠭᠦᠢ ᠶᠢᠨ ᠱᠠᠩᠨᠠᠯ ︾ ᠤᠨ ᠬᠥᠬᠢᠭᠦᠯᠦᠨ ᠰᠠᠶᠢᠰᠢᠶᠠᠬᠤ ᠬᠡᠪᠴᠢᠶ᠎ᠡ ᠪᠣᠯ 2017 ᠣᠨ  ᠠᠴᠠ 2021 ᠣᠨ ᠪᠣᠯᠲᠠᠯ᠎ᠠ ᠂ ᠥᠪᠥᠷ ᠮᠣᠩᠭᠤᠯ ᠤᠨ ᠨᠢᠭᠦᠯᠡᠰᠦᠩᠭᠦᠢ ᠶᠢᠨ ᠠᠵᠢᠯᠯᠠᠭ᠎ᠠ ᠳᠤᠮᠳᠠ ᠲᠣᠪᠣᠶᠢᠮ᠎ᠠ ᠦᠶᠯᠡ ᠠᠵᠢᠯᠯᠠᠭ᠎ᠠ ᠲᠠᠢ ᠂ ᠥᠷᠭᠡᠨ ᠳᠡᠯᠭᠡᠷ ᠨᠥᠯᠥᠭᠡ ᠲᠠᠢ ᠨᠢᠭᠡᠴᠡ ᠂ ᠪᠦᠯᠬᠦᠮ ᠨᠡᠶᠢᠲᠡ ᠂ ᠬᠤᠪᠢ ᠬᠥᠮᠥᠨ ᠪᠠ ᠲᠥᠷᠥᠯ ᠵᠦᠢᠯ ᠵᠡᠷᠭᠡ ᠪᠣᠯᠣᠨ᠎ᠠ ᠂ ᠶᠠᠳᠠᠭᠤ  ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠂ ᠦᠨᠳᠦᠰᠦᠨ ᠱᠠᠲᠤᠨ ᠤ ᠵᠠᠰᠠᠯᠲᠠ ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠲᠣᠪᠣᠶᠢᠮ᠎ᠠ ᠢᠯᠡᠷᠡᠯ ᠲᠠᠢ ᠬᠥᠮᠥᠰ ᠢ ᠭᠤᠣᠯᠳᠠᠯᠭ᠎ᠠ ᠲᠠᠢ ᠬᠥᠬᠢᠭᠦᠯᠦᠨ ᠰᠠᠶᠢᠰᠢᠶᠠᠨ᠎ᠠ ᠃ ᠡᠭᠦᠨ ᠤ ᠵᠣᠷᠢᠯᠭ᠎ᠠ ᠨᠢ ᠨᠢᠭᠦᠯᠡᠰᠦᠩᠭᠦᠢ  ᠶᠢᠨ ᠬᠦᠷᠢᠶᠡᠨ ᠳᠠᠬᠢ ᠲᠡᠷᠢᠭᠦᠨ ᠤ ᠨᠡᠶᠢᠲᠡᠯᠢᠭ ᠵᠢᠱᠢᠶ᠎ᠡ  ᠶᠢ ᠬᠥᠬᠢᠭᠦᠯᠦᠨ ᠰᠠᠶᠢᠰᠢᠶᠠᠬᠤ ᠪᠠᠷ ᠳᠠᠮᠵᠢᠭᠤᠯᠤᠨ ᠂ ᠠᠷᠠᠳ ᠣᠯᠠᠨ ᠤ ᠨᠢᠭᠦᠯᠡᠰᠦᠩᠭᠦᠢ  ᠶᠢᠨ ᠦᠢᠯᠡᠰ ᠲᠤ ᠣᠷᠤᠯᠴᠠᠬᠤ      ᠠᠵᠢᠯᠯᠠᠭ᠎ᠠ ᠶᠢᠨ ᠡᠷᠬᠡ ᠲᠡᠭᠰᠢ ᠲᠥᠪ ᠭᠤᠣᠯᠴᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠬᠤᠯᠪᠣᠭᠳᠠᠯ ᠪᠦᠬᠦᠢ ᠨᠠᠮ ᠵᠠᠰᠠᠭ ᠤᠨ ᠰᠠᠯᠠᠭ᠎ᠠ ᠮᠥᠴᠢᠷ᠂ ᠠᠷᠠᠳ ᠤᠨ ᠪᠦᠯᠬᠦᠮ᠂ ᠰᠣᠨᠢᠨ ᠮᠡᠳᠡᠭᠡᠨ ᠤ ᠵᠠᠭᠤᠴᠢᠯᠠᠭᠤᠷ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠨᠢᠭᠡᠴᠡ ᠶᠢᠨ ᠲᠥᠯᠥᠭᠡᠯᠡᠭᠴᠢ ᠪᠠᠷ ᠪᠦᠷᠢᠯᠳᠦᠭᠰᠡᠨ ᠠᠩᠬᠠᠳᠤᠭᠠᠷ ᠬᠤᠭᠤᠴᠠᠭᠠᠨ ᠤ︽ᠥᠪᠥᠷ ᠮᠣᠩᠭᠤᠯ ᠤᠨ ᠨᠢᠭᠦᠯᠡᠰᠦᠩᠭᠦᠢ ᠶᠢᠨ ᠱᠠᠩᠨᠠᠯ︾  ᠤᠨ ᠰᠢᠯᠭᠠᠷᠠᠭᠤᠯᠬᠤ ᠺᠣᠮᠢᠰ ᠢ ᠪᠠᠶᠢᠭᠤᠯᠪᠠ᠃ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠲᠠᠨᠢᠯᠴᠠᠭᠤᠯᠬᠤ᠂ ᠰᠦᠯᠵᠢᠶ᠎ᠡ ᠪᠠᠷ ᠪᠢᠯᠧᠲ ᠥᠭᠬᠦ᠂ ᠰᠢᠯᠭᠠᠷᠠᠭᠤᠯᠬᠤ ᠺᠣᠮᠢᠰ ᠠᠴᠠ ᠬᠢᠨᠠᠨ ᠵᠥᠪᠯᠡᠬᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ᠂ ᠨᠡᠶᠢᠭᠡᠮ ᠳᠤ ᠵᠠᠷᠯᠠᠨ ᠨᠡᠶᠢᠲᠡᠯᠡᠬᠦ ᠵᠡᠷᠭᠡ ᠲᠡᠰ ᠳᠠᠷᠠᠭᠠᠯᠠᠯ ᠢᠶᠠᠷ ᠲᠠᠮᠵᠢᠨ᠂ ᠬᠠᠮᠤᠭ ᠡᠴᠦᠰ ᠲᠤ ᠬᠥᠬᠢᠭᠦᠯᠦᠨ ᠰᠠᠶᠢᠰᠢᠶᠠᠬᠤ ᠨᠡᠷᠡᠰ ᠢ ᠲᠣᠭᠲᠠᠭᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号