7 ᠳ᠋ᠤᠭᠠᠷ ᠰᠠᠷ᠎ᠠ ᠶᠢᠨ 26 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ | ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠤᠨ ᠲᠤᠰᠬᠠᠢ ᠮᠡᠷᠭᠡᠵᠢᠯᠲᠡᠨ ᠤ ᠵᠢᠭᠠᠨ ᠵᠢᠯᠤᠭᠤᠳᠬᠤ | ᠳᠤᠭᠤᠶᠢᠯᠠᠩ ᠪᠠᠶᠢᠭᠤᠯᠤᠭᠳᠠᠬᠤ ᠬᠤᠷᠠᠯ ᠬᠤᠷᠠᠯᠳᠤᠭᠤᠯᠪᠠ ᠃ ᠬᠤᠷᠠᠯ ᠠᠴᠠ ᠬᠥᠳᠡᠭᠡ ᠲᠣᠰᠬᠤᠨ ᠬᠥᠳᠡᠭᠡ ᠠᠵᠤ | ᠠᠬᠤᠢ ᠶᠢᠨ ᠶᠠᠮᠤᠨ ᠵᠡᠷᠭᠡ ᠨᠠᠢᠮᠠᠨ ᠶᠠᠮᠤᠨ ᠵᠥᠪᠯᠡᠯ ᠤᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠥᠳᠡᠭᠡ | ᠲᠣᠰᠬᠤᠨ ᠤ ᠵᠣᠷᠯᠣᠩ ᠤᠨ ᠬᠤᠪᠢᠰᠬᠠᠯ ᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠤᠨ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ | ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠤᠨ ᠲᠤᠰᠬᠠᠢ ᠮᠡᠷᠭᠡᠵᠢᠯᠲᠡᠨ ᠤ ᠵᠢᠯᠤᠭᠤᠳᠬᠤ | ᠳᠤᠭᠤᠶᠢᠯᠠᠩ ᠢ ᠵᠣᠬᠢᠶᠠᠨ ᠪᠠᠶᠢᠭᠤᠯᠵᠤ᠂ ᠮᠡᠷᠭᠡᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡ ᠶᠢ ᠴᠢᠩᠭᠠᠳᠬᠠᠵᠤ᠂ | ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠢ | ᠯᠠᠪᠳᠠᠭᠤᠨ ᠪᠠᠲᠤᠲᠠᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠳᠠᠷᠤᠭ᠎ᠠ ᠬᠠᠢ | ᠱᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠶᠦᠨ ᠯᠢ ᠶᠠᠨ | ᠬᠤᠷᠠᠯ ᠳᠤ ᠣᠷᠣᠯᠴᠠᠵᠤ᠂ ᠨᠡᠭᠡᠭᠡᠨ ᠬᠥᠭᠵᠢᠭᠦᠯᠬᠦ ᠶᠢ ᠵᠢᠯᠤᠭᠤᠳᠬᠤ ᠭᠠᠵᠠᠷ ᠤᠨ ᠳᠠᠷᠤᠭ᠎ᠠ ᠯᠢ ᠲᠢᠩ ᠪᠢᠶᠣᠣ | ᠬᠤᠷᠠᠯ ᠢ ᠡᠷᠬᠢᠯᠡᠪᠡ᠃ |  ᠬᠤᠷᠠᠯ ᠠᠴᠠ ᠲᠤᠰᠬᠠᠢ ᠮᠡᠷᠭᠡᠵᠢᠯᠲᠡᠳ ᠲᠤ ᠤᠷᠢᠯᠭ᠎ᠠ ᠶᠢᠨ ᠪᠢᠴᠢᠭ ᠭᠠᠷᠳᠠᠭᠤᠯᠵᠤ ᠂ ᠥᠪᠥᠷ ᠮᠣᠩᠭᠤᠯ ᠤᠨ | ᠡᠷᠡᠭᠦᠯ ᠮᠡᠨᠳᠦ ᠶᠢᠨ ᠬᠥᠮᠦᠵᠢᠯ ᠤᠨ ᠰᠤᠳᠤᠯᠭᠠᠨ ᠤ ᠭᠠᠵᠠᠷ ᠤᠨ ᠳᠡᠳ᠋ ᠰᠤᠳᠤᠯᠭᠠᠨ ᠤ ᠰᠠᠩᠴᠢ ᠸᠠᠩ ᠼᠦᠨ ᠰᠢᠨ | ᠨᠥᠬᠦᠷ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ ᠃ ᠲᠤᠰᠬᠠᠢ | ᠮᠡᠷᠭᠡᠵᠢᠯᠲᠡᠨ ᠤ ᠵᠢᠭᠠᠨ ᠵᠢᠯᠤᠭᠤᠳᠬᠤ ᠳᠤᠭᠤᠶᠢᠯᠠᠩ ᠨᠢ ᠵᠢᠷᠤᠭ ᠲᠥᠯᠥᠪᠯᠡᠭᠡ ᠂ ᠦᠨ᠎ᠡ ᠥᠷᠲᠡᠭ ᠂ ᠶᠠᠰᠤ ᠴᠢᠨᠠᠷ | ᠂ ᠪᠠᠷᠢᠯᠭ᠎ᠠ ᠪᠠᠷᠢᠬᠤ ᠂ ᠬᠠᠮᠢᠶᠠᠷᠬᠤ ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠂ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠠᠵᠢᠯᠲᠠᠨ ᠢᠶᠠᠷ | ᠪᠦᠷᠢᠯᠳᠦᠨ᠎ᠡ ᠃ | ᠬᠤᠷᠠᠯ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠭᠤᠣᠯ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠵᠤ ᠂ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ ᠠᠵᠢᠯ ᠳᠤ | ᠲᠤᠬᠠᠶᠢᠯᠠᠭᠰᠠᠨ ᠠᠵᠢᠯ ᠤᠨ ᠯᠠᠪᠯᠠᠭ᠎ᠠ ᠂ ᠮᠡᠷᠭᠡᠵᠢᠯ ᠤᠨ ᠵᠢᠯᠣᠭᠤᠳᠤᠯᠭ᠎ᠠ ᠂ ᠰᠢᠨᠵᠢᠯᠡᠬᠦ ᠤᠬᠠᠭᠠᠨ ᠮᠡᠷᠭᠡᠵᠢᠯ ᠤᠨ | ᠪᠣᠯᠪᠠᠰᠤᠷᠠᠭᠤᠯᠤᠯ ᠂ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠵᠡᠷᠭᠡ ᠦᠢᠯᠡᠴᠢᠯᠡᠭᠡᠨ ᠤ ᠪᠠᠲᠤᠯᠠᠭ᠎ᠠ ᠬᠠᠩᠭᠠᠵᠤ ᠂ | ᠪᠥᠬᠦ ᠣᠷᠣᠨ ᠤ ᠵᠣᠷᠯᠣᠩ ᠢ ᠥᠭᠡᠷᠡᠴᠢᠯᠡᠬᠦ ᠠᠵᠢᠯ ᠢ ᠰᠢᠯᠭᠠᠨ ᠠᠪᠬᠤ ᠪᠠ ᠬᠠᠮᠢᠶ᠎ᠠ ᠪᠦᠬᠦᠢ ᠮᠡᠷᠭᠡᠵᠢᠯ ᠤᠨ | ᠪᠠᠷᠢᠮᠵᠢᠶ᠎ᠠ ᠂ ᠠᠵᠢᠯ ᠤᠨ ᠲᠥᠰᠥᠯ ᠢ ᠲᠣᠭᠲᠠᠭᠠᠬᠤ ᠪᠠ ᠨᠤᠲᠠᠯᠠᠬᠤ ᠠᠵᠢᠯ ᠳᠤ ᠣᠷᠣᠯᠴᠠᠵᠤ ᠂ ᠵᠣᠷᠯᠣᠩ ᠢ | ᠥᠭᠡᠷᠡᠴᠢᠯᠡᠬᠦ ᠦᠢᠯᠡᠳᠬᠦᠨ ᠪᠠ ᠮᠡᠷᠭᠡᠵᠢᠯ ᠤᠨ ᠲᠤᠷᠰᠢᠯᠲᠠ ᠬᠢᠵᠦ ᠵᠢᠱᠢᠶ᠎ᠡ ᠦᠵᠡᠭᠦᠯᠬᠦ ᠪᠠ ᠳᠡᠯᠭᠡᠨ ᠦᠵᠡᠭᠦᠯᠬᠦ | ᠠᠵᠢᠯ ᠢ ᠡᠭᠦᠷᠭᠡᠯᠡᠵᠦ ᠂ ᠥᠪᠡᠷᠲᠡᠭᠡᠨ ᠵᠠᠰᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠶᠢ | ᠬᠢᠨᠠᠨ ᠵᠢᠯᠤᠭᠤᠳᠬᠤ ᠂ ᠪᠠᠶᠢᠴᠠᠭᠠᠨ ᠰᠤᠳᠤᠯᠬᠤ ᠂ ᠨᠢᠭᠤᠴᠠ ᠪᠠᠷ ᠰᠤᠷᠪᠤᠯᠵᠢᠯᠠᠬᠤ ᠵᠡᠷᠭᠡ ᠠᠵᠢᠯᠯᠠᠭ᠎ᠠ ᠳᠤ | ᠣᠷᠣᠯᠴᠠᠨ᠎ᠠ ᠃ | ᠬᠤᠷᠠᠯ ᠠᠴᠠ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠪᠠᠶᠢᠳᠠᠯ ᠢ ᠲᠦᠷᠭᠡᠨ ᠣᠶᠢᠯᠠᠭᠠᠵᠤ᠂ | ᠲᠦᠷᠦ ᠶᠢᠨ ᠪᠣᠳᠣᠯᠭ᠎ᠠ ᠵᠢᠴᠢ ᠬᠠᠮᠢᠶ᠎ᠠ ᠪᠦᠬᠦᠢ ᠮᠡᠷᠭᠡᠵᠢᠯ ᠤᠨ ᠱᠠᠭᠠᠷᠳᠠᠯᠭ᠎ᠠ ᠶᠢ ᠣᠶᠢᠯᠠᠭᠠᠵᠤ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠡᠯ᠎ᠡ ᠭᠠᠵᠠᠷ ᠤᠨ ᠬᠢᠨ ᠤ ᠵᠣᠷᠯᠣᠩ ᠢ ᠥᠭᠡᠷᠡᠴᠢᠯᠡᠬᠦ ᠮᠡᠷᠭᠡᠵᠢᠯ ᠤᠨ ᠵᠠᠭᠪᠤᠷ ᠢ | ᠰᠢᠨᠵᠢᠯᠡᠬᠦ ᠤᠬᠠᠭᠠᠨᠴᠢ ᠪᠠᠷ ᠰᠣᠩᠭᠤᠬᠤ ᠶᠢ ᠲᠦᠷᠦᠯ ᠬᠤᠪᠢᠶᠠᠨ ᠵᠢᠯᠤᠭᠤᠳᠴᠤ᠂ ᠵᠣᠷᠯᠣᠩ ᠢ ᠥᠭᠡᠷᠡᠴᠢᠯᠡᠬᠦ | ᠮᠡᠷᠭᠡᠵᠢᠯ ᠤᠨ ᠦᠢᠯᠡᠴᠢᠯᠡᠭᠡ ᠶᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ᠃ ᠲᠤᠰᠬᠠᠢ ᠮᠡᠷᠭᠡᠵᠢᠯᠲᠡᠨ ᠵᠣᠷᠯᠣᠩ ᠤᠨ | ᠥᠭᠡᠷᠡᠴᠢᠯᠡᠯᠲᠡ ᠶᠢᠨ ᠠᠵᠢᠯ ᠳᠤ ᠣᠷᠤᠯᠴᠠᠬᠤ ᠶᠠᠪᠤᠴᠠ ᠳᠤ ᠂ ᠲᠤᠬᠠᠶᠢᠯᠠᠭᠰᠠᠨ ᠠᠵᠢᠯ ᠤᠨ ᠰᠠᠬᠢᠯᠭ᠎ᠠ ᠶᠢ ᠵᠢᠷᠤᠮᠯᠠᠨ | ᠂ ᠬᠠᠤᠯᠢ ᠲᠣᠭᠲᠠᠭᠠᠯ ᠶᠣᠰᠣᠭᠠᠷ ᠂ ᠪᠤᠰᠤᠳᠴᠢ ᠲᠥᠪ ᠭᠤᠣᠯᠴᠢ ᠂ ᠦᠨᠡᠨ ᠠᠴᠠ ᠵᠥᠪ ᠢ ᠡᠷᠢᠬᠦ ᠣᠪᠣᠷ ᠢᠶᠠᠷ | ᠠᠵᠢᠯ ᠢᠶᠠᠨ ᠥᠷᠨᠢᠭᠦᠯᠵᠦ ᠂ ᠲᠡᠤᠬᠡ ᠪᠠ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠬᠡᠷᠡᠭᠲᠡᠢ ᠃ | ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠢᠨ ᠬᠠᠤᠯᠢ | ᠲᠣᠭᠲᠠᠭᠠᠯ ᠳᠤ ᠨᠡᠶᠢᠴᠡᠭᠰᠡᠨ ᠤᠷᠢᠲᠠᠯ ᠳᠣᠣᠷ᠎ᠠ ᠴᠢᠳᠠᠬᠤ ᠶᠢᠨ ᠬᠢᠷᠢ ᠪᠠᠷ ᠲᠤᠰᠬᠠᠢ ᠮᠡᠷᠭᠡᠵᠢᠯᠲᠡᠨ ᠤ | ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠳᠤ ᠨᠥᠬᠦᠴᠡᠯ ᠡᠭᠦᠳᠴᠦ᠂ ᠦᠢᠯᠡᠴᠢᠯᠡᠭᠡ ᠪᠠᠲᠤᠯᠠᠪᠤᠷᠢ ᠶᠢᠨ ᠠᠵᠢᠯ ᠢ | ᠰᠠᠶᠢᠲᠤᠷ ᠬᠢᠨ᠎ᠡ᠃ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ | ᠢᠳᠡᠪᠬᠢᠲᠡᠢ ᠪᠠᠷ ᠭᠥᠯᠢᠶᠡᠨ ᠠᠪᠴᠤ ᠬᠡᠷᠡᠭᠯᠡᠬᠦ ᠶᠢᠨ ᠬᠠᠮᠲᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠠᠢ | ᠬᠠᠮᠵᠢᠯᠴᠠᠨ ᠰᠤᠳᠤᠯᠭᠠᠨ ᠤ ᠦᠷ᠎ᠡ ᠪᠦᠲᠦᠭᠡᠯ ᠢ ᠲᠤᠷᠰᠢᠨ ᠳᠡᠯᠭᠡᠷᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ | |