ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠬᠦᠷᠢᠶᠡᠯᠡᠩ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2022/7/27
      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠡᠭᠡᠷ᠎ᠡ ᠭᠠᠷ ᠬᠤᠯᠪᠣᠨ ᠢᠷᠡᠭᠡᠳᠦᠢ ᠵᠦᠭ ᠬᠠᠮᠲᠤᠪᠠᠷ ᠤᠷᠤᠭᠰᠢᠯᠠᠨ᠎ᠠ᠃ 7 ᠰᠠᠷ᠎ᠠ ᠶᠢᠨ 25 ᠤ ᠡᠳᠦᠷ ᠂ ᠤᠯᠠᠭᠠᠨᠬᠠᠳᠠ ᠬᠤᠲᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠣᠯᠢᠯᠴᠠᠭᠠᠨ ᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ ᠂ ᠬᠤᠷᠠᠯ ᠳᠡᠭᠡᠷ᠎ᠡ ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠬᠦᠷᠢᠶᠡᠯᠡᠩ ᠪᠠᠶᠢᠭᠤᠯᠤᠭᠳᠠᠭᠰᠠᠨ ᠢ ᠵᠠᠷᠯᠠᠪᠠ ᠃      ᠲᠤᠰ ᠤᠳᠠᠭ᠎ᠠ ᠶᠢᠨ ᠰᠣᠯᠢᠯᠴᠠᠭᠠᠨ ᠤ ᠰᠤᠳᠤᠯᠤᠨ ᠶᠠᠷᠢᠯᠴᠠᠬᠤ ᠬᠤᠷᠠᠯ ᠳᠤ ᠲᠦᠷᠦᠭᠦᠴᠦᠳ ᠤᠨ ᠶᠠᠷᠢᠶᠠᠨ ᠤ ᠲᠠᠪᠴᠠᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ᠂ ᠤᠯᠠᠭᠠᠨᠬᠠᠳᠠ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠬᠦᠷᠢᠶᠡᠯᠡᠩ ᠪᠠᠶᠢᠭᠤᠯᠤᠭᠳᠠᠬᠤ ᠶᠡᠭᠡ ᠬᠤᠷᠠᠯ ᠵᠡᠷᠭᠡ ᠶᠠᠷᠢᠶᠠᠨ ᠤ ᠲᠠᠪᠴᠠᠩ ᠳᠡᠭᠡᠷ᠎ᠡ᠂ ᠤᠯᠤᠰ ᠤᠨ ᠳᠣᠲᠣᠭᠠᠳᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠤ 10 ᠨᠡᠷᠡᠳᠦ ᠲᠤᠰᠬᠠᠢ ᠮᠡᠷᠭᠡᠵᠢᠯᠲᠡᠨ ᠡᠷᠳᠡᠮᠲᠡᠨ ᠤᠯᠠᠨ ᠲᠠᠢ ᠬᠠᠮᠲᠤ ᠪᠠᠷ ᠡᠷᠳᠡᠮ ᠰᠢᠨᠵᠢᠯᠡᠭᠡᠨ ᠤ ᠬᠤᠰᠢᠭᠤᠷᠠᠯ ᠦᠵᠡᠯ ᠰᠠᠨᠠᠭ᠎ᠠ ᠪᠣᠯᠣᠨ ᠰᠢᠨ᠎ᠡ ᠶᠢ ᠡᠭᠦᠳᠬᠦ ᠰᠡᠳᠬᠢᠬᠦᠢ ᠶᠢᠨ ᠣᠶᠢᠯᠠᠭᠠᠭᠳᠠᠬᠤᠨ ᠢ ᠬᠤᠪᠢᠶᠠᠯᠴᠠᠵᠤ᠂ ᠤᠯᠠᠭᠠᠨᠬᠠᠳᠠ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠠᠷᠭ᠎ᠠ ᠤᠬᠠᠭᠠᠨ ᠭᠠᠷᠭᠠᠵᠤ ᠥᠭᠴᠡᠢ᠃ ᠤᠯᠠᠭᠠᠨᠬᠠᠳᠠ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ ᠨᠡᠷᠡᠳᠦ ᠶᠡᠭᠡ ᠳᠡᠭᠡᠳᠦ ᠰᠤᠷᠭᠠᠭᠤᠯᠢ ᠪᠣᠯᠣᠨ ᠬᠤᠯᠪᠣᠭᠳᠠᠯ ᠪᠦᠬᠦᠢ ᠠᠵᠤ ᠠᠬᠤᠶᠢᠯᠠᠯ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠵᠠᠢ᠃      ᠬᠤᠷᠠᠯ ᠳᠡᠭᠡᠷ᠎ᠡ ᠂ ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠬᠦᠷᠢᠶᠡᠯᠡᠩ ᠪᠠᠶᠢᠭᠤᠯᠤᠭᠳᠠᠭᠰᠠᠨ ᠢ ᠵᠠᠷᠯᠠᠪᠠ ᠃ ᠤᠯᠠᠭᠠᠨᠬᠠᠳᠠ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠬᠦᠷᠢᠶᠡᠯᠡᠩ ᠪᠣᠯ ᠵᠠᠰᠠᠭ ᠤᠨ ᠣᠷᠳᠣᠨ ᠢᠶᠠᠷ ᠭᠤᠣᠯ ᠤᠳᠤᠷᠢᠳᠤᠮᠵᠢ ᠪᠣᠯᠭᠠᠭᠰᠠᠨ᠂ ᠤᠯᠠᠭᠠᠨᠬᠠᠳᠠ ᠳᠡᠭᠡᠳᠦ ᠰᠤᠷᠭᠠᠭᠤᠯᠢ ᠳᠤ ᠲᠦᠰᠢᠭᠯᠡᠭᠰᠡᠨ᠂ ᠤᠯᠠᠭᠠᠨᠬᠠᠳᠠ ᠬᠤᠳᠠ ᠶᠢᠨ ᠵᠠᠰᠠᠭ ᠤᠨ ᠣᠷᠳᠣᠨ ᠪᠣᠯᠣᠨ ᠤᠯᠠᠭᠠᠨᠬᠠᠳᠠ ᠳᠡᠭᠡᠳᠦ ᠰᠤᠷᠭᠠᠭᠤᠯᠢ ᠬᠠᠮᠲᠤᠪᠠᠷ ᠪᠠᠶᠢᠭᠤᠯᠵᠤ ᠬᠠᠮᠲᠤᠪᠠᠷ ᠬᠠᠮᠢᠶᠠᠷᠤᠭᠰᠠᠨ᠂ ᠨᠡᠶᠢᠭᠡᠮ ᠤᠨ ᠤᠯᠠᠨ ᠲᠠᠯ᠎ᠠ ᠶᠢᠨ ᠬᠦᠴᠦᠨ ᠣᠷᠣᠯᠴᠠᠭᠰᠠᠨ ᠨᠡᠭᠡᠭᠡᠯᠲᠡᠲᠡᠢ ᠬᠠᠮᠲᠤᠪᠠᠷ ᠪᠠᠶᠢᠭᠤᠯᠤᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠮᠠᠶ᠋ᠢᠭ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠪᠣᠯᠣᠨ᠎ᠠ᠃ ᠰᠤᠳᠤᠯᠭᠠᠨ ᠤ ᠬᠦᠷᠢᠶᠡᠯᠡᠩ ᠤᠨ ᠪᠠᠶᠢᠭᠤᠯᠤᠭᠳᠠᠭᠰᠠᠨ ᠨᠢ ᠤᠯᠠᠭᠠᠨᠬᠠᠳᠠ ᠬᠤᠳᠠ ᠶᠢᠨ ᠲᠥᠪ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ᠂ ᠬᠥᠳᠡᠭᠡ ᠠᠵᠤ ᠠᠬᠤᠢ ᠪᠠᠷ ᠬᠦᠴᠦᠷᠬᠡᠭᠵᠢᠭᠦᠯᠬᠦ᠂ ᠬᠥᠳᠡᠭᠡ ᠲᠣᠰᠬᠤᠨ ᠢ ᠪᠠᠶᠠᠵᠢᠭᠤᠯᠬᠤ ᠶᠢ ᠠᠬᠢᠭᠤᠯᠬᠤ ᠪᠣᠳᠠᠲᠠᠢ ᠦᠢᠯᠡᠳᠦᠯᠭᠡ ᠪᠣᠯᠣᠨ᠎ᠠ᠂ ᠤᠯᠠᠭᠠᠨᠬᠠᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︽ᠦᠯᠢᠭᠡᠷ ᠳᠠᠭᠤᠷᠢᠶᠠᠯ︾︾ ᠢ ᠪᠤᠢ ᠪᠣᠯᠭᠠᠬᠤ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠣᠨ᠎ᠠ᠂ ᠤᠯᠠᠭᠠᠨᠬᠠᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠦᠬᠦ ᠲᠠᠯ᠎ᠠ ᠪᠠᠷ ᠦᠢᠯᠡᠴᠢᠯᠡᠵᠦ ᠳᠡᠭᠡᠭᠰᠢᠯᠡᠭᠦᠯᠬᠦ ᠳᠤ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ᠃      ᠰᠤᠳᠤᠯᠭᠠᠨ ᠤ ᠬᠦᠷᠢᠶᠡᠯᠡᠩ ᠪᠠᠶᠢᠭᠤᠯᠤᠭᠳᠠᠭᠰᠠᠨ ᠤ ᠳᠠᠷᠠᠭ᠎ᠠ ᠂ ᠤᠯᠤᠰ ᠤᠨ ᠬᠥᠳᠡᠭᠡ ᠲᠣᠰᠬᠤᠨ ᠤ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠷ ᠴᠢᠭᠯᠡᠯ ᠪᠣᠯᠭᠠᠵᠤ ᠂ 《 ᠠᠵᠤ ᠦᠢᠯᠡᠰ ᠬᠥᠭᠵᠢᠭᠰᠡᠨ ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ ᠂ ᠨᠤᠲᠤᠭ ᠤᠨ ᠰᠤᠷᠲᠠᠯ ᠪᠣᠯᠪᠠᠰᠤᠨ ᠂ ᠵᠠᠰᠠᠯᠲᠠ ᠪᠦᠲᠦᠮᠵᠢᠲᠡᠶ ᠂ ᠠᠮᠢᠳᠤᠷᠠᠯ ᠪᠠᠶᠠᠨ ᠴᠢᠨᠡᠭᠡᠯᠢᠭ 》 ᠤᠨ ᠲᠣᠭᠤᠷᠢᠨ ᠳᠤ ᠂ 《 ᠲᠠᠪᠤᠨ ᠶᠡᠭᠡ ᠬᠥᠭᠵᠢᠯᠲᠡ 》 ᠶᠢᠨ ᠭᠤᠣᠯᠳᠠᠯᠭ᠎ᠠ ᠂ ᠬᠠᠯᠠᠭᠤᠨ ᠴᠡᠭ ᠤᠨ ᠠᠰᠠᠭᠤᠳᠠᠯ ᠂ ᠬᠦᠴᠢᠷ ᠠᠰᠠᠭᠤᠳᠠᠯ ᠂ ᠡᠪᠡᠷᠰᠢᠶᠡᠯ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ 《 ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ 》 ᠳᠤ ᠦᠨᠳᠦᠰᠦᠯᠡᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠤᠯᠭᠠᠭᠤᠷᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮ ᠤᠨ ᠬᠠᠮᠲᠤᠷᠠᠯᠴᠠᠭᠠᠨ ᠤ ᠦᠷ᠎ᠡ ᠠᠰᠢᠭ ᠢ ᠬᠥᠭᠵᠢᠭᠡᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠨᠤᠯ ᠪᠣᠯᠣᠨ ᠦᠢᠯᠡᠳᠦᠯᠭᠡ ᠶᠢᠨ ᠰᠤᠳᠤᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠢ ᠣᠨᠳᠣᠣᠰᠢᠭᠤᠯᠬᠤ᠂ ᠴᠢᠳᠠᠪᠤᠷᠢᠲᠠᠨ ᠢ ᠬᠥᠮᠥᠵᠢᠭᠦᠯᠬᠦ᠂ ᠠᠵᠤ ᠠᠬᠤᠶᠢᠯᠠᠯ ᠢ ᠨᠡᠪᠴᠢᠭᠦᠯᠬᠦ ᠰᠠᠶᠢᠨ ᠦᠢᠯᠡᠳᠦᠯᠴᠡᠬᠦ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠴᠢᠯᠡᠭᠡᠨ ᠤ ᠲᠠᠪᠴᠠᠩ ᠪᠠᠶᠢᠭᠤᠯᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ ᠰᠠᠭᠤᠷᠢᠨ ᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠶᠠᠷᠢᠶᠠᠨ ᠤ ᠲᠠᠪᠴᠠᠩ ᠢ ᠵᠣᠬᠢᠶᠠᠨ ᠪᠠᠶᠢᠭᠤᠯᠵᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ᠬᠦᠷᠢᠶᠡᠨ ᠤ ᠲᠦᠷᠦ ᠶᠢᠨ ᠪᠣᠳᠣᠯᠭ᠎ᠠ ᠶᠢᠨ ᠰᠤᠳᠤᠯᠭᠠᠨ ᠳᠤ ᠰᠢᠢᠳᠪᠦᠷᠢᠲᠦ ᠪᠣᠳᠣᠯᠭ᠎ᠠ ᠶᠢᠨ ᠯᠠᠪᠯᠠᠯᠭ᠎ᠠ ᠬᠠᠩᠭᠠᠵᠤ᠂ ᠲᠠᠷᠢᠶᠠᠯᠠᠩ ᠢ ᠣᠶᠢᠯᠠᠭᠠᠵᠤ ᠲᠠᠷᠢᠶᠠᠯᠠᠩ ᠢ ᠬᠠᠶᠢᠷᠠᠯᠠᠬᠤ ᠰᠢᠨ᠎ᠡ ᠬᠡᠯᠪᠡᠷᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠴᠢᠳᠠᠪᠤᠷᠢᠲᠠᠨ ᠢ ᠬᠥᠮᠥᠵᠢᠭᠦᠯᠵᠦ᠂ ᠤᠯᠠᠭᠠᠨᠬᠠᠳᠠ ᠬᠤᠳᠠ ᠶᠢᠨ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠭᠰᠠᠨ ᠬᠥᠭᠵᠢᠯᠲᠡ ᠶᠢ ᠠᠬᠢᠭᠤᠯᠬᠤ ᠳᠤ ᠤᠶᠤᠨ ᠤ ᠳᠡᠮᠵᠢᠯᠭᠡ᠂ ᠦᠷ᠎ᠡ ᠪᠦᠲᠦᠭᠡᠯ ᠤᠨ ᠳᠡᠮᠵᠢᠯᠭᠡ᠂ ᠲᠠᠪᠴᠠᠩ ᠤᠨ ᠳᠡᠮᠵᠢᠯᠭᠡ ᠬᠠᠩᠭᠠᠵᠤ᠂ ᠤᠯᠠᠭᠠᠨᠬᠠᠳᠠ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠨ ᠨᠡᠮᠡᠷᠢᠯᠡᠨ᠎ᠡ᠃      ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠪᠦᠬᠦ ᠶᠠᠪᠤᠴᠠ ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠵᠡᠷᠭᠡᠪᠡᠷ ᠶᠠᠪᠤᠭᠳᠠᠭᠤᠯᠵᠤ᠂ 2 ᠲᠦᠮᠡ ᠰᠢᠬᠠᠮ ᠬᠥᠮᠥᠨ ᠰᠢᠭᠤᠳ ᠨᠡᠪᠲᠡᠷᠡᠭᠦᠯᠭᠡ ᠶᠢ ᠰᠣᠨᠢᠷᠬᠠᠪᠠ᠃      ︽ᠪᠢᠳᠠ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠤᠨᠤᠯ ᠤᠨ ᠰᠤᠳᠤᠯᠭᠠᠨ᠂ ᠴᠢᠳᠠᠪᠤᠷᠢᠲᠠᠨ ᠤ ᠪᠣᠯᠪᠠᠰᠤᠷᠠᠯ᠂ ᠲᠤᠷᠰᠢᠯᠲᠠ ᠶᠢᠨ ᠴᠢᠭ᠋  ᠤᠨ ᠵᠢᠱᠢᠶ᠎ᠡ ᠦᠵᠡᠭᠦᠯᠬᠦ ᠵᠡᠷᠭᠡ ᠠᠵᠢᠯ ᠢ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠳᠤ ᠪᠣᠯᠪᠠᠰᠤᠷᠠᠯ ᠤᠨ ᠵᠢᠯᠣᠭᠤᠳᠤᠯᠭ᠎ᠠ ᠬᠠᠩᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ︾᠃ ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠵᠣᠣ ᠰᠢᠤᠸᠠᠢ ᠮᠧᠶ ᠬᠤᠷᠠᠯ ᠳᠡᠭᠡᠷ᠎ᠡ ᠣᠪᠣᠷ ᠢᠶᠠᠨ ᠢᠯᠡᠳᠬᠡᠪᠡ ᠃      ᠣᠶᠢᠷ᠎ᠠ ᠶᠢᠨ ᠵᠢᠯ ᠠᠴᠠ᠂ ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ  ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢᠨ ᠦᠷ᠎ᠡ ᠪᠦᠲᠦᠭᠡᠯ ᠢ ᠡᠷᠡᠰ ᠪᠠᠲᠤ ᠰᠠᠬᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠠᠲᠤᠯᠠᠵᠠᠢ᠃ ᠨᠢᠳᠤᠨᠤᠨ ᠂ ᠪᠥᠬᠦ ᠤᠯᠤᠰ ᠤᠨ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠤᠨ ᠲᠤᠬᠠᠢ ᠶᠢᠨ ᠲᠠᠯᠠᠪᠤᠷ ᠤᠨ ᠬᠤᠷᠠᠯ ᠤᠯᠠᠭᠠᠨᠬᠠᠳᠠ ᠬᠤᠲᠠ ᠳᠤ ᠤᠷᠤᠭᠰᠢᠲᠠᠢ ᠬᠤᠷᠠᠯᠳᠤᠵᠤ ᠂ ᠪᠠᠭᠠᠷᠢᠨ ᠵᠡᠭᠦᠨ ᠬᠤᠰᠢᠭᠤ ᠶᠢ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠠᠷᠢᠯᠴᠠᠬᠤ ᠴᠡᠭ ᠢᠶᠠᠷ ᠲᠣᠭᠲᠠᠭᠠᠵᠤ ᠂ ᠬᠤᠩᠱᠠᠨ ᠲᠣᠭᠤᠷᠢᠭ ᠢ ᠬᠤᠶᠠᠳᠤᠭᠠᠷ ᠪᠦᠯᠦᠭ ᠤᠨ ᠪᠥᠬᠦ ᠤᠯᠤᠰ ᠤᠨ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠳᠤ ᠣᠷᠣᠭᠤᠯᠪᠠ ᠃      ︽ᠵᠠᠯᠭᠠᠭᠠᠳ ᠤᠯᠠᠭᠠᠨᠬᠠᠳᠠ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ  ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠬᠦᠷᠢᠶᠡᠯᠡᠩ ᠲᠠᠢ ᠭᠠᠷ ᠬᠤᠯᠪᠣᠯᠴᠠᠨ᠂︿ᠡᠷᠴᠢ ᠵᠣᠷᠢᠭ ᠢᠶᠠᠨ ᠬᠥᠪᠴᠢᠯᠡᠵᠦ᠂ ᠰᠢᠨᠲᠠᠷᠠᠰᠢ ᠦᠭᠡᠢ ᠴᠢᠷᠮᠠᠶᠢᠨ ᠠᠵᠢᠯᠯᠠᠬᠤ﹀ᠲᠡᠮᠡᠴᠡᠯ ᠤᠨ ᠣᠪᠣᠷ ᠪᠠᠶᠢᠳᠠᠯ ᠢᠶᠠᠷ ᠂︿ᠬᠥᠬᠡᠮᠳᠦᠭ ᠠᠭᠤᠯᠠ ᠶᠢ ᠰᠢᠨᠲᠠᠷᠠᠰᠢ ᠦᠭᠡᠢ ᠪᠠᠷᠢᠮᠲᠠᠯᠠᠬᠤ﹀ᠡᠭᠦᠷᠭᠡ ᠬᠠᠷᠢᠭᠤᠴᠠᠯᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠰᠢᠨ᠎ᠡ ᠠᠶᠠᠨ ᠵᠠᠮ ᠳᠤ ᠲᠠᠬᠢᠨ ᠰᠢᠨ᠎ᠡ ᠭᠠᠪᠢᠶ᠎ᠠ ᠪᠠᠶᠢᠭᠤᠯᠤᠨ᠎ᠠ︾᠃ ᠭᠡᠵᠦ ᠤᠯᠠᠭᠠᠨᠬᠠᠳᠠ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠠᠷᠤᠭ᠎ᠠ ᠭᠦᠸᠧ ᠽᠦ ᠮᠢᠨ ᠬᠡᠯᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号